ᠡᠯ᠎ᠡ ᠬᠤᠯᠪᠣᠭᠳᠠᠯ ᠪᠦᠬᠦᠢ ᠨᠢᠭᠡᠴᠢ᠄
ᠠᠶᠤᠯ ᠦᠭᠡᠶ ᠦᠢ᠍ᠯᠡᠳᠪᠦᠷᠢᠯᠡᠯ᠎ᠤᠨ ᠲᠤᠬᠠᠶ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠲᠤᠰᠢᠶᠠᠯ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠶ ᠦᠢ᠍ᠯᠡᠳᠪᠦᠷᠢᠯᠡᠯ᠎ᠤᠨ ᠦᠵᠡᠯ ᠤᠬᠠᠮᠰᠠᠷ ᠬᠢᠭᠡᠳ ᠲᠤᠰᠬᠠᠶ ᠮᠡᠷᠭᠡᠵᠢᠯ᠎ᠤᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠤᠰᠠᠳᠠ᠂ ᠰᠤᠳᠤᠯᠤᠨ ᠲᠣᠭᠲᠠᠭ᠋ᠠᠭ᠋ᠠᠳ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠲᠤᠰᠢᠶᠠᠯᠲᠤ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠶ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠰᠡᠳᠦᠪ᠎ᠤᠨ ᠬᠥᠮᠥᠷᠭᠡ ᠵᠢ ᠡᠬᠢᠯᠡᠵᠦ ᠬᠡᠷᠡᠭᠯᠡᠬᠦ᠎ᠪᠠᠷ ᠲᠣᠭᠲᠠᠭ᠋ᠠᠪᠠ᠃
ᠲᠣᠰ ᠰᠡᠳᠦᠪ᠎ᠤᠨ ᠬᠥᠮᠥᠷᠭᠡ᠎ᠨᠢ 《ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠬᠥᠲᠥᠯᠪᠦᠷᠢ》 (ᠠᠯᠪᠠᠨ ᠬᠢᠨᠠᠯᠲᠠ ᠲᠠᠯᠪᠢᠬᠤ ᠵᠠᠬᠢᠳᠠᠯ [2023] 718 ᠳ᠋ᠤᠭ᠋ᠠᠷ ᠲᠣᠭ᠋ᠠᠲᠤ)᠎ᠤᠨ ᠶᠣᠰᠣᠭ᠋ᠠᠷ ᠨᠠᠶ᠋ᠢᠷᠠᠭᠤᠯᠤᠨ ᠵᠣᠬᠢᠶᠠᠪᠠ᠃ ᠰᠡᠳᠦᠪ᠎ᠤᠨ ᠬᠡᠯᠪᠡᠷᠢ᠎ᠨᠢ ᠭᠠᠭᠴᠠ ᠬᠠᠷᠢᠭᠤ᠎ᠲᠠᠢ ᠰᠣᠩᠭᠣᠬᠤ ᠰᠡᠳᠦᠪ᠂ ᠣᠯᠠᠨ ᠬᠠᠷᠢᠭᠤ᠎ᠲᠠᠢ ᠰᠣᠩᠭᠣᠬᠤ ᠰᠡᠳᠦᠪ᠂ ᠮᠠᠭ᠋ᠠᠳᠯᠠᠬᠤ ᠰᠡᠳᠦᠪ ᠪᠠᠭᠲᠠᠨ᠎ᠠ᠂ ᠨᠡᠶ᠋ᠢᠲᠡ 3100 ᠰᠡᠳᠦᠪ ᠪᠣᠯᠤᠨ᠎ᠠ᠃ ᠡᠭᠦᠨ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠲᠦᠷᠦ ᠵᠢᠨ ᠪᠤᠳᠤᠯᠭ᠎ᠠ ᠵᠢᠨ ᠰᠢᠯᠭ᠋ᠠᠯᠲᠠ ᠵᠢᠨ ᠰᠡᠳᠦᠪ 1061 ᠪᠠᠶ᠋ᠢᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠮᠡᠷᠭᠡᠵᠢᠯ᠎ᠤᠨ ᠰᠢᠯᠭ᠋ᠠᠯᠲᠠ ᠵᠢᠨ ᠰᠡᠳᠦᠪ 1001 ᠪᠠᠶ᠋ᠢᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠦᠨᠳᠦᠰᠦᠨ ᠮᠡᠳᠡᠯᠭᠡ ᠵᠢᠨ ᠰᠢᠯᠭ᠋ᠠᠯᠲᠠ ᠵᠢᠨ ᠰᠡᠳᠦᠪ 334 ᠪᠠᠶ᠋ᠢᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠰᠢᠯᠭ᠋ᠠᠯᠲᠠ ᠵᠢᠨ ᠰᠡᠳᠦᠪ 704 ᠪᠤᠢ᠃ ᠰᠢᠯᠭ᠋ᠠᠯᠲᠠ ᠵᠢᠨ ᠬᠠᠭᠤᠳᠠᠰᠤ ᠵᠢᠨ 80% ᠰᠢᠯᠭ᠋ᠠᠯᠲᠠ ᠵᠢᠨ ᠰᠡᠳᠦᠪ᠎ᠢ ᠰᠡᠳᠦᠪ᠎ᠤᠨ ᠬᠥᠮᠥᠷᠭᠡ᠎ᠠᠴᠠ ᠰᠤᠭᠤᠯᠵᠤ ᠠᠪᠴᠤ ᠪᠣᠯᠣᠨ᠎ᠠ᠃
ᠲᠣᠰ ᠰᠡᠳᠦᠪ᠎ᠤᠨ ᠬᠥᠮᠥᠷᠭᠡ ᠵᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠰᠦᠯᠵᠢᠶ᠎ᠡ (https://slt.nmg.gov.cn/) ᠪᠠ ᠸᠢᠴᠠᠲ᠎ᠤᠨ ᠤᠯᠠᠨ ᠨᠡᠢ᠌ᠲᠡ ᠵᠢᠨ ᠲᠠᠪᠴᠠᠩ ᠵᠶ᠋ᠠᠷ ᠳᠠᠮᠵᠢᠭᠤᠯᠤᠨ 《ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ》 ᠵᠢ ᠰᠦᠢ᠍ᠳᠬᠡᠯ ᠬᠤᠷᠢᠶᠠᠬᠤ ᠥᠬᠡᠶ᠎ᠪᠠᠷ ᠪᠠᠭᠤᠯᠭ᠋ᠠᠨ ᠠᠪᠴᠤ ᠪᠣᠯᠤᠨ᠎ᠠ᠃
ᠰᠡᠳᠦᠪ᠎ᠤᠨ ᠬᠥᠮᠥᠷᠭᠡ ᠵᠢ ᠬᠡᠷᠡᠭᠯᠡᠬᠦ ᠶᠠᠪᠤᠴᠠ᠎ᠳᠤ᠂ ᠬᠡᠷᠪᠡ ᠶᠠᠮᠠᠷ ᠨᠢᠭᠡᠨ ᠠᠰᠠᠭᠤᠯᠲᠠ ᠪᠤᠶᠤ ᠰᠠᠨᠠᠭᠤᠯᠭ᠎ᠠ ᠪᠠᠢ᠌ᠪᠠᠯ᠂ ᠴᠠᠭ ᠲᠤᠬᠠᠢᠳᠤᠨᠢ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠲᠠᠢ ᠬᠠᠷᠢᠯᠴᠠᠭ᠋ᠠᠷᠠᠢ᠃
ᠬᠠᠷᠢᠯᠴᠠᠬᠤ ᠠᠷᠭ᠎ᠠ ᠬᠡᠯᠪᠡᠷᠢ᠄
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠳᠤ ᠬᠢᠨᠠᠯᠲᠠ ᠲᠠᠯᠪᠢᠬᠤ ᠦᠢᠯᠡᠴᠢᠯᠡᠭᠡᠨ᠎ᠤ ᠲᠥᠪ᠄ ᠶᠠᠩ ᠢᠦᠶ ᠬᠤᠸᠠ (0471) 5259319
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ᠄ ᠴᠧᠩ ᠬᠤᠤ (0471) 5259449
ᠢᠮᠧᠯ᠄ nmgzjz23456@163.com