ᠡᠯ᠎ᠡ ᠠᠶ᠋ᠢᠮᠠᠭ ᠬᠣᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ᠎ᠳᠤ᠄
《〈2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ〉 ᠵᠢᠨ ᠠᠵᠢᠯᠯᠠᠭ᠎ᠠ ᠵᠢᠨ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠠᠶᠤᠯᠭᠦᠢ ᠵᠥᠪᠯᠡᠯ ᠠᠯᠪᠠᠨ [2024] 34 ᠳ᠋ᠤᠭᠡᠷ ᠲᠣᠭ᠋ᠠᠲᠤ) 《ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠠᠯᠪᠠᠨ ᠬᠢᠨᠠᠯᠲᠠ ᠲᠠᠯᠪᠢᠬᠤ [2024] 175 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2024 ᠣᠨ᠎ᠤ 6 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠲᠣᠬᠢᠷᠠᠭᠤᠯᠤᠯᠲᠠ᠎ᠲᠠᠢ ᠤᠶᠠᠯᠳᠤᠭᠤᠯᠤᠨ᠂ 2024 ᠣᠨ᠎ᠤ 6 ᠳ᠋ᠤᠭ᠋ᠠᠷ ᠰᠠᠷ᠎ᠠ᠎ᠳᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠳᠤ 《ᠬᠥᠮᠥᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ — ᠠᠮᠢ ᠨᠠᠰᠤᠨ᠎ᠤ ᠵᠠᠮ᠎ᠢ ᠰᠢᠯᠤᠭᠤᠳᠬᠠᠬᠤ》᠎ᠪᠠᠷ ᠭᠤᠣᠯ ᠰᠡᠳᠦᠪ ᠪᠣᠯᠭ᠋ᠠᠭᠰᠠᠨ ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ (ᠠᠵᠢᠯᠯᠠᠭ᠎ᠠ ᠵᠢᠨ ᠲᠥᠰᠥᠯ᠎ᠢ ᠳᠠᠭ᠋ᠠᠯᠳᠤᠭᠤᠯᠤᠯ 1᠎ᠳᠤ ᠦᠵᠡ)᠎ᠢ ᠥᠷᠨᠢᠭᠦᠯᠦᠨ᠎ᠡ᠃ ᠡᠳᠦᠭᠡ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠤᠬᠠᠭᠤᠯᠤᠨ ᠲᠤᠭᠤᠰᠢᠯᠠᠭᠤᠯᠬᠤ ᠬᠡᠷᠡᠭᠲᠡᠢ
ᠡᠯ᠎ᠡ ᠭᠠᠵᠠᠷ ᠣᠷᠣᠨ ᠡᠯ᠎ᠡ ᠨᠢᠭᠡᠴᠢ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠵᠣᠬᠢᠶᠠᠨ ᠪᠠᠶ᠋ᠢᠭᠤᠯᠤᠨ ᠰᠤᠷᠤᠯᠴᠠᠵᠤ᠂ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠤᠬᠠᠭᠤᠯᠤᠨ ᠲᠠᠶ᠋ᠢᠯᠪᠤᠷᠢᠯᠠᠬᠤ᠂ ᠲᠤᠰᠬᠠᠢ ᠰᠡᠳᠦᠪ ᠵᠶ᠋ᠠᠷ ᠬᠠᠪᠰᠤᠷᠤᠨ ᠵᠢᠯᠣᠭᠤᠳᠬᠤ ᠵᠡᠷᠭᠡ ᠬᠡᠯᠪᠡᠷᠢ ᠵᠢ ᠠᠪᠴᠤ᠂ ᠪᠠᠶ᠋ᠢᠩᠭᠤ ᠵᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠎ᠪᠠᠷ ᠤᠬᠠᠭᠤᠯᠤᠨ ᠲᠤᠭᠤᠰᠢᠯᠠᠭᠤᠯᠬᠤ ᠪᠠ ᠭᠤᠣᠯ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠱᠠᠳᠤ ᠲᠦᠷᠦᠯ ᠬᠤᠪᠢᠶᠠᠨ ᠥᠷᠨᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢᠨ ᠭᠤᠣᠯ ᠠᠭᠤᠯᠭ᠎ᠠ ᠵᠢ ᠪᠦᠬᠦ ᠲᠠᠯ᠎ᠠ᠎ᠪᠠᠷ ᠣᠶ᠋ᠢᠯᠠᠭ᠋ᠠᠵᠤ᠂ ᠬᠥᠭᠵᠢᠯᠲᠡ᠎ᠳᠤ ᠶᠠᠭ᠋ᠠᠬᠢᠭᠰᠠᠨ ᠴᠤ᠌ ᠠᠮᠤᠷ ᠲᠦᠪᠰᠢᠨ᠎ᠢ ᠦᠷᠡᠭᠳᠡᠭᠦᠯᠬᠦ᠎ᠪᠠᠷ ᠦᠨ᠎ᠡ ᠲᠥᠯᠥᠪᠦᠷᠢ ᠪᠣᠯᠭ᠋ᠠᠵᠤ ᠪᠣᠯᠬᠤ ᠦᠭᠡᠢ ᠭᠡᠵᠦ ᠵᠢᠭ᠋ᠠᠵᠤ ᠭᠠᠷᠭ᠋ᠠᠪᠠ᠃ ᠤᠰᠤᠨ ᠠᠰᠢᠭᠯᠠᠯᠲᠠ ᠵᠢᠨ ᠲᠢᠩᠬᠢᠮ᠎ᠨᠢ 《ᠨᠢᠭᠡᠳᠦᠭᠡᠷ ᠭᠠᠷ》᠎ᠢ ᠵᠣᠬᠢᠶᠠᠨ ᠪᠠᠶ᠋ᠢᠭᠤᠯᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯᠯᠠᠭ᠎ᠠ ᠵᠢᠨ ᠲᠤᠬᠠᠶ ᠶᠠᠷᠢᠯᠴᠠᠵᠤ᠂ ᠲᠢᠩᠬᠢᠮ᠎ᠤᠨ ᠬᠠᠷᠢᠶ᠎ᠠ ᠨᠢᠭᠡᠴᠢ ᠪᠠ ᠠᠶ᠋ᠢᠮᠠᠭ ᠬᠤᠲᠠ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠭᠤᠤᠯ ᠬᠠᠷᠢᠭᠤᠴᠠᠯᠭ᠋ᠠᠲᠠᠨ ᠨᠥᠬᠦᠳ᠎ᠤᠨ ᠨᠡᠷ᠎ᠡ ᠪᠢᠴᠢᠭᠰᠡᠨ ᠵᠣᠬᠢᠶᠠᠯ᠎ᠢ ᠡᠯᠰᠡᠨ ᠴᠤᠭᠯᠠᠭᠤᠯᠵᠤ᠂ ᠰᠢᠯᠢᠳᠡᠭ᠎ᠢ᠎ᠨᠢ ᠰᠣᠩᠭᠤᠵᠤ 《ᠥᠪᠥᠷ ᠮᠣᠩᠭᠤᠯ᠎ᠤᠨ ᠤᠰᠤᠨ ᠠᠰᠢᠭᠯᠠᠯᠲᠠ》 ᠰᠡᠳᠬᠦᠯ᠂ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠰᠦᠯᠵᠢᠶ᠎ᠡ ᠵᠢᠨ ᠲᠡᠭᠦᠪᠦᠷᠢ᠎ᠳᠤ ᠨᠡᠶ᠋ᠢᠲᠡᠯᠡᠨ᠎ᠡ᠃
ᠬᠤᠶᠠᠷ᠂ ᠠᠮᠢ ᠨᠠᠰᠤᠨ᠎ᠤ ᠰᠠᠭ᠋ᠠᠳ ᠥᠬᠡᠶ ᠨᠡᠪᠲᠡᠷᠡᠬᠦ ᠵᠠᠮ᠎ᠤᠨ ᠤᠬᠠᠭᠤᠯᠭ᠎ᠠ ᠪᠠ ᠰᠣᠷᠢᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ
ᠡᠯ᠎ᠡ ᠭᠠᠵᠠᠷ ᠣᠷᠣᠨ ᠡᠯ᠎ᠡ ᠨᠢᠭᠡᠴᠢ ᠵᠢᠨ᠎ᠬᠢᠨ 《ᠠᠮᠢ ᠨᠠᠰᠤᠨ᠎ᠤ ᠰᠠᠭ᠋ᠠᠳ ᠦᠭᠡᠢ ᠨᠡᠪᠲᠡᠷᠡᠬᠦ ᠵᠠᠮ》 ᠭᠡᠬᠦ ᠡᠨᠡᠬᠦ ᠭᠤᠣᠯ ᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠭᠤᠯᠭ᠎ᠠ ᠪᠠ ᠰᠣᠷᠢᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠢ᠃ ᠵᠠᠷᠯᠠᠯ᠂ ᠺᠠᠷᠲ᠋ᠤᠨ ᠵᠢᠷᠤᠭ᠂ ᠣᠬᠤᠷ ᠸᠢᠳᠢᠣ᠋ ᠵᠡᠷᠭᠡ ᠣᠯᠠᠨ ᠡᠰᠢᠵᠢᠭᠰᠡᠨ ᠬᠡᠯᠪᠡᠷᠢ ᠵᠢ ᠭᠦᠢ᠍ᠴᠡᠳ ᠠᠰᠢᠭᠯᠠᠨ᠂ ᠠᠮᠢ ᠨᠠᠰᠤᠨ᠎ᠤ ᠵᠠᠮ᠎ᠤᠨ ᠲᠡᠮᠳᠡᠭ᠎ᠤᠨ ᠠᠭᠤᠯᠭ᠎ᠠ ᠪᠠ ᠢᠯᠭ᠋ᠠᠨ ᠲᠠᠨᠢᠬᠤ ᠠᠷᠭ᠎ᠠ ᠵᠢ ᠲᠠᠶ᠋ᠢᠯᠪᠤᠷᠢᠯᠠᠵᠤ᠂ ᠰᠠᠭ᠋ᠠᠳ ᠦᠭᠡᠢ ᠨᠡᠪᠲᠡᠷᠡᠬᠦ ᠵᠢᠨ ᠴᠢᠬᠤᠯᠠ ᠴᠢᠨᠠᠷ ᠪᠠ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠪᠠᠲᠤᠯᠠᠵᠤ᠂ ᠡᠯ᠎ᠡ ᠲᠥᠷᠥᠯ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ ᠵᠡᠷᠭᠡ ᠣᠯᠠᠨ ᠶᠠᠩᠵᠤ ᠵᠢᠨ ᠠᠴᠢᠶᠠᠯᠠᠪᠤᠷᠢ᠎ᠪᠠᠷ ᠳᠠᠮᠵᠢᠭᠤᠯᠤᠨ ᠥᠷᠭᠡᠨ ᠵᠶ᠋ᠠᠷ ᠤᠯᠠᠮᠵᠢᠯᠠᠵᠤ᠂ 《ᠠᠮᠢ ᠨᠠᠰᠤᠨ᠎ᠤ ᠰᠠᠭ᠋ᠠᠳ ᠦᠭᠡᠢ ᠨᠡᠪᠲᠡᠷᠡᠬᠦ ᠵᠠᠮ》᠎ᠤᠨ ᠤᠬᠠᠭᠤᠯᠭ᠎ᠠ ᠵᠢᠨ ᠬᠡᠪᠴᠢᠶ᠎ᠡ᠂ ᠨᠥᠯᠥᠭᠡᠯᠡᠬᠦ ᠬᠦᠴᠦᠨ᠎ᠢ ᠥᠷᠭᠡᠳᠬᠡᠨ᠎ᠡ᠃ ᠠᠶᠤᠯᠭᠦᠢ ᠦᠢ᠍ᠯᠡᠳᠪᠦᠷᠢᠯᠡᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠳᠠᠯᠬᠤ ᠹᠢᠯᠢᠮ ᠵᠡᠷᠭᠡ ᠵᠢ ᠵᠣᠬᠢᠶᠠᠨ ᠪᠠᠶ᠋ᠢᠭᠤᠯᠤᠨ ᠦᠵᠡᠵᠦ᠂ ᠪᠣᠳᠠᠲᠠᠶ᠎ᠲᠠᠢ᠎ᠪᠠᠨ ᠤᠶᠠᠯᠳᠤᠭᠤᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠠᠷᠬᠠᠭ᠋ᠠᠵᠤ ᠵᠠᠶ᠋ᠢᠯᠠᠭᠤᠯᠬᠤ ᠰᠣᠷᠢᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠠᠶᠤᠯ᠎ᠠᠴᠠ ᠵᠠᠶ᠋ᠢᠯᠠᠵᠤ ᠠᠮᠢ ᠵᠢᠭᠤᠲᠠᠬᠤ ᠮᠡᠳᠡᠯᠭᠡ ᠵᠢᠨ ᠪᠣᠯᠪᠠᠰᠤᠷᠠᠯ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠲᠠᠷᠬᠠᠭ᠋ᠠᠵᠤ ᠵᠠᠶ᠋ᠢᠯᠠᠭᠤᠯᠬᠤ ᠮᠡᠳᠡᠯᠭᠡ ᠬᠢᠭᠡᠳ ᠮᠡᠷᠭᠡᠵᠢᠯ ᠴᠢᠳᠠᠪᠤᠷᠢ ᠵᠢ ᠤᠬᠠᠭᠤᠯᠤᠨ᠂ ᠠᠶᠤᠯ᠎ᠠᠴᠠ ᠵᠠᠶ᠋ᠢᠯᠠᠬᠤ ᠴᠢᠳᠠᠪᠤᠷᠢ ᠵᠢ ᠴᠢᠩᠭ᠋ᠠᠷᠠᠭᠤᠯᠤᠨ᠎ᠠ᠃ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠲᠣᠭᠲᠠᠴᠠ ᠵᠢ ᠭᠦᠢ᠍ᠴᠡᠳ ᠬᠡᠷᠡᠭᠯᠡᠨ᠂ ᠥᠷᠭᠡᠨ ᠣᠯᠠᠨ ᠲᠦᠮᠡᠨ᠎ᠤ ᠳᠡᠷᠭᠡᠳᠡᠬᠢ ᠢᠨᠵᠸᠨ᠋ᠸᠷᠢᠩ᠎ᠤᠨ ᠠᠮᠤᠷ ᠲᠦᠪᠰᠢᠨ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂ ᠤᠰᠤ ᠲᠠᠯᠪᠢᠬᠤ ᠠᠮᠤᠷ ᠲᠦᠪᠰᠢᠨ᠂ ᠬᠥᠮᠦᠨ ᠣᠯᠠᠨ ᠴᠤᠭᠯᠠᠷᠠᠬᠤ ᠭᠠᠵᠠᠷ᠎ᠤᠨ ᠠᠮᠤᠷ ᠲᠦᠪᠰᠢᠨ᠎ᠤ ᠳᠠᠯᠳᠠ ᠭᠡᠮ᠎ᠢ ᠢᠳᠡᠪᠬᠢᠲᠡᠶ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠵᠤ᠂ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠱᠦᠭᠯᠦ ᠦᠯᠢᠶᠡᠭᠴᠢ ᠪᠣᠯᠬᠤ᠎ᠪᠠᠷ ᠴᠢᠷᠮᠠᠶ᠋ᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠦᠢ᠍ᠯᠡᠳᠪᠦᠷᠢᠯᠡᠯ᠎ᠤᠨ ᠠᠶᠤᠯᠭᠦᠶ ᠵᠢᠨ ᠡ᠊ᠨᠳᠡᠯ᠎ᠤᠨ ᠪᠠᠴᠢᠮ ᠶᠠᠭ᠋ᠠᠷᠠᠯᠲᠠᠢ ᠲᠣᠬᠢᠶᠠᠯᠳᠤᠯ᠎ᠳᠤ ᠬᠠᠷᠢᠭᠤ ᠠᠷᠭ᠎ᠠ ᠬᠡᠮᠵᠢᠶ᠎ᠡ ᠠᠪᠬᠤ ᠰᠣᠷᠢᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃
ᠭᠤᠷᠪᠠ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ 《ᠵᠢᠷᠭᠤᠭ᠋ᠠᠨ ᠵᠦᠢ᠍ᠯ᠎ᠤᠨ ᠲᠣᠭᠲᠠᠴᠠ》 ᠵᠢᠨ ᠭᠤᠤᠯ ᠰᠡᠳᠦᠪᠲᠦ ᠤᠬᠠᠭᠤᠯᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ
ᠡᠯ᠎ᠡ ᠭᠠᠵᠠᠷ ᠣᠷᠣᠨ ᠡᠯ᠎ᠡ ᠨᠢᠭᠡᠴᠢ᠎ᠨᠦᠭᠦᠳ ᠬᠠᠷᠢᠶᠠᠯᠠᠯ᠎ᠤᠨ ᠬᠡᠪᠴᠢᠶᠡᠨ ᠳᠣᠲᠣᠷᠠᠬᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢ ᠵᠣᠬᠢᠶᠠᠨ ᠪᠠᠶ᠋ᠢᠭᠤᠯᠤᠨ ᠤᠯᠠᠨ ᠬᠡᠯᠪᠡᠷᠢ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠭᠤᠣᠯ ᠬᠠᠷᠢᠭᠤᠴᠠᠯᠭ᠋ᠠᠲᠠᠨ᠎ᠨᠢ 《ᠠᠶᠤᠯᠭᠦᠢ ᠦᠢ᠍ᠯᠡᠳᠪᠦᠷᠢᠯᠡᠯ᠎ᠢ ᠤᠯᠠᠨ ᠵᠶ᠋ᠠᠷ ᠵᠶ᠋ᠠᠨ ᠶᠠᠷᠢᠯᠴᠠᠬᠤ》᠂ 《ᠠᠵᠢᠯ᠎ᠠᠴᠠ ᠡᠮᠦᠨᠡᠬᠢ ᠬᠤᠷᠠᠯ》᠂ 《ᠬᠡᠷᠡᠭ ᠵᠶ᠋ᠠᠷ ᠬᠠᠤᠯᠢ ᠴᠠᠭ᠋ᠠᠵᠠ ᠵᠢ ᠲᠦᠭᠡᠮᠡᠯᠵᠢᠭᠦᠯᠬᠦ》 ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ ᠲᠦᠷᠦᠭᠦᠯᠡᠨ ᠶᠠᠷᠢᠬᠤ᠂ ᠲᠤᠰᠬᠠᠢ ᠮᠡᠷᠭᠡᠵᠢᠯᠲᠡᠨ ᠡᠷᠳᠡᠮᠲᠡᠨ ᠭᠦᠨᠵᠡᠭᠡᠢ ᠶᠠᠷᠢᠬᠤ᠂ ᠨᠢᠭᠡᠳᠦᠭᠡᠷ ᠹᠷᠣᠨᠲ᠎ᠤᠨ ᠠᠵᠢᠯᠲᠠᠳ ᠬᠠᠷᠢᠯᠴᠠᠨ ᠬᠥᠳᠡᠯᠦᠯᠴᠡᠬᠦ᠎ᠪᠠᠷ ᠳᠠᠮᠵᠢᠭᠤᠯᠵᠤ᠂ ᠠᠶᠤᠯᠭᠦᠢ ᠦᠢ᠍ᠯᠡᠳᠪᠦᠷᠢᠯᠡᠯ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ᠂ ᠠᠶᠤᠯᠭᠦᠢ ᠦᠢ᠍ᠯᠡᠳᠪᠦᠷᠢᠯᠡᠯ᠎ᠢ ᠥᠪᠡᠷ᠎ᠤᠨ ᠪᠡᠶ᠎ᠡ᠎ᠠᠴᠠ᠎ᠪᠠᠨ ᠡᠬᠢᠯᠡᠨ ᠬᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠺᠠᠳ᠋ᠷ ᠪᠣᠯᠤᠨ ᠠᠵᠢᠯᠳᠠᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ 《ᠵᠢᠷᠭᠤᠭ᠋ᠠᠨ ᠵᠦᠢ᠍ᠯ᠎ᠤᠨ ᠲᠣᠭᠲᠠᠴᠠ》 ᠵᠢᠨ ᠰᠦᠯᠵᠢᠶᠡᠨ᠎ᠤ ᠰᠡᠳᠦᠪ ᠬᠠᠷᠢᠭᠤᠯᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠠᠵᠢᠯ ᠡᠷᠬᠢᠯᠡᠭᠰᠡᠳ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
ᠳᠥᠷᠪᠡ᠂ 《ᠠᠶᠤᠯᠭᠦᠢ ᠵᠢᠨ ᠤᠬᠠᠭᠤᠯᠭ᠎ᠠ ᠯᠠᠪᠯᠠᠯᠭ᠎ᠠ ᠵᠢᠨ ᠡᠳᠦᠷ》᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ
ᠡᠯ᠎ᠡ ᠭᠠᠵᠠᠷ ᠣᠷᠣᠨ ᠡᠯ᠎ᠡ ᠨᠢᠭᠡᠴᠢ ᠵᠢᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ 《ᠠᠮᠤᠷ ᠲᠦᠪᠰᠢᠨ᠎ᠤ ᠤᠬᠠᠭᠤᠯᠭ᠎ᠠ ᠯᠠᠪᠯᠠᠭ᠎ᠠ ᠵᠢᠨ ᠡᠳᠦᠷ》᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ — ᠠᠮᠢ ᠨᠠᠰᠤᠨ᠎ᠤ ᠵᠠᠮ᠎ᠢ ᠰᠠᠭ᠋ᠠᠳ ᠥᠬᠡᠶ ᠨᠡᠪᠲᠡᠷᠡᠭᠦᠯᠬᠦ》 ᠠᠵᠢᠯᠯᠠᠭ᠎ᠠ ᠵᠢᠨ ᠭᠤᠤᠯ ᠰᠡᠳᠦᠪ᠎ᠤᠨ ᠲᠣᠭᠤᠷᠢᠨ᠎ᠳᠤ᠂ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠠᠮᠤᠷ ᠲᠦᠪᠰᠢᠨ᠎ᠤ ᠲᠠᠩᠭ᠋ᠠᠷᠢᠭᠯᠠᠬᠤ᠂ ᠠᠮᠤᠷ ᠲᠦᠪᠰᠢᠨ᠎ᠤ ᠦᠵᠡᠰᠬᠦᠯᠡᠩ᠂ ᠠᠮᠤᠷ ᠲᠦᠪᠰᠢᠨ᠎ᠤ ᠮᠡᠳᠡᠯᠭᠡ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠡᠷᠭᠡ ᠠᠵᠢᠯᠯᠠᠭ᠎ᠠ ᠥᠷᠨᠢᠭᠦᠯᠵᠦ᠂ ᠨᠡᠶ᠋ᠢᠭᠡᠮ ᠨᠡᠶ᠋ᠢᠲᠡ᠎ᠪᠠᠷ ᠵᠶ᠋ᠠᠨ ᠠᠩᠬᠠᠷᠴᠤ᠂ ᠪᠥᠬᠦ ᠠᠷᠠᠳ ᠵᠶ᠋ᠠᠷ ᠵᠶ᠋ᠠᠨ ᠣᠷᠣᠯᠴᠠᠭᠰᠠᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃ 6 ᠳ᠋ᠤᠭ᠋ᠠᠷ ᠰᠠᠷ᠎ᠠ ᠵᠢᠨ 16᠎ᠤ ᠡᠳᠦᠷ᠂ ᠪᠦᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠠᠵᠢᠯᠲᠠᠳ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠨᠡᠶ᠋ᠢᠲᠡ ᠵᠢᠨ ᠠᠰᠠᠷᠠᠮᠵᠢ ᠵᠢᠨ ᠲᠠᠶ᠋ᠢᠯᠤᠮᠵᠢ᠎ᠳᠤ ᠢᠳᠡᠪᠬᠢᠲᠡᠢ ᠣᠷᠣᠯᠴᠠᠵᠤ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ 《ᠵᠢᠷᠭᠤᠭ᠋ᠠᠨ ᠵᠦᠢ᠍ᠯ᠎ᠤᠨ ᠲᠣᠭᠲᠠᠴᠠ》 ᠪᠣᠯᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠬᠦᠨᠳᠦ ᠶᠡᠭᠡ ᠠᠳᠡᠯ᠎ᠤᠨ ᠳᠠᠯᠳᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢᠨ ᠬᠠᠮᠢᠶ᠎ᠠ ᠪᠦᠬᠦᠢ ᠠᠭᠤᠯᠭ᠎ᠠ ᠵᠢ ᠰᠤᠷᠤᠯᠴᠠᠬᠤ ᠬᠡᠷᠡᠭᠲᠡᠢ᠃
ᠲᠠᠪᠤ᠂ ᠠᠮᠤᠷ ᠲᠦᠪᠰᠢᠨ᠎ᠤ ᠤᠬᠠᠭᠤᠯᠭ᠎ᠠ ᠵᠢᠨ 《ᠲᠠᠪᠤ ᠵᠢ ᠣᠷᠣᠭᠤᠯᠬᠤ》 ᠠᠵᠢᠯ᠎ᠢ ᠦᠷᠭᠦᠯᠵᠢᠯᠡᠨ ᠠᠬᠢᠭᠤᠯᠤᠨ᠎ᠠ
ᠡᠯ᠎ᠡ ᠭᠠᠵᠠᠷ ᠣᠷᠣᠨ ᠡᠯ᠎ᠡ ᠨᠢᠭᠡᠴᠢ ᠵᠢᠨ᠎ᠬᠢᠨ ᠠᠮᠤᠷ ᠲᠦᠪᠰᠢᠨ᠎ᠤ ᠤᠬᠠᠭᠤᠯᠭ᠎ᠠ ᠵᠢᠨ 《ᠲᠠᠪᠤ ᠵᠢ ᠣᠷᠣᠭᠤᠯᠬᠤ》 ᠠᠵᠢᠯ᠎ᠢ ᠢᠳᠡᠪᠬᠢᠲᠡᠢ ᠠᠬᠢᠭᠤᠯᠵᠤ᠂ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠪᠣᠳᠠᠲᠠᠢ᠎ᠲᠠᠢ ᠤᠶᠠᠯᠳᠤᠭᠤᠯᠤᠨ ᠠᠮᠤᠷ ᠲᠦᠪᠰᠢᠨ᠎ᠤ ᠤᠬᠠᠭᠤᠯᠭ᠎ᠠ ᠵᠢ ᠢᠨᠵᠧᠨᠧᠷᠢᠩ᠂ ᠦᠷᠳᠡᠭᠡ ᠭᠠᠵᠠᠷ᠎ᠲᠤ ᠣᠷᠣᠭᠤᠯᠬᠤ᠂ ᠪᠠᠶ᠋ᠢᠭᠤᠯᠭ᠎ᠠ᠎ᠳᠤ ᠣᠷᠣᠭᠤᠯᠬᠤ᠂ ᠨᠢᠭᠡᠴᠢ᠎ᠳᠤ ᠣᠷᠣᠭᠤᠯᠬᠤ᠂ ᠦᠨᠳᠦᠰᠦᠨ ᠱᠠᠲᠤᠨ᠎ᠳᠤ ᠣᠷᠣᠭᠤᠯᠬᠤ ᠵᠡᠷᠭᠡ ᠠᠵᠢᠯ᠎ᠢ ᠥᠷᠨᠢᠭᠦᠯᠵᠦ᠂ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠬᠦᠨᠳᠦ ᠶᠡᠭᠡ ᠠᠳᠡᠯ᠎ᠤᠨ ᠳᠠᠯᠳᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠰᠠᠶ᠋ᠢᠲᠤᠷ ᠵᠣᠬᠢᠶᠠᠨ ᠪᠠᠶ᠋ᠢᠭᠤᠯᠤᠨ ᠰᠠᠶ᠋ᠢᠲᠤᠷ ᠬᠡᠷᠡᠭᠯᠡᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠎ᠠ᠂ ᠤᠰᠤᠨ ᠰᠢᠨᠵᠢᠯᠡᠭᠡᠨ᠎ᠤ ᠬᠢᠨᠠᠨ ᠬᠡᠮᠵᠢᠯᠲᠡ᠂ ᠤᠰᠤᠨ ᠠᠰᠢᠭᠯᠠᠯᠲᠠ ᠵᠢᠨ ᠬᠠᠶ᠋ᠢᠨ ᠬᠡᠮᠵᠢᠯᠲᠡ ᠵᠢᠷᠤᠭ ᠲᠥᠯᠥᠪᠯᠡᠭᠡ᠂ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨᠴᠢ ᠲᠤᠷᠰᠢᠯᠲᠠ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠴᠢᠭᠯᠡᠭᠦᠯᠦᠨ ᠠᠮᠤᠷ ᠲᠦᠪᠰᠢᠨ᠎ᠤ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠠᠵᠢᠯ᠎ᠢ ᠥᠷᠨᠢᠭᠦᠯᠵᠦ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠴᠢᠳᠠᠪᠤᠷᠢ ᠵᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠥᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠵᠢᠯᠯᠠᠵᠤ ᠪᠠᠶ᠋ᠢᠭ᠎ᠠ ᠬᠥᠮᠦᠰ 《ᠱᠦᠢ ᠠᠨ ᠵᠠᠩᠵᠤᠨ》᠎ᠤ ᠰᠣᠨᠢᠷᠬᠠᠯᠲᠤ ᠮᠡᠳᠡᠯᠭᠡ ᠵᠢᠨ ᠰᠦᠯᠵᠢᠶᠡᠨ᠎ᠤ ᠤᠷᠤᠯᠳᠤᠭ᠋ᠠᠨ᠎ᠤ ᠠᠵᠢᠯᠯᠠᠭ᠎ᠠ ᠪᠠ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠡᠷᠡᠭ᠎ᠤᠨ ᠵᠢᠱ᠌ᠢᠶ᠎ᠡ ᠵᠢ ᠸᠢᠳᠢᠤ᠋᠎ᠪᠠᠷ ᠵᠣᠬᠢᠶᠠᠨ ᠪᠦᠲᠦᠭᠡᠵᠦ ᠴᠤᠭᠯᠠᠭᠤᠯᠬᠤ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ᠂ ᠠᠶᠤᠯ᠎ᠠᠴᠠ ᠵᠠᠶ᠋ᠢᠯᠠᠵᠤ ᠠᠮᠢ ᠵᠢᠭᠤᠲᠠᠬᠤ᠂ ᠥᠪᠡᠷ᠎ᠢ᠎ᠪᠠᠨ ᠠᠪᠤᠷᠠᠵᠤ ᠬᠠᠷᠢᠯᠴᠠᠨ ᠠᠪᠤᠷᠠᠬᠤ᠂ ᠣᠯᠠᠨ ᠨᠡᠶ᠋ᠢᠲᠡ ᠵᠢᠨ ᠠᠮᠤᠷ ᠲᠦᠪᠰᠢᠨ ᠵᠡᠷᠭᠡ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠵᠢᠯ ᠡᠷᠭᠢᠯᠡᠭᠰᠡᠳ᠎ᠤᠨ ᠠᠮᠤᠷ ᠲᠦᠪᠰᠢᠨ᠎ᠤ ᠤᠬᠠᠮᠰᠠᠷ ᠪᠠ ᠠᠮᠤᠷ ᠲᠦᠪᠰᠢᠨ᠎ᠤ ᠬᠡᠪ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃
ᠲᠢᠩᠬᠢᠮ᠎ᠤᠨ ᠬᠠᠷᠢᠶ᠎ᠠ ᠡᠯ᠎ᠡ ᠨᠢᠭᠡᠴᠢ᠂ ᠡᠯ᠎ᠡ ᠠᠶ᠋ᠢᠮᠠᠭ ᠬᠤᠲᠠ ᠵᠢᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠦᠨᠡᠨ ᠬᠦ᠌ ᠴᠢᠩᠭ᠋ᠠᠳᠬᠠᠵᠤ᠂ ᠬᠠᠷᠢᠶᠠᠯᠠᠬᠤ ᠬᠡᠪᠴᠢᠶᠡᠨ᠎ᠳᠠᠬᠢ ᠤᠰᠤᠨ ᠠᠰᠢᠭᠯᠠᠯᠲᠠ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢ ᠬᠢᠨᠠᠮᠠᠭ᠋ᠠᠶ ᠵᠣᠬᠢᠶᠠᠨ ᠪᠠᠶ᠋ᠢᠭᠤᠯᠤᠨ 2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠪᠠ 2024 ᠣᠨ᠎ᠤ ᠪᠥᠬᠦ ᠣᠷᠣᠨ᠎ᠤ ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠭᠤᠯᠵᠤ᠂ ᠭᠤᠤᠯ ᠵᠠᠭᠤᠴᠢᠯᠠᠭᠤᠷ᠂ ᠠᠵᠢᠯ ᠲᠥᠷᠥᠯ᠎ᠤᠨ ᠵᠠᠭᠤᠴᠢᠯᠠᠭᠤᠷ ᠵᠢᠴᠢ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠤᠬᠠᠭᠤᠯᠭ᠎ᠠ ᠵᠢᠨ ᠬᠠᠯᠠᠭᠤᠨ ᠥᠷᠨᠢᠯᠲᠡ ᠵᠢ ᠪᠣᠶ ᠪᠣᠯᠭ᠋ᠠᠵᠤ᠂ ᠠᠶᠤᠯᠭᠦᠢ ᠦᠢ᠍ᠯᠡᠳᠪᠦᠷᠢᠯᠡᠯ᠎ᠤᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ᠎ᠤ ᠰᠦᠯᠵᠢᠶ᠎ᠡ᠎ᠨᠢ 《ᠠᠶᠤᠯᠭᠦᠢ ᠦᠢ᠍ᠯᠡᠳᠪᠦᠷᠢᠯᠡᠯ》 ᠭᠡᠬᠦ ᠲᠤᠰᠬᠠᠢ ᠪᠤᠯᠤᠩ ᠭᠠᠷᠭ᠋ᠠᠵᠤ ᠠᠵᠢᠯᠯᠠᠭ᠎ᠠ ᠵᠢᠨ ᠤᠬᠠᠭᠤᠯᠭ᠎ᠠ ᠬᠢᠨ᠎ᠡ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ ᠵᠢᠨ ᠡᠯ᠎ᠡ ᠵᠦᠢ᠍ᠯ᠎ᠤᠨ ᠠᠵᠢᠯᠯᠠᠭ᠎ᠠ ᠵᠢ ᠪᠣᠳᠠᠲᠠᠶ ᠨᠠᠶ᠋ᠢᠳᠠᠪᠤᠷᠢᠵᠢᠭᠤᠯᠬᠤ ᠪᠠ ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ ᠵᠢᠨ ᠤᠬᠠᠭᠤᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠶᠤᠯᠭᠦᠢ᠎ᠳᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠠᠴᠠ ᠪᠣᠳᠠᠲᠠᠶ ᠳᠠᠭ᠋ᠠᠭ᠋ᠠᠨ ᠭᠦᠢ᠍ᠴᠡᠳᠬᠡᠨ᠎ᠡ᠃ ᠬᠠᠮᠢᠶ᠎ᠠ ᠪᠦᠬᠦᠢ ᠨᠢᠭᠡᠴᠢ 《ᠠᠶᠤᠯ ᠦᠭᠡᠶ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢᠨ ᠰᠢᠷᠢᠰ ᠤᠬᠠᠭᠤᠯᠭ᠎ᠠ ᠬᠥᠮᠦᠵᠢᠯ᠎ᠤᠨ ᠪᠦᠲᠦᠭᠡᠭᠳᠡᠬᠦᠨ᠎ᠢ ᠡᠯ᠎ᠡ ᠨᠢᠭᠡᠴᠢ᠎ᠠᠴᠠ ᠰᠣᠩᠭᠣᠨ ᠬᠡᠷᠡᠭᠯᠡᠬᠦ᠎ᠳᠤ ᠬᠠᠩᠭ᠋ᠠᠪᠠ᠃
ᠡᠯ᠎ᠡ ᠪᠠᠶ᠋ᠢᠭᠤᠯᠭ᠎ᠠ 5 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ 1 ᠬᠤᠯᠪᠣᠭ᠋ᠠᠴᠢᠨ (ᠳᠠᠭ᠋ᠠᠯᠳᠤᠭᠤᠯᠤᠯ 2᠎ᠢ ᠦᠵᠡ)᠎ᠢ ᠮᠡᠳᠡᠭᠦᠯᠦᠨ ᠬᠦᠷᠭᠡᠵᠦ᠂ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠠᠵᠢᠯᠯᠠᠭ᠎ᠠ ᠵᠢᠨ ᠳ᠋ᠦᠩᠨᠡᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃
ᠬᠠᠷᠢᠯᠴᠠᠬᠤ ᠬᠦᠮᠦᠨ᠄ ᠴᠧᠩ ᠭᠤᠸᠠᠩ ᠶᠤᠸᠠᠨ ᠮᠠ ᠮᠢᠩ
ᠬᠠᠷᠢᠯᠴᠠᠬᠤ ᠤᠲᠠᠰᠤ᠄ 0471— 5259658 0471 – 5259319
ᠢᠮᠧᠯ᠄ nmslyg@163.com
ᠳᠠᠭ᠋ᠠᠯᠳᠤᠭᠤᠯᠤᠯ
2024 ᠣᠨ᠎ᠤ 5 ᠳ᠋ᠤᠭ᠋ᠠᠷ ᠰᠠᠷ᠎ᠠ ᠵᠢᠨ 28᠎ᠤ ᠡᠳᠦᠷ