ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠥᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠠᠯᠪᠠᠨ ᠨᠡᠢ᠌ᠲᠡᠯᠡᠯ
ᠨᠡᠶ᠋ᠢᠲᠡᠯᠡᠭᠰᠡᠨ ᠴᠠᠭ᠄ 2025-01-08

  《ᠢᠯᠡ᠂ ᠡᠷᠬᠡ ᠲᠡᠭᠰᠢ᠂ ᠲᠥᠪ ᠭᠤᠣᠯᠴᠢ》 ᠵᠢᠨ ᠵᠠᠷᠴᠢᠮ ᠶᠣᠰᠣᠭ᠋ᠠᠷ᠂ ᠬᠥᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠠᠴᠠ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠰᠣᠩᠭᠤᠵᠤ᠂ ᠨᠥᠬᠦᠴᠡᠯ᠎ᠳᠤ ᠨᠡᠶ᠋ᠢᠴᠡᠭᠰᠡᠨ ᠨᠡᠶ᠋ᠢᠭᠡᠮ᠎ᠤᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃

   ᠨᠢᠭᠡ᠂ ᠲᠥᠷᠥᠯ ᠵᠦᠢ᠍ᠯ᠎ᠤᠨ ᠲᠦᠢ᠍ᠮᠣ ᠪᠠᠶ᠋ᠢᠳᠠᠯ

  1. ᠲᠥᠷᠥᠯ ᠵᠦᠢ᠍ᠯ᠎ᠤᠨ ᠨᠡᠷᠡᠶ᠋ᠢᠳᠦᠯ᠄ ᠬᠥᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠤᠬᠤ

  2. ᠲᠥᠷᠥᠯ ᠵᠦᠢ᠍ᠯ᠎ᠤᠨ ᠠᠭᠤᠯᠭ᠎ᠠ᠄ 2025 ᠣᠨ᠎ᠤ ᠬᠥᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠭᠠᠵᠠᠷ ᠳᠣᠣᠷᠠᠬᠢ ᠤᠰᠤᠨ᠎ᠤ ᠠᠵᠢᠯᠯᠠᠭᠤᠯᠵᠤ ᠬᠠᠮᠠᠭ᠋ᠠᠯᠠᠬᠤ᠂ ᠤᠰᠤᠨ ᠰᠢᠨᠵᠢᠯᠡᠭᠡᠨ᠎ᠤ ᠥᠷᠲᠡᠭᠡ ᠵᠢᠨ ᠠᠵᠢᠯᠯᠠᠭᠤᠯᠵᠤ ᠬᠠᠮᠠᠭ᠋ᠠᠯᠠᠬᠤ᠂ ᠤᠰᠤᠨ᠎ᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ᠂ ᠭᠡᠷ ᠪᠠᠶ᠋ᠢᠰᠢᠩ᠎ᠢ ᠰᠡᠯᠪᠢᠨ ᠵᠠᠰᠠᠵᠤ ᠥᠭᠡᠷᠡᠴᠢᠯᠡᠬᠦ ᠵᠡᠷᠭᠡ ᠲᠤᠰᠬᠠᠢ ᠪᠡᠯᠡ ᠮᠥᠩᠭᠦ ᠵᠢᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠣᠷᠣᠯᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠢ ᠬᠠᠷᠢᠭᠤᠴᠠᠨ᠎ᠠ᠃

  3. ᠬᠡᠷᠡᠭᠵᠢᠭᠦᠯᠬᠦ ᠴᠠᠭ ᠬᠤᠭᠤᠴᠠᠭ᠎ᠠ ᠪᠠ ᠭᠠᠵᠠᠷ᠄ 2025 ᠣᠨ᠂ ᠬᠥᠬᠡᠬᠤᠲᠠ

   ᠬᠤᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠪᠴᠢᠶᠡᠨ ᠳᠣᠲᠣᠷ᠎ᠠ ᠳᠠᠩᠰᠠᠯᠠᠭᠤᠯᠬᠤ       ᠬᠡᠷᠡᠭᠲᠡᠶ᠂ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠬᠤ ᠵᠢᠨ ᠬᠠᠮᠲᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》 ᠵᠢᠨ ᠬᠣᠷᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄

  (1) ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠬᠦ ᠴᠢᠳᠠᠪᠤᠷᠢ᠎ᠲᠠᠢ

  (2) ᠰᠠᠶ᠋ᠢᠨ ᠠᠷᠠᠯᠵᠢᠶᠠᠨ᠎ᠤ ᠢᠲᠡᠬᠡᠮᠵᠢ᠎ᠨᠢ ᠲᠡᠭᠦᠯᠳᠡᠷᠵᠢᠭᠰᠡᠨ ᠡᠳ᠋᠎ᠤᠨ ᠶᠠᠪᠤᠳᠠᠯ᠎ᠤᠨ ᠨᠢᠭᠲᠠᠯᠠᠨ ᠪᠣᠳᠤᠯᠲᠠ ᠵᠢᠨ ᠳᠦᠷᠢᠮ᠎ᠲᠠᠢ

  (3) ᠭᠡᠷ᠎ᠡ ᠵᠢ ᠭᠦᠢ᠍ᠴᠡᠳᠭᠡᠬᠦ᠎ᠳᠤ ᠵᠠᠪᠠᠯ ᠱᠠᠭ᠋ᠠᠷᠳᠠᠭᠳᠠᠬᠤ ᠲᠥᠬᠦᠭᠡᠷᠦᠮᠵᠢ ᠪᠠ ᠲᠤᠰᠬᠠᠢ ᠮᠡᠷᠭᠡᠵᠢᠯ᠎ᠤᠨ ᠴᠢᠳᠠᠪᠤᠷᠢ᠎ᠲᠠᠢ

  (4) ᠬᠠᠤᠯᠢ ᠶᠣᠰᠣᠭ᠋ᠠᠷ ᠭᠠᠢ᠌ᠯᠢ ᠲᠠᠲᠠᠪᠤᠷᠢ ᠪᠠ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠬᠤ ᠰᠠᠢ᠌ᠨ ᠰᠠᠢ᠌ᠬᠠᠨ ᠲᠡᠮᠳᠡᠭᠯᠡᠯ᠎ᠲᠠᠢ

  (5) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠬᠤ᠎ᠠᠴᠠ ᠡᠮᠦᠨᠡᠬᠢ ᠭᠤᠷᠪᠠᠨ ᠵᠢᠯ᠎ᠤᠨ ᠳᠣᠲᠣᠷ᠎ᠠ᠂ ᠡᠵᠡᠩᠨᠡᠯᠲᠡ ᠵᠢᠨ ᠠᠵᠢᠯᠯᠠᠭ᠎ᠠ᠎ᠳᠤ ᠬᠠᠤᠯᠢ ᠵᠢ ᠵᠥᠷᠢᠴᠡᠭᠰᠡᠨ ᠬᠦᠨᠳᠦ ᠶᠡᠭᠡ ᠲᠡᠮᠳᠡᠭᠯᠡᠯ ᠪᠠᠶ᠋ᠢᠬᠤ ᠦᠭᠡᠢ

  (6) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ ᠪᠤᠰᠣᠳ ᠨᠦᠭᠦᠴᠡᠯ

  2. 《ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠳᠤᠮᠳᠠ ᠢᠲᠡᠭᠡᠮᠵᠢ ᠵᠢᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠬᠤ ᠵᠢᠴᠢ ᠬᠡᠷᠡᠭᠯᠡᠬᠦ ᠬᠤᠯᠪᠣᠭᠳᠠᠯ ᠪᠥᠬᠦᠶ ᠠᠰᠠᠭᠤᠳᠠᠯ᠎ᠤᠨ ᠲᠤᠬᠠᠶ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 (ᠡᠳ᠋ ᠬᠥᠮᠥᠷᠭᠡ (2016) 125 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠢ 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn )᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ (www.ccgp.gov.cn ) ᠵᠡᠷᠭᠡ ᠠᠷᠭ᠎ᠠ ᠵᠠᠮ ᠵᠶ᠋ᠠᠷ ᠢᠲᠡᠭᠡᠯ ᠵᠶ᠋ᠠᠨ ᠠᠯᠳᠠᠭᠰᠠᠨ ᠭᠦᠢ᠍ᠴᠡᠳᠬᠡᠭᠳᠡᠭᠴᠢ᠂ ᠴᠢᠬᠤᠯᠠ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠲᠤ ᠣᠷᠣᠭᠤᠯᠪᠠ᠃ ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠣᠶ᠋ᠢᠷ᠎ᠠ ᠵᠢᠨ ᠭᠤᠷᠪᠠᠨ ᠵᠢᠯ᠎ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠵᠢᠨ ᠲᠡᠮᠳᠡᠭᠯᠡᠯ᠎ᠲᠠᠢ ᠪᠠᠶ᠋ᠢᠪᠠᠯ᠂ ᠲᠣᠰ ᠤᠳᠠᠭ᠋ᠠᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ᠃

  3. ᠲᠣᠰ ᠲᠥᠷᠥᠯ ᠵᠦᠢ᠍ᠯ᠎ᠨᠢ ᠬᠤᠯᠪᠣᠭ᠋ᠠᠲᠤ ᠴᠣᠭᠴᠠ ᠵᠢᠨ ᠳᠠᠭ᠋ᠠᠭ᠋ᠠᠴᠢᠯᠠᠯᠲᠠ ᠵᠢ ᠬᠦᠯᠢᠶᠡᠬᠦ ᠦᠭᠡᠢ᠃ ᠨᠢᠭᠡᠴᠢ ᠵᠢᠨ ᠬᠠᠷᠢᠭᠤᠴᠠᠯᠭ᠋ᠠᠲᠠᠨ᠎ᠨᠢ ᠠᠳᠠᠯᠢ ᠨᠢᠭᠡ ᠬᠥᠮᠦᠨ᠎ᠳᠤ ᠰᠢᠭᠤᠳ ᠬᠤᠪᠢ ᠡᠵᠡᠮᠳᠡᠬᠦ᠂ ᠬᠠᠮᠢᠶᠠᠷᠬᠤ ᠬᠠᠷᠢᠴᠠᠭ᠎ᠠ ᠪᠠᠶ᠋ᠢᠬᠤ ᠠᠳᠠᠯᠢ ᠪᠤᠰᠤ ᠳᠠᠭ᠋ᠠᠭ᠋ᠠᠴᠢᠯᠠᠯᠲᠠ ᠬᠦᠯᠢᠶᠡᠭᠴᠢ᠎ᠳᠤ ᠠᠳᠠᠯᠢ ᠨᠢᠭᠡᠨ ᠳᠠᠭ᠋ᠠᠭ᠋ᠠᠴᠢᠯᠠᠯᠲᠠ ᠬᠦᠯᠢᠶᠡᠬᠦ ᠪᠤᠶᠤ ᠳᠠᠭ᠋ᠠᠭ᠋ᠠᠴᠢᠯᠠᠬᠤ ᠭᠡᠵᠦ ᠬᠤᠪᠢᠶᠠᠷᠢᠯᠠᠭᠰᠠᠨ ᠦᠭᠡᠶ ᠠᠳᠠᠯᠢ ᠨᠢᠭᠡᠨ ᠳᠠᠭ᠋ᠠᠭ᠋ᠠᠴᠢᠯᠠᠯᠲᠠ ᠵᠠᠷᠯᠠᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠬᠦᠯᠢᠶᠡᠬᠦ᠎ᠳᠤ ᠣᠷᠣᠯᠴᠠᠵᠤ ᠪᠣᠯᠬᠤ ᠦᠭᠡᠶ᠃

  4. ᠭᠡᠷ᠎ᠡ ᠭᠦᠢ᠍ᠴᠡᠳᠬᠡᠬᠦ ᠲᠤᠰᠬᠠᠶ ᠮᠡᠷᠭᠡᠵᠢᠯ᠎ᠤᠨ ᠲᠥᠬᠦᠭᠡᠷᠦᠮᠵᠢ ᠵᠢᠴᠢ ᠲᠠᠯᠠᠪᠤᠷ ᠭᠠᠵᠠᠷ᠎ᠤᠨ ᠭᠡᠷᠡᠴᠢ ᠮᠠᠲ᠋ᠧᠷᠢᠶᠠᠯ᠎ᠢ ᠪᠦᠷᠢᠳᠦᠭᠦᠯᠦᠭᠰᠡᠨ ᠪᠠᠶ᠋ᠢᠬᠤ ᠬᠡᠷᠡᠭᠲᠡᠶ᠃

   ᠭᠤᠷᠪᠠ᠂ ᠨᠡᠷ᠎ᠡ ᠮᠡᠳᠡᠭᠦᠯᠬᠦ᠎ᠳᠡᠭᠡᠨ ᠠᠪᠴᠤ ᠶᠠᠪᠤᠬᠤ ᠴᠢᠬᠤᠯᠠᠲᠠᠢ ᠮᠠᠲᠸᠷᠢᠶᠠᠯ

  1. ᠨᠡᠷ᠎ᠡ ᠮᠡᠳᠡᠭᠦᠯᠦᠭᠰᠡᠨ ᠬᠥᠮᠥᠨ ᠲᠤᠰ ᠬᠥᠮᠥᠨ᠎ᠤ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠵᠶ᠋ᠠᠨ ᠭᠠᠷᠭ᠋ᠠᠨ ᠦᠵᠡᠭᠦᠯᠵᠦ᠂ ᠪᠠᠭᠤᠯᠭ᠋ᠠᠪᠤᠷᠢ ᠵᠢ ᠬᠠᠩᠭ᠋ᠠᠨ᠎ᠠ;

  2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ       ᠵᠢᠷᠤᠬᠤ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ;

  3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠬᠦᠴᠦᠨ ᠪᠦᠬᠦᠢ ᠪᠥᠭᠡᠳ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ;   

  4. ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠵᠢ ᠬᠠᠭ᠋ᠠᠰ ᠵᠢᠯ ᠰᠢᠬᠠᠮ ᠭᠤᠷᠪᠠᠨ ᠰᠠᠷ᠎ᠠ ᠳᠠᠷᠠᠭ᠋ᠠᠯᠠᠨ ᠲᠤᠰᠢᠶᠠᠭᠰᠠᠨ ᠭᠡᠷᠡᠴᠢ ᠮᠠᠲ᠋ᠧᠷᠢᠶᠠᠯ᠂ ᠬᠠᠭ᠋ᠠᠰ ᠵᠢᠯ ᠰᠢᠬᠠᠮ ᠭᠤᠷᠪᠠᠨ ᠰᠠᠷ᠎ᠠ ᠳᠠᠷᠠᠭ᠋ᠠᠯᠠᠨ ᠭᠠᠢ᠌ᠯᠢ ᠲᠠᠲᠠᠪᠤᠷ ᠵᠢ ᠲᠤᠰᠢᠶᠠᠭᠰᠠᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ;

  5. 2024 ᠪᠤᠶᠤ 2023 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ ᠵᠢᠨ ᠳᠡᠩᠰᠡᠯᠡᠵᠦ ᠬᠥᠮᠥᠷᠭᠡ᠎ᠳᠤ ᠣᠷᠣᠭᠤᠯᠤᠭᠰᠠᠨ ᠵᠢᠷᠤᠭ᠎ᠢ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠨ᠎ᠠ;

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠭᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠲᠠᠰᠤᠯᠪᠤᠷᠢ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ (www.ccgp.gov.cn ) ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠤᠭ᠋ᠠᠰᠤ ᠵᠢᠨ ᠵᠢᠷᠤᠭ;

  8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2022 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ ᠦᠭᠡᠢ᠃

   ᠲᠠᠶ᠋ᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ᠎ᠨᠢ ᠴᠥᠮ ᠤᠭ ᠮᠠᠲ᠋ᠧᠷᠢᠶᠠᠯ (ᠰᠦᠯᠵᠢᠶᠡᠨ᠎ᠤ ᠨᠢᠭᠤᠷ᠎ᠤᠨ ᠣᠭᠲᠣᠯᠤᠭᠰᠠᠨ ᠵᠢᠷᠤᠭ᠎ᠠᠴᠠ ᠭᠠᠳᠠᠨ᠎ᠠ) ᠵᠢᠴᠢ ᠪᠠᠭᠤᠯᠭ᠋ᠠᠪᠤᠷᠢ ᠵᠢ ᠬᠠᠩᠭ᠋ᠠᠬᠤ ᠴᠢᠬᠤᠯᠠᠲᠠᠢ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂ ᠡᠰᠡ ᠲᠡᠶ᠋ᠢᠮᠦ ᠪᠣᠯ ᠬᠦᠴᠦᠨ ᠦᠭᠡᠢ᠃

   ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ 2025 ᠣᠨ᠎ᠤ 01 ᠳ᠋ᠦ᠍ᠭᠡᠷ ᠰᠠᠷ᠎ᠠ ᠵᠢᠨ 13᠎ᠤ ᠡᠳᠦᠷ᠎ᠠᠴᠠ 2025 ᠣᠨ᠎ᠤ 01 ᠳ᠋ᠦ᠍ᠭᠡᠷ ᠰᠠᠷ᠎ᠠ ᠵᠢᠨ 15᠎ᠤ ᠡᠳᠦᠷ ᠪᠣᠯᠲᠠᠯ᠎ᠠ᠂ ᠠᠵᠢᠯ᠎ᠤᠨ ᠡᠳᠦᠷ ᠪᠦᠷᠢ ᠵᠢᠨ ᠦᠳᠡ ᠵᠢᠨ ᠡᠮᠦᠨ᠎ᠡ 9᠄ 00 — 12᠄ 00 ᠴᠠᠭ᠂ ᠦᠳᠡ ᠵᠢᠨ ᠬᠤᠶ᠋ᠢᠨ᠎ᠠ       14᠄ 30 — 17᠄ 00 ᠴᠠᠭ᠎ᠲᠤ ᠨᠡᠷ᠎ᠡ ᠮᠡᠳᠡᠭᠦᠯᠬᠦ ᠮᠠᠲ᠋ᠧᠷᠢᠶᠠᠯ᠎ᠢ ᠲᠤᠰᠢᠶᠠᠨ᠎ᠠ᠃

   ᠨᠡᠷ᠎ᠡ ᠮᠡᠳᠡᠭᠦᠯᠬᠦ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ ᠵᠢᠨ ᠯᠢᠤᠢ ᠳ᠋ᠢ ᠯᠢᠩ ᠬᠠᠢ ᠲᠣᠮᠣ ᠠᠰᠠᠷ᠎ᠤᠨ ᠲᠠᠪᠤᠳᠤᠭ᠋ᠠᠷ ᠳᠠᠪᠬᠤᠷᠯᠢᠭ᠎ᠤᠨ ᠬᠥᠬᠡᠬᠤᠲᠠ ᠵᠢᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠠᠯᠪᠠᠨ ᠬᠡᠷ

   ᠰᠢᠦᠳᠠᠨ ᠨᠣᠮᠧᠷ᠄ 010010

   ᠬᠠᠷᠢᠯᠴᠠᠬᠤ ᠬᠥᠮᠦᠨ᠄ ᠶᠤᠸᠠᠨ ᠰᠢᠶᠤᠤ ᠶᠠᠩ

   ᠬᠠᠷᠢᠯᠴᠠᠬᠤ ᠤᠲᠠᠰᠤ᠄ 15248173236

  

   ᠳᠠᠭ᠋ᠠᠯᠳᠣᠭᠤᠯᠥᠯ᠄  ᠬᠤᠪᠢ ᠲᠣᠠᠠᠳᠠᠭ᠋ᠠᠬᠤ ᠪᠡᠷᠢᠮᠵᠢᠶ᠎ᠠ .docx

 

 

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠨᠡᠢ᠌ᠲᠡᠯᠡᠯ
2024 ᠣᠨ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ 13529 ᠳ᠋ᠦᠩᠰᠢᠭᠤᠷ ᠲᠥᠭᠦᠷᠢᠭ ᠪᠡᠶᠡᠯᠡᠭᠦᠯᠵᠡᠢ (ᠰᠢᠨ᠎ᠡ ᠲᠤᠭ᠎ᠠ ᠪᠠᠷᠢᠮᠳᠠ ᠰᠢᠨ᠎ᠡ ᠦᠵᠡᠬᠦ ᠴᠡᠭ)
2024 ᠣᠨ᠎ᠤ ᠭᠤᠷᠪᠠᠳᠤᠭ᠋ᠠᠷ ᠪᠦᠯᠦᠭ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ᠎ᠪᠠᠷ ᠳᠠᠮᠵᠢᠭᠰᠠᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠨ ᠦᠨᠡᠯᠡᠬᠦ ᠢᠨᠵᠧᠨᠧᠷᠢᠩ᠎ᠤᠨ ᠨᠡᠷᠡᠰ᠎ᠤᠨ ᠵᠢᠭᠰᠠᠭ᠋ᠠᠯᠲᠠ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠤᠯᠠᠭ᠋ᠠᠨᠴᠠᠪ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠤᠩᠭᠤᠬᠤ ᠠᠯᠪᠠᠨ ᠵᠠᠷ
ᠰᠢᠯᠢ ᠵᠢᠨ ᠭᠣᠣᠯ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠵᠤ ᠣᠷᠣᠯᠠᠬᠤ ᠪᠠᠢ᠌ᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
 
            