《ᠡᠷᠬᠡ ᠲᠡᠭᠰᠢ᠂ ᠲᠥᠪ ᠭᠣᠥᠯᠴᠢ᠂ ᠢᠯᠡ ᠪᠠᠢ᠌ᠯᠭ᠋ᠠᠬᠤ》 ᠵᠠᠷᠴᠢᠮ ᠶᠣᠰᠣᠭ᠋ᠠᠷ᠂ ᠮᠠᠨ᠎ᠤ ᠲᠥᠪ ᠣᠲᠣ ᠢᠯᠡ᠎ᠪᠠᠷ ᠰᠣᠩᠭᠣᠬᠤ᠎ᠪᠠᠷ ᠳᠠᠮᠵᠢᠭᠤᠯᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠢ᠌ᠭᠤᠯᠤᠮᠵᠢ ᠵᠢ ᠰᠢᠯᠢᠳᠡᠭ᠎ᠢ᠎ᠨᠢ ᠰᠣᠩᠭᠣᠵᠤ 2025 ᠣᠨ᠎ᠤ ᠤᠰᠤᠨ᠎ᠤ ᠬᠡᠮᠵᠢᠶ᠎ᠡ ᠵᠢ ᠲᠣᠬᠢᠷᠠᠭᠤᠯᠤᠨ ᠲᠤᠯᠭ᠋ᠠᠭᠤᠷᠢᠯᠠᠬᠤ᠂ ᠡᠵᠢ ᠭᠣᠣᠯ᠎ᠢ ᠰᠡᠷᠭᠦᠭᠡᠬᠦ ᠠᠵᠢᠯᠯᠠᠭ᠎ᠠ᠂ ᠤᠰᠤ ᠠᠷᠪᠢᠯᠠᠬᠤ ᠤᠬᠠᠭᠤᠯᠭ᠎ᠠ ᠵᠡᠷᠭᠡ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠵᠢᠯ᠎ᠢ ᠥᠷᠨᠢᠭᠦᠯᠵᠦ ᠪᠠᠢ᠌ᠨ᠎ᠠ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠲᠥᠷᠥᠯ ᠵᠦᠢ᠍ᠯ᠎ᠤᠨ ᠲᠣᠢ᠌ᠮᠣᠴᠢᠯᠠᠯ
1. ᠲᠥᠷᠥᠯ ᠵᠦᠢ᠍ᠯ᠎ᠤᠨ ᠨᠡᠷᠡᠢ᠌ᠳᠦᠯ᠄ 2025 ᠣᠨ᠎ᠤ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠤᠯᠭ᠋ᠠᠭᠤᠷᠢᠯᠠᠯ᠂ ᠭᠣᠣᠯᠳᠠᠯᠭ᠎ᠠ᠎ᠲᠠᠢ ᠭᠣᠣᠯ ᠨᠠᠭᠤᠷ ᠪᠠ ᠨᠢᠭᠡᠨᠲᠡ ᠪᠠᠢ᠌ᠭᠤᠯᠤᠭᠰᠠᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠬᠢᠨᠠᠨ ᠲᠣᠭᠲᠠᠭ᠋ᠠᠬᠤ᠂ ᠡᠵᠢ ᠭᠣᠣᠯ᠎ᠢ ᠰᠡᠷᠭᠦᠭᠡᠬᠦ ᠠᠵᠢᠯᠯᠠᠭ᠎ᠠ᠂ ᠤᠰᠤ ᠠᠷᠪᠢᠯᠠᠬᠤ ᠤᠬᠠᠭᠤᠯᠭ᠎ᠠ᠂ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠢ᠌ᠭᠤᠯᠤᠯᠲᠠ ᠵᠢᠨ ᠳᠠᠬᠢᠨ ᠬᠢᠨᠠᠵᠤ ᠦᠨᠡᠯᠡᠨ ᠵᠢᠱ᠌ᠢᠬᠦ (ᠤᠰᠤᠨ ᠠᠰᠢᠭᠯᠠᠯᠲᠠ ᠵᠢᠨ ᠶᠠᠮᠤᠨ᠎ᠠᠴᠠ ᠭᠤᠷᠪᠠᠳᠤᠭ᠋ᠠᠷ ᠪᠦᠯᠦᠭ᠎ᠢ ᠨᠡᠢ᠌ᠲᠡᠯᠡᠪᠡ)᠂ ᠥᠪᠡᠷᠲᠡᠭᠡᠨ ᠵᠠᠰᠠᠬᠤ ᠣᠷᠣᠨ᠎ᠤ ᠰᠢᠶᠠᠨ᠎ᠤ ᠬᠡᠪᠴᠢᠶᠡᠨ᠎ᠤ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠤᠨ ᠪᠠᠷᠢᠮᠵᠢᠶ᠎ᠠ᠎ᠳᠤ ᠬᠦᠷᠦᠭᠦᠯᠬᠦ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠦᠨᠡᠯᠡᠨ ᠵᠢᠱ᠌ᠢᠯᠲᠡ ᠵᠡᠷᠭᠡ ᠲᠥᠷᠥᠯ ᠵᠦᠢ᠍ᠯ᠃
2. ᠬᠡᠷᠡᠭᠵᠢᠭᠦᠯᠬᠦ ᠴᠠᠭ ᠪᠠ ᠭᠠᠵᠠᠷ᠄ 2025 ᠣᠨ᠎ᠳᠤ᠂ ᠪᠥᠬᠥ ᠣᠷᠣᠨ᠎ᠤ ᠡᠯ᠎ᠡ ᠠᠢ᠌ᠮᠠᠭ ᠬᠣᠲᠠ᠃
3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ᠎ᠠ᠂ ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠎ᠢ ᠲᠤᠭᠤᠷᠪᠢᠨ ᠲᠣᠭᠲᠠᠭ᠋ᠠᠬᠤ᠂ ᠠᠯᠪᠠᠨ ᠵᠡᠷ ᠨᠡᠢ᠌ᠲᠡᠯᠡᠬᠦ᠂ ᠵᠦᠢ᠍ᠯᠡᠰ᠎ᠢ ᠥᠷᠨᠢᠭᠦᠯᠬᠦ ᠶᠠᠪᠤᠴᠠ᠎ᠳᠠᠬᠢ ᠰᠡᠵᠢᠭᠯᠡᠯ᠎ᠢ ᠰᠢᠢ᠍ᠳᠪᠦᠷᠢᠯᠡᠬᠦ (ᠬᠡᠷᠪᠡ ᠪᠠᠢ᠌ᠪᠠᠯ)᠂ ᠳᠠᠭ᠋ᠠᠭ᠋ᠠᠴᠢᠯᠠᠯᠲᠠ ᠵᠠᠷᠯᠠᠬᠤ ᠵᠢ ᠵᠣᠬᠢᠶᠠᠨ ᠪᠠᠶ᠋ᠢᠭᠤᠯᠵᠤ᠂ ᠳᠠᠭ᠋ᠠᠭ᠋ᠠᠴᠢᠯᠠᠯᠲᠠ ᠣᠯᠤᠭᠰᠠᠨ ᠮᠡᠳᠡᠭᠳᠡᠯ᠎ᠤᠨ ᠪᠢᠴᠢᠭ᠂ ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠵᠣᠬᠢᠶᠠᠨ ᠪᠠᠶ᠋ᠢᠭᠤᠯᠤᠨ᠎ᠠ ᠃
ᠬᠣᠶᠠᠷ᠂ ᠣᠷᠣᠯᠠᠨ ᠭᠦᠢ᠍ᠴᠡᠳᠬᠡᠬᠦ ᠪᠠᠢ᠌ᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ
1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃
2. ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠥᠨ᠎ᠤ ᠬᠢᠷᠢ ᠬᠡᠮ᠎ᠲᠠᠢ ᠪᠠᠢ᠌ᠭᠤᠯᠤᠮᠵᠢ᠎ᠨᠢ ᠡᠷᠬᠡᠪᠰᠢ ᠰᠠᠢ᠌ᠨ ᠰᠠᠢ᠌ᠬᠠᠨ ᠡᠳ᠋᠎ᠤᠨ ᠶᠠᠪᠤᠳᠠᠯ᠎ᠤᠨ ᠪᠠᠢ᠌ᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠢ᠌ᠵᠤ᠂ ᠭᠡᠷ᠎ᠡ ᠵᠢ ᠭᠦᠢ᠍ᠴᠡᠳᠬᠡᠬᠦ ᠬᠦᠷᠦᠯᠴᠡᠬᠦᠢ᠌ᠴᠡ ᠡᠳ᠋ ᠬᠥᠷᠥᠩᠭᠡ ᠪᠠ ᠴᠢᠳᠠᠪᠤᠷᠢ᠎ᠲᠠᠢ ᠪᠠᠢ᠌ᠬᠤ ᠬᠡᠷᠡᠭᠲᠡᠢ᠃
ᠭᠤᠷᠪᠠ᠂ ᠨᠡᠷ᠎ᠡ ᠮᠡᠳᠡᠭᠦᠯᠬᠦ ᠦᠶ᠎ᠡ᠎ᠳᠤ ᠬᠠᠩᠭ᠋ᠠᠬᠤ ᠴᠢᠬᠤᠯᠠᠲᠠᠢ ᠮᠠᠲ᠋ᠧᠷᠢᠶᠠᠯ
1. ᠨᠡᠷ᠎ᠡ ᠮᠡᠳᠡᠭᠦᠯᠦᠭᠴᠢ ᠪᠡᠶ᠎ᠡ ᠵᠢᠨ ᠦᠨᠡᠮᠯᠡᠯ᠎ᠤᠨ ᠤᠭ ᠡᠬᠡ᠎ᠪᠠᠨ ᠭᠠᠷᠭ᠋ᠠᠨ ᠦᠵᠡᠭᠦᠯᠵᠦ᠂ ᠪᠠᠭᠤᠯᠭ᠋ᠠᠪᠤᠷᠢ᠂ ᠬᠠᠷᠢᠯᠴᠠᠬᠤ ᠠᠷᠭ᠎ᠠ ᠮᠠᠶᠢᠭ ᠵᠶ᠋ᠠᠨ ᠬᠠᠩᠭ᠋ᠠᠨ᠎ᠠ᠃
2. ᠨᠡᠷ᠎ᠡ ᠮᠡᠳᠡᠭᠦᠯᠦᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠦᠰᠦᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠣᠬᠤ ᠨᠠᠶ᠋ᠢᠳᠠᠯᠭ᠎ᠠ ᠵᠢᠨ ᠪᠢᠴᠢᠭ》 ᠵᠶ᠋ᠠᠨ ᠭᠠᠷᠭ᠋ᠠᠵᠤ ᠥᠭᠭᠦᠨ᠎ᠡ᠃
3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠢ᠌ᠭᠤᠯᠭ᠎ᠠ ᠵᠢᠨ ᠣᠨ᠎ᠤ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠪᠥᠭᠡᠳ ᠬᠦᠴᠦᠨ᠎ᠲᠠᠢ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃
4. ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠥ ᠲᠤᠰᠢᠶᠠᠭᠰᠠᠨ ᠭᠡᠷᠡᠴᠢ ᠮᠠᠲ᠋ᠧᠷᠢᠶᠠᠯ᠂ ᠣᠶ᠋ᠢᠷ᠎ᠠ ᠵᠢᠨ ᠬᠠᠭ᠋ᠠᠰ ᠵᠢᠯ᠎ᠳᠤ ᠦᠷᠭᠦᠯᠵᠢᠯᠡᠨ ᠭᠤᠷᠪᠠᠨ ᠰᠠᠷ᠎ᠠ ᠭᠠᠶ᠋ᠢᠯᠢ ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃
5. 2024 ᠪᠤᠶᠤ 2023 ᠣᠨ᠎ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠡᠷᠦᠬᠡ ᠵᠢᠨ ᠳᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃
6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠨ ᠭᠦᠢ᠍ᠴᠡᠳᠬᠡᠬᠦ ᠪᠠᠢ᠌ᠭᠤᠯᠤᠮᠵᠢ ᠵᠢᠨ ᠳᠠᠩᠰᠠᠯᠠᠵᠤ ᠬᠥᠮᠥᠷᠭᠡ᠎ᠳᠤ ᠤᠷᠤᠭᠤᠯᠤᠭᠰᠠᠨ ᠣᠭᠲᠤᠯᠤᠭᠰᠠᠨ ᠵᠢᠷᠤᠭ᠎ᠤᠨ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠨ᠎ᠠ᠃
7. 《ᠢᠲᠡᠭᠡᠮᠵᠢ ᠵᠢᠨ ᠳᠤᠮᠳᠠᠳᠤ ᠤᠯᠤᠰ》᠎ᠤᠨ ᠰᠦᠯᠵᠢᠶᠡᠨ ᠥᠷᠲᠡᠭᠡ (www.creditchina.gov.cn ) ᠵᠢᠨ ᠢᠲᠡᠭᠡᠯ ᠠᠯᠳᠠᠭᠰᠠᠨ ᠭᠦᠢ᠍ᠴᠡᠳᠬᠡᠭᠳᠡᠭᠴᠢ ᠪᠠ ᠬᠦᠨᠳᠦ ᠶᠡᠬᠡ ᠭᠠᠢ᠌ᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠢ ᠵᠢᠨ ᠬᠥᠮᠥᠨ᠎ᠤ ᠨᠡᠷᠡᠰ᠎ᠤᠨ ᠲᠡᠮᠳᠡᠭᠯᠡᠯ᠎ᠤᠨ ᠣᠭᠲᠣᠯᠣᠭ᠋ᠠᠰᠤ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶᠡᠨ ᠥᠷᠲᠡᠭᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ ᠵᠢᠨ ᠬᠠᠤᠯᠢ᠎ᠠᠴᠠ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠦᠢᠯᠡ ᠠᠵᠢᠯᠯᠠᠭ᠎ᠠ ᠵᠢᠨ ᠲᠡᠮᠳᠡᠭᠯᠡᠯ᠎ᠤᠨ ᠣᠭᠲᠣᠯᠣᠭ᠋ᠠᠰᠤ ᠵᠢᠷᠤᠭ᠎ᠢ ᠬᠠᠩᠭ᠋ᠠᠨ᠎ᠠ᠃
8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠤ ᠨᠡᠷ᠎ᠡ ᠮᠡᠳᠡᠭᠦᠯᠦᠭᠰᠡᠨ᠎ᠠᠴᠠ ᠦᠵᠡᠪᠡᠯ᠂ ᠣᠢ᠌ᠷ᠎ᠠ ᠵᠢᠨ ᠭᠤᠷᠪᠠᠨ ᠵᠢᠯ (2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠣᠳᠣ ᠪᠣᠯᠲᠠᠯ᠎ᠠ) ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠵᠢᠨ ᠲᠡᠮᠳᠡᠭᠯᠡᠯ᠎ᠢ ᠪᠠᠢ᠌ᠴᠠᠭ᠋ᠠᠨ ᠯᠠᠪᠯᠠᠭᠰᠠᠨ ᠲᠡᠮᠳᠡᠭᠯᠡᠯ ᠦᠭᠡᠢ᠃
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ
ᠳᠡᠭᠡᠷ᠎ᠡ ᠳᠤᠷᠠᠳᠤᠭᠰᠠᠨ ᠨᠥᠬᠥᠴᠡᠯ᠎ᠳᠤ ᠨᠡᠢ᠌ᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠢ᠌ᠭᠤᠯᠤᠮᠵᠢ᠎ᠨᠢ 2025 ᠣᠨ᠎ᠤ 3 ᠳ᠋ᠤᠭ᠋ᠠᠷ ᠰᠠᠷ᠎ᠠ ᠵᠢᠨ 11᠎ᠤ ᠡᠳᠦᠷ᠎ᠠᠴᠠ 2025 ᠣᠨ᠎ᠤ 3 ᠳ᠋ᠤᠭ᠋ᠠᠷ ᠰᠠᠷ᠎ᠠ ᠵᠢᠨ 12᠎ᠤᠨ ᠡᠳᠦᠷ ᠪᠣᠯᠲᠠᠯ᠎ᠠ᠂ ᠠᠵᠢᠯᠯᠠᠬᠤ ᠡᠳᠦᠷ ᠪᠦᠷᠢ ᠵᠢᠨ ᠦᠳᠡ ᠵᠢᠨ ᠡᠮᠦᠨᠡᠬᠢ 9᠄ 00 — 12᠄ 00 ᠴᠠᠭ᠂ ᠦᠳᠡ ᠵᠢᠨ ᠬᠣᠢ᠌ᠨᠠᠬᠢ 14᠄ 30 — 17᠄ 00 ᠴᠠᠭ᠎ᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠵᠤ ᠪᠣᠯᠣᠨ᠎ᠠ᠃
ᠲᠠᠪᠤ᠂ ᠬᠠᠷᠢᠯᠴᠠᠬᠤ ᠠᠷᠭ᠎ᠠ ᠬᠡᠯᠪᠡᠷᠢ
ᠨᠢᠭᠡᠴᠢ ᠵᠢᠨ ᠨᠡᠷᠡᠢ᠌ᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠦᠪ
ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠣᠯ᠎ᠤᠨ ᠬᠥᠬᠡᠬᠣᠲᠠ ᠶᠡᠬᠡ ᠰᠤᠷᠭ᠋ᠠᠭᠤᠯᠢ ᠵᠢᠨ ᠵᠡᠭᠦᠨ ᠵᠠᠮ᠎ᠤᠨ 120 ᠳ᠋ᠤᠭ᠋ᠠᠷ ᠠᠰᠠᠷ᠎ᠤᠨ 217 ᠳ᠋ᠤᠭ᠋ᠠᠷ ᠥᠷᠥᠭᠡ
ᠰᠢᠤᠳᠠᠨ ᠳ᠋ᠤᠭ᠋ᠠᠷ᠄ 010010
ᠬᠠᠷᠢᠯᠴᠠᠬᠤ ᠬᠥᠮᠥᠨ᠄ ᠵᠤ᠌ ᠴᠢᠨ ᠪᠥᠸᠧ᠂ ᠯᠢᠦ ᠵᠢᠩ ᠲᠤᠣ
ᠬᠠᠷᠢᠯᠴᠠᠬᠤ ᠤᠲᠠᠰᠤ᠄ 0471 — 3698762᠂ 3698783