ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2024 ᠣᠨ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ 13529 ᠳ᠋ᠦᠩᠰᠢᠭᠤᠷ ᠲᠥᠭᠦᠷᠢᠭ ᠪᠡᠶᠡᠯᠡᠭᠦᠯᠵᠡᠢ (ᠰᠢᠨ᠎ᠡ ᠲᠤᠭ᠎ᠠ ᠪᠠᠷᠢᠮᠳᠠ ᠰᠢᠨ᠎ᠡ ᠦᠵᠡᠬᠦ ᠴᠡᠭ)
ᠨᠡᠶ᠋ᠢᠲᠡᠯᠡᠭᠰᠡᠨ ᠴᠠᠭ᠄ 2025-01-16

   ᠲᠤᠰ ᠰᠤᠨᠢᠨ ᠪᠡᠬᠡᠵᠢᠩ᠎ᠤᠨ 1 ᠳ᠋ᠦ᠍ᠭᠡᠷ ᠰᠠᠷ᠎ᠠ ᠵᠢᠨ 14᠎ᠤ ᠡᠳᠦᠷ᠎ᠤᠨ ᠴᠠᠬᠢᠯᠭ᠋ᠠᠨ ᠮᠠᠲᠠᠭᠡ (ᠰᠤᠷᠪᠤᠯᠵᠢᠯᠠᠭᠴᠢ ᠲᠦᠩ ᠵᠢᠶᠠᠨ ᠶᠠᠩ) ᠰᠤᠷᠪᠤᠯᠵᠢᠯᠠᠭᠴᠢ 2025 ᠤᠨ᠎ᠤ ᠪᠦᠭᠦ ᠤᠯᠤᠰ᠎ᠤᠨ ᠤᠰᠤᠨ ᠠᠰᠢᠬᠯᠠᠯᠲᠠ ᠵᠢᠨ ᠠᠵᠢᠯ᠎ᠤᠨ ᠬᠤᠷᠠᠯᠲᠤᠭ᠋ᠠᠨ᠎ᠠᠴᠠ ᠤᠶ᠋ᠢᠯᠠᠭ᠋ᠠᠵᠤ ᠮᠡᠲᠡᠭᠰᠡᠨ᠎ᠨᠢ 2024 ᠤᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠯᠠ ᠤᠷᠤᠭᠤᠯᠤᠯᠲᠠ ᠲᠡᠦᠭᠡᠨ ᠰᠢᠨ᠎ᠡ ᠲᠡᠮᠳᠡᠭᠯᠡᠯ᠎ᠢ ᠡᠭᠦᠳᠴᠦ᠂  ᠤᠯᠤᠰ᠎ᠤᠨ ᠤᠰᠤᠨ ᠠᠰᠢᠬᠯᠠᠯᠲᠠ ᠵᠢᠨ ᠳᠤᠤᠷ᠎ᠤᠨ ᠴᠢᠬᠤᠯᠠ ᠶᠡᠭᠡ ᠢᠨᠵᠧᠨᠧᠷᠢᠩ 41 ᠳᠦᠷᠦᠯ ᠵᠦᠢ᠍ᠯ᠎ᠢ ᠬᠡᠷᠡᠭᠵᠢᠭᠦᠯᠵᠦ᠂  ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠦᠷᠦᠯ ᠵᠦᠢ᠍ᠯ᠎ᠨᠢ 46967 ᠪᠤᠯᠵᠤ᠂  ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠯᠠ ᠤᠷᠤᠭᠤᠯᠤᠯᠲᠠ᠎ᠨᠢ 13529 ᠳ᠋ᠦᠩᠰᠢᠭᠤᠷ ᠳᠦᠭᠦᠷᠢᠭ᠎ᠲᠤ ᠬᠦᠷᠴᠦ᠂  ᠠᠲᠠᠯᠢ ᠬᠤᠭᠤᠴᠠᠭ᠋ᠠᠨ᠎ᠠᠴᠠ 12.8%᠎ᠪᠠᠷ  ᠨᠡᠮᠡᠭᠲᠡᠵᠦ᠂  ᠲᠡᠦᠭᠡ ᠵᠢᠨ ᠰᠢᠨ᠎ᠡ ᠲᠡᠮᠳᠡᠭᠯᠡᠯ᠎ᠢ ᠡᠭᠦᠳᠴᠡᠢ; ᠶᠡᠭᠡ ᠬᠡᠪᠴᠢᠶᠠᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ 314.7 ᠳᠦᠮᠡᠨ ᠬᠦᠮᠦᠨ᠎ᠳᠤ ᠠᠵᠢᠯ ᠤᠯᠭᠤᠵᠤ᠂  ᠠᠲᠠᠯᠢ ᠬᠤᠭᠤᠴᠠᠭ᠋ᠠᠨ᠎ᠠᠴᠠ 14.9%᠎ᠪᠠᠷ ᠨᠡᠮᠡᠭᠲᠡᠵᠡᠢ᠃

   ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠭᠤᠣᠯ ᠠᠷᠤᠭ ᠶᠠᠰᠤ ᠪᠠ ᠲᠣᠮᠣ ᠯᠤᠭᠰᠢᠭᠤᠨ ᠰᠤᠳᠠᠯ᠎ᠢ ᠲᠦᠷᠭᠡᠪᠴᠢᠯᠡᠨ ᠪᠠᠶ᠋ᠢᠭᠤᠯᠵᠤ᠂  ᠬᠠᠳᠤᠨ ᠭᠤᠣᠯ᠎ᠤᠨ ᠡᠷᠲᠡᠨ᠎ᠤ ᠮᠡᠷᠭᠡᠳ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠎ᠢ ᠠᠵᠢᠯ ᠡᠬᠢᠯᠡᠭᠦᠯᠦᠨ ᠪᠦᠳᠦᠭᠡᠨ ᠪᠠᠶ᠋ᠢᠭᠤᠯᠵᠤ᠂  ᠤᠰᠤᠨ ᠠᠰᠢᠭᠯᠠᠯᠲᠠ ᠵᠢᠨ ᠠᠵᠢᠯ ᠢᠳᠡᠪᠬᠢᠲᠡᠢ ᠠᠬᠢᠴᠠ᠎ᠲᠠᠢ ᠪᠣᠯᠪᠠ᠃  ᠤᠰᠤᠨ ᠠᠰᠢᠭᠯᠠᠯᠲᠠ ᠵᠢᠨ ᠢᠨᠵᠧᠨᠧᠷᠢᠩ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂  ᠬᠥᠳᠡᠭᠡ ᠲᠣᠰᠬᠣᠨ᠎ᠤ 2.3 ᠲᠦᠮᠡᠨ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂  ᠬᠥᠳᠡᠭᠡ ᠲᠣᠰᠬᠣᠨ᠎ᠤ 1.1 ᠳ᠋ᠦᠩᠰᠢᠭᠤᠷ ᠬᠥᠮᠦᠨ ᠠᠮᠠ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂  ᠪᠦᠬᠦ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠭᠦᠯᠦᠯᠲᠡ ᠵᠢᠨ ᠨᠣᠷᠮ᠎ᠠ ᠵᠢ 94%᠎ᠳᠤ ᠬᠦᠷᠦᠭᠦᠯᠦᠨ᠎ᠡ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
2024 ᠣᠨ᠎ᠤ ᠭᠤᠷᠪᠠᠳᠤᠭ᠋ᠠᠷ ᠪᠦᠯᠦᠭ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ᠎ᠪᠠᠷ ᠳᠠᠮᠵᠢᠭᠰᠠᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠨ ᠦᠨᠡᠯᠡᠬᠦ ᠢᠨᠵᠧᠨᠧᠷᠢᠩ᠎ᠤᠨ ᠨᠡᠷᠡᠰ᠎ᠤᠨ ᠵᠢᠭᠰᠠᠭ᠋ᠠᠯᠲᠠ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠤᠯᠠᠭ᠋ᠠᠨᠴᠠᠪ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠤᠩᠭᠤᠬᠤ ᠠᠯᠪᠠᠨ ᠵᠠᠷ
ᠰᠢᠯᠢ ᠵᠢᠨ ᠭᠣᠣᠯ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠵᠤ ᠣᠷᠣᠯᠠᠬᠤ ᠪᠠᠢ᠌ᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠰᠢᠯᠢ ᠵᠢᠨ ᠭᠣᠣᠯ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠵᠤ ᠣᠷᠣᠯᠠᠬᠤ ᠪᠠᠢ᠌ᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠤᠯᠠᠭ᠋ᠠᠨᠴᠠᠪ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠤᠩᠭᠤᠬᠤ ᠠᠯᠪᠠᠨ ᠵᠠᠷ
 
            