《ᠠᠷᠠᠳ᠎ᠤᠨ ᠡᠳᠦᠷ᠎ᠤᠨ ᠰᠣᠨᠢᠨ》 (2021 ᠣᠨ᠎ᠤ 1 ᠰᠠᠷ᠎ᠠ ᠵᠢᠨ 26᠎ᠤ ᠡᠳᠦᠷ᠎ᠤᠨ ᠬᠡᠪᠯᠡᠯ᠎ᠤᠨ 14 ᠳ᠋ᠣᠭᠡᠷ ᠨᠢᠭᠤᠷ)
ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 1 ᠰᠠᠷ᠎ᠠ ᠵᠢᠨ 25᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠯᠢ ᠰᠢᠶᠤᠤ ᠴᠢᠩ) ᠰᠤᠷᠪᠤᠯᠵᠢᠯᠠᠭᠴᠢ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯᠳᠤᠭ᠋ᠠᠨ᠎ᠠᠴᠠ ᠣᠶ᠋ᠢᠯᠠᠭ᠋ᠠᠭᠰᠠᠨ᠎ᠨᠢ᠄ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠤᠯᠤᠰ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠨᠡᠶ᠋ᠢᠲᠡ 3.58 ᠲᠦᠮᠡᠨ ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠵᠤ᠂ ᠡᠨᠡ᠎ᠨᠢ ᠠᠷᠪᠠᠨ ᠬᠣᠶᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ᠎ᠬᠢ᠎ᠠᠴᠠ 57%᠎ᠪᠠᠷ ᠨᠡᠮᠡᠭᠳᠡᠵᠦ᠂ ᠶᠡᠬᠡ ᠭᠣᠣᠯ ᠮᠥᠷᠡᠨ᠎ᠢ ᠵᠠᠰᠠᠬᠤ ᠪᠠ ᠰᠢᠵᠢᠶᠠᠩ ᠮᠥᠷᠡᠨ᠎ᠤ ᠳ᠋ᠡ ᠲᠸᠩ ᠰᠢᠶᠠ᠂ ᠬᠤᠸᠠᠢ ᠾᠧ ᠭᠣᠣᠯ᠎ᠤᠨ ᠴᠦ᠋ ᠱᠠᠨ ᠳ᠋ᠢᠶᠠᠨ ᠵᠡᠷᠭᠡ ᠨᠢᠭᠡ ᠪᠦᠯᠦᠭ ᠬᠢᠵᠠᠭ᠋ᠠᠷᠯᠠᠬᠤ ᠴᠢᠨᠠᠷᠲᠠᠶ ᠭᠦᠢ᠍ᠰᠦ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠨ᠂ ᠭᠤᠷᠪᠠᠨ ᠬᠠᠪᠴᠢᠯ᠎ᠤᠨ ᠢᠨᠵᠧᠨᠧᠷᠢᠩ ᠯᠤᠲᠤ ᠶᠡᠬᠡ ᠶᠡᠷᠦᠩᠬᠡᠶ᠋ᠢᠯᠡᠭᠰᠡᠨ ᠦᠷ᠎ᠡ ᠠᠰᠢᠭ᠎ᠢ ᠦᠷᠭᠦᠯᠵᠢᠯᠡᠨ ᠪᠠᠳᠠᠷᠠᠭᠤᠯᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠪᠠ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ ᠨᠡᠢ᠍ᠢ᠍ᠳᠡ 367.42 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠲᠠᠲᠠᠵᠤ᠂ ᠭᠣᠣᠯᠳᠠᠯᠭ᠎ᠠ᠎ᠲᠠᠢ ᠰᠠᠪᠠ ᠭᠠᠵᠠᠷ᠎ᠤᠨ ᠣᠷᠣᠨ ᠪᠦᠰᠡ ᠵᠢᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠢᠯᠡᠳᠲᠡ ᠴᠢᠩᠭ᠋ᠠᠷᠠᠪᠠ᠃
ᠲᠠᠨᠢᠯᠴᠠᠭᠤᠯᠤᠭᠰᠠᠨ ᠵᠶ᠋ᠠᠷ᠂ 2020 ᠣᠨ᠎ᠳᠤ᠂ ᠮᠠᠨ᠎ᠤ ᠤᠯᠤᠰ᠎ᠤᠨ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ 1.7 ᠲᠦᠮᠡ ᠭᠠᠷᠤᠶ ᠺᠢᠯᠣᠮᠧᠲᠷ ᠳᠤᠮᠳᠠ ᠵᠢᠵᠢᠭ ᠭᠣᠤᠯ ᠮᠥᠷᠡᠨ᠎ᠢ ᠵᠠᠰᠠᠵᠤ᠂ 3200 ᠭᠠᠷᠤᠶ ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠰᠢᠢ᠍ᠳᠪᠦᠷᠢᠯᠡᠨ ᠪᠡᠬᠢᠵᠢᠭᠦᠯᠪᠡ; ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠠᠬᠢᠴᠠ ᠤᠷᠤᠭᠰᠢᠲᠠᠶ ᠪᠠᠶ᠋ᠢᠵᠤ᠂ 3000 ᠭᠠᠷᠤᠶ ᠲᠦᠮᠡᠨ ᠮᠦ᠍ ᠤᠰᠤᠯᠠᠯᠲᠠ ᠵᠢᠨ ᠲᠠᠯᠠᠪᠠᠢ ᠵᠢ ᠰᠢᠨ᠎ᠡ᠎ᠪᠠᠷ ᠨᠡᠮᠡᠭᠳᠡᠭᠦᠯᠦᠭᠰᠡᠨ ᠪᠤᠶᠤ ᠰᠡᠷᠭᠦᠭᠡᠵᠦ᠂ ᠰᠠᠶ᠋ᠢᠵᠢᠷᠠᠭᠤᠯᠵᠤ᠂ ᠵᠢᠯ᠎ᠤᠨ ᠤᠰᠤ ᠠᠷᠪᠢᠯᠠᠬᠤ ᠴᠢᠳᠠᠪᠤᠷᠢ ᠵᠢ 18 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠪᠡ᠃ ᠡᠭᠦᠨ᠎ᠤ ᠬᠠᠮᠲᠤ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠨᠡᠶ᠋ᠢᠲᠡ 6 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ ᠵᠢ ᠪᠡᠶᠡᠯᠡᠭᠦᠯᠦᠭᠰᠡᠨ ᠪᠥᠭᠡᠳ ᠵᠣᠷᠢᠭᠤᠳᠠ ᠵᠢᠨ ᠬᠥᠷᠥᠰᠥ ᠰᠢᠷᠣᠶ ᠵᠢᠨ ᠢᠳᠡᠭᠳᠡᠯ᠎ᠤᠨ ᠠᠯᠤᠰ ᠰᠡᠷᠡᠯ᠎ᠤᠨ ᠬᠢᠨᠠᠯᠲᠠ ᠬᠠᠮᠢᠶᠠᠷᠤᠯᠲᠠ ᠵᠢ ᠠᠩᠬ᠎ᠠ ᠤᠳᠠᠭ᠎ᠠ ᠨᠡᠶ᠋ᠢᠳᠡᠮ ᠪᠦᠷᠬᠦᠭᠦᠯᠪᠡ; ᠤᠮᠠᠷᠠᠲᠤ ᠣᠷᠣᠨ᠎ᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠪᠠᠢ᠌ᠳᠠᠯ᠎ᠢ ᠶᠡᠷᠦᠩᠬᠡᠶ᠋ᠢᠯᠡᠭᠰᠡᠨ ᠵᠠᠰᠠᠬᠤ ᠵᠢ ᠲᠦᠯᠬᠢᠨ ᠠᠬᠢᠭᠤᠯᠵᠤ᠂ ᠤᠰᠤ ᠨᠥᠬᠥᠪᠥᠷᠢᠯᠡᠬᠦ ᠭᠣᠣᠯ᠎ᠤᠨ ᠵᠠᠮ᠎ᠤᠨ ᠣᠰᠣ᠎ᠲᠠᠢ ᠭᠣᠣᠯ᠎ᠤᠨ ᠤᠷᠳᠤᠨᠢ 1958 ᠺᠢᠯᠣᠮᠧᠲᠷ᠎ᠲᠤ ᠬᠦᠷᠴᠦ᠂ ᠤᠰᠤᠨ᠎ᠤ ᠭᠠᠳᠠᠷᠭᠤ ᠵᠢᠨ ᠲᠠᠯᠠᠪᠠᠢ᠎ᠨᠢ 554 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠪᠡᠭᠡᠵᠢᠩ ᠲᠢᠶᠠᠨᠵᠢᠨ ᠾᠤᠪᠸᠢ ᠵᠢᠨ ᠭᠦᠢ᠍ᠬᠡᠨ ᠳᠠᠪᠬᠤᠷᠭ᠎ᠠ ᠵᠢᠨ ᠭᠠᠵᠠᠷ ᠳᠣᠣᠷᠠᠬᠢ ᠤᠰᠤᠨ᠎ᠤ ᠲᠦᠪᠰᠢᠨ ᠵᠤᠬᠢᠬᠤ ᠬᠡᠮᠵᠢᠶ᠎ᠡ᠎ᠪᠠᠷ ᠳᠡᠭᠡᠭᠰᠢᠯᠡᠪᠡ; ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠶᠡᠬᠡᠪᠡᠷ ᠲᠦᠯᠬᠢᠨ ᠠᠬᠢᠭᠤᠯᠵᠤ᠂ ᠤᠯᠤᠰ᠎ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠤᠰᠤ ᠠᠷᠪᠢᠯᠠᠬᠤ ᠵᠢ ᠦᠨᠡᠯᠡᠬᠦ ᠲᠦᠷᠢᠮ᠎ᠢ ᠭᠦᠨᠵᠡᠭᠡᠶ ᠬᠡᠷᠡᠭᠵᠢᠭᠦᠯᠪᠡ᠃
ᠬᠠᠷᠢᠭᠤᠴᠠᠭᠰᠠᠨ ᠨᠠᠢ᠌ᠷᠠᠭᠤᠯᠤᠭᠴᠢ᠄ ᠸᠧᠶ ᠶᠦᠩ ᠵᠢᠩ