ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠣᠨ᠎ᠤ ᠮᠡᠳᠡᠭᠦᠯᠦᠯᠲᠡ
ᠨᠡᠶ᠋ᠢᠲᠡᠯᠡᠭᠰᠡᠨ ᠴᠠᠭ᠄ 2025-02-27

  2024  ᠣᠨ᠎ᠳᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂  ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂  ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂  ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂  ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂  ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂  ᠰᠢᠰᠲ᠋ᠧᠮ᠎ᠲᠠᠢ ᠵᠠᠰᠠᠬᠤ᠂  ᠬᠤᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠪᠣᠯᠤᠨ ᠤᠰᠤ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠦᠢ᠍ᠯᠡᠳᠦᠯᠭᠡᠵᠢᠭᠦᠯᠵᠦ᠂  ᠥᠪᠡᠷᠲᠡᠭᠡᠨ ᠵᠠᠰᠠᠬᠤ ᠣᠷᠣᠨ᠎ᠤ 《ᠨᠢᠭᠡ ᠭᠤᠤᠯ ᠱᠤᠭᠤᠮ᠎ᠢ ᠲᠤᠭᠤᠰᠢᠯᠠᠭᠤᠯᠬᠤ᠂  ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂  ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂  ᠰᠢᠨ᠎ᠡ ᠵᠠᠮ ᠎ᠢ ᠨᠡᠬᠡᠬᠡᠵᠦ ᠳᠤᠮᠳᠠ ᠲᠦᠪᠰᠢᠨ᠎ᠳᠤ ᠳᠠᠪᠰᠢᠬᠤ》 ᠭᠤᠤᠯ ᠶᠡᠭᠡ ᠲᠠᠯ᠎ᠠ ᠵᠢᠨ ᠲᠣᠭᠤᠷᠢᠨ᠎ᠳᠤ᠂ 《ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021 — 2025 )》 ᠪᠣᠯᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠦᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂  ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠪᠥᠬᠦ ᠬᠦᠴᠦᠨ ᠵᠶ᠋ᠠᠷ ᠵᠶ᠋ᠠᠨ ᠭᠦᠢ᠍ᠴᠡᠳᠭᠡᠵᠦ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠬᠠᠤᠯᠢ᠎ᠪᠠᠷ ᠵᠠᠰᠠᠬᠤ ᠰᠠᠭᠤᠷᠢ ᠵᠢ ᠲᠠᠰᠤᠷᠠᠯᠲᠠ ᠥᠬᠡᠶ ᠪᠠᠬᠢᠵᠢᠭᠦᠯᠪᠡ᠃

   ᠨᠢᠭᠡ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠪᠠ

   ᠨᠢᠭᠡ᠎ᠳᠤ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠭᠤᠤᠯᠳᠠᠯᠭ᠎ᠠ᠎ᠲᠠᠢ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠪᠠ᠃  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠤᠰᠤᠨ ᠠᠰᠢᠭᠯᠠᠯᠲᠠ ᠵᠢᠨ ᠠᠵᠢᠯ᠎ᠤᠨ ᠲᠥᠯᠥᠪᠯᠡᠭᠡ᠎ᠳᠤ ᠣᠷᠣᠭᠤᠯᠵᠤ᠂  ᠣᠨ᠎ᠤ ᠠᠵᠢᠯ᠎ᠤᠨ ᠭᠤᠣᠯᠳᠠᠯᠭ᠎ᠠ ᠵᠢ ᠲᠣᠭᠲᠠᠭ᠋ᠠᠨ᠎ᠠ᠃  ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠠᠴᠠ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠲᠤᠰᠬᠠᠢ ᠰᠡᠳᠦᠪ ᠵᠶ᠋ᠠᠷ ᠰᠣᠨᠣᠰᠴᠤ᠂  ᠪᠦᠬᠦ ᠣᠷᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂  ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠪᠠ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠬᠢᠨᠠᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠴᠡᠭᠴᠡᠯᠡᠨ ᠰᠠᠶ᠋ᠢᠵᠢᠷᠠᠭᠤᠯᠬᠤ ᠲᠥᠰᠦᠯ᠎ᠢ ᠬᠢᠨᠠᠮᠠᠭ᠋ᠠᠶ ᠲᠣᠭᠲᠠᠭ᠋ᠠᠨ᠂  ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠢᠳᠡᠪᠬᠢᠲᠡᠶ ᠠᠬᠢᠭᠤᠯᠬᠤ ᠵᠢᠨ ᠬᠠᠮᠲᠤ ᠴᠡᠭᠴᠡᠯᠡᠨ ᠰᠠᠶ᠋ᠢᠵᠢᠷᠠᠭᠤᠯᠵᠤ ᠪᠠᠶ᠋ᠢᠭ᠎ᠠ ᠪᠠᠶ᠋ᠢᠳᠠᠯ᠎ᠢ ᠴᠠᠭ ᠲᠤᠬᠠᠶ᠎ᠳᠤ᠎ᠨᠢ ᠮᠡᠳᠡᠭᠦᠯᠦᠨ ᠬᠦᠷᠭᠡᠬᠦ ᠬᠡᠷᠡᠭᠲᠡᠶ᠃  ᠬᠤᠶᠠᠷ᠎ᠲᠤ᠂  ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠪᠠ᠃  ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠤᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠲᠥᠯᠥᠪᠯᠡᠭᠡ᠎ᠳᠤ ᠣᠷᠣᠭᠤᠯᠵᠤ᠂  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠪᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠶ᠋ᠢᠩᠭᠤᠵᠢᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠪᠣᠯᠭ᠋ᠠᠬᠤ ᠵᠢ ᠠᠬᠢᠭᠤᠯᠬᠤ ᠤᠨᠤᠯ᠎ᠤᠨ ᠰᠤᠷᠤᠯᠴᠠᠯᠭ᠎ᠠ ᠵᠢᠨ ᠴᠢᠬᠤᠯᠠ ᠠᠭᠤᠯᠭ᠎ᠠ ᠪᠣᠯᠭ᠋ᠠᠵᠤ᠂ 《ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠬᠤ ᠬᠥᠲᠥᠯᠪᠦᠷᠢ》᠂ 《ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠬᠤ ᠠᠰᠠᠭᠤᠯᠲᠠ ᠬᠠᠷᠢᠭᠤᠯᠲᠠ》 ᠵᠢ ᠭᠦᠨᠵᠡᠭᠡᠢ ᠰᠤᠷᠤᠯᠴᠠᠵᠤ᠂  ᠭᠠᠵᠠᠷ᠎ᠤᠨ ᠲᠡᠰ᠎ᠠᠴᠠ ᠳᠡᠭᠡᠭᠰᠢᠬᠢ ᠤᠳᠤᠷᠢᠳᠬᠤ ᠺᠠᠳ᠋ᠷ ᠪᠣᠯᠤᠨ ᠪᠠᠶ᠋ᠢᠭᠤᠯᠭ᠎ᠠ ᠵᠢᠨ ᠪᠦᠬᠦ ᠠᠯᠪᠠᠲᠠᠨ᠎ᠢ ᠵᠣᠬᠢᠶᠠᠨ ᠪᠠᠶ᠋ᠢᠭᠤᠯᠵᠤ ᠲᠥᠪ᠎ᠤᠨ ᠨᠠᠮ᠎ᠤᠨ ᠰᠤᠷᠭ᠋ᠠᠭᠤᠯᠢ ᠵᠢᠨ ᠫᠷᠤᠹᠧᠰᠰᠤᠷ ᠬᠤ᠌ ᠵᠢᠶᠠᠨ ᠮᠢᠶᠣᠣ ᠲᠤᠰᠬᠠᠢ ᠰᠡᠳᠦᠪ ᠵᠶ᠋ᠠᠷ 《ᠤᠳᠤᠷᠢᠳᠬᠤ ᠺᠠᠳ᠋ᠷ᠎ᠤᠨ ᠬᠠᠤᠯᠢ᠎ᠪᠠᠷ ᠵᠠᠰᠠᠬᠤ ᠰᠡᠳᠬᠢᠬᠦᠢ》 ᠭᠡᠬᠦ ᠰᠦᠯᠵᠢᠶᠡᠨ᠎ᠤ ᠰᠢᠭᠤᠳ ᠨᠡᠪᠲᠡᠷᠡᠭᠦᠯᠭᠡ᠎ᠳᠤ ᠣᠷᠣᠯᠴᠠᠭᠤᠯᠵᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠺᠠᠳ᠋ᠷ ᠠᠵᠢᠯᠳᠠᠨ ᠠᠵᠢᠯᠴᠢᠨ᠎ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶ᠋ᠢᠭ᠋ᠠᠳ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠮᠥᠨ ᠴᠢᠨᠠᠷ᠂  ᠪᠠᠶᠠᠯᠢᠭ ᠠᠭᠤᠯᠤᠭᠳᠠᠬᠤᠨ ᠪᠣᠯᠤᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠭᠤᠯᠵᠤ᠂  ᠬᠠᠤᠯᠢ᠎ᠪᠠᠷ ᠵᠠᠰᠠᠬᠤ ᠵᠠᠮ ᠵᠶ᠋ᠠᠷ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠦᠵᠡᠯ ᠰᠠᠨᠠᠭ᠋ᠠᠨ᠎ᠤ ᠤᠬᠠᠮᠰᠠᠷ᠂  ᠤᠯᠤᠰ ᠲᠦᠷᠦ ᠵᠢᠨ ᠤᠬᠠᠮᠰᠠᠷ ᠪᠣᠯᠤᠨ ᠠᠵᠢᠯᠯᠠᠭ᠋ᠠᠨ᠎ᠤ ᠤᠬᠠᠮᠰᠠᠷ᠎ᠢ᠎ᠨᠢ ᠲᠠᠰᠤᠷᠠᠯᠳᠠ ᠦᠭᠡᠢ ᠴᠢᠩᠭ᠋ᠠᠳᠬᠠᠪᠠ᠃  ᠭᠤᠷᠪᠠ᠎ᠳᠤ᠂  ᠭᠤᠣᠯ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠪᠡ᠃  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂  ᠲᠢᠩᠬᠢᠮ᠎ᠤᠨ ᠳᠠᠷᠤᠭ᠎ᠠ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠴᠢᠬᠤᠯᠠ ᠠᠵᠢᠯ᠎ᠢ ᠪᠡᠶ᠎ᠡ᠎ᠪᠠᠷ ᠵᠶ᠋ᠠᠨ ᠪᠠᠶ᠋ᠢᠷᠢᠯᠠᠭᠤᠯᠵᠤ᠂  ᠴᠢᠬᠤᠯᠠ ᠶᠡᠭᠡ ᠠᠰᠠᠭᠤᠳᠠᠯ᠎ᠢ ᠪᠡᠶ᠎ᠡ᠎ᠪᠠᠷ ᠵᠶ᠋ᠠᠨ ᠠᠰᠠᠭᠤᠵᠤ᠂  ᠭᠤᠣᠯᠳᠠᠯᠭ᠎ᠠ᠎ᠲᠠᠢ ᠭᠤᠭᠴᠤᠭ᠎ᠠ ᠵᠢ ᠪᠡᠶ᠎ᠡ᠎ᠪᠠᠷ ᠵᠶ᠋ᠠᠨ ᠵᠣᠬᠢᠴᠠᠭᠤᠯᠵᠤ᠂  ᠴᠢᠬᠤᠯᠠ ᠡᠭᠦᠷᠭᠡ ᠵᠢ ᠪᠡᠶ᠎ᠡ᠎ᠪᠠᠷ ᠵᠶ᠋ᠠᠨ ᠬᠢᠨᠠᠨ ᠭᠦᠢ᠍ᠴᠡᠳᠬᠡᠵᠦ᠂  ᠵᠢᠯ᠎ᠤᠨ ᠡᠬᠢᠨ᠎ᠳᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠳᠡᠭᠡᠷ᠎ᠡ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠵᠦ᠂  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠂  ᠲᠢᠩᠬᠢᠮ᠎ᠤᠨ ᠶᠠᠪᠤᠳᠠᠯ᠎ᠤᠨ ᠬᠤᠷᠠᠯ᠂  ᠲᠢᠩᠬᠢᠮ᠎ᠤᠨ ᠳᠠᠷᠤᠭ᠎ᠠ ᠵᠢᠨ ᠠᠵᠢᠯ᠎ᠤᠨ ᠬᠤᠷᠠᠯ᠂  ᠭᠤᠤᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠣᠯᠠᠨ ᠤᠳᠠᠭ᠎ᠠ ᠡᠷᠭᠢᠯᠡᠨ ᠬᠤᠷᠠᠯᠳᠤᠭᠤᠯᠵᠤ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠭᠤᠤᠯᠳᠠᠯᠭ᠎ᠠ᠎ᠲᠠᠢ ᠠᠵᠢᠯ᠎ᠢ ᠣᠯᠠᠨ ᠤᠳᠠᠭ᠎ᠠ ᠡᠷᠭᠢᠯᠡᠨ ᠬᠤᠷᠠᠯᠳᠤᠭᠤᠯᠵᠤ᠂  ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ᠂  ᠤᠰᠤ ᠵᠢ ᠠᠷᠪᠢᠯᠠᠵᠤ ᠬᠡᠷᠡᠭᠯᠡᠬᠦ ᠲᠦᠷᠢᠮ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ᠂  ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠦᠷᠢᠮ ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠰᠤᠷᠤᠯᠴᠠᠵᠤ᠂  ᠥᠪᠡᠷᠲᠡᠭᠡᠨ ᠵᠠᠰᠠᠬᠤ ᠣᠷᠣᠨ᠎ᠤ ᠤᠰᠤ ᠵᠢ ᠠᠷᠪᠢᠯᠠᠵᠤ ᠬᠡᠷᠡᠭᠯᠡᠬᠦ ᠲᠦᠷᠢᠮ᠎ᠳᠤ ᠵᠠᠰᠠᠪᠤᠷᠢ ᠣᠷᠣᠭᠤᠯᠬᠤ᠂  ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠬᠠᠮᠢᠶᠠᠷᠤᠯᠲᠠ ᠵᠢᠨ ᠠᠷᠭ᠎ᠠ ᠵᠢ ᠲᠤᠭᠤᠷᠪᠢᠬᠤ ᠵᠢᠴᠢ ᠵᠠᠰᠠᠭ ᠵᠠᠬᠢᠷᠭ᠋ᠠᠨ᠎ᠤ ᠣᠯᠠᠨ ᠵᠦᠢ᠍ᠯ᠎ᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠵᠤ ᠵᠠᠰᠠᠪᠤᠷᠢ ᠣᠷᠣᠭᠤᠯᠬᠤ ᠠᠵᠢᠯ᠎ᠢ ᠰᠤᠳᠤᠯᠵᠤ᠂  ᠤᠰᠤ ᠵᠢ ᠠᠷᠪᠢᠯᠠᠵᠤ ᠬᠡᠷᠡᠭᠯᠡᠬᠦ ᠲᠦᠷᠢᠮ᠎ᠢ ᠤᠬᠠᠭᠤᠯᠤᠨ ᠲᠤᠭᠤᠰᠢᠯᠠᠭᠤᠯᠬᠤ ᠠᠵᠢᠯ᠎ᠢ ᠪᠠᠶ᠋ᠢᠷᠢᠯᠠᠭᠤᠯᠪᠠ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠰᠢᠨ᠎ᠡ᠎ᠪᠠᠷ ᠲᠤᠰᠢᠶᠠᠯ ᠡᠭᠦᠷᠭᠡᠯᠡᠭᠰᠡᠨ ᠺᠠᠳ᠋ᠷ᠎ᠤᠨ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ᠎ᠳᠤ ᠣᠷᠣᠯᠴᠠᠭᠰᠠᠨ ᠪᠥᠭᠡᠳ ᠲᠠᠩᠭ᠋ᠠᠷᠢᠭᠯᠠᠬᠤ ᠶᠠᠷᠢᠶ᠎ᠠ ᠲᠠᠯᠪᠢᠵᠤ᠂  ᠬᠠᠤᠯᠢ᠎ᠪᠠᠷ ᠵᠠᠰᠠᠬᠤ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂  ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠪᠦᠬᠦ ᠲᠠᠯ᠎ᠠ᠎ᠪᠠᠷ ᠭᠦᠢ᠍ᠴᠡᠳᠬᠡᠵᠦ᠂  ᠬᠠᠤᠯᠢ᠎ᠪᠠᠷ ᠵᠠᠰᠠᠬᠤ ᠰᠡᠳᠬᠢᠬᠦᠢ ᠪᠠ ᠬᠠᠤᠯᠢ᠎ᠪᠠᠷ ᠵᠠᠰᠠᠬᠤ ᠠᠷᠭ᠎ᠠ ᠬᠡᠯᠪᠡᠷᠢ᠎ᠪᠠᠷ ᠤᠰᠤ ᠵᠢ ᠵᠠᠰᠠᠵᠤ ᠤᠰᠤ ᠵᠢ ᠬᠠᠮᠢᠶᠠᠷᠬᠤ ᠴᠢᠳᠠᠪᠤᠷᠢ ᠪᠠ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

   ᠬᠤᠶᠠᠷ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ

   ᠨᠢᠭᠡ᠎ᠳᠤ᠂  ᠰᠢᠨᠵᠢᠯᠡᠬᠦ ᠤᠬᠠᠭ᠋ᠠᠨᠴᠢ ᠠᠷᠠᠳᠴᠢᠯᠠᠯ ᠬᠠᠤᠯᠢ ᠶᠣᠰᠣᠭ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢ ᠪᠠᠷᠢᠮᠳᠠᠯᠠᠪᠠ᠃  ᠣᠨ᠎ᠤ ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠦᠢ᠍ᠯᠡᠰ᠎ᠤᠨ ᠭᠠᠷᠴᠠᠭ᠎ᠢ ᠲᠣᠭᠲᠠᠭ᠋ᠠᠬᠤ ᠵᠢᠨ ᠬᠠᠮᠲᠤ ᠢᠯᠡ ᠪᠣᠯᠭ᠋ᠠᠵᠤ᠂  ᠬᠠᠤᠯᠢ᠎ᠪᠠᠷ ᠲᠣᠭᠲᠠᠭ᠋ᠠᠭᠰᠠᠨ ᠡᠷᠬᠡ ᠮᠡᠳᠡᠯ ᠪᠠ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠰᠢᠢ᠍ᠳᠪᠦᠷᠢᠲᠦ ᠪᠣᠳᠣᠯᠭ᠎ᠠ ᠲᠤᠭᠲᠠᠭ᠋ᠠᠪᠠ᠃  ᠠᠷᠠᠳᠴᠢᠯᠠᠯ ᠲᠥᠪᠯᠡᠷᠡᠯ᠎ᠤᠨ ᠶᠣᠰᠣ ᠵᠢ ᠪᠠᠷᠢᠮᠲᠠᠯᠠᠨ ᠲᠤᠭᠤᠰᠢᠯᠠᠭᠤᠯᠵᠤ᠂ 56 ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠬᠤᠷᠠᠯᠳᠤᠭᠤᠯᠵᠤ ᠴᠢᠬᠤᠯᠠ ᠶᠡᠭᠡ ᠵᠦᠢ᠍ᠯᠡᠰ᠎ᠢ ᠶᠠᠷᠢᠯᠴᠠᠨ ᠲᠣᠭᠲᠠᠭ᠋ᠠᠵᠤ᠂  ᠰᠢᠢ᠍ᠳᠪᠦᠷᠢᠲᠦ ᠪᠤᠳᠤᠯᠭ᠎ᠠ ᠵᠢᠨ ᠬᠠᠤᠯᠢ ᠶᠣᠰᠣᠨ᠎ᠤ ᠴᠢᠨᠠᠷ᠎ᠢ ᠬᠢᠨᠠᠨ ᠬᠠᠷᠭᠤᠭᠤᠯᠬᠤ ᠪᠣᠭᠤᠮᠲᠠ ᠵᠢ ᠴᠢᠩᠭ᠎ᠠ ᠠᠳᠬᠤᠵᠤ᠂  ᠤᠯᠠᠨ ᠨᠡᠶ᠋ᠢᠲᠡ᠎ᠪᠠᠷ ᠵᠶ᠋ᠠᠨ ᠣᠷᠣᠯᠴᠠᠬᠤ᠂  ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂  ᠲᠤᠰᠬᠠᠢ ᠮᠡᠷᠭᠡᠵᠢᠯᠲᠡᠨ ᠵᠶ᠋ᠠᠷ ᠨᠤᠲᠠᠯᠠᠭᠤᠯᠬᠤ ᠵᠢᠴᠢ ᠡᠷᠬᠡ ᠲᠡᠭᠰᠢ ᠥᠷᠢᠰᠥᠯᠳᠦᠭᠡᠨ᠎ᠢ ᠬᠢᠨᠠᠨ ᠪᠠᠶ᠋ᠢᠴᠠᠭ᠋ᠠᠬᠤ᠂  ᠲᠦᠷᠦ ᠵᠢᠨ ᠪᠤᠳᠤᠯᠭ᠎ᠠ ᠵᠢᠨ ᠨᠢᠭᠡᠳᠦᠯᠲᠦ ᠴᠢᠨᠠᠷ᠎ᠢ ᠦᠨᠡᠯᠡᠨ ᠵᠢᠱ᠌ᠢᠬᠦ ᠵᠡᠷᠭᠡ ᠰᠢᠢ᠍ᠳᠪᠦᠷᠢᠲᠦ ᠪᠤᠳᠤᠯᠭ᠎ᠠ ᠵᠢᠨ ᠲᠡᠰ ᠳᠠᠷᠠᠭ᠋ᠠᠯᠠᠯ᠎ᠢ ᠴᠢᠩᠭ᠎ᠠ ᠭᠦᠢ᠍ᠴᠡᠳᠬᠡᠵᠦ᠂  ᠬᠠᠤᠯᠢ ᠶᠣᠰᠣᠭ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠪᠡ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ᠎ᠤᠨ 《ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠤᠯᠢ ᠴᠠᠭ᠋ᠠᠵᠠ ᠵᠢᠨ ᠵᠥᠪᠯᠡᠭᠴᠢ ᠵᠢᠨ ᠰᠠᠨᠠᠯ᠎ᠢ ᠭᠦᠢ᠍ᠴᠡᠳ ᠪᠠᠳᠠᠷᠠᠭᠤᠯᠵᠤ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢ ᠠᠬᠢᠭᠤᠯᠬᠤ ᠲᠤᠬᠠᠶ ᠰᠠᠨᠠᠯ》᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠵᠤ᠂  ᠠᠯᠪᠠᠨ ᠲᠤᠰᠢᠶᠠᠯᠲᠤ ᠬᠠᠤᠯᠢᠴᠢ ᠵᠢ ᠬᠠᠤᠯᠢ ᠶᠣᠰᠣᠭ᠋ᠠᠷ ᠪᠠᠶ᠋ᠢᠭᠤᠯᠵᠤ᠂  ᠲᠡᠭᠦᠨ᠎ᠤ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ᠂  ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ᠂  ᠴᠢᠬᠤᠯᠠ ᠶᠡᠭᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠶᠠᠪᠤᠴᠠ᠎ᠳᠠᠬᠢ ᠬᠠᠤᠯᠢ ᠲᠦᠷᠢᠮ᠎ᠤᠨ ᠬᠢᠨᠠᠨ ᠬᠠᠷᠭᠤᠭᠤᠯᠬᠤ ᠡᠭᠦᠷᠭᠡ ᠴᠢᠳᠠᠪᠤᠷᠢ ᠵᠢ ᠭᠦᠢ᠍ᠴᠡᠳ ᠪᠠᠳᠠᠷᠠᠭᠤᠯᠤᠨ᠎ᠠ᠃  ᠬᠠᠤᠯᠢ ᠴᠠᠭ᠋ᠠᠵᠠ ᠵᠢᠨ ᠵᠥᠪᠯᠡᠭᠴᠢ ᠵᠢ ᠰᠣᠩᠭᠤᠨ ᠤᠷᠢᠬᠤ ᠵᠢ ᠵᠢᠷᠤᠮᠵᠢᠭᠤᠯᠵᠤ᠂  ᠬᠠᠤᠯᠢ ᠴᠠᠭ᠋ᠠᠵᠠ ᠵᠢᠨ ᠵᠥᠪᠯᠡᠭᠴᠢ ᠵᠢᠨ ᠪᠦᠯᠬᠦᠮ ᠪᠥᠬᠦ ᠵᠢᠯ᠎ᠳᠤ ᠰᠢᠢ᠍ᠳᠪᠦᠷᠢᠲᠦ ᠪᠣᠳᠣᠯᠭ᠎ᠠ ᠵᠢᠨ ᠵᠥᠪᠯᠡᠯᠭᠡ ᠥᠭᠬᠦ᠂  ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂  ᠤᠰᠤᠨ ᠠᠰᠢᠭᠯᠠᠯᠲᠠ ᠵᠢᠨ ᠬᠠᠤᠯᠢ ᠲᠣᠭᠲᠠᠭ᠋ᠠᠬᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂  ᠢᠷᠭᠡᠨ᠎ᠤ ᠬᠡᠷᠡᠭ᠎ᠤᠨ ᠵᠠᠷᠭᠤ᠂  ᠵᠠᠬᠢᠳᠠᠯ ᠰᠤᠷᠪᠤᠯᠵᠢᠯᠠᠯ᠎ᠢ ᠭᠦᠢ᠍ᠴᠡᠳᠭᠡᠬᠦ ᠵᠡᠷᠭᠡ᠎ᠳᠤ ᠬᠠᠤᠯᠢ ᠴᠠᠭ᠋ᠠᠵᠠ ᠵᠢᠨ ᠰᠠᠨᠠᠯ 35  ᠤᠳᠠᠭ᠎ᠠ ᠳᠤᠷᠠᠳᠤᠪᠠ᠃  ᠬᠤᠶᠠᠷ᠎ᠲᠤ᠂  ᠡᠷᠬᠡ ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠨ ᠬᠢᠵᠠᠭ᠋ᠠᠷᠯᠠᠬᠤ ᠵᠢ ᠴᠢᠩᠭ᠋ᠠᠳᠬᠠᠪᠠ᠃  ᠨᠠᠮ᠎ᠤᠨ ᠳᠣᠲᠣᠭ᠋ᠠᠳᠤ ᠵᠢᠨ ᠬᠢᠨᠠᠯᠲᠠ ᠲᠠᠯᠪᠢᠬᠤ ᠲᠣᠭᠲᠠᠴᠠ ᠵᠢ ᠴᠢᠩᠭ᠋ᠠᠳᠬᠠᠵᠤ᠂  ᠨᠠᠮ᠎ᠢ ᠪᠥᠬᠦ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠳᠠᠷᠤᠮᠠᠯᠯᠠᠨ ᠲᠠᠷᠬᠠᠭ᠋ᠠᠵᠤ᠂  ᠯᠢ ᠫᠧᠩ ᠰᠢᠨ᠎ᠤ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠵᠶ᠋ᠠᠷ ᠲᠦᠰᠦᠯ ᠵᠶ᠋ᠡᠷ ᠥᠭᠡᠷᠡᠴᠢᠯᠡᠯᠲᠡ ᠵᠢ ᠠᠬᠢᠭᠤᠯᠬᠤ ᠵᠢ ᠥᠷᠨᠢᠭᠦᠯᠵᠦ᠂  ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠵᠢ ᠦᠷᠭᠦᠯᠵᠢᠯᠡᠨ ᠠᠬᠢᠭᠤᠯᠪᠠ᠃  ᠨᠡᠶ᠋ᠢᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ 12314  ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠂ 12345  ᠬᠠᠯᠠᠮᠰᠢᠯ ᠤᠲᠠᠰᠤ ᠵᠡᠷᠭᠡ ᠵᠦᠢ᠍ᠯᠡᠰ᠎ᠢ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂  ᠪᠦᠬᠦ ᠵᠢᠯ᠎ᠳᠤ ᠡᠯ᠎ᠡ ᠲᠦᠷᠦᠯ᠎ᠤᠨ ᠵᠠᠬᠢᠳᠠᠯ ᠰᠤᠷᠪᠤᠯᠵᠢᠯᠠᠯ᠂  ᠢᠯᠡᠴᠢᠯᠡᠨ ᠮᠡᠳᠡᠭᠦᠯᠦᠯᠲᠡ᠂  ᠵᠠᠭ᠋ᠠᠯᠳᠤᠯᠭ᠎ᠠ᠂  ᠵᠥᠪᠯᠡᠯᠭᠡ᠂  ᠰᠠᠨᠠᠭᠤᠯᠭ᠎ᠠ ᠵᠢᠨ ᠵᠦᠢ᠍ᠯᠡᠰ᠎ᠢ 363  ᠰᠢᠢ᠍ᠳᠪᠦᠷᠢᠯᠡᠪᠡ᠃  ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠭᠦᠨᠵᠡᠭᠡᠶ᠋ᠢᠷᠡᠭᠦᠯᠵᠦ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠲᠤ 《ᠪᠦᠬᠦ ᠣᠷᠣᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠦᠷ᠎ᠡ ᠪᠦᠲᠦᠮᠵᠢ》 ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠵᠤ᠂  ᠲᠢᠩᠬᠢᠮ᠎ᠤᠨ ᠫᠣᠷᠲ᠋ᠧᠯ ᠰᠦᠯᠵᠢᠶᠡᠨ ᠳᠡᠭᠡᠷ᠎ᠡ ᠵᠠᠰᠠᠭ᠎ᠤᠨ ᠣᠷᠳᠣᠨ᠎ᠤ 371 ᠵᠤᠷᠪᠤᠰ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠵᠤ᠂  ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ 23  ᠬᠤᠪᠢ ᠬᠠᠤᠯᠢ ᠶᠣᠰᠣᠭ᠋ᠠᠷ ᠬᠠᠷᠢᠭᠤᠯᠲᠠ ᠥᠭᠪᠡ᠃  ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠬᠤ ᠪᠠ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠵᠦ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ 75  ᠬᠤᠪᠢ ᠳᠤᠷᠠᠳᠤᠯᠭ᠎ᠠ ᠵᠢ ᠰᠢᠢ᠍ᠳᠪᠦᠷᠢᠯᠡᠨ ᠳᠠᠭᠤᠰᠬᠠᠪᠠ᠃  ᠭᠤᠶᠤᠴᠢᠯᠠᠭᠳᠠᠭᠴᠢ ᠵᠢᠨ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠬᠡᠷᠡᠭ᠎ᠢ 1  ᠬᠤᠪᠢ ᠭᠦᠢ᠍ᠴᠡᠳᠬᠡᠵᠦ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠲᠣᠭᠲᠠᠭ᠋ᠠᠯ᠎ᠤᠨ ᠪᠢᠴᠢᠭ᠎ᠤᠨ ᠮᠠᠨ᠎ᠤ ᠲᠢᠩᠬᠢᠮ᠎ᠤᠨ ᠭᠠᠷᠭ᠋ᠠᠭᠰᠠᠨ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢ ᠬᠠᠮᠠᠭ᠋ᠠᠯᠠᠵᠤ᠂  ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠵᠦ ᠪᠤᠷᠤᠭᠤ ᠵᠢ ᠵᠠᠯᠠᠷᠠᠭᠤᠯᠬᠤ ᠬᠡᠷᠡᠭ ᠭᠠᠷᠤᠭᠰᠠᠨ ᠦᠭᠡᠢ᠃  ᠭᠤᠷᠪᠠ᠎ᠳᠤ᠂  ᠤᠰᠤᠨ ᠠᠰᠢᠭᠯᠠᠯᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠷᠭᠦᠯᠵᠢᠯᠡᠨ ᠰᠢᠯᠢᠳᠡᠭᠵᠢᠭᠦᠯᠪᠡ᠃ 《ᠤᠰᠤᠨ ᠠᠰᠢᠭᠯᠠᠯᠲᠠ ᠵᠢᠨ ᠬᠦᠷᠢᠶᠡᠨ᠎ᠳᠠᠬᠢ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢ᠍ᠯᠡᠴᠢᠯᠡᠭᠡᠨ᠎ᠤ ᠠᠵᠢᠯ᠎ᠤᠨ ᠲᠥᠰᠦᠯ》 ᠪᠠ 《ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠢᠨ 〈ᠤᠳᠠᠭ᠋ᠠᠨ〉᠎ᠢ ᠲᠠᠶ᠋ᠢᠯᠬᠤ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ》 ᠵᠢ ᠲᠣᠭᠲᠠᠭ᠋ᠠᠵᠤ᠂  ᠠᠶ᠋ᠢᠮᠠᠭ ᠬᠤᠲᠠ ᠠᠯᠤᠰᠯᠠᠭᠰᠠᠨ᠎ᠠᠴᠠ ᠭᠠᠳᠠᠨᠠᠬᠢ ᠳᠤᠮᠳᠠ ᠪᠠᠭ᠎ᠠ ᠭᠤᠤᠯ ᠮᠥᠷᠡᠨ᠎ᠢ ᠵᠠᠰᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠬᠢᠨᠠᠨ ᠵᠥᠪᠰᠢᠶᠡᠷᠡᠯ᠎ᠢ ᠠᠶ᠋ᠢᠮᠠᠭ ᠬᠤᠲᠠ᠎ᠳᠤ ᠪᠠᠭᠤᠯᠭ᠋ᠠᠨ ᠬᠡᠷᠡᠭᠵᠢᠭᠦᠯᠵᠦ᠂  ᠦᠶᠡᠷ᠎ᠤᠨ ᠤᠰᠤᠨ᠎ᠤ ᠨᠥᠯᠥᠭᠡ ᠵᠢ ᠦᠨᠡᠯᠡᠬᠦ ᠲᠥᠷᠥᠯ᠎ᠤᠨ ᠬᠢᠨᠠᠨ ᠵᠥᠪᠰᠢᠶᠡᠷᠡᠬᠦ᠂  ᠤᠰᠤᠨ ᠠᠰᠢᠭᠯᠠᠯᠲᠠ ᠵᠢᠨ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠢ ᠬᠢᠨᠠᠨ ᠵᠥᠪᠰᠢᠶᠡᠷᠡᠬᠦ 8  ᠵᠦᠢ᠍ᠯ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠭᠦᠢ᠍ᠴᠡᠳᠭᠡᠬᠦ ᠴᠠᠭ᠎ᠤᠨ ᠬᠢᠵᠠᠭ᠋ᠠᠷ᠎ᠢ ᠤᠯᠠᠮ ᠨᠢᠭᠡ ᠠᠯᠬᠤᠮ ᠪᠠᠭ᠋ᠠᠰᠬᠠᠵᠤ᠂  ᠳᠤᠮᠳᠠᠴᠢ᠎ᠪᠠᠷ 6  ᠠᠵᠢᠯᠯᠠᠬᠤ ᠬᠤᠭᠤᠴᠠᠭ᠎ᠠ ᠵᠢ ᠪᠣᠭᠤᠨᠢᠰᠬᠠᠵᠤ᠂  ᠬᠠᠮᠤᠭ᠎ᠤᠨ ᠣᠷᠳᠣ ᠬᠤᠭᠤᠴᠠᠭ᠎ᠠ ᠵᠢ 10 ᠠᠵᠢᠯᠯᠠᠬᠤ ᠡᠳᠦᠷ ᠪᠤᠭᠤᠨᠢᠰᠬᠠᠪᠠ᠃  ᠪᠥᠬᠦ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠪᠠᠷᠢᠮᠵᠢᠶᠠᠵᠢᠭᠤᠯᠤᠯᠲᠠ ᠵᠢ ᠪᠡᠶᠡᠯᠡᠭᠦᠯᠵᠦ᠂ 179  ᠵᠦᠢ᠍ᠯ᠂  ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ 61 ᠵᠦᠢ᠍ᠯ᠎ᠢ ᠨᠠᠶ᠋ᠢᠷᠠᠭᠤᠯᠤᠨ ᠵᠣᠬᠢᠶᠠᠵᠤ ᠨᠡᠶ᠋ᠢᠲᠡᠯᠡᠨ ᠬᠡᠷᠡᠭᠵᠢᠭᠦᠯᠵᠦ᠂  ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠬᠠᠮᠢᠶᠠᠷᠤᠯᠲᠠ ᠵᠢᠨ ᠰᠢᠰᠲ᠋ᠧᠮ ᠵᠢᠩᠬᠢᠨᠢ᠎ᠪᠠᠷ ᠠᠰᠢᠭᠯᠠᠯᠲᠠ᠎ᠳᠤ ᠣᠷᠣᠪᠠ᠃ 《ᠬᠣᠣᠰ ᠲᠤᠬᠢᠶᠠᠯᠳᠤᠮᠵᠢ ᠨᠢᠭᠡ       ᠢᠯᠡ》 ᠪᠠ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠡᠷᠭᠡ ᠲᠣᠭᠲᠠᠴᠠ ᠵᠢ ᠴᠢᠩᠭ᠋ᠠᠷᠠᠭᠤᠯᠵᠤ᠂ 10  ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠠ 7 ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠢᠨᠠᠨ ᠬᠠᠮᠢᠶᠠᠷᠬᠤ ᠨᠢᠭᠡᠴᠢ᠂  ᠬᠥᠬᠡᠭᠴᠢᠨ ᠲᠠᠰ᠎ᠤᠨ ᠶᠠᠰᠤ ᠴᠢᠨᠠᠷ᠎ᠢ ᠪᠠᠶ᠋ᠢᠴᠠᠭ᠋ᠠᠨ ᠰᠢᠯᠭ᠋ᠠᠬᠤ ᠨᠢᠭᠡᠴᠢ᠎ᠳᠤ 《ᠬᠣᠣᠰ ᠲᠤᠬᠢᠶᠠᠯᠳᠤᠮᠵᠢ ᠨᠢᠭᠡ ᠢᠯᠡ》 ᠵᠢᠨ ᠬᠢᠨᠠᠯᠲᠠ ᠪᠠᠶ᠋ᠢᠴᠠᠭ᠋ᠠᠯᠲᠠ ᠵᠢ ᠦᠷᠨᠢᠭᠦᠯᠦᠭᠰᠡᠨ ᠪᠠᠢ᠌ᠨ᠎ᠠ᠃   ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠮᠡᠳᠡᠭᠡ ᠵᠠᠩᠭᠢ ᠪᠠ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠠᠪᠴᠠᠩ᠎ᠨᠢ ᠠᠵᠢᠯ ᠡᠷᠭᠢᠯᠡᠭᠰᠡᠳ᠎ᠤᠨ 36283  ᠠᠵᠤ ᠠᠬᠤᠶ᠋ᠢᠯᠠᠯ᠂  ᠠᠵᠢᠯ ᠡᠷᠭᠢᠯᠡᠭᠰᠡᠳ᠎ᠤᠨ ᠮᠡᠳᠡᠭᠡ ᠵᠠᠩᠭᠢ ᠵᠢ 345642  ᠵᠤᠷᠪᠤᠰ ᠴᠤᠭᠯᠠᠭᠤᠯᠵᠤ᠂ 91  ᠵᠦᠢ᠍ᠯ᠎ᠤᠨ ᠢᠨᠵᠧᠨᠧᠷᠢᠩ᠎ᠤᠨ ᠲᠥᠷᠥᠯ ᠵᠦᠢ᠍ᠯ᠎ᠢ ᠵᠠᠷᠯᠠᠨ ᠨᠡᠶ᠋ᠢᠲᠡᠯᠡᠵᠦ᠂  ᠦᠨᠡᠨᠴᠢ ᠢᠲᠡᠭᠡᠮᠵᠢ ᠵᠢᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠦᠢ᠍ᠯᠡᠳᠦᠯ ᠴᠢᠳᠠᠪᠤᠷᠢ ᠵᠢ ᠴᠢᠩᠭ᠋ᠠᠷᠠᠭᠤᠯᠤᠨ᠂  ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠥᠪᠡᠷ᠎ᠢ᠎ᠪᠠᠨ ᠱᠠᠭ᠋ᠠᠷᠳᠠᠵᠤ ᠵᠢᠷᠤᠮᠵᠢᠭᠤᠯᠤᠨ ᠡᠵᠡᠩᠨᠡᠬᠦ ᠵᠢ ᠬᠥᠲᠥᠯᠦᠨ ᠵᠢᠯᠣᠭᠤᠳᠪᠠ᠃  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠲᠤᠷᠠᠨ ᠤᠰᠤ ᠠᠪᠴᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢ ᠦᠨᠡᠯᠡᠬᠦ ᠠᠵᠢᠯ᠎ᠤᠨ ᠲᠥᠰᠦᠯ᠎ᠢ ᠳᠠᠷᠤᠮᠠᠯᠯᠠᠨ ᠲᠠᠷᠬᠠᠭ᠋ᠠᠵᠤ᠂  ᠤᠰᠤ ᠠᠪᠴᠤ ᠬᠡᠷᠡᠭᠯᠡᠬᠦ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠠᠬᠢᠭᠤᠯᠤᠨ᠎ᠠ᠃  ᠤᠰᠤᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ 《ᠪᠦᠬᠦ ᠣᠷᠣᠨ᠎ᠳᠤ ᠨᠡᠶ᠋ᠢᠳᠡᠮ ᠭᠦᠢ᠍ᠴᠡᠳᠬᠡᠬᠦ》 ᠵᠢ ᠠᠬᠢᠭᠤᠯᠵᠤ᠂  ᠤᠰᠤ ᠠᠪᠬᠤ ᠵᠥᠪᠰᠢᠶᠡᠷᠡᠯ᠂  ᠦᠶᠡᠷ᠎ᠤᠨ ᠤᠰᠤ ᠵᠢ ᠦᠨᠡᠯᠡᠬᠦ ᠲᠦᠷᠦᠯ᠎ᠤᠨ ᠬᠢᠨᠠᠨ ᠵᠥᠪᠰᠢᠶᠡᠷᠡᠯ ᠵᠡᠷᠭᠡ 15  ᠵᠦᠢ᠍ᠯᠡᠰ᠎ᠢ ᠪᠦᠬᠦ ᠣᠷᠣᠨ᠎ᠳᠤ ᠣᠨᠳᠣᠣ ᠭᠠᠵᠠᠷ᠎ᠲᠤ ᠬᠦᠯᠢᠶᠡᠨ ᠠᠪᠴᠤ ᠰᠢᠢ᠍ᠳᠪᠦᠷᠢᠯᠡᠬᠦ ᠵᠢ ᠪᠡᠶᠡᠯᠡᠭᠦᠯᠵᠦ᠂  ᠠᠵᠤ ᠠᠬᠤᠶ᠋ᠢᠯᠠᠯ ᠪᠣᠯᠤᠨ ᠤᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠤᠯᠠᠨ ᠭᠠᠵᠠᠷ ᠭᠦᠶᠦᠬᠦ᠂  ᠪᠤᠴᠠᠵᠤ ᠭᠦᠶᠦᠬᠦ ᠠᠰᠠᠭᠤᠳᠠᠯ᠎ᠢ ᠰᠢᠢ᠍ᠳᠪᠦᠷᠢᠯᠡᠪᠡ᠃  ᠤᠰᠤᠨ ᠠᠰᠢᠭᠯᠠᠯᠲᠠ ᠵᠢᠨ ᠢᠨᠵᠸᠨ᠋ᠸᠷᠢᠩ ᠎ᠤᠨ ᠠᠵᠢᠯ ᠳᠠᠭᠤᠰᠤᠭᠰᠠᠨ᠎ᠢ ᠰᠢᠯᠭ᠋ᠠᠨ ᠠᠪᠬᠤ 《ᠥᠨᠳᠥᠷ ᠦᠷ᠎ᠡ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》 ᠵᠢ ᠳᠥᠯᠭᠢᠨ ᠠᠬᠢᠭᠤᠯᠵᠤ᠂  ᠰᠢᠯᠭ᠋ᠠᠨ ᠠᠪᠴᠤ ᠮᠡᠳᠡᠭᠦᠯᠦᠨ ᠳᠠᠩᠰᠠᠯᠠᠭᠤᠯᠬᠤ᠂  ᠲᠤᠰᠬᠠᠶ ᠵᠦᠢ᠍ᠯ ᠵᠶ᠋ᠠᠷ ᠰᠢᠯᠭ᠋ᠠᠨ ᠠᠪᠬᠤ ᠪᠠ ᠠᠵᠢᠯ ᠳᠠᠭᠤᠰᠤᠭᠰᠠᠨ᠎ᠢ ᠰᠢᠯᠭ᠋ᠠᠨ ᠠᠪᠬᠤ ᠵᠦᠢ᠍ᠯᠡᠰ᠎ᠢ 《ᠨᠢᠭᠡ ᠶᠠᠪᠤᠳᠠᠯ》 ᠪᠣᠯᠭ᠋ᠠᠨ ᠡᠮᠬᠢᠯᠡᠨ ᠨᠡᠶ᠋ᠢᠯᠡᠭᠦᠯᠵᠦ᠂ 《ᠨᠢᠭᠡ ᠤᠳᠠᠭ᠎ᠠ᠎ᠳᠤ ᠭᠤᠶᠤᠴᠢᠯᠠᠬᠤ᠂  ᠨᠡᠶ᠋ᠢᠯᠡᠭᠦᠯᠦᠨ ᠬᠠᠮᠲᠤᠷᠠᠨ ᠭᠦᠢ᠍ᠴᠡᠳᠬᠡᠬᠦ᠂  ᠬᠠᠮᠲᠤᠷᠠᠨ ᠰᠢᠯᠭ᠋ᠠᠨ ᠠᠪᠬᠤ》 ᠵᠢ ᠬᠡᠷᠡᠭᠵᠢᠭᠦᠯᠦᠨ᠂ 《ᠨᠢᠭᠡ ᠶᠠᠪᠤᠳᠠᠯ》᠎ᠤᠨ ᠰᠢᠰᠲ᠋ᠧᠮ᠎ᠢ ᠵᠢᠩᠬᠢᠨᠢ᠎ᠪᠠᠷ ᠠᠵᠢᠯᠯᠠᠭᠤᠯᠬᠤ ᠵᠢᠨ ᠬᠠᠮᠲᠤ ᠪᠣᠳᠠᠲᠠᠶ ᠤᠴᠢᠷ ᠶᠠᠪᠤᠳᠠᠯ᠎ᠢ ᠪᠣᠶ ᠪᠣᠯᠭ᠋ᠠᠨ᠎ᠠ᠃  ᠪᠥᠬᠦ ᠵᠢᠯ᠎ᠳᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 3688  ᠬᠤᠪᠢ ᠭᠦᠢ᠍ᠴᠡᠳᠬᠡᠵᠦ᠂  ᠪᠥᠬᠦ ᠵᠢᠯ᠎ᠤᠨ 《ᠰᠠᠶ᠋ᠢᠨ ᠮᠠᠭᠤ ᠦᠨᠡᠯᠡᠯᠲᠡ》 ᠵᠢᠨ ᠶᠡᠷᠦᠩᠬᠡᠢ ᠲᠤᠭ᠎ᠠ᠎ᠨᠢ 1299  ᠬᠤᠪᠢ ᠪᠠᠶ᠋ᠢᠵᠤ᠂  ᠰᠠᠶ᠋ᠢᠨ ᠦᠨᠡᠯᠡᠯᠲᠡ ᠵᠢᠨ ᠨᠣᠷᠮ᠎ᠠ᠎ᠨᠢ 100 %᠎ᠳᠤ ᠬᠦᠷᠴᠡᠢ᠃

   ᠭᠤᠷᠪᠠ᠂  ᠤᠰᠤᠨ᠎ᠤ ᠬᠠᠤᠯᠢ ᠲᠣᠭᠲᠠᠭ᠋ᠠᠯ᠎ᠤᠨ ᠳᠦᠷᠢᠮ᠎ᠤᠨ ᠲᠤᠭᠲᠠᠯᠴᠠᠭ᠎ᠠ ᠵᠢ ᠲᠡᠭᠦᠯᠳᠡᠷᠵᠢᠭᠦᠯᠪᠡ

   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠎ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ᠎ᠤ ᠤᠰᠤ ᠬᠦᠷᠦᠰᠦ ᠵᠢ ᠬᠠᠮᠠᠭ᠋ᠠᠯᠠᠬᠤ ᠲᠦᠷᠢᠮ᠂  ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠲᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ ᠪᠡᠶᠡᠯᠡᠭᠦᠯᠵᠦ᠂  ᠥᠪᠡᠷᠲᠡᠭᠡᠨ ᠵᠠᠰᠠᠬᠤ ᠣᠷᠣᠨ᠎ᠤ ᠤᠰᠤ ᠵᠢ ᠠᠷᠪᠢᠯᠠᠨ ᠬᠡᠷᠡᠭᠯᠡᠬᠦ ᠲᠦᠷᠢᠮ᠎ᠳᠤ ᠵᠠᠰᠠᠪᠤᠷᠢ ᠣᠷᠣᠭᠤᠯᠬᠤ᠂  ᠴᠤᠤᠯ ᠭᠤᠤᠯ᠎ᠤᠨ ᠤᠰᠤ ᠵᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢᠨ ᠲᠦᠷᠢᠮ᠎ᠤᠨ ᠬᠠᠤᠯᠢ ᠲᠣᠭᠲᠠᠭ᠋ᠠᠬᠤ ᠪᠠᠶ᠋ᠢᠴᠠᠭ᠋ᠠᠨ ᠰᠤᠳᠤᠯᠤᠯᠲᠠ ᠵᠢ ᠦᠷᠨᠢᠭᠦᠯᠪᠡ᠃  ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠪᠠᠷᠢᠮᠵᠢᠶᠠᠯᠠᠨ᠂  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ᠎ᠢ ᠪᠦᠷᠢᠨᠰᠢᠬᠦᠯᠵᠦ᠂  ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠷᠠᠭᠤᠯᠤᠨ᠂  ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠵᠤ᠂  ᠤᠰᠤᠨ ᠠᠰᠢᠭᠯᠠᠯᠲᠠ ᠵᠢᠨ ᠬᠦᠷᠢᠶᠡᠨ᠎ᠳᠠᠬᠢ ᠠᠮᠢ ᠠᠬᠤᠶ ᠵᠢᠨ ᠣᠷᠴᠢᠨ ᠲᠣᠭᠤᠷᠢᠨ᠎ᠤ ᠬᠤᠬᠢᠷᠠᠯ᠎ᠢ ᠲᠥᠯᠥᠬᠦ ᠵᠢᠯᠣᠭᠤᠳᠣᠯᠭ᠎ᠠ᠂  ᠤᠰᠤᠨ ᠴᠥᠭᠦᠷᠥᠮ᠎ᠤᠨ ᠣᠷᠣᠨ᠎ᠤ ᠬᠠᠮᠢᠶᠠᠷᠤᠯᠲᠠ᠂  ᠦᠢ᠍ᠯᠡᠳᠪᠦᠷᠢᠯᠡᠯ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠦᠷᠦᠰᠦ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ᠂  ᠤᠰᠤᠨ ᠠᠰᠢᠭᠯᠠᠯᠲᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠪᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠬᠠᠮᠢᠶᠠᠷᠤᠯᠲᠠ᠂  ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠡᠷᠭᠡ ᠠᠯᠢ ᠣᠯᠠᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂  ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠲᠦᠷᠢᠮ᠎ᠤᠨ ᠰᠠᠭᠤᠷᠢ ᠵᠢ ᠤᠯᠠᠮ ᠨᠢᠭᠡ ᠠᠯᠬᠤᠮ ᠪᠠᠬᠢᠵᠢᠭᠦᠯᠪᠡ᠃  ᠤᠰᠤᠨ ᠠᠰᠢᠭᠯᠠᠯᠲᠠ ᠵᠢᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠡᠷᠴᠢᠮ᠎ᠢ ᠴᠢᠩᠭ᠋ᠠᠷᠠᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠬᠠᠤᠯᠢ᠎ᠪᠠᠷ ᠵᠠᠰᠠᠬᠤ ᠰᠤᠳᠤᠯᠭ᠋ᠠᠨ》᠎ᠢ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠦ ᠵᠢᠨ ᠲᠥᠷᠥᠯ ᠵᠦᠢ᠍ᠯ᠎ᠳᠤ ᠣᠷᠣᠭᠤᠯᠵᠤ᠂ 《ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠬᠠᠤᠯᠢ᠎ᠪᠠᠷ ᠵᠠᠰᠠᠬᠤ ᠰᠤᠳᠤᠯᠭ᠋ᠠᠨ》 ᠪᠠ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠰᠤᠳᠤᠯᠭ᠋ᠠᠨ》᠎ᠤ ᠰᠡᠳᠦᠪ᠎ᠤᠨ ᠦᠷ᠎ᠡ ᠪᠦᠲᠦᠭᠡᠯ᠎ᠢ ᠤᠷᠤᠭᠰᠢᠲᠠᠶ ᠳᠠᠭᠤᠰᠬᠠᠪᠠ᠃

   ᠳᠥᠷᠪᠡ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠪᠡ

   ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠲᠠᠢ ᠬᠠᠮᠲᠤᠷᠠᠨ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠭᠰᠡᠨ ᠠᠬᠤᠶ ᠪᠠᠶ᠋ᠢᠳᠠᠯ ᠳᠣᠤᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠬᠢᠪᠠ᠃ 《ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ + ᠪᠠᠶ᠋ᠢᠴᠠᠭ᠋ᠠᠬᠤ ᠳᠠᠷᠤᠭ᠎ᠠ》 ᠵᠢᠨ ᠠᠵᠢᠯ᠎ᠤᠨ ᠲᠣᠭᠲᠠᠴᠠ ᠵᠢ ᠭᠦᠨᠵᠡᠭᠡᠶ᠋ᠢᠷᠡᠭᠦᠯᠵᠦ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ᠂  ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠲᠠᠢ ᠬᠤᠯᠪᠣᠭ᠋ᠠᠯᠠᠨ ᠭᠤᠣᠯ ᠮᠥᠷᠡᠨ ᠨᠠᠭᠤᠷ ᠴᠥᠭᠦᠷᠥᠮ᠎ᠢ ᠬᠠᠮᠢᠶᠠᠷᠴᠤ ᠬᠠᠮᠠᠭ᠋ᠠᠯᠠᠬᠤ 《ᠬᠠᠪᠤᠷ᠎ᠤᠨ ᠤᠯᠠᠷᠢᠯ》᠂ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠥᠷᠨᠢᠭᠦᠯᠵᠦ᠂  ᠰᠤᠩᠭ᠋ᠠᠷᠢ ᠮᠥᠷᠡᠨ ᠪᠤᠯᠤᠨ ᠯᠢᠶᠤᠤᠾᠸ ᠭᠤᠤᠯ ᠎ᠤᠨ ᠵᠦᠪᠯᠡᠯ᠎ᠲᠠᠢ ᠬᠤᠯᠪᠣᠭ᠋ᠠᠯᠠᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠲᠤᠰᠬᠠᠶ ᠵᠦᠢ᠍ᠯ᠎ᠤᠨ ᠠᠵᠢᠯᠯᠠᠭ᠎ᠠ ᠥᠷᠨᠢᠭᠦᠯᠵᠦ᠂  ᠪᠥᠬᠦ ᠣᠷᠣᠨ᠎ᠤ ᠪᠠᠶ᠋ᠢᠴᠠᠭ᠋ᠠᠬᠤ ᠠᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠵᠠᠷᠭᠤ ᠬᠢᠭᠡᠳ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠋ᠠᠨ᠎ᠤ 10  ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠪᠡ᠃  ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠤᠨ ᠵᠠᠳᠠᠯᠵᠤ ᠨᠡᠶ᠋ᠢᠲᠡᠯᠡᠬᠦ ᠲᠦᠷᠢᠮ᠎ᠢ ᠳᠠᠷᠤᠮᠠᠯᠯᠠᠨ ᠲᠠᠷᠬᠠᠭ᠋ᠠᠵᠤ᠂  ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢᠨ ᠵᠢᠱ᠌ᠢᠶ᠎ᠡ ᠦᠵᠡᠭᠦᠯᠵᠦ ᠵᠢᠯᠣᠭᠤᠳᠬᠤ ᠦᠢ᠍ᠯᠡᠳᠦᠯ᠎ᠢ ᠪᠠᠳᠠᠷᠠᠭᠤᠯᠤᠨ᠎ᠠ᠃  ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠲᠤᠰᠠᠯᠠᠬᠤ ᠰᠢᠰᠲ᠋ᠧᠮ᠎ᠢ ᠪᠠᠶ᠋ᠢᠭᠤᠯᠵᠤ᠂  ᠪᠥᠬᠦ ᠤᠯᠤᠰ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢᠨ ᠰᠢᠰᠲ᠋ᠧᠮ᠎ᠲᠠᠢ ᠵᠣᠯᠭ᠋ᠠᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ᠂  ᠬᠠᠤᠯᠢ ᠬᠡᠷᠡᠭᠵᠢᠭᠦᠯᠬᠦ ᠦᠨᠳᠦᠰᠦᠯᠡᠯ᠂  ᠲᠤᠬᠠᠶ᠋ᠢᠯᠠᠭᠰᠠᠨ ᠠᠵᠢᠯ᠎ᠤᠨ ᠴᠤᠪᠤᠷᠠᠯ ᠵᠡᠷᠭᠡ ᠵᠢᠷᠤᠮᠵᠢᠭᠰᠠᠨ ᠪᠠ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢ ᠴᠢᠩᠭ᠋ᠠᠷᠠᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠠᠭᠤᠯᠭ᠎ᠠ ᠵᠢ ᠰᠢᠭᠢᠳᠬᠡᠵᠦ᠂  ᠬᠠᠤᠯᠢ ᠬᠡᠷᠡᠭᠵᠢᠭᠦᠯᠬᠦ ᠠᠵᠢᠯᠲᠠᠨ᠎ᠳᠤ ᠨᠠᠷᠢᠯᠢᠭ ᠣᠨᠣᠴᠠᠲᠠᠶ ᠵᠢᠯᠣᠭᠤᠳᠤᠮᠵᠢ ᠬᠠᠩᠭ᠋ᠠᠨ᠎ᠠ᠃  ᠤᠰᠤᠨ᠎ᠤ ᠡᠬᠢ ᠪᠠᠶᠠᠯᠢᠭ ᠠᠮᠢ ᠠᠬᠤᠶ ᠤᠰᠤᠨ᠎ᠤ ᠣᠷᠴᠢᠨ ᠲᠣᠭᠤᠷᠢᠨ᠎ᠤ ᠬᠠᠮᠠᠭ᠋ᠠᠯᠠᠯᠲᠠ᠂  ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂  ᠢᠨᠵᠧᠨᠧᠷᠢᠩ᠎ᠤᠨ ᠠᠮᠤᠷ ᠲᠦᠪᠰᠢᠨ ᠵᠢᠴᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ ᠵᠡᠷᠭᠡ ᠣᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠬᠤ ᠭᠤᠤᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂  ᠪᠥᠬᠦ ᠵᠢᠯ᠎ᠳᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ 20.2  ᠲᠦᠮᠡᠨ ᠺᠢᠯᠤᠮᠸᠲᠷ᠎ᠤᠨ ᠭᠤᠣᠯ᠎ᠤᠨ ᠵᠠᠮ᠎ᠢ ᠲᠣᠭᠤᠷᠢᠨ ᠪᠠᠶ᠋ᠢᠴᠠᠭ᠋ᠠᠵᠤ᠂  ᠤᠰᠤᠨ ᠣᠷᠣᠨ᠎ᠤ ᠲᠠᠯᠠᠪᠠᠶ ᠵᠢ 16.4  ᠲᠦᠮᠡᠨ ᠲᠡᠭᠰᠢ ᠳᠥᠷᠪᠡᠯᠵᠢᠨ ᠺᠢᠯᠤᠮᠸᠲᠷ ᠲᠣᠭᠤᠷᠢᠨ ᠪᠠᠶ᠋ᠢᠴᠠᠭ᠋ᠠᠵᠤ᠂  ᠬᠠᠤᠯᠢ ᠬᠡᠷᠡᠭᠵᠢᠭᠦᠯᠬᠦ ᠠᠵᠢᠯᠲᠠᠨ᠎ᠢ 7.1  ᠲᠦᠮᠡᠨ ᠬᠥᠮᠦᠨ ᠤᠳᠠᠭ᠎ᠠ ᠬᠥᠳᠡᠯᠭᠡᠵᠦ᠂  ᠬᠠᠤᠯᠢ ᠬᠡᠷᠡᠭᠵᠢᠭᠦᠯᠬᠦ ᠲᠡᠷᠭᠡ ᠬᠥᠰᠬᠡ ᠵᠢ 1.5  ᠲᠦᠮᠡᠨ ᠬᠥᠮᠦᠨ ᠤᠳᠠᠭ᠎ᠠ ᠬᠥᠳᠡᠯᠭᠡᠵᠦ᠂  ᠬᠠᠤᠯᠢ᠎ᠠᠴᠠ ᠵᠥᠷᠢᠴᠡᠭᠰᠡᠨ 325  ᠬᠡᠷᠡᠭ᠎ᠢ ᠲᠤᠬᠠᠶ ᠵᠢᠨ ᠲᠠᠯᠠᠪᠠᠶ᠎ᠳᠤ ᠬᠤᠷᠢᠭᠯᠠᠨ ᠵᠣᠭᠰᠣᠭ᠋ᠠᠵᠤ᠂  ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ 325  ᠬᠡᠷᠡᠭ᠎ᠢ ᠬᠡᠷᠡᠭ ᠪᠣᠯᠭ᠋ᠠᠨ ᠳᠡᠩᠰᠡᠯᠡᠵᠦ ᠪᠠᠶ᠋ᠢᠴᠠᠭ᠋ᠠᠨ ᠰᠢᠢ᠍ᠳᠪᠦᠷᠢᠯᠡᠵᠦ᠂ 2384  ᠲᠦᠮᠡᠨ ᠲᠥᠭᠦᠷᠢᠭ᠎ᠤᠨ ᠬᠠᠤᠯᠢ ᠪᠤᠰᠤ ᠣᠯᠵᠠᠪᠤᠷᠢ ᠵᠢ ᠬᠤᠷᠢᠶᠠᠨ ᠠᠪᠴᠤ᠂  ᠰᠠᠶ᠋ᠢᠨ ᠰᠠᠶ᠋ᠢᠬᠠᠨ ᠤᠰᠤᠨ᠎ᠤ ᠶᠠᠪᠤᠳᠠᠯ᠎ᠤᠨ ᠡᠮᠬᠢ ᠳᠢᠭᠯᠢᠮ᠎ᠢ ᠬᠦᠴᠦᠲᠡᠶ ᠬᠠᠮᠠᠭ᠋ᠠᠯᠠᠪᠠ᠃

   ᠲᠠᠪᠤ᠂  ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠪᠠ

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠤᠳᠤᠷᠢᠳᠬᠤ ᠺᠠᠳ᠋ᠷ ᠮᠡᠳᠡᠪᠡᠯ ᠵᠣᠬᠢᠬᠤ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠤᠯᠤᠰ᠎ᠤᠨ ᠬᠠᠤᠯᠢ ᠴᠠᠭ᠋ᠠᠵᠠ ᠵᠢᠨ ᠨᠠᠷᠢᠨ ᠬᠠᠭᠤᠳᠠᠰᠤ ᠵᠢ ᠳᠠᠷᠤᠮᠠᠯᠯᠠᠨ ᠲᠠᠷᠬᠠᠭ᠋ᠠᠵᠤ᠂  ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ ᠵᠢᠨ ᠲᠤᠰᠬᠠᠶ ᠰᠡᠳᠦᠪᠲᠦ ᠲᠠᠶ᠋ᠢᠯᠤᠮᠵᠢ ᠵᠢ ᠡᠷᠭᠢᠯᠡᠵᠦ᠂  ᠤᠰᠤ ᠵᠢ ᠠᠷᠪᠢᠯᠠᠨ ᠬᠡᠷᠡᠭᠯᠡᠬᠦ ᠲᠦᠷᠢᠮ᠎ᠤᠨ ᠰᠦᠯᠵᠢᠶᠡᠨ᠎ᠤ ᠰᠡᠳᠦᠪ ᠬᠠᠷᠢᠭᠤᠯᠬᠤ ᠪᠠ ᠰᠦᠯᠵᠢᠶᠡᠨ ᠳᠡᠭᠡᠷ᠎ᠡ ᠸᠢᠳᠢᠤ᠋᠎ᠪᠠᠷ ᠲᠠᠶ᠋ᠢᠯᠪᠤᠷᠢᠯᠠᠬᠤ ᠠᠵᠢᠯᠯᠠᠭ᠎ᠠ ᠵᠢ ᠦᠷᠨᠢᠭᠦᠯᠪᠡ᠃ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠂  ᠤᠯᠤᠰ᠎ᠤᠨ ᠦᠨᠳᠦᠰᠦᠨ ᠬᠠᠤᠯᠢ ᠵᠢᠨ ᠡᠳᠦᠷ ᠵᠢᠴᠢ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ ᠵᠡᠷᠭᠡ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂  ᠥᠪᠥᠷ ᠮᠣᠩᠭᠤᠯ᠎ᠤᠨ ᠶᠡᠭᠡ ᠰᠤᠷᠭ᠋ᠠᠭᠤᠯᠢ᠂  ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ᠂  ᠦᠴᠤᠸᠠᠨ ᠰᠢᠶᠠᠨ᠂  ᠲᠦᠮᠡᠳ ᠪᠠᠷᠠᠭᠤᠨ ᠬᠤᠰᠢᠭᠤ᠂  ᠤᠯᠠᠭ᠋ᠠᠨᠴᠠᠪ ᠬᠤᠲᠠ ᠵᠢᠨ ᠴᠠᠬᠠᠷ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠲᠤ ᠭᠦᠨᠵᠡᠭᠡᠶ᠋ᠢᠷᠡᠨ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ᠂  ᠤᠰᠤ ᠵᠢ ᠠᠷᠪᠢᠯᠠᠨ ᠬᠡᠷᠡᠭᠯᠡᠬᠦ ᠲᠦᠷᠢᠮ ᠵᠢᠴᠢ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ᠂  ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ ᠵᠡᠷᠭᠡ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠥᠷᠨᠢᠭᠦᠯᠪᠡ᠃  ᠰᠣᠨᠢᠨ ᠮᠡᠳᠡᠭᠡᠨ᠎ᠤ ᠵᠠᠭᠤᠴᠢᠯᠠᠭᠤᠷ᠎ᠯᠤᠭ᠎ᠠ ᠭᠦᠨᠵᠡᠭᠡᠶ ᠬᠠᠮᠲᠤᠷᠠᠯᠴᠠᠵᠤ᠂  ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠰᠣᠨᠢᠨ ᠮᠡᠳᠡᠭᠡᠨ᠎ᠤ ᠨᠢᠭᠡᠴᠢ ᠪᠣᠯᠤᠨ ᠥᠪᠡᠷᠲᠡᠭᠡᠨ ᠵᠠᠰᠠᠬᠤ ᠣᠷᠣᠨ᠎ᠤ ᠭᠤᠤᠯ ᠵᠠᠭᠤᠴᠢᠯᠠᠭᠤᠷ᠎ᠯᠤᠭ᠎ᠠ ᠵᠣᠬᠢᠴᠠᠭᠤᠯᠤᠨ 90  ᠭᠠᠷᠤᠶ ᠤᠬᠠᠭᠤᠯᠭ᠎ᠠ ᠵᠢᠨ ᠡᠬᠡ ᠨᠣᠤᠷᠠᠭ᠎ᠢ ᠨᠡᠪᠲᠡᠷᠡᠭᠦᠯᠵᠦ᠂  ᠥᠪᠥᠷ ᠮᠣᠩᠭᠤᠯ᠎ᠤᠨ ᠡᠳᠦᠷ᠎ᠤᠨ ᠰᠣᠨᠢᠨ᠎ᠳᠤ 《ᠬᠠᠤᠯᠢ᠎ᠪᠠᠷ ᠵᠠᠰᠠᠬᠤ ᠬᠤᠷᠴᠠ ᠰᠡᠯᠡᠮ᠎ᠡ᠎ᠪᠠᠷ ᠡᠬᠡ ᠤᠯᠤᠰ᠎ᠤᠨ ᠤᠮᠠᠷᠠᠲᠤ ᠵᠢᠨ ᠤᠰᠤᠨ᠎ᠤ ᠠᠮᠤᠷ ᠲᠦᠪᠰᠢᠨ᠎ᠢ ᠬᠠᠮᠠᠭ᠋ᠠᠯᠠᠶ᠎ᠠ》᠂ 《ᠤᠰᠤᠨ ᠠᠰᠢᠭᠯᠠᠯᠲᠠ ᠵᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠦᠷᠭᠦᠯᠵᠢᠯᠡᠨ ᠠᠬᠢᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠦᠷᠭᠦᠯᠵᠢᠯᠡᠨ ᠠᠬᠢᠭᠤᠯᠬᠤ》 ᠵᠡᠷᠭᠡ ᠭᠤᠤᠯᠳᠠᠯᠭ᠎ᠠ᠎ᠲᠠᠢ ᠤᠬᠠᠭᠤᠯᠭ᠎ᠠ ᠵᠢᠨ ᠵᠣᠬᠢᠶᠠᠯ᠎ᠢ ᠨᠡᠶ᠋ᠢᠲᠡᠯᠡᠪᠡ᠃ 《ᠤᠮᠠᠷᠠᠲᠤ ᠬᠢᠯᠢ ᠵᠢᠨ ᠤᠰᠤ · ᠬᠠᠤᠯᠢ》 ᠵᠢᠨ ᠬᠠᠤᠯᠢ ᠲᠦᠭᠡᠮᠡᠯᠵᠢᠭᠦᠯᠬᠦ ᠸᠢᠴᠠᠲ᠎ᠤᠨ ᠵᠢᠵᠢᠭ ᠫᠷᠤᠭ᠌ᠷᠠᠮ᠎ᠢ ᠨᠡᠭᠡᠭᠡᠨ ᠬᠥᠭᠵᠢᠭᠦᠯᠵᠦ ᠠᠰᠢᠭᠯᠠᠯᠲᠠ᠎ᠳᠤ ᠣᠷᠣᠭᠤᠯᠵᠤ᠂  ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠳᠥᠭᠦᠮ ᠳᠥᠲᠡ ᠥᠨᠳᠥᠷ ᠪᠦᠲᠦᠮᠵᠢᠲᠡᠶ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠢ ᠪᠣᠶ ᠪᠣᠯᠭ᠋ᠠᠪᠠ᠃  ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ᠎ᠤᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠵᠤ᠂  ᠬᠠᠲᠤᠨ ᠭᠤᠤᠯ᠎ᠤᠨ ᠳᠡᠭᠡᠳᠦ ᠳᠤᠮᠳᠠ ᠤᠷᠤᠰᠬᠠᠯ᠎ᠤᠨ ᠵᠠᠭ᠋ᠠᠭ ᠴᠡᠭ᠎ᠲᠤ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠣᠶᠣᠯ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠪᠠᠶ᠋ᠢᠭᠤᠯᠤᠨ᠎ᠠ᠃ 《ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ ᠥᠪᠥᠷ ᠮᠣᠩᠭᠤᠯ᠎ᠳᠤ ᠤᠷᠤᠬᠤ》᠎ᠨᠢ ᠬᠤᠶᠠᠳᠤᠭ᠋ᠠᠷ ᠬᠤᠭᠤᠴᠠᠭ᠋ᠠᠨ᠎ᠤ 《ᠬᠥᠮᠦᠨ · ᠤᠰᠤ · ᠬᠠᠤᠯᠢ》 ᠵᠢᠨ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠣᠬᠤᠷ ᠸᠢᠳᠢᠣ᠋ ᠵᠢᠨ ᠪᠦᠲᠦᠭᠡᠯ᠎ᠢ ᠴᠤᠭᠯᠠᠭᠤᠯᠬᠤ ᠠᠵᠢᠯᠯᠠᠭ᠎ᠠ ᠵᠢᠨ ᠪᠥᠬᠦ ᠤᠯᠤᠰ᠎ᠤᠨ ᠳᠡᠯᠭᠡᠨ ᠦᠵᠡᠭᠦᠯᠭᠡ ᠵᠢᠨ ᠪᠦᠲᠦᠭᠡᠯ᠎ᠳᠤ ᠰᠤᠩᠭᠤᠭᠳᠠᠪᠠ᠃  ᠤᠰᠤᠨ ᠠᠰᠢᠭᠯᠠᠯᠲᠠ ᠵᠢᠨ 《ᠨᠠᠢ᠍ᠮᠠᠨ ᠰᠠᠷ᠎ᠠ ᠵᠢᠨ ᠲᠠᠪᠤᠨ》᠎ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠣᠬᠤᠷ ᠸᠢᠳᠢᠣ᠋᠎ᠨᠢ ᠬᠤᠶᠠᠳᠤᠭ᠋ᠠᠷ ᠬᠤᠭᠤᠴᠠᠭ᠋ᠠᠨ᠎ᠤ ᠪᠥᠬᠦ ᠣᠷᠣᠨ᠎ᠤ 《ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠪᠠᠳᠠᠷᠠᠭᠤᠯᠤᠨ ᠠᠷᠠᠳ ᠢᠷᠭᠡᠳ᠎ᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ》 ᠬᠠᠤᠯᠢ᠎ᠪᠠᠷ ᠵᠠᠰᠠᠬᠤ ᠤᠳᠬ᠎ᠠ ᠤᠷᠠᠯᠢᠭ᠎ᠤᠨ ᠰᠢᠯᠢᠳᠡᠭ ᠪᠦᠲᠦᠭᠡᠯ᠎ᠢ ᠡᠯᠰᠡᠨ ᠴᠤᠭᠯᠠᠭᠤᠯᠵᠤ ᠰᠢᠯᠭ᠋ᠠᠷᠠᠭᠤᠯᠬᠤ ᠠᠵᠢᠯᠯᠠᠭ᠎ᠠ ᠵᠢᠨ ᠬᠤᠶᠠᠳᠤᠭ᠋ᠠᠷ ᠳᠡᠰ᠎ᠤᠨ ᠱᠠᠩᠨᠠᠯ᠎ᠢ ᠬᠦᠷᠲᠡᠪᠡ᠃

  2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠴᠦᠰ᠎ᠤᠨ ᠵᠢᠯ ᠮᠥᠨ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ᠎ᠳᠤ ᠰᠠᠶ᠋ᠢᠨ ᠰᠠᠭᠤᠷᠢ ᠵᠢ ᠲᠠᠯᠪᠢᠬᠤ ᠵᠠᠩᠭᠢᠯᠠᠭ᠎ᠠ ᠵᠢᠨ ᠵᠢᠯ ᠮᠥᠨ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂  ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ᠎ᠢ ᠪᠠᠷᠢᠮᠲᠠᠯᠠᠵᠤ᠂  ᠤᠰᠤ ᠭᠠᠩ ᠬᠠᠭᠰᠠᠷᠠᠭ᠋ᠠᠨ᠎ᠤ ᠭᠠᠮᠰᠢᠭ᠎ᠢ ᠰᠡᠷᠭᠡᠶ᠋ᠢᠯᠡᠬᠦ᠂  ᠤᠰᠤᠨ ᠰᠦᠯᠵᠢᠶᠡᠨ᠎ᠤ ᠪᠥᠲᠥᠭᠡᠨ ᠪᠠᠶ᠋ᠢᠭᠤᠯᠤᠯᠲᠠ᠂  ᠤᠰᠤᠨ᠎ᠤ ᠡᠬᠢ ᠪᠠᠶᠠᠯᠢᠭ᠎ᠢ ᠠᠷᠪᠢᠯᠠᠨ ᠭᠠᠮᠨᠠᠵᠤ ᠬᠠᠮᠢᠶᠠᠷᠬᠤ᠂  ᠭᠤᠤᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ᠂  ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ᠂  ᠤᠰᠤ ᠬᠦᠷᠦᠰᠦ ᠵᠢ ᠬᠠᠮᠠᠭ᠋ᠠᠯᠠᠬᠤ ᠵᠡᠷᠭᠡ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠪᠥᠬᠦ ᠲᠠᠯ᠎ᠠ᠎ᠪᠠᠷ ᠭᠦᠢ᠍ᠴᠡᠳᠭᠡᠵᠦ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠵᠤ᠂  ᠬᠠᠤᠯᠢ᠎ᠪᠠᠷ ᠵᠠᠰᠠᠬᠤ ᠵᠠᠮ ᠵᠶ᠋ᠠᠷ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠬᠠᠭᠤᠳᠠᠰᠤ ᠵᠢ ᠪᠢᠴᠢᠭᠯᠡᠬᠦ᠎ᠳᠤ ᠤᠰᠤᠨ᠎ᠤ ᠠᠮᠤᠷ ᠲᠦᠪᠰᠢᠨ᠎ᠤ ᠬᠦᠴᠦᠳᠦ ᠪᠠᠲᠤᠯᠠᠭ᠎ᠠ ᠬᠠᠩᠭ᠋ᠠᠨ᠎ᠠ᠃

 

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ (2025 — 2027 ᠣᠨ)᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠤᠩᠭᠤᠬᠤ᠎ᠪᠠᠷ ᠵᠢᠱ᠌ᠢᠭᠳᠡᠭᠰᠡᠳ᠎ᠤᠨ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠬᠥᠯᠥᠨ ᠪᠣᠢ᠌ᠷ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠭᠡᠬᠦ ᠪᠠᠢ᠌ᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
 
            