ᠲᠤᠰ ᠰᠣᠨᠢᠨ᠎ᠤ ᠰᠤᠷᠪᠤᠯᠵᠢᠯᠠᠭᠴᠢ ᠯᠢᠦ ᠴᠦᠨ ᠮᠦ᠍ ᠶᠠᠩ
1 ᠰᠠᠷ᠎ᠠ ᠵᠢᠨ 25᠎ᠠᠴᠠ 26᠎ᠤ ᠡᠳᠦᠷ ᠪᠣᠯᠲᠠᠯ᠎ᠠ᠂ ᠪᠦᠬᠦ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠡᠸ ᠵᠢᠩ ᠫᠢᠩ ᠢᠯᠡᠷᠬᠡᠶ᠋ᠢᠯᠡᠬᠦ᠎ᠳᠡᠭᠡᠨ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠤᠲᠠᠭᠤᠳᠠᠯ᠎ᠢ ᠨᠥᠬᠥᠪᠥᠷᠢᠯᠡᠬᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠣᠯ ᠬᠣᠶ᠋ᠢᠰᠢᠳᠠ ᠵᠢᠨ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ ᠮᠥᠨ᠂ ᠪᠠᠰᠠ ᠴᠤ᠌ 2021 ᠣᠨ ᠴᠢᠨᠠᠭᠰᠢᠯᠠᠪᠠᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠭᠣᠤᠯᠳᠠᠯᠭ᠎ᠠ᠎ᠲᠠᠢ ᠡᠭᠦᠷᠭᠡ ᠮᠥᠨ᠃
ᠰᠤᠷᠪᠤᠯᠵᠢᠯᠠᠭᠴᠢ ᠬᠤᠷᠠᠯ᠎ᠠᠴᠠ ᠤᠢ᠍ᠢ᠍ᠯᠠᠭ᠋ᠠᠭᠰᠠᠨ ᠵᠶ᠋ᠠᠷ᠂ 2020 ᠣᠨ᠎ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠵᠢᠴᠢ ᠵᠤᠨ᠎ᠤ ᠤᠯᠠᠷᠢᠯ᠎ᠤᠨ ᠦᠶᠡᠷ᠎ᠤᠨ ᠬᠤᠭᠤᠴᠠᠭ᠋ᠠᠨ᠎ᠳᠤ ᠬᠣᠪᠣᠷ ᠲᠣᠬᠢᠶᠠᠯᠳᠤᠬᠤ ᠦᠶᠡᠷ ᠤᠰᠤᠲᠤᠯ᠎ᠤᠨ ᠭᠠᠮᠰᠢᠭ᠎ᠲᠤ ᠳᠠᠭ᠋ᠠᠷᠢᠭᠳᠠᠭᠰᠠᠨ ᠠᠬᠤᠢ ᠪᠠᠶ᠋ᠢᠳᠠᠯ ᠳᠣᠣᠷ᠎ᠠ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠠᠵᠢᠯ᠎ᠳᠠᠭᠠᠨ ᠠᠯᠢ ᠤᠯᠠᠨ ᠦᠷ᠎ᠡ ᠪᠦᠲᠦᠮᠵᠢ ᠣᠯᠵᠠᠢ᠃
2020 ᠣᠨ᠎ᠳᠤ᠂ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠰᠢᠰᠲ᠋ᠧᠮ᠎ᠤᠨ᠎ᠬᠢᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ 7695 ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠵᠤ᠂ ᠲᠣᠭ᠎ᠠ ᠬᠡᠮᠵᠢᠶ᠎ᠡ᠎ᠨᠢ ᠲᠡᠤᠬᠡ ᠵᠢᠨ ᠰᠢᠨ᠎ᠡ ᠲᠡᠮᠳᠡᠭᠯᠡᠯ ᠢ ᠡᠭᠦᠳᠦᠨ᠂ ᠠᠳᠠᠯᠢ ᠬᠤᠭᠤᠴᠠᠭ᠋ᠠᠨ᠎ᠤ᠎ᠬᠢ᠎ᠠᠴᠠ 6%᠎ᠪᠠᠷ ᠨᠡᠮᠡᠭᠳᠡᠪᠡ᠃ ᠡᠭᠦᠨ᠎ᠤ ᠬᠠᠮᠲᠤ᠂ ᠤᠰᠤᠨ ᠠᠰᠢᠭᠯᠠᠯᠲᠠ ᠵᠢᠨ ᠶᠠᠮᠤᠨ᠎ᠤ ᠬᠢᠨᠠᠨ ᠵᠢᠯᠣᠭᠣᠳᠣᠯᠭ᠎ᠠ ᠳᠣᠤᠷ᠎ᠠ᠂ ᠡᠯ᠎ᠡ ᠭᠠᠵᠠᠷ᠎ᠤᠨ᠎ᠬᠢᠨ ᠵᠠᠰᠠᠭ᠎ᠤᠨ ᠣᠷᠳᠣᠨ᠎ᠤ ᠲᠤᠰᠬᠠᠶ ᠲᠥᠷᠥᠯ᠎ᠤᠨ ᠵᠢᠭᠡᠯᠡᠯᠭᠡ ᠵᠢᠨ ᠲᠡᠮᠳᠡᠭᠲᠦ ᠪᠠ ᠪᠠᠩᠬᠢ ᠵᠢᠨ ᠵᠢᠭᠡᠯᠡᠯᠭᠡ ᠵᠢ ᠢᠳᠡᠪᠬᠢᠲᠡᠶ ᠠᠰᠢᠭᠯᠠᠨ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠬᠡᠪᠴᠢᠶ᠎ᠡ ᠵᠢ ᠨᠡᠮᠡᠭᠳᠡᠭᠦᠯᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠲᠥᠷᠥᠯ᠎ᠤᠨ ᠵᠢᠭᠡᠯᠡᠯᠭᠡ ᠵᠢᠨ ᠲᠡᠮᠳᠡᠭᠲᠦ ᠵᠢ ᠨᠠᠶ᠋ᠢᠳᠠᠪᠤᠷᠢᠵᠢᠭᠤᠯᠤᠭᠰᠠᠨ ᠬᠡᠪᠴᠢᠶ᠎ᠡ 1509 ᠳ᠋ᠦᠩᠰᠢᠭᠤᠷ ᠲᠥᠭᠥᠷᠢᠭ᠎ᠲᠤ ᠬᠦᠷᠴᠦ᠂ 2019 ᠣᠨ᠎ᠤ 6 ᠳᠠᠬᠢᠨ ᠰᠢᠬᠠᠮ ᠪᠣᠯᠵᠠᠶ᠃
ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯ ᠡᠬᠢᠯᠡᠭᠦᠯᠦᠭᠰᠡᠨ ᠲᠣᠭ᠎ᠠ ᠬᠡᠮᠵᠢᠶ᠎ᠡ ᠴᠦ᠍ ᠥᠩᠭᠡᠷᠡᠭᠰᠡᠨ ᠵᠢᠯ ᠤᠳᠤᠨ ᠬᠠᠮᠤᠭ᠎ᠤᠨ ᠶᠡᠬᠡ ᠬᠡᠮᠵᠢᠶᠡᠨ᠎ᠳᠤ ᠬᠦᠷᠦᠭᠰᠡᠨ ᠪᠠᠶ᠋ᠢᠨ᠎ᠠ᠃ 2020 ᠣᠨ᠎ᠳᠤ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠰᠢᠶᠦᠢ᠍ᠩ ᠠᠨ ᠰᠢᠨ᠎ᠡ ᠲᠣᠭᠣᠷᠢᠭ᠎ᠤᠨ ᠦᠶᠡᠷ᠎ᠢ ᠰᠡᠷᠭᠡᠶ᠋ᠢᠯᠡᠬᠦ ᠭᠣᠣᠯᠯᠠᠭᠴᠢ ᠢᠨᠵᠧᠨᠧᠷᠢᠩ᠂ ᠬᠤᠨᠠᠨ᠎ᠤ ᠴᠢᠤᠸᠠᠨ ᠮᠦ᠍ ᠲᠠᠩ ᠴᠥᠭᠥᠷᠥᠮ᠂ ᠴᠦᠩᠴᠢᠩ᠎ᠤᠨ ᠪᠠᠷᠠᠭᠤᠨ ᠬᠡᠰᠡᠭ᠎ᠤᠨ ᠤᠰᠤᠨ᠎ᠤ ᠡᠬᠢ ᠪᠠᠶᠠᠯᠢᠭ᠎ᠢ ᠲᠤᠬᠢᠷᠠᠭᠤᠯᠬᠤ ᠢᠨᠵᠧᠨᠧᠷᠢᠩ᠂ ᠦ᠋ ᠰᠦᠩ ᠵᠢᠶᠠᠩ ᠮᠥᠷᠡᠨ᠎ᠤ ᠵᠠᠰᠠᠯᠲᠠ ᠵᠢᠨ ᠱᠠᠩᠬᠠᠢ ᠵᠢᠨ ᠬᠡᠰᠡᠭ᠂ ᠰᠧᠴᠤᠸᠠᠨ᠎ᠤ ᠲᠢᠩ ᠽᠢ ᠺᠸᠤ ᠤᠰᠤᠯᠠᠯᠲᠠ ᠵᠢᠨ ᠣᠷᠣᠨ ᠵᠡᠷᠭᠡ 45 ᠵᠦᠢ᠍ᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠡᠬᠢᠯᠡᠨ ᠪᠦᠳᠦᠭᠡᠨ ᠪᠠᠢ᠌ᠭᠤᠯᠪᠠ᠃ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢᠨ ᠬᠤᠷᠳᠤᠴᠠ ᠵᠢ ᠪᠦᠬᠦ ᠲᠠᠯ᠎ᠠ᠎ᠪᠠᠷ ᠲᠦᠷᠭᠡᠳᠬᠡᠵᠦ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ᠎ᠤᠨ ᠵᠠᠯᠭ᠋ᠠᠮᠵᠢ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ ᠴᠢᠬᠤᠯᠠ ᠶᠡᠬᠡ ᠰᠢᠪᠲᠤᠯᠤᠯᠲᠠ᠎ᠲᠠᠢ ᠪᠤᠯᠵᠤ᠂ ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠨᠢ ᠤᠰᠤ ᠬᠠᠳᠠᠭ᠋ᠠᠯᠠᠬᠤ᠂ ᠠᠶᠠᠯᠠᠯ ᠨᠡᠪᠲᠡᠷᠡᠬᠦ ᠪᠠ ᠴᠠᠬᠢᠯᠭ᠋ᠠᠨ ᠭᠠᠷᠭ᠋ᠠᠬᠤ ᠭᠤᠷᠪᠠᠨ ᠶᠡᠬᠡ ᠵᠠᠩᠭᠢᠯᠠᠭ᠎ᠠ ᠵᠢᠨ ᠴᠡᠭ᠎ᠤᠨ ᠬᠠᠷᠠᠯᠲᠠ ᠵᠢ ᠲᠣᠭᠲᠠᠭᠰᠠᠨ ᠬᠤᠭᠤᠴᠠᠭ᠋ᠠᠨ᠎ᠳᠠᠭᠠᠨ ᠪᠡᠶᠡᠯᠡᠭᠦᠯᠪᠡ᠃
ᠤᠰᠤᠨ ᠠᠰᠢᠭᠯᠠᠯᠲᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠴᠤ᠌ ᠴᠢᠬᠤᠯᠠ ᠶᠡᠬᠡ ᠢᠯᠠᠯᠲᠠ ᠤᠯᠪᠠ᠃ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠡᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ᠎ᠪᠠᠷ ᠶᠠᠳᠠᠭᠤ ᠬᠦᠴᠢᠷᠳᠡᠯ᠎ᠲᠠᠢ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠦᠷᠢᠯᠡᠪᠡ᠃ 975 ᠲᠦᠮᠡᠨ ᠬᠥᠮᠦᠨ᠎ᠤ ᠤᠤᠭᠤᠬᠤ ᠤᠰᠤᠨ᠎ᠤ ᠹᠯᠣᠷ᠎ᠤᠨ ᠪᠠᠷᠢᠮᠵᠢᠶ᠎ᠠ᠎ᠠᠴᠠ ᠭᠡᠳᠦᠷᠡᠭᠰᠡᠨᠢ ᠥᠭᠡᠷᠡᠴᠢᠯᠡᠬᠦ ᠵᠢ ᠪᠡᠶᠡᠯᠡᠭᠦᠯᠵᠦ᠂ 120 ᠲᠦᠮᠡᠨ ᠬᠥᠮᠦᠨ᠎ᠤ ᠤᠤᠭᠤᠬᠤ ᠤᠰᠤᠨ᠎ᠤ ᠭᠠᠰᠢᠭᠤᠨ ᠱᠣᠷᠪᠣᠭ ᠠᠰᠠᠭᠤᠳᠠᠯ᠎ᠢ ᠰᠢᠢ᠍ᠳᠪᠦᠷᠢᠯᠡᠨ᠂ ᠬᠥᠳᠡᠭᠡ ᠲᠣᠰᠬᠣᠨ᠎ᠤ 4233 ᠲᠦᠮᠡᠨ ᠬᠥᠮᠦᠨ ᠠᠮᠠ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠪᠡᠯᠡ ᠣᠷᠣᠭᠤᠯᠤᠯᠲᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ 832 ᠶᠠᠳᠠᠭᠤ ᠬᠦᠴᠢᠷᠳᠡᠯ᠎ᠲᠠᠢ ᠰᠢᠶᠠᠨ᠎ᠳᠤ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ 1863 ᠳ᠋ᠦᠩᠰᠢᠭᠤᠷ ᠲᠥᠭᠥᠷᠢᠭ᠎ᠢ ᠨᠠᠶ᠋ᠢᠳᠠᠪᠤᠷᠢᠵᠢᠭᠤᠯᠵᠤ᠂ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ᠂ ᠤᠰᠤᠯᠠᠯᠲᠠ ᠵᠡᠷᠭᠡ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢ ᠲᠦᠷᠭᠡᠪᠴᠢᠯᠡᠨ ᠲᠡᠭᠦᠯᠳᠡᠷᠵᠢᠭᠦᠯᠪᠡ᠃
ᠲᠣᠰ ᠤᠳᠠᠭ᠋ᠠᠨ᠎ᠤ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯᠳᠤᠭ᠋ᠠᠨ᠎ᠠᠴᠠ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠭᠣᠣᠯ ᠬᠠᠷᠠᠯᠲᠠ ᠵᠢ ᠲᠤᠳᠤᠷᠬᠠᠢ᠌ᠯᠠᠪᠠ᠃ ᠡᠭᠦᠨ᠎ᠳᠤ 2025 ᠣᠨ ᠪᠣᠯᠬᠤ᠎ᠳᠤ᠂ ᠪᠥᠬᠥ ᠤᠯᠤᠰ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ 6700 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠳᠣᠲᠣᠷ᠎ᠠ ᠬᠢᠵᠠᠭ᠋ᠠᠷᠯᠠᠵᠤ᠂ ᠲᠦᠮᠡᠨ ᠲᠥᠭᠥᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 16%᠎ᠪᠠᠷ ᠪᠠᠭᠤᠷᠠᠭᠤᠯᠵᠤ᠂ ᠬᠥᠳᠡᠭᠡ ᠲᠣᠰᠬᠣᠨ᠎ᠤ ᠬᠡᠪᠴᠢᠶᠡᠵᠢᠭᠦᠯᠦᠭᠰᠡᠨ ᠤᠰᠤ ᠬᠠᠩᠭ᠋ᠠᠬᠤ ᠬᠥᠮᠦᠨ ᠠᠮᠠ ᠵᠢᠨ ᠪᠦᠷᠬᠦᠴᠡ ᠵᠢᠨ ᠬᠠᠷᠢᠴᠠᠯ᠎ᠢ 55%᠎ᠳᠤ ᠬᠦᠷᠦᠭᠦᠯᠦᠨ᠎ᠡ; ᠭᠣᠣᠯ ᠨᠠᠭᠤᠷ᠎ᠤᠨ ᠠᠮᠢ ᠠᠬᠤᠶ ᠵᠢᠨ ᠣᠷᠴᠢᠨ ᠲᠤᠭᠤᠷᠢᠨ᠎ᠢ ᠢᠯᠡᠳᠲᠡ ᠰᠠᠶ᠋ᠢᠵᠢᠷᠠᠭᠤᠯᠵᠤ᠂ ᠭᠣᠣᠯᠳᠠᠯᠭ᠎ᠠ᠎ᠲᠠᠢ ᠭᠣᠣᠯ ᠨᠠᠭᠤᠷ᠎ᠤᠨ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢ ᠪᠠᠲᠤᠯᠠᠬᠤ ᠬᠠᠷᠠᠯᠲᠠ ᠵᠢ ᠬᠠᠩᠭ᠋ᠠᠬᠤ ᠬᠡᠮᠵᠢᠶ᠎ᠡ ᠵᠢ 90%᠎ᠠᠴᠠ ᠳᠡᠭᠡᠭᠰᠢ᠎ᠳᠤ ᠬᠦᠷᠭᠡᠵᠦ᠂ ᠭᠣᠣᠯᠳᠠᠯᠭ᠎ᠠ᠎ᠲᠠᠢ ᠭᠠᠵᠠᠷ ᠣᠷᠣᠨ᠎ᠤ ᠬᠥᠷᠥᠰᠥ ᠰᠢᠷᠣᠶ ᠵᠢᠨ ᠢᠳᠡᠭᠳᠡᠯ᠎ᠢ ᠪᠦᠲᠦᠮᠵᠢᠲᠡᠶ᠎ᠪᠠᠷ ᠵᠠᠰᠠᠵᠤ᠂ ᠪᠦᠬᠦ ᠤᠯᠤᠰ᠎ᠤᠨ ᠬᠥᠷᠥᠰᠥ ᠰᠢᠷᠣᠶ ᠵᠢ ᠬᠠᠮᠠᠭ᠋ᠠᠯᠠᠬᠤ ᠨᠤᠷᠮ᠎ᠠ ᠵᠢ 73%᠎ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠪᠦᠬᠦ ᠤᠯᠤᠰ᠎ᠤᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠪᠠᠶ᠋ᠢᠳᠠᠯ᠎ᠢ ᠪᠦᠲᠦᠮᠵᠢᠲᠡᠶ᠎ᠪᠠᠷ ᠬᠣᠷᠢᠭᠯᠠᠬᠤ ᠵᠡᠷᠭᠡ ᠪᠣᠯᠤᠨ᠎ᠠ᠃
2021 ᠣᠨ᠎ᠳᠤ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠥᠯᠥᠪᠵᠢᠭᠦᠯᠭᠡ᠂ ᠤᠯᠤᠰ᠎ᠤᠨ ᠤᠰᠤᠨ᠎ᠤ ᠲᠣᠣᠷ᠎ᠤᠨ ᠢᠨᠵᠧᠨᠧᠷᠢᠩ᠎ᠤᠨ ᠲᠥᠯᠥᠪᠵᠢᠭᠦᠯᠭᠡ ᠵᠢᠨ ᠬᠥᠲᠥᠯᠪᠦᠷᠢ ᠵᠢ ᠨᠠᠶ᠋ᠢᠷᠠᠭᠤᠯᠤᠨ ᠵᠣᠬᠢᠶᠠᠬᠤ ᠵᠡᠷᠭᠡ ᠵᠢ ᠪᠠᠭᠲᠠᠭ᠋ᠠᠭᠰᠠᠨ ᠥᠭᠡᠷᠡᠴᠢᠯᠡᠯᠲᠡ ᠬᠥᠭᠵᠢᠯᠲᠡ ᠵᠢᠨ ᠦᠵᠦ ᠲᠥᠯᠥᠪᠯᠡᠭᠡ ᠵᠢ ᠭᠣᠣᠯᠳᠠᠯᠭ᠎ᠠ᠎ᠲᠠᠢ ᠴᠢᠩᠭ᠋ᠠᠳᠬᠠᠨ᠎ᠠ᠃
ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠠᠴᠠ ᠨᠢᠭᠡ ᠪᠦᠯᠦᠭ ᠶᠡᠬᠡ ᠭᠣᠣᠯ ᠮᠥᠷᠡᠨ ᠶᠡᠬᠡ ᠨᠠᠭᠤᠷ᠎ᠢ ᠵᠠᠰᠠᠬᠤ ᠰᠠᠭᠤᠷᠢ ᠴᠢᠨᠠᠷᠲᠠᠢ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠲᠥᠯᠥᠪᠵᠢᠭᠦᠯᠦᠨ ᠠᠬᠢᠭᠤᠯᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠱᠤᠭᠤᠮ᠎ᠤᠨ ᠬᠣᠶᠠᠳᠤᠭ᠋ᠠᠷ ᠬᠤᠭᠤᠴᠠᠭ᠎ᠠ᠂ ᠬᠥᠬᠡᠮᠥ᠋ᠷᠡᠨ᠎ᠢ ᠲᠠᠲᠠᠵᠤ ᠬᠠᠨᠵᠢᠶᠠᠩ ᠮᠥᠷᠡᠨ᠎ᠢ ᠨᠥᠬᠥᠪᠥᠷᠢᠯᠡᠬᠦ᠂ ᠳᠤᠮᠳᠠ ᠱᠤᠭᠤᠮ᠎ᠢ ᠰᠦᠯᠵᠢᠶᠡᠨ ᠳᠡᠭᠡᠷ᠎ᠡ ᠲᠤᠬᠢᠷᠠᠭᠤᠯᠤᠨ ᠬᠠᠳᠠᠭ᠋ᠠᠯᠠᠬᠤ ᠵᠢᠴᠢ ᠪᠠᠷᠠᠭᠤᠨ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠰᠠᠶ᠋ᠢᠲᠤᠷ ᠠᠳᠬᠤᠵᠤ᠂ ᠬᠠᠳᠤᠨ ᠭᠣᠣᠯ᠎ᠤᠨ ᠭᠦ᠋ ᠰᠢᠶᠠᠨ ᠤᠰᠤᠨ ᠠᠰᠢᠭᠯᠠᠯᠲᠠ ᠵᠢᠨ ᠭᠦᠢ᠍ᠰᠦ ᠪᠠᠷᠢᠯᠭ᠎ᠠ ᠵᠡᠷᠭᠡ 150 ᠵᠦᠢ᠍ᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠣᠯᠠᠨ ᠠᠷᠭ᠎ᠠ ᠵᠠᠮ ᠵᠶ᠋ᠠᠷ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ ᠴᠢᠷᠮᠠᠶ᠋ᠢᠨ ᠣᠯᠵᠤ᠂ ᠲᠥᠪ ᠪᠠ ᠣᠷᠣᠨ ᠨᠤᠲᠤᠭ᠎ᠤᠨ ᠤᠰᠤᠨ ᠠᠰᠢᠭᠯᠠᠯᠲᠠ ᠵᠢᠨ ᠣᠷᠣᠭᠤᠯᠤᠯᠲᠠ ᠵᠢᠨ ᠡᠷᠴᠢᠮ᠎ᠢ ᠴᠢᠷᠮᠠᠶ᠋ᠢᠨ ᠴᠢᠩᠭ᠋ᠠᠷᠠᠭᠤᠯᠬᠤ ᠵᠢᠨ ᠬᠠᠮᠲᠤ᠂ ᠤᠰᠤᠨ ᠠᠰᠢᠭᠯᠠᠯᠲᠠ ᠵᠢᠨ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠡᠷᠴᠢᠮ᠎ᠢ ᠵᠣᠬᠢᠴᠠᠭᠤᠯᠤᠨ ᠴᠢᠩᠭ᠋ᠠᠷᠠᠭᠤᠯᠵᠤ᠂ ᠨᠡᠶ᠋ᠢᠭᠡᠮ᠎ᠤᠨ ᠬᠥᠷᠥᠩᠭᠡ ᠵᠢᠨ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠤᠨ᠎ᠠ᠃
ᠬᠤᠷᠠᠯ᠎ᠠᠴᠠ᠂ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠰᠢᠰᠲᠸᠮ᠎ᠢ ᠲᠡᠭᠦᠯᠳᠡᠷᠵᠢᠭᠦᠯᠵᠦ᠂ ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠰᠢᠰᠲᠸᠮ ᠢ ᠬᠣᠲᠠ ᠰᠢᠶᠠᠨ᠎ᠤ ᠱᠠᠳᠤ ᠲᠡᠰᠢ ᠤᠷᠲᠤᠳᠬᠠᠬᠤ ᠵᠢ ᠵᠢᠯᠣᠭᠣᠳᠤᠨ ᠠᠬᠢᠭᠤᠯᠬᠤ ᠬᠡᠷᠡᠭᠲᠡᠢ᠃ ᠡᠭᠦᠨ᠎ᠳᠤ ᠦᠶᠡᠷ ᠭᠠᠩ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠪᠥᠬᠥ ᠬᠦᠴᠦᠨ ᠵᠶ᠋ᠠᠷ ᠵᠶ᠋ᠠᠨ ᠰᠡᠷᠭᠡᠶ᠋ᠢᠯᠡᠬᠦ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠦᠢ᠍ᠯᠡᠳᠦᠯ ᠢ ᠴᠢᠩᠭ᠋ᠠᠷᠠᠭᠤᠯᠬᠤ᠂ ᠬᠥᠷᠥᠰᠥ ᠰᠢᠷᠣᠶ ᠵᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢ ᠯᠠᠪᠳᠠᠭᠤᠨ ᠪᠠᠲᠤᠲᠠᠶ ᠠᠬᠢᠭᠤᠯᠬᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠬᠤ ᠵᠡᠷᠭᠡ ᠲᠠᠯ᠎ᠠ ᠵᠢ ᠭᠤᠤᠯᠳᠠᠯᠭ᠎ᠠ᠎ᠲᠠᠢ ᠠᠳᠬᠤᠨ᠎ᠠ᠃
ᠬᠠᠷᠢᠭᠤᠴᠠᠭᠰᠠᠨ ᠨᠠᠢ᠌ᠷᠠᠭᠤᠯᠤᠭᠴᠢ ᠄ ᠸᠧᠶ ᠶᠦᠩ ᠵᠢᠩ