ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-05-31

ᠡᠯ᠎ᠡ ᠠᠶ᠋ᠢᠮᠠᠭ ᠬᠣᠲᠠ ᠵᠢᠨ ᠤᠰᠤᠨ ᠠᠰᠢᠭᠯᠠᠯᠲᠠ (ᠶᠠᠪᠤᠳᠠᠯ) ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠲᠢᠩᠬᠢᠮ᠎ᠤᠨ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠢ᠎ᠳᠤ᠄

   ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 85 ᠳ᠋ᠤᠭ᠋ᠠᠷ ᠲᠣᠭ᠋ᠠᠲᠤ) (ᠳᠣᠷᠣᠭᠰᠢ 《2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢᠨ ᠮᠡᠳᠡᠭᠳᠡᠯ》 ᠭᠡᠵᠦ ᠲᠣᠪᠴᠢᠯᠠᠨ᠎ᠠ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠣᠲᠣ 2024 ᠣᠨ᠎ᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠷᠢᠰ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠤᠨ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄

   ᠨᠢᠭᠡ᠂ ᠬᠢᠨᠠᠨ ᠰᠢᠯᠭ᠋ᠠᠷᠠᠭᠤᠯᠬᠤ᠎ᠪᠠᠷ ᠮᠡᠳᠡᠭᠦᠯᠬᠦ ᠬᠡᠪᠴᠢᠶ᠎ᠡ

  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2020] 4 ᠳ᠋ᠤᠭᠡᠷ ᠲᠣᠭ᠋ᠠᠲᠤ) (ᠳᠣᠷᠣᠭᠰᠢ 《ᠥᠪᠥᠷ ᠮᠣᠩᠭᠤᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠬᠡᠷᠡᠭᠵᠢᠭᠦᠯᠬᠦ ᠨᠠᠷᠢᠨ ᠳᠦᠷᠢᠮ》 ᠭᠡᠵᠦ ᠲᠣᠪᠴᠢᠯᠠᠨ᠎ᠠ)᠎ᠤᠨ ᠬᠤᠷᠢᠳᠤᠭ᠋ᠠᠷ ᠵᠤᠷᠪᠤᠰ᠎ᠲᠤ ᠲᠣᠭᠲᠠᠭ᠋ᠠᠭᠰᠠᠨ ᠠᠵᠢᠯ᠎ᠤᠨ ᠪᠠᠶ᠋ᠢᠷᠢ᠎ᠳᠤ ᠪᠠᠶ᠋ᠢᠭ᠎ᠠ ᠤᠰᠤᠨ ᠠᠰᠢᠭᠯᠠᠯᠲᠠ ᠵᠢᠨ ᠲᠤᠰᠬᠠᠶ ᠮᠡᠷᠭᠡᠵᠢᠯ᠎ᠤᠨ ᠠᠵᠢᠯᠲᠠᠨ᠎ᠳᠤ ᠨᠡᠶ᠋ᠢᠴᠡᠪᠡ᠃

   ᠬᠤᠶᠠᠷ᠂ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ

  (ᠨᠢᠭᠡ) ᠮᠡᠳᠡᠭᠦᠯᠬᠦ ᠦᠨᠳᠦᠰᠦᠯᠡᠯ

   ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠥᠨᠳᠥᠷ᠂ ᠳᠤᠮᠳᠠ᠂ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢ ᠭᠤᠶᠤᠴᠢᠯᠠᠨ ᠮᠡᠳᠡᠭᠦᠯᠦᠭᠰᠡᠳ᠂ 《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠷᠯᠢᠭ 40 ᠳ᠋ᠦ᠍ᠭᠡᠷ ᠲᠣᠭ᠋ᠠᠲᠤ) ᠪᠠ ᠥᠪᠥᠷ ᠮᠣᠩᠭᠤᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠬᠡᠷᠡᠭᠵᠢᠭᠦᠯᠬᠦ ᠨᠠᠷᠢᠨ ᠲᠦᠷᠢᠮ᠎ᠤᠨ ᠬᠠᠮᠢᠶ᠎ᠠ ᠪᠥᠬᠦᠶ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠲᠡᠶ ᠪᠥᠭᠡᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠸᠨ᠋ᠸᠷᠢᠩ᠎ᠤᠨ ᠰᠢᠷᠢᠰ ᠤᠰᠤᠨ ᠠᠰᠢᠭᠯᠠᠯᠲᠠ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠦᠴᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [ 2022 ] 71 ᠳ᠋ᠤᠭᠡᠷ ᠲᠣᠭ᠋ᠠᠲᠤ) ᠪᠠ 2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢᠨ ᠬᠤᠯᠪᠣᠭᠳᠠᠯ ᠪᠥᠬᠦᠶ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ᠃ ᠦᠷᠭᠦᠯᠵᠢᠯᠡᠨ ᠰᠤᠷᠭ᠋ᠠᠨ ᠬᠥᠮᠦᠵᠢᠭᠦᠯᠬᠦ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ 《2024 ᠣᠨ᠎ᠤ ᠪᠥᠬᠦ ᠣᠷᠣᠨ᠎ᠤ ᠲᠤᠰᠬᠠᠶ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠤᠯᠪᠣᠭᠳᠠᠯ ᠪᠥᠬᠦᠶ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2023] 204 ᠳ᠋ᠦ᠍ᠭᠡᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃

  (ᠬᠤᠶᠠᠷ) ᠬᠢᠨᠠᠨ ᠲᠣᠭᠳᠠᠭ᠋ᠠᠭᠰᠠᠨ ᠰᠦᠢ᠍ᠳᠬᠡᠯ

   ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠴᠤᠪᠤᠷᠠᠯ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠣᠷᠣᠯᠴᠠᠬᠤ ᠬᠥᠮᠦᠰ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠲᠥᠯᠥᠪᠯᠡᠭᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠲᠢᠩᠬᠢᠮ᠎ᠤᠨ ᠲᠤᠰᠬᠠᠶ ᠮᠡᠷᠭᠡᠵᠢᠯ᠎ᠤᠨ ᠬᠢᠷᠢ ᠭᠡᠮ᠎ᠢ ᠬᠢᠨᠠᠨ ᠲᠣᠭᠲᠠᠭ᠋ᠠᠬᠤ ᠵᠠᠷᠤᠳᠠᠯ ᠬᠢᠭᠡᠳ ᠦᠨᠡᠮᠯᠡᠯ᠎ᠤᠨ ᠬᠥᠯᠥᠰᠥ ᠥᠷᠲᠡᠭ᠎ᠤᠨ ᠵᠠᠷᠤᠳᠠᠯ᠎ᠤᠨ ᠪᠠᠷᠢᠮᠵᠢᠶ᠎ᠠ ᠵᠢ ᠲᠣᠬᠢᠷᠠᠭᠤᠯᠬᠤ ᠲᠤᠬᠠᠶ ᠴᠣᠬᠣᠯᠠᠪᠤᠷᠢ》 (ᠥᠪᠥᠷ ᠲᠥᠯᠥᠪᠯᠡᠭᠡ ᠵᠠᠷᠤᠳᠠᠯ ᠦᠰᠦᠭ [2001] 1202 ᠳ᠋ᠤᠭ᠋ᠠᠷ ᠲᠣᠭ᠋ᠠᠲᠤ) ᠪᠠ 《ᠲᠤᠰᠬᠠᠶ ᠮᠡᠷᠭᠡᠵᠢᠯ᠎ᠤᠨ ᠬᠢᠷᠢ ᠭᠡᠮ᠎ᠢ ᠬᠢᠨᠠᠨ ᠲᠣᠭᠲᠠᠭ᠋ᠠᠬᠤ ᠪᠠ ᠦᠨᠡᠮᠯᠡᠯ᠎ᠤᠨ ᠵᠠᠷᠤᠳᠠᠯ ᠵᠢᠴᠢ ᠵᠠᠷᠤᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》 (ᠥᠪᠥᠷ ᠬᠥᠮᠦᠨ ᠲᠠᠷᠬᠠᠭ᠋ᠠᠭᠰᠠᠨ [2001] 124 ᠳ᠋ᠦ᠍ᠭᠡᠷ ᠲᠣᠭ᠋ᠠᠲᠤ)᠎ᠤᠨ ᠪᠠᠷᠢᠮᠵᠢᠶ᠎ᠠ ᠶᠣᠰᠣᠭ᠋ᠠᠷ ᠬᠢᠨᠠᠨ ᠲᠣᠭᠲᠠᠭ᠋ᠠᠬᠤ ᠵᠠᠷᠤᠳᠠᠯ ᠲᠤᠰᠢᠶᠠᠵᠤ᠂ ᠣᠷᠣᠨ᠎ᠤ ᠰᠢᠭᠤᠳ ᠬᠠᠷᠢᠶ᠎ᠠ ᠡᠯ᠎ᠡ ᠨᠢᠭᠡᠴᠢ ᠵᠢᠨ ᠮᠡᠳᠡᠭᠦᠯᠦᠭᠰᠡᠨ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠵᠢᠨ ᠬᠠᠮᠲᠤ ᠬᠢᠨᠠᠨ ᠲᠣᠭᠲᠠᠭ᠋ᠠᠭᠰᠠᠨ ᠰᠦᠢ᠍ᠳᠬᠡᠯ ᠵᠶ᠋ᠠᠨ ᠤᠰᠤᠨ ᠠᠰᠢᠭᠯᠠᠯᠲᠠ ᠵᠢᠨ ᠲᠢᠩᠬᠢᠮ᠎ᠤᠨ ᠵᠢᠭ᠋ᠠᠨ ᠲᠣᠭᠲᠠᠭ᠋ᠠᠭᠰᠠᠨ ᠳᠠᠩᠰᠠᠨ ᠡᠷᠦᠬᠡ᠎ᠳᠤ ᠲᠤᠰᠢᠶᠠᠬᠤ ᠬᠡᠷᠡᠭᠲᠡᠶ᠃

  (ᠭᠤᠷᠪᠠ) ᠪᠤᠰᠤᠳ ᠱᠠᠭ᠋ᠠᠷᠳᠠᠯᠭ᠎ᠠ

   ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠰᠠᠭ᠋ᠠᠳ ᠥᠬᠡᠶ ᠨᠡᠪᠲᠡᠷᠡᠬᠦ ᠵᠠᠮ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠨᠢᠭᠡᠳᠦᠭᠡᠷ ᠹᠷᠣᠨᠲ᠎ᠤᠨ ᠦᠨᠳᠦᠰᠦᠨ ᠱᠠᠲᠤᠨ᠎ᠤ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢᠨ ᠬᠡᠯᠪᠡᠶ᠋ᠢᠯᠭᠡᠬᠦ ᠲᠥᠷᠥ ᠵᠢᠨ ᠪᠣᠳᠣᠯᠭ᠎ᠠ᠂ ᠨᠡᠶ᠋ᠢᠲᠡ ᠵᠢᠨ ᠥᠮᠴᠢᠯᠡᠯ᠎ᠤᠨ ᠪᠤᠰᠤ ᠬᠦᠷᠢᠶᠡᠨ᠎ᠳᠠᠬᠢ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢᠨ ᠬᠡᠯᠪᠠᠶ᠋ᠢᠯᠭᠡᠬᠦ ᠲᠥᠷᠥ ᠵᠢᠨ ᠪᠣᠳᠣᠯᠭ᠎ᠠ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠲᠠᠰ ᠪᠠ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢ ᠵᠣᠯᠭ᠋ᠠᠭᠤᠯᠬᠤ᠂ ᠮᠡᠷᠭᠡᠵᠢᠯ᠎ᠤᠨ ᠴᠣᠯᠠ ᠵᠢᠨ ᠲᠦᠷᠢᠮ ᠬᠢᠭᠡᠳ ᠬᠥᠮᠦᠨ ᠬᠡᠷᠡᠭᠯᠡᠬᠦ ᠲᠦᠷᠢᠮ᠎ᠢ ᠵᠣᠯᠭ᠋ᠠᠭᠤᠯᠬᠤ᠂ ᠮᠡᠷᠭᠡᠵᠢᠯ᠎ᠤᠨ ᠴᠣᠯᠠ ᠵᠢᠨ ᠲᠦᠷᠢᠮ ᠬᠢᠭᠡᠳ ᠠᠵᠢᠯ ᠮᠡᠷᠭᠡᠵᠢᠯ᠎ᠤᠨ ᠬᠢᠷᠢ ᠬᠡᠮ᠎ᠤᠨ ᠲᠦᠷᠢᠮ᠎ᠢ ᠵᠣᠯᠭ᠋ᠠᠭᠤᠯᠬᠤ ᠵᠡᠷᠭᠡ ᠵᠢ 2024 ᠣᠨ᠎ᠳᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢᠨ ᠬᠤᠯᠪᠣᠭᠳᠠᠯ ᠪᠥᠬᠦᠶ ᠬᠢᠨᠠᠨ ᠲᠣᠭᠲᠠᠭ᠋ᠠᠬᠤ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠭᠤᠶᠤᠴᠢᠯᠠᠨ ᠮᠡᠳᠡᠭᠦᠯᠬᠦ ᠬᠥᠮᠦᠰ᠎ᠤᠨ ᠪᠠᠶ᠋ᠢᠭ᠎ᠠ ᠨᠢᠭᠡᠴᠢ ᠵᠢᠨ ᠴᠢᠳᠠᠪᠤᠷᠢᠲᠠᠨ᠎ᠤ ᠪᠡᠶ᠎ᠡ ᠵᠢᠨ ᠭᠠᠷᠤᠯ ᠪᠤᠶᠤ ᠥᠩᠭᠡᠷᠡᠯᠲᠡ ᠵᠢᠨ ᠭᠡᠷᠡᠴᠢᠯᠡᠬᠦ ᠮᠠᠲ᠋ᠧᠷᠢᠶᠠᠯ ᠬᠠᠩᠭ᠋ᠠᠬᠤ ᠵᠢᠨ ᠬᠠᠮᠲᠤ ᠨᠢᠭᠡᠴᠢ ᠵᠢᠨ ᠠᠯᠪᠠᠨ ᠲᠠᠮᠠᠭ᠎ᠠ ᠳᠠᠷᠤᠬᠤ ᠬᠡᠷᠡᠭᠲᠡᠶ᠃

   ᠭᠤᠷᠪᠠ᠂ ᠦᠨᠡᠨᠴᠢ ᠢᠲᠡᠭᠡᠮᠵᠢ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ

  (ᠨᠢᠭᠡ) ᠦᠨᠡᠨᠴᠢ ᠢᠲᠡᠭᠡᠮᠵᠢ ᠵᠢᠨ ᠠᠮᠠᠯᠠᠯᠲᠠ ᠵᠢ ᠨᠠᠢ᠌ᠳᠠᠪᠤᠷᠢᠵᠢᠭᠤᠯᠬᠤ

   ᠭᠤᠶᠤᠴᠢᠯᠠᠨ ᠮᠡᠳᠡᠭᠦᠯᠦᠭᠴᠢ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠬᠠᠷᠢᠭᠤᠴᠠᠵᠤ᠂ ᠡᠷᠬᠡᠪᠰᠢ 《ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠦᠨᠡᠨᠴᠢ ᠢᠲᠡᠭᠡᠮᠵᠢ ᠵᠢᠨ ᠠᠮᠠᠯᠠᠯᠲᠠ ᠵᠢᠨ ᠪᠢᠴᠢᠭ》 (ᠥᠪᠥᠷ ᠮᠣᠩᠭᠤᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ᠎ᠨᠢ 《ᠲᠤᠰᠬᠠᠶ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠦᠰᠦᠨᠦᠭᠲᠦ》᠎ᠳᠤ ᠭᠠᠷ᠎ᠤᠨ ᠥᠰᠥᠭ ᠵᠢᠷᠤᠨ᠎ᠠ)᠎ᠲᠤ ᠭᠠᠷ᠎ᠤᠨ ᠥᠰᠥᠭ ᠵᠢᠷᠤᠬᠤ ᠬᠡᠷᠡᠭᠲᠡᠶ; ᠬᠥᠮᠦᠨ ᠬᠡᠷᠡᠭᠯᠡᠬᠦ ᠨᠢᠭᠡᠴᠢ ᠡᠷᠬᠡᠪᠰᠢ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠲᠠᠨᠢᠯᠴᠠᠭᠤᠯᠭ᠎ᠠ ᠵᠢᠨ ᠰᠠᠨᠠᠯ ᠭᠠᠷᠭ᠋ᠠᠵᠤ᠂ ᠭᠤᠶᠤᠴᠢᠯᠠᠨ ᠮᠡᠳᠡᠭᠦᠯᠬᠦ ᠵᠢᠷᠤᠮ ᠪᠠ ᠮᠠᠲ᠋ᠧᠷᠢᠶᠠᠯ᠎ᠤᠨ ᠪᠣᠭᠤᠮᠲᠠ ᠵᠢ ᠠᠳᠬᠤᠬᠤ᠎ᠳᠤ ᠠᠮᠠᠯᠠᠯᠲᠠ ᠬᠢᠵᠦ᠂ ᠲᠠᠨᠢᠯᠴᠠᠭᠤᠯᠬᠤ᠎ᠪᠠᠷ ᠵᠢᠱ᠌ᠢᠭᠳᠡᠭᠴᠢ ᠵᠢ ᠪᠣᠶ ᠪᠣᠯᠭ᠋ᠠᠬᠤ ᠠᠷᠭ᠎ᠠ ᠮᠠᠶᠢᠭ᠂ ᠭᠤᠶᠤᠴᠢᠯᠠᠨ ᠮᠡᠳᠡᠭᠦᠯᠬᠦ ᠬᠥᠮᠦᠰ᠎ᠤᠨ ᠬᠢᠷᠢ ᠬᠡᠮ᠎ᠤᠨ ᠨᠥᠬᠦᠴᠡᠯ ᠵᠢᠴᠢ ᠵᠠᠷᠯᠠᠨ ᠨᠡᠶ᠋ᠢᠲᠡᠯᠡᠭᠰᠡᠨ ᠪᠠᠶ᠋ᠢᠳᠠᠯ ᠵᠡᠷᠭᠡ ᠵᠢ ᠲᠣᠳᠣᠷᠬᠠᠶ᠋ᠢᠯᠠᠬᠤ ᠬᠡᠷᠡᠭᠲᠡᠶ᠃ 《ᠬᠡᠨ ᠬᠢᠨᠠᠨ ᠬᠠᠷᠭᠤᠭᠤᠯᠵᠤ᠂ ᠬᠡᠨ ᠭᠠᠷ᠎ᠤᠨ ᠦᠰᠦᠭ ᠵᠢᠷᠤᠵᠤ᠂ ᠬᠡᠨ ᠬᠠᠷᠢᠭᠤᠴᠠᠬᠤ》 ᠵᠠᠷᠴᠢᠮ ᠶᠣᠰᠣᠭ᠋ᠠᠷ᠂ ᠮᠡᠳᠡᠭᠦᠯᠬᠦ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠬᠤ᠎ᠳᠤ ᠬᠢᠨᠠᠨ ᠬᠠᠷᠭᠤᠭᠤᠯᠤᠭᠴᠢ ᠵᠢᠨ ᠣᠪᠣᠭ ᠨᠡᠷ᠎ᠡ᠂ ᠬᠢᠨᠠᠨ ᠬᠠᠷᠭᠤᠭᠤᠯᠤᠭᠰᠠᠨ ᠰᠠᠨᠠᠯ ᠵᠢᠴᠢ ᠬᠢᠨᠠᠨ ᠬᠠᠷᠭᠤᠭᠤᠯᠤᠭᠰᠠᠨ ᠡᠳᠦᠷ ᠬᠤᠭᠤᠴᠠᠭ᠋ᠠᠨ᠎ᠳᠤ ᠭᠠᠷ᠎ᠤᠨ ᠦᠰᠦᠭ ᠵᠢᠷᠤᠬᠤ ᠵᠢᠨ ᠬᠠᠮᠲᠤ ᠬᠢᠨᠠᠨ ᠬᠠᠷᠭᠤᠭᠤᠯᠵᠤ ᠲᠠᠨᠢᠯᠴᠠᠭᠤᠯᠬᠤ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ᠂ ᠭᠠᠷ᠎ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠦᠭᠡᠢ ᠪᠣᠯ ᠬᠢᠨᠠᠨ ᠲᠣᠭᠲᠠᠭ᠋ᠠᠯᠭ᠋ᠠᠬᠤ᠎ᠪᠠᠷ ᠲᠤᠰᠢᠶᠠᠬᠤ ᠦᠭᠡᠢ᠃

  (ᠬᠤᠶᠠᠷ) ᠢᠲᠡᠭᠡᠯ ᠵᠶ᠋ᠠᠨ ᠠᠯᠳᠠᠭᠰᠠᠨ᠎ᠢ ᠴᠢᠩᠭ᠎ᠠ ᠵᠠᠯᠬᠠᠭ᠋ᠠᠨ ᠴᠡᠭᠡᠷᠯᠡᠭᠦᠯᠬᠦ

   ᠭᠤᠶᠤᠴᠢᠯᠠᠨ ᠮᠡᠳᠡᠭᠦᠯᠦᠭᠴᠢ᠎ᠠᠴᠠ ᠬᠤᠳᠠᠯ ᠬᠠᠭᠤᠷᠮᠠᠭ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠬᠠᠩᠭ᠋ᠠᠵᠤ᠂ ᠰᠢᠢ᠍ᠳᠬᠡᠯ ᠥᠭᠴᠦ ᠰᠢᠢ᠍ᠳᠪᠦᠷᠢᠯᠡᠬᠦ ᠵᠡᠷᠭᠡ ᠬᠠᠮᠢᠶ᠎ᠠ ᠪᠦᠬᠦᠢ ᠪᠠᠶ᠋ᠢᠳᠠᠯ᠎ᠢ ᠨᠢᠭᠤᠨ ᠳᠠᠯᠳᠠᠯᠠᠭᠰᠠᠨ ᠪᠠᠶ᠋ᠢᠪᠠᠯ᠂ ᠬᠥᠮᠦᠨ ᠬᠡᠷᠡᠭᠯᠡᠬᠦ ᠨᠢᠭᠡᠴᠢ᠎ᠠᠴᠠ ᠲᠡᠭᠦᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠨ᠎ᠠ; ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠬᠤ᠂ ᠬᠠᠭᠤᠯᠤᠨ ᠳᠠᠭ᠋ᠠᠷᠢᠬᠤ᠂ ᠪᠤᠰᠤᠳ᠎ᠤᠨ ᠪᠦᠲᠦᠭᠡᠯ ᠪᠠ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠢ ᠬᠤᠯᠠᠭ᠋ᠠᠶ᠋ᠢᠯᠠᠬᠤ᠂ ᠵᠦᠢ ᠵᠣᠬᠢᠰ ᠦᠭᠡᠢ᠎ᠪᠠᠷ ᠨᠡᠷ᠎ᠡ ᠪᠢᠴᠢᠭᠰᠡᠨ ᠪᠤᠶᠤ ᠪᠤᠰᠤᠳ ᠲᠥᠪ ᠪᠤᠰᠤ ᠠᠷᠭ᠎ᠠ ᠪᠠᠷᠢᠯ ᠵᠶ᠋ᠠᠷ ᠳᠠᠮᠵᠢᠭᠤᠯᠤᠨ ᠮᠡᠷᠭᠡᠵᠢᠯ᠎ᠤᠨ ᠴᠣᠯᠠ ᠣᠯᠤᠭᠰᠠᠨ ᠪᠠᠶ᠋ᠢᠪᠠᠯ᠂ ᠭᠤᠶᠤᠴᠢᠯᠠᠨ ᠮᠡᠳᠡᠭᠦᠯᠦᠭᠴᠢ ᠵᠢᠨ ᠪᠠᠶ᠋ᠢᠭ᠎ᠠ ᠨᠢᠭᠡᠴᠢ᠎ᠨᠦᠭᠦᠳ ᠬᠢᠨᠠᠨ ᠬᠠᠷᠭᠤᠭᠤᠯᠬᠤ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠦᠭᠡᠢ᠂ ᠲᠠᠨᠢᠯᠴᠠᠭᠤᠯᠤᠭᠰᠠᠨ ᠬᠥᠮᠥᠰ᠎ᠤᠨ ᠬᠢᠷᠢ ᠬᠡᠮ᠎ᠤᠨ ᠨᠥᠬᠦᠴᠡᠯ᠂ ᠠᠵᠢᠯ ᠮᠡᠷᠭᠡᠵᠢᠯ᠎ᠤᠨ ᠶᠣᠰᠣ ᠮᠣᠷᠠᠯ ᠵᠢᠴᠢ ᠠᠷᠢᠭᠤᠨ ᠴᠢᠬᠡᠴᠢ᠎ᠪᠠᠷ ᠪᠡᠶ᠎ᠡ᠎ᠪᠠᠨ ᠪᠠᠷᠢᠬᠤ ᠪᠠᠶ᠋ᠢᠳᠠᠯ᠎ᠢ ᠴᠢᠩᠭ᠎ᠠ ᠠᠳᠬᠤᠭᠰᠠᠨ ᠦᠭᠡᠢ᠂ ᠬᠢᠨᠠᠨ ᠬᠠᠷᠭᠤᠭᠤᠯᠬᠤ ᠳᠡᠰ ᠳᠠᠷᠠᠭ᠋ᠠᠯᠠᠯ᠎ᠨᠢ ᠪᠦᠷᠢᠨ ᠲᠡᠭᠦᠯᠳᠡᠷ ᠦᠭᠡᠢ ᠪᠠᠶ᠋ᠢᠪᠠᠯ᠂ ᠥᠪᠥᠷ ᠮᠣᠩᠭᠤᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠬᠡᠷᠡᠭᠵᠢᠭᠦᠯᠬᠦ ᠨᠠᠷᠢᠨ ᠳᠦᠷᠢᠮ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃

  (ᠭᠤᠷᠪᠠ) ᠠᠰᠠᠭᠤᠳᠠᠯ᠎ᠢ ᠢᠯᠡᠴᠢᠯᠡᠨ ᠮᠡᠳᠡᠭᠦᠯᠵᠦ ᠬᠢᠨᠠᠨ ᠬᠠᠷᠭᠤᠭᠤᠯᠬᠤ

   ᠬᠢᠨᠡᠨ ᠲᠣᠠᠠᠳᠠᠭ᠋ᠠᠠᠠᠰᠠᠨ ᠦᠷ᠎ᠠ ᠳ᠋ᠦᠩ᠎ᠢ ᠢᠯᠡ ᠨᠡᠶ᠋ᠢᠳᠡᠯᠡᠬᠦ ᠬᠤᠭᠤᠴᠠᠭ᠋ᠠᠨ᠎ᠳᠤ᠂ ᠢᠯᠡᠴᠢᠯᠡᠨ ᠮᠡᠳᠡᠬᠦᠯᠥᠨ ᠵᠠᠭ᠋ᠠᠯᠳᠣᠬᠤ ᠵᠡᠷᠭᠡ ᠠᠷᠭ᠎ᠠ ᠮᠠᠶᠢᠭ ᠵᠶ᠋ᠠᠷ ᠳᠡᠮᠵᠢᠭᠤᠯᠥᠨ ᠠᠰᠠᠭᠤᠳᠡᠯ᠎ᠤᠨ ᠰᠦᠪᠡᠭᠴᠢ ᠵᠢ ᠬᠢᠨᠡᠨ ᠲᠣᠠᠠᠳᠠᠭ᠋ᠠᠬᠤ ᠠᠵᠢᠯ᠎ᠳᠤ ᠬᠤᠯᠪᠤᠠᠠᠳ᠋ᠬᠠᠰᠠᠨ ᠪᠠᠶ᠋ᠢᠪᠠᠯ᠂ ᠬᠢᠨᠡᠨ ᠲᠣᠠᠠᠳᠠᠭ᠋ᠠᠬᠤ ᠺᠣᠮᠢᠰ᠎ᠤᠨ ᠵᠤᠬᠢᠶᠡᠨ ᠪᠠᠶ᠋ᠢᠭᠤᠯᠥᠠᠠᠰᠠᠨ ᠨᠢᠭᠡᠴᠢ᠎ᠠᠴᠠ ᠪᠠᠶ᠋ᠢᠴᠠᠭ᠋ᠠᠨ ᠬᠠᠷᠭᠤᠭᠤᠯᠥᠨ᠎ᠠ; ᠮᠠᠲ᠋ᠧᠷᠢᠶᠡᠯ᠎ᠤᠨ ᠦᠨᠡᠨ ᠪᠤᠳᠡᠳᠣ ᠴᠢᠨᠡᠷ᠎ᠲᠤ ᠬᠤᠯᠪᠤᠠᠠᠳ᠋ᠬᠠᠰᠠᠨ ᠪᠠᠶ᠋ᠢᠪᠠᠯ᠂ ᠡᠯ᠎ᠠ ᠠᠶ᠋ᠢᠮᠠᠭ ᠬᠤᠳᠡ ᠪᠠ ᠬᠦᠮᠦᠨ ᠭᠡᠷᠡᠭᠯᠡᠬᠦ ᠨᠢᠭᠡᠴᠢ᠎ᠠᠴᠠ ᠪᠠᠶ᠋ᠢᠴᠠᠭ᠋ᠠᠵᠦ ᠬᠢᠨᠡᠨ ᠬᠠᠷᠭᠤᠭᠤᠯᠥᠨ᠎ᠠ᠃

   ᠳᠥᠷᠪᠡ᠂ ᠮᠡᠳᠡᠭᠦᠯᠬᠦ ᠱᠠᠭ᠋ᠠᠷᠳᠠᠯᠭ᠎ᠠ

  (ᠨᠢᠭᠡ) ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ

  1. ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠠᠵᠢᠯᠲᠠᠳ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠬᠡᠯᠪᠡᠷᠢ ᠵᠢ ᠠᠪᠴᠤ᠂ ᠥᠪᠥᠷ ᠮᠣᠩᠭᠤᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (ᠰᠦᠯᠵᠢᠶᠡᠨ᠎ᠤ ᠬᠠᠶᠢᠭ᠄ www.nmgrck.cn ) ᠵᠢ ᠰᠤᠷᠪᠤᠯᠵᠢᠯᠠᠵᠤ᠂ ᠰᠦᠯᠵᠢᠶᠡᠨ ᠳᠡᠭᠡᠷ᠎ᠡ ᠳᠠᠩᠰᠠᠯᠠᠭᠤᠯᠤᠨ᠂ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ — 2024 ᠣᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠪᠤᠯᠤᠩ᠎ᠳᠤ ᠦᠨᠳᠦᠰᠦᠨ ᠮᠡᠳᠡᠭᠡ ᠵᠠᠩᠭᠢ ᠵᠢ ᠲᠠᠭᠯᠠᠨ ᠮᠡᠳᠡᠭᠦᠯᠵᠦ᠂ 《ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠬᠦᠰᠦᠨᠦᠭᠲᠦ》 《ᠲᠤᠰᠬᠠᠢ ᠮᠡᠷᠭᠡᠵᠢᠯ᠎ᠤᠨ ᠬᠢᠷᠢ ᠬᠡᠮ᠎ᠢ ᠬᠦᠷᠭᠡᠨ ᠬᠢᠨᠠᠭᠤᠯᠬᠤ ᠬᠦᠰᠦᠨᠦᠭᠲᠦ》 ᠵᠢ ᠭᠠᠷᠭ᠋ᠠᠨ ᠠᠪᠴᠤ ᠭᠠᠷᠭ᠋ᠠᠭᠰᠠᠨ᠎ᠤ ᠳᠠᠷᠠᠭ᠎ᠠ᠂ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠲᠠᠭᠯᠠᠨ ᠪᠢᠴᠢᠨ᠎ᠡ᠃

  2. ᠭᠤᠶᠤᠴᠢᠯᠠᠨ ᠮᠡᠳᠡᠭᠦᠯᠦᠭᠴᠢ᠎ᠨᠢ ᠬᠠᠷᠢᠶᠠᠯᠠᠭᠳᠠᠬᠤ ᠬᠠᠷᠢᠴᠠᠭ᠎ᠠ ᠪᠠ ᠲᠣᠭᠲᠠᠭ᠋ᠠᠭᠰᠠᠨ ᠲᠠᠰ ᠳᠠᠷᠠᠭ᠋ᠠᠯᠠᠯ᠎ᠤᠨ ᠶᠣᠰᠣᠭ᠋ᠠᠷ ᠱᠠᠲᠤ ᠳᠠᠷᠠᠭ᠋ᠠᠯᠠᠨ ᠮᠠᠲ᠋ᠧᠷᠢᠶᠠᠯ ᠵᠶ᠋ᠠᠨ ᠰᠢᠯᠭ᠋ᠠᠷᠠᠭᠤᠯᠬᠤ ᠵᠥᠪᠯᠡᠯ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠮᠡᠳᠡᠭᠦᠯᠦᠨ ᠬᠦᠷᠭᠡᠵᠦ᠂ ᠲᠣᠰ ᠣᠨ᠎ᠤ ᠳᠣᠲᠣᠷᠠᠬᠢ ᠠᠳᠠᠯᠢ ᠨᠢᠭᠡᠨ ᠮᠡᠷᠭᠡᠵᠢᠯ᠎ᠤᠨ ᠴᠣᠯᠠ ᠵᠢᠨ ᠲᠠᠰ ᠳᠠᠪᠬᠤᠷᠭ᠎ᠠ᠎ᠨᠢ ᠵᠠᠷᠴᠢᠮ ᠳᠡᠭᠡᠷ᠎ᠡ᠎ᠪᠠᠨ ᠵᠥᠪᠬᠡᠨ ᠨᠢᠭᠡ ᠯᠡ ᠬᠢᠨᠠᠨ ᠲᠣᠭᠲᠠᠭ᠋ᠠᠬᠤ ᠺᠣᠮᠢᠰ᠎ᠲᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠵᠦ ᠬᠢᠨᠠᠨ ᠲᠣᠭᠲᠠᠭ᠋ᠠᠯᠭ᠋ᠠᠬᠤ ᠭᠤᠶᠤᠴᠢᠯᠠᠯ ᠭᠠᠷᠭ᠋ᠠᠨ᠎ᠠ᠃ ᠠᠳᠠᠯᠢ ᠨᠢᠭᠡ ᠨᠢᠭᠡᠴᠢ᠎ᠪᠠᠷ ᠠᠳᠠᠯᠢ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠰᠢᠷᠢᠰ (ᠲᠤᠰᠬᠠᠢ ᠮᠡᠷᠭᠡᠵᠢᠯ) ᠠᠳᠠᠯᠢ ᠳᠡᠰ ᠳᠠᠪᠬᠤᠷᠭ᠎ᠠ ᠵᠢᠨ ᠮᠡᠷᠭᠡᠵᠢᠯ᠎ᠤᠨ ᠴᠣᠯᠠ ᠵᠢᠨ ᠮᠠᠲ᠋ᠧᠷᠢᠶᠠᠯ᠎ᠢ ᠠᠳᠠᠯᠢ ᠨᠢᠭᠡᠨ ᠰᠢᠯᠭ᠋ᠠᠷᠠᠭᠤᠯᠬᠤ ᠺᠣᠮᠢᠰ᠎ᠲᠤ ᠨᠢᠭᠡᠳᠦᠯᠲᠡᠢ ᠮᠡᠳᠡᠭᠦᠯᠦᠨ ᠬᠦᠷᠭᠡᠬᠦ ᠬᠡᠷᠡᠭᠲᠡᠢ᠂ ᠣᠯᠠᠨ ᠲᠠᠯ᠎ᠠ᠎ᠠᠴᠠ ᠮᠡᠳᠡᠭᠦᠯᠦᠨ ᠬᠦᠷᠭᠡᠵᠦ ᠪᠣᠯᠬᠤ ᠦᠭᠡᠢ᠃

  3. ᠮᠡᠳᠡᠭᠦᠯᠦᠭᠴᠢ ᠵᠢᠨ ᠰᠤᠷᠤᠯᠭ᠎ᠠ ᠵᠢᠨ ᠨᠠᠮᠲᠠᠷ᠂ ᠬᠢᠷᠢ ᠭᠡᠮ᠂ ᠲᠤᠰᠢᠶᠠᠯ ᠡᠭᠦᠷᠭᠡᠯᠡᠭᠰᠡᠨ ᠣᠨ ᠵᠢᠯ᠂ ᠠᠮᠵᠢᠯᠲᠠ ᠪᠦᠲᠦᠮᠵᠢ ᠵᠢᠨ ᠦᠷ᠎ᠡ ᠪᠦᠲᠦᠭᠡᠯ (ᠥᠭᠦᠯᠡᠯ᠂ ᠱᠠᠩᠨᠠᠯ᠎ᠤᠨ ᠵᠦᠢ᠍ᠯ᠂ ᠢᠷᠠᠭᠤ ᠠᠯᠳᠠᠷ ᠵᠡᠷᠭᠡ)᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠢᠨᠠᠨ ᠰᠢᠯᠭ᠋ᠠᠬᠤ ᠺᠠᠷᠲ ᠪᠣᠯ ᠲᠤᠬᠠᠶ ᠵᠢᠨ ᠵᠢᠯ᠎ᠤᠨ ᠮᠡᠳᠡᠭᠦᠯᠬᠦ ᠬᠤᠭᠤᠴᠠᠭ᠎ᠠ ᠳᠠᠭᠤᠰᠤᠨ᠎ᠠ᠂ ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠎ᠠ ᠳᠠᠬᠢᠵᠤ ᠨᠥᠬᠥᠵᠦ ᠮᠡᠳᠡᠭᠦᠯᠬᠦ ᠮᠠᠲ᠋ᠧᠷᠢᠶᠠᠯ᠎ᠢ ᠬᠦᠯᠢᠶᠡᠨ ᠠᠪᠬᠤ ᠦᠭᠡᠢ᠃

  4. ᠮᠡᠳᠡᠭᠦᠯᠦᠭᠴᠢ᠎ᠠᠴᠠ 《ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠤᠨ ᠭᠠᠷᠴᠠᠭ᠎ᠤᠨ ᠬᠠᠭᠤᠳᠠᠰᠤ》 (ᠳᠠᠭ᠋ᠠᠯᠳᠤᠭᠤᠯᠤᠯ 1 ᠵᠢ ᠦᠵᠡ) ᠵᠢᠨ ᠶᠣᠰᠣᠭ᠋ᠠᠷ ᠬᠠᠮᠢᠶ᠎ᠠ ᠪᠥᠬᠦᠶ ᠮᠠᠲ᠋ᠧᠷᠢᠶᠠᠯ᠎ᠢ ᠪᠡᠯᠡᠳᠬᠡᠬᠦ ᠵᠢᠨ ᠬᠠᠮᠲᠤ ᠮᠡᠳᠡᠭᠦᠯᠬᠦ ᠮᠠᠲ᠋ᠧᠷᠢᠶᠠᠯ᠎ᠢ A4 ᠴᠠᠭ ᠵᠶ᠋ᠠᠷ ᠳᠡᠪᠲᠡᠷᠯᠡᠵᠦ᠂ ᠳᠡᠪᠲᠡᠷᠯᠡᠭᠰᠡᠨ ᠥᠬᠡᠶ ᠪᠣᠯ ᠭᠥᠯᠢᠶᠡᠨ ᠠᠪᠬᠤ ᠥᠬᠡᠶ᠃

  5. ᠨᠢᠭᠡᠴᠢ᠎ᠠᠴᠠ ᠮᠠᠲ᠋ᠧᠷᠢᠶᠠᠯ ᠵᠶ᠋ᠠᠨ ᠬᠤᠷᠢᠶᠠᠩᠭᠤᠶ᠋ᠢᠯᠠᠭ᠋ᠠᠳ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠨᠢᠭᠡᠴᠢ᠎ᠨᠦᠭᠦᠳ ᠲᠤᠰ ᠨᠢᠭᠡᠴᠢ ᠵᠢᠨ ᠵᠶ᠋ᠠᠨ ᠭᠤᠶᠤᠴᠢᠯᠠᠨ ᠮᠡᠳᠡᠭᠦᠯᠦᠭᠰᠡᠳ᠎ᠤᠨ ᠲᠤᠭ᠎ᠠ ᠪᠦᠷᠢᠳᠬᠡᠯ᠎ᠤᠨ ᠬᠤᠷᠢᠶᠠᠩᠭᠤᠶ᠋ᠢᠯᠠᠬᠤ ᠠᠵᠢᠯ᠎ᠢ ᠬᠠᠷᠢᠭᠤᠴᠠᠵᠤ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠮᠡᠷᠭᠡᠵᠢᠯ᠎ᠤᠨ ᠴᠣᠯᠠ ᠵᠢᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠵᠢᠨ ᠬᠠᠮᠲᠤ᠂ 《ᠭᠤᠶᠤᠴᠢᠯᠠᠨ ᠮᠡᠳᠡᠭᠦᠯᠵᠦ ᠬᠤᠷᠢᠶᠠᠩᠭᠤᠶ᠋ᠢᠯᠠᠬᠤ ᠨᠡᠷᠡᠰ᠎ᠤᠨ ᠳᠡᠪᠲᠡᠷ》 (ᠳᠠᠭ᠋ᠠᠯᠳᠤᠭᠤᠯᠤᠯ 2᠎ᠢ ᠦᠵᠡ)᠂ ᠡᠯᠸᠺᠲᠷᠣᠨ ᠬᠡᠪᠯᠡᠯ᠎ᠳᠤ Excel ᠪᠢᠴᠢᠭ ᠬᠡᠯᠪᠡᠷᠢ ᠬᠡᠷᠡᠭᠰᠡᠨ᠎ᠡ᠃

  (ᠬᠤᠶᠠᠷ) ᠮᠡᠳᠡᠭᠦᠯᠬᠦ ᠵᠢᠷᠤᠮ᠎ᠤᠨ ᠱᠠᠭ᠋ᠠᠷᠳᠠᠯᠭ᠎ᠠ

  1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠭᠡᠮ᠎ᠢ ᠬᠢᠨᠠᠨ ᠲᠣᠭᠲᠠᠭ᠋ᠠᠬᠤ ᠺᠣᠮᠢᠰ (ᠳᠣᠷᠣᠭᠰᠢ 《ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ》 ᠭᠡᠵᠦ ᠲᠣᠪᠴᠢᠯᠠᠨ᠎ᠠ)᠎ᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠲᠣᠬᠢᠷᠠᠭᠤᠯᠵᠤ᠂ ᠪᠥᠬᠦ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠣᠷᠣᠨ᠎ᠤ ᠰᠢᠭᠤᠳ ᠬᠠᠷᠢᠶ᠎ᠠ ᠡᠯ᠎ᠡ ᠨᠢᠭᠡᠴᠢ ᠵᠢᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠰᠲ᠋ᠧᠮ᠎ᠤᠨ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠬᠠᠷᠢᠭᠤᠴᠠᠨ ᠵᠣᠬᠢᠶᠠᠨ ᠪᠠᠶ᠋ᠢᠭᠤᠯᠤᠨ᠎ᠠ᠃

  2. ᠠᠶ᠋ᠢᠮᠠᠭ ᠬᠤᠲᠠ ᠵᠢᠴᠢ ᠲᠡᠭᠦᠨ᠎ᠠᠴᠠ ᠳᠣᠷᠣᠭᠰᠢᠬᠢ ᠨᠢᠭᠡᠴᠢ᠎ᠨᠦᠭᠦᠳ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠮᠡᠳᠡᠭᠦᠯᠦᠭᠰᠡᠨ ᠬᠥᠮᠥᠰ᠂ ᠠᠵᠢᠯᠲᠠᠨ᠎ᠤ ᠶᠠᠪᠤᠳᠠᠯ᠎ᠤᠨ ᠬᠠᠷᠢᠶᠠᠯᠠᠭᠳᠠᠬᠤ ᠬᠠᠷᠢᠴᠠᠭ᠎ᠠ᠎ᠪᠠᠷ ᠱᠠᠲᠤ ᠳᠠᠷᠠᠭ᠋ᠠᠯᠠᠨ ᠬᠢᠨᠠᠨ ᠬᠠᠷᠭᠤᠭᠤᠯᠵᠤ ᠭᠤᠶᠤᠴᠢᠯᠠᠨ       ᠮᠡᠳᠡᠭᠦᠯᠵᠦ᠂ ᠠᠶ᠋ᠢᠮᠠᠭ ᠬᠤᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ (ᠪᠤᠶᠤ ᠮᠡᠷᠭᠡᠵᠢᠯ᠎ᠤᠨ ᠴᠣᠯᠠ ᠵᠢ ᠰᠢᠭᠤᠳ ᠮᠡᠳᠡᠭᠦᠯᠬᠦ ᠨᠢᠭᠡᠴᠢ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠰᠠᠯᠠᠭ᠎ᠠ ᠮᠥᠴᠢᠷ)᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ᠎ᠲᠤ ᠮᠡᠳᠡᠭᠦᠯᠦᠨ ᠬᠦᠷᠭᠡᠵᠦ ᠲᠥᠷᠥᠯ ᠬᠤᠪᠢᠶᠠᠨ ᠡᠮᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠰᠢᠯᠭ᠋ᠠᠷᠠᠭᠤᠯᠤᠯᠲᠠ ᠵᠢᠨ ᠺᠣᠮᠢᠰ᠎ᠲᠤ ᠬᠦᠷᠭᠡᠵᠦ ᠥᠭᠭᠦᠨ᠎ᠡ᠃

  3. ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠮᠡᠳᠡᠭᠦᠯᠦᠭᠰᠡᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠬᠥᠮᠦᠰ ᠪᠠᠶ᠋ᠢᠭ᠎ᠠ ᠨᠢᠭᠡᠴᠢ᠎ᠠᠴᠠ᠎ᠪᠠᠨ ᠮᠠᠲ᠋ᠧᠷᠢᠶᠠᠯ ᠵᠶ᠋ᠠᠨ ᠬᠢᠨᠠᠨ ᠬᠠᠷᠭᠤᠭᠤᠯᠤᠭᠰᠠᠨ᠎ᠤ ᠳᠠᠷᠠᠭ᠎ᠠ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠬᠠᠷᠭᠤᠭᠤᠯᠵᠤ ᠬᠤᠷᠢᠶᠠᠩᠭᠤᠶ᠋ᠢᠯᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠥᠨᠳᠥᠷ ᠵᠡᠷᠭᠡ ᠵᠢᠨ ᠰᠢᠯᠭ᠋ᠠᠷᠠᠭᠤᠯᠤᠯᠲᠠ ᠵᠢᠨ ᠺᠣᠮᠢᠰ᠎ᠲᠤ ᠬᠦᠷᠭᠡᠵᠦ ᠥᠭᠭᠦᠨ᠎ᠡ᠃

  4. ᠲᠥᠪ᠎ᠤᠨ ᠪᠠ ᠪᠤᠰᠤᠳ ᠮᠤᠵᠢ᠂ ᠬᠣᠲᠠ᠂ ᠥᠪᠡᠷᠲᠡᠭᠡᠨ ᠵᠠᠰᠠᠬᠤ ᠣᠷᠣᠨ᠎ᠤ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠨᠢᠭᠡᠴᠢ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠂ ᠮᠠᠨ᠎ᠤ ᠣᠷᠣᠨ᠎ᠳᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠣᠷᠣᠯᠴᠠᠬᠤ᠎ᠳᠤ ᠡᠷᠬᠡᠪᠰᠢ ᠲᠤᠰ ᠨᠢᠭᠡᠴᠢ᠎ᠪᠠᠷ ᠵᠶ᠋ᠠᠨ ᠵᠥᠪᠰᠢᠶᠡᠷᠡᠭᠦᠯᠬᠦ ᠵᠢᠨ ᠬᠠᠮᠲᠤ ᠲᠥᠪ᠎ᠤᠨ ᠨᠢᠭᠡᠴᠢ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠰᠠᠯᠠᠭ᠎ᠠ ᠮᠥᠴᠢᠷ ᠪᠤᠶᠤ ᠪᠤᠰᠤᠳ ᠮᠤᠵᠢ᠂ ᠬᠣᠲᠠ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠨᠠᠶ᠋ᠢᠳᠠᠯᠭ᠎ᠠ ᠵᠢᠨ ᠵᠠᠬᠢᠳᠠᠯ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ ᠵᠶ᠋ᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠰᠢᠯᠭ᠋ᠠᠷᠠᠭᠤᠯᠬᠤ ᠺᠣᠮᠢᠰ᠎ᠲᠤ ᠬᠦᠷᠭᠡᠬᠦ ᠬᠡᠷᠡᠭᠲᠡᠶ᠃

  5. ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠨᠡᠶ᠋ᠢᠭᠡᠮ᠎ᠤᠨ ᠪᠦᠯᠬᠦᠮ ᠪᠣᠯᠣᠨ ᠪᠤᠰᠤᠳ ᠨᠡᠶ᠋ᠢᠲᠡ ᠵᠢᠨ ᠪᠤᠰᠤ ᠦᠮᠴᠢᠯᠡᠯᠲᠦ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠣᠯᠣᠨ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠬᠦᠮᠦᠰ᠂ ᠴᠢᠯᠦᠭᠡᠲᠡᠢ ᠠᠵᠢᠯᠯᠠᠭᠰᠠᠳ᠎ᠤᠨ ᠮᠡᠳᠡᠭᠦᠯᠬᠦ ᠳᠡᠰ ᠳᠠᠷᠠᠭ᠋ᠠᠯᠠᠯ ᠵᠢᠴᠢ ᠠᠷᠭ᠎ᠠ ᠵᠠᠮ᠎ᠨᠢ ᠥᠪᠥᠷ ᠮᠣᠩᠭᠤᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠬᠡᠷᠡᠭᠵᠢᠭᠦᠯᠬᠦ ᠨᠠᠷᠢᠨ ᠳᠦᠷᠢᠮ᠎ᠤᠨ ᠬᠤᠷᠢᠨ ᠳᠣᠯᠣᠳᠤᠭ᠋ᠠᠷ᠂ ᠬᠤᠷᠢᠨ ᠨᠠᠢ᠍ᠮᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠠᠩᠬ᠎ᠠ ᠬᠢᠨᠠᠬᠤ᠂ ᠵᠠᠷᠯᠠᠨ ᠨᠡᠶ᠋ᠢᠲᠡᠯᠡᠬᠦ᠂ ᠪᠠᠲᠤᠯᠠᠨ ᠲᠠᠨᠢᠯᠴᠠᠭᠤᠯᠬᠤ ᠳᠡᠰ ᠳᠠᠷᠠᠭ᠋ᠠᠯᠠᠯ ᠵᠶ᠋ᠠᠷ ᠶᠠᠪᠤᠭᠳᠠᠭᠤᠯᠤᠭᠰᠠᠨ᠎ᠤ ᠳᠠᠷᠠᠭ᠎ᠠ ᠵᠣᠬᠢᠬᠤ ᠠᠶ᠋ᠢᠮᠠᠭ ᠬᠤᠲᠠ ᠪᠤᠶᠤ ᠬᠤᠰᠢᠭᠤ ᠰᠢᠶᠠᠨ (ᠬᠤᠲᠠ᠂ ᠲᠣᠭᠤᠷᠢᠭ)᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ᠎ᠡ᠃

  (ᠭᠤᠷᠪᠠ) ᠮᠡᠷᠭᠡᠵᠢᠯ᠎ᠤᠨ ᠴᠤᠯᠠ ᠵᠢ ᠵᠠᠷᠯᠠᠨ ᠨᠡᠶ᠋ᠢᠲᠡᠯᠡᠬᠦ ᠱᠠᠭ᠋ᠠᠷᠳᠠᠯᠭ᠎ᠠ

  1. ᠨᠢᠭᠡᠴᠢ ᠮᠡᠳᠡᠭᠦᠯᠬᠦ᠎ᠠᠴᠠ ᠡᠮᠦᠨ᠎ᠡ ᠢᠯᠡ ᠨᠡᠢ᠌ᠲᠡᠯᠡᠨ᠎ᠡ᠃ ᠮᠡᠳᠡᠭᠦᠯᠬᠦ ᠠᠵᠢᠯᠲᠠᠨ᠎ᠤ ᠪᠠᠶ᠋ᠢᠭ᠎ᠠ ᠨᠢᠭᠡᠴᠢ᠎ᠨᠢ ᠪᠤᠶ ᠪᠦᠬᠦᠢ ᠮᠡᠳᠡᠭᠦᠯᠬᠦ ᠬᠥᠮᠦᠰ᠎ᠤᠨ 《ᠲᠤᠰᠬᠠᠶ ᠮᠡᠷᠭᠡᠵᠢᠯ᠎ᠤᠨ ᠬᠢᠷᠢ ᠭᠡᠮ᠎ᠢ ᠬᠦᠷᠭᠡᠵᠦ ᠬᠢᠨᠠᠭᠤᠯᠬᠤ ᠬᠦᠰᠦᠨᠦᠭᠲᠦ》 ᠵᠢ ᠲᠤᠰ ᠨᠢᠭᠡᠴᠢ᠎ᠳᠤ ᠢᠯᠡ ᠨᠡᠶ᠋ᠢᠲᠡᠯᠡᠵᠦ᠂ ᠨᠡᠶ᠋ᠢᠲᠡᠯᠡᠬᠦ ᠴᠠᠭ᠎ᠨᠢ 5 ᠠᠵᠢᠯᠯᠠᠬᠤ ᠡᠳᠦᠷ᠎ᠠᠴᠠ ᠳᠤᠲᠠᠭᠤ ᠦᠭᠡᠶ ᠪᠠᠶ᠋ᠢᠵᠤ᠂ ᠨᠡᠶ᠋ᠢᠲᠡ᠎ᠳᠤ ᠵᠠᠷᠯᠠᠬᠤ᠎ᠳᠤ ᠣᠨᠳᠣᠤ ᠰᠠᠨᠠᠯ ᠦᠭᠡᠶ ᠪᠣᠯ ᠳᠡᠭᠡᠭᠰᠢ ᠮᠡᠳᠡᠭᠦᠯᠵᠦ᠂ ᠳᠡᠭᠡᠭᠰᠢ ᠮᠡᠳᠡᠭᠦᠯᠬᠦ ᠮᠠᠲ᠋ᠧᠷᠢᠶᠠᠯ᠎ᠳᠤ ᠢᠯᠡ ᠨᠡᠶ᠋ᠢᠲᠡᠯᠡᠭᠰᠡᠨ ᠪᠠᠶ᠋ᠢᠳᠠᠯ ᠪᠠᠭᠲᠠᠨ᠎ᠠ᠃

  2. ᠰᠠᠯᠠᠭ᠎ᠠ ᠮᠥᠴᠢᠷ ᠮᠡᠳᠡᠭᠦᠯᠦᠨ ᠬᠦᠷᠭᠡᠬᠦ᠎ᠠᠴᠠ ᠡᠮᠦᠨ᠎ᠡ ᠢᠯᠡ ᠨᠡᠶ᠋ᠢᠲᠡᠯᠡᠬᠦ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠣᠷᠣᠨ᠎ᠤ ᠰᠢᠭᠤᠳ ᠬᠠᠷᠢᠶ᠎ᠠ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ᠎ᠠᠴᠠ ᠡᠮᠦᠨ᠎ᠡ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠎ᠤᠨ ᠵᠶ᠋ᠠᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠭᠤᠶᠤᠴᠢᠯᠠᠨ ᠮᠡᠳᠡᠭᠦᠯᠦᠭᠰᠡᠨ ᠬᠥᠮᠦᠰ᠎ᠤᠨ ᠨᠡᠷ᠎ᠡ ᠵᠢ ᠫᠤᠷᠲ᠋ᠧᠯ ᠰᠦᠯᠵᠢᠶᠡᠨ ᠳᠡᠭᠡᠷ᠎ᠡ ᠨᠡᠶ᠋ᠢᠲᠡ᠎ᠳᠤ ᠵᠠᠷᠯᠠᠵᠤ᠂ ᠢᠯᠡ ᠨᠡᠶ᠋ᠢᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ᠂ ᠨᠡᠶ᠋ᠢᠲᠡ᠎ᠳᠤ ᠵᠠᠷᠯᠠᠬᠤ᠎ᠳᠤ ᠣᠨᠳᠣᠤ ᠰᠠᠨᠠᠯ ᠦᠭᠡᠶ ᠪᠣᠯ ᠳᠡᠭᠡᠭᠰᠢ ᠮᠡᠳᠡᠭᠦᠯᠵᠦ᠂ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ᠎ᠳᠤ ᠢᠯᠡ ᠨᠡᠶ᠋ᠢᠲᠡᠯᠡᠭᠰᠡᠨ ᠪᠠᠶ᠋ᠢᠳᠠᠯ ᠪᠠᠭᠲᠠᠨ᠎ᠠ᠃

  3. ᠳᠡᠭᠡᠳᠦ ᠵᠡᠷᠭᠡ ᠵᠢᠨ ᠰᠢᠯᠭ᠋ᠠᠷᠠᠭᠤᠯᠬᠤ ᠺᠣᠮᠢᠰ᠎ᠤᠨ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠨ᠎ᠡ᠃ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠵᠤ ᠳᠠᠭᠤᠰᠤᠭᠰᠠᠨ᠎ᠤ ᠳᠠᠷᠠᠭ᠎ᠠ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠺᠣᠮᠢᠰ᠎ᠠᠴᠠ ᠤᠰᠤᠨ ᠠᠰᠢᠭᠯᠠᠯᠲᠠ ᠵᠢᠨ ᠲᠢᠩᠬᠢᠮ᠎ᠤᠨ ᠰᠦᠯᠵᠢᠶ᠎ᠡ᠎ᠳᠤ ᠳᠠᠮᠵᠢᠭᠤᠯᠤᠨ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠵᠠᠷᠯᠠᠨ ᠨᠡᠶ᠋ᠢᠲᠡᠯᠡᠵᠦ᠂ ᠵᠠᠷᠯᠠᠨ ᠨᠡᠶ᠋ᠢᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠃

   ᠲᠠᠪᠤ᠂ ᠴᠠᠭ ᠬᠤᠭᠤᠴᠠᠭ᠋ᠠᠨ᠎ᠤ ᠲᠣᠬᠢᠷᠠᠭᠤᠯᠤᠯᠲᠠ

  2024 ᠣᠨ᠎ᠤ 6 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ ᠡᠮᠦᠨ᠎ᠡ᠂ ᠣᠷᠣᠨ᠎ᠤ ᠰᠢᠭᠤᠳ ᠬᠠᠷᠢᠶ᠎ᠠ ᠡᠯ᠎ᠡ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠥᠨᠳᠥᠷ᠂ ᠳᠤᠮᠳᠠ᠂ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠮᠡᠳᠡᠭᠦᠯᠦᠭᠰᠡᠨ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠢᠷᠢᠰ ᠳᠡᠭᠡᠳᠦ ᠵᠡᠷᠭᠡ ᠵᠢᠨ ᠰᠢᠯᠭ᠋ᠠᠷᠠᠭᠤᠯᠬᠤ ᠺᠣᠮᠢᠰ᠎ᠲᠤ ᠨᠢᠭᠡᠳᠦᠯᠲᠡᠶ ᠮᠡᠳᠡᠭᠦᠯᠦᠨ ᠬᠦᠷᠭᠡᠵᠦ᠂ ᠬᠤᠭᠤᠴᠠᠭ᠎ᠠ᠎ᠨᠢ ᠥᠩᠭᠡᠷᠡᠲᠡᠯ᠎ᠡ ᠳᠠᠭᠢᠵᠤ ᠭᠥᠯᠢᠶᠡᠨ ᠠᠪᠴᠤ ᠰᠢᠢ᠍ᠳᠪᠦᠷᠢᠯᠡᠬᠦ ᠥᠬᠡᠶ᠃

   ᠬᠠᠷᠢᠯᠴᠠᠬᠤ ᠤᠲᠠᠰᠤ᠄ 0471 — 5259607  5259546

   ᠬᠠᠷᠢᠯᠴᠠᠬᠤ ᠬᠠᠶᠢᠭ᠄ ᠬᠥᠬᠡᠬᠤᠲᠠ ᠵᠢᠨ ᠬᠥᠯᠥᠨ ᠡᠮᠦᠨ᠎ᠡ ᠵᠠᠮ᠎ᠤᠨ 119 ᠳ᠋ᠤᠭᠡᠷ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ

   ᠳᠠᠭ᠋ᠠᠯᠳᠤᠭᠤᠯᠤᠯ᠄

  1. ᠲᠤᠰᠬᠠᠢ ᠮᠡᠷᠭᠡᠵᠢᠯ᠎ᠤᠨ ᠴᠣᠯᠠ ᠬᠦᠷᠭᠡᠵᠦ ᠦᠨᠡᠯᠡᠬᠦ ᠮᠠᠲ᠋ᠧᠷᠢᠶᠠᠯ᠎ᠤᠨ ᠭᠠᠷᠴᠠᠭ᠎ᠤᠨ ᠬᠠᠭᠤᠳᠠᠰᠤ .docx

  2. ᠤᠰᠤᠨ ᠠᠰᠢᠭᠯᠠᠯᠲᠠ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠭᠤᠶᠤᠴᠢᠯᠠᠨ ᠮᠡᠳᠡᠭᠦᠯᠵᠦ᠂ ᠨᠡᠷᠡᠰ᠎ᠤᠨ ᠪᠦᠷᠢᠳᠬᠡᠯ (ᠳᠡᠭᠡᠳᠦ ᠵᠡᠷᠭᠡ ᠵᠢᠨ᠂ ᠳᠡᠳ᠋ ᠳᠡᠭᠡᠳᠦ ᠵᠡᠷᠭᠡ ᠵᠢᠨ᠂ ᠳᠤᠮᠳᠠ ᠵᠡᠷᠭᠡ ᠵᠢᠨ᠂ ᠠᠩᠬ᠎ᠠ ᠵᠡᠷᠭᠡ ᠵᠢᠨ) .xls


              2024 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ

 

 


 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠂ ᠤᠰᠤᠯᠠᠬᠤ ᠪᠠ ᠤᠰᠤ ᠵᠠᠯᠠᠬᠤ ᠬᠥᠭᠡᠷᠭᠡ ᠵᠢᠨ ᠥᠷᠲᠡᠭᠡ ᠵᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢᠨ ᠦᠨᠡᠯᠡᠯᠲᠡ ᠵᠢᠨ ᠦᠷ᠎ᠡ ᠳ᠋ᠦᠩ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠵᠠᠬᠢᠳᠠᠯ ᠰᠤᠷᠪᠤᠯᠵᠢᠯᠠᠯ᠎ᠤᠨ ᠬᠦᠰᠡᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠨᠠᠷᠢᠨ ᠳᠠᠩᠰᠠ
2025 ᠣᠨ᠎ᠤ ᠮᠡᠷᠭᠡᠵᠢᠯ᠎ᠤᠨ ᠴᠣᠯᠠ ᠬᠢᠨᠠᠨ ᠲᠤᠭ᠍ᠲᠠᠭᠠᠬᠤ ᠠᠵᠢᠯᠳᠠᠨ᠎ᠢ ᠮᠡᠳᠡᠭᠦᠯᠬᠦ᠌ ᠲᠣᠬᠠᠢ ᠠᠯᠪᠠᠨ ᠵᠠᠷ
ᠬᠠᠲᠤᠨ ᠭᠤᠤᠯ᠎ᠤᠨ ᠥᠪᠥᠷ ᠮᠣᠩᠭᠤᠯ᠎ᠤᠨ ᠬᠡᠰᠡᠭ᠎ᠤᠨ ᠭᠤᠤᠯ᠎ᠤᠨ ᠵᠠᠮ᠎ᠢ ᠵᠠᠰᠠᠬᠤ ᠢᠨᠵᠧᠨᠧᠷᠢᠩ᠎ᠤᠨ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠎ᠳᠦ ᠣᠯᠠᠨ ᠨᠡᠢᠲᠡ᠎ᠪᠠᠷ᠎ᠢᠶᠠᠨ ᠣᠷᠣᠯᠴᠠᠵᠤ ᠮᠡᠳᠡᠭᠦᠯᠦᠨ ᠵᠥᠪᠱᠢᠶᠡᠷᠡᠭᠦᠯᠬᠦ᠌᠎ᠠᠴᠠ ᠡᠮᠦᠨᠡᠬᠢ ᠢᠯᠡ ᠨᠡᠢᠲᠡᠯᠡᠯ
 
            