ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-07-14

  《ᠡᠷᠬᠡ ᠲᠡᠭ᠌ᠰᠢ᠂ ᠲᠥᠪ ᠭᠤᠣᠯᠴᠢ᠂ ᠢᠯᠡ ᠨᠡᠢᠲᠡᠯᠡᠬᠦ᠌》 ᠵᠠᠷᠴᠢᠮ ᠶᠣᠰᠣᠭᠠᠷ᠂ ᠮᠠᠨ᠎ᠤ ᠲᠥᠪ ᠣᠲᠣ ᠢᠯᠡ᠎ᠪᠠᠷ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢ ᠰᠣᠩᠭᠤᠬᠤ᠎ᠪᠠᠷ ᠳᠠᠮᠵᠢᠭᠤᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠢ ᠭᠤᠤᠯ᠎ᠢ ᠬᠢᠨᠠᠨ ᠬᠡᠮᠵᠢᠵᠦ᠍ ᠬᠡᠮᠵᠢᠬᠦ᠌ ᠲᠤᠭ᠍ᠲᠠᠯᠴᠠᠭ᠎ᠠ᠎ᠤᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠠᠵᠢᠯ᠎ᠢ ᠥᠷᠨᠢᠭᠦᠯᠬᠦ᠌᠎ᠪᠠᠷ ᠰᠣᠩᠭᠤᠪᠠ᠂ ᠡᠳᠦᠭᠡ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠵᠠᠷᠯᠠᠶ᠎ᠠ᠄

  ᠨᠢᠭᠡ᠂ ᠲᠦᠷᠦᠯ ᠵᠦᠢᠯ᠎ᠤᠨ ᠲᠦᠢᠮᠦ᠍ ᠪᠠᠢᠳᠠᠯ

  1. ᠲᠥᠷᠥᠯ ᠵᠦᠢᠯ᠎ᠤᠨ ᠨᠡᠷᠡᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠢ ᠭᠤᠤᠯ᠎ᠢ ᠬᠢᠨᠠᠨ ᠬᠡᠮᠵᠢᠵᠦ᠍ ᠬᠡᠮᠵᠢᠬᠦ᠌ ᠲᠤᠭ᠍ᠲᠠᠯᠴᠠᠭ᠎ᠠ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ ( ᠪᠠᠷᠢᠯᠭ᠎ᠠ ᠪᠠᠷᠢᠬᠤ ᠪᠠ ᠬᠢᠨᠠᠨ ᠬᠠᠮᠢᠶᠠᠷᠬᠤ ᠪᠠᠷᠢᠮᠵᠢᠶ᠎ᠠ )

  2. ᠬᠡᠷᠡᠭ᠌ᠵᠢᠭᠦᠯᠬᠦ᠌ ᠴᠠᠭ ᠪᠠ ᠭᠠᠵᠠᠷ᠄ 2025 ᠣᠨ᠂ ᠪᠥᠬᠦ᠌ ᠣᠷᠣᠨ᠎ᠤ ᠡᠯ᠎ᠡ ᠠᠢᠮᠠᠭ ᠬᠤᠲᠠ᠃

  3. ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠠᠭᠤᠯᠭ᠎ᠠ᠄ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ᠎ᠠ᠂ ᠡᠭᠦᠨ᠎ᠳᠦ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠤᠭᠤᠷᠪᠢᠬᠤ᠂ ᠠᠯᠪᠠᠨ ᠵᠠᠷ ᠨᠡᠢᠲᠡᠯᠡᠬᠦ᠂ ᠲᠥᠷᠥᠯ ᠵᠦᠢᠯ᠎ᠢ ᠥᠷᠨᠢᠭᠦᠯᠬᠦ᠌ ᠳᠤᠮᠳᠠᠬᠢ ᠰᠡᠵᠢᠭ᠌ᠯᠡᠯ ( ᠬᠡᠷᠪᠡ ᠪᠠᠢᠪᠠᠯ ) ᠎ᠢ ᠱᠢᠶ᠋ᠳᠪᠦᠷᠢᠯᠡᠬᠦ᠂ ᠳᠠᠭᠠᠭᠠᠴᠢᠯᠠᠯᠲᠠ ᠨᠡᠢᠲᠡᠯᠡᠬᠦ᠌᠎ᠶ᠋ᠢ ᠵᠣᠬᠢᠶᠠᠨ ᠪᠠᠢᠭᠤᠯᠬᠤ᠂ ᠳᠠᠭᠠᠭᠠᠴᠢᠯᠠᠯᠲᠠ ᠣᠯᠬᠤ ᠮᠡᠳᠡᠭ᠌ᠳᠡᠯ᠎ᠦᠨ ᠪᠢᠴᠢᠭ ᠲᠠᠷᠬᠠᠭᠠᠬᠤ᠂ ᠳᠠᠭᠠᠭᠠᠴᠢᠯᠠᠯᠲᠠ ᠵᠠᠷᠯᠠᠬᠤ ᠮᠠᠲ᠋ᠧᠷᠢᠶᠠᠯ᠎ᠢ ᠳᠠᠩᠰᠠ ᠡᠪᠬᠡᠮᠡᠯ᠎ᠳᠦ ᠣᠷᠣᠭᠤᠯᠬᠤ ᠵᠡᠷᠭᠡ ᠪᠠᠭ᠍ᠲᠠᠨ᠎ᠠ ᠃

  ᠬᠤᠶᠠᠷ᠂ ᠣᠷᠣᠯᠠᠬᠤ ᠪᠠᠢᠭᠤᠯᠤᠮᠵᠢ᠎ᠶ᠋ᠢᠨ ᠬᠢᠷᠢ ᠬᠡᠮ᠎ᠤᠨ ᠱᠠᠭᠠᠷᠳᠠᠯᠭ᠎ᠠ

  1. ᠣᠷᠣᠯᠠᠨ ᠭᠦᠢᠴᠡᠳᠭᠡᠬᠦ᠌ ᠪᠠᠢᠭᠤᠯᠤᠮᠵᠢ ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠦ ᠣᠷᠣᠯᠠᠨ ᠭᠦᠢᠴᠡᠳᠭᠡᠬᠦ᠌ ᠪᠠᠢᠭᠤᠯᠤᠮᠵᠢ᠎ᠶ᠋ᠢᠨ ᠬᠥᠮᠥᠷᠭᠡ᠎ᠳᠦ ᠪᠦᠷᠢᠳᠭᠡᠨ ᠳᠠᠩᠰᠠᠯᠠᠭᠤᠯᠬᠤ ᠬᠡᠷᠡᠭ᠌ᠲᠡᠶ ᠃

  2. ᠲᠤᠰᠠᠭᠠᠷ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ᠂ ᠨᠡᠯᠢᠶᠡᠳ ᠰᠠᠢᠨ ᠡᠳ᠋᠎ᠦᠨ ᠶᠠᠪᠤᠳᠠᠯ᠎ᠤᠨ ᠪᠠᠢᠳᠠᠯ ᠪᠠ ᠬᠤᠳᠠᠯᠳᠤᠭᠠᠨ᠎ᠤ ᠢᠲᠡᠭᠡᠯ ᠬᠦᠨᠳᠦ᠎ᠲᠠᠢ ᠪᠠᠢᠵᠤ ᠂ ᠭᠡᠷ᠎ᠡ᠎ᠶᠢ ᠭᠦᠢᠴᠡᠳᠬᠡᠬᠦ ᠭᠦᠢᠴᠡᠳ ᠬᠥᠷᠥᠩᠭᠡ ᠪᠠ ᠴᠢᠳᠠᠪᠤᠷᠢ᠎ᠲᠠᠢ ᠪᠠᠢᠬᠤ ᠬᠡᠷᠡᠭᠲᠡᠢ ᠃

  ᠭᠤᠷᠪᠠ᠂ ᠨᠡᠷ᠎ᠡ ᠮᠡᠳᠡᠭᠦᠯᠬᠦ᠌᠎ᠳᠡᠭᠡᠨ ᠮᠠᠲ᠋ᠧᠷᠢᠶᠠᠯ ᠬᠠᠩᠭᠠᠬᠤ ᠬᠡᠷᠡᠭ᠌ᠲᠡᠶ

  1. ᠨᠡᠷ᠎ᠡ ᠮᠡᠳᠡᠭᠦᠯᠦᠭ᠌ᠴᠢ᠎ᠨᠢ ᠲᠤᠰ ᠬᠥᠮᠥᠨ᠎ᠤ ᠪᠡᠶ᠎ᠡ᠎ᠶ᠋ᠢᠨ ᠦᠨᠡᠮᠯᠡᠯ᠎ᠤᠨ ᠤᠭ ᠮᠠᠲ᠋ᠧᠷᠢᠶᠠᠯ᠎ᠢᠶᠠᠨ ᠭᠠᠷᠭᠠᠨ ᠦᠵᠡᠭᠦᠯᠵᠦ᠍᠂ ᠪᠠᠭᠤᠯᠭᠠᠪᠤᠷᠢ᠂ ᠬᠠᠷᠢᠯᠴᠠᠬᠤ ᠠᠷᠭ᠎ᠠ ᠮᠠᠶᠢᠭ᠎ᠢᠶᠠᠨ ᠬᠠᠩᠭᠠᠵᠤ᠂ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠎ᠪᠠᠷ ᠭᠠᠷ᠎ᠤᠨ ᠦᠰᠦᠭ ᠵᠢᠷᠤᠭᠤᠯᠵᠤ᠂ ᠺᠣᠮᠫᠠᠨᠢ᠎ᠶ᠋ᠢᠨ ᠲᠠᠮᠠᠭ᠎ᠠ ᠳᠠᠷᠤᠭ᠍ᠰᠠᠨ 《ᠡᠷᠬᠡ ᠣᠯᠭᠤᠭ᠍ᠰᠠᠨ ᠨᠠᠢᠳᠠᠯᠭ᠎ᠠ᠎ᠶ᠋ᠢᠨ ᠪᠢᠴᠢᠭ》 ᠎ᠢᠶᠠᠨ ᠭᠠᠷᠭᠠᠵᠤ  ᠦᠭ᠌ᠭᠦᠨ᠎ᠡ᠃

  2. ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠢᠭᠤᠯᠭ᠎ᠠ᠎ᠶ᠋ᠢᠨ ᠣᠨ᠎ᠤ ᠪᠠᠢᠴᠠᠭᠠᠯᠲᠠ᠎ᠳᠤ ᠬᠢᠷᠢ ᠲᠡᠩᠴᠡᠭ᠌ᠰᠡᠨ᠎ᠨᠢ ᠬᠦᠴᠦᠨ᠎ᠲᠠᠢ ᠮᠥᠷᠲᠡᠭᠡᠨ ᠳᠠᠭᠠᠭᠠᠴᠢᠯᠠᠯᠲᠠ ᠬᠦᠯᠢᠶᠡᠬᠦ᠌ ᠠᠵᠤ ᠠᠬᠤᠢᠯᠠᠯ᠎ᠤᠨ ᠠᠯᠪᠠᠨ ᠲᠠᠮᠠᠭ᠎ᠠ᠎ᠶ᠋ᠢ ᠳᠠᠷᠤᠭ᠍ᠰᠠᠨ ᠡᠵᠡᠩᠨᠡᠯᠲᠡ᠎ᠶ᠋ᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠦᠨ ᠬᠠᠭᠤᠯᠪᠤᠷᠢ᠎ᠶ᠋ᠢ ᠬᠠᠩᠭᠠᠵᠤ ᠥᠭ᠌ᠭᠦᠨ᠎ᠡ᠃

  3. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》᠎ᠶ᠋ᠢᠨ ᠣᠷᠣᠯᠠᠨ ᠭᠦᠢᠴᠡᠳᠭᠡᠬᠦ᠌ ᠪᠠᠢᠭᠤᠯᠤᠮᠵᠢ᠎ᠶ᠋ᠢᠨ ᠳᠠᠩᠰᠠᠯᠠᠯ᠎ᠢ ᠬᠥᠮᠥᠷᠭᠡ᠎ᠳᠤ ᠣᠷᠣᠭᠤᠯᠵᠤ ᠬᠠᠰᠤᠨ ᠲᠠᠰᠤᠯᠬᠤ᠎ᠶ᠋ᠢᠨ ᠬᠠᠮᠲᠤ ᠨᠢᠭᠡᠴᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠨ᠎ᠠ᠃

  4.《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ ᠎ᠶ᠋ᠢᠨ ( www.creditchina.gov.cn ) ᠢᠲᠡᠭᠡᠯ᠎ᠢᠶᠠᠨ ᠠᠯᠳᠠᠭ᠍ᠰᠠᠨ ᠭᠦᠢᠴᠡᠳᠭᠡᠭ᠌ᠴᠢ ᠪᠠ ᠬᠦᠨᠳᠦ ᠶᠡᠭᠡ ᠭᠠᠢᠯᠢ ᠲᠠᠲᠠᠪᠤᠷᠢ᠎ᠶ᠋ᠢᠨ ᠬᠠᠤᠯᠢ᠎ᠠᠴᠠ ᠵᠥᠷᠢᠴᠡᠭ᠌ᠰᠡᠨ ᠬᠡᠷᠡᠭ᠎ᠤᠨ ᠲᠤᠬᠠᠶ᠎ᠶ᠋ᠢᠨ ᠬᠥᠮᠦᠨ᠎ᠤ ᠨᠡᠷᠡᠰ᠎ᠤᠨ ᠲᠡᠮᠳᠡᠭ᠌ᠯᠡᠯ᠎ᠤᠨ ᠤᠭ᠍ᠲᠤᠯᠤᠭ᠍ᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠰᠦᠯᠵᠢᠶ᠎ᠡ᠎ ᠶ᠋ᠢᠨ (www.ccgp.gov.cn )ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ᠎ᠶ᠋ᠢ ᠵᠥᠷᠢᠴᠡᠵᠦ᠍ ᠢᠲᠡᠭᠡᠯ ᠠᠯᠳᠠᠭ᠍ᠰᠠᠨ ᠦᠢᠯᠡ ᠠᠵᠢᠯᠯᠠᠭ᠎ᠠ᠎ᠶ᠋ᠢᠨ ᠲᠡᠮᠳᠡᠭ᠌ᠯᠡᠯ᠎ᠤᠨ ᠨᠡᠷᠡᠰ᠎ᠤᠨ ᠤᠭ᠍ᠲᠤᠯᠤᠭ᠍ᠰᠠᠨ ᠵᠢᠷᠤᠭ᠎ᠢ ᠬᠠᠩᠭᠠᠬᠤ᠎ᠶ᠋ᠢᠨ ᠬᠠᠮᠲᠤ ᠪᠠᠢᠭᠤᠯᠭ᠎ᠠ᠎ᠶ᠋ᠢᠨ ᠲᠠᠮᠠᠭ᠎ᠠ᠎ᠪᠠᠨ ᠳᠠᠷᠤᠨ᠎ᠠ᠃

  5. ᠳᠤᠮᠳᠠᠳᠤ ᠤᠯᠤᠰ᠎ᠤᠨ ᠲᠠᠰᠤᠯᠤᠨ ᠲᠣᠭ᠍ᠲᠠᠭᠠᠯᠲᠠ᠎ᠶ᠋ᠢᠨ ᠪᠢᠴᠢᠭ ᠬᠠᠷ᠎ᠠ᠎ᠶ᠋ᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠡᠳ ᠣᠢᠷ᠎ᠠ᠎ᠶ᠋ᠢᠨ ᠭᠤᠷᠪᠠᠨ ᠵᠢᠯ ( 2023 ᠣᠨ᠎ᠤ 1 ᠳ᠋ᠦ᠍ᠭᠡᠷ ᠰᠠᠷ᠎ᠠ᠎ᠶ᠋ᠢᠨ 1᠎ᠤ ᠡᠳᠦᠷ᠎ᠠᠴᠠ ᠣᠲᠣ        ᠪᠣᠯᠲᠠᠯ᠎ᠠ ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠢᠴᠠᠭᠠᠨ ᠯᠠᠪᠯᠠᠭᠰᠠᠨ ᠲᠡᠮᠳᠡᠭᠯᠡᠯ ᠦᠭᠡᠢ ᠪᠥᠭᠡᠳ ᠨᠢᠭᠡᠴᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠭ᠍ᠰᠠᠨ ᠪᠠᠢᠨ᠎ᠠ᠃

  ᠳᠥᠷᠪᠡ᠂ ᠨᠡᠷ᠎ᠡ ᠮᠡᠳᠡᠭᠦᠯᠬᠦ᠌ ᠴᠠᠭ᠂ ᠭᠠᠵᠠᠷ ᠣᠷᠣᠨ

  ᠳᠡᠭᠡᠷ᠎ᠡ ᠳᠤᠷᠠᠳᠤᠭ᠍ᠰᠠᠨ ᠨᠥᠬᠦᠴᠡᠯ᠎ᠳᠤ ᠨᠡᠢᠴᠡᠬᠦ᠌ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠨᠢ 2025 ᠣᠨ᠎ᠤ 7 ᠳ᠋ᠤᠭᠠᠷ ᠰᠠᠷ᠎ᠠ᠎ᠶ᠋ᠢᠨ 15 ᠎ᠤ ᠡᠳᠦᠷ᠎ᠠᠴᠠ 2025 ᠣᠨ᠎ᠤ 7 ᠳ᠋ᠤᠭᠠᠷ ᠰᠠᠷ᠎ᠠ᠎ᠶ᠋ᠢᠨ 16 ᠎ᠤ ᠡᠳᠦᠷ ᠪᠣᠯᠲᠠᠯ᠎ᠠ᠂ ᠠᠵᠢᠯᠯᠠᠬᠤ ᠡᠳᠦᠷ ᠪᠦᠷᠢ᠎ᠶ᠋ᠢᠨ 9᠄ 00 - 12᠄ 00 ᠴᠠᠭ᠂ ᠦᠳᠡ᠎ᠶ᠋ᠢᠨ ᠬᠤᠢᠨ᠎ᠠ 14᠄ 30 - 17᠄ 00 ᠴᠠᠭ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠲᠤ ᠨᠡᠷ᠎ᠡ ᠮᠡᠳᠡᠭᠦᠯᠬᠦ᠌ ᠮᠠᠲ᠋ᠧᠷᠢᠶᠠᠯ᠎ᠢᠶᠠᠨ ᠲᠤᠱᠢᠶᠠᠨ᠎ᠠ᠃

  ᠲᠠᠪᠤ᠂ ᠬᠠᠷᠢᠯᠴᠠᠬᠤ ᠠᠷᠭ᠎ᠠ ᠮᠠᠶᠢᠭ

  ᠨᠢᠭᠡᠴᠢ᠎ᠶ᠋ᠢᠨ ᠨᠡᠷᠡᠢᠳᠦᠯ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ

  ᠨᠡᠷ᠎ᠡ ᠮᠡᠳᠡᠭᠦᠯᠬᠦ᠌ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠶᠡᠭᠡ ᠰᠤᠷᠭᠠᠭᠤᠯᠢ᠎ᠶ᠋ᠢᠨ ᠵᠡᠭᠦᠨ ᠵᠠᠮ᠎ᠤᠨ 120 ᠳ᠋ᠤᠭᠠᠷ ᠠᠰᠠᠷ᠎ᠤᠨ  ᠬᠤᠶᠠᠳᠤᠭᠠᠷ ᠳᠠᠪᠬᠤᠷᠭ᠎ᠠ᠎ᠶ᠋ᠢᠨ 209 ᠳ᠋ᠦ᠍ᠭᠡᠷ ᠲᠠᠰᠤᠭ

  ᠱᠢᠦᠳᠠᠨ ᠨᠣᠮᠧᠷ᠄ 010010

  ᠬᠠᠷᠢᠯᠴᠠᠭ᠍ᠴᠢ᠄ ᠶᠠᠩ ᠶᠦᠨ ᠱᠢᠶᠠ

  ᠬᠠᠷᠢᠯᠴᠠᠬᠤ ᠤᠲᠠᠰᠤ᠄ 15394717393    0471-3698731

ᠢᠷᠡᠯᠲᠡ᠄ ᠦᠪᠤᠷ ᠮᠣᠩᠭᠤᠯ᠎ᠤᠨ ᠣᠰᠣᠨ ᠠᠱᠢᠠᠠᠯᠠᠯᠳᠡ᠎ᠶ᠋ᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠸᠩ ᠬᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
2024 ᠣᠨ᠎ᠳᠤ ᠠᠯᠪᠠᠲᠠᠨ᠎ᠤ ᠬᠢᠷᠢ ᠬᠡᠮ᠎ᠢ ᠢᠯᠡ᠎ᠪᠠᠷ ᠰᠢᠯᠢᠨ ᠰᠣᠩᠭᠤᠬᠤ ᠳᠠᠬᠢᠨ ᠬᠢᠨᠠᠯᠲᠠ ᠵᠢᠴᠢ ᠨᠢᠭᠤᠷᠳᠠᠨ ᠰᠢᠯᠭ᠋ᠠᠯᠲᠠ ᠵᠢᠨ ᠬᠤᠯᠪᠣᠭᠳᠠᠯ ᠪᠥᠬᠦᠶ ᠵᠦᠢ᠍ᠯᠡᠰ᠎ᠤᠨ ᠲᠤᠬᠠᠶ ᠮᠡᠳᠡᠭᠳᠡᠯ
《2024 ᠣᠨ᠎ᠤ ᠮᠤᠵᠢ ᠵᠢᠨ ᠱᠠᠲᠤᠨ᠎ᠤ ᠬᠢᠨᠠᠨ ᠬᠡᠮᠵᠢᠯᠲᠡ ᠵᠢᠨ ᠣᠷᠣᠨ ᠪᠦᠰᠡ ᠵᠢᠨ ᠤᠰᠤ ᠰᠢᠷᠤᠢ ᠵᠢᠨ ᠢᠳᠡᠭᠳᠡᠯ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠠᠯᠤᠰ ᠮᠡᠳᠡᠷᠡᠮᠵᠢ ᠵᠢ ᠵᠠᠳᠠᠯᠤᠨ ᠣᠷᠴᠢᠭᠤᠯᠬᠤ ᠪᠠ ᠳ᠋ᠦᠩᠨᠡᠨ ᠵᠠᠳᠠᠯᠬᠤ》 ᠵᠢᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠭᠤᠶᠤᠴᠢᠯᠠᠭᠴᠢ ᠵᠢᠨ ᠨᠠᠢ᠌ᠳᠠᠯᠭ᠎ᠠ᠎ᠪᠠᠷ ᠠᠯᠪᠠᠳᠠᠯᠭ᠎ᠠ᠎ᠪᠠᠷ ᠥᠷᠨᠢᠭᠦᠯᠦᠭᠰᠡᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠡᠷᠬᠡ ᠵᠢᠨ ᠵᠠᠭᠤᠴᠢ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ
 
            