ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
2025 ᠣᠨ᠎ᠤ ᠨᠢᠭ᠍ᠲᠠᠯᠠᠨ ᠪᠤᠳᠤᠭ᠍ᠴᠢ᠎ᠶᠢᠨ ᠬᠢᠷᠢ ᠬᠡᠮ᠎ᠢ ᠬᠢᠨᠠᠨ ᠲᠣᠭᠲᠠᠭᠠᠬᠤ᠎ᠪᠠᠷ ᠭᠤᠶᠤᠴᠢᠯᠠᠭᠰᠠᠳ᠎ᠦᠨ ᠲᠤᠬᠠᠢ ᠢᠯᠡ ᠨᠡᠢᠲᠡᠯᠡᠯ
ᠨᠡᠶ᠋ᠢᠲᠡᠯᠡᠭᠰᠡᠨ ᠴᠠᠭ᠄ 2025-11-08

       《 2025 ᠣᠨ᠎ᠤ ᠪᠥᠬᠥ ᠣᠷᠣᠨ᠎ᠤ ᠵᠢᠩᠬᠢᠨᠢ ᠳᠡᠭᠡᠳᠦ ᠲᠠᠰ᠎ᠤᠨ ᠪᠠ ᠳᠡᠭᠡᠳᠦ ᠲᠠᠰ᠎ᠤᠨ ᠨᠢᠭ᠍ᠲᠠᠯᠠᠨ ᠪᠤᠳᠤᠭ᠍ᠴᠢ᠎ᠶᠢᠨ ᠬᠢᠷᠢ ᠬᠡᠮ᠎ᠢ ᠬᠢᠨᠠᠨ ᠲᠣᠭᠲᠠᠭᠠᠵᠤ ᠮᠡᠳᠡᠭᠦᠯᠬᠦ ᠠᠵᠢᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠮᠡᠳᠡᠭᠳᠡᠯ 》 ( ᠥᠪᠥᠷ ᠡᠳ᠋᠎ᠦᠨ ᠶᠠᠪᠤᠳᠠᠯ ᠨᠢᠭ᠍ᠲᠠᠯᠠᠨ ᠪᠤᠳᠤᠬᠤ ᠵᠠᠬᠢᠳᠠᠯ [ 2024 ] 696 ᠳ᠋ᠤᠭᠠᠷ ᠲᠣᠭᠠᠲᠤ )᠎ᠤᠨ ᠱᠠᠭᠠᠷᠳᠠᠯᠭ᠎ᠠ᠎ᠶᠢ ᠦᠨᠳᠦᠰᠦᠯᠡᠨ᠂ ᠡᠳᠦᠭᠡ 2025 ᠣᠨ᠎ᠤ ᠵᠢᠩᠬᠢᠨᠢ ᠳᠡᠭᠡᠳᠦ ᠲᠠᠰ᠎ᠤᠨ ᠨᠢᠭ᠍ᠲᠠᠯᠠᠨ ᠪᠤᠳᠤᠭ᠍ᠴᠢ ᠪᠠ ᠳᠡᠭᠡᠳᠦ ᠲᠠᠰ᠎ᠤᠨ ᠨᠢᠭ᠍ᠲᠠᠯᠠᠨ ᠪᠤᠳᠤᠭ᠍ᠴᠢ᠎ᠶᠢᠨ ᠬᠢᠷᠢ ᠬᠡᠮ᠎ᠳᠦ ᠮᠡᠳᠡᠭᠦᠯᠦᠭᠰᠡᠳ᠎ᠢ ᠢᠯᠡ ᠨᠡᠢᠲᠡᠯᠡᠨ᠎ᠡ᠃
       ᠨᠢᠭᠡ᠂ ᠵᠢᠩᠬᠢᠨᠢ ᠳᠡᠭᠡᠳᠦ ᠵᠡᠷᠭᠡ᠎ᠶᠢᠨ ᠨᠢᠭ᠍ᠲᠠᠯᠠᠨ ᠪᠤᠳᠤᠭ᠍ᠴᠢ᠎ᠶᠢᠨ ᠬᠢᠷᠢ ᠬᠡᠮ᠎ᠢ ᠬᠢᠨᠠᠨ ᠲᠣᠭᠲᠠᠭᠠᠬᠤ᠎ᠪᠠᠷ ᠮᠡᠳᠡᠭᠦᠯᠬᠦ ᠬᠥᠮᠥᠰ᠎ᠦᠨ ᠨᠡᠷᠡᠰ
       ᠵᠢᠶᠠ ᠱᠦ᠍ ᠶᠦᠩ  ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠳ᠋ᠧᠩ ᠺᠧᠦ ᠤᠰᠤᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠥᠪ
       ᠬᠣᠶᠠᠷ᠂ ᠢᠯᠡ ᠨᠡᠢᠲᠡᠯᠡᠬᠦ ᠴᠠᠭ
       2025 ᠣᠨ᠎ᠤ 10 ᠰᠠᠷ᠎ᠠ᠎ᠶᠢᠨ 31᠎ᠦ ᠡᠳᠦᠷ᠎ᠡᠴᠡ 2025 ᠣᠨ᠎ᠤ 11 ᠰᠠᠷ᠎ᠠ᠎ᠶᠢᠨ 6᠎ᠤ ᠡᠳᠦᠷ ᠪᠤᠯᠳᠠᠯ᠎ᠠ᠃
       ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋
       ᠨᠢᠭᠡᠴᠢ ᠪᠣᠯᠣᠨ ᠬᠤᠪᠢ ᠬᠥᠮᠥᠨ ᠰᠤᠷᠪᠤᠯᠵᠢᠯᠠᠬᠤ᠎ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠬᠥᠮᠥᠰ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠢ ᠪᠠᠢᠴᠠᠭᠠᠨ ᠬᠠᠷᠭᠤᠭᠤᠯᠬᠤ᠎ᠳᠤ ᠲᠥᠬᠥᠮ ᠦᠵᠡᠭᠦᠯᠬᠦ᠎ᠶᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠦ ᠬᠣᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ᠎ᠦ ᠦᠨᠡᠨ ᠣᠪᠣᠭ ᠨᠡᠷ᠎ᠡ ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ ᠮᠡᠳᠡᠭᠡ ᠵᠠᠩᠭᠢ᠎ᠪᠡᠨ ᠬᠠᠩᠭᠠᠭᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ ᠂ ᠬᠢᠨᠠᠨ ᠬᠠᠷᠭᠤᠭᠤᠯᠤᠭᠰᠠᠨ ᠪᠠᠢᠳᠠᠯ᠎ᠢᠶᠠᠨ ᠴᠠᠭ ᠲᠤᠬᠠᠢ ᠳ᠋ᠤᠨᠢ ᠬᠠᠷᠢᠭᠤ ᠲᠤᠰᠬᠠᠨ᠎ᠠ ᠃
       ᠢᠯᠡ ᠨᠡᠢᠲᠡᠯᠡᠬᠦ ᠠᠯᠪᠠᠨ ᠭᠡᠷ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ 2512 ᠥᠷᠥᠭᠡᠨ᠎ᠳᠦ ᠲᠣᠬᠢᠷᠠᠭᠤᠯᠪᠠ᠃
       ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠦᠨ ᠦᠳᠡ᠎ᠶᠢᠨ ᠡᠮᠦᠨᠡᠬᠢ 9 ᠄ 00 ︱ 12 ᠄ 00 ᠂ ᠦᠳᠡ᠎ᠶᠢᠨ ᠬᠣᠢᠨᠠᠬᠢ 13 ᠄ 30 ︱ 17 ᠄ 00
       ᠬᠦᠯᠢᠶᠡᠨ ᠠᠪᠬᠤ ᠤᠲᠠᠰᠤ᠄ 0471-5259546
       ᠣᠨᠴᠠᠭᠠᠢᠯᠠᠨ ᠵᠠᠷᠯᠠᠪᠠ

                     2025 ᠣᠨ᠎ᠤ 10 ᠰᠠᠷ᠎ᠠ᠎ᠶᠢᠨ 30᠎ᠤ ᠡᠳᠦᠷ

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            