ᠠᠵᠤ ᠠᠬᠤᠢᠯᠠᠯ᠎ᠳᠤ ᠬᠤᠯᠪᠣᠭ᠍ᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠲᠤᠰᠭᠠᠶ ᠠᠵᠢᠯᠯᠠᠭ᠎ᠠ᠎ᠶ᠋ᠢ ᠥᠷᠨᠢᠭᠦᠯᠬᠦ᠌ ᠲᠤᠬᠠᠶ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠶ ᠪᠠᠢᠷᠢᠯᠠᠭᠤᠯᠤᠯᠲᠠ᠎ᠶ᠋ᠢ ᠦᠨᠳᠦᠰᠦᠯᠡᠨ᠂ ᠣᠲᠣ ᠨᠡᠢᠭᠡᠮ᠎ᠳᠤ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠤᠰᠤᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠲᠣᠪᠤᠢᠮ᠎ᠠ ᠠᠰᠠᠭᠤᠳᠠᠯ᠎ᠤᠨ ᠰᠦᠪᠡᠭ᠌ᠴᠢ᠎ᠶ᠋ᠢ ᠴᠤᠭ᠍ᠯᠠᠭᠤᠯᠪᠠ᠃ ᠬᠡᠷᠪᠡ ᠠᠵᠤ ᠠᠬᠤᠢᠯᠠᠯ᠎ᠤᠨ ᠤᠰᠤᠨ᠎ᠳᠤ ᠬᠤᠯᠪᠣᠭ᠍ᠳᠠᠭ᠍ᠰᠠᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠲᠣᠪᠤᠢᠮ᠎ᠠ ᠠᠰᠠᠭᠤᠳᠠᠯ᠎ᠤᠨ ᠪᠠᠢᠳᠠᠯ᠎ᠲᠠᠢ ᠭᠡᠵᠦ᠍ ᠦᠵᠡᠪᠡᠯ᠂ 2025 ᠣᠨ᠎ᠤ 9 ᠳ᠋ᠦ᠍ᠭᠡᠷ ᠰᠠᠷ᠎ᠠ᠎ᠶ᠋ᠢᠨ 10 ᠤ ᠡᠳᠦᠷ᠎ᠠᠴᠠ ᠡᠮᠦᠨ᠎ᠡ ᠢᠯᠡᠴᠢᠯᠡᠨ ᠮᠡᠳᠡᠭᠦᠯᠬᠦ᠌ ᠤᠲᠠᠰᠤ ᠤᠲᠠᠰᠤᠳᠠᠬᠤ ᠪᠤᠶᠤ ᠡᠯᠧᠺᠲᠷᠣᠨ ᠱᠢᠤᠳᠠᠨ ᠢᠯᠡᠭᠡᠬᠦ᠌᠎ᠪᠠᠷ ᠳᠠᠮᠵᠢᠭᠤᠯᠤᠨ᠂ ᠮᠠᠨ᠎ᠤ ᠲᠢᠩᠬᠢᠮ᠎ᠳᠤ ᠠᠰᠠᠭᠤᠳᠠᠯ᠎ᠢ ᠲᠤᠰᠭᠠᠵᠤ ᠪᠣᠯᠤᠨ᠎ᠠ᠄
ᠨᠢᠭᠡ᠂ 《ᠳᠤᠷ᠎ᠠ᠎ᠪᠠᠷ᠎ᠢᠶᠠᠨ ᠰᠦᠢᠳᠭᠡᠯ ᠬᠤᠷᠢᠶᠠᠬᠤ ᠂ ᠳᠤᠷ᠎ᠠ᠎ᠪᠠᠷ᠎ᠢᠶᠠᠨ ᠵᠣᠭᠣᠰ ᠲᠣᠷᠭᠠᠬᠤ ᠂ ᠳᠤᠷ᠎ᠠ᠎ᠪᠠᠷ᠎ᠢᠶᠠᠨ ᠪᠠᠢᠴᠠᠭᠠᠬᠤ᠂ ᠳᠤᠷ᠎ᠠ᠎ᠪᠠᠷ᠎ᠢᠶᠠᠨ ᠪᠠᠢᠴᠠᠭᠠᠨ ᠪᠢᠲᠡᠭᠦᠮᠵᠢᠯᠡᠬᠦ᠌》 ᠦᠢᠯᠡ ᠠᠵᠢᠯᠯᠠᠭ᠎ᠠ ᠃ ᠲᠣᠭ᠍ᠲᠠᠭᠠᠯ᠎ᠠᠴᠠ ᠵᠥᠷᠢᠴᠡᠨ ᠰᠦᠢᠳᠭᠡᠯ ᠬᠤᠷᠢᠶᠠᠬᠤ᠂ ᠬᠡᠯᠪᠡᠷᠢ᠎ᠶ᠋ᠢ ᠨᠢ ᠥᠭᠡᠷᠡᠲᠦᠭᠦᠯᠦᠨ ᠰᠦᠢᠳᠭᠡᠯ ᠬᠤᠷᠢᠶᠠᠬᠤ᠂ ᠰᠦᠢᠳᠭᠡᠯ ᠬᠤᠷᠢᠶᠠᠬᠤ᠎ᠶ᠋ᠢ ᠳᠠᠩᠰᠠᠨ᠎ᠳᠤ ᠣᠷᠣᠭᠤᠯᠬᠤ ᠦᠭᠡᠶ᠂ ᠲᠣᠷᠭᠠᠵᠤ ᠬᠤᠷᠢᠶᠠᠭ᠍ᠰᠠᠨ ᠵᠣᠭᠣᠰ᠎ᠤᠨ ᠭᠦᠢᠴᠡᠳᠭᠡᠯ ᠲᠣᠭ᠎ᠠ᠂ ᠲᠣᠷᠭᠠᠬᠤ᠎ᠪᠠᠷ ᠬᠠᠮᠢᠶᠠᠷᠬᠤ᠎ᠶ᠋ᠢ ᠣᠷᠣᠯᠠᠭᠤᠯᠬᠤ᠂ ᠳᠠᠪᠬᠤᠷᠳᠠᠭᠤᠯᠤᠨ ᠵᠣᠭᠣᠰ᠎ᠢᠶᠠᠷ ᠲᠣᠷᠭᠠᠬᠤ᠎ᠶ᠋ᠢ ᠳᠣᠷᠣᠭ᠍ᠰᠢ ᠪᠠᠭᠤᠯᠭᠠᠬᠤ ᠦᠭᠡᠶ᠂ ᠲᠤᠰ ᠨᠡᠢᠯᠡᠭᠦᠯᠦᠨ ᠪᠠᠢᠴᠠᠭᠠᠬᠤ᠎ᠶ᠋ᠢ ᠨᠡᠢᠯᠡᠭᠦᠯᠬᠦ᠌ ᠦᠬᠡᠢ᠂ ᠨᠢᠭᠡᠨᠲᠡ ᠪᠠᠢᠴᠠᠭᠠᠭᠠᠳ ᠬᠢᠷᠢ ᠲᠡᠩᠴᠡᠭ᠌ᠰᠡᠨ ᠵᠦᠢᠯᠡᠰ᠎ᠢ ᠳᠠᠪᠬᠤᠷᠳᠠᠭᠤᠯᠤᠨ ᠪᠠᠢᠴᠠᠭᠠᠬᠤ᠂ ᠳᠤᠷ᠎ᠠ᠎ᠪᠠᠷ᠎ᠢᠶᠠᠨ ᠪᠠᠢᠴᠠᠭᠠᠬᠤ᠂ ᠡᠷᠬᠡ ᠳᠤᠷ᠎ᠠ᠎ᠪᠠᠷ᠎ᠢᠶᠠᠨ ᠪᠠᠢᠴᠠᠭᠠᠬᠤ᠂ ᠠᠵᠤ ᠠᠬᠤᠢᠯᠠᠯ᠎ᠤᠨ ᠬᠡᠪ᠎ᠦᠨ ᠦᠢᠯᠡᠳᠪᠦᠷᠢᠯᠡᠯ ᠡᠵᠡᠩᠨᠡᠯᠲᠡ᠎ᠶ᠋ᠢᠨ ᠠᠵᠢᠯᠯᠠᠭ᠎ᠠ᠎ᠶ᠋ᠢ ᠬᠠᠷᠱᠢᠯᠠᠬᠤ ᠡᠷᠬᠡ᠎ᠶ᠋ᠢᠨ ᠬᠢᠵᠠᠭᠠᠷ᠎ᠠᠴᠠ ᠳᠠᠪᠠᠭᠤᠯᠬᠤ᠂ ᠬᠡᠪᠴᠢᠶ᠎ᠡ ᠬᠢᠵᠠᠭᠠᠷ᠎ᠠᠴᠠ ᠬᠡᠲᠦᠷᠡᠭᠦᠯᠬᠦ᠂ ᠬᠤᠭᠤᠴᠠᠭ᠎ᠠ ᠬᠢᠵᠠᠭᠠᠷᠯᠠᠨ ᠪᠠᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ᠂ ᠴᠡᠪᠳᠡᠭ᠌ᠯᠡᠬᠦ᠌ ᠵᠡᠷᠭᠡ ᠪᠣᠯᠤᠨ᠎ᠠ᠃
ᠬᠤᠶᠠᠷ᠂ ᠲᠣᠭᠲᠠᠭᠠᠯ ᠠ᠋ᠴᠠ ᠵᠥᠷᠢᠴᠡᠨ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠦᠭᠰᠡᠨ ᠪᠠ ᠠᠰᠢᠭ᠋ ᠬᠥᠭᠡᠭᠡᠴᠡᠯᠳᠦᠬᠦ ᠴᠢᠨᠠᠷᠲᠠᠢ᠎ᠪᠠᠷ ᠬᠠᠤᠯᠢ ᠬᠡᠷᠡᠭᠵᠢᠭᠦᠯᠦᠭᠰᠡᠨ ᠦᠶ᠋ᠯᠡ ᠠᠵᠢᠯᠯᠠᠭ᠎ᠠ ᠃ ᠬᠠᠤᠯᠢ ᠶᠣᠰᠣᠭᠠᠷ ᠡᠷᠬᠡ ᠣᠯᠭᠣᠭᠠᠳᠤᠶ ᠂ ᠡᠷᠬᠡ ᠲᠤᠱᠢᠶᠠᠯ᠎ᠤᠨ ᠬᠡᠪᠴᠢᠶᠡᠨ᠎ᠡᠴᠡ ᠬᠡᠲᠦᠷᠡᠭ᠌ᠰᠡᠨ ᠦᠭᠡᠶ ᠂ ᠬᠠᠤᠯᠢ᠎ᠪᠠᠷ ᠲᠣᠭ᠍ᠲᠠᠭᠠᠭ᠍ᠰᠠᠨ ᠳᠡᠰ ᠳᠠᠷᠠᠭᠠᠯᠠᠯ ᠢ ᠵᠢᠷᠤᠮᠯᠠᠵᠤ ᠣᠷᠣᠨ ᠪᠦᠰᠡ ᠠᠯᠤᠰᠯᠠᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠠᠵᠢᠯᠯᠠᠭ᠎ᠠ ᠬᠢᠭ᠌ᠰᠡᠨ ᠦᠭᠡᠶ ᠂ ᠵᠣᠭᠣᠰ᠎ᠢᠶᠠᠷ ᠲᠣᠷᠭᠠᠵᠤ ᠣᠷᠣᠯᠭ᠎ᠠ ᠣᠯᠬᠤ ᠂ ᠰᠣᠩᠭᠣᠯᠲᠠ᠎ᠶ᠋ᠢᠨ ᠴᠢᠨᠠᠷᠲᠠᠶ᠎ᠪᠠᠷ ᠬᠠᠤᠯᠢ ᠬᠡᠷᠡᠭ᠌ᠵᠢᠭᠦᠯᠬᠦ᠌ ᠂ ᠬᠠᠤᠯᠢ ᠬᠡᠷᠡᠭ᠌ᠵᠢᠭᠦᠯᠬᠦ᠌᠎ᠶ᠋ᠢ ᠠᠱᠢᠭ ᠲᠤᠰᠠ᠎ᠯᠤᠭ᠎ᠠ ᠨᠢ ᠬᠣᠯᠪᠣᠭ᠍ᠳᠠᠭᠤᠯᠬᠤ ᠂ ᠲᠣᠷᠭᠠᠬᠤ᠎ᠪᠠᠷ ᠬᠠᠮᠢᠶᠠᠷᠬᠤ᠎ᠶ᠋ᠢ ᠣᠷᠣᠯᠠᠭᠤᠯᠬᠤ ᠂ ᠶᠡᠬᠡ ᠲᠣᠭ᠎ᠠ᠎ᠪᠠᠷ ᠲᠤᠯᠭᠠᠨ ᠱᠢᠢᠳᠭᠡᠬᠦ᠌ ᠵᠡᠷᠭᠡ ᠪᠣᠯᠤᠨ᠎ᠠ ᠃
ᠭᠤᠷᠪᠠ᠂ ᠠᠵᠤ ᠠᠬᠤᠢᠯᠠᠯ᠎ᠤᠨ ᠳᠠᠷᠤᠭᠠᠰᠤ᠎ᠶ᠋ᠢ ᠬᠦᠨᠳᠦᠷᠡᠭᠦᠯᠬᠦ᠌ ᠦᠢᠯᠡ ᠠᠵᠢᠯᠯᠠᠭ᠎ᠠ ᠃ ᠬᠠᠤᠯᠢ ᠬᠡᠷᠡᠭ᠌ᠵᠢᠭᠦᠯᠬᠦ᠌ ᠪᠠᠷᠢᠮᠵᠢᠶ᠎ᠠ᠎ᠨᠢ ᠨᠢᠭᠡᠳᠦᠯ ᠦᠭᠡᠢ᠂ ᠱᠠᠭᠠᠷᠳᠠᠯᠭ᠎ᠠ᠎ᠨᠢ ᠨᠢᠭᠡᠳᠦᠯ ᠦᠭᠡᠢ᠂ ᠲᠤᠰ ᠰᠠᠯᠠᠭ᠎ᠠ ᠮᠥᠴᠢᠷ᠎ᠤᠨ᠎ᠢᠶᠠᠨ ᠵᠠᠰᠠᠭ ᠵᠠᠬᠢᠷᠭᠠᠨ᠎ᠤ ᠲᠠᠰᠤᠯᠤᠯᠲᠠ᠎ᠶ᠋ᠢᠨ ᠡᠷᠬᠡ᠎ᠶ᠋ᠢᠨ ᠰᠠᠭᠤᠷᠢ ᠪᠠᠷᠢᠮᠵᠢᠶ᠎ᠠ᠎ᠶ᠋ᠢ ᠲᠣᠭ᠍ᠲᠠᠭᠠᠭ᠍ᠰᠠᠨ ᠦᠭᠡᠢ᠂ ᠬᠥᠳᠡᠯᠦᠩᠭᠦᠢ᠎ᠪᠠᠷ ᠲᠣᠬᠢᠷᠠᠭᠤᠯᠤᠨ ᠲᠡᠭᠦᠯᠳᠡᠷᠵᠢᠭᠦᠯᠦᠭ᠌ᠰᠡᠨ ᠦᠭᠡᠢ ᠪᠤᠶᠤ ᠨᠡᠢᠭᠡᠮ᠎ᠳᠤ ᠨᠡᠢᠲᠡᠯᠡᠭ᠌ᠰᠡᠨ ᠦᠭᠡᠢ ᠪᠠᠢᠵᠤ᠂ ᠴᠢᠯᠥᠭᠡᠲᠦ ᠲᠠᠰᠤᠯᠤᠯᠲᠠ᠎ᠶ᠋ᠢᠨ ᠡᠷᠬᠡ᠎ᠶ᠋ᠢ ᠳᠤᠷ᠎ᠠ᠎ᠪᠠᠷ᠎ᠢᠶᠠᠨ ᠬᠡᠷᠡᠭ᠌ᠯᠡᠵᠦ᠍᠂ ᠠᠳᠠᠯᠢᠬᠠᠨ ᠬᠡᠷᠡᠭ᠎ᠲᠤ ᠢᠯᠭᠠᠭ᠎ᠠ᠎ᠲᠠᠢ᠂ ᠬᠡᠲᠦ ᠬᠥᠩᠭᠡᠨ ᠬᠡᠲᠦ ᠬᠦᠨᠳᠦ ᠵᠡᠷᠭᠡ ᠠᠵᠤ ᠠᠬᠤᠢᠯᠠᠯ᠎ᠤᠨ ᠳᠠᠷᠤᠭᠠᠰᠤ᠎ᠶ᠋ᠢ ᠬᠦᠨᠳᠦᠷᠡᠭᠦᠯᠦᠭ᠌ᠰᠡᠨ ᠵᠡᠷᠭᠡ ᠪᠣᠯᠣᠨ᠎ᠠ᠃
ᠳᠥᠷᠪᠡ᠂ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ᠎ᠨᠢ ᠵᠢᠷᠤᠮᠵᠢᠯ ᠥᠬᠡᠶ ᠦᠶ᠋ᠯᠡ ᠠᠵᠢᠯᠯᠠᠭ᠎ᠠ᠃ ᠡᠷᠬᠡ ᠲᠤᠰᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠬᠤᠪᠢ᠎ᠶᠢᠨ ᠨᠠᠢᠷ᠎ᠢᠶᠠᠷ ᠬᠠᠤᠯᠢ ᠴᠠᠭᠠᠵᠠ᠎ᠶᠢ ᠭᠠᠵᠢᠭᠤᠳᠠᠭᠤᠯᠤᠭᠰᠠᠨ᠂ ᠲᠣᠷᠭᠠᠬᠤ ᠶᠣᠰᠣᠲᠠᠢ᠎ᠶᠢ ᠨᠢ ᠦᠯᠦ ᠲᠣᠷᠭᠠᠭᠰᠠᠨ᠂ 《ᠢᠳᠡᠬᠦ ᠠᠪᠬᠤ ᠭᠠᠴᠢᠬᠤ ᠨᠡᠬᠡᠬᠦ》᠂ ᠪᠦᠳᠦᠭᠦᠯᠢᠭ᠎ᠢᠶᠡᠷ ᠬᠠᠤᠯᠢ ᠬᠡᠷᠡᠭᠵᠢᠭᠦᠯᠬᠦ ᠵᠢᠴᠢ ᠬᠠᠤᠯᠢ ᠬᠡᠷᠡᠭᠵᠢᠭᠦᠯᠬᠦ᠎ᠳᠡᠭᠡᠨ ᠡᠰᠡ ᠦᠢᠯᠡᠳᠬᠦᠢ ᠵᠡᠷᠭᠡ ᠪᠣᠯᠣᠨ᠎ᠠ᠃
ᠠᠰᠠᠭᠤᠳᠠᠯ᠎ᠤᠨ ᠰᠦᠪᠡᠭ᠌ᠴᠢ᠎ᠶ᠋ᠢ ᠬᠠᠩᠭᠠᠪᠠᠯ ᠦᠨᠡᠨ᠎ᠠᠴᠠ ᠵᠥᠪ᠎ᠢ ᠡᠷᠢᠬᠦ᠌᠎ᠶ᠋ᠢ ᠬᠦᠰᠡᠵᠦ᠍᠂ ᠪᠣᠳᠠᠲᠤ ᠬᠡᠷᠡᠭ᠎ᠢ ᠬᠠᠭᠤᠷᠮᠠᠭ᠎ᠢᠶᠠᠷ ᠵᠣᠬᠢᠶᠠᠬᠤ ᠪᠤᠶᠤ ᠶᠡᠬᠡᠰᠭᠡᠬᠦ᠌ ᠦᠭᠡᠢ᠂ ᠵᠣᠷᠢᠭᠤᠳᠠ ᠬᠡᠷᠡᠭ ᠶᠠᠪᠤᠳᠠᠯ᠎ᠢ ᠬᠤᠳᠠᠯ᠎ᠢᠶᠠᠷ ᠵᠣᠬᠢᠶᠠᠵᠤ᠂ ᠪᠤᠰᠤᠳ᠎ᠢ ᠭᠦᠳᠭᠡᠬᠦ᠌ ᠦᠭᠡᠢ᠂ ᠠᠰᠠᠭᠤᠳᠠᠯ ᠭᠠᠷᠤᠭ᠍ᠰᠠᠨ ᠴᠠᠭ ᠭᠠᠵᠠᠷ᠂ ᠭᠤᠣᠯ ᠤᠴᠢᠷ ᠱᠢᠯᠲᠠᠭᠠᠨ᠂ ᠦᠨᠳᠦᠰᠦᠨ ᠶᠠᠪᠤᠴᠠ᠂ ᠪᠦᠲᠦᠮᠵᠢᠲᠡᠢ ᠬᠠᠷᠢᠯᠴᠠᠬᠤ ᠠᠷᠭ᠎ᠠ ᠮᠠᠶᠢᠭ ᠵᠡᠷᠭᠡ ᠃ ᠮᠠᠨ᠎ᠤ ᠲᠢᠩᠬᠢᠮ᠎ᠡᠴᠡ ᠨᠢᠭᠤᠴᠠ᠎ᠶᠢ ᠬᠠᠮᠠᠭᠠᠯᠠᠬᠤ ᠰᠦᠪᠡᠭᠴᠢ᠎ᠶᠢ ᠬᠥᠮᠥᠨ᠎ᠦ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠬᠠᠩᠭᠠᠬᠤ᠎ᠶᠢ ᠴᠢᠩᠳᠠᠯᠠᠨ᠎ᠠ ᠃
ᠢᠯᠡᠴᠢᠯᠡᠨ ᠮᠡᠳᠡᠭᠦᠯᠬᠦ᠌ ᠤᠲᠠᠰᠤ᠄ 0471 - 5256476
ᠢᠮᠧᠯ᠄ nmgsltszc@163.com