ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-03-17

  《ᠡᠷᠬᠡ ᠲᠡᠭᠰᠢ᠂  ᠲᠥᠪ ᠭᠤᠣᠯᠴᠢ᠂  ᠢᠯᠡ ᠲᠣᠳᠣ》 ᠪᠠᠶ᠋ᠢᠬᠤ ᠵᠠᠷᠴᠢᠮ ᠶᠣᠰᠣᠭ᠋ᠠᠷ᠂  ᠮᠠᠨ᠎ᠤ ᠲᠥᠪ ᠣᠲᠣ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠰᠣᠩᠭᠤᠬᠤ᠎ᠪᠠᠷ ᠳᠠᠮᠵᠢᠭᠤᠯᠤᠨ ᠰᠢᠯᠢᠳᠡᠭ᠎ᠢ᠎ᠨᠢ ᠰᠣᠩᠭᠤᠵᠤ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠥᠷᠨᠢᠭᠦᠯᠬᠦ᠎ᠪᠠᠷ ᠳᠠᠮᠵᠢᠭᠤᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠤᠰᠤᠨ ᠰᠢᠨᠵᠢᠯᠡᠭᠡᠨ᠎ᠤ ᠥᠷᠲᠡᠭᠡ ᠵᠢᠨ ᠭᠤᠤᠯ ᠮᠥᠷᠡᠨ᠎ᠤ ᠭᠤᠤᠯ ᠪᠣᠯᠬᠤ ᠣᠭᠲᠣᠯᠤᠭ᠋ᠠᠰᠤ ᠵᠢᠨ ᠦᠶᠡᠷ᠎ᠢ ᠰᠡᠷᠭᠡᠶ᠋ᠢᠯᠡᠬᠦ ᠣᠨᠴᠠᠯᠢᠭ᠎ᠤᠨ ᠭᠦᠢ᠍ᠴᠡᠳᠭᠡᠯ ᠲᠤᠭ᠎ᠠ᠎ᠳᠤ ᠵᠠᠰᠠᠪᠤᠷᠢ ᠣᠷᠣᠭᠤᠯᠬᠤ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠵᠢᠯ᠎ᠢ ᠦᠷᠨᠢᠭᠦᠯᠪᠡ᠂  ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄

   ᠨᠢᠭᠡ᠂  ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ

  1. ᠲᠥᠷᠥᠯ ᠵᠦᠢ᠍ᠯ᠎ᠤᠨ ᠨᠡᠷᠡᠶ᠋ᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠤᠰᠤᠨ ᠰᠢᠨᠵᠢᠯᠡᠭᠡᠨ᠎ᠤ ᠥᠷᠲᠡᠭᠡ ᠵᠢᠨ ᠭᠤᠤᠯ ᠮᠥᠷᠡᠨ᠎ᠤ ᠭᠤᠤᠯ ᠪᠣᠯᠬᠤ ᠣᠭᠲᠣᠯᠤᠭ᠋ᠠᠰᠤ ᠵᠢᠨ ᠦᠶᠡᠷ᠎ᠢ ᠰᠡᠷᠭᠡᠶ᠋ᠢᠯᠡᠬᠦ ᠣᠨᠴᠠᠯᠢᠭ᠎ᠤᠨ ᠬᠦᠢ᠍ᠴᠡᠳᠬᠡᠯ ᠲᠤᠭ᠎ᠠ᠎ᠳᠤ ᠵᠠᠰᠠᠪᠤᠷᠢ ᠣᠷᠣᠭᠤᠯᠬᠤ ᠲᠥᠷᠥᠯ ᠵᠦᠢ᠍ᠯ᠃

  2. ᠬᠡᠷᠡᠭᠵᠢᠭᠦᠯᠬᠦ ᠴᠠᠭ ᠪᠠ ᠭᠠᠵᠠᠷ᠄ 2025 ᠣᠨ᠂ ᠪᠥᠬᠦ ᠣᠷᠣᠨ᠎ᠤ ᠡᠯ᠎ᠡ ᠠᠶ᠋ᠢᠮᠠᠭ ᠬᠤᠲᠠ᠃

  3. ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂  ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂  ᠠᠯᠪᠠᠨ ᠵᠠᠷ ᠨᠡᠶ᠋ᠢᠲᠡᠯᠡᠬᠦ᠂  ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠬᠡᠷᠪᠡ ᠪᠠᠢ᠌ᠪᠠᠯ)᠎ᠢ ᠰᠢᠢ᠍ᠳᠪᠦᠷᠢᠯᠡᠬᠦ᠂  ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂  ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂  ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃

   ᠬᠤᠶᠠᠷ᠂  ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃

  2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂  ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃

   ᠭᠤᠷᠪᠠ᠂  ᠨᠡᠷ᠎ᠡ ᠮᠡᠳᠡᠭᠦᠯᠬᠦ᠎ᠳᠤ ᠬᠠᠩᠭ᠋ᠠᠬᠤ ᠴᠢᠬᠤᠯᠠᠲᠠᠢ ᠮᠠᠲᠸᠷᠢᠶᠠᠯ

  1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ ᠵᠶ᠋ᠠᠨ ᠭᠠᠷᠭ᠋ᠠᠵᠤ ᠦᠵᠡᠭᠦᠯᠦᠨ᠎ᠡ᠂  ᠪᠠᠭᠤᠯᠭ᠋ᠠᠪᠤᠷᠢ᠂  ᠬᠠᠷᠢᠯᠴᠠᠬᠤ ᠠᠷᠭ᠎ᠠ ᠬᠡᠯᠪᠡᠷᠢ ᠵᠶ᠋ᠡᠨ ᠬᠠᠩᠭ᠋ᠠᠨ᠎ᠠ᠃

  2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠭᠰᠠᠨ᠂  ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠵᠶ᠋ᠡᠨ ᠭᠠᠷᠭ᠋ᠠᠵᠤ ᠥᠭᠭᠦᠨ᠎ᠡ᠃

  3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃

  4. ᠣᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂  ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃

  5. 2024 ᠪᠤᠶᠤ 2023 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠬᠤ ᠣᠭᠲᠤᠯᠤᠭᠰᠠᠨ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠣᠭᠲᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃

  8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2022 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠵᠦ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠭᠰᠠᠨ ᠲᠡᠮᠳᠡᠭᠯᠡᠯ᠎ᠤᠨ ᠣᠭᠲᠤᠯᠤᠭ᠋ᠠᠰᠤ ᠵᠢᠷᠤᠭ ᠦᠭᠡᠢ᠃

   ᠳᠥᠷᠪᠡ᠂  ᠨᠡᠷ᠎ᠡ ᠮᠡᠳᠡᠭᠦᠯᠬᠦ ᠴᠠᠭ᠂  ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠨᠢ 2025 ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 2025 ᠣᠨ᠎ᠤ 03 ᠰᠠᠷ᠎ᠠ ᠵᠢᠨ 20᠎ᠤ ᠡᠳᠦᠷ ᠪᠣᠯᠲᠠᠯ᠎ᠠ᠂  ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00 ᠴᠠᠭ᠂  ᠦᠳᠡ ᠵᠢᠨ ᠬᠤᠶ᠋ᠢᠨ᠎ᠠ 14᠄ 30 — 17᠄ 00 ᠴᠠᠭ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠭ᠋ᠠᠷᠠᠢ᠃

   ᠲᠠᠪᠤ᠂  ᠬᠠᠷᠢᠯᠴᠠᠬᠤ ᠠᠷᠭ᠎ᠠ ᠮᠠᠶᠢᠭ

   ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ

   ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠶᠡᠭᠡ ᠰᠤᠷᠭ᠋ᠠᠭᠤᠯᠢ ᠵᠢᠨ ᠵᠡᠭᠦᠨ ᠵᠠᠮ᠎ᠤᠨ 120 ᠳ᠋ᠤᠭ᠋ᠠᠷ᠎ᠤᠨ ᠳᠥᠷᠪᠡᠳᠦᠭᠡᠷ ᠳᠠᠪᠬᠤᠷᠭ᠎ᠠ ᠵᠢᠨ 421 ᠲᠠᠰᠤᠭ

   ᠰᠢᠦᠳᠠᠨ ᠨᠣᠮᠧᠷ᠄ 010010

   ᠬᠠᠷᠢᠯᠴᠠᠬᠤ ᠬᠥᠮᠦᠨ᠄ ᠹᠠᠨ ᠭᠦᠸᠧ ᠵᠢᠶᠦ᠋ᠨ᠂  ᠯᠢ ᠬᠤᠩ ᠺᠦᠨ

   ᠬᠠᠷᠢᠯᠴᠠᠬᠤ ᠤᠲᠠᠰᠤ᠄ 0471 – 3698752᠂ 13394894521

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
2023 ᠣᠨ᠎ᠳᠤ ᠤᠯᠤᠰ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠲᠣᠭᠤᠷᠢᠨ᠎ᠤ ᠰᠡᠷᠡᠮᠵᠢᠯᠡᠭᠦᠯᠬᠦ ᠹᠢᠯᠢᠮ᠎ᠢ ᠨᠡᠶ᠋ᠢᠲᠡᠯᠡᠭᠰᠡᠨ ᠠᠰᠠᠭᠤᠳᠠᠯ᠎ᠨᠢ ᠤᠰᠤᠨ ᠠᠰᠢᠭᠯᠠᠯᠲᠠ ᠵᠢᠨ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠬᠠᠰᠤᠵᠤ ᠠᠷᠢᠯᠭ᠋ᠠᠬᠤ᠎ᠳᠤ ᠬᠤᠯᠪᠣᠭᠳᠠᠭᠰᠠᠨ ᠲᠤᠬᠠᠶ ᠠᠯᠪᠠᠨ ᠨᠡᠢ᠌ᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠤᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠢ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠰᠡᠳᠦᠪ᠎ᠤᠨ ᠬᠥᠮᠥᠷᠭᠡ ᠵᠢ ᠡᠬᠢᠯᠡᠵᠦ ᠬᠡᠷᠡᠭᠯᠡᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
2024 ᠣᠨ᠎ᠤ ᠤᠰᠤ ᠲᠠᠲᠠᠵᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢᠨ ᠠᠩᠬ᠎ᠠ ᠠᠯᠬᠤᠮ᠎ᠤᠨ ᠦᠷ᠎ᠡ ᠳ᠋ᠦᠩ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
 
            