
12 ᠳ᠋ᠤᠭ᠋ᠠᠷ ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠭᠣᠤᠯ ᠭᠤᠷᠤᠬ᠎ᠠ ᠨᠠᠭᠤᠷ ᠴᠥᠭᠥᠷᠥᠮ᠎ᠢ ᠵᠠᠰᠠᠬᠤ ᠪᠠ ᠤᠤᠭᠤᠬᠤ ᠤᠰᠤᠨ᠎ᠤ ᠠᠮᠤᠷ ᠲᠦᠪᠰᠢᠨ᠎ᠤ ᠰᠤᠨᠢᠨ ᠮᠡᠳᠡᠭᠡ ᠨᠡᠢ᠌ᠳᠡᠯᠡᠬᠦ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠳᠡᠳ᠋ ᠳᠠᠷᠤᠭ᠎ᠠ ᠵᠣᠣ ᠴᠠᠩ ᠴᠢᠩ ᠭᠣᠤᠯ ᠰᠡᠳᠦᠪᠲᠦ ᠨᠡᠶ᠋ᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠭᠣᠤᠯ ᠭᠤᠷᠤᠬ᠎ᠠ ᠨᠠᠭᠤᠷ ᠴᠥᠭᠥᠷᠥᠮ᠎ᠤᠨ ᠭᠠᠵᠠᠷ᠎ᠤᠨ ᠳᠠᠷᠤᠭ᠎ᠠ ᠯᠢᠦ ᠪᠢᠩ ᠵᠧᠩ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠠᠷᠢᠶᠠᠯᠠᠩ ᠮᠠᠯ ᠠᠵᠤ ᠠᠬᠤᠶ ᠵᠢᠨ ᠭᠠᠵᠠᠷ᠎ᠤᠨ ᠳᠠᠷᠤᠭ᠎ᠠ ᠭᠣᠤ ᠮᠢᠩ ᠲᠠᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠪᠠ᠃
ᠵᠣᠣ ᠴᠠᠩ ᠴᠢᠩ 2020 — 12 — 23 10᠄ 02᠄ 43
ᠨᠢᠭᠡ᠂ ᠥᠪᠡᠷᠲᠡᠭᠡᠨ ᠵᠠᠰᠠᠬᠤ ᠣᠷᠣᠨ᠎ᠤ ᠭᠣᠤᠯ ᠭᠤᠷᠤᠬ᠎ᠠ ᠨᠠᠭᠤᠷ ᠴᠥᠭᠥᠷᠥᠮ᠎ᠤᠨ ᠵᠠᠰᠠᠯᠲᠠ ᠵᠢᠨ ᠭᠣᠤᠯ ᠦᠷ᠎ᠡ ᠪᠦᠲᠦᠮᠵᠢ
2017 ᠣᠨ᠎ᠠᠴᠠ ᠨᠠᠭ᠋ᠠᠰᠢ᠂ ᠮᠠᠨ᠎ᠤ ᠣᠷᠣᠨ ᠭᠣᠤᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠭᠣᠤᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠨ᠂ ᠭᠣᠤᠯ ᠭᠤᠷᠤᠬ᠎ᠠ ᠨᠠᠭᠤᠷ ᠴᠥᠭᠥᠷᠥᠮ᠎ᠤᠨ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ ᠨᠢᠭᠡ᠎ᠳᠤ᠂ ᠭᠣᠣᠯ ᠭᠤᠷᠤᠬ᠎ᠠ ᠵᠢᠨ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠪᠡ᠃ ᠨᠠᠮ ᠵᠠᠰᠠᠭ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠲᠦᠷᠢᠮ ᠵᠶ᠋ᠠᠷ ᠭᠣᠣᠯ ᠪᠣᠯᠭ᠋ᠠᠭᠰᠠᠨ ᠲᠦᠷᠪᠡᠨ ᠱᠠᠲᠤᠨ᠎ᠤ ᠭᠣᠣᠯ᠎ᠤᠨ ᠳᠠᠷᠤᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ ᠪᠠ ᠠᠵᠢᠯ᠎ᠤᠨ ᠲᠦᠷᠢᠮ᠎ᠤᠨ ᠰᠢᠰᠲ᠋ᠧᠮ᠎ᠢ ᠪᠠᠶ᠋ᠢᠭᠤᠯᠪᠠ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠨᠠᠮ ᠵᠠᠰᠠᠭ᠎ᠤᠨ ᠭᠣᠣᠯ ᠤᠳᠤᠷᠢᠳᠤᠯᠭ᠎ᠠ ᠲᠦᠷᠦᠭᠦᠯᠡᠨ ᠶᠡᠷᠦᠩᠬᠡᠢ᠌ᠯᠡᠨ ᠠᠳᠬᠤᠬᠤ ᠦᠢ᠍ᠯᠡᠳᠦᠯ᠎ᠢ ᠲᠤᠪᠤᠢ᠌ᠯᠭ᠋ᠠᠬᠤ ᠵᠢᠨ ᠲᠦᠯᠦᠭᠡ᠂ ᠨᠠᠭᠤᠷ᠎ᠤᠨ ᠳᠠᠷᠤᠭ᠎ᠠ ᠵᠢᠨ ᠲᠦᠷᠢᠮ᠎ᠢ ᠪᠠᠶ᠋ᠢᠭᠤᠯᠬᠤ ᠶᠠᠪᠤᠴᠠ᠎ᠳᠤ᠂ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠦᠨ ᠬᠤᠤᠰ ᠶᠡᠷᠦᠩᠬᠡᠶ ᠭᠣᠤᠯ ᠭᠤᠷᠤᠬ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠲᠦᠷᠢᠮ ᠪᠣᠯᠭ᠋ᠠᠵᠤ᠂ ᠨᠠᠮ ᠵᠠᠰᠠᠭ᠎ᠤᠨ ᠭᠣᠤᠯ ᠤᠳᠤᠷᠢᠳᠤᠯᠭ᠎ᠠ ᠬᠠᠮᠲᠤ᠎ᠪᠠᠷ ᠲᠣᠰ ᠱᠠᠲᠤᠨ᠎ᠤ ᠶᠡᠷᠦᠩᠬᠡᠶ ᠭᠣᠤᠯ ᠭᠤᠷᠤᠬ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠵᠠᠰᠠᠭ᠎ᠤᠨ ᠣᠷᠳᠣᠨ᠎ᠤ ᠲᠡᠷᠢᠭᠦᠯᠡᠭᠴᠢ ᠲᠣᠰ ᠲᠣᠰ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠶᠡᠷᠦᠩᠬᠡᠶ ᠭᠣᠤᠯ ᠭᠤᠷᠤᠬ᠎ᠠ ᠨᠠᠭᠤᠷ ᠴᠦᠬᠦᠷᠦᠮ᠎ᠤᠨ ᠳᠠᠷᠤᠭ᠎ᠠ ᠪᠠ ᠶᠡᠷᠦᠩᠬᠡᠶ ᠭᠣᠤᠯ ᠭᠤᠷᠤᠬ᠎ᠠ ᠨᠠᠭᠤᠷ ᠴᠦᠬᠦᠷᠦᠮ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠮᠤᠵᠢ ᠵᠢᠨ ᠱᠠᠲᠤᠨ᠎ᠤ 5 ᠨᠡᠷᠡᠰ ᠤᠳᠤᠷᠢᠳᠤᠯᠭ᠎ᠠ ᠲᠣᠰ ᠲᠣᠰ ᠬᠠᠲᠤᠨ ᠭᠣᠤᠯ ᠵᠡᠷᠭᠡ 5 ᠭᠣᠤᠯ ᠪᠣᠯᠬᠤ ᠭᠣᠤᠯ ᠭᠤᠷᠤᠬ᠎ᠠ ᠪᠠ ᠬᠥᠯᠥᠨ ᠨᠠᠭᠤᠷ ᠵᠡᠷᠭᠡ 4 ᠭᠣᠤᠯᠳᠠᠯᠭ᠎ᠠ᠎ᠲᠠᠢ ᠨᠠᠭᠤᠷ᠎ᠤᠨ ᠳᠠᠷᠤᠭ᠎ᠠ ᠵᠢᠨ ᠲᠤᠰᠢᠶᠠᠯ᠎ᠢ ᠡᠬᠦᠷᠭᠡᠯᠡᠪᠡ᠃ ᠬᠣᠶᠠᠷ᠎ᠲᠤ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠠᠮᠢ ᠠᠬᠤᠶ ᠵᠢ ᠰᠡᠷᠭᠦᠭᠡᠬᠦ ᠪᠠ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠬᠦᠴᠦ ᠨᠡᠮᠡᠷᠢᠯᠡᠵᠡᠢ᠃ ᠬᠠᠲᠤᠨ ᠭᠣᠣᠯ᠎ᠤᠨ ᠭᠣᠣᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ᠎ᠤᠨ 773 ᠡᠷᠭᠢ ᠵᠢᠨ ᠱᠤᠭᠤᠮ᠎ᠤᠨ ᠠᠰᠢᠭᠯᠠᠯᠲᠠ ᠵᠢᠨ ᠵᠦᠢ᠍ᠯᠡᠰ᠎ᠢ ᠬᠢᠨᠠᠨ ᠪᠠᠶ᠋ᠢᠴᠠᠭ᠋ᠠᠬᠤ᠂ ᠴᠡᠭᠴᠡᠯᠡᠨ ᠵᠠᠰᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠷᠭᠢ ᠵᠢᠨ ᠱᠤᠭᠤᠮ᠎ᠤᠨ ᠠᠰᠢᠭᠯᠠᠯᠲᠠ ᠵᠢᠨ ᠵᠦᠢ᠍ᠯᠡᠰ᠎ᠤᠨ ᠰᠠᠭᠤᠷᠢ ᠲᠣᠭ᠎ᠠ ᠵᠢ ᠪᠦᠬᠦ ᠲᠠᠯ᠎ᠠ᠎ᠪᠠᠷ ᠲᠣᠳᠣᠷᠬᠠᠶ ᠣᠶ᠋ᠢᠯᠠᠭ᠋ᠠᠪᠠ; ᠬᠠᠲᠤᠨ ᠭᠣᠤᠯ᠎ᠤᠨ ᠰᠠᠪᠠ ᠭᠠᠵᠠᠷ᠎ᠤᠨ ᠭᠣᠤᠯ᠎ᠤᠨ ᠭᠤᠯᠳᠤᠷᠢᠯ᠎ᠠᠴᠠ ᠡᠯᠡᠰᠦ ᠮᠠᠯᠲᠠᠬᠤ ᠲᠤᠰᠬᠠᠶ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠡᠯᠡᠰᠦ ᠮᠠᠯᠳᠠᠭᠰᠠᠨ 18 ᠠᠰᠠᠭᠤᠳᠠᠯ᠎ᠢ ᠴᠡᠭᠴᠡᠯᠡᠨ ᠵᠠᠰᠠᠪᠠ; ᠰᠠᠪᠠ ᠭᠠᠵᠠᠷ᠎ᠤᠨ ᠳᠣᠲᠣᠷᠠᠬᠢ ᠭᠣᠤᠯ ᠭᠤᠷᠤᠬ᠎ᠠ ᠨᠠᠭᠤᠷ ᠴᠥᠭᠥᠷᠥᠮ᠎ᠢ ᠬᠠᠮᠢᠶᠠᠷᠴᠤ ᠬᠠᠮᠠᠭ᠋ᠠᠯᠠᠬᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠢᠳᠡᠪᠬᠢᠲᠡᠶ ᠳᠥᠯᠭᠢᠨ ᠠᠬᠢᠭᠤᠯᠵᠤ᠂ ᠤᠰᠤᠨ ᠠᠰᠢᠭᠯᠠᠯᠲᠠ ᠵᠢᠨ ᠶᠠᠮᠤᠨ᠎ᠠᠴᠠ ᠢᠯᠡᠷᠡᠬᠦᠯᠦᠭᠰᠡᠨ ᠮᠠᠨ᠎ᠤ ᠣᠷᠣᠨ᠎ᠤ ᠬᠠᠲᠤᠨ ᠭᠣᠤᠯ᠎ᠤᠨ ᠭᠣᠤᠯ ᠤᠷᠤᠰᠬᠠᠯ᠎ᠤᠨ 10 ᠠᠰᠠᠭᠤᠳᠠᠯ᠎ᠤᠨ 9 ᠠᠰᠠᠭᠤᠳᠠᠯ᠎ᠢ᠎ᠨᠢ ᠤᠳᠤᠬᠠᠨ ᠨᠢᠭᠡᠨᠳᠡ ᠴᠡᠭᠴᠡᠯᠡᠨ ᠰᠠᠶ᠋ᠢᠵᠢᠷᠠᠭᠤᠯᠵᠤ᠂ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ 《ᠭᠣᠤᠯ᠎ᠢ ᠴᠡᠪᠡᠷᠯᠡᠬᠦ ᠠᠵᠢᠯᠯᠠᠭ᠎ᠠ》 ᠳᠤᠮᠳᠠ ᠨᠤᠳᠠᠯᠠᠭᠰᠠᠨ ᠮᠠᠨ᠎ᠤ ᠣᠷᠣᠨ᠎ᠤ 127 ᠠᠰᠠᠭᠤᠳᠠᠯ᠎ᠤᠨ 118 ᠠᠰᠠᠭᠤᠳᠠᠯ᠎ᠢ᠎ᠨᠢ ᠨᠢᠭᠡᠨᠳᠡ ᠴᠡᠭᠴᠡᠯᠡᠨ ᠰᠠᠶ᠋ᠢᠵᠢᠷᠠᠭᠤᠯᠵᠤ᠂ 《ᠤᠳᠠᠭ᠋ᠠᠨ ᠵᠢᠯ᠎ᠤᠨ ᠳᠠᠷᠤᠭᠳᠠᠮᠠᠯ ᠬᠡᠷᠡᠭ》᠎ᠤᠨ ᠮᠠᠨ᠎ᠤ ᠣᠷᠣᠨ᠎ᠳᠤ ᠬᠣᠯᠪᠣᠭᠳᠠᠭᠰᠠᠨ 6 ᠠᠰᠠᠭᠤᠳᠠᠯ᠎ᠢ ᠪᠦᠬᠦᠨ᠎ᠢ ᠴᠡᠭᠴᠡᠯᠡᠨ ᠰᠠᠶ᠋ᠢᠵᠢᠷᠠᠭᠤᠯᠬᠤ ᠵᠢ ᠪᠡᠶᠡᠯᠡᠭᠦᠯᠪᠡ᠃ ᠭᠤᠷᠪᠠ᠎ᠳᠤ 《ᠭᠤᠷᠪᠠᠨ ᠨᠠᠭᠤᠷ》᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠵᠣᠬᠢᠴᠠᠩᠭᠤᠶ᠎ᠪᠠᠷ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ 《 ᠭᠤᠷᠪᠠᠨ ᠨᠠᠭᠤᠷ》᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ ᠲᠠᠭ᠎ᠠ ᠵᠢᠨ ᠨᠠᠭᠤᠷ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠪᠠᠶ᠋ᠢᠩᠭᠤ ᠵᠢᠨ ᠳᠡᠳ᠋ ᠲᠡᠷᠢᠭᠦᠯᠡᠭᠴᠢ ᠬᠥᠯᠥᠨ ᠨᠠᠭᠤᠷ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠤᠯᠠᠭ᠋ᠠᠨᠰᠤᠬᠠᠢ ᠨᠠᠭᠤᠷ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ 《 ᠭᠤᠷᠪᠠᠨ ᠨᠠᠭᠤᠷ》᠎ᠢ ᠶᠡᠷᠦᠩᠬᠡᠶ᠋ᠢᠯᠡᠨ ᠵᠠᠰᠠᠬᠤ᠎ᠳᠤ ᠪᠠᠲᠤ ᠴᠢᠩᠭ᠎ᠠ ᠤᠳᠤᠷᠢᠳᠤᠯᠭ᠎ᠠ ᠵᠢᠨ ᠪᠠᠲᠤᠯᠠᠭ᠎ᠠ ᠬᠠᠩᠭ᠋ᠠᠵᠠᠢ᠃ ᠨᠠᠭᠤᠷ ᠤᠨ ᠳᠠᠷᠤᠭ᠎ᠠ ᠨᠠᠷ ᠤᠯᠠᠨ ᠤᠳᠠᠭ᠎ᠠ ᠲᠤᠬᠠᠶ ᠵᠢᠨ ᠭᠠᠵᠠᠷ᠎ᠲᠤ ᠭᠦᠨᠵᠡᠭᠡᠶ᠋ᠢᠷᠡᠨ ᠂ ᠠᠰᠠᠭᠤᠳᠠᠯ ᠢ ᠢᠯᠡᠷᠡᠭᠦᠯᠵᠦ ᠂ ᠠᠰᠠᠭᠤᠳᠠᠯ ᠢ ᠰᠢᠢ᠍ᠳᠪᠤᠷᠢᠯᠡᠵᠦ᠂ 《 ᠭᠤᠷᠪᠠᠨ ᠨᠠᠭᠤᠷ》᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠬᠦᠴᠦᠲᠡᠶ ᠲᠦᠯᠬᠢᠨ ᠠᠬᠢᠭᠤᠯᠪᠠ᠃ ᠡᠭᠦᠨ᠎ᠤ ᠵᠡᠷᠭᠡ᠎ᠳᠤ᠂ ᠡᠯ᠎ᠡ ᠬᠣᠯᠪᠣᠭᠳᠠᠯ ᠪᠥᠬᠥᠶ ᠠᠶ᠋ᠢᠮᠠᠭ ᠬᠣᠲᠠ ᠪᠣᠯᠤᠨ ᠡᠯ᠎ᠡ ᠬᠠᠷᠢᠭᠤᠴᠠᠯᠭ᠋ᠠᠲᠤ ᠲᠢᠩᠬᠢᠮ ᠲᠣᠪᠴᠢᠶᠠᠨᠤᠭᠤᠳ ᠲᠣᠰ ᠲᠣᠰ᠎ᠤᠨ ᠬᠠᠷᠢᠭᠤᠴᠠᠯᠭ᠎ᠠ᠎ᠪᠠᠨ ᠬᠦᠢ᠍ᠴᠡᠳᠭᠡᠵᠦ᠂ ᠬᠠᠷᠢᠯᠴᠠᠨ ᠵᠣᠬᠢᠴᠠᠯᠳᠤᠨ᠂ ᠨᠢᠭᠲᠠ ᠬᠠᠮᠵᠢᠯᠴᠠᠵᠤ᠂ ᠶᠡᠷᠦᠩᠬᠡᠶ᠋ᠢᠯᠡᠨ ᠵᠠᠰᠠᠬᠤ ᠠᠵᠢᠯ᠎ᠤᠨ ᠪᠦᠬᠦᠯᠢ ᠴᠣᠭᠴᠠ ᠵᠢᠨ ᠨᠡᠢ᠌ᠯᠡᠯ ᠬᠦᠴᠦᠨ᠎ᠢ ᠪᠣᠶ ᠪᠣᠯᠭ᠋ᠠᠵᠤ᠂ ᠨᠠᠭᠤᠷ᠎ᠤᠨ ᠨᠢᠭᠤᠷ᠎ᠤᠨ ᠲᠠᠯᠠᠪᠠᠶ ᠵᠢ ᠴᠥᠮ ᠵᠦᠶ ᠵᠣᠬᠢᠰᠲᠠᠶ ᠣᠷᠣᠨ ᠵᠠᠶ ᠵᠢᠨ ᠳᠣᠲᠣᠷ᠎ᠠ ᠲᠣᠭᠲᠠᠭᠤᠨ ᠪᠠᠶ᠋ᠢᠯᠭ᠋ᠠᠬᠤ ᠵᠢ ᠪᠠᠲᠤᠯᠠᠪᠠ᠃ ᠡᠨᠡ ᠵᠢᠯ᠂ ᠲᠠᠭ᠎ᠠ ᠵᠢᠨ ᠨᠠᠭᠤᠷ᠎ᠤᠨ ᠠᠮᠢ ᠠᠬᠤᠶ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠨᠥᠬᠥᠪᠥᠷᠢᠯᠡᠬᠦ ᠢᠨᠵᠧᠨᠧᠷᠢᠩ᠎ᠢ ᠵᠢᠩᠬᠢᠨᠢ᠎ᠪᠠᠷ ᠡᠬᠢᠯᠡᠭᠦᠯᠵᠦ᠂ ᠪᠠᠷᠢᠯᠭ᠎ᠠ ᠵᠢᠨ ᠬᠤᠭᠤᠴᠠᠭ᠎ᠠ᠎ᠨᠢ 32 ᠰᠠᠷ᠎ᠠ ᠪᠠᠢ᠌ᠵᠤ᠂ ᠢᠨᠵᠧᠨᠧᠷᠢᠩ᠎ᠢ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ᠂ ᠲᠠᠭ᠎ᠠ ᠵᠢᠨ ᠨᠠᠭᠤᠷ᠎ᠤᠨ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠵᠢ ᠪᠥᠬᠥ ᠲᠠᠯ᠎ᠠ᠎ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠠᠲᠤᠨ ᠭᠣᠤᠯ᠎ᠤᠨ ᠤᠰᠤ ᠡᠯᠪᠡᠭ ᠵᠢᠯ᠎ᠳᠤ ᠬᠠᠲᠤᠨ ᠭᠣᠤᠯ᠎ᠤᠨ ᠭᠣᠤᠯ ᠤᠷᠤᠰᠬᠠᠯ᠎ᠠᠴᠠ ᠤᠰᠤ ᠲᠠᠲᠠᠵᠤ ᠲᠠᠭ᠎ᠠ ᠵᠢᠨ ᠨᠠᠭᠤᠷ᠎ᠲᠤ ᠪᠠᠴᠢᠮ ᠪᠠᠶ᠋ᠢᠳᠠᠯ᠎ᠢ ᠠᠷᠭ᠋ᠠᠴᠠᠬᠤ ᠠᠮᠢ ᠠᠬᠤᠶ ᠵᠢᠨ ᠤᠰᠤ ᠨᠥᠬᠥᠪᠥᠷᠢᠯᠡᠬᠦ ᠵᠢ ᠬᠡᠷᠡᠭᠵᠢᠭᠦᠯᠵᠦ᠂ ᠲᠠᠭ᠎ᠠ ᠵᠢᠨ ᠨᠠᠭᠤᠷ᠎ᠤᠨ ᠠᠮᠢ ᠠᠬᠤᠶ ᠵᠢᠨ ᠰᠡᠷᠭᠦᠭᠡᠯᠲᠡ ᠵᠢ ᠲᠦᠷᠭᠡᠳᠬᠡᠨ ᠠᠬᠢᠭᠤᠯᠪᠠ᠃ ᠲᠦᠷᠪᠡ᠎ᠳᠤ᠂ ᠤᠰᠤᠨ ᠣᠷᠣᠨ᠎ᠤ ᠡᠷᠭᠢ ᠵᠢᠨ ᠱᠤᠭᠤᠮ᠎ᠤᠨ ᠣᠷᠣᠨ ᠵᠠᠢ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠪᠠ᠃ ᠪᠦᠬᠦ ᠤᠯᠤᠰ᠎ᠤᠨ ᠠᠩᠬᠠᠳᠤᠭ᠋ᠠᠷ ᠤᠳᠠᠭ᠋ᠠᠨ᠎ᠤ ᠤᠰᠤᠨ ᠠᠰᠢᠭᠯᠠᠯᠲᠠ ᠵᠢᠨ ᠨᠡᠶ᠋ᠢᠳᠡᠮ ᠪᠠᠶ᠋ᠢᠴᠠᠭ᠋ᠠᠬᠤ ᠭᠣᠣᠯ ᠭᠤᠷᠤᠬ᠎ᠠ ᠨᠠᠭᠤᠷ ᠴᠥᠭᠥᠷᠥᠮ᠎ᠤᠨ ᠨᠡᠷᠡᠰ᠎ᠤᠨ ᠵᠢᠭᠰᠠᠭ᠋ᠠᠯᠲᠠ᠎ᠳᠠᠬᠢ 2860 ᠭᠣᠣᠯ ᠭᠤᠷᠤᠬ᠎ᠠ ᠵᠢᠨ ᠬᠡᠰᠡᠭ ᠪᠠ 359 ᠤᠰᠤᠨ᠎ᠤ ᠲᠠᠯᠠᠪᠠᠢ᠎ᠨᠢ 1 ᠲᠡᠭᠰᠢ ᠳᠥᠷᠪᠡᠯᠵᠢᠨ ᠺᠢᠯᠣᠮᠧᠲᠷ᠎ᠠᠴᠠ ᠳᠡᠭᠡᠭᠰᠢᠬᠢ ᠨᠠᠭᠤᠷ ᠴᠥᠭᠥᠷᠥᠮ᠎ᠢ ᠵᠠᠭ᠋ᠠᠭᠯᠠᠬᠤ ᠠᠵᠢᠯ᠎ᠢ ᠤᠷᠢᠳᠴᠢᠯᠠᠨ ᠪᠡᠶᠡᠯᠡᠭᠦᠯᠵᠦ᠂ ᠬᠥᠮᠦᠨ ᠦᠭᠡᠢ ᠣᠷᠣᠨ᠎ᠤ 800 ᠭᠠᠷᠤᠶ ᠭᠣᠣᠯ ᠭᠤᠷᠤᠬᠠᠢ ᠬᠢᠨᠠᠨ ᠲᠣᠭᠲᠠᠭ᠋ᠠᠪᠠ; 2018 ᠣᠨ᠎ᠠᠴᠠ ᠨᠠᠰᠢ᠂ ᠪᠥᠬᠥ ᠣᠷᠣᠨ᠎ᠳᠤ ᠨᠡᠶ᠋ᠢᠲᠡ 6283 ᠭᠣᠤᠯ ᠭᠤᠷᠤᠬ᠎ᠠ ᠨᠠᠭᠤᠷ ᠴᠦᠬᠦᠷᠦᠮ᠎ᠤᠨ 《ᠳᠥᠷᠪᠡᠨ ᠵᠠᠮᠪᠠᠷᠠᠭ᠎ᠠ ᠦᠭᠡᠢ》 ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ᠂ 6045 ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ᠂ ᠳ᠋ᠤᠭ᠋ᠠᠷ ᠬᠠᠰᠤᠭᠰᠠᠨ ᠨᠣᠷᠮ᠎ᠠ᠎ᠨᠢ 96.21% ᠳᠤ ᠲᠤᠯᠪᠠ᠂ ᠡᠭᠦᠨ᠎ᠳᠤ 2020 ᠣᠨ᠎ᠳᠤ ᠭᠣᠤᠯ ᠭᠤᠷᠤᠬ᠎ᠠ ᠨᠠᠭᠤᠷ ᠴᠦᠬᠦᠷᠦᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ 《ᠬᠠᠪᠤᠷ᠎ᠤᠨ ᠤᠯᠠᠷᠢᠯ》᠂ 《ᠨᠠᠮᠤᠷ᠎ᠤᠨ ᠤᠯᠠᠷᠢᠯ》᠎ᠤᠨ ᠠᠵᠢᠯᠯᠠᠭ᠎ᠠ ᠵᠢ ᠥᠷᠨᠢᠭᠦᠯᠬᠦ᠎ᠳᠤ 1723 《ᠳᠥᠷᠪᠡᠨ ᠵᠠᠮᠪᠠᠷᠠᠭ᠎ᠠ ᠦᠭᠡᠢ》 ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠵᠤ᠂ 1649 ᠳ᠋ᠤᠭ᠋ᠠᠷ᠎ᠢ᠎ᠨᠢ ᠨᠢᠭᠡᠨᠲᠡ ᠬᠠᠰᠤᠵᠤ᠂ ᠳ᠋ᠤᠭ᠋ᠠᠷ᠎ᠢ᠎ᠨᠢ ᠬᠠᠰᠤᠭᠰᠠᠨ ᠨᠣᠷᠮ᠎ᠠ 95.7% ᠪᠣᠯᠪᠠ; ᠲᠤᠰᠬᠠᠶ ᠠᠵᠢᠯᠯᠠᠭ᠎ᠠ᠎ᠪᠠᠷ 585.5 ᠺᠢᠯᠣᠮᠧᠲᠷ ᠭᠣᠣᠯ᠎ᠤᠨ ᠭᠤᠯᠳᠤᠷᠢᠯ᠎ᠢ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ ᠶᠠᠪᠤᠳᠠᠯ᠎ᠢ ᠴᠡᠪᠡᠷᠯᠡᠵᠦ᠂ ᠬᠠᠤᠯᠢ ᠪᠤᠰᠤ᠎ᠪᠠᠷ ᠡᠯᠡᠰᠦ ᠮᠠᠯᠲᠠᠭᠰᠠᠨ 58 ᠭᠠᠵᠠᠷ᠎ᠢ ᠴᠡᠪᠡᠷᠯᠡᠵᠦ᠂ 132.4 ᠲᠦᠮᠡᠨ ᠲᠡᠭᠰᠢ ᠳᠥᠷᠪᠡᠯᠵᠢᠨ ᠮᠧᠲᠷ ᠬᠠᠤᠯᠢ ᠪᠤᠰᠤ ᠪᠠᠷᠢᠯᠭ᠎ᠠ ᠵᠢ ᠨᠤᠷᠠᠭ᠋ᠠᠵᠤ᠂ ᠬᠠᠳᠤᠨ ᠭᠣᠣᠯ᠎ᠤᠨ ᠴᠢᠬᠤᠯᠠ ᠰᠠᠯᠪᠤᠷᠢ ᠤᠷᠤᠰᠬᠠᠯ᠎ᠤᠨ ᠬᠠᠤᠯᠢ ᠪᠤᠰᠤ᠎ᠪᠠᠷ ᠡᠯᠡᠰᠦ ᠮᠠᠯᠲᠠᠭᠰᠠᠨ ᠵᠡᠷᠭᠡ ᠲᠡᠦᠬᠡ ᠵᠢᠨ ᠦᠯᠡᠳᠡᠭᠳᠡᠯ ᠠᠰᠠᠭᠤᠳᠠᠯ᠎ᠢ ᠦᠷᠭᠦᠯᠵᠢᠯᠡᠨ ᠰᠢᠢ᠍ᠳᠪᠤᠷᠢᠯᠡᠬᠦ ᠵᠢ ᠲᠦᠯᠬᠢᠨ ᠠᠬᠢᠭᠤᠯᠵᠤ᠂ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠦᠷᠰᠦ ᠪᠠᠶ᠋ᠢᠳᠠᠯ᠎ᠢ ᠢᠯᠡᠳᠲᠡ ᠰᠠᠶ᠋ᠢᠵᠢᠷᠠᠭᠤᠯᠪᠠ᠃ ᠲᠠᠪᠤ᠎ᠳᠤ᠂ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠤᠬᠠᠭᠤᠯᠭ᠎ᠠ ᠵᠢ ᠪᠦᠬᠦ ᠲᠠᠯ᠎ᠠ᠎ᠪᠠᠷ᠂ ᠤᠯᠠᠨ ᠲᠠᠯ᠎ᠠ᠎ᠠᠴᠠ ᠦᠷᠨᠢᠬᠦᠯᠵᠡᠢ᠃ ᠡᠯ᠎ᠡ ᠱᠠᠲᠤ ᠡᠯ᠎ᠡ ᠭᠠᠵᠠᠷ᠎ᠤᠨ᠎ᠬᠢᠨ ᠣᠯᠠᠨ ᠵᠤᠢ᠌ᠯ᠎ᠤᠨ ᠵᠠᠭᠤᠴᠢᠯᠠᠭᠤᠷ ᠵᠶ᠋ᠠᠷ ᠳᠠᠮᠵᠢᠭᠤᠯᠤᠨ᠂ ᠭᠣᠤᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠪᠥᠬᠥ ᠨᠡᠶ᠋ᠢᠭᠡᠮ ᠵᠶ᠋ᠠᠷ ᠵᠶ᠋ᠠᠨ ᠭᠣᠤᠯ ᠭᠤᠷᠤᠬ᠎ᠠ ᠨᠠᠭᠤᠷ ᠴᠥᠭᠥᠷᠥᠮ᠎ᠢ ᠬᠠᠯᠠᠮᠵᠢᠯᠠᠨ ᠬᠠᠶ᠋ᠢᠷᠠᠯᠠᠬᠤ᠂ ᠭᠣᠤᠯ ᠭᠤᠷᠤᠬ᠎ᠠ ᠨᠠᠭᠤᠷ ᠴᠥᠭᠥᠷᠥᠮ᠎ᠢ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠤᠯᠭ᠋ᠠᠪᠠ᠃ ᠠᠷᠠᠳ᠎ᠤᠨ ᠡᠳᠦᠷ᠎ᠤᠨ ᠰᠣᠨᠢᠨ (ᠰᠦᠯᠵᠢᠶ᠎ᠡ)᠂ ᠰᠢᠨᠬᠤᠸᠠ ᠰᠦᠯᠵᠢᠶ᠎ᠡ ᠪᠣᠯᠤᠨ ᠤᠯᠤᠰ ᠵᠶ᠋ᠠᠨ ᠬᠦᠴᠦᠷᠬᠡᠭᠵᠢᠭᠦᠯᠬᠦ ᠵᠢ ᠰᠤᠷᠤᠯᠴᠠᠬᠤ ᠲᠠᠪᠴᠠᠩ ᠵᠡᠷᠭᠡ ᠤᠯᠤᠰ᠎ᠤᠨ ᠭᠣᠤᠯ ᠤᠷᠤᠰᠬᠠᠯ᠎ᠤᠨ ᠵᠠᠭᠤᠴᠢᠯᠠᠭᠤᠷ᠎ᠤᠨ᠎ᠬᠢᠨ᠎ᠤ ᠮᠠᠨ᠎ᠤ ᠣᠷᠣᠨ᠎ᠤ ᠭᠣᠤᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠤᠨ ᠠᠬᠢᠴᠠ ᠵᠢ ᠮᠡᠳᠡᠭᠡᠯᠡᠵᠦ᠂ ᠡᠯ᠎ᠡ ᠭᠠᠵᠠᠷ᠎ᠤᠨ ᠨᠡᠶ᠋ᠢᠲᠡᠯᠢᠭ ᠲᠤᠷᠰᠢᠯᠭ᠎ᠠ ᠵᠡᠷᠭᠡ ᠵᠢ 50 ᠭᠠᠷᠤᠶ ᠤᠳᠠᠭ᠎ᠠ ᠮᠡᠳᠡᠭᠡᠯᠡᠵᠦ᠂ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ᠂ ᠥᠪᠥᠷ ᠮᠣᠩᠭᠣᠯ᠎ᠤᠨ ᠡᠳᠦᠷ᠎ᠤᠨ ᠰᠣᠨᠢᠨ᠂ ᠥᠪᠥᠷ ᠮᠣᠩᠭᠣᠯ᠎ᠤᠨ ᠲᠧᠯᠸᠢᠰ ᠬᠣᠷᠢᠶ᠎ᠠ ᠵᠡᠷᠭᠡ ᠵᠠᠭᠤᠴᠢᠯᠠᠭᠤᠷ᠎ᠤᠨ᠎ᠬᠢᠨ ᠮᠠᠨ᠎ᠤ ᠣᠷᠣᠨ᠎ᠤ ᠭᠣᠤᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠡᠯ᠎ᠡ ᠵᠤᠢ᠌ᠯ᠎ᠤᠨ ᠠᠵᠢᠯ᠎ᠢ ᠵᠠᠭᠤ ᠭᠠᠷᠤᠶ ᠤᠳᠠᠭ᠎ᠠ ᠮᠡᠳᠡᠭᠡᠯᠡᠵᠦ ᠤᠬᠠᠭᠤᠯᠪᠠ᠃ 《ᠥᠪᠥᠷ ᠮᠣᠩᠭᠣᠯ᠎ᠤᠨ ᠭᠣᠤᠯ᠎ᠤᠨ ᠳᠠᠷᠤᠭ᠎ᠠ ᠵᠢᠨ ᠲᠦᠷᠢᠮ》᠎ᠤᠨ ᠸᠢᠴᠠᠲ᠎ᠤᠨ ᠣᠯᠠᠨ ᠨᠡᠶ᠋ᠢᠲᠡ ᠵᠢᠨ ᠲᠠᠪᠴᠠᠩ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠰᠦᠯᠵᠢᠶ᠎ᠡ᠎ᠳᠤ ᠪᠠᠰᠠ ᠭᠣᠤᠯ᠎ᠤᠨ ᠳᠠᠷᠤᠭ᠎ᠠ ᠵᠢᠨ ᠲᠦᠷᠢᠮ᠎ᠤᠨ ᠲᠤᠰᠬᠠᠶ ᠪᠤᠯᠤᠩ ᠭᠠᠷᠭ᠋ᠠᠵᠤ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠳᠤ ᠪᠠᠰᠠ ᠲᠣᠰ ᠲᠣᠰ᠎ᠤᠨ ᠣᠨᠴᠠᠯᠢᠭ᠎ᠲᠠᠢ᠂ ᠬᠡᠯᠪᠡᠷᠢ ᠮᠠᠶᠢᠭ᠎ᠨᠢ ᠣᠯᠠᠨ ᠶᠠᠩᠵᠤ ᠵᠢᠨ ᠭᠣᠤᠯ᠎ᠤᠨ ᠳᠠᠷᠤᠭ᠎ᠠ ᠵᠢᠨ ᠲᠦᠷᠢᠮ᠎ᠤᠨ ᠤᠬᠠᠭᠤᠯᠭ᠎ᠠ ᠵᠢᠨ ᠠᠵᠢᠯ᠎ᠢ ᠥᠷᠨᠢᠭᠦᠯᠪᠡ᠃
ᠳᠠᠷᠠᠭ᠎ᠠ ᠠᠯᠬᠤᠮ᠎ᠳᠤ᠂ ᠮᠠᠨ᠎ᠤ ᠣᠷᠣᠨ᠎ᠤ ᠭᠣᠣᠯ ᠭᠤᠷᠤᠬ᠎ᠠ ᠨᠠᠭᠤᠷ ᠴᠥᠭᠥᠷᠥᠮ᠎ᠢ ᠵᠠᠰᠠᠬᠤ᠎ᠳᠤ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ᠎ᠪᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠤᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠲᠣᠭᠣᠷᠢᠨ᠎ᠳᠤ᠂ ᠭᠣᠤᠯ ᠭᠤᠷᠤᠬ᠎ᠠ ᠵᠢᠨ ᠳᠠᠷᠤᠭ᠎ᠠ ᠵᠢᠨ ᠲᠦᠷᠢᠮ ᠵᠶ᠋ᠠᠷ ᠭᠠᠷᠳᠠᠴᠠ ᠪᠣᠯᠭ᠋ᠠᠵᠤ᠂ 《ᠨᠠᠭᠤᠷ》 ᠪᠠ 《ᠤᠰᠤ》 ᠵᠢ ᠰᠠᠶ᠋ᠢᠲᠤᠷ ᠬᠠᠮᠢᠶᠠᠷᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠷᠠᠭᠤᠯᠤᠨ᠂ ᠭᠣᠤᠯ ᠨᠠᠭᠤᠷ᠎ᠤᠨ ᠳᠠᠷᠤᠭ᠎ᠠ ᠵᠢᠨ ᠲᠦᠷᠢᠮ᠎ᠢ 《ᠨᠡᠷ᠎ᠡ᠎ᠲᠠᠢ》 ᠪᠠᠶ᠋ᠢᠭᠰᠠᠨ᠎ᠠᠴᠠ 《 ᠨᠢᠳᠡᠷ᠎ᠲᠠᠢ》 ᠪᠣᠯᠭ᠋ᠠᠨ ᠬᠤᠪᠢᠷᠠᠭᠤᠯᠬᠤ ᠵᠢ ᠬᠦᠴᠦᠯᠡᠨ ᠠᠬᠢᠭᠤᠯᠵᠤ᠂ ᠪᠥᠬᠥ ᠲᠠᠯ᠎ᠠ᠎ᠪᠠᠷ ᠪᠠᠶ᠋ᠢᠭᠤᠯᠬᠤ᠎ᠠᠴᠠ ᠪᠥᠬᠥ ᠲᠠᠯ᠎ᠠ᠎ᠪᠠᠷ ᠦᠷ᠎ᠡ ᠪᠦᠲᠦᠮᠵᠢ ᠤᠯᠬᠤ ᠬᠦᠷᠲᠡᠯ᠎ᠡ᠂ ᠭᠣᠤᠯ ᠭᠤᠷᠤᠬ᠎ᠠ ᠨᠠᠭᠤᠷ ᠴᠦᠬᠦᠷᠦᠮ᠎ᠢ ᠨᠠᠮ ᠰᠡᠯᠡᠭᠦᠨ᠂ ᠡᠶ᠎ᠡ ᠵᠣᠬᠢᠴᠠᠯ᠎ᠲᠠᠢ ᠪᠣᠯᠭ᠋ᠠᠵᠤ᠂ ᠤᠷᠤᠰᠬᠠᠯ᠎ᠨᠢ ᠢᠯᠭᠤᠮ᠂ ᠤᠰᠤ᠎ᠨᠢ ᠲᠤᠩᠭ᠋ᠠᠯᠠᠭ᠂ ᠡᠷᠭᠢ᠎ᠨᠢ ᠨᠣᠭᠣᠭ᠋ᠠᠨ᠂ ᠦᠵᠡᠮᠵᠢ᠎ᠨᠢ ᠰᠠᠶ᠋ᠢᠬᠠᠨ ᠪᠤᠯᠭ᠋ᠠᠵᠤ᠂ ᠭᠣᠤᠯ ᠭᠤᠷᠤᠬ᠎ᠠ ᠨᠠᠭᠤᠷ ᠴᠦᠬᠦᠷᠦᠮ᠎ᠨᠢ ᠠᠮᠤᠷ ᠠᠮᠤᠭᠤᠯᠠᠩ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠢ ᠪᠥᠲᠥᠭᠡᠨ ᠪᠠᠶ᠋ᠢᠭᠤᠯᠤᠨ᠎ᠠ᠃
ᠬᠣᠶᠠᠷ᠂ ᠤᠤᠭᠤᠬᠤ ᠤᠰᠤᠨ᠎ᠤ ᠠᠮᠤᠷ ᠲᠦᠪᠰᠢᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠬᠠᠷᠠᠯᠲᠠᠲᠤ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠪᠡ
ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ ᠪᠣᠯ ᠨᠢᠭᠡᠨ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠᠶ᠋ᠢᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠲᠠᠢ ᠬᠣᠯᠪᠣᠭᠳᠠᠵᠤ ᠪᠠᠢ᠌ᠳᠠᠭ᠃ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ᠎ᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠡᠭᠡᠷ᠎ᠡ ᠲᠥᠪᠯᠡᠷᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠤᠷᠢᠯᠡᠬᠦ᠎ᠪᠠᠷ ᠭᠣᠤᠯᠳᠠᠯᠭ᠎ᠠ ᠪᠣᠯᠭ᠋ᠠᠵᠤ᠂ ᠳᠡᠭᠡᠳᠦ ᠪᠠᠶ᠋ᠢᠷᠢ᠎ᠠᠴᠠ ᠠᠬᠢᠭᠤᠯᠬᠤ ᠵᠢ ᠪᠠᠷᠢᠮᠲᠠᠯᠠᠨ᠂ ᠤᠤᠭᠤᠬᠤ ᠤᠰᠤᠨ᠎ᠤ ᠠᠮᠤᠷ ᠲᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠢᠯᠡᠳᠲᠡ ᠦᠷ᠎ᠡ ᠪᠦᠲᠦᠮᠵᠢ ᠣᠯᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ ᠶᠣᠰᠣᠭ᠋ᠠᠷ᠂ ᠪᠥᠬᠥ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠥᠬᠥ ᠲᠠᠯ᠎ᠠ᠎ᠪᠠᠷ ᠰᠢᠢ᠍ᠳᠪᠤᠷᠢᠯᠡᠪᠡ᠃
ᠨᠢᠭᠡ᠎ᠳᠤ᠂ ᠤᠨᠢᠨ ᠳᠡᠭᠡᠷ᠎ᠡ᠎ᠨᠢ ᠶᠠᠳᠠᠭᠤ ᠵᠢ ᠲᠡᠳᠬᠦᠬᠦ ᠵᠢ ᠪᠠᠷᠢᠮᠲᠠᠯᠠᠵᠤ᠂ ᠲᠣᠭᠲᠠᠭᠰᠠᠨ ᠬᠤᠭᠤᠴᠠᠭ᠋ᠠᠨ ᠳᠤ 《ᠪᠦᠬᠦᠨ᠎ᠢ ᠴᠡᠪᠡᠷᠯᠡᠨ ᠪᠠᠷᠢᠮᠵᠢᠶ᠎ᠠ᠎ᠳᠤ ᠬᠦᠷᠭᠡᠬᠦ》 ᠵᠢ ᠪᠡᠶᠡᠯᠡᠭᠦᠯᠦᠨ᠎ᠡ᠃ 《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠥᠬᠥ ᠣᠷᠣᠨ᠎ᠳᠤ ᠶᠠᠳᠠᠭᠤ ᠬᠦᠴᠢᠷᠳᠡᠯᠲᠡᠶ 18.3 ᠲᠦᠮᠡᠨ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠤᠷᠢᠯᠡᠪᠡ᠃ ᠨᠢᠭᠡ ᠡᠷᠦᠬᠡ ᠵᠢ ᠴᠤ᠌ ᠭᠡᠭᠡᠭᠳᠡᠬᠦᠯᠬᠦ ᠥᠬᠡᠶ᠂ ᠨᠢᠭᠡ ᠬᠥᠮᠦᠨ᠎ᠢ ᠴᠦ᠍ ᠣᠷᠬᠢᠭᠳᠠᠭᠤᠯᠬᠤ ᠥᠬᠡᠶ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠶᠠᠳᠠᠭᠤ ᠵᠢ ᠲᠡᠳᠬᠦᠵᠦ᠂ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠤᠳ᠎ᠲᠠᠢ ᠬᠠᠮᠲᠤᠷᠠᠨ ᠪᠥᠬᠥ ᠣᠷᠣᠨ᠎ᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠥᠬᠥ ᠲᠠᠯ᠎ᠠ᠎ᠪᠠᠷ ᠪᠠᠶ᠋ᠢᠴᠠᠭ᠋ᠠᠨ ᠳᠣᠲᠣᠯᠠᠵᠤ᠂ ᠲᠤᠰᠬᠠᠶ ᠵᠤᠢ᠌ᠯ᠎ᠤᠨ ᠪᠠᠯᠠ ᠮᠥᠩᠭᠥ ᠪᠠᠭᠤᠯᠭ᠋ᠠᠨ ᠪᠦᠬᠦᠨ᠎ᠢ ᠬᠠᠮᠤᠷᠬᠤ ᠮᠠᠶᠢᠭ᠎ᠤᠨ ᠤᠰᠤᠨ᠎ᠤ ᠴᠢᠨᠠᠷ᠎ᠢ ᠪᠠᠶ᠋ᠢᠴᠠᠭ᠋ᠠᠨ ᠬᠡᠮᠵᠢᠬᠦ ᠠᠵᠢᠯ᠎ᠢ ᠥᠷᠨᠢᠭᠦᠯᠵᠦ᠂ ᠬᠣᠰᠢᠭᠤ ᠰᠢᠶᠠᠨ ᠲᠣᠰᠬᠣᠨ ᠡᠷᠦᠬᠡ᠎ᠳᠤ ᠬᠦᠷᠲᠡᠯ᠎ᠡ ᠡᠬᠡ ᠲᠠᠩᠰᠠ ᠵᠢ ᠪᠠᠶ᠋ᠢᠭᠤᠯᠤᠨ᠂ ᠮᠡᠷᠭᠡᠵᠢᠯ᠎ᠤᠨ ᠲᠥᠰᠦᠯ ᠲᠣᠭᠲᠠᠭ᠋ᠠᠵᠤ᠂ ᠰᠢᠢ᠍ᠳᠪᠤᠷᠢᠯᠡᠬᠦ ᠠᠷᠭ᠎ᠠ ᠬᠡᠮᠵᠢᠶ᠎ᠡ ᠵᠢ ᠨᠠᠷᠢᠯᠢᠭ ᠣᠨᠣᠴᠠᠲᠠᠶ᠎ᠪᠠᠷ ᠨᠠᠶ᠋ᠢᠳᠠᠪᠤᠷᠢᠵᠢᠭᠤᠯᠪᠠ᠃ 2019 ᠣᠨ᠎ᠤ 10 ᠳ᠋ᠤᠭ᠋ᠠᠷ ᠰᠠᠷ᠎ᠠ᠎ᠳᠤ᠂ ᠬᠠᠮᠤᠭ ᠰᠡᠭᠦᠯᠴᠢ ᠵᠢᠨ ᠨᠢᠭᠡ ᠪᠦᠯᠦᠭ ᠬᠠᠷᠭᠤᠭᠤᠯᠤᠨ ᠪᠠᠶ᠋ᠢᠴᠠᠭ᠋ᠠᠵᠤ ᠭᠠᠷᠭ᠋ᠠᠭᠰᠠᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦᠨ᠎ᠢ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ᠎ᠤ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠤᠨ 《 ᠪᠦᠬᠦᠨ᠎ᠢ ᠴᠡᠪᠡᠷᠯᠡᠨ ᠪᠠᠷᠢᠮᠵᠢᠶ᠎ᠠ᠎ᠳᠤ ᠬᠦᠷᠭᠡᠬᠦ》 ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠪᠡ᠃
ᠬᠣᠶᠠᠷ᠎ᠲᠤ᠂ ᠬᠥᠳᠡᠯᠦᠩᠭᠦᠢ᠎ᠪᠠᠷ ᠬᠢᠨᠠᠨ ᠬᠡᠮᠵᠢᠬᠦ ᠵᠢ ᠪᠠᠷᠢᠮᠲᠠᠯᠠᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ᠎ᠠᠴᠠ ᠰᠡᠷᠭᠡᠢ᠌ᠯᠡᠪᠡ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠬᠦ ᠵᠢᠨ ᠲᠥᠯᠥᠭᠡ᠂ ᠤᠤᠭᠤᠬᠤ ᠤᠰᠤᠨ᠎ᠤ ᠠᠮᠤᠷ ᠲᠦᠪᠰᠢᠨ᠎ᠤ ᠬᠡᠮ ᠰᠣᠭᠣᠭ᠎ᠢ ᠲᠠᠰᠤᠷᠠᠯᠲᠠ ᠥᠬᠡᠶ ᠠᠷᠢᠯᠭ᠋ᠠᠵᠤ᠂ 2019 ᠣᠨ᠂ 2020 ᠣᠨ᠎ᠳᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠬᠣᠶᠠᠷ ᠵᠢᠯ ᠳᠠᠷᠠᠭ᠋ᠠᠯᠠᠨ ᠬᠥᠨᠳᠡᠯᠡᠨ᠎ᠪᠠᠷ ᠬᠢᠵᠠᠭ᠋ᠠᠷ ᠣᠷᠣᠨ᠎ᠳᠤ ᠬᠦᠷᠲᠡᠯ᠎ᠡ ᠭᠤᠯᠳᠤ᠎ᠪᠠᠷ ᠡᠴᠦᠰ᠎ᠲᠤᠨᠢ ᠲᠤᠯᠲᠠᠯ᠎ᠠ᠂ ᠶᠠᠳᠠᠭᠤ ᠬᠦᠴᠢᠷᠳᠡᠯᠲᠡᠶ ᠬᠥᠮᠦᠨ ᠠᠮᠠ ᠵᠢ ᠨᠡᠶ᠋ᠢᠳᠡᠮ ᠬᠠᠮᠤᠷᠬᠤ ᠮᠠᠶᠢᠭ᠎ᠤᠨ ᠤᠤᠭᠤᠬᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠶᠡᠬᠡ ᠵᠢᠭᠰᠠᠭ᠋ᠠᠨ ᠪᠠᠶ᠋ᠢᠴᠠᠭ᠋ᠠᠯᠲᠠ ᠵᠢ ᠥᠷᠨᠢᠭᠦᠯᠵᠦ᠂ ᠵᠢᠭᠰᠠᠭ᠋ᠠᠨ ᠪᠠᠶ᠋ᠢᠴᠠᠭ᠋ᠠᠵᠤ ᠭᠠᠷᠭ᠋ᠠᠭᠰᠠᠨ ᠠᠮᠤᠷ ᠲᠦᠪᠰᠢᠨ᠎ᠤ ᠬᠡᠮ ᠰᠣᠭᠣᠭ ᠪᠠ ᠪᠠᠲᠤᠯᠠᠭ᠎ᠠ ᠯᠠᠪᠳᠠᠭᠤᠨ ᠪᠠᠲᠤᠲᠠᠶ ᠪᠢᠰᠢ ᠠᠰᠠᠭᠤᠳᠠᠯ᠎ᠳᠤ ᠴᠡᠭᠴᠡᠯᠡᠨ ᠰᠠᠶ᠋ᠢᠵᠢᠷᠠᠭᠤᠯᠬᠤ ᠡᠬᠡ ᠲᠠᠩᠰᠠ ᠪᠠᠶ᠋ᠢᠭᠤᠯᠵᠤ᠂ ᠰᠢᠢ᠍ᠳᠪᠤᠷᠢᠯᠡᠬᠦ ᠠᠷᠭ᠎ᠠ ᠬᠡᠮᠵᠢᠶ᠎ᠡ ᠵᠢ ᠨᠢᠭᠡᠳ ᠨᠢᠭᠡ᠎ᠪᠠᠷ ᠨᠠᠶ᠋ᠢᠳᠠᠪᠤᠷᠢᠵᠢᠭᠤᠯᠤᠨ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠳᠠᠯᠳᠠᠭᠤᠷ ᠰᠤᠷᠪᠤᠯᠵᠢᠯᠠᠨ ᠪᠠᠶ᠋ᠢᠴᠠᠭ᠋ᠠᠬᠤ ᠲᠤᠰᠬᠠᠶ ᠠᠩᠭᠢ ᠪᠠᠶ᠋ᠢᠭᠤᠯᠵᠤ᠂ ᠪᠥᠬᠥ ᠣᠷᠣᠨ᠎ᠤ 12 ᠠᠶ᠋ᠢᠮᠠᠭ ᠬᠣᠲᠠ᠎ᠳᠤ ᠣᠯᠠᠨ ᠤᠳᠠᠭ᠎ᠠ ᠰᠢᠪᠠᠳᠠᠭᠤᠯᠤᠨ ᠵᠢᠯᠣᠭᠣᠳᠴᠤ ᠪᠠᠶ᠋ᠢᠴᠠᠭ᠋ᠠᠬᠤ᠂ ᠳᠠᠯᠳᠠᠭᠤᠷ ᠰᠤᠷᠪᠤᠯᠵᠢᠯᠠᠬᠤ ᠵᠢ ᠥᠷᠨᠢᠭᠦᠯᠵᠦ᠂ ᠡᠯ᠎ᠡ ᠭᠠᠵᠠᠷ᠎ᠤᠨ᠎ᠬᠢᠨ᠎ᠢ ᠰᠢᠪᠠᠳᠠᠭᠤᠯᠵᠤ ᠪᠠᠶ᠋ᠢᠭ᠋ᠠᠳ ᠤᠤᠭᠤᠬᠤ ᠤᠰᠤᠨ᠎ᠤ ᠠᠮᠤᠷ ᠲᠦᠪᠰᠢᠨ᠎ᠤ ᠡᠯ᠎ᠡ ᠵᠤᠢ᠌ᠯ᠎ᠤᠨ ᠠᠵᠢᠯ᠎ᠢ ᠦᠨᠡᠨ ᠬᠦ᠌ ᠰᠠᠶ᠋ᠢᠲᠤᠷ ᠬᠢᠯᠭᠡᠪᠡ᠃ ᠡᠯ᠎ᠡ ᠭᠠᠵᠠᠷ᠎ᠤᠨ᠎ᠬᠢᠨ ᠠᠰᠠᠭᠤᠳᠠᠯ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠂ ᠶᠠᠳᠠᠭᠤ ᠵᠢ ᠲᠡᠳᠬᠦᠬᠦ ᠪᠠ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠲᠠᠢ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠪᠠᠶ᠋ᠢᠳᠠᠯ᠎ᠢ ᠴᠠᠭ ᠲᠤᠬᠠᠢᠳᠤᠨᠢ ᠡᠵᠡᠮᠰᠢᠵᠦ᠂ ᠠᠰᠠᠭᠤᠳᠠᠯ ᠲᠠᠬᠢᠨ ᠡᠭᠦᠰᠬᠦ ᠵᠢ ᠰᠡᠷᠭᠡᠶ᠋ᠢᠯᠡᠵᠦ᠂ ᠤᠰᠤ᠎ᠠᠴᠠ ᠪᠤᠯᠵᠤ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶ᠋ᠢᠳᠠᠯ ᠭᠠᠷᠬᠤ᠎ᠠᠴᠠ ᠵᠠᠶ᠋ᠢᠯᠠᠰᠬᠢᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠬᠥᠳᠡᠯᠦᠩᠭᠦᠢ᠎ᠪᠠᠷ ᠴᠡᠪᠡᠷᠯᠡᠬᠦ ᠵᠢ ᠪᠠᠲᠤᠯᠠᠵᠠᠢ᠃
ᠭᠤᠷᠪᠠ᠎ᠳᠤ᠂ ᠪᠡᠬᠢᠵᠢᠭᠦᠯᠦᠨ ᠥᠷᠭᠡᠳᠬᠡᠬᠦ ᠵᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠶᠠᠰᠤ ᠴᠢᠨᠠᠷ᠎ᠢ ᠲᠡᠭᠡᠭᠰᠢᠯᠡᠬᠦᠯᠪᠡ᠃ 《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠢ ᠪᠦᠬᠦᠯᠢ ᠴᠤᠭᠴᠠ᠎ᠠᠴᠠ ᠲᠦᠯᠬᠢᠨ ᠠᠬᠢᠭᠤᠯᠪᠠ᠃ ᠪᠦᠬᠦ ᠣᠷᠣᠨ᠎ᠳᠤ ᠤᠤᠭᠤᠬᠤ ᠤᠰᠤᠨ᠎ᠤ ᠠᠮᠤᠷ ᠲᠦᠪᠰᠢᠨ᠎ᠤ ᠪᠡᠯᠡ ᠮᠥᠩᠭᠥ ᠵᠢ ᠨᠡᠶ᠋ᠢᠲᠡ 53.7 ᠳ᠋ᠦᠩᠰᠢᠭᠤᠷ ᠲᠥᠭᠥᠷᠢᠭ ᠣᠷᠣᠭᠤᠯᠵᠤ᠂ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠢ ᠨᠡᠢ᠍ᠢ᠍ᠳᠡ 1.5 ᠲᠦᠮᠡ ᠰᠢᠨ᠎ᠡ᠎ᠪᠠᠷ ᠪᠠᠶ᠋ᠢᠭᠤᠯᠤᠭᠰᠠᠨ ᠪᠠ ᠥᠭᠡᠷᠡᠴᠢᠯᠡᠨ ᠥᠷᠭᠡᠳᠬᠡᠨ ᠪᠠᠶ᠋ᠢᠭᠤᠯᠵᠤ᠂ 2.4 ᠲᠦᠮᠡᠨ ᠤᠰᠤᠨ ᠰᠤᠷᠪᠤᠯᠵᠢ ᠵᠢᠨ ᠬᠤᠳᠳᠤᠭ᠎ᠢ ᠰᠢᠨ᠎ᠡ᠎ᠪᠠᠷ ᠮᠠᠯᠲᠠᠵᠤ᠂ ᠮᠠᠯᠵᠢᠬᠤ ᠣᠷᠣᠨ᠎ᠤ ᠤᠰᠤ ᠬᠠᠳᠠᠭ᠋ᠠᠯᠠᠬᠤ ᠵᠣᠭᠣᠷᠢ ᠵᠢ 1 ᠲᠦᠮᠡ ᠭᠠᠷᠤᠶ ᠪᠠᠶ᠋ᠢᠭᠤᠯᠵᠤ᠂ ᠤᠰᠤ ᠴᠡᠪᠡᠷᠰᠢᠭᠦᠯᠬᠦ ᠲᠥᠬᠥᠭᠡᠷᠦᠮᠵᠢ ᠵᠢ 16.8 ᠲᠦᠮᠡᠨ ᠢᠵᠢ ᠤᠭᠰᠠᠷᠠᠵᠤ᠂ 1.67 ᠲᠦᠮᠡᠨ ᠺᠢᠯᠣᠮᠧᠲᠷ᠎ᠤᠨ ᠬᠣᠭᠣᠯᠠᠶ ᠵᠢᠨ ᠲᠣᠣᠷ᠎ᠢ ᠰᠢᠨ᠎ᠡ᠎ᠪᠠᠷ ᠪᠠᠶ᠋ᠢᠭᠤᠯᠤᠭᠰᠠᠨ ᠪᠤᠶᠤ ᠥᠭᠡᠷᠡᠴᠢᠯᠡᠨ ᠪᠠᠶ᠋ᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠳᠤ 430 ᠲᠦᠮᠡᠨ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠵᠦ᠂ ᠺᠠᠷᠲᠯᠠᠨ ᠳᠠᠩᠰᠠᠯᠠᠭᠰᠠᠨ 18.3 ᠲᠦᠮᠡᠨ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠤᠷᠢᠯᠡᠪᠡ᠃ 75 ᠲᠦᠮᠡᠨ ᠬᠥᠮᠦᠨ᠎ᠤ ᠹᠯᠣᠷ ᠠᠷᠰᠧᠨ ᠢᠣᠳ᠋᠎ᠤᠨ ᠪᠠᠷᠢᠮᠵᠢᠶ᠎ᠠ᠎ᠠᠴᠠ ᠬᠡᠲᠦᠷᠡᠭᠰᠡᠨ ᠠᠰᠠᠭᠤᠳᠠᠯ᠎ᠢ ᠰᠢᠢ᠍ᠳᠪᠤᠷᠢᠯᠡᠵᠦ᠂ ᠤᠤᠭᠤᠬᠤ ᠤᠰᠤᠨ᠎ᠤ ᠬᠡᠯᠪᠡᠷᠢ ᠵᠢᠨ ᠣᠷᠣᠨ ᠨᠤᠲᠤᠭ᠎ᠤᠨ ᠡᠪᠡᠳᠴᠢᠨ᠎ᠢ ᠰᠡᠷᠭᠡᠶ᠋ᠢᠯᠡᠨ ᠵᠠᠰᠠᠬᠤ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠭᠠᠰᠢᠭᠤᠨ ᠱᠣᠷᠪᠣᠭ ᠤᠰᠤ ᠵᠢ ᠥᠭᠡᠷᠡᠴᠢᠯᠡᠨ ᠰᠠᠶ᠋ᠢᠵᠢᠷᠠᠭᠤᠯᠬᠤ 389 ᠢᠨᠵᠧᠨᠧᠷᠢᠩ᠎ᠢ ᠪᠡᠬᠢᠵᠢᠭᠦᠯᠦᠨ ᠳᠡᠭᠡᠭᠰᠢᠯᠡᠭᠦᠯᠵᠦ᠂ 10.3 ᠲᠦᠮᠡᠨ ᠬᠥᠮᠦᠨ᠎ᠳᠤ ᠠᠰᠢᠭ ᠬᠦᠷᠲᠡᠭᠡᠵᠦ᠂ 《ᠭᠠᠰᠢᠭᠤᠨ ᠱᠣᠷᠪᠣᠭ ᠤᠰᠤ》 ᠵᠢᠨ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠤᠷᠢᠯᠡᠵᠦ᠂ ᠤᠰᠤᠨ᠎ᠤ ᠶᠠᠰᠤ ᠴᠢᠨᠠᠷ᠎ᠢ ᠢᠯᠡᠳᠲᠡ ᠰᠠᠶ᠋ᠢᠵᠢᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠤᠷᠢᠯᠡᠬᠦ ᠤᠤᠭᠤᠬᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢ ᠨᠡᠩ ᠯᠠᠪᠳᠠᠭᠤᠨ ᠪᠠᠲᠤᠲᠠᠶ ᠪᠣᠯᠭ᠋ᠠᠪᠠ᠃ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠲᠥᠪᠯᠡᠷᠡᠭᠦᠯᠦᠨ ᠤᠰᠤ ᠬᠠᠩᠭ᠋ᠠᠬᠤ ᠨᠣᠷᠮ᠎ᠠ ᠵᠢ 82%᠎ᠲᠤ ᠬᠦᠷᠦᠭᠦᠯᠵᠦ᠂ ᠡᠭᠦᠨ᠎ᠳᠤ᠂ ᠬᠥᠬᠡᠬᠣᠲᠠ᠂ ᠪᠤᠭᠤᠲᠤ ᠬᠣᠲᠠ᠂ ᠪᠠᠶᠠᠨᠨᠠᠭᠤᠷ ᠬᠣᠲᠠ ᠵᠡᠷᠭᠡ ᠠᠶ᠋ᠢᠮᠠᠭ ᠬᠣᠲᠠ ᠵᠢᠨ ᠲᠥᠪᠯᠡᠷᠡᠭᠦᠯᠦᠨ ᠤᠰᠤ ᠬᠠᠩᠭ᠋ᠠᠬᠤ ᠨᠣᠷᠮ᠎ᠠ ᠵᠢ 90%᠎ᠠᠴᠠ ᠳᠡᠭᠡᠭᠰᠢ᠎ᠳᠤ ᠬᠦᠷᠦᠭᠦᠯᠵᠦ᠂ ᠮᠠᠯᠴᠢᠨ ᠲᠠᠷᠢᠶᠠᠴᠢᠳ᠎ᠤᠨ ᠠᠮᠤᠷ ᠲᠦᠪᠰᠢᠨ᠎ᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯ᠎ᠤᠨ ᠲᠥᠷᠥᠭᠳᠡᠯ᠎ᠢ ᠢᠯᠡᠳᠲᠡ ᠨᠡᠮᠡᠭᠳᠡᠬᠦᠯᠵᠡᠢ᠃
ᠲᠦᠷᠪᠡ᠎ᠳᠤ ᠪᠠᠶ᠋ᠢᠭᠤᠯᠬᠤ ᠪᠠ ᠬᠠᠮᠢᠶᠠᠷᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠶ ᠠᠵᠢᠯᠯᠠᠭ᠋ᠠᠨ᠎ᠢ ᠪᠠᠳᠤᠯᠠᠪᠠ᠃ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯᠯᠠᠭ᠋ᠠᠨ᠎ᠤ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ 《ᠭᠤᠷᠪᠠᠨ ᠬᠠᠷᠢᠭᠤᠴᠠᠯᠭ᠎ᠠ》 《ᠭᠤᠷᠪᠠᠨ ᠵᠤᠢ᠌ᠯ᠎ᠤᠨ ᠲᠦᠷᠢᠮ》᠎ᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠤᠰᠤᠨ᠎ᠤ ᠰᠦᠢ᠍ᠳᠭᠡᠯ᠎ᠢ ᠬᠣᠷᠢᠶᠠᠨ ᠲᠤᠰᠢᠶᠠᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ᠂ ᠤᠰᠤ ᠠᠷᠪᠢᠯᠠᠬᠤ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠂ ᠰᠦᠢ᠍ᠳᠭᠡᠯ ᠲᠤᠰᠢᠶᠠᠵᠤ ᠤᠰᠤ ᠬᠡᠷᠡᠭᠯᠡᠬᠦ ᠵᠢ ᠢᠳᠡᠪᠬᠢᠲᠡᠶ᠎ᠪᠠᠷ ᠬᠥᠲᠥᠯᠦᠨ ᠵᠢᠯᠣᠭᠣᠳᠴᠤ᠂ 《ᠤᠰᠤ᠎ᠪᠠᠷ ᠤᠰᠤ ᠵᠢ ᠲᠡᠵᠢᠭᠡᠬᠦ》 ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠵᠠᠭᠪᠤᠷ᠎ᠤᠨ ᠪᠦᠷᠢᠯᠳᠦᠬᠦ ᠵᠢ ᠠᠬᠢᠭᠤᠯᠪᠠ᠃ ᠲᠣᠰᠬᠣᠨ᠎ᠤ ᠱᠠᠲᠤᠨ᠎ᠤ ᠤᠰᠤ ᠬᠠᠮᠢᠶᠠᠷᠤᠭᠴᠢ ᠵᠢ ᠪᠠᠶ᠋ᠢᠭᠤᠯᠬᠤ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠬᠠᠩᠭ᠋ᠠᠬᠤ ᠵᠢ ᠴᠢᠩᠭ᠋ᠠᠳᠬᠠᠬᠤ ᠵᠢᠯᠣᠭᠣᠳᠬᠤ ᠰᠠᠨᠠᠯ᠎ᠢ ᠳᠠᠷᠤᠮᠠᠯᠯᠠᠨ ᠲᠠᠷᠬᠠᠭ᠋ᠠᠵᠤ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠦᠨᠳᠦᠰᠦᠨ ᠱᠠᠲᠤ ᠲᠡᠢ᠌ᠰᠢ ᠤᠷᠲᠤᠳᠬᠠᠬᠤ ᠵᠢ ᠠᠬᠢᠭᠤᠯᠤᠨ᠂ ᠡᠯ᠎ᠡ ᠭᠠᠵᠠᠷ᠎ᠢ ᠵᠢᠯᠣᠭᠣᠳᠴᠤ ᠪᠠᠶ᠋ᠢᠭ᠋ᠠᠳ ᠭᠡᠨᠡᠳᠲᠡ ᠡᠭᠦᠰᠦᠭᠰᠡᠨ ᠤᠰᠤ ᠬᠠᠩᠭ᠋ᠠᠬᠤ ᠬᠡᠷᠡᠭ᠎ᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠬᠠᠩᠭ᠋ᠠᠬᠤ ᠪᠡᠯᠡᠳᠬᠡᠯ ᠲᠥᠰᠦᠯ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ᠎ᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠲᠡᠭᠡᠭᠰᠢᠯᠡᠬᠦᠯᠪᠡ᠃ ᠣᠳᠣᠬᠠᠨ᠎ᠳᠤ᠂ ᠪᠥᠬᠥ ᠣᠷᠣᠨ᠎ᠤ ᠡᠯ᠎ᠡ ᠬᠣᠰᠢᠭᠤ ᠰᠢᠶᠠᠨ ᠴᠥᠮ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠬᠠᠩᠭ᠋ᠠᠬᠤ ᠪᠠᠲᠤᠯᠠᠭ᠎ᠠ ᠵᠢᠨ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠳᠤ ᠴᠥᠮ ᠦᠨ᠎ᠡ ᠲᠣᠭᠲᠠᠭ᠋ᠠᠵᠤ᠂ ᠤᠰᠤᠨ᠎ᠤ ᠰᠦᠢ᠍ᠳᠭᠡᠯ᠎ᠢ ᠬᠣᠷᠢᠶᠠᠨ ᠲᠤᠰᠢᠶᠠᠭᠰᠠᠨ ᠨᠣᠷᠮ᠎ᠠ 95%᠎ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ᠎ᠳᠤ 《ᠬᠠᠮᠢᠶᠠᠷᠬᠤ ᠬᠥᠮᠦᠨ᠎ᠲᠠᠢ᠂ ᠬᠠᠮᠢᠶᠠᠷᠬᠤ ᠵᠣᠭᠣᠰ᠎ᠲᠠᠢ》 ᠰᠠᠶ᠋ᠢᠨ ᠰᠠᠢ᠌ᠬᠠᠨ ᠠᠵᠢᠯᠯᠠᠭ᠋ᠠᠨ᠎ᠤ ᠲᠣᠭᠲᠠᠴᠠ ᠶᠠᠭ ᠪᠦᠷᠢᠯᠳᠦᠵᠦ ᠪᠠᠶ᠋ᠢᠨ᠎ᠠ᠃
ᠥᠪᠥᠷ ᠮᠣᠩᠭᠣᠯ᠎ᠤᠨ ᠬᠤᠳᠠᠯᠳᠤᠭ᠋ᠠᠨ᠎ᠤ ᠰᠣᠨᠢᠨ᠎ᠤ ᠰᠤᠷᠪᠤᠯᠵᠢᠯᠠᠭᠴᠢ
2020 — 12 — 23 10᠄ 20᠄ 24
ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ 《ᠪᠦᠬᠦᠨ᠎ᠢ ᠴᠡᠪᠡᠷᠯᠡᠵᠦ ᠪᠠᠷᠢᠮᠵᠢᠶ᠎ᠠ᠎ᠳᠤ ᠬᠦᠷᠭᠡᠬᠦ》 ᠡᠭᠦᠷᠭᠡ ᠵᠢ ᠨᠢᠭᠡᠨᠲᠡ ᠪᠡᠶᠡᠯᠡᠭᠦᠯᠪᠡ᠂ ᠤᠰᠤᠨ ᠠᠰᠢᠭᠯᠠᠯᠲᠠ ᠵᠢᠨ ᠲᠢᠩᠬᠢᠮ᠎ᠤᠨ ᠤᠤᠭᠤᠬᠤ ᠤᠰᠤᠨ᠎ᠤ ᠠᠮᠤᠷ ᠲᠦᠪᠰᠢᠨ᠎ᠤ ᠲᠤᠬᠠᠢ ᠳᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠨᠢ ᠶᠠᠮᠠᠷ ᠪᠤᠢ?
ᠭᠤᠤ ᠮᠢᠩ ᠲᠠᠩ
2020 — 12 — 23 10᠄ 24᠄ 47
ᠳᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ᠎ᠠᠴᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠦᠷ᠎ᠡ ᠪᠦᠲᠦᠭᠡᠯ᠎ᠢ ᠭᠣᠣᠯᠳᠠᠯᠭ᠎ᠠ᠎ᠲᠠᠢ ᠪᠡᠬᠢᠵᠢᠭᠦᠯᠵᠦ᠂ ᠳᠤᠲᠠᠭᠤᠳᠠᠯ᠎ᠢ ᠪᠠᠶ᠋ᠢᠴᠠᠭ᠋ᠠᠨ ᠨᠥᠬᠥᠪᠥᠷᠢᠯᠡᠵᠦ᠂ ᠢᠨᠵᠧᠨᠧᠷᠢᠩ᠎ᠤᠨ ᠳᠤᠲᠠᠭᠤᠳᠠᠯ᠎ᠢ ᠴᠠᠭ ᠲᠤᠬᠠᠢᠳᠤᠨᠢ ᠨᠥᠬᠥᠪᠥᠷᠢᠯᠡᠨ᠎ᠡ᠃ ᠡᠭᠦᠨ᠎ᠤ ᠬᠠᠮᠲᠤ᠂ ᠬᠢᠨᠠᠨ ᠰᠢᠯᠭ᠋ᠠᠵᠤ ᠵᠢᠭᠰᠠᠭ᠋ᠠᠨ ᠪᠠᠶ᠋ᠢᠴᠠᠭ᠋ᠠᠬᠤ ᠵᠢ ᠦᠷᠭᠦᠯᠵᠢᠯᠡᠨ ᠴᠢᠩᠭ᠋ᠠᠳᠬᠠᠵᠤ᠂ ᠨᠠᠷᠢᠯᠢᠭ ᠣᠨᠣᠴᠠᠲᠠᠶ ᠠᠷᠭ᠎ᠠ ᠬᠡᠮᠵᠢᠶ᠎ᠡ ᠠᠪᠴᠤ᠂ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ ᠴᠠᠭ ᠲᠤᠬᠠᠶ᠎ᠳᠤᠨᠢ ᠰᠢᠢ᠍ᠳᠪᠤᠷᠢᠯᠡᠵᠦ᠂ ᠠᠰᠠᠭᠤᠳᠠᠯ᠎ᠤᠨ ᠳᠠᠬᠢᠨ ᠡᠭᠦᠰᠬᠦ ᠵᠢ ᠰᠡᠷᠭᠡᠶ᠋ᠢᠯᠡᠨ᠂ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠣᠷᠳᠣ ᠬᠤᠭᠤᠴᠠᠭ᠎ᠠ᠎ᠪᠠᠷ ᠲᠣᠭᠲᠠᠭᠤᠨ ᠵᠶ᠋ᠠᠷ ᠰᠢᠢ᠍ᠳᠪᠤᠷᠢᠯᠡᠬᠦ ᠵᠢ ᠦᠨᠡᠨ ᠬᠦ᠌ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠤᠷᠢᠯᠡᠭᠰᠡᠨ ᠦᠷ᠎ᠡ ᠪᠦᠲᠦᠭᠡᠯ᠎ᠢ ᠲᠡᠤᠬᠡ ᠪᠠ ᠦᠢ᠍ᠯᠡᠳᠦᠯᠭᠡ ᠵᠢᠨ ᠰᠢᠯᠭ᠋ᠠᠯᠲᠠ ᠵᠢ ᠬᠦᠯᠢᠶᠡᠵᠦ ᠳᠡᠶ᠋ᠢᠯᠬᠦ ᠪᠤᠯᠭ᠋ᠠᠨ᠎ᠠ᠃
ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠲᠢᠩᠬᠢᠮ᠎ᠤᠨ ᠤᠤᠭᠤᠬᠤ ᠤᠰᠤᠨ᠎ᠤ ᠠᠮᠤᠷ ᠲᠦᠪᠰᠢᠨ᠎ᠤ ᠠᠵᠢᠯ ᠨᠢᠭᠡ᠎ᠳᠤ 《ᠤᠰᠤᠨ᠎ᠤ ᠡᠬᠢ ᠰᠤᠷᠪᠤᠯᠵᠢ ᠵᠢ ᠲᠣᠭᠲᠠᠪᠤᠷᠢᠵᠢᠭᠤᠯᠬᠤ》᠎ᠪᠠᠷ ᠭᠣᠤᠯ ᠱᠤᠭᠤᠮ ᠪᠣᠯᠭ᠋ᠠᠵᠤ᠂ ᠤᠰᠤᠨ᠎ᠤ ᠡᠬᠢ ᠰᠤᠷᠪᠤᠯᠵᠢ᠂ ᠬᠣᠭᠣᠯᠠᠶ ᠵᠢᠨ ᠲᠣᠤᠷ᠎ᠢ ᠤᠷᠢᠳᠠᠪᠠᠷ ᠠᠰᠢᠭᠯᠠᠬᠤ ᠪᠠ ᠤᠰᠤᠨ᠎ᠤ ᠡᠬᠢ ᠰᠤᠷᠪᠤᠯᠵᠢ ᠵᠢᠨ ᠢᠨᠵᠧᠨᠧᠷᠢᠩ᠎ᠢ ᠰᠢᠨ᠎ᠡ᠎ᠪᠠᠷ ᠪᠠᠶ᠋ᠢᠭᠤᠯᠵᠤ᠂ ᠤᠰᠤᠨ᠎ᠤ ᠬᠠᠩᠭ᠋ᠠᠯᠭ᠎ᠠ ᠵᠢᠨ ᠦᠷᠭᠦᠯᠵᠢᠯᠡᠨ ᠲᠣᠭᠲᠠᠭᠤᠨ ᠪᠠᠶ᠋ᠢᠬᠤ ᠵᠢ ᠪᠠᠳᠤᠯᠠᠨ᠎ᠠ᠃ ᠬᠣᠶᠠᠷ᠎ᠲᠤ 《ᠬᠣᠶᠠᠷ ᠲᠠᠯ᠎ᠠ ᠵᠢ ᠠᠳᠬᠤᠵᠤ ᠳᠤᠮᠳᠠᠬᠢ ᠵᠢ ᠳᠠᠶ᠋ᠢᠴᠢᠯᠠᠬᠤ》 ᠠᠷᠭ᠎ᠠ ᠮᠠᠶᠢᠭ᠎ᠤᠨ ᠶᠣᠰᠣᠭ᠋ᠠᠷ᠂ 《ᠶᠡᠬᠡ ᠵᠢ ᠪᠠᠢ᠌ᠭᠤᠯᠵᠤ ᠲᠤᠮᠳᠠ ᠵᠢ᠎ᠨᠢ ᠨᠢᠭᠡᠳᠭᠡᠨ ᠵᠢᠵᠢᠭᠢᠨᠢ ᠪᠠᠭ᠋ᠠᠰᠬᠠᠬᠤ》 ᠪᠥᠳᠥᠭᠡᠨ ᠪᠠᠶ᠋ᠢᠭᠤᠯᠤᠯᠲᠠ ᠵᠢᠨ ᠵᠠᠷᠴᠢᠮ᠎ᠢ ᠦᠨᠳᠦᠰᠦᠯᠡᠨ᠂ ᠨᠢᠭᠡ ᠪᠦᠯᠦᠭ ᠬᠡᠪᠴᠢᠶᠡᠵᠢᠭᠦᠯᠦᠭᠰᠡᠨ ᠢᠨᠵᠧᠨᠧᠷᠢᠩ᠎ᠢ ᠲᠥᠯᠥᠪᠵᠢᠭᠦᠯᠦᠨ ᠪᠥᠳᠥᠭᠡᠨ ᠪᠠᠶ᠋ᠢᠭᠤᠯᠵᠤ᠂ ᠨᠢᠭᠡ ᠪᠦᠯᠦᠭ ᠵᠢᠵᠢᠭ ᠬᠡᠯᠪᠡᠷᠢ ᠵᠢᠨ ᠵᠢᠷᠤᠮᠵᠢᠭᠰᠠᠨ ᠤᠰᠤ ᠬᠠᠩᠭ᠋ᠠᠬᠤ ᠢᠨᠵᠧᠨᠧᠷᠢᠩ᠎ᠢ ᠪᠥᠳᠥᠭᠡᠨ ᠪᠠᠶ᠋ᠢᠭᠤᠯᠵᠤ ᠥᠭᠡᠷᠡᠴᠢᠯᠡᠨ᠂ ᠨᠢᠭᠡ ᠪᠦᠯᠦᠭ ᠬᠠᠭᠤᠴᠢᠷᠬᠠᠰᠠᠨ ᠤᠰᠤ ᠬᠠᠩᠭ᠋ᠠᠬᠤ ᠢᠨᠵᠧᠨᠧᠷᠢᠩ ᠪᠣᠯᠤᠨ ᠬᠣᠭᠣᠯᠠᠶ ᠲᠣᠣᠷ ᠢ ᠰᠢᠨᠡᠳᠬᠡᠨ ᠥᠭᠡᠷᠡᠴᠢᠯᠡᠵᠦ᠂ ᠲᠠᠷᠢᠶᠠᠯᠠᠬᠤ ᠮᠠᠯᠵᠢᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ ᠤᠨ ᠵᠢᠷᠤᠮᠵᠢᠯᠲᠠ᠂ ᠪᠠᠷᠢᠮᠵᠢᠶᠠᠵᠢᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠭᠤᠷᠪᠠ᠎ᠳᠤ ᠲᠠᠷᠠᠬᠠᠶ ᠪᠤᠲᠠᠷᠬᠠᠶ ᠤᠰᠤ ᠬᠠᠩᠭ᠋ᠠᠬᠤ ᠬᠢᠯᠢ ᠲᠠᠭᠤ ᠵᠢᠨ ᠮᠠᠯᠵᠢᠬᠤ ᠣᠷᠣᠨ᠂ ᠠᠭᠤᠯᠠᠷᠬᠠᠭ ᠣᠷᠣᠨ᠎ᠳᠤ᠂ ᠤᠰᠤ ᠬᠠᠩᠭ᠋ᠠᠬᠤ ᠬᠡᠮᠵᠢᠶ᠎ᠡ ᠵᠢ ᠨᠡᠮᠡᠭᠳᠡᠭᠦᠯᠬᠦ᠂ ᠲᠥᠬᠥᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠬᠦ᠎ᠪᠠᠷ ᠪᠥᠲᠥᠭᠡᠨ ᠪᠠᠶ᠋ᠢᠭᠤᠯᠤᠯᠲᠠ ᠵᠢᠨ ᠭᠣᠤᠯᠳᠠᠯᠭ᠎ᠠ ᠪᠣᠯᠭ᠋ᠠᠵᠤ᠂ ᠮᠠᠯᠵᠢᠬᠤ ᠣᠷᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠪᠠ ᠮᠠᠯᠴᠢᠨ ᠲᠠᠷᠢᠶᠠᠴᠢᠨ᠎ᠤ ᠤᠰᠤ ᠬᠡᠷᠡᠭᠯᠡᠬᠦ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ᠎ᠠᠴᠠ ᠭᠠᠳᠠᠨ᠎ᠠ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠨ ᠬᠠᠮᠠᠭ᠋ᠠᠯᠠᠬᠤ᠎ᠪᠠᠷ ᠳᠠᠮᠵᠢᠭᠤᠯᠤᠨ ᠤᠰᠤ ᠬᠠᠩᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯᠯᠠᠭ᠋ᠠᠨ᠎ᠤ ᠬᠠᠮᠢᠶᠠᠷᠤᠨ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠤᠨ᠂ ᠢᠨᠵᠧᠨᠧᠷᠢᠩ᠎ᠤᠨ ᠬᠠᠮᠢᠶᠠᠷᠤᠨ ᠬᠠᠮᠠᠭ᠋ᠠᠯᠠᠬᠤ ᠭᠣᠤᠯ ᠴᠣᠭᠴᠠ ᠵᠢᠨ ᠬᠠᠷᠢᠭᠤᠴᠠᠯᠭ᠎ᠠ ᠪᠠ ᠠᠷᠠᠴᠢᠯᠠᠨ ᠬᠠᠮᠠᠭ᠋ᠠᠯᠠᠬᠤ ᠵᠠᠷᠤᠳᠠᠯ᠎ᠢ ᠨᠠᠶ᠋ᠢᠳᠠᠪᠤᠷᠢᠵᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠬᠠᠩᠭ᠋ᠠᠬᠤ ᠪᠡᠯᠡᠳᠬᠡᠯ ᠲᠥᠰᠦᠯ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠪᠡᠶᠡᠯᠡᠭᠦᠯᠦᠨ᠎ᠡ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ
2020 — 12 — 23 10᠄ 25᠄ 40
ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠤᠨ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠵᠢᠨ ᠭᠣᠤᠯ ᠭᠠᠷᠳᠠᠴᠠ᠎ᠨᠢ ᠶᠠᠭᠤ ᠪᠣᠶ?
ᠭᠤᠤ ᠮᠢᠩ ᠲᠠᠩ
2020 — 12 — 23 10᠄ 29᠄ 08
ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠤᠰᠤᠨ᠎ᠤ ᠰᠦᠢ᠍ᠳᠭᠡᠯ᠎ᠢ ᠬᠤᠷᠢᠶᠠᠨ᠎ᠠ᠃ ᠣᠳᠣᠬᠠᠨ᠎ᠳᠤ᠂ ᠮᠠᠨ᠎ᠤ ᠲᠢᠩᠬᠢᠮ ᠶᠠᠭ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠤᠰᠤᠨ᠎ᠤ ᠰᠦᠢ᠍ᠳᠭᠡᠯ᠎ᠢ ᠬᠤᠷᠢᠶᠠᠬᠤ ᠠᠵᠢᠯ᠎ᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ ᠪᠠᠶ᠋ᠢᠨ᠎ᠠ᠃ ᠣᠲᠣ ᠪᠣᠯᠲᠠᠯ᠎ᠠ᠂ ᠪᠥᠬᠥ ᠣᠷᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠳᠤ ᠴᠥᠮ ᠦᠨ᠎ᠡ ᠲᠣᠭᠲᠠᠭ᠋ᠠᠵᠤ᠂ ᠤᠰᠤᠨ᠎ᠤ ᠰᠦᠢ᠍ᠳᠭᠡᠯ ᠬᠤᠷᠢᠶᠠᠭᠰᠠᠨ ᠨᠣᠷᠮ᠎ᠠ 95%᠎ᠳᠤ ᠬᠦᠷᠴᠦ᠂ ᠶᠢᠰᠦᠨ ᠬᠤᠪᠢ ᠵᠢ ᠳᠠᠪᠠᠭᠰᠠᠨ ᠬᠥᠳᠡᠭᠡ ᠲᠣᠰᠬᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠠᠴᠠ ᠨᠢᠭᠡᠨᠲᠡ ᠰᠦᠢ᠍ᠳᠭᠡᠯ ᠬᠤᠷᠢᠶᠠᠵᠤ ᠡᠬᠢᠯᠡᠭᠰᠡᠨ ᠪᠠᠶ᠋ᠢᠨ᠎ᠠ᠃
ᠲᠠᠷᠢᠶᠠᠯᠠᠬᠤ ᠮᠠᠯᠵᠢᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠨᠢ ᠤᠰᠤᠨ᠎ᠤ ᠡᠬᠢ ᠰᠤᠷᠪᠤᠯᠵᠢ ᠵᠢᠨ ᠪᠥᠳᠥᠭᠡᠨ ᠪᠠᠶ᠋ᠢᠭᠤᠯᠤᠯᠲᠠ᠂ ᠤᠰᠤ ᠲᠠᠲᠠᠬᠤ᠎ᠠᠴᠠ ᠠᠪᠤᠭ᠋ᠠᠳ ᠤᠰᠤᠨ᠎ᠤ ᠦᠢ᠍ᠯᠡᠳᠪᠦᠷᠢ ᠵᠢ ᠴᠡᠪᠡᠷᠰᠢᠭᠦᠯᠦᠨ ᠰᠢᠢ᠍ᠳᠪᠤᠷᠢᠯᠡᠬᠦ᠂ ᠬᠥᠭᠡᠷᠭᠡ ᠵᠢᠨ ᠥᠷᠳᠡᠭᠡ᠎ᠪᠠᠷ ᠤᠰᠤ ᠳᠠᠮᠵᠢᠭᠤᠯᠬᠤ ᠬᠦᠷᠲᠡᠯ᠎ᠡ᠂ ᠲᠠᠬᠢᠭ᠋ᠠᠳ ᠤᠰᠤᠨ ᠴᠤᠷᠭᠤ ᠵᠢ ᠲᠠᠷᠢᠶᠠᠴᠢᠨ ᠮᠠᠯᠴᠢᠳ᠎ᠤᠨ ᠭᠡᠷ᠎ᠲᠤ ᠤᠭᠰᠠᠷᠠᠬᠤ ᠬᠦᠷᠲᠡᠯ᠎ᠡ ᠪᠦᠬᠦᠶ᠋ᠢᠯᠡ ᠶᠠᠪᠤᠴᠠ᠎ᠳᠤ ᠬᠥᠮᠦᠨ᠎ᠤ ᠬᠦᠴᠦ᠂ ᠪᠣᠳᠠᠰ᠎ᠤᠨ ᠬᠦᠴᠦ᠂ ᠡᠳ᠋᠎ᠤᠨ ᠬᠦᠴᠦᠨ᠎ᠤ ᠣᠷᠣᠭᠤᠯᠤᠯᠲᠠ ᠵᠢ ᠬᠡᠷᠡᠭᠰᠡᠬᠦ ᠮᠥᠷᠲᠡᠭᠡᠨ ᠪᠠᠷᠢᠯᠭ᠎ᠠ ᠵᠢ ᠪᠠᠶ᠋ᠢᠭᠤᠯᠵᠤ ᠳᠠᠭᠤᠰᠤᠭᠰᠠᠨ᠎ᠤ ᠲᠠᠷᠠᠭ᠎ᠠ ᠦᠷᠭᠦᠯᠵᠢᠯᠡᠨ ᠠᠵᠢᠯᠯᠠᠭᠤᠯᠬᠤ ᠵᠢ ᠪᠡᠶᠡᠯᠡᠭᠦᠯᠬᠦ᠎ᠳᠤ ᠪᠠᠰᠠ ᠰᠡᠯᠪᠢᠨ ᠵᠠᠰᠠᠬᠤ ᠪᠠ ᠠᠷᠠᠴᠢᠯᠠᠨ ᠬᠠᠮᠠᠭ᠋ᠠᠯᠠᠬᠤ ᠵᠢ ᠬᠡᠷᠡᠭᠰᠡᠬᠦ ᠪᠥᠭᠡᠳ ᠪᠠᠰᠠ ᠵᠣᠬᠢᠬᠤ ᠬᠡᠮᠵᠢᠶᠡᠨ᠎ᠤ ᠪᠡᠯᠡ ᠮᠥᠩᠭᠥ ᠵᠢᠨ ᠣᠷᠣᠭᠤᠯᠤᠯᠲᠠ ᠵᠢ ᠬᠡᠷᠡᠭᠰᠡᠨ᠎ᠡ᠃ ᠵᠣᠬᠢᠬᠤ ᠬᠡᠮᠵᠢᠶᠡᠨ᠎ᠤ ᠤᠰᠤᠨ᠎ᠤ ᠰᠦᠢ᠍ᠳᠭᠡᠯ ᠬᠤᠷᠢᠶᠠᠪᠠᠯ᠂ ᠪᠠᠷᠢᠯᠭ᠎ᠠ ᠵᠢ ᠠᠵᠢᠯᠯᠠᠭᠤᠯᠬᠤ ᠪᠠ ᠬᠠᠮᠢᠶᠠᠷᠴᠤ ᠬᠠᠮᠠᠭ᠋ᠠᠯᠠᠬᠤ ᠵᠣᠭᠣᠰ᠎ᠲᠠᠢ ᠪᠤᠯᠬᠤ᠎ᠪᠠᠷ ᠪᠠᠷᠠᠬᠤ ᠥᠬᠡᠶ᠂ ᠮᠠᠯᠴᠢᠨ ᠲᠠᠷᠢᠶᠠᠴᠢᠨ᠎ᠤ ᠤᠰᠤ ᠵᠢ ᠠᠷᠪᠢᠯᠠᠨ ᠬᠡᠷᠡᠭᠯᠡᠬᠦ ᠵᠢ ᠠᠬᠢᠭᠤᠯᠵᠤ᠂ ᠬᠢᠯᠪᠠᠷ ᠪᠤᠰᠤ᠎ᠪᠠᠷ ᠣᠯᠤᠭᠰᠠᠨ ᠤᠤᠭᠤᠬᠤ ᠤᠰᠤ ᠵᠢ ᠨᠠᠨᠳᠢᠩᠨᠠᠬᠤ ᠵᠢᠨ ᠬᠠᠮᠲᠤ᠂ ᠤᠰᠤ ᠬᠡᠷᠡᠭᠯᠡᠬᠦ ᠡᠷᠦᠬᠡ ᠵᠢᠨ ᠪᠠᠷᠢᠯᠭ᠎ᠠ ᠵᠢᠨ ᠠᠵᠢᠯᠯᠠᠭ᠋ᠠᠨ᠎ᠤ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠠᠬᠢᠭᠤᠯᠵᠤ ᠪᠣᠯᠤᠨ᠎ᠠ᠃
ᠬᠡᠯᠡᠯᠭᠡᠨ ᠦᠭᠡᠢ᠂ ᠤᠰᠤᠨ᠎ᠤ ᠰᠦᠢ᠍ᠳᠬᠡᠯ ᠬᠤᠷᠢᠶᠠᠬᠤ᠎ᠨᠢ 《ᠨᠢᠭᠡ ᠯᠡ ᠠᠳᠠᠯᠢ᠎ᠪᠠᠷ ᠱᠠᠭ᠋ᠠᠷᠳᠠᠬᠤ》 ᠶᠠᠪᠤᠳᠠᠯ ᠪᠢᠰᠢ ᠶᠤᠮ᠃ ᠣᠨᠴᠠᠭ᠋ᠠᠶ ᠬᠦᠴᠢᠷᠳᠡᠯ᠎ᠲᠠᠢ ᠭᠠᠵᠠᠷ ᠣᠷᠣᠨ ᠪᠠ ᠤᠰᠤ ᠬᠠᠩᠭ᠋ᠠᠬᠤ ᠪᠠᠷᠢᠯᠭ᠎ᠠ᠎ᠳᠤ ᠵᠣᠬᠢᠬᠤ ᠬᠡᠮᠵᠢᠶᠡᠨ᠎ᠤ ᠨᠥᠬᠥᠪᠥᠷᠢ ᠥᠭᠬᠦ ᠠᠷᠭ᠎ᠠ ᠬᠡᠮᠵᠢᠶ᠎ᠡ ᠠᠪᠴᠤ᠂ ᠡᠳ᠋᠎ᠤᠨ ᠵᠠᠰᠠᠭ᠎ᠤᠨ ᠨᠥᠬᠥᠪᠥᠷᠢ ᠥᠭᠴᠦ᠂ ᠪᠠᠷᠢᠯᠭ᠎ᠠ ᠵᠢᠨ ᠬᠡᠪ᠎ᠤᠨ ᠠᠵᠢᠯᠯᠠᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠪᠢᠳᠡ ᠡᠯ᠎ᠡ ᠭᠠᠵᠠᠷ᠎ᠤᠨ᠎ᠬᠢᠨ᠎ᠳᠤ ᠱᠠᠭ᠋ᠠᠷᠳᠠᠵᠤ ᠪᠠᠶ᠋ᠢᠨ᠎ᠠ᠃ 2019 ᠣᠨ᠎ᠠᠴᠠ ᠨᠠᠰᠢ᠂ ᠲᠥᠪ᠎ᠠᠴᠠ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠨᠥᠬᠥᠪᠥᠷᠢ ᠵᠢᠨ ᠪᠠᠯᠠ ᠮᠥᠩᠭᠥ ᠵᠢ ᠨᠡᠶ᠋ᠢᠲᠡ 1.8 ᠳ᠋ᠦᠩᠰᠢᠭᠤᠷ ᠲᠥᠭᠥᠷᠢᠭ ᠪᠠᠭᠤᠯᠭ᠋ᠠᠪᠠ᠂ ᠪᠢᠳᠡ ᠪᠠᠯᠠ ᠮᠥᠩᠭᠥ ᠵᠢ ᠬᠤᠪᠢᠶᠠᠷᠢᠯᠠᠬᠤ᠎ᠳᠠᠭᠠᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭ᠋ᠠᠷ ᠣᠷᠣᠨ ᠪᠠ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ ᠵᠡᠷᠭᠡ ᠣᠨᠴᠠᠭ᠋ᠠᠶ ᠭᠠᠵᠠᠷ ᠣᠷᠣᠨ᠎ᠳᠤ ᠵᠣᠬᠢᠰᠲᠠᠶ ᠬᠠᠷᠠᠭ᠋ᠠᠯᠵᠠᠯ ᠦᠵᠡᠭᠦᠯᠵᠦ᠂ ᠲᠣᠪᠣᠶ᠋ᠢᠮ᠎ᠠ ᠬᠦᠴᠢᠷᠳᠡᠯ᠎ᠲᠠᠢ ᠭᠠᠵᠠᠷ ᠣᠷᠣᠨ᠎ᠤ ᠢᠨᠵᠧᠨᠧᠷᠢᠩ᠎ᠤᠨ ᠠᠵᠢᠯᠯᠠᠭ᠋ᠠᠨ᠎ᠤ ᠬᠠᠮᠠᠭ᠋ᠠᠯᠠᠯᠲᠠ ᠵᠢ ᠪᠠᠲᠤᠯᠠᠬᠤ ᠪᠣᠯᠤᠨ᠎ᠠ᠃
ᠣᠳᠣᠬᠠᠨ᠎ᠳᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠤᠰᠤᠨ᠎ᠤ ᠰᠦᠢ᠍ᠳᠭᠡᠯ᠎ᠢ ᠬᠤᠷᠢᠶᠠᠬᠤ ᠠᠵᠢᠯ ᠶᠡᠷᠦᠩᠬᠡᠶ᠎ᠳᠡᠭᠡᠨ ᠨᠡᠯᠢᠶᠡᠳ ᠤᠷᠤᠭᠰᠢᠲᠠᠶ ᠶᠠᠪᠤᠭᠳᠠᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ ᠳᠠᠷᠠᠭ᠎ᠠ ᠠᠯᠬᠤᠮ᠎ᠳᠤ ᠮᠠᠨ᠎ᠤ ᠲᠢᠩᠬᠢᠮ ᠡᠯ᠎ᠡ ᠭᠠᠵᠠᠷ ᠤᠷᠤᠨ᠎ᠤ ᠤᠰᠤᠨ᠎ᠤ ᠰᠦᠢ᠍ᠳᠭᠡᠯ ᠬᠤᠷᠢᠶᠠᠬᠤ ᠠᠵᠢᠯ᠎ᠢ ᠦᠷᠬᠦᠯᠵᠢᠯᠡᠨ ᠠᠩᠬᠠᠷᠤᠯ᠎ᠳᠠᠭᠠᠨ ᠠᠪᠴᠤ᠂ ᠤᠬᠠᠭᠤᠯᠭ᠎ᠠ ᠵᠢᠨ ᠬᠦᠴᠦᠯᠡᠴᠡ᠎ᠪᠠᠨ ᠨᠡᠮᠡᠭᠳᠡᠬᠦᠯᠵᠦ᠂ ᠮᠠᠯᠵᠢᠬᠤ ᠲᠠᠷᠢᠶᠠᠯᠠᠬᠤ ᠤᠷᠤᠨ᠎ᠤ ᠤᠰᠤ ᠬᠠᠩᠭ᠋ᠠᠬᠤ ᠢᠨᠵᠸᠨ᠋ᠸᠷᠢᠩ᠎ᠤᠨ ᠠᠵᠢᠯᠯᠠᠭ᠋ᠠᠨ᠎ᠢ ᠪᠠᠳᠤᠯᠠᠬᠤ ᠬᠢᠷᠢ ᠲᠦᠪᠰᠢᠨ᠎ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃
ᠥᠪᠥᠷ ᠮᠣᠩᠭᠣᠯ᠎ᠤᠨ ᠬᠠᠤᠯᠢ ᠲᠦᠷᠢᠮ᠎ᠤᠨ ᠰᠣᠨᠢᠨ᠎ᠤ ᠰᠤᠷᠪᠤᠯᠵᠢᠯᠠᠭᠴᠢ
2020 — 12 — 23 10᠄ 30᠄ 58
《ᠳᠥᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠠᠷᠢᠯᠭ᠋ᠠᠬᠤ》᠎ᠨᠢ ᠭᠣᠤᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ 《ᠨᠡᠷ᠎ᠡ᠎ᠲᠠᠢ》 ᠪᠠᠶ᠋ᠢᠭᠰᠠᠨ᠎ᠠᠴᠠ᠎ᠪᠠᠨ 《 ᠨᠢᠳᠡᠷ᠎ᠲᠠᠢ》 ᠪᠣᠯᠬᠤ ᠴᠢᠬᠤᠯᠠ ᠭᠠᠷᠳᠠᠴᠠ ᠪᠣᠯᠤᠭᠰᠠᠨ᠎ᠤ ᠬᠤᠪᠢ᠎ᠳᠤ᠂ 《ᠳᠥᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠠᠷᠢᠯᠭ᠋ᠠᠬᠤ》 ᠵᠢ ᠳᠥᠯᠭᠢᠨ ᠠᠬᠢᠭᠤᠯᠬᠤ ᠶᠠᠪᠤᠴᠠ᠎ᠳᠤ ᠭᠣᠤᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠳᠠᠪᠠᠭᠤᠯᠢᠭ᠎ᠢ ᠬᠡᠷᠬᠢᠨ ᠪᠠᠳᠠᠷᠠᠭᠤᠯᠬᠤ ᠪᠣᠶ?
ᠯᠢᠦ ᠪᠢᠩ ᠵᠧᠩ
2020 — 12 — 23 10᠄ 34᠄ 08
ᠤᠯᠤᠰ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠮᠠᠨ᠎ᠤ ᠣᠷᠣᠨ 2017 ᠣᠨ᠎ᠤ ᠰᠡᠭᠦᠯᠴᠢ᠎ᠪᠠᠷ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠬᠣᠰᠢᠭᠤ ᠰᠢᠶᠠᠨ᠂ ᠰᠤᠮᠤ ᠰᠢᠶᠠᠩ ᠪᠠᠯᠭ᠋ᠠᠰᠤ ᠳᠥᠷᠪᠡᠨ ᠱᠠᠲᠤᠨ᠎ᠤ ᠭᠣᠤᠯ᠎ᠤᠨ ᠳᠠᠷᠤᠭ᠎ᠠ ᠵᠢᠨ ᠲᠦᠷᠢᠮ᠎ᠤᠨ ᠰᠢᠰᠲ᠋ᠧᠮᠵᠢ ᠵᠢ ᠪᠥᠬᠥ ᠲᠠᠯ᠎ᠠ᠎ᠪᠠᠷ ᠪᠠᠶ᠋ᠢᠭᠤᠯᠵᠤ᠂ 2018 ᠣᠨ᠎ᠳᠤ ᠨᠠᠭᠤᠷ᠎ᠤᠨ ᠳᠠᠷᠤᠭ᠎ᠠ ᠵᠢᠨ ᠲᠦᠷᠢᠮ᠎ᠤᠨ ᠰᠢᠰᠲ᠋ᠧᠮᠵᠢ ᠵᠢ ᠪᠠᠶ᠋ᠢᠭᠤᠯᠪᠠ᠃
ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ ᠪᠣᠯ ᠨᠠᠮ ᠵᠠᠰᠠᠭ᠎ᠤᠨ ᠤᠳᠤᠷᠢᠳᠤᠯᠭ᠎ᠠ ᠵᠢᠨ ᠬᠠᠷᠢᠭᠤᠴᠠᠯᠭ᠎ᠠ ᠵᠢᠨ ᠳᠦᠷᠢᠮ ᠵᠶ᠋ᠠᠷ ᠭᠣᠣᠯ ᠪᠣᠯᠭ᠋ᠠᠭᠰᠠᠨ ᠭᠣᠣᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠳᠦᠷᠢᠮ ᠪᠣᠯᠤᠨ᠎ᠠ᠂ ᠭᠣᠣᠯ ᠭᠤᠷᠤᠬ᠎ᠠ ᠨᠠᠭᠤᠷ ᠴᠦᠬᠦᠷᠦᠮ᠎ᠤᠨ ᠳᠠᠷᠤᠭ᠎ᠠ ᠵᠣᠬᠢᠶᠠᠨ ᠪᠠᠶ᠋ᠢᠭᠤᠯᠵᠤ ᠤᠳᠤᠷᠢᠳᠬᠤ ᠠᠵᠢᠯ᠎ᠢ ᠬᠠᠷᠢᠭᠤᠴᠠᠵᠤ᠂ ᠣᠯᠠᠨ ᠰᠠᠯᠠᠭ᠎ᠠ ᠮᠥᠴᠢᠷ᠎ᠤᠨ᠎ᠬᠢᠨ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠶᠡᠷᠦᠩᠬᠡᠶ ᠱᠠᠭ᠋ᠠᠷᠳᠠᠯᠭ᠎ᠠ ᠵᠢ ᠦᠨᠳᠦᠰᠦᠯᠡᠵᠦ᠂ ᠨᠢᠭᠡ ᠬᠠᠷᠠᠯᠲᠠ ᠶᠣᠰᠣᠭ᠋ᠠᠷ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠵᠢᠯ ᠵᠶ᠋ᠠᠨ ᠬᠤᠪᠢᠳᠠᠨ ᠬᠠᠮᠵᠢᠯᠴᠠᠵᠤ᠂ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠦ᠂ ᠨᠢᠭᠡ ᠪᠦᠯᠦᠭ ᠨᠡᠶ᠋ᠢᠭᠡᠮ᠎ᠤᠨ ᠠᠩᠬᠠᠷᠤᠯ ᠵᠶ᠋ᠠᠷ ᠥᠨᠳᠥᠷ᠂ ᠴᠡᠭᠴᠡᠯᠡᠨ ᠵᠠᠰᠠᠬᠤ᠎ᠳᠤ ᠬᠦᠴᠢᠷᠲᠡᠢ ᠭᠣᠣᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ 《ᠬᠠᠭᠤᠴᠢᠨ᠎ᠤ ᠲᠦᠪᠡᠭᠲᠡᠢ》 ᠠᠰᠠᠭᠤᠳᠠᠯ᠎ᠢ ᠰᠢᠢ᠍ᠳᠪᠦᠷᠢᠯᠡᠪᠡ᠂ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠨᠢ ᠥᠩᠭᠡᠷᠡᠭᠰᠡᠨ᠎ᠤ 《ᠶᠢᠰᠦᠨ ᠯᠣᠣ ᠤᠰᠤ ᠵᠠᠰᠠᠬᠤ》 ᠪᠠᠢ᠌ᠳᠠᠯ᠎ᠢ ᠡᠪᠳᠡᠵᠦ᠂ ᠲᠤᠰ ᠲᠤᠰ᠎ᠲᠠᠭᠠᠨ ᠲᠤᠭ ᠪᠤᠰᠬᠠᠬᠤ ᠭᠡᠮ ᠰᠣᠭᠣᠭ᠎ᠢ ᠠᠷᠢᠯᠭ᠋ᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ᠎ᠤᠨ᠎ᠬᠢᠨ ᠴᠥᠮ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠶᠣᠰᠣᠭ᠋ᠠᠷ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠪᠠᠭ᠎ᠠ ᠬᠦᠴᠦ ᠣᠷᠣᠭᠤᠯᠵᠤ ᠶᠡᠬᠡ ᠠᠮᠵᠢᠯᠲᠠ ᠣᠯᠵᠤ᠂ ᠢᠯᠡᠳᠲᠡ ᠦᠷ᠎ᠡ ᠪᠦᠲᠦᠮᠵᠢ ᠣᠯᠵᠠᠢ᠃
《ᠳᠥᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠠᠷᠢᠯᠭ᠋ᠠᠬᠤ》 ᠶᠠᠪᠤᠴᠠ᠎ᠳᠤ᠂ ᠭᠣᠣᠯ ᠭᠤᠷᠤᠬ᠎ᠠ ᠨᠠᠭᠤᠷ ᠴᠥᠭᠥᠷᠥᠮ᠎ᠢ ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠪᠠᠲᠤᠳᠬᠠᠬᠤ ᠵᠢᠨ ᠲᠥᠯᠥᠭᠡ᠂ ᠪᠢᠳᠡ 《ᠨᠢᠭᠡ ᠠᠰᠠᠭᠤᠳᠠᠯ᠎ᠳᠤ ᠬᠣᠶᠠᠷ ᠬᠠᠭᠤᠳᠠᠰᠤ ᠪᠠᠢ᠌ᠭᠤᠯᠬᠤ ᠲᠦᠷᠢᠮ》᠎ᠢ ᠬᠡᠷᠡᠭᠵᠢᠭᠦᠯᠪᠡ᠂ ᠲᠤᠬᠠᠶ᠋ᠢᠯᠠᠪᠠᠯ 《ᠲᠦᠷᠪᠡᠨ ᠵᠠᠮᠪᠠᠷᠠᠭ᠎ᠠ ᠦᠭᠡᠢ》 ᠠᠰᠠᠭᠤᠳᠠᠯ ᠨᠢᠭᠡᠪᠦᠷᠢ᠎ᠳᠤ ᠴᠥᠮ ᠬᠣᠯᠪᠣᠭᠳᠠᠯ ᠪᠦᠬᠦᠢ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ᠎ᠳᠤ 《ᠡᠭᠦᠷᠭᠡ ᠵᠢᠨ ᠬᠠᠭᠤᠳᠠᠰᠤ》 ᠪᠠᠭᠤᠯᠭ᠋ᠠᠵᠤ᠂ 《ᠲᠦᠷᠪᠡᠨ ᠵᠠᠮᠪᠠᠷᠠᠭ᠎ᠠ ᠦᠭᠡᠢ》 ᠠᠰᠠᠭᠤᠳᠠᠯ᠎ᠢ ᠴᠡᠭᠴᠡᠯᠡᠨ ᠵᠠᠰᠠᠬᠤ ᠠᠭᠤᠯᠭ᠎ᠠ᠂ ᠠᠷᠭ᠎ᠠ ᠬᠡᠮᠵᠢᠶ᠎ᠡ᠂ ᠴᠠᠭ᠎ᠤᠨ ᠱᠠᠭ᠋ᠠᠷᠳᠠᠯᠭ᠎ᠠ ᠵᠡᠷᠭᠡ ᠵᠢ ᠲᠣᠳᠣᠷᠬᠠᠶ ᠪᠣᠯᠭ᠋ᠠᠵᠤ᠂ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ᠎ᠳᠤ ᠶᠠᠭᠤ ᠬᠢᠬᠦ᠂ ᠶᠠᠭ᠋ᠠᠬᠢᠵᠤ ᠬᠢᠬᠦ᠂ ᠬᠡᠵᠢᠶ᠎ᠡ ᠬᠢᠵᠦ ᠳᠠᠭᠤᠰᠬᠠᠬᠤ ᠵᠢ ᠮᠡᠳᠡᠭᠦᠯᠵᠦ᠂ 《ᠲᠦᠷᠪᠡᠨ ᠵᠠᠮᠪᠠᠷᠠᠭ᠎ᠠ ᠦᠭᠡᠢ》 ᠠᠰᠠᠭᠤᠳᠠᠯ᠎ᠢ ᠴᠡᠭᠴᠡᠯᠡᠨ ᠵᠠᠰᠠᠵᠤ ᠳᠠᠭᠤᠰᠬᠠᠭᠰᠠᠨ᠎ᠤ ᠲᠠᠷᠠᠭ᠎ᠠ ᠪᠠᠰᠠ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ᠎ᠪᠠᠷ 《ᠳ᠋ᠤᠭ᠋ᠠᠷ ᠬᠠᠰᠤᠬᠤ ᠬᠠᠭᠤᠳᠠᠰᠤ》᠎ᠳᠤ ᠭᠠᠷᠤᠨ ᠦᠰᠦᠭ ᠵᠢᠷᠤᠭᠤᠯᠪᠠᠯ ᠰᠠᠶᠢ ᠴᠡᠭᠴᠡᠯᠡᠨ ᠵᠠᠰᠠᠵᠤ ᠳᠠᠭᠤᠰᠤᠭᠰᠠᠨ᠎ᠳᠤ ᠲᠣᠭ᠋ᠠᠴᠠᠭᠳᠠᠨ᠎ᠠ᠃
ᠡᠯ᠎ᠡ ᠱᠠᠲᠤᠨ᠎ᠤ ᠪᠠᠶ᠋ᠢᠴᠠᠭ᠋ᠠᠬᠤ ᠪᠠᠶ᠋ᠢᠭᠤᠯᠭ᠎ᠠ᠎ᠯᠤᠭ᠎ᠠ ᠬᠠᠮᠵᠢᠯᠴᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠵᠤ᠂ 《ᠭᠣᠣᠯ᠎ᠤᠨ ᠳᠠᠷᠤᠭ᠎ᠠ + ᠪᠠᠶ᠋ᠢᠴᠠᠭ᠋ᠠᠬᠤ ᠳᠠᠷᠤᠭ᠎ᠠ》 ᠵᠢᠨ ᠭᠣᠣᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠵᠠᠭᠪᠤᠷ᠎ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠭᠣᠣᠯ᠎ᠤᠨ ᠳᠠᠷᠤᠭ᠎ᠠ ᠵᠢᠨ ᠠᠯᠪᠠᠨ ᠭᠡᠷ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ 《ᠭᠣᠣᠯ ᠭᠤᠷᠤᠬ᠎ᠠ ᠨᠠᠭᠤᠷ ᠴᠦᠬᠦᠷᠦᠮ᠎ᠢ ᠵᠠᠰᠠᠬᠤ ᠨᠠᠮᠤᠷ᠎ᠤᠨ ᠤᠯᠠᠷᠢᠯ᠎ᠤᠨ ᠠᠵᠢᠯᠯᠠᠭ᠎ᠠ》 ᠵᠢ ᠬᠠᠮᠲᠤᠷᠠᠨ ᠥᠷᠨᠢᠭᠦᠯᠵᠦ᠂ ᠭᠣᠣᠯ ᠭᠤᠷᠤᠬ᠎ᠠ ᠨᠠᠭᠤᠷ ᠴᠦᠬᠦᠷᠦᠮ᠎ᠤᠨ ᠳᠦᠷᠰᠦ ᠪᠠᠶ᠋ᠢᠳᠠᠯ᠂ ᠴᠢᠳᠠᠪᠬᠢ ᠵᠢ ᠨᠥᠯᠥᠭᠡᠯᠡᠬᠦ ᠵᠡᠷᠭᠡ ᠭᠣᠣᠯ ᠭᠤᠷᠤᠬ᠎ᠠ ᠨᠠᠭᠤᠷ ᠴᠦᠬᠦᠷᠦᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ᠂ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠪᠦᠲᠦᠮᠵᠢᠲᠡᠢ ᠵᠣᠯᠭ᠋ᠠᠯᠴᠠᠭ᠎ᠠ ᠵᠢ ᠴᠢᠨᠠᠭᠰᠢᠳᠠ ᠴᠢᠩᠭ᠋ᠠᠳᠬᠠᠵᠤ᠂ ᠭᠣᠣᠯ ᠭᠤᠷᠤᠬ᠎ᠠ ᠨᠠᠭᠤᠷ ᠴᠦᠬᠦᠷᠦᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦ ᠨᠡᠮᠡᠷᠢᠯᠡᠵᠦ᠂ ᠭᠣᠣᠯ ᠨᠠᠭᠤᠷ᠎ᠤᠨ ᠳᠦᠷᠰᠦ ᠪᠠᠶ᠋ᠢᠳᠠᠯ᠎ᠢ ᠦᠷᠭᠦᠯᠵᠢᠯᠡᠨ ᠰᠠᠢ᠌ᠵᠢᠷᠠᠭᠤᠯᠤᠨ᠎ᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ
2020 — 12 — 23 10᠄ 36᠄ 28
ᠭᠣᠣᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠢᠯᠡᠳᠲᠡ ᠦᠷ᠎ᠡ ᠪᠦᠲᠦᠮᠵᠢ ᠤᠯᠪᠠ᠂ ᠳᠠᠷᠠᠭ᠋ᠠᠴᠢ ᠵᠢᠨ ᠠᠯᠬᠤᠮ᠎ᠳᠤ ᠭᠣᠣᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ ᠲᠠᠯ᠎ᠠ᠎ᠪᠠᠷ ᠶᠠᠮᠠᠷ ᠶᠠᠮᠠᠷ ᠲᠥᠯᠥᠪᠯᠡᠭᠡ᠎ᠲᠠᠢ ᠪᠠᠶ᠋ᠢᠬᠤ ᠪᠤᠢ?
ᠯᠢᠦ ᠪᠢᠩ ᠵᠧᠩ
2020 — 12 — 23 10᠄ 41᠄ 23
ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠪᠠᠢ᠌ᠭᠤᠯᠬᠤ᠎ᠠᠴᠠ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠱᠠᠲᠤᠨ᠎ᠳᠤ ᠬᠦᠷᠲᠡᠯ᠎ᠡ᠂ ᠭᠣᠣᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠢᠯᠡᠳᠲᠡ ᠦᠷ᠎ᠡ ᠪᠦᠲᠦᠮᠵᠢ ᠤᠯᠵᠠᠢ᠃ ᠳᠠᠷᠠᠭ᠋ᠠᠴᠢ ᠵᠢᠨ ᠠᠯᠬᠤᠮ᠎ᠳᠤ ᠭᠣᠣᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠬᠦ ᠲᠠᠯ᠎ᠠ᠎ᠪᠠᠷ ᠮᠥᠨ ᠳᠣᠣᠷᠠᠬᠢ ᠠᠷᠭ᠎ᠠ ᠬᠡᠮᠵᠢᠶ᠎ᠡ ᠵᠢ ᠠᠪᠤᠨ᠎ᠠ᠄
ᠨᠢᠭᠡ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠤᠯᠢ ᠶᠣᠰᠣᠭ᠋ᠠᠷ ᠭᠣᠣᠯ ᠭᠤᠷᠤᠬ᠎ᠠ ᠨᠠᠭᠤᠷ ᠴᠦᠬᠦᠷᠦᠮ᠎ᠢ ᠵᠠᠰᠠᠬᠤ ᠵᠢ ᠨᠠᠶ᠋ᠢᠳᠠᠪᠤᠷᠢᠵᠢᠭᠤᠯᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠲᠦᠷᠢᠮ》᠎ᠤᠨ ᠬᠠᠤᠯᠢ ᠲᠣᠭᠲᠠᠭ᠋ᠠᠬᠤ ᠠᠵᠢᠯ᠎ᠢ ᠠᠬᠢᠭᠤᠯᠵᠤ᠂ ᠮᠠᠨ᠎ᠤ ᠣᠷᠣᠨ᠎ᠤ ᠭᠣᠤᠯ ᠭᠤᠷᠤᠬ᠎ᠠ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠪᠣᠳᠠᠲᠤ ᠪᠠᠶ᠋ᠢᠳᠠᠯ᠎ᠳᠤ ᠨᠡᠶ᠋ᠢᠴᠡᠭᠰᠡᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮᠵᠢ ᠵᠢ ᠪᠠᠶ᠋ᠢᠭᠤᠯᠤᠨ᠂ ᠭᠣᠤᠯ ᠭᠤᠷᠤᠬ᠎ᠠ ᠨᠠᠭᠤᠷ ᠴᠥᠭᠥᠷᠥᠮ᠎ᠤᠨ ᠬᠠᠤᠯᠢ ᠬᠡᠷᠡᠭᠵᠢᠭᠦᠯᠦᠯᠲᠡ ᠵᠢ ᠵᠢᠷᠤᠮᠯᠠᠬᠤ ᠬᠠᠤᠯᠢ᠎ᠲᠠᠢ᠂ ᠵᠢᠷᠤᠮᠯᠠᠬᠤ ᠲᠦᠷᠢᠮ᠎ᠲᠠᠢ ᠪᠣᠯᠭ᠋ᠠᠵᠤ᠂ ᠭᠣᠤᠯ ᠭᠤᠷᠤᠬ᠎ᠠ ᠨᠠᠭᠤᠷ ᠴᠥᠭᠥᠷᠥᠮ᠎ᠤᠨ ᠬᠠᠤᠯᠢ ᠪᠤᠰᠤ᠎ᠪᠠᠷ ᠡᠯᠡᠰᠦ ᠮᠠᠯᠲᠠᠬᠤ᠂ ᠡᠷᠭᠢ ᠵᠢᠨ ᠱᠤᠭᠤᠮ᠎ᠢ ᠡᠵᠡᠯᠡᠬᠦ᠂ ᠬᠠᠤᠯᠢ᠎ᠠᠴᠠ ᠵᠥᠷᠢᠴᠡᠨ ᠠᠩᠨᠠᠵᠤ ᠱᠦᠭᠦᠬᠦ᠂ ᠲᠣᠭᠲᠠᠭ᠋ᠠᠯ᠎ᠠᠴᠠ ᠵᠥᠷᠢᠴᠡᠨ ᠪᠥᠲᠥᠭᠡᠨ ᠪᠠᠶ᠋ᠢᠭᠤᠯᠬᠤ᠂ ᠭᠣᠤᠯ ᠭᠤᠷᠤᠬ᠎ᠠ ᠵᠢᠨ ᠪᠠᠶ᠋ᠢᠳᠠᠯ᠎ᠢ ᠡᠪᠳᠡᠬᠦ ᠵᠡᠷᠭᠡ ᠦᠢ᠍ᠯᠡ ᠠᠵᠢᠯᠯᠠᠭ᠎ᠠ᠎ᠳᠤ ᠬᠦᠴᠦᠷᠬᠡᠭ ᠶᠡᠬᠡ ᠬᠠᠤᠯᠢ ᠴᠠᠭ᠋ᠠᠵᠠ ᠵᠢᠨ ᠰᠦᠷ ᠬᠦᠴᠦᠨ᠎ᠢ ᠪᠣᠶ ᠪᠣᠯᠭ᠋ᠠᠨ᠎ᠠ᠃
ᠬᠣᠶᠠᠷ᠎ᠲᠤ᠂ ᠭᠣᠣᠯ ᠨᠠᠭᠤᠷ᠎ᠤᠨ ᠣᠷᠣᠨ ᠵᠠᠢ ᠵᠢ ᠬᠠᠮᠢᠶᠠᠷᠤᠨ ᠡᠵᠡᠮᠳᠡᠬᠦ ᠤᠢ᠍ᠢ᠍ᠯᠠᠭ᠋ᠠᠭᠳᠠᠬᠤᠨ᠎ᠢ ᠪᠠᠶ᠋ᠢᠭᠤᠯᠵᠤ᠂ ᠭᠣᠣᠯ ᠨᠠᠭᠤᠷ᠎ᠤᠨ ᠬᠠᠮᠢᠶᠠᠷᠤᠯᠲᠠ ᠵᠢᠨ ᠬᠡᠪᠴᠢᠶ᠎ᠡ ᠵᠢ ᠵᠣᠬᠢᠰᠲᠠᠢ ᠬᠤᠪᠢᠶᠠᠷᠢᠯᠠᠨ ᠲᠣᠭᠲᠠᠭ᠋ᠠᠬᠤ ᠠᠵᠢᠯ᠎ᠢ ᠬᠢᠵᠦ᠂ ᠣᠷᠣᠨ ᠵᠠᠢ ᠵᠢᠨ ᠣᠷᠣᠨ ᠲᠣᠭᠣᠷᠢᠭ᠎ᠤᠨ ᠣᠷᠣᠬᠤ ᠵᠥᠪᠰᠢᠶᠡᠷᠡᠯ᠎ᠤᠨ ᠲᠣᠭᠲᠠᠴᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠰᠠᠪᠠ ᠭᠠᠵᠠᠷ᠎ᠤᠨ ᠲᠠᠯᠠᠪᠠᠶ᠎ᠨᠢ 50 ᠲᠡᠭᠰᠢ ᠳᠥᠷᠪᠡᠯᠵᠢᠨ ᠺᠢᠯᠣᠮᠧᠲᠷ᠎ᠠᠴᠠ ᠳᠡᠭᠡᠭᠰᠢᠬᠢ ᠭᠣᠤᠯ ᠭᠤᠷᠤᠬ᠎ᠠ᠂ ᠤᠰᠤᠨ᠎ᠤ ᠭᠠᠳᠠᠷᠭᠤ ᠵᠢᠨ ᠲᠠᠯᠠᠪᠠᠶ᠎ᠨᠢ 1 ᠲᠡᠭᠰᠢ ᠳᠥᠷᠪᠡᠯᠵᠢᠨ ᠺᠢᠯᠣᠮᠧᠲᠷ᠎ᠤᠨ ᠨᠠᠭᠤᠷ ᠴᠥᠭᠥᠷᠥᠮ᠎ᠤᠨ ᠬᠠᠮᠢᠶᠠᠷᠤᠯᠲᠠ ᠵᠢᠨ ᠬᠡᠪᠴᠢᠶ᠎ᠡ ᠵᠢ ᠵᠠᠭ᠋ᠠᠭᠯᠠᠨ ᠲᠣᠭᠲᠠᠭ᠋ᠠᠬᠤ ᠠᠵᠢᠯ᠎ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠠᠷᠠᠭ᠋ᠠᠴᠢ ᠵᠢᠨ ᠠᠯᠬᠤᠮ᠎ᠳᠤ ᠭᠣᠤᠯ ᠨᠠᠭᠤᠷ᠎ᠤᠨ ᠡᠷᠭᠢ ᠵᠢᠨ ᠱᠤᠭᠤᠮ᠎ᠢ ᠬᠠᠮᠠᠭ᠋ᠠᠯᠠᠬᠤ ᠪᠠ ᠠᠰᠢᠭᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠤᠨ᠎ᠠ᠃ ᠡᠷᠭᠢ ᠵᠢᠨ ᠱᠤᠭᠤᠮ᠎ᠤᠨ ᠬᠠᠮᠠᠭ᠋ᠠᠯᠠᠯᠲᠠ ᠵᠢ ᠡᠷᠭᠢ ᠵᠢᠨ ᠱᠤᠭᠤᠮ ᠪᠣᠯᠭ᠋ᠠᠨ ᠠᠰᠢᠭᠯᠠᠭᠰᠠᠨ ᠤᠷᠢᠲᠠᠯ ᠳᠣᠣᠷ᠎ᠠ᠂ ᠡᠷᠭᠢ ᠵᠢᠨ ᠱᠤᠭᠤᠮ᠎ᠢ ᠠᠷᠪᠢᠲᠠᠶ ᠡᠷᠴᠢᠮᠯᠢᠭ ᠠᠰᠢᠭᠯᠠᠬᠤ ᠵᠢ ᠴᠢᠩᠭ᠋ᠠᠳᠬᠠᠵᠤ᠂ ᠡᠷᠭᠢ ᠵᠢᠨ ᠱᠤᠭᠤᠮ᠎ᠢ ᠪᠦᠲᠦᠮᠵᠢᠲᠡᠶ ᠬᠠᠮᠠᠭ᠋ᠠᠯᠠᠬᠤ ᠪᠠ ᠵᠦᠢ ᠵᠣᠬᠢᠰᠲᠠᠶ ᠠᠰᠢᠭᠯᠠᠬᠤ ᠵᠢᠨ ᠬᠣᠭᠣᠷᠣᠨᠳᠣᠬᠢ ᠭᠣᠣᠯ ᠵᠥᠷᠢᠴᠡᠯ᠎ᠢ ᠰᠠᠶ᠋ᠢᠲᠤᠷ ᠰᠢᠢ᠍ᠳᠪᠤᠷᠢᠯᠡᠵᠦ᠂ ᠬᠠᠮᠠᠭ᠋ᠠᠯᠠᠬᠤ ᠵᠢᠨ ᠳᠤᠮᠳᠠ ᠡᠮᠬᠢ ᠵᠢᠷᠤᠮ᠎ᠲᠠᠢ᠎ᠪᠠᠷ ᠨᠡᠭᠡᠭᠡᠨ ᠬᠥᠭᠵᠢᠭᠦᠯᠬᠦ᠂ ᠨᠡᠭᠡᠭᠡᠨ ᠠᠰᠢᠭᠯᠠᠬᠤ ᠵᠢᠨ ᠳᠤᠮᠳᠠ ᠨᠠᠶ᠋ᠢᠳᠠᠪᠤᠷᠢᠵᠢᠭᠤᠯᠤᠨ ᠬᠠᠮᠠᠭ᠋ᠠᠯᠠᠬᠤ ᠵᠢ ᠪᠡᠶᠡᠯᠡᠭᠦᠯᠦᠨ᠎ᠡ᠃
ᠭᠤᠷᠪᠠ᠎ᠳᠤ᠂ ᠭᠣᠣᠯ ᠭᠤᠷᠤᠬ᠎ᠠ ᠨᠠᠭᠤᠷ ᠴᠥᠭᠥᠷᠥᠮ᠎ᠤᠨ 《ᠲᠦᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠠᠷᠢᠯᠭ᠋ᠠᠬᠤ》 ᠠᠵᠢᠯ᠎ᠢ ᠪᠠᠶ᠋ᠢᠩᠭᠤᠵᠢᠭᠤᠯᠬᠤ᠂ ᠳᠦᠷᠢᠮᠵᠢᠭᠦᠯᠬᠦ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠲᠠᠷᠠᠭ᠋ᠠᠴᠢ ᠵᠢᠨ ᠠᠯᠬᠤᠮ᠎ᠳᠤ ᠭᠣᠤᠯᠳᠠᠭᠤ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠰᠠᠶ᠋ᠢᠲᠤᠷ ᠬᠡᠷᠡᠭᠯᠡᠨ᠂ 《ᠳᠥᠷᠪᠡᠨ ᠵᠠᠮᠪᠠᠷᠠᠭ᠎ᠠ ᠦᠭᠡᠢ ᠪᠠᠢ᠌ᠳᠠᠯ᠎ᠢ ᠠᠷᠢᠯᠭ᠋ᠠᠬᠤ》 ᠵᠢ ᠪᠠᠶ᠋ᠢᠩᠭᠤᠵᠢᠭᠤᠯᠬᠤ᠂ ᠵᠢᠷᠤᠮᠵᠢᠭᠤᠯᠬᠤ ᠵᠢ ᠳᠥᠯᠭᠢᠨ ᠠᠬᠢᠭᠤᠯᠵᠤ᠂ ᠳᠠᠭ᠋ᠠᠭᠤᠯᠢ ᠣᠳᠣᠨ᠎ᠤ ᠠᠯᠤᠰ ᠰᠡᠷᠡᠯ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ ᠬᠢᠨᠠᠨ ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠬᠦ ᠵᠢ ᠳᠥᠯᠭᠢᠨ ᠠᠬᠢᠭᠤᠯᠵᠤ᠂ ᠣᠶᠤᠨᠴᠢ᠎ᠪᠠᠷ ᠬᠢᠨᠠᠨ ᠡᠵᠡᠮᠳᠡᠬᠦ ᠵᠢ ᠳᠥᠯᠭᠢᠨ ᠠᠬᠢᠭᠤᠯᠵᠤ᠂ ᠨᠡᠮᠡᠭᠳᠡᠯ᠎ᠤᠨ ᠬᠡᠮᠵᠢᠶ᠎ᠡ ᠵᠢ ᠬᠢᠵᠠᠭ᠋ᠠᠷᠯᠠᠨ᠂ ᠬᠠᠳᠠᠭ᠋ᠠᠯᠠᠯᠲᠠ ᠵᠢᠨ ᠬᠡᠮᠵᠢᠶ᠎ᠡ ᠵᠢ ᠠᠷᠢᠯᠭ᠋ᠠᠵᠤ᠂ ᠴᠢᠩᠭ᠎ᠠ ᠬᠢᠨᠠᠨ ᠬᠠᠮᠢᠶᠠᠷᠤᠯᠲᠠ ᠵᠢᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠨ᠎ᠠ᠃
ᠲᠦᠷᠪᠡ᠎ᠳᠤ᠂ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ᠎ᠢ ᠴᠢᠩᠭ᠋ᠠᠳᠬᠠᠨ᠎ᠠ᠃ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠬᠢᠨᠠᠨ ᠰᠢᠯᠭ᠋ᠠᠬᠤ ᠠᠵᠢᠯ᠎ᠢ ᠦᠷᠭᠦᠯᠵᠢᠯᠡᠨ ᠥᠷᠨᠢᠭᠦᠯᠬᠦ ᠵᠢᠨ ᠬᠠᠮᠲᠤ ᠬᠢᠨᠠᠨ ᠰᠢᠯᠭ᠋ᠠᠭᠰᠠᠨ ᠦᠷ᠎ᠡ ᠳ᠋ᠦᠩ᠎ᠢ ᠠᠶ᠋ᠢᠮᠠᠭ ᠬᠤᠳᠠ ᠵᠢᠨ ᠤᠳᠤᠷᠢᠳᠬᠤ ᠪᠠᠭ ᠪᠣᠯᠤᠨ ᠭᠣᠣᠯ ᠤᠳᠤᠷᠢᠳᠬᠤ ᠺᠠᠳ᠋ᠷ᠎ᠢ ᠶᠡᠷᠦᠩᠬᠡᠶ᠋ᠢᠯᠡᠨ ᠬᠢᠨᠠᠨ ᠰᠢᠯᠭ᠋ᠠᠵᠤ ᠦᠨᠡᠯᠡᠬᠦ ᠵᠢᠨ ᠴᠢᠬᠤᠯᠠ ᠠᠭᠤᠯᠭ᠎ᠠ ᠪᠣᠯᠭ᠋ᠠᠬᠤ ᠵᠢᠨ ᠬᠠᠮᠲᠤ ᠡᠭᠦᠷᠭᠡ ᠲᠤᠰᠢᠶᠠᠯ ᠵᠶ᠋ᠠᠨ ᠰᠠᠶ᠋ᠢᠲᠤᠷ ᠭᠦᠢ᠍ᠴᠡᠳᠬᠡᠭᠰᠡᠨ ᠦᠭᠡᠢ ᠭᠣᠣᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
ᠲᠠᠪᠤ᠎ᠳᠤ᠂ ᠤᠯᠠᠨ ᠲᠦᠮᠡᠨ᠎ᠤ ᠬᠢᠨᠠᠯᠲᠠ ᠵᠢ ᠴᠢᠩᠭ᠋ᠠᠳᠬᠠᠨ᠎ᠠ᠃ ᠭᠣᠣᠯ ᠭᠤᠷᠤᠬ᠎ᠠ ᠨᠠᠭᠤᠷ ᠴᠥᠭᠥᠷᠥᠮ᠎ᠤᠨ ᠪᠦᠲᠦᠮᠵᠢᠲᠡᠶ ᠬᠠᠮᠢᠶᠠᠷᠤᠯᠲᠠ ᠪᠠ ᠡᠷᠡᠭᠦᠯ ᠡᠩᠬᠡ ᠠᠮᠢ ᠨᠠᠰᠤᠨ᠎ᠤ ᠬᠠᠮᠠᠭ᠋ᠠᠯᠠᠯᠲᠠ᠎ᠨᠢ ᠠᠷᠠᠳ ᠣᠯᠠᠨ᠎ᠤ ᠢᠳᠡᠪᠬᠢᠲᠡᠶ ᠣᠷᠣᠯᠴᠠᠯᠭ᠎ᠠ᠎ᠠᠴᠠ ᠰᠠᠯᠵᠤ ᠴᠢᠳᠠᠬᠤ ᠦᠭᠡᠶ᠃ ᠥᠪᠡᠷᠲᠡᠭᠡᠨ ᠵᠠᠰᠠᠬᠤ ᠣᠷᠣᠨ᠎ᠤ ᠭᠣᠤᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮᠲᠦ ᠭᠠᠷ ᠤᠲᠠᠰᠤᠨ᠎ᠤ APP᠎ᠨᠢ ᠣᠯᠠᠨ ᠲᠦᠮᠡᠨ᠎ᠤ ᠢᠯᠡᠴᠢᠯᠡᠨ ᠮᠡᠳᠡᠭᠦᠯᠬᠦ ᠴᠢᠳᠠᠮᠵᠢ᠎ᠲᠠᠢ ᠪᠠᠶ᠋ᠢᠵᠤ᠂ ᠤᠰᠤᠨ ᠠᠰᠢᠭᠯᠠᠯᠲᠠ ᠵᠢᠨ ᠲᠢᠩᠬᠢᠮ ᠵᠡᠷᠭᠡ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠰᠦᠯᠵᠢᠶ᠎ᠡ ᠴᠦ᠍ ᠣᠯᠠᠨ ᠲᠦᠮᠡᠨ᠎ᠤ ᠢᠯᠡᠴᠢᠯᠡᠨ ᠮᠡᠳᠡᠭᠦᠯᠬᠦ ᠵᠢ ᠭᠥᠯᠢᠶᠡᠨ ᠠᠪᠴᠤ ᠪᠣᠯᠤᠨ᠎ᠠ᠂ ᠲᠠᠷᠠᠭ᠋ᠠᠴᠢ ᠵᠢᠨ ᠠᠯᠬᠤᠮ᠎ᠳᠤ ᠪᠢᠳᠡ ᠤᠬᠠᠭᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠣᠯᠠᠨ ᠲᠦᠮᠡᠨ᠎ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠨᠠᠩ ᠣᠯᠠᠨ ᠠᠷᠭ᠎ᠠ ᠵᠠᠮ᠎ᠢ ᠨᠡᠮᠡᠭᠳᠡᠭᠦᠯᠦᠨ᠎ᠡ᠂ ᠠᠷᠠᠳ ᠣᠯᠠᠨ ᠢᠳᠡᠪᠬᠢᠲᠡᠶ ᠣᠷᠣᠯᠴᠠᠵᠤ᠂ ᠥᠷᠭᠡᠨ ᠵᠶ᠋ᠠᠷ ᠬᠢᠨᠠᠯᠲᠠ ᠲᠠᠯᠪᠢᠵᠤ᠂ ᠪᠢᠳᠡᠨ᠎ᠢ ᠬᠠᠪᠰᠤᠷᠤᠨ ᠭᠣᠤᠯ ᠭᠤᠷᠤᠬ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠠᠵᠢᠯ᠎ᠢ ᠨᠠᠩ ᠰᠠᠶ᠋ᠢᠨ ᠬᠢᠬᠦ ᠵᠢ ᠬᠦᠰᠡᠵᠦ ᠪᠠᠶ᠋ᠢᠨ᠎ᠠ᠃