ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-02-19

  《ᠡᠷᠬᠡ ᠲᠡᠭᠰᠢ᠂  ᠲᠥᠪ ᠭᠣᠥᠯᠴᠢ᠂  ᠢᠯᠡ ᠪᠠᠢ᠌ᠯᠭ᠋ᠠᠬᠤ》 ᠵᠠᠷᠴᠢᠮ ᠶᠣᠰᠣᠭ᠋ᠠᠷ᠂  ᠮᠠᠨ᠎ᠤ ᠲᠥᠪ ᠣᠲᠣ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠢ᠌ᠭᠤᠯᠤᠮᠵᠢ ᠵᠢ ᠰᠣᠩᠭᠣᠬᠤ᠎ᠪᠠᠷ ᠳᠠᠮᠵᠢᠭᠤᠯᠤᠨ 2025 ᠣᠨ᠎ᠤ ᠤᠰᠤᠨ᠎ᠤ ᠡᠬᠢ ᠪᠠᠶᠠᠯᠢᠭ᠎ᠢ ᠦᠨᠡᠯᠡᠨ ᠵᠠᠳᠠᠯᠬᠤ ᠵᠢᠴᠢ ᠲᠣᠬᠢᠷᠠᠭᠤᠯᠤᠯᠲᠠ᠎ᠪᠠᠷ ᠲᠤᠯᠭ᠋ᠠᠭᠤᠷᠢᠯᠠᠭᠰᠠᠨ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠠᠵᠢᠯ᠎ᠢ ᠥᠷᠨᠢᠭᠦᠯᠵᠦ ᠪᠠᠢ᠌ᠨ᠎ᠠ᠂  ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄

   ᠨᠢᠭᠡ᠂  ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ

  1. ᠲᠥᠷᠥᠯ ᠵᠦᠢ᠍ᠯ᠎ᠤᠨ ᠨᠡᠷᠡᠶ᠋ᠢᠳᠦᠯ᠄ ᠤᠯᠠᠭ᠋ᠠᠨᠴᠠᠪ ᠬᠤᠲᠠ ᠵᠢᠨ ᠴᠠᠭ᠋ᠠᠨᠨᠠᠭᠤᠷ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠠᠮᠢ ᠠᠬᠤᠶ ᠵᠢᠨ ᠬᠠᠮᠠᠭ᠋ᠠᠯᠠᠯᠲᠠ ᠪᠠ ᠰᠡᠷᠭᠦᠭᠡᠯᠲᠡ ᠵᠢ ᠦᠨᠡᠯᠡᠨ ᠵᠢᠱ᠌ᠢᠬᠦ᠂  ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠬᠢᠭᠡᠳ ᠬᠠᠮᠠᠭ᠋ᠠᠯᠠᠯᠲᠠ ᠵᠢᠴᠢ ᠤᠰᠤ ᠵᠢ ᠠᠷᠪᠢᠯᠠᠨ ᠬᠡᠷᠡᠭᠯᠡᠬᠦ ᠪᠣᠯᠪᠠᠰᠤᠷᠠᠯ᠎ᠤᠨ ᠦᠢ᠍ᠯᠡᠴᠢᠯᠡᠭᠡ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠨᠡᠭᠡᠭᠡᠨ ᠮᠠᠯᠲᠠᠬᠤ ᠵᠢ ᠴᠠᠭ᠋ᠠᠵᠠᠯᠠᠬᠤ ᠣᠷᠣᠨ ᠪᠠ ᠤᠰᠤ ᠲᠠᠲᠠᠬᠤ ᠵᠢ ᠬᠢᠵᠠᠭ᠋ᠠᠷᠯᠠᠬᠤ ᠣᠷᠣᠨ᠎ᠢ ᠵᠠᠭ᠋ᠠᠭᠯᠠᠨ ᠲᠣᠭᠲᠠᠭ᠋ᠠᠬᠤ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ 《1987 ᠣᠨ᠎ᠤ ᠤᠰᠤ ᠬᠠᠩᠭ᠋ᠠᠬᠤ ᠬᠡᠮᠵᠢᠶ᠎ᠡ ᠵᠢ ᠬᠤᠪᠢᠶᠠᠷᠢᠯᠠᠬᠤ ᠲᠦᠰᠦᠯ》᠎ᠤᠨ ᠲᠣᠬᠢᠷᠠᠭᠤᠯᠤᠨ ᠨᠡᠮᠡᠭᠳᠡᠭᠦᠯᠬᠦ ᠬᠦᠢ᠍ᠴᠡᠳᠭᠡᠯ ᠲᠤᠭ᠎ᠠ ᠵᠢ ᠨᠠᠷᠢᠯᠢᠬ᠍ᠵᠢᠭᠤᠯᠤᠨ ᠵᠠᠳᠠᠯᠬᠤ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠣᠷᠣᠨ ᠪᠦᠰᠡ ᠵᠢᠨ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ 2024 ᠣᠨ᠎ᠤ ᠶᠡᠷᠦᠩᠬᠡᠶ᠋ᠢᠯᠡᠨ ᠵᠠᠰᠠᠭᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠳᠠᠪᠬᠤᠷᠭ᠎ᠠ ᠵᠢᠨ ᠤᠰᠤᠨ᠎ᠤ ᠶᠡᠷᠦᠩᠬᠡᠶ ᠬᠡᠮᠵᠢᠶ᠎ᠡ ᠵᠢ ᠡᠵᠡᠮᠳᠡᠬᠦ ᠬᠦᠢ᠍ᠴᠡᠳᠬᠡᠯ ᠲᠤᠭ᠎ᠠ ᠵᠢᠨ ᠮᠡᠷᠭᠡᠵᠢᠯ᠎ᠤᠨ ᠮᠡᠳᠡᠭᠦᠯᠦᠯᠲᠡ》 ᠵᠡᠷᠭᠡ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠵᠠᠳᠠᠯᠤᠨ ᠦᠨᠡᠯᠡᠬᠦ ᠵᠢᠴᠢ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠬᠢᠭᠡᠳ ᠬᠠᠮᠠᠭ᠋ᠠᠯᠠᠯᠲᠠ ᠵᠢᠨ ᠬᠠᠮᠢᠶ᠎ᠠ ᠪᠥᠬᠦᠶ ᠲᠥᠷᠥᠯ ᠵᠦᠢ᠍ᠯ᠃

  2. ᠬᠡᠷᠡᠭᠵᠢᠭᠦᠯᠬᠦ ᠴᠠᠭ ᠪᠠ ᠭᠠᠵᠠᠷ᠄ 2025 ᠣᠨ᠂  ᠬᠥᠬᠡᠬᠤᠲᠠ᠃

  3. ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂  ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂  ᠠᠯᠪᠠᠨ ᠵᠠᠷ ᠨᠡᠶ᠋ᠢᠲᠡᠯᠡᠬᠦ᠂  ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠬᠡᠷᠪᠡ ᠪᠠᠢ᠌ᠪᠠᠯ)᠎ᠢ ᠰᠢᠢ᠍ᠳᠪᠦᠷᠢᠯᠡᠬᠦ᠂  ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂  ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂  ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃

   ᠬᠤᠶᠠᠷ᠂  ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃

  2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂  ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃

   ᠭᠤᠷᠪᠠ᠂  ᠨᠡᠷ᠎ᠡ ᠮᠡᠳᠡᠭᠦᠯᠬᠦ᠎ᠳᠤ ᠬᠠᠩᠭ᠋ᠠᠬᠤ ᠴᠢᠬᠤᠯᠠᠲᠠᠢ ᠮᠠᠲᠸᠷᠢᠶᠠᠯ

  1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ ᠵᠶ᠋ᠠᠨ ᠭᠠᠷᠭ᠋ᠠᠵᠤ ᠦᠵᠡᠭᠦᠯᠦᠨ᠎ᠡ᠂  ᠬᠠᠭᠤᠯᠪᠤᠷᠢ᠂  ᠬᠠᠷᠢᠯᠴᠠᠬᠤ ᠠᠷᠭ᠎ᠠ ᠬᠡᠯᠪᠡᠷᠢ ᠵᠶ᠋ᠠᠨ ᠬᠠᠩᠭ᠋ᠠᠨ᠎ᠠ᠃

  2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠬᠤ᠂  ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠵᠶ᠋ᠠᠨ ᠭᠠᠷᠭ᠋ᠠᠨ ᠭᠡᠷᠡᠴᠢᠯᠡᠨ᠎ᠡ᠃

  3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃

  4. ᠣᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂  ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃

  5. 2024 ᠪᠤᠶᠤ 2023 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠭᠦᠢ᠍ᠴᠡᠳᠭᠡᠬᠦ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠤᠷᠤᠭᠤᠯᠤᠭᠰᠠᠨ ᠤᠭᠲᠤᠯᠤᠭᠰᠠᠨ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠤᠭᠲᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ  ᠬᠠᠩᠭ᠋ᠠᠨ᠎ᠠ᠃

  8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2022 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠤᠨ ᠣᠭᠲᠤᠯᠤᠭᠰᠠᠨ ᠵᠢᠷᠤᠭ ᠦᠭᠡᠢ᠃

   ᠳᠥᠷᠪᠡ᠂  ᠨᠡᠷ᠎ᠡ ᠮᠡᠳᠡᠭᠦᠯᠬᠦ ᠴᠠᠭ᠂  ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠨᠢ 2025 ᠣᠨ᠎ᠤ 2 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 2025 ᠣᠨ᠎ᠤ 02 ᠳ᠋ᠤᠭ᠋ᠠᠷ ᠰᠠᠷ᠎ᠠ ᠵᠢᠨ 25᠎ᠤ ᠡᠳᠦᠷ ᠪᠣᠯᠲᠠᠯ᠎ᠠ᠂  ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00 ᠴᠠᠭ᠂  ᠦᠳᠡ ᠵᠢᠨ ᠬᠤᠶ᠋ᠢᠨ᠎ᠠ 14᠄ 30 — 17᠄ 00 ᠴᠠᠭ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

   ᠲᠠᠪᠤ᠂  ᠬᠠᠷᠢᠯᠴᠠᠬᠤ ᠠᠷᠭ᠎ᠠ ᠮᠠᠶᠢᠭ

   ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ

   ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠶᠡᠭᠡ ᠰᠤᠷᠭ᠋ᠠᠭᠤᠯᠢ ᠵᠢᠨ ᠵᠡᠭᠦᠨ ᠵᠠᠮ᠎ᠤᠨ 120 ᠳ᠋ᠤᠭ᠋ᠠᠷ ᠠᠰᠠᠷ᠎ᠤᠨ 303 ᠳ᠋ᠤᠭ᠋ᠠᠷ ᠲᠠᠰᠤᠭ

   ᠰᠢᠦᠳᠠᠨ ᠨᠣᠮᠧᠷ᠄ 010010

   ᠬᠠᠷᠢᠯᠴᠠᠬᠤ ᠬᠥᠮᠦᠨ᠄ ᠹᠠᠨ ᠸᠧᠨ ᠵᠢᠶᠧ

   ᠬᠠᠷᠢᠯᠴᠠᠬᠤ ᠤᠲᠠᠰᠤ᠄ 13474736740

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠣᠨ᠎ᠤ ᠮᠡᠳᠡᠭᠦᠯᠦᠯᠲᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ (2025 — 2027 ᠣᠨ)᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠤᠩᠭᠤᠬᠤ᠎ᠪᠠᠷ ᠵᠢᠱ᠌ᠢᠭᠳᠡᠭᠰᠡᠳ᠎ᠤᠨ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠬᠥᠯᠥᠨ ᠪᠣᠢ᠌ᠷ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠭᠡᠬᠦ ᠪᠠᠢ᠌ᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠠᠯᠪᠠᠨ ᠵᠠᠷ
 
            