ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭᠠ᠎ᠤ ᠬᠠᠮᠢᠶᠠᠷᠤᠯᠳᠠ ᠬᠠᠮᠠᠭ᠋ᠠᠯᠠᠯᠳᠠ ᠵᠢ ᠴᠢᠩᠭ᠋ᠠᠳᠬᠠᠬᠤ ᠳᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠨᠡᠶ᠋ᠢᠲᠡᠯᠡᠭᠰᠡᠨ ᠴᠠᠭ᠄ 2021-05-26


      ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ 2021 ᠣᠨ᠎ᠤ 4 ᠰᠠᠷ᠎ᠠ ᠵᠢᠨ 22᠎ᠤᠨ ᠡᠳᠦᠷ (ᠭᠠᠷᠠᠭ᠎ᠤᠨ ᠳᠥᠷᠪᠡᠨ)᠎ᠤᠨ ᠦᠳᠡ ᠵᠢᠨ ᠬᠣᠶ᠋ᠢᠨᠠᠬᠢ 4 ᠴᠠᠭ᠎ᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠧᠶ ᠱᠠᠨ ᠵᠥᠩ ᠪᠣᠯᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠬᠥᠳᠡᠭᠡ ᠲᠣᠰᠬᠣᠨ᠎ᠤ ᠠᠵᠤ ᠠᠬᠤᠶ ᠵᠢᠨ ᠵᠤᠷᠭ᠋ᠠᠨ᠎ᠤ ᠳᠠᠷᠤᠭ᠎ᠠ ᠦ᠋ ᠰᠢᠶᠤᠤ᠂ ᠡᠳ᠋᠎ᠤᠨ ᠵᠠᠰᠠᠭ᠎ᠤᠨ ᠶᠠᠮᠤᠨ᠎ᠤ ᠲᠠᠷᠢᠶᠠᠯᠠᠩ ᠬᠦᠳᠡᠬᠡ ᠠᠵᠤ ᠠᠬᠤᠢ ᠬᠥᠳᠡᠭᠡ ᠲᠣᠰᠬᠣᠨ᠎ᠤ ᠵᠤᠷᠭ᠋ᠠᠨ᠎ᠤ ᠬᠠᠷᠢᠭᠤᠴᠠᠯᠭ᠋ᠠᠲᠠᠨ ᠵᠢᠶᠠᠩ ᠳ᠋ᠠ ᠢᠦᠶ᠂ ᠤᠰᠤᠨ ᠠᠰᠢᠭᠯᠠᠯᠲᠠ ᠵᠢᠨ ᠶᠠᠮᠤᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠷᠤᠸᠠᠨ ᠯᠢ ᠮᠢᠨ᠎ᠢ ᠤᠷᠢᠵᠤ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢᠨ ᠬᠣᠯᠪᠣᠭᠳᠠᠯ ᠪᠥᠬᠥᠶ ᠪᠠᠶ᠋ᠢᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
      ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡᠨ᠎ᠤ ᠲᠣᠪᠴᠢᠶᠠᠨ᠎ᠤ ᠳᠡᠳ᠋ ᠳᠠᠷᠤᠭ᠎ᠠ ᠱᠧᠤ ᠰᠢᠶᠤᠤ ᠯᠢ᠄
      ᠠᠪᠠᠬᠠᠶ ᠨᠠᠷ᠂ ᠠᠪᠤᠭ᠋ᠠᠶ ᠨᠠᠷ ᠡ᠂ ᠤᠯᠠᠨ᠎ᠳᠤ ᠡᠳᠦᠷ᠎ᠤᠨ ᠮᠡᠨᠳᠤ ᠬᠦᠷᠬᠡᠶ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠲᠦᠷᠦᠭᠦᠬᠡᠨ 《ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠤ ᠬᠠᠮᠢᠶᠠᠤᠯᠳᠠ ᠬᠠᠮᠠᠭ᠋ᠠᠯᠯᠠᠳᠠ ᠵᠢᠨ ᠠᠵᠢᠯ᠎ᠢ ᠦᠨᠡᠨ ᠬᠦ᠌ ᠴᠢᠩᠭ᠋ᠠᠳᠬᠠᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠣᠯᠠᠨ᠎ᠢ ᠬᠠᠪᠰᠤᠷᠤᠨ ᠬᠠᠮᠢᠶ᠎ᠠ ᠪᠥᠬᠥᠶ ᠪᠠᠶ᠋ᠢᠳᠠᠯ᠎ᠢ ᠨᠠᠩ ᠰᠠᠶ᠋ᠢᠨ ᠣᠶ᠋ᠢᠯᠠᠭ᠋ᠠᠭᠤᠯᠬᠤ ᠵᠢᠨ ᠲᠥᠯᠥᠭᠡ᠂ ᠥᠨᠥᠳᠦᠷ ᠪᠢᠳᠡ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠧᠶ ᠱᠠᠨ ᠵᠥᠩ ᠠᠪᠤᠭ᠋ᠠᠶ ᠵᠢ ᠤᠷᠢᠵᠤ᠂ ᠲᠡᠭᠦᠨ ᠵᠶ᠋ᠠᠷ ᠣᠯᠠᠨ᠎ᠳᠤ ᠲᠠᠨᠢᠯᠴᠠᠭᠤᠯᠭ᠎ᠠ ᠬᠢᠯᠭᠡᠬᠦ ᠵᠢᠨ ᠬᠠᠮᠲᠤ ᠣᠯᠠᠨ᠎ᠤ ᠰᠣᠨᠢᠷᠬᠠᠯ᠎ᠲᠠᠢ ᠠᠰᠠᠭᠤᠳᠠᠯ᠎ᠢ ᠬᠠᠷᠢᠭᠤᠯᠬᠤ᠎ᠪᠠᠷ ᠪᠠᠶ᠋ᠢᠨ᠎ᠠ᠃ ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠳ ᠪᠠᠰᠠ᠄ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠬᠥᠳᠡᠭᠡ ᠲᠣᠰᠬᠣᠨ᠎ᠤ ᠠᠵᠤ ᠠᠬᠤᠶ ᠵᠢᠨ ᠵᠤᠷᠭ᠋ᠠᠨ᠎ᠤ ᠳᠠᠷᠤᠭ᠎ᠠ ᠦ᠋ ᠰᠢᠶᠤᠤ ᠠᠪᠤᠭ᠋ᠠᠶ᠂ ᠡᠳ᠋᠎ᠤᠨ ᠵᠠᠰᠠᠭ᠎ᠤᠨ ᠶᠠᠮᠤᠨ᠎ᠤ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠵᠤᠷᠭ᠋ᠠᠨ᠎ᠤ ᠬᠠᠷᠢᠭᠤᠴᠠᠯᠭ᠋ᠠᠲᠠᠨ ᠵᠢᠶᠠᠩ ᠳ᠋ᠠ ᠢᠦᠶ ᠠᠪᠤᠭ᠋ᠠᠶ᠂ ᠤᠰᠤᠨ ᠠᠰᠢᠭᠯᠠᠯᠲᠠ ᠵᠢᠨ ᠶᠠᠮᠤᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠷᠤᠸᠠᠨ ᠯᠢ ᠮᠢᠨ ᠠᠪᠤᠭ᠋ᠠᠶ ᠪᠣᠶ᠃
      ᠣᠳᠣ ᠪᠢᠳᠡ ᠸᠧᠶ ᠱᠠᠨ ᠵᠥᠩ ᠠᠪᠤᠭ᠋ᠠᠶ ᠵᠢ ᠤᠷᠢᠵᠤ ᠳᠠᠨᠢᠯᠴᠠᠭᠤᠯᠭ᠎ᠠ ᠬᠢᠯᠬᠡᠶ᠎ᠠ᠃
      ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠧᠢ ᠱᠠᠨ ᠵᠦᠩ᠄
      ᠡᠯ᠎ᠡ ᠵᠠᠭᠤᠴᠢᠯᠠᠭᠤᠷ᠎ᠤᠨ ᠨᠠᠶ᠋ᠢᠵᠠ ᠨᠠᠷ᠎ᠲᠤ ᠦᠳᠡ ᠬᠣᠢ᠍ᠢ᠍ᠨ᠎ᠠ ᠵᠢᠨ ᠮᠡᠨᠳᠤ ᠬᠦᠷᠬᠡᠶ᠎ᠠ᠃ ᠣᠯᠠᠨ᠎ᠤ ᠤᠰᠤᠨ ᠠᠰᠢᠭᠯᠠᠯᠲᠠ ᠵᠢᠨ ᠠᠵᠢᠯ᠎ᠢ ᠬᠠᠯᠠᠮᠵᠢᠯᠠᠨ ᠳᠡᠮᠵᠢᠵᠦ ᠪᠠᠢ᠍ᠢ᠍ᠭ᠎ᠠ᠎ᠳᠤ ᠪᠠᠶᠠᠷᠯᠠᠯ᠎ᠠ᠃ ᠤᠰᠤᠨ ᠴᠥᠭᠥᠷᠥᠮ ᠪᠣᠯ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠤᠰᠤᠨ᠎ᠤ ᠭᠠᠮᠰᠢᠭ᠎ᠢ ᠰᠡᠷᠭᠡᠶ᠋ᠢᠯᠡᠨ ᠵᠠᠰᠠᠬᠤ ᠴᠢᠬᠤᠯᠠ ᠢᠨᠵᠧᠨᠧᠷᠢᠩ᠎ᠤᠨ ᠠᠷᠭ᠎ᠠ ᠬᠡᠮᠵᠢᠶ᠎ᠡ ᠵᠢᠨ ᠨᠢᠭᠡ ᠪᠠᠶ᠋ᠢᠵᠤ᠂ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ᠂ ᠠᠮᠢ ᠠᠬᠤᠶ᠂ ᠴᠠᠬᠢᠯᠭ᠋ᠠᠨ ᠭᠠᠷᠭ᠋ᠠᠬᠤ᠂ ᠤᠰᠤᠨ ᠵᠠᠮ᠎ᠤᠨ ᠲᠡᠭᠡᠭᠡᠪᠦᠷᠢ ᠵᠡᠷᠭᠡ᠎ᠳᠤ ᠲᠤᠶ᠋ᠢᠯ᠎ᠤᠨ ᠴᠢᠬᠤᠯᠠ ᠪᠠᠶ᠋ᠢᠳᠠᠭ᠃ ᠮᠠᠨ᠎ᠤ ᠤᠯᠤᠰ᠎ᠲᠤ ᠣᠳᠣ 9 . 8 ᠲᠦᠮᠡ ᠭᠠᠷᠤᠶ ᠤᠰᠤᠨ ᠴᠥᠭᠥᠷᠥᠮ ᠪᠠᠶ᠋ᠢᠨ᠎ᠠ᠂ ᠡᠭᠦᠨ᠎ᠤ ᠳᠣᠲᠣᠷ᠎ᠠ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ 4700 ᠭᠠᠷᠤᠶ᠂ ᠵᠢᠵᠢᠭ ᠬᠡᠯᠪᠡᠷᠢ ᠵᠢᠨ ᠤᠰᠤᠨ ᠴᠥᠭᠥᠷᠥᠮ 9 . 4 ᠲᠦᠮᠡ ᠪᠠᠶ᠋ᠢᠵᠤ᠂ 80 %᠎ᠠᠴᠠ ᠳᠡᠭᠡᠭᠰᠢᠬᠢ ᠵᠢ᠎ᠨᠢ ᠳᠡᠬᠡᠷ᠎ᠡ ᠵᠠᠭᠤᠨ᠎ᠤ ᠲᠠᠪᠢ᠎ᠠᠴᠠ ᠳᠠᠯᠠᠭ᠋ᠠᠳ ᠣᠨ᠎ᠤ ᠦᠶ᠎ᠠ᠎ᠳᠤ ᠵᠠᠰᠠᠵᠠᠢ᠃ ᠣᠶ᠋ᠢᠷ᠎ᠠ ᠵᠢᠨ ᠵᠢᠯ᠎ᠳᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠎ᠠᠴᠠ ᠲᠥᠪ᠎ᠤᠨ ᠪᠡᠯᠡ ᠮᠥᠩᠭᠥ ᠵᠢ 1553 ᠳ᠋ᠦᠩᠰᠢᠭᠤᠷ ᠲᠥᠭᠥᠷᠢᠭ ᠲᠣᠬᠢᠷᠠᠭᠤᠯᠵᠤ᠂ 2800 ᠭᠠᠷᠤᠶ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ ᠪᠠ 6 . 9 ᠲᠦᠮᠡᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠵᠦ᠂ ᠪᠠᠷᠢᠯᠭ᠎ᠠ ᠵᠢᠨ ᠠᠮᠤᠷ ᠲᠦᠪᠰᠢᠨ᠎ᠤ ᠪᠠᠶ᠋ᠢᠳᠠᠯ᠎ᠢ ᠲᠠᠰᠤᠷᠠᠯᠲᠠ ᠤᠢ᠍ᠭᠡᠢ ᠰᠠᠶ᠋ᠢᠵᠢᠷᠠᠭᠤᠯᠪᠠ᠃ ᠭᠡᠪᠡᠴᠦ ᠡᠯ᠎ᠡ ᠵᠦᠢ᠍ᠯ᠎ᠤᠨ ᠰᠢᠯᠲᠠᠭ᠋ᠠᠨ᠎ᠠᠴᠠ ᠪᠣᠯᠵᠤ᠂ ᠮᠠᠨ᠎ᠤ ᠤᠯᠤᠰ᠎ᠤᠨ ᠤᠰᠤᠨ ᠴᠥᠭᠥᠷᠥᠮ᠎ᠤᠨ ᠠᠶᠤᠯ ᠦᠭᠡᠢ ᠠᠵᠢᠯᠯᠠᠭ᠋ᠠᠨ᠎ᠤ ᠠᠶᠤᠯ ᠲᠦᠭᠰᠢᠭᠦᠷᠢ ᠮᠥᠨ ᠬᠦ᠌ ᠨᠡᠯᠢᠶᠡᠳ ᠲᠣᠪᠣᠶ᠋ᠢᠮ᠎ᠠ ᠪᠠᠶ᠋ᠢᠨ᠎ᠠ᠃ ᠨᠢᠭᠡ᠎ᠳᠤ᠂ 3 . 1 ᠲᠦᠮᠡ ᠭᠠᠷᠤᠶ ᠤᠰᠤᠨ ᠴᠥᠭᠥᠷᠥᠮ ᠲᠣᠭᠲᠠᠭᠰᠠᠨ ᠬᠤᠭᠤᠴᠠᠭ᠋ᠠᠨ᠎ᠳᠤ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠬᠢᠭᠰᠡᠨ ᠥᠬᠡᠶ᠃ ᠬᠣᠶᠠᠷ᠎ᠲᠤ᠂ ᠬᠡᠰᠡᠭ ᠤᠰᠤᠨ ᠴᠥᠭᠥᠷᠥᠮ᠎ᠨᠢ ᠪᠠᠷᠢᠮᠵᠢᠶ᠎ᠠ᠎ᠠᠴᠠ ᠬᠡᠲᠦᠷᠡᠭᠰᠡᠨ ᠦᠶᠡᠷ᠂ ᠬᠦᠴᠦᠲᠡᠶ ᠭᠠᠵᠠᠷ ᠬᠥᠳᠡᠯᠦᠯᠲᠡ ᠵᠡᠷᠭᠡ ᠪᠠᠶ᠋ᠢᠭ᠋ᠠᠯᠢ ᠵᠢᠨ ᠭᠠᠮᠰᠢᠭ᠎ᠤᠨ ᠨᠥᠯᠥᠭᠡ᠎ᠠᠴᠠ       ᠪᠣᠯᠵᠣ᠂ ᠪᠠᠷᠢᠯᠭ᠎ᠠ᠎ᠨᠢ ᠠᠳᠠᠯᠢ ᠪᠤᠰᠤ ᠬᠡᠮᠵᠢᠶ᠎ᠡ᠎ᠪᠠᠷ ᠡᠪᠳᠡᠭᠳᠡᠪᠡ᠃ ᠭᠤᠷᠪᠠ᠎ᠳᠤ᠂ ᠡᠳ᠋᠎ᠤᠨ ᠬᠦᠴᠦᠨ᠎ᠤ ᠬᠢᠵᠠᠭ᠋ᠠᠷᠯᠠᠯ᠎ᠠᠴᠠ ᠪᠣᠯᠵᠤ᠂ ᠨᠢᠭᠡᠨᠲᠡ ᠥᠷᠨᠢᠭᠦᠯᠦᠭᠰᠡᠨ ᠬᠡᠰᠡᠭ ᠤᠰᠤᠨ ᠴᠥᠭᠥᠷᠥᠮ ᠠᠶᠤᠯ᠎ᠢ ᠠᠷᠢᠯᠭ᠋ᠠᠨ ᠪᠡᠬᠢᠯᠡᠬᠦ ᠪᠠᠷᠢᠮᠵᠢᠶ᠎ᠠ ᠨᠡᠯᠢᠶᠡᠳ ᠳᠤᠤᠷ᠎ᠠ᠃ ᠳᠥᠷᠪᠡ᠎ᠳᠤ ᠬᠡᠰᠡᠭ ᠤᠰᠤᠨ ᠴᠥᠭᠥᠷᠥᠮ᠎ᠤᠨ ᠬᠠᠮᠢᠶᠠᠷᠤᠨ ᠬᠠᠮᠠᠭ᠋ᠠᠯᠠᠬᠤ ᠬᠦᠴᠦᠨ᠎ᠨᠢ ᠪᠠᠭᠤᠷᠠᠶ ᠪᠠᠶ᠋ᠢᠵᠤ᠂ ᠡᠳᠦᠷ ᠲᠤᠲᠤᠮ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢ ᠪᠣᠳᠠᠲᠠᠶ᠋ᠢᠵᠢᠭᠤᠯᠤᠭᠰᠠᠨ ᠦᠭᠡᠶ᠎ᠠᠴᠠ ᠠᠶᠤᠯ ᠲᠦᠭᠰᠢᠬᠦᠷᠢ ᠢᠯᠡᠷᠡᠭᠰᠡᠨ ᠪᠠᠢ᠍ᠢ᠍ᠨ᠎ᠠ᠃
      ᠤᠰᠤᠨ ᠴᠥᠭᠥᠷᠥᠮ᠎ᠤᠨ ᠠᠮᠤᠷ ᠲᠦᠪᠰᠢᠨ᠎ᠨᠢ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠲᠠᠢ ᠬᠣᠯᠪᠣᠭᠳᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠨ᠎ᠠ᠃ ᠶᠡᠷᠦᠩᠬᠡᠶ ᠱᠦᠵᠢ ᠰᠢ ᠵᠢᠨ ᠫᠢᠩ ᠣᠯᠠᠨ ᠤᠳᠠᠭ᠎ᠠ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠦ᠂ ᠠᠮᠤᠷ ᠲᠦᠪᠰᠢᠨ᠎ᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂ ᠬᠡᠮ ᠰᠣᠭᠣᠭ᠎ᠢ ᠵᠢᠭᠰᠠᠭ᠋ᠠᠨ ᠪᠠᠶ᠋ᠢᠴᠠᠭ᠋ᠠᠵᠤ ᠤᠷᠢᠳᠴᠢᠯᠠᠨ ᠰᠡᠷᠡᠮᠵᠢᠯᠡᠭᠦᠯᠬᠦ ᠪᠠ ᠠᠷᠢᠯᠭ᠋ᠠᠬᠤ ᠵᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠦᠶᠡᠷ᠎ᠢ ᠰᠡᠷᠭᠡᠶ᠋ᠢᠯᠡᠬᠦ ᠳᠤᠮᠳᠠᠬᠢ ᠪᠠᠭᠤᠷᠠᠶ ᠭᠣᠭᠴᠣᠭ᠎ᠠ ᠵᠢ   ᠰᠢᠢ᠍ᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ᠣᠳᠣ ᠪᠠᠶ᠋ᠢᠭ᠎ᠠ ᠤᠰᠤᠨ ᠴᠥᠭᠥᠷᠥᠮ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠶ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠠᠴᠠ ᠪᠠᠲᠤᠯᠠᠭᠰᠠᠨ 《ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢ ᠲᠣᠭᠲᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠰᠠᠨᠠᠭᠤᠯᠭ᠎ᠠ》᠎ᠳᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠬᠠᠮᠠᠭ᠋ᠠᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠭᠡᠮ᠎ᠢ ᠠᠷᠢᠯᠭ᠋ᠠᠨ ᠪᠡᠬᠢᠯᠡᠬᠦ ᠠᠵᠢᠯ᠎ᠢ ᠲᠦᠷᠭᠡᠳᠬᠡᠵᠦ᠂ ᠴᠢᠬᠤᠯᠠ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠳᠡᠢ᠃ ᠶᠡᠷᠦᠩᠬᠡᠶ ᠰᠠᠶ᠋ᠢᠳ ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠭᠡᠮ᠎ᠢ ᠠᠷᠢᠯᠭ᠋ᠠᠨ ᠪᠡᠬᠢᠯᠡᠬᠦ ᠠᠵᠢᠯ᠎ᠢ ᠲᠤᠰᠬᠠᠶ᠋ᠢᠯᠠᠨ ᠰᠤᠳᠤᠯᠵᠤ᠂ ᠣᠲᠣ ᠪᠠᠶ᠋ᠢᠭ᠎ᠠ ᠠᠶᠤᠯ ᠭᠡᠮ᠎ᠲᠠᠢ ᠤᠰᠤᠨ ᠴᠥᠭᠥᠷᠥᠮ᠎ᠢ 2025 ᠣᠨ᠎ᠤ ᠡᠴᠦᠰ᠎ᠠᠴᠠ ᠡᠮᠦᠨ᠎ᠡ ᠠᠶᠤᠯ ᠭᠡᠮ᠎ᠢ ᠠᠷᠢᠯᠭ᠋ᠠᠨ ᠪᠡᠬᠢᠯᠡᠬᠦ ᠠᠵᠢᠯ᠎ᠢ ᠪᠥᠬᠥ ᠲᠠᠯ᠎ᠠ᠎ᠪᠠᠷ       ᠪᠡᠶᠡᠯᠡᠭᠦᠯᠵᠦ᠂ ᠰᠢᠨ᠎ᠡ᠎ᠪᠠᠷ ᠢᠯᠡᠷᠡᠭᠰᠡᠨ ᠠᠶᠤᠯ ᠭᠡᠮ᠎ᠲᠠᠢ ᠤᠰᠤᠨ ᠴᠥᠭᠥᠷᠥᠮ᠎ᠢ ᠴᠠᠭ ᠲᠤᠬᠠᠶ᠎ᠳᠤᠨᠢ ᠪᠡᠬᠢᠯᠡᠨ ᠠᠷᠢᠯᠭ᠋ᠠᠬᠤ ᠬᠡᠷᠡᠭᠲᠡᠶ ᠬᠡᠪᠡ᠃
      ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠸᠧᠢ ᠱᠠᠨ ᠵᠦᠩ᠄
      ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠤᠨ ᠱᠠᠭ᠋ᠠᠷᠳᠠᠯᠭ᠎ᠠ ᠶᠣᠰᠣᠭ᠋ᠠᠷ᠂ 2021 ᠣᠨ᠎ᠤ 3 ᠰᠠᠷ᠎ᠠ ᠵᠢᠨ 24᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠤ ᠬᠠᠮᠢᠶᠠᠷᠤᠯᠳᠠ ᠬᠠᠮᠠᠭ᠋ᠠᠯᠯᠠᠳᠠ ᠵᠢᠨ ᠠᠵᠢᠯ᠎ᠢ ᠦᠨᠡᠨ ᠬᠦ᠌ ᠴᠢᠩᠭ᠋ᠠᠳᠬᠠᠬᠤ ᠲᠤᠬᠠᠶ ᠮᠡᠳᠡᠭᠳᠡᠯ》 (ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠬᠡᠷ᠎ᠠᠴᠠ ᠳᠠᠷᠤᠮᠠᠯᠯᠠᠨ       ᠳᠠᠷᠬᠠᠭ᠋ᠠᠭᠰᠠᠨ [2021 8 ᠲᠣᠭ᠋ᠠᠲᠤ)᠂ 《ᠮᠡᠳᠡᠭᠳᠡᠯ》᠎ᠳᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠪᠠ ᠠᠵᠢᠯᠯᠠᠭ᠋ᠠᠨ᠎ᠤ ᠬᠠᠮᠢᠶᠠᠷᠤᠯᠳᠠ ᠬᠠᠮᠠᠭ᠋ᠠᠯᠠᠯᠳᠠ ᠵᠢᠨ ᠶᠡᠷᠦᠩᠬᠡᠶ ᠱᠠᠭ᠋ᠠᠷᠳᠠᠯᠭ᠎ᠠ᠂ ᠠᠵᠢᠯ᠎ᠤᠨ ᠠᠷᠭ᠎ᠠ ᠬᠡᠮᠵᠢᠶ᠎ᠡ ᠪᠠ ᠡᠯ᠎ᠡ ᠲᠠᠯ᠎ᠠ ᠵᠢᠨ ᠬᠠᠷᠢᠭᠤᠴᠠᠯᠭ᠎ᠠ ᠵᠡᠷᠭᠡ ᠭᠤᠷᠪᠠᠨ ᠲᠠᠯ᠎ᠠ᠎ᠠᠴᠠ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠪᠠ ᠠᠵᠢᠯᠯᠠᠭ᠋ᠠᠨ᠎ᠤ ᠬᠠᠮᠢᠶᠠᠷᠤᠯᠳᠠ ᠬᠠᠮᠠᠭ᠋ᠠᠯᠯᠠᠳᠠ ᠵᠢᠨ ᠠᠵᠢᠯ᠎ᠤᠨ ᠵᠢᠯᠣᠭᠣᠳᠬᠤ ᠦᠵᠡᠯ ᠰᠠᠨᠠᠭ᠎ᠠ᠂ ᠬᠠᠷᠠᠯᠲᠠ ᠡᠭᠦᠷᠭᠡ ᠵᠢ ᠲᠣᠳᠣᠷᠬᠠᠶ᠋ᠢᠯᠠᠵᠤ᠂ ᠲᠥᠷᠥᠯ ᠬᠤᠪᠢᠶᠠᠨ ᠲᠡᠭᠦᠯᠳᠡᠷᠵᠢᠭᠦᠯᠬᠦ ᠳᠡᠮᠵᠢᠯᠭᠡ ᠵᠢ ᠳᠤᠷᠠᠳᠤᠨ ᠭᠠᠷᠭ᠋ᠠᠪᠠ᠃ ᠲᠦᠷᠦ ᠵᠢᠨ ᠪᠤᠳᠤᠯᠭ᠎ᠠ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ᠂ ᠤᠰᠤᠨ ᠴᠥᠭᠥᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠬᠤ᠂ ᠮᠡᠳᠡᠭᠡ ᠵᠠᠩᠭᠢᠴᠢᠯᠠᠯᠲᠠ ᠵᠢᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠬᠠᠷᠢᠶ᠎ᠠ ᠣᠷᠣᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠰᠠᠯᠠᠭ᠎ᠠ ᠮᠥᠴᠢᠷ᠎ᠤᠨ ᠬᠢᠨᠠᠯᠲᠠ ᠲᠠᠯᠪᠢᠵᠤ ᠵᠢᠯᠣᠭᠣᠳᠬᠤ ᠬᠠᠷᠢᠭᠤᠴᠠᠯᠭ᠎ᠠ ᠵᠢ ᠴᠢᠩᠭ᠋ᠠᠳᠬᠠᠬᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠵᠢ ᠪᠦᠷᠢᠨᠰᠢᠬᠦᠯᠬᠦ ᠵᠡᠷᠭᠡ 7 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠲᠦᠷᠭᠡᠪᠴᠢᠯᠡᠨ ᠬᠡᠷᠡᠭᠵᠢᠭᠦᠯᠦᠨ᠎ᠡ᠃ 《ᠮᠡᠳᠡᠭᠳᠡᠯ》᠎ᠳᠤ᠂ ᠡᠯ᠎ᠡ ᠬᠣᠯᠪᠣᠭᠳᠠᠯ ᠪᠦᠬᠦᠢ ᠲᠠᠯ᠎ᠠ ᠵᠢᠨ᠎ᠬᠢᠨ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠪᠠ ᠠᠵᠢᠯ᠎ᠤᠨ ᠪᠤᠳᠠᠳᠤ ᠪᠠᠢ᠍ᠢ᠍ᠳᠠᠯ᠎ᠲᠠᠢ᠎ᠪᠠᠨ ᠤᠶᠠᠯᠳᠤᠭᠤᠯᠵᠤ᠂ ᠳᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠠᠵᠢᠯ᠎ᠢ ᠬᠢᠨᠠᠮᠠᠭ᠋ᠠᠢ ᠠᠳᠬᠤᠬᠤ ᠬᠡᠷᠡᠭᠳᠡᠢ᠃
      ᠢᠯᠠᠩᠭᠤᠶ᠎ᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠪᠣᠳᠠᠲᠠᠶ᠋ᠢ ᠦᠷ᠎ᠡ ᠪᠦᠲᠦᠮᠵᠢ ᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃
      ᠤᠰᠤᠨ ᠠᠰᠢᠭᠯᠠᠯᠲᠠ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠵᠡᠷᠭᠡ ᠬᠣᠯᠪᠣᠭᠳᠠᠯ ᠪᠥᠬᠥᠶ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ᠂ ᠨᠡᠶ᠋ᠢᠯᠡᠯ ᠬᠦᠴᠦᠨ᠎ᠢ ᠪᠦᠷᠢᠯᠳᠦᠬᠦᠯᠦᠨ᠎ᠡ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ ᠲᠣᠮᠣ ᠳᠤᠮᠳᠠ ᠬᠡᠯᠪᠡᠷᠢ ᠵᠢᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠲᠥᠪ᠎ᠤᠨ ᠨᠥᠬᠥᠪᠥᠷᠢ ᠪᠡᠯᠡ ᠮᠥᠩᠭᠥ ᠵᠢ ᠬᠠᠷᠢᠭᠤᠴᠠᠨ ᠲᠣᠬᠢᠷᠠᠭᠤᠯᠵᠤ᠂ ᠡᠳ᠋᠎ᠤᠨ ᠵᠠᠰᠠᠭ᠎ᠤᠨ ᠶᠠᠮᠤᠨ ᠵᠢᠵᠢᠭ ᠬᠡᠯᠪᠡᠷᠢ ᠵᠢᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠲᠥᠪ ᠬᠠᠷᠢᠭᠤᠴᠠᠨ ᠲᠣᠬᠢᠷᠠᠭᠤᠯᠬᠤ ᠬᠡᠷᠡᠭᠲᠡᠶ᠃ ᠨᠥᠬᠥᠪᠥᠷᠢ ᠪᠡᠯᠡ ᠮᠥᠩᠭᠥ ᠵᠢ ᠤᠰᠤᠨ ᠠᠰᠢᠭᠯᠠᠯᠲᠠ ᠵᠢᠨ ᠶᠠᠮᠤᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ᠂ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠪᠠ ᠪᠡᠯᠡ ᠮᠥᠩᠭᠥ ᠵᠢ ᠬᠡᠷᠡᠭᠯᠡᠵᠦ ᠬᠠᠮᠢᠶᠠᠷᠬᠤ ᠵᠡᠷᠭᠡ ᠠᠵᠢᠯ᠎ᠢ ᠵᠢᠯᠣᠭᠣᠳᠴᠤ᠂ ᠬᠢᠨᠠᠯᠲᠠ ᠲᠠᠯᠪᠢᠬᠤ ᠪᠠ ᠬᠢᠨᠠᠨ ᠰᠢᠯᠭ᠋ᠠᠵᠤ᠂ 《ᠮᠡᠳᠡᠭᠳᠡᠯ》᠎ᠳᠤ ᠲᠣᠳᠣᠷᠬᠠᠶ᠋ᠢᠯᠠᠭᠰᠠᠨ ᠬᠠᠷᠠᠯᠲᠠ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃
      ᠪᠢ ᠡᠳᠡᠭᠡᠷ᠎ᠢ ᠲᠠᠨᠢᠯᠴᠠᠭᠤᠯᠤᠶ᠎ᠠ᠂ ᠳᠤᠤᠷ᠎ᠠ ᠪᠢᠳᠡ ᠬᠡᠳᠦᠭᠦᠯᠡ ᠣᠯᠠᠨ᠎ᠤ ᠠᠰᠠᠭᠤᠯᠲᠠ ᠵᠢ ᠬᠠᠷᠢᠭᠤᠯᠬᠤ᠎ᠳᠤ ᠳᠤᠷᠠᠲᠠᠶ ᠪᠠᠢ᠍ᠢ᠍ᠨ᠎ᠠ᠃ ᠣᠯᠠᠨ᠎ᠳᠤ ᠪᠠᠶᠠᠷᠯᠠᠯ᠎ᠠ!
      ᠱᠸᠦ ᠰᠢᠶᠤᠤ ᠯᠢ᠄
      ᠸᠧᠶ ᠰᠠᠢ᠍ᠢ᠍ᠳ᠎ᠲᠤ ᠪᠠᠶᠠᠷᠯᠠᠯ᠎ᠠ᠃ ᠳᠤᠤᠷ᠎ᠠ ᠠᠰᠠᠭᠤᠯᠲᠠ ᠠᠰᠠᠭᠤᠬᠤ ᠭᠣᠭᠴᠣᠭ᠎ᠠ᠎ᠳᠤ᠂   ᠵᠠᠭᠤᠴᠢᠯᠠᠭᠤᠷ᠎ᠤᠨ᠎ᠬᠢᠨ ᠠᠰᠠᠭᠤᠯᠲᠠ ᠠᠰᠠᠭᠤᠬᠤ᠎ᠠᠴᠠ ᠡᠮᠦᠨ᠎ᠡ ᠪᠠᠢ᠍ᠢ᠍ᠭ᠎ᠠ ᠰᠣᠨᠢᠨ ᠮᠡᠳᠡᠭᠡᠨ᠎ᠤ ᠪᠠᠶ᠋ᠢᠭᠤᠯᠤᠮᠵᠢ᠎ᠪᠠᠨ ᠮᠡᠳᠡᠭᠳᠡᠭᠡᠷᠡᠶ᠃ ᠵᠠᠭᠤᠴᠢᠯᠠᠭᠤᠷ᠎ᠤᠨ᠎ᠬᠢᠨ   ᠡᠬᠢᠯᠡᠬᠡᠳ ᠠᠰᠠᠭᠤᠭ᠋ᠠᠷᠠᠢ᠃
      ᠡᠮᠦᠨᠡᠲᠦ ᠣᠷᠣᠨ᠎ᠤ ᠬᠣᠲᠠ ᠵᠢᠨ ᠰᠣᠨᠢᠨ᠎ᠤ ᠰᠤᠷᠪᠤᠯᠵᠢᠯᠠᠭᠴᠢ᠄
     4 ᠰᠠᠷ᠎ᠠ ᠵᠢᠨ ᠡᠬᠢ᠎ᠠᠴᠠ ᠡᠬᠢᠯᠡᠨ᠂ ᠮᠠᠨ᠎ᠤ ᠤᠯᠤᠰ ᠡᠮᠦᠨᠡᠳᠤ᠎ᠠᠴᠠ ᠤᠮᠠᠷᠠᠰᠢ ᠦᠶᠡᠷ᠎ᠤᠨ ᠬᠤᠭᠤᠴᠠᠭ᠋ᠠᠨ᠎ᠳᠤ ᠣᠷᠣᠪᠠ᠃ ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠠᠭᠤᠷ ᠠᠮᠢᠰᠬᠤᠯ᠎ᠤᠨ ᠪᠠᠢ᠍ᠢ᠍ᠳᠠᠯ ᠶᠡᠷᠦᠩᠬᠡᠶ᠎ᠳᠡᠭᠡᠨ ᠨᠡᠯᠢᠶᠡᠳ ᠵᠥᠷᠢᠶ᠎ᠡ᠎ᠲᠠᠢ ᠪᠠᠶ᠋ᠢᠨ᠎ᠠ᠂ ᠤᠰᠤᠨ ᠴᠥᠭᠥᠷᠥᠮ ᠢᠯᠠᠩᠭᠤᠶ᠎ᠠ ᠠᠶᠤᠯ ᠭᠡᠮ᠎ᠲᠠᠢ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠬᠡᠷᠬᠢᠨ ᠦᠨᠡᠨ ᠬᠦ᠌ ᠪᠠᠲᠤᠯᠠᠬᠤ ᠵᠢᠨ ᠬᠠᠮᠲᠤ ᠤᠰᠤᠨ ᠴᠥᠭᠥᠷᠥᠮ᠎ᠤᠨ ᠦᠶᠡᠷ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠴᠢᠳᠠᠮᠵᠢ ᠵᠢ ᠭᠦᠶᠴᠡᠳ ᠪᠠᠳᠠᠷᠠᠭᠤᠯᠬᠤ ᠪᠣᠶ? ᠪᠠᠶᠠᠷᠯᠠᠯ᠎ᠠ᠃
      ᠸᠧᠶ ᠱᠠᠨ ᠵᠥᠩ᠄
      ᠡᠨᠡ ᠰᠤᠷᠪᠤᠯᠵᠢᠯᠠᠭᠴᠢ ᠨᠠᠶ᠋ᠢᠵᠠ ᠵᠢᠨ ᠠᠰᠠᠭᠤᠯᠲᠠ᠎ᠳᠤ ᠪᠠᠶᠠᠷᠯᠠᠯ᠎ᠠ᠂ ᠪᠢ ᠡᠨᠡ ᠠᠰᠠᠭᠤᠯᠲᠠ ᠵᠢ ᠬᠠᠷᠢᠭᠤᠯᠤᠶ᠎ᠠ᠃ ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ ᠮᠠᠨ᠎ᠤ ᠤᠯᠤᠰ᠎ᠤᠨ ᠠᠭᠤᠷ ᠠᠮᠢᠰᠬᠤᠯ᠎ᠤᠨ ᠵᠢᠯ᠎ᠤᠨ ᠥᠩᠭᠡ ᠡᠩ᠎ᠤᠨ ᠪᠠᠢ᠍ᠢ᠍ᠵᠤ᠂ ᠶᠡᠷᠦᠩᠬᠡᠶ᠎ᠳᠡᠭᠡᠨ ᠵᠥᠷᠢᠶ᠎ᠡ᠎ᠲᠠᠢ ᠪᠤᠢ᠃ ᠮᠠᠨ᠎ᠤ ᠤᠯᠤᠰ᠎ᠤᠨ ᠡᠮᠦᠨᠡᠲᠦ ᠤᠮᠠᠷᠠᠲᠤ ᠣᠷᠣᠨ᠎ᠳᠤ ᠪᠦᠷ ᠪᠣᠷᠣᠭ᠋ᠠᠨ ᠡᠯᠪᠡᠭ ᠣᠷᠣᠨ ᠪᠠᠶ᠋ᠢᠵᠤ᠂ ᠤᠮᠠᠷᠠᠲᠤ ᠣᠷᠣᠨ ᠵᠶ᠋ᠠᠷ ᠭᠣᠣᠯ ᠪᠣᠯᠭ᠋ᠠᠳᠠᠭ᠃ ᠬᠠᠲᠤᠨ ᠭᠣᠣᠯ᠎ᠤᠨ ᠳᠤᠮᠳᠠᠳᠤ ᠤᠷᠤᠰᠬᠠᠯ᠂ ᠬᠠᠶ᠋ᠢᠾᠧ ᠭᠣᠣᠯ᠎ᠤᠨ ᠬᠡᠰᠡᠭ ᠤᠰᠤᠨ ᠰᠢᠰᠲ᠋ᠧᠮ ᠪᠠ ᠰᠤᠩᠭ᠋ᠠᠷᠢ ᠮᠥᠷᠡᠨ᠎ᠳᠤ ᠪᠦᠷ ᠨᠡᠯᠢᠶᠡᠳ ᠶᠡᠬᠡ ᠦᠶᠡᠷ ᠦᠶᠡᠷ ᠡᠭᠦᠰᠴᠦ ᠮᠡᠳᠡᠨ᠎ᠡ᠃᠂ ᠵᠦᠵᠢᠶᠠᠩ ᠮᠥᠷᠡᠨ᠂᠎ᠲᠠᠢ ᠬᠤ᠌ ᠨᠠᠭᠤᠷ᠂ ᠯᠢᠶᠣᠤ ᠾᠧ ᠭᠣᠣᠯ ᠵᠡᠷᠭᠡ ᠭᠠᠵᠠᠷ᠎ᠲᠤ ᠰᠡᠷᠡᠮᠵᠢ ᠵᠢᠨ ᠱᠤᠭᠤᠮ᠎ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃ ᠣᠷᠳᠣ ᠬᠤᠭᠤᠴᠠᠭ᠎ᠠ᠎ᠪᠠᠷ ᠤᠷᠢᠳᠴᠢᠯᠠᠨ ᠮᠡᠳᠡᠭᠡᠯᠡᠬᠦ᠎ᠨᠢ ᠣᠲᠣ ᠳᠡᠯᠡᠬᠡᠶ ᠵᠢᠨ ᠴᠢᠨᠠᠷᠲᠠᠶ ᠪᠡᠷᠬᠡ ᠰᠡᠳᠦᠪ ᠪᠣᠯᠵᠣ ᠪᠠᠶ᠋ᠢᠨ᠎ᠠ᠂ ᠭᠡᠪᠡᠴᠦ ᠮᠠᠨ᠎ᠤ ᠤᠯᠤᠰ᠎ᠤᠨ ᠤᠷᠢᠳᠴᠢᠯᠠᠨ ᠮᠡᠳᠡᠭᠡᠯᠡᠬᠦ ᠬᠢᠷᠢ ᠲᠦᠪᠰᠢᠨ ᠤᠯᠠᠮ᠎ᠠᠴᠠ ᠤᠯᠠᠮ ᠣᠨᠣᠪᠴᠢᠲᠠᠶ       ᠪᠣᠯᠵᠣ᠂ ᠶᠡᠷᠦᠩᠬᠡᠶ᠎ᠳᠡᠭᠡᠨ ᠣᠶ᠋ᠢᠷ᠎ᠠ ᠵᠢᠨ ᠵᠢᠯ᠎ᠤᠳ᠎ᠲᠤ ᠨᠡᠯᠢᠶᠡᠳ ᠣᠨᠣᠪᠴᠢᠲᠠᠶ ᠮᠡᠳᠡᠭᠦᠯᠵᠦ ᠴᠢᠳᠠᠬᠤ ᠪᠣᠯᠵᠠᠶ᠃ ᠬᠡᠯᠡᠯᠭᠡᠨ ᠦᠭᠡᠢ᠂ ᠮᠠᠨ᠎ᠤ ᠤᠯᠤᠰ᠎ᠤᠨ ᠥᠪᠡᠷᠮᠢᠴᠡ ᠪᠠᠶ᠋ᠢᠭ᠋ᠠᠯᠢ ᠭᠠᠵᠠᠷ ᠵᠦᠶ ᠵᠢᠨ ᠨᠥᠬᠥᠴᠡᠯ᠎ᠠᠴᠠ ᠪᠤᠯᠵᠤ ᠦᠶᠡᠷ᠎ᠢ ᠰᠡᠷᠭᠡᠶ᠋ᠢᠯᠡᠬᠦ᠎ᠳᠤ ᠨᠠᠷᠢᠨ ᠨᠢᠮᠪᠠᠢ ᠬᠠᠨᠳᠤᠬᠤ ᠬᠡᠷᠡᠭᠳᠡᠢ᠃ ᠪᠢᠳᠡᠨ᠎ᠤ ᠣᠯᠠᠨ ᠵᠢᠯ᠎ᠤᠨ ᠦᠶᠡᠷ᠎ᠢ ᠰᠡᠷᠭᠡᠶ᠋ᠢᠯᠡᠬᠦ ᠲᠤᠷᠰᠢᠯᠭ᠎ᠠ ᠵᠢ ᠦᠨᠳᠦᠰᠦᠯᠡᠪᠡᠯ᠂ ᠤᠷᠢᠳᠴᠢᠯᠠᠭᠰᠠᠨ ᠮᠡᠳᠡᠭᠡ ᠶᠡᠬᠡ ᠪᠣᠯᠪᠠᠯ ᠵᠠᠪᠠᠯ ᠳᠡᠭᠡᠳᠦ ᠬᠡᠮᠵᠢᠶ᠎ᠡ᠎ᠪᠠᠷ ᠠᠩᠬᠠᠷᠬᠤ ᠬᠡᠷᠡᠭᠲᠡᠶ᠂ ᠤᠷᠢᠳᠴᠢᠯᠠᠭᠰᠠᠨ ᠮᠡᠳᠡᠭᠡ ᠪᠠᠭ᠎ᠠ ᠪᠠᠢ᠍ᠢ᠍ᠭᠰᠠᠨ ᠴᠤ᠌ ᠪᠠᠰᠠ ᠶᠡᠬᠡ ᠦᠶᠡᠷ ᠢᠷᠡᠬᠦ ᠮᠠᠭ᠋ᠠᠳ᠃ ᠤᠮᠠᠷᠠᠲᠤ ᠣᠷᠣᠨ᠎ᠳᠤ ᠤᠷᠤᠨ ᠨᠤᠳᠤᠭ᠎ᠤᠨ ᠴᠢᠨᠠᠷᠲᠠᠶ ᠦᠶᠡᠷ ᠤᠰᠤᠲᠤᠯ᠎ᠤᠨ ᠭᠠᠮᠰᠢᠭ ᠬᠠᠷᠢᠴᠠᠩᠭᠤᠶ᠎ᠪᠠᠷ ᠨᠠᠩ ᠣᠯᠠᠨ ᠰᠢᠭ᠋᠂ ᠭᠡᠪᠡᠴᠦ ᠡᠮᠦᠨᠡᠲᠦ ᠣᠷᠣᠨ᠎ᠳᠤ ᠪᠠᠢ᠍ᠢ᠍ᠬᠤ ᠦᠭᠡᠢ ᠭᠡᠰᠡᠨ ᠦᠭᠡ ᠪᠢᠰᠢ᠃ ᠬᠥᠬᠡᠮᠥ᠋ᠷᠡᠨ᠎ᠲᠠᠢ ᠠᠳᠠᠯᠢ᠎ᠪᠠᠷ 180 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠲᠤ ᠪᠠᠷᠤᠭ ᠵᠢᠯ ᠪᠦᠷᠢ ᠣᠷᠣᠨ ᠪᠦᠰᠡ ᠵᠢᠨ ᠴᠢᠨᠠᠷᠲᠠᠢ ᠦᠶᠡᠷ ᠤᠰᠤᠲᠤᠯ᠎ᠤᠨ ᠭᠠᠮᠰᠢᠭ ᠡᠭᠦᠰᠳᠡᠭ᠃
      ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠦᠨᠡᠨᠬᠦ ᠪᠠᠲᠤᠯᠠᠵᠤ᠂ ᠦᠶᠡᠷ᠎ᠢ ᠰᠡᠷᠭᠡᠶ᠋ᠢᠯᠡᠨ ᠭᠠᠮᠰᠢᠭ᠎ᠢ ᠪᠠᠭ᠋ᠠᠰᠬᠠᠬᠤ ᠴᠢᠳᠠᠮᠵᠢ ᠵᠢ   ᠭᠦᠢ᠍ᠴᠡᠳ ᠪᠠᠳᠠᠷᠠᠭᠤᠯᠬᠤ ᠵᠢᠨ       ᠲᠤᠰᠠᠳᠠ᠂ ᠪᠢᠳᠡ ᠳᠤᠤᠷᠠᠬᠢ ᠬᠡᠳᠦᠨ   ᠵᠦᠢ᠍ᠯ᠎ᠤᠨ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ᠄
      ᠨᠢᠭᠡ᠎ᠳᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠨᠡ ᠪᠣᠯ ᠮᠠᠨ᠎ᠤ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠨᠢᠭᠡᠨ ᠴᠢᠬᠤᠯᠠ ᠲᠤᠷᠰᠢᠯᠭ᠎ᠠ ᠮᠥᠨ᠂ ᠳᠠᠷᠤᠢ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠲᠦᠷᠢᠮ ᠵᠶ᠋ᠠᠷ ᠭᠣᠣᠯ ᠪᠣᠯᠭ᠋ᠠᠭᠰᠠᠨ ᠴᠥᠭᠥᠷᠥᠮ᠎ᠤᠨ ᠬᠠᠰᠢᠯᠭ᠎ᠠ ᠵᠢᠨ ᠠᠶᠤᠯᠭᠦᠢ ᠵᠢᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠡᠳᠡᠭᠡᠷ ᠵᠢᠯ᠎ᠤᠳ᠎ᠲᠤ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠬᠠᠷᠢᠭᠤᠴᠠᠯᠭ᠎ᠠ ᠵᠢ ᠨᠡᠯᠢᠶᠡᠳ ᠰᠠᠶ᠋ᠢᠨ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠶᠠᠮᠤᠨ ᠨᠢᠭᠡᠨᠲᠡ ᠮᠡᠳᠡᠭᠳᠡᠯ ᠭᠠᠷᠭ᠋ᠠᠪᠠ᠃ ᠪᠥᠬᠥ ᠤᠯᠤᠰ᠎ᠤᠨ ᠪᠣᠶ ᠪᠥᠬᠥᠶ ᠲᠣᠮᠣ ᠬᠡᠯᠪᠡᠷᠢ ᠵᠢᠨ ᠤᠰᠤᠨ ᠴᠥᠭᠥᠷᠥᠮ᠎ᠤᠨ ᠶᠡᠬᠡ ᠬᠠᠰᠢᠯᠭ᠎ᠠ ᠵᠢᠨ ᠠᠮᠤᠷ ᠲᠦᠪᠰᠢᠨ᠎ᠤ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠵᠤ᠂ ᠵᠠᠭᠤᠴᠢᠯᠠᠭᠤᠷ ᠳᠡᠭᠡᠷ᠎ᠡ ᠵᠠᠷᠯᠠᠨ ᠨᠡᠶ᠋ᠢᠲᠡᠯᠡᠪᠡ᠃ ᠢᠯᠠᠩᠭᠤᠶ᠎ᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠳᠤ᠂ ᠣᠶ᠋ᠢᠷ᠎ᠠ ᠵᠢᠨ ᠬᠡᠳᠦᠨ ᠵᠢᠯ᠎ᠠᠴᠠ ᠡᠬᠢᠯᠡᠨ ᠦᠶᠡᠷ᠎ᠢ ᠰᠡᠷᠭᠡᠶ᠋ᠢᠯᠡᠬᠦ ᠬᠠᠷᠢᠭᠤᠴᠠᠯᠭ᠎ᠠ ᠵᠢᠨ ᠳᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠵᠠᠰᠠᠭ ᠵᠠᠬᠢᠷᠭ᠎ᠠ᠂ ᠮᠡᠷᠭᠡᠵᠢᠯ ᠪᠣᠯᠤᠨ ᠲᠣᠭᠣᠷᠢᠨ ᠪᠠᠶ᠋ᠢᠴᠠᠭ᠋ᠠᠬᠤ ᠡᠨᠡ ᠭᠤᠷᠪᠠᠨ ᠬᠠᠷᠢᠭᠤᠴᠠᠯᠭ᠎ᠠ ᠡᠭᠦᠷᠭᠡᠯᠡᠭᠴᠢ ᠵᠢ ᠭᠤᠤᠯᠳᠠᠯᠭ᠎ᠠ᠎ᠲᠠᠢ ᠨᠠᠶ᠋ᠢᠳᠠᠪᠤᠷᠢᠵᠢᠭᠤᠯᠵᠤ᠂ ᠬᠠᠷᠢᠭᠤᠴᠠᠯᠭ᠎ᠠ ᠵᠢ ᠪᠣᠳᠠᠲᠤ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠵᠢ ᠦᠨᠡᠨᠬᠦ ᠪᠠᠳᠤᠯᠠᠬᠤ ᠬᠡᠷᠡᠭᠳᠡᠢ᠃ ᠬᠣᠶᠠᠷ᠎ᠲᠤ᠂ ᠡᠯ᠎ᠡ ᠵᠦᠢ᠍ᠯ᠎ᠤᠨ ᠲᠥᠰᠦᠯ᠎ᠤᠨ ᠪᠡᠯᠡᠳᠬᠡᠯ ᠲᠥᠰᠦᠯ᠎ᠢ ᠲᠡᠭᠦᠯᠳᠡᠷᠵᠢᠭᠦᠯᠬᠦ ᠬᠡᠷᠡᠭᠲᠡᠢ᠃ ᠦᠶᠡᠷ᠎ᠢ ᠰᠡᠷᠭᠡᠶ᠋ᠢᠯᠡᠬᠦ ᠪᠠᠶ᠋ᠢᠳᠠᠯ᠎ᠢ ᠦᠨᠳᠦᠰᠦᠯᠡᠨ᠂ ᠲᠤᠬᠢᠷᠠᠭᠤᠯᠤᠨ ᠬᠡᠷᠡᠭᠯᠡᠬᠦ ᠲᠥᠯᠥᠪᠯᠡᠭᠡ᠂ ᠦᠶᠡᠷ᠎ᠢ ᠰᠡᠷᠭᠡᠶ᠋ᠢᠯᠡᠬᠦ ᠲᠤᠬᠢᠷᠠᠭᠤᠯᠤᠯᠳᠠ ᠵᠢᠨ ᠲᠥᠰᠦᠯ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠂ ᠢᠯᠠᠩᠭᠤᠶ᠎ᠠ ᠬᠡᠷᠡᠭᠵᠢᠭᠦᠯᠵᠦ ᠪᠣᠯᠬᠤᠶ᠋ᠢᠴᠠ᠂ ᠲᠥᠰᠦᠯ᠎ᠤᠨ ᠪᠡᠯᠡᠳᠬᠡᠯ ᠲᠥᠰᠦᠯ᠎ᠢ ᠠᠵᠢᠯᠯᠠᠭᠤᠯᠬᠤ᠎ᠳᠤ ᠲᠥᠬᠥᠮ ᠪᠠᠶ᠋ᠢᠯᠭ᠋ᠠᠬᠤ ᠵᠢ ᠦᠨᠡᠨᠬᠦ ᠪᠠᠲᠤᠯᠠᠬᠤ ᠵᠢᠨ ᠬᠠᠮᠲᠤ ᠣᠷᠣᠨ ᠨᠤᠲᠤᠭ᠎ᠢ ᠵᠢᠯᠣᠭᠣᠳᠤᠨ ᠦᠶᠡᠷ᠎ᠢ ᠰᠡᠷᠭᠡᠶ᠋ᠢᠯᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠳᠤ ᠪᠡᠯᠡᠳᠬᠡᠯ ᠰᠣᠷᠢᠯᠲᠠ ᠬᠢᠵᠦ᠂ ᠵᠠᠩᠭᠢᠯᠠᠭ᠎ᠠ ᠵᠢᠨ ᠦᠶ᠎ᠡ᠎ᠳᠤ ᠠᠵᠢᠯᠯᠠᠬᠤ ᠵᠢ ᠦᠨᠡᠨᠬᠦ ᠪᠠᠲᠤᠯᠠᠬᠤ ᠬᠡᠷᠡᠭᠳᠡᠢ᠃ ᠭᠤᠷᠪᠠ᠎ᠳᠤ ᠦᠶᠡᠷ᠎ᠤᠨ ᠤᠰᠤ ᠵᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠬᠤ ᠬᠡᠷᠡᠭᠲᠡᠶ᠃ ᠦᠶᠡᠷ᠎ᠤᠨ ᠬᠤᠭᠤᠴᠠᠭ᠋ᠠᠨ᠎ᠤ ᠤᠰᠤᠨ ᠠᠰᠢᠭᠯᠠᠯᠲᠠ ᠴᠠᠭ ᠠᠭᠤᠷ ᠵᠡᠷᠭᠡ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠴᠢᠩᠭ᠋ᠠᠳᠬᠠᠨ᠂ ᠨᠢᠭᠲᠠ ᠬᠠᠮᠵᠢᠯᠴᠠᠵᠤ᠂ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠨᠣᠷᠮ᠎ᠠ ᠵᠢ ᠳᠡᠭᠡᠭᠰᠢᠯᠡᠭᠦᠯᠦᠨ᠂ ᠤᠷᠢᠳᠴᠢᠯᠠᠨ ᠮᠡᠳᠡᠬᠦ ᠬᠤᠭᠤᠴᠠᠭ᠎ᠠ ᠵᠢ ᠤᠷᠲᠤᠳᠬᠠᠬᠤ ᠬᠡᠷᠡᠭᠲᠡᠶ᠃ ᠪᠢ ᠰᠠᠶᠢ ᠣᠯᠠᠨ᠎ᠳᠤ ᠲᠠᠨᠢᠯᠴᠠᠭᠤᠯᠤᠭᠰᠠᠨ ᠰᠢᠬ ᠤᠷᠲᠤ ᠬᠤᠭᠤᠴᠠᠭ᠋ᠠᠨ᠎ᠤ ᠤᠷᠢᠳᠴᠢᠯᠠᠭᠰᠠᠨ ᠮᠡᠳᠡᠭᠡ᠂ ᠦᠶᠡᠷ᠎ᠢ ᠰᠡᠷᠭᠡᠶ᠋ᠢᠯᠡᠬᠦ ᠪᠣᠳᠠᠲᠠᠢ ᠠᠵᠢᠯ ᠳᠤᠮᠳᠠ ᠤᠷᠲᠤ ᠣᠬᠣᠷ᠎ᠢ ᠤᠶᠠᠯᠳᠤᠭᠤᠯᠤᠨ᠎ᠠ᠂ ᠪᠠᠰᠠ ᠳᠤᠮᠳᠠ ᠬᠤᠭᠤᠴᠠᠭ᠋ᠠᠨ᠎ᠤ ᠤᠷᠢᠳᠴᠢᠯᠠᠭᠰᠠᠨ       ᠮᠡᠳᠡᠭᠡ᠂ ᠪᠠᠷᠤᠭ 10 ᠡᠳᠦᠷ᠂ ᠨᠢᠭᠡ ᠭᠠᠷᠠᠭ ᠣᠷᠴᠢᠮ᠂ ᠣᠬᠣᠷ ᠬᠤᠭᠤᠴᠠᠭ᠎ᠠ᠎ᠨᠢ 3 ᠡᠳᠦᠷ᠎ᠤᠨ ᠳᠣᠲᠣᠷ᠎ᠠ ᠪᠢᠳᠡ ᠦᠨᠳᠦᠰᠦᠨ᠎ᠳᠡᠭᠡᠨ ᠮᠠᠭ᠋ᠠᠳᠯᠠᠵᠤ ᠳᠡᠢ᠍ᠢ᠍ᠯᠦᠨ᠎ᠡ᠃ ᠳᠥᠷᠪᠡ᠎ᠳᠤ ᠬᠡᠷᠡᠭᠯᠡᠬᠦ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ᠎ᠨᠦᠭᠦᠳ᠎ᠢ ᠠᠪᠴᠤ᠂ ᠤᠰᠤᠨ ᠴᠥᠭᠥᠷᠥᠮ᠎ᠤᠨ ᠪᠠᠷᠢᠯᠭ᠎ᠠ ᠵᠢ ᠲᠣᠭᠣᠷᠢᠨ ᠪᠠᠶ᠋ᠢᠴᠠᠭ᠋ᠠᠬᠤ᠂ ᠵᠢᠵᠢᠭᠦᠷᠯᠡᠨ ᠰᠠᠬᠢᠬᠤ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠡᠷᠭᠡ ᠡᠳᠦᠷ ᠲᠤᠲᠤᠮ᠎ᠤᠨ ᠠᠵᠢᠯ᠎ᠢ ᠰᠠᠶ᠋ᠢᠲᠤᠷ ᠬᠢᠵᠦ᠂ ᠠᠶᠤᠯ ᠭᠡᠮ᠎ᠲᠠᠢ ᠤᠰᠤᠨ ᠴᠥᠭᠥᠷᠥᠮ᠂ ᠢᠯᠠᠩᠭᠤᠶ᠎ᠠ ᠠᠰᠠᠭᠤᠳᠠᠯ ᠨᠡᠯᠢᠶᠡᠳ ᠬᠦᠨᠳᠦ ᠨᠣᠴᠢᠲᠠᠶ ᠠᠶᠤᠯ ᠭᠡᠮ᠎ᠲᠠᠢ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠵᠢ ᠴᠢᠩᠭ᠎ᠠ ᠬᠢᠵᠠᠭ᠋ᠠᠷᠯᠠᠵᠤ᠂ ᠴᠢᠨᠠᠭᠰᠢᠯᠠᠪᠠᠯ ᠬᠣᠭᠣᠰᠣᠨ ᠴᠥᠭᠥᠷᠥᠮ ᠪᠠᠢ᠍ᠢ᠍ᠯᠭ᠋ᠠᠵᠤ᠂ ᠤᠰᠤᠨ ᠴᠥᠭᠥᠷᠥᠮ᠎ᠤᠨ ᠠᠶᠤᠯ ᠦᠭᠡᠶ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃ ᠲᠠᠪᠤ᠎ᠳᠤ ᠨᠠᠷᠢᠨ ᠨᠢᠮᠪᠠᠶ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ ᠬᠡᠷᠡᠭᠲᠡᠶ᠃ ᠤᠰᠤᠨ ᠴᠥᠭᠥᠷᠥᠮ᠎ᠤᠨ ᠰᠦᠷᠦᠭᠵᠢᠯ᠎ᠤᠨ ᠪᠥᠭᠡᠮᠨᠡᠷᠡᠯ᠎ᠤᠨ ᠦᠢ᠍ᠯᠡᠳᠦᠯ᠎ᠢ ᠪᠠᠳᠠᠷᠠᠭᠤᠯᠵᠤ᠂ ᠲᠡᠭᠦᠨ᠎ᠤ ᠶᠡᠷᠦᠩᠬᠡᠶ᠋ᠢᠯᠡᠭᠰᠡᠨ ᠦᠢ᠍ᠯᠡᠳᠦᠯ ᠴᠢᠳᠠᠪᠤᠷᠢ ᠵᠢ ᠭᠦᠢ᠍ᠴᠡᠳ ᠪᠠᠳᠠᠷᠠᠭᠤᠯᠤᠨ᠂ ᠠᠶᠤᠯ ᠭᠡᠮ᠎ᠲᠠᠢ ᠤᠰᠤᠨ ᠴᠥᠭᠥᠷᠥᠮ ᠪᠠ ᠪᠤᠰᠤᠳ ᠤᠰᠤᠨ ᠴᠥᠭᠥᠷᠥᠮ᠎ᠢ ᠬᠠᠮᠲᠤᠷᠠᠨ ᠲᠤᠬᠢᠷᠠᠭᠤᠯᠬᠤ ᠵᠢ ᠣᠨᠴᠠᠭ᠋ᠠᠶ᠋ᠢᠯᠠᠨ ᠴᠢᠩᠭ᠋ᠠᠳᠬᠠᠵᠤ᠂ ᠰᠠᠪᠠ ᠭᠠᠵᠠᠷ᠎ᠤᠨ ᠠᠮᠤᠷ ᠲᠦᠪᠰᠢᠨ᠎ᠢ ᠪᠠᠲᠤᠯᠠᠨ᠂ ᠠᠶᠤᠯ ᠭᠡᠮ᠎ᠲᠠᠢ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠋ᠠᠨ᠎ᠳᠤ ᠬᠡᠷᠡᠭ ᠭᠠᠷᠬᠤ ᠦᠭᠡᠢ ᠪᠠᠶ᠋ᠢᠬᠤ ᠵᠢ ᠪᠠᠲᠤᠯᠠᠬᠤ ᠬᠡᠷᠡᠭᠲᠡᠢ᠃ ᠶᠡᠷᠦᠩᠬᠡᠶ᠋ᠢᠯᠡᠪᠡᠯ᠂ ᠤᠰᠤᠨ ᠴᠥᠭᠥᠷᠥᠮ᠎ᠢ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠵᠤ᠂ ᠡᠷᠲᠡ᠎ᠠᠴᠠ ᠵᠠᠪᠳᠤᠨ ᠪᠠᠭ᠎ᠠ᠎ᠠᠴᠠ᠎ᠨᠢ ᠪᠤᠯᠢᠶᠠᠬᠤ᠎ᠳᠤ ᠰᠠᠭᠤᠷᠢᠯᠠᠨ᠂ ᠠᠶᠤᠯ ᠲᠦᠭᠰᠢᠭᠦᠷᠢ ᠭᠠᠷᠤᠮᠠᠭᠴᠠ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠰᠢᠢ᠍ᠳᠪᠦᠷᠢᠯᠡᠨ᠂ ᠤᠰᠤᠨ ᠴᠥᠭᠥᠷᠥᠮ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠪᠢ ᠡᠳᠡᠭᠡᠷ᠎ᠢ ᠬᠠᠷᠢᠭᠤᠯᠤᠶ᠎ᠠ᠂ ᠪᠠᠶᠠᠷᠯᠠᠯ᠎ᠠ᠃
      ᠠᠵᠤ ᠠᠬᠤᠶ ᠵᠢᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄
      ᠡᠳ᠋᠎ᠤᠨ ᠵᠠᠰᠠᠭ᠎ᠤᠨ ᠶᠠᠮᠤᠨ ᠣᠶ᠋ᠢᠷ᠎ᠠ ᠵᠢᠨ ᠵᠢᠯ᠎ᠳᠤ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ᠎ᠬᠢ ᠶᠡᠷᠦᠩᠬᠡᠶ ᠣᠷᠣᠭᠤᠯᠤᠯᠲᠠ ᠶᠠᠮᠠᠷ ᠪᠣᠶ? ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠮᠡᠳᠡᠭᠳᠡᠯ》᠎ᠳᠤ ᠳᠤᠷᠠᠳᠤᠭᠰᠠᠨ ᠬᠠᠷᠠᠯᠲᠠ ᠱᠠᠭ᠋ᠠᠷᠳᠠᠯᠭ᠎ᠠ᠎ᠲᠠᠢ ᠬᠠᠷᠢᠴᠠᠭᠤᠯᠪᠠᠯ᠂ ᠲᠠᠷᠠᠭ᠋ᠠᠴᠢ ᠵᠢᠨ ᠠᠯᠬᠤᠮ᠎ᠳᠤ ᠲᠥᠪ᠎ᠤᠨ ᠡᠳ᠋᠎ᠤᠨ ᠵᠠᠰᠠᠭ᠎ᠠᠴᠠ ᠪᠠᠯᠠ ᠮᠥᠩᠭᠥᠨ᠎ᠤ ᠬᠡᠷᠡᠭᠴᠡᠭᠡ ᠵᠢ ᠬᠡᠷᠬᠢᠨ ᠤᠯᠠᠮ ᠨᠢᠭᠡ ᠠᠯᠬᠤᠮ ᠰᠠᠶ᠋ᠢᠲᠤᠷ ᠪᠠᠲᠤᠯᠠᠬᠤ ᠪᠣᠶ? ᠪᠠᠶᠠᠷᠯᠠᠯ᠎ᠠ᠃
      ᠡᠳ᠋᠎ᠤᠨ ᠵᠠᠰᠠᠭ᠎ᠤᠨ ᠶᠠᠮᠤᠨ᠎ᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠵᠤᠷᠭ᠋ᠠᠨ᠎ᠤ ᠬᠠᠷᠢᠭᠤᠴᠠᠯᠭ᠋ᠠᠲᠠᠨ ᠵᠢᠶᠠᠩ ᠳ᠋ᠠ ᠢᠦᠢ᠄ ᠲᠠᠨ᠎ᠤ ᠠᠰᠠᠭᠤᠯᠳᠠ᠎ᠳᠤ ᠪᠠᠶᠠᠷᠯᠠᠯ᠎ᠠ᠃ ᠤᠯᠠᠨ᠎ᠤ ᠮᠡᠳᠡᠭᠡᠵᠢ᠎ᠪᠠᠷ᠂ ᠤᠰᠤᠨ ᠴᠥᠭᠥᠷᠥᠮ᠎ᠤᠨ ᠠᠮᠤᠷ ᠲᠦᠪᠰᠢᠨ ᠪᠣᠯ ᠠᠷᠠᠳ ᠤᠯᠠᠨ᠎ᠤ ᠠᠮᠢ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠵᠤ ᠪᠠᠶ᠋ᠢᠳᠠᠭ᠂ ᠲᠥᠪ᠎ᠤᠨ ᠡᠳ᠋᠎ᠤᠨ ᠵᠠᠰᠠᠭ᠎ᠠᠴᠠ ᠵᠢᠵᠢᠭ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢ ᠶᠡᠷᠦ᠎ᠠᠴᠠ ᠳᠡᠭᠡᠳᠦ   ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠭᠰᠡᠨ ᠶᠤᠮ᠃ 1998 ᠣᠨ᠎ᠠᠴᠠ ᠡᠬᠢᠯᠡᠨ᠂ ᠲᠥᠪ᠎ᠤᠨ ᠡᠳ᠋᠎ᠤᠨ ᠵᠠᠰᠠᠭ᠎ᠠᠴᠠ ᠳᠠᠷᠤᠶ ᠪᠡᠯᠡ ᠮᠥᠩᠭᠥ ᠲᠣᠬᠢᠷᠠᠭᠤᠯᠵᠤ᠂ ᠵᠢᠵᠢᠭ ᠬᠡᠯᠪᠡᠷᠢ ᠵᠢᠨ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠢ ᠳᠡᠮᠵᠢᠭᠰᠡᠬᠡᠷ ᠢᠷᠡᠵᠡᠢ᠃ ᠪᠢ ᠨᠢᠭᠡ ᠪᠦᠯᠦᠭ ᠲᠣᠭ᠎ᠠ ᠪᠠᠷᠢᠮᠳᠠ ᠵᠢ ᠮᠡᠳᠡᠬᠦᠯᠦᠶ᠎ᠠ᠂ ᠨᠢᠳᠤᠨᠤᠨ᠎ᠤ ᠵᠢᠯ᠎ᠤᠨ ᠡᠴᠦᠰ ᠪᠣᠯᠲᠠᠯ᠎ᠠ ᠨᠡᠶ᠋ᠢᠲᠡ 972 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠵᠤ᠂ 6 . 9 ᠲᠦᠮᠡᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠳᠡᠮᠵᠢᠪᠡ᠃ 2019 ᠣᠨ᠎ᠠᠴᠠ 2020᠎ᠤᠨ ᠪᠣᠯᠲᠠᠯ᠎ᠠ᠂ 32 . 5 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢ ᠳᠡᠮᠵᠢᠵᠦ᠂ ᠲᠤᠬᠠᠶ ᠵᠢᠨ ᠭᠠᠵᠠᠷ᠎ᠤᠨ ᠣᠯᠠᠨ ᠲᠦᠮᠡᠨ᠎ᠤ ᠠᠮᠢ ᠨᠠᠰᠤᠨ᠎ᠤ ᠡᠳ᠋ ᠬᠥᠷᠥᠩᠭᠡ ᠵᠢ ᠬᠦᠴᠦᠲᠡᠶ       ᠪᠠᠲᠤᠯᠠᠪᠠ᠃
      ᠲᠦᠷᠦᠭᠦᠦ ᠬᠡᠳᠦᠨ ᠡᠭᠡᠯᠵᠢ ᠵᠢᠨ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠠᠵᠢᠯ ᠬᠡᠳᠦᠶ᠋ᠢᠪᠡᠷ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ ᠮᠥᠨᠬᠦ ᠣᠷᠣᠰᠢᠵᠤ ᠪᠠᠶ᠋ᠢᠭ᠎ᠠ ᠠᠮᠤᠷ ᠲᠦᠪᠰᠢᠨ᠎ᠤ ᠬᠡᠮ ᠰᠣᠭᠣᠭ᠎ᠢ ᠣᠮᠲᠣᠭ᠋ᠠᠶ᠋ᠢᠯᠠᠵᠤ ᠪᠣᠯᠬᠤ ᠥᠬᠡᠶ᠂ ᠬᠣᠯᠪᠣᠭᠳᠠᠯ ᠪᠥᠬᠥᠶ ᠠᠵᠢᠯ᠎ᠢ ᠰᠤᠯᠠᠷᠠᠭᠤᠯᠵᠤ ᠪᠣᠯᠬᠤ ᠥᠬᠡᠶ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠮᠡᠳᠡᠭᠳᠡᠯ》᠎ᠳᠤ ᠪᠥᠲᠥᠭᠡᠨ ᠪᠠᠶ᠋ᠢᠭᠤᠯᠬᠤ ᠪᠠ ᠬᠠᠮᠢᠶᠠᠷᠬᠤ ᠵᠢ ᠵᠡᠷᠭᠡ᠎ᠪᠠᠷ ᠴᠢᠬᠤᠯᠠᠴᠢᠯᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠢ ᠲᠦᠷᠭᠡᠳᠬᠡᠨ ᠠᠬᠢᠭᠤᠯᠵᠤ᠂ ᠠᠮᠤᠷ ᠲᠦᠪᠰᠢᠨ᠎ᠢ ᠴᠠᠭ ᠲᠤᠬᠠᠶ᠎ᠳᠤᠨᠢ ᠠᠷᠢᠯᠭ᠋ᠠᠬᠤ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ ᠳᠠᠯᠳᠠ ᠭᠡᠮ᠂ ᠪᠠᠶ᠋ᠢᠩᠭᠤᠵᠢᠭᠤᠯᠤᠭᠰᠠᠨ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠤᠰᠤᠨ ᠴᠥᠭᠥᠷᠥᠮ᠎ᠤᠨ ᠠᠮᠤᠷ ᠲᠦᠪᠰᠢᠨ ᠤᠷᠲᠤ ᠬᠤᠭᠤᠴᠠᠭ᠎ᠠ᠎ᠪᠠᠷ ᠪᠦᠲᠦᠮᠵᠢᠲᠡᠶ ᠠᠵᠢᠯᠯᠠᠬᠤ ᠵᠢ ᠦᠨᠡᠨᠬᠦ ᠪᠠᠲᠤᠯᠠᠬᠤ ᠬᠡᠷᠡᠭᠲᠡᠶ᠃
     《ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠪᠡᠯ᠂ ᠲᠥᠪ᠎ᠤᠨ ᠡᠳ᠋᠎ᠤᠨ ᠵᠠᠰᠠᠭ᠎ᠠᠴᠠ ᠭᠤᠤᠯᠳᠠᠭᠤ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ᠎ᠳᠤ ᠨᠥᠬᠥᠪᠥᠷᠢ ᠥᠭᠭᠦᠨ᠎ᠡ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠲᠥᠪ᠎ᠤᠨ ᠡᠳ᠋᠎ᠤᠨ ᠵᠠᠰᠠᠭ᠎ᠠᠴᠠ ᠤᠰᠤᠨ ᠠᠰᠢᠭᠯᠠᠯᠲᠠ ᠵᠢᠨ ᠬᠥᠭᠵᠢᠯᠲᠡ ᠵᠢᠨ ᠪᠠᠯᠠ ᠮᠥᠩᠭᠥ ᠵᠢᠨ ᠬᠠᠳᠠᠭ᠋ᠠᠯᠠᠯᠲᠠ ᠵᠢ ᠰᠢᠯᠢᠳᠡᠭᠵᠢᠭᠦᠯᠬᠦ ᠵᠢᠨ ᠬᠠᠮᠲᠤ ᠬᠡᠰᠡᠭ ᠨᠡᠮᠡᠭᠳᠡᠯ ᠬᠡᠮᠵᠢᠶ᠎ᠡ ᠵᠢ ᠢᠳᠡᠪᠬᠢᠲᠡᠶ ᠲᠣᠬᠢᠷᠠᠭᠤᠯᠬᠤ᠎ᠪᠠᠷ ᠳᠠᠮᠵᠢᠭᠤᠯᠤᠨ᠂ ᠵᠢᠵᠢᠭ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠰᠡᠯᠪᠢᠨ ᠵᠠᠰᠠᠬᠤ ᠵᠢ ᠢᠳᠡᠪᠬᠢᠲᠡᠶ ᠲᠣᠬᠢᠷᠠᠭᠤᠯᠤᠨ᠎ᠠ᠃ ᠠᠷᠠᠴᠢᠯᠠᠨ ᠬᠠᠮᠠᠭ᠋ᠠᠯᠠᠬᠤ ᠲᠤᠰᠠᠯᠠᠮᠵᠢ ᠵᠢᠨ ᠪᠡᠯᠡ ᠮᠥᠩᠭᠥ 245 ᠳ᠋ᠦᠩᠰᠢᠭᠤᠷ ᠲᠥᠭᠥᠷᠢᠭ ᠪᠠᠶ᠋ᠢᠵᠤ᠂ ᠡᠯ᠎ᠡ ᠭᠠᠵᠠᠷ᠎ᠤᠨ 《ᠠᠷᠠᠴᠢᠯᠠᠨ ᠬᠠᠮᠠᠭ᠋ᠠᠯᠠᠬᠤ ᠵᠢ ᠵᠡᠷᠭᠡ᠎ᠳᠤᠨᠢ ᠴᠢᠬᠤᠯᠠᠴᠢᠯᠠᠬᠤ》 ᠵᠢ ᠳᠡᠮᠵᠢᠵᠦ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ ᠦᠭᠡᠶ ᠠᠵᠢᠯᠯᠠᠭ᠋ᠠᠨ᠎ᠢ ᠦᠨᠡᠨᠬᠦ ᠪᠠᠲᠤᠯᠠᠨ᠎ᠠ᠃ ᠨᠢᠭᠡ᠎ᠳᠤ 《ᠵᠠᠰᠠᠬᠤ》 ᠵᠢ ᠢᠳᠡᠪᠬᠢᠲᠡᠶ ᠳᠡᠮᠵᠢᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠲᠥᠪ᠎ᠤᠨ ᠡᠳ᠋᠎ᠤᠨ ᠵᠠᠰᠠᠭ᠎ᠠᠴᠠ 125 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠡᠯ᠎ᠡ ᠭᠠᠵᠠᠷ᠎ᠤᠨ ᠵᠢᠵᠢᠭ ᠬᠡᠯᠪᠡᠷᠢ ᠵᠢᠨ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠵᠢ ᠳᠡᠮᠵᠢᠬᠦ᠎ᠪᠠᠷ ᠲᠥᠯᠥᠪᠯᠡᠵᠦ ᠪᠠᠶ᠋ᠢᠨ᠎ᠠ᠂ ᠡᠭᠦᠨ᠎ᠳᠤ ᠡᠨᠡ ᠵᠢᠯ 39 . 4 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠳᠡᠭᠡᠷ᠎ᠡ ᠵᠢᠯ᠎ᠤᠨ᠎ᠬᠢ᠎ᠠᠴᠠ 35 %᠎ᠪᠠᠷ ᠨᠡᠮᠡᠭᠳᠡᠭᠦᠯᠪᠡ᠃
      ᠬᠣᠶᠠᠷ᠎ᠲᠤ 《ᠬᠠᠮᠠᠭ᠋ᠠᠯᠠᠬᠤ》 ᠵᠢ ᠢᠳᠡᠪᠬᠢᠲᠡᠶ ᠳᠡᠮᠵᠢᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠲᠥᠪ᠎ᠤᠨ ᠡᠳ᠋᠎ᠤᠨ ᠵᠠᠰᠠᠭ᠎ᠠᠴᠠ ᠪᠠᠭ᠎ᠠ ᠬᠡᠯᠪᠡᠷᠢ ᠵᠢᠨ ᠤᠰᠤᠨ ᠴᠥᠭᠥᠷᠥᠮ᠎ᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ᠎ᠳᠤ ᠨᠥᠬᠥᠪᠥᠷᠢ ᠥᠭᠬᠦ ᠡᠷᠴᠢᠮ ᠵᠶ᠋ᠠᠨ ᠵᠢᠯ ᠳᠠᠷᠠᠭ᠋ᠠᠯᠠᠨ ᠨᠡᠮᠡᠭᠳᠡᠭᠦᠯᠵᠦ᠂ ᠵᠢᠱ᠌ᠢᠯᠲᠡ᠎ᠪᠠᠷ ᠨᠡᠶ᠋ᠢᠲᠡ 120 ᠳ᠋ᠦᠩᠰᠢᠭᠤᠷ ᠲᠥᠭᠥᠷᠢᠭ ᠲᠣᠬᠢᠷᠠᠭᠤᠯᠤᠨ᠎ᠠ᠂ ᠡᠭᠦᠨ᠎ᠳᠤ ᠡᠨᠡ ᠵᠢᠯ 20 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠲᠦᠷᠦᠭᠦᠦ ᠵᠢᠯ᠎ᠤᠨ᠎ᠬᠢ᠎ᠠᠴᠠ 11 %᠎ᠪᠠᠷ ᠨᠡᠮᠡᠭᠳᠡᠭᠦᠯᠦᠨ᠎ᠡ᠃ ᠪᠠᠶᠠᠷᠯᠠᠯ᠎ᠠ᠃
      ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄
     《ᠮᠡᠳᠡᠭᠳᠡᠯ》᠎ᠳᠤ᠂ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢᠨ ᠲᠠᠯ᠎ᠠ᠎ᠪᠠᠷ ᠢᠳᠡᠪᠬᠢᠲᠡᠶ ᠰᠢᠨ᠎ᠡ ᠵᠢ ᠡᠭᠦᠳᠴᠦ᠂ ᠲᠠᠷᠠᠬᠠᠶ ᠪᠤᠲᠠᠷᠬᠠᠶ ᠬᠠᠮᠢᠶᠠᠷᠴᠤ ᠪᠠᠶ᠋ᠢᠭ᠎ᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠳᠤ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠦᠨᠡᠨ ᠬᠦ᠌ ᠲᠣᠳᠣᠷᠬᠠᠶ᠋ᠢᠯᠠᠵᠤ᠂ ᠣᠷᠣᠨ ᠪᠦᠰᠡ᠎ᠳᠤ ᠲᠥᠪᠯᠡᠷᠡᠭᠦᠯᠦᠨ ᠬᠠᠮᠢᠶᠠᠷᠴᠤ ᠬᠠᠮᠠᠭ᠋ᠠᠯᠠᠬᠤ᠂ ᠵᠠᠰᠠᠭ᠎ᠤᠨ ᠣᠷᠳᠣᠨ ᠦᠶᠯᠡᠴᠢᠯᠡᠭᠡ ᠬᠤᠳᠠᠯᠳᠤᠨ ᠠᠪᠬᠤ᠂ 《ᠶᠡᠬᠡ᠎ᠪᠠᠷ ᠪᠠᠭ᠎ᠠ ᠵᠢ ᠳᠠᠶ᠋ᠢᠴᠢᠯᠠᠬᠤ》 ᠵᠡᠷᠭᠡ ᠵᠠᠭᠪᠤᠷ᠎ᠢ ᠬᠡᠷᠡᠭᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠂ ᠲᠡᠭᠡᠪᠡᠯ ᠲᠣᠰ ᠠᠵᠢᠯᠯᠠᠭ᠎ᠠ᠎ᠨᠢ ᠶᠠᠮᠠᠷ ᠶᠠᠮᠠᠷ ᠲᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠭᠰᠡᠨ ᠪᠣᠶ? ᠳᠠᠷᠠᠭ᠋ᠠᠴᠢ ᠵᠢᠨ ᠠᠯᠬᠤᠮ᠎ᠳᠤ ᠡᠨᠡ ᠳᠠᠯ᠎ᠠ ᠵᠢᠨ ᠠᠵᠢᠯ᠎ᠢ ᠬᠡᠷᠬᠢᠨ ᠴᠢᠩᠭ᠋ᠠᠳᠬᠠᠬᠤ ᠪᠤᠢ?
    ᠸᠧᠶ ᠱᠠᠨ ᠵᠥᠩ᠄
   1998 ᠣᠨ᠎ᠤ ᠶᠡᠬᠡ ᠦᠶᠡᠷ᠎ᠤᠨ ᠳᠠᠷᠠᠭ᠎ᠠ᠂ ᠡᠯ᠎ᠡ ᠭᠠᠵᠠᠷ᠎ᠤᠨ᠎ᠬᠢᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠶᠡᠬᠡ ᠬᠡᠪᠴᠢᠶᠡᠨ᠎ᠤ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠠᠵᠢᠯ᠎ᠢ ᠥᠷᠨᠢᠭᠦᠯᠪᠡ᠂ ᠰᠠᠶᠢᠬᠠᠨ ᠪᠢ ᠲᠠᠨᠢᠯᠴᠠᠭᠤᠯᠭ᠎ᠠ ᠬᠢᠵᠦ᠂ 6 . 9 ᠲᠦᠮᠡᠨ ᠵᠢᠵᠢᠭ ᠬᠡᠯᠪᠡᠷᠢ ᠵᠢᠨ ᠠᠶᠤᠯ ᠲᠦᠭᠰᠢᠭᠦᠷᠢ᠎ᠲᠠᠢ ᠤᠰᠤᠨ ᠴᠥᠭᠥᠷᠥᠮ᠎ᠤᠨ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠠᠵᠢᠯ᠎ᠢ ᠬᠢᠭᠰᠡᠨ ᠪᠥᠭᠡᠳ ᠪᠠᠰᠠ 2800 ᠲᠣᠮᠣ ᠳᠤᠮᠳᠠ ᠬᠡᠯᠪᠡᠷᠢ ᠵᠢᠨ ᠠᠶᠤᠯ ᠲᠦᠭᠰᠢᠭᠦᠷᠢ᠎ᠲᠠᠢ ᠤᠰᠤᠨ ᠴᠥᠭᠥᠷᠥᠮ᠎ᠤᠨ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠵᠦ᠂ ᠨᠡᠶ᠋ᠢᠲᠡ ᠪᠠᠯᠠ ᠮᠥᠩᠭᠥ 1500 ᠭᠠᠷᠤᠶ ᠳ᠋ᠦᠩᠰᠢᠭᠤᠷ ᠲᠥᠭᠥᠷᠢᠭ ᠲᠣᠬᠢᠷᠠᠭᠤᠯᠪᠠ᠃ ᠡᠳᠡᠭᠡᠷ ᠠᠵᠢᠯ ᠵᠶ᠋ᠠᠷ ᠳᠠᠮᠵᠢᠨ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠪᠠᠢ᠍ᠢ᠍ᠳᠠᠯ ᠲᠠᠰᠤᠷᠠᠯᠲᠠ ᠦᠭᠡᠢ ᠰᠠᠶ᠋ᠢᠵᠢᠷᠠᠪᠠ᠃ ᠨᠢᠭᠡ᠎ᠳᠤ ᠪᠠᠷᠢᠯᠭ᠎ᠠ ᠵᠢᠨ ᠲᠤᠰ ᠪᠡᠶ᠎ᠡ ᠵᠢᠨ ᠲᠦᠭᠰᠢᠭᠦᠷᠢᠲᠦ ᠪᠠᠶ᠋ᠢᠳᠠᠯ᠎ᠢ ᠠᠷᠢᠯᠭ᠋ᠠᠵᠤ᠂ ᠤᠰᠤᠨ ᠴᠥᠭᠥᠷᠥᠮ᠎ᠤᠨ ᠤᠰᠤ ᠬᠠᠰᠢᠬᠤ᠂ ᠤᠰᠤ ᠭᠣᠭᠣᠵᠢᠬᠤ ᠪᠠ ᠤᠰᠤ ᠳᠠᠮᠵᠢᠭᠤᠯᠬᠤ ᠪᠠᠷᠢᠯᠭ᠎ᠠ ᠵᠢᠨ ᠨᠡᠪᠴᠢᠬᠦ ᠵᠡᠷᠭᠡ ᠪᠠᠷᠢᠯᠭ᠎ᠠ ᠵᠢᠨ ᠲᠥᠬᠥᠭᠡᠷᠦᠮᠵᠢ ᠵᠢᠨ ᠬᠠᠭᠤᠴᠢᠷᠠᠵᠤ ᠴᠤᠴᠠᠷᠠᠭᠰᠠᠨ ᠳᠠᠯᠳᠠ ᠭᠡᠮ᠎ᠢ ᠠᠷᠢᠯᠭ᠋ᠠᠵᠤ᠂ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ᠎ᠳᠤ ᠬᠦᠷᠬᠦ ᠦᠭᠡᠶ ᠪᠠᠶ᠋ᠢᠬᠤ ᠠᠰᠠᠭᠤᠳᠠᠯ᠎ᠢ ᠰᠢᠶᠳᠪᠦᠷᠢᠯᠡᠵᠦ᠂ ᠠᠮᠤᠷ ᠲᠦᠪᠰᠢᠨ᠎ᠤ ᠪᠠᠲᠤᠯᠠᠭ᠎ᠠ ᠵᠢ ᠳᠡᠭᠡᠭᠰᠢᠯᠡᠭᠦᠯᠪᠡ᠃ ᠬᠣᠶᠠᠷ᠎ᠲᠤ᠂ ᠤᠰᠤᠨ ᠴᠥᠭᠥᠷᠥᠮ᠎ᠤᠨ ᠦᠷ᠎ᠡ ᠠᠰᠢᠭ᠎ᠢ ᠨᠡᠮᠡᠭᠳᠡᠭᠦᠯᠬᠦ ᠲᠠᠯ᠎ᠠ᠎ᠪᠠᠷ᠂ ᠤᠰᠤᠨ ᠴᠥᠭᠥᠷᠥᠮ᠎ᠤᠨ ᠰᠢᠨ᠎ᠡ ᠦᠶᠡᠷ᠎ᠢ ᠰᠡᠷᠭᠡᠶ᠋ᠢᠯᠡᠬᠦ ᠴᠥᠭᠥᠷᠥᠮ᠎ᠤᠨ ᠪᠠᠭᠲᠠᠭ᠋ᠠᠮᠵᠢ ᠵᠢ ᠨᠡᠮᠡᠭᠳᠡᠭᠦᠯᠵᠦ᠂ ᠥᠩᠭᠡᠷᠡᠭᠰᠡᠨ᠎ᠳᠤ ᠤᠷᠲᠤ ᠬᠤᠭᠤᠴᠠᠭ᠎ᠠ᠎ᠪᠠᠷ ᠭᠡᠮ ᠰᠣᠭᠣᠭ᠎ᠲᠠᠢ ᠠᠵᠢᠯᠯᠠᠵᠤ᠂ ᠤᠰᠤᠨ ᠴᠥᠭᠥᠷᠥᠮ᠎ᠤᠨ ᠦᠷ᠎ᠡ ᠠᠰᠢᠭ᠎ᠢ ᠪᠠᠳᠠᠷᠠᠭᠤᠯᠬᠤ᠎ᠳᠤ ᠬᠦᠴᠢᠷᠲᠡᠶ ᠪᠠᠢ᠍ᠢ᠍ᠭᠰᠠᠨ᠎ᠢ ᠠᠶᠤᠯ᠎ᠢ ᠠᠷᠢᠯᠭ᠋ᠠᠨ ᠪᠡᠬᠢᠯᠡᠬᠦ᠎ᠪᠠᠷ ᠳᠠᠮᠵᠢᠭᠤᠯᠤᠨ᠂ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠴᠢᠳᠠᠪᠤᠷᠢ᠂ ᠤᠰᠤ ᠬᠠᠩᠭ᠋ᠠᠬᠤ ᠪᠠᠲᠤᠯᠠᠭ᠎ᠠ ᠵᠢᠨ ᠬᠦᠴᠦᠨ᠎ᠢ ᠴᠥᠮ ᠳᠡᠭᠡᠭᠰᠢᠯᠡᠭᠦᠯᠵᠦ᠂ ᠦᠶᠡᠷ᠎ᠢ ᠰᠡᠷᠭᠡᠶ᠋ᠢᠯᠡᠬᠦ ᠤᠰᠤᠯᠠᠯᠲᠠ ᠵᠢᠨ ᠤᠰᠤ ᠬᠠᠩᠭ᠋ᠠᠬᠤ ᠴᠢᠳᠠᠪᠤᠷᠢ ᠵᠢ ᠰᠡᠷᠭᠦᠭᠡᠨ ᠰᠠᠶ᠋ᠢᠵᠢᠷᠠᠭᠤᠯᠪᠠ᠃ ᠭᠤᠷᠪᠠ᠎ᠳᠤ᠂ ᠴᠥᠭᠥᠷᠥᠮ᠎ᠤᠨ ᠡᠷᠬᠢᠨ ᠲᠣᠭᠣᠷᠢᠨ᠎ᠤ ᠤᠰᠤᠨ᠎ᠤ ᠠᠮᠢ ᠠᠬᠤᠶ ᠤᠰᠤᠨ᠎ᠤ ᠣᠷᠴᠢᠨ ᠲᠣᠭᠣᠷᠢᠨ᠎ᠢ ᠪᠦᠲᠦᠮᠵᠢᠲᠡᠶ ᠰᠠᠶ᠋ᠢᠵᠢᠷᠠᠭᠤᠯᠵᠤ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ᠎ᠳᠤ ᠴᠢᠬᠤᠯᠠ ᠦᠶᠯᠡᠳᠦᠯ ᠦᠵᠡᠭᠦᠯᠪᠡ᠃ ᠡᠨᠳᠡ ᠪᠢ ᠨᠢᠭᠡ ᠣᠯᠠᠨ᠎ᠤ ᠮᠠᠰᠢ ᠰᠣᠨᠢᠷᠬᠠᠯᠲᠠᠶ ᠲᠣᠭ᠎ᠠ ᠪᠠᠷᠢᠮᠲᠠ ᠵᠢ ᠬᠡᠯᠡᠬᠦ ᠰᠠᠨᠠᠭ᠋ᠠᠲᠠᠶ᠂ ᠶᠡᠬᠡ ᠲᠥᠯᠥᠪ ᠤᠰᠤᠨ ᠴᠥᠭᠥᠷᠥᠮ᠎ᠤᠨ ᠡᠷᠡᠭᠦᠯ ᠮᠡᠨᠳᠦ ᠵᠢᠨ ᠪᠠᠶ᠋ᠢᠳᠠᠯ᠎ᠢ ᠲᠣᠳᠣᠷᠬᠠᠶ᠋ᠢᠯᠠᠵᠤ ᠪᠣᠯᠤᠨ᠎ᠠ᠃ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠤᠰᠤᠨ ᠴᠥᠭᠥᠷᠥᠮ᠎ᠤᠨ ᠵᠢᠯ ᠳᠤᠮᠳᠠᠴᠢ ᠵᠢᠨ ᠬᠠᠰᠢᠯᠭ᠎ᠠ ᠰᠡᠲᠡᠷᠡᠭᠰᠡᠨ ᠨᠤᠷᠮ᠎ᠠ 0 . 03 ‰᠎ᠳᠤ ᠬᠦᠷᠴᠦ᠂ ᠲᠡᠦᠬᠡ ᠵᠢᠨ ᠬᠠᠮᠤᠭ᠎ᠤᠨ ᠳᠣᠣᠷ᠎ᠠ ᠬᠡᠮᠵᠢᠶᠡᠨ᠎ᠳᠤ ᠬᠦᠷᠴᠡᠢ᠃ ᠳᠡᠯᠡᠬᠡᠢ ᠨᠡᠶ᠋ᠢᠲᠡ᠎ᠳᠤ ᠮᠡᠳᠡᠷᠡᠭᠳᠡᠭᠰᠡᠨ ᠳᠣᠣᠷ᠎ᠠ ᠬᠠᠰᠢᠯᠭ᠎ᠠ ᠰᠡᠳᠡᠷᠡᠯᠳᠠ ᠵᠢᠨ ᠨᠤᠷᠮ᠎ᠠ ᠵᠢᠨ ᠪᠠᠷᠢᠮᠵᠢᠶ᠎ᠠ   ᠪᠣᠯ 0 . 1 ‰ ᠪᠠᠶ᠋ᠢᠵᠤ᠂ ᠮᠠᠨ᠎ᠤ ᠤᠯᠤᠰ ᠳᠡᠯᠡᠬᠡᠢ ᠨᠡᠢ᠍ᠢ᠍ᠳᠡ ᠵᠢᠨ ᠪᠠᠢ᠍ᠢ᠍ᠳᠠᠯ᠎ᠠᠴᠠ ᠬᠤᠯᠠ ᠳᠣᠣᠷ᠎ᠠ ᠪᠠᠶ᠋ᠢᠳᠠᠭ᠃ ᠤᠯᠠᠨ ᠨᠡᠶ᠋ᠢᠲᠡ᠎ᠳᠤ ᠮᠡᠳᠡᠷᠡᠭᠳᠡᠭᠰᠡᠨ ᠳᠣᠣᠷ᠎ᠠ ᠬᠠᠰᠢᠯᠭ᠎ᠠ ᠰᠡᠲᠡᠷᠡᠬᠦ ᠨᠣᠷᠮ᠎ᠠ ᠵᠢᠨ ᠪᠠᠷᠢᠮᠵᠢᠶ᠎ᠠ᠂ ᠤᠰᠤᠨ ᠴᠥᠭᠥᠷᠥᠮ᠎ᠤᠨ ᠶᠡᠬᠡ ᠬᠠᠰᠢᠯᠭ᠎ᠠ ᠵᠢᠨ ᠠᠮᠤᠷ ᠲᠦᠪᠰᠢᠨ᠎ᠤ ᠪᠠᠶ᠋ᠢᠳᠠᠯ᠎ᠢ ᠶᠡᠷᠦᠩᠬᠡᠶ᠎ᠳᠡᠭᠡᠨ ᠡᠵᠡᠮᠳᠡᠵᠦ ᠪᠣᠯᠤᠨ᠎ᠠ᠃ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠭᠰᠡᠨ ᠦᠷ᠎ᠡ ᠪᠦᠲᠦᠮᠵᠢ ᠮᠠᠰᠢ ᠢᠯᠡᠷᠬᠡᠶ ᠪᠠᠶ᠋ᠢᠨ᠎ᠠ᠂ ᠭᠡᠪᠡᠴᠦ ᠮᠠᠨ᠎ᠤ ᠤᠯᠤᠰ᠎ᠤᠨ ᠤᠰᠤᠨ ᠴᠥᠭᠥᠷᠥᠮ᠎ᠤᠨ ᠲᠣᠭ᠎ᠠ ᠬᠡᠮᠵᠢᠶ᠎ᠡ ᠶᠡᠬᠡ᠂ 9 . 8 ᠲᠦᠮᠡ ᠭᠠᠷᠤᠶ ᠪᠠᠶ᠋ᠢᠵᠤ᠂ ᠪᠠᠰᠠ ᠪᠠᠷᠢᠮᠵᠢᠶ᠎ᠠ᠎ᠠᠴᠠ ᠬᠡᠲᠦᠷᠡᠭᠰᠡᠨ ᠦᠶᠡᠷ᠂ ᠬᠦᠴᠦᠲᠡᠶ ᠭᠠᠵᠠᠷ ᠬᠥᠳᠡᠯᠦᠯᠲᠡ ᠵᠡᠷᠭᠡ ᠵᠢᠨ ᠨᠥᠯᠥᠭᠡ ᠵᠢ ᠲᠠᠰᠤᠷᠠᠯᠲᠠ ᠥᠬᠡᠶ ᠭᠥᠷᠳᠡᠵᠦ ᠪᠠᠶ᠋ᠢᠨ᠎ᠠ᠂ ᠡᠭᠦᠨ᠎ᠤ ᠳᠡᠭᠡᠷ᠎ᠡ ᠤᠤᠯ᠎ᠤᠨ ᠵᠠᠷᠢᠮ ᠪᠡᠬᠢᠯᠡᠬᠦ ᠪᠠᠷᠢᠮᠵᠢᠶ᠎ᠠ᠎ᠨᠢ ᠬᠠᠷᠢᠴᠠᠩᠭᠤᠶ᠎ᠪᠠᠷ ᠨᠡᠯᠢᠶᠡᠳ ᠳᠤᠤᠷ᠎ᠠ᠂ ᠬᠠᠮᠢᠶᠠᠷᠴᠤ ᠬᠠᠮᠠᠭ᠋ᠠᠯᠠᠬᠤ᠎ᠨᠢ ᠪᠦᠷᠢᠮᠦᠰᠦᠨ ᠳᠠᠭ᠋ᠠᠵᠤ ᠳᠡᠶ᠋ᠢᠯᠬᠦ ᠦᠬᠡᠢ ᠪᠠᠢ᠍ᠢ᠍ᠳᠠᠭ᠎ᠠᠴᠠ ᠵᠢᠯ ᠪᠦᠷᠢ ᠴᠥᠮ ᠵᠠᠷᠢᠮ ᠰᠢᠨ᠎ᠡ ᠡᠮᠵᠡᠭ ᠠᠶᠤᠯᠲᠠᠶ ᠤᠰᠤᠨ ᠴᠥᠭᠥᠷᠥᠮ ᠭᠠᠷᠳᠠᠭ᠂ ᠠᠮᠤᠷ ᠲᠦᠪᠰᠢᠨ᠎ᠤ ᠳᠠᠯᠳᠠ ᠬᠡᠮ᠎ᠢ ᠣᠮᠲᠣᠭ᠋ᠠᠶ᠋ᠢᠯᠠᠵᠤ ᠪᠣᠯᠤᠰᠢ ᠥᠬᠡᠶ ᠶᠤᠮ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠨᠡ ᠤᠳᠠᠭ᠎ᠠ ᠲᠤᠰᠬᠠᠶ ᠪᠠᠶ᠋ᠢᠷᠢᠯᠠᠭᠤᠯᠤᠯᠲᠠ ᠬᠢᠵᠦ᠂ ᠰᠢᠨ᠎ᠡ ᠨᠢᠭᠡ ᠡᠭᠡᠯᠵᠢ ᠵᠢᠨ ᠲᠥᠪᠯᠡᠷᠡᠭᠦᠯᠦᠨ ᠠᠶᠤᠯ᠎ᠢ ᠠᠷᠢᠯᠭ᠋ᠠᠵᠤ ᠪᠡᠬᠢᠵᠢᠭᠦᠯᠪᠡ᠃ 《ᠮᠡᠳᠡᠭᠳᠡᠯ》᠎ᠤᠨ ᠱᠠᠭ᠋ᠠᠷᠳᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠤᠰᠤᠨ ᠠᠰᠢᠭᠯᠠᠯᠲᠠ ᠵᠢᠨ ᠶᠠᠮᠤᠨ ᠳᠣᠣᠷᠠᠬᠢ ᠬᠡᠳᠦᠨ ᠠᠵᠢᠯ᠎ᠢ ᠪᠣᠳᠠᠲᠠᠢ ᠬᠢᠬᠦ᠎ᠪᠠᠷ ᠪᠤᠢ᠄
      ᠨᠢᠭᠡ᠎ᠳᠤ ᠤᠰᠤᠨ ᠴᠥᠭᠥᠷᠥᠮ᠎ᠤᠨ ᠠᠶᠤᠯ ᠦᠭᠡᠶ ᠵᠢᠨ ᠬᠢᠨᠠᠨ ᠲᠣᠭᠲᠠᠭ᠋ᠠᠯᠲᠠ ᠬᠢᠬᠦ ᠵᠢ ᠱᠠᠯᠠᠪᠳᠠᠨ ᠥᠷᠨᠢᠭᠦᠯᠬᠦ ᠬᠡᠷᠡᠭᠲᠡᠶ᠃ ᠪᠠᠰᠠ 3 ᠲᠦᠮᠡ ᠭᠠᠷᠤᠢ ᠰᠠᠭᠤᠷᠢ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢᠨ ᠬᠤᠭᠤᠴᠠᠭ᠎ᠠ ᠲᠤᠯᠤᠭᠰᠠᠨ ᠤᠰᠤᠨ ᠴᠥᠭᠥᠷᠥᠮ ᠲᠣᠭᠲᠠᠭᠰᠠᠨ ᠴᠠᠭ᠎ᠲᠠᠭᠠᠨ ᠬᠢᠨᠠᠨ ᠲᠣᠭᠲᠠᠭ᠋ᠠᠯᠲᠠ ᠬᠢᠭᠰᠡᠨ ᠦᠭᠡᠢ ᠪᠠᠶ᠋ᠢᠨ᠎ᠠ ᠱᠠᠯᠠᠪᠳᠠᠨ ᠥᠷᠨᠢᠭᠦᠯᠬᠦ ᠬᠡᠷᠡᠭᠲᠡᠢ᠃ ᠡᠭᠦᠨ᠎ᠤ ᠬᠠᠮᠲᠤ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ ᠠᠶᠤᠯ ᠦᠭᠡᠶ ᠵᠢᠨ ᠬᠢᠨᠠᠨ ᠲᠣᠭᠲᠠᠭ᠋ᠠᠬᠤ ᠳᠡᠰ ᠳᠠᠷᠠᠭ᠋ᠠᠯᠠᠯ᠎ᠢ       ᠰᠢᠯᠢᠳᠡᠭᠵᠢᠭᠦᠯᠵᠦ᠂ ᠠᠶᠤᠯ ᠦᠭᠡᠶ ᠵᠢᠨ ᠬᠢᠨᠠᠨ ᠲᠣᠭᠲᠠᠭ᠋ᠠᠭᠰᠠᠨ ᠦᠷ᠎ᠡ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠬᠣᠶᠠᠷ᠎ᠲᠤ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠵᠢ ᠲᠦᠷᠭᠡᠳᠬᠡᠨ ᠬᠡᠷᠡᠭᠵᠢᠭᠦᠯᠬᠦ ᠬᠡᠷᠡᠭᠲᠡᠶ᠃ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠴᠢᠩᠭ᠋ᠠᠳᠬᠠᠨ᠂ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠳᠡᠰ ᠳᠠᠷᠠᠭ᠋ᠠᠯᠠᠯ᠎ᠢ ᠲᠡᠭᠦᠯᠳᠡᠷᠵᠢᠭᠦᠯᠵᠦ᠂ ᠲᠤᠶ᠋ᠢᠯ᠎ᠤᠨ ᠣᠨᠣᠪᠴᠢᠲᠠᠶ᠂ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠳᠡᠢ᠃ ᠵᠢᠵᠢᠭ ᠬᠡᠯᠪᠡᠷᠢ ᠵᠢᠨ ᠤᠰᠤᠨ ᠴᠥᠭᠥᠷᠥᠮ ᠵᠶ᠋ᠠᠷ ᠵᠢᠱ᠌ᠢᠶᠡᠯᠡᠪᠡᠯ᠂ ᠰᠠᠶᠢᠬᠠᠨ ᠷᠤᠸᠠᠨ ᠯᠢ ᠮᠢᠨ ᠠᠪᠤᠭ᠋ᠠᠶ ᠬᠠᠮᠢᠶᠠᠷᠤᠯᠲᠠ ᠵᠢᠨ ᠲᠠᠯ᠎ᠠ᠎ᠪᠠᠷ᠎ᠬᠢ ᠰᠢᠨ᠎ᠡ ᠵᠢ ᠡᠬᠦᠳᠬᠦ ᠪᠠᠢ᠍ᠢ᠍ᠳᠠᠯ᠎ᠢ ᠳᠠᠨᠢᠯᠴᠠᠭᠤᠯᠵᠤ᠂ ᠲᠠᠷᠠᠭ᠋ᠠᠴᠢ ᠵᠢᠨ ᠠᠯᠬᠤᠮ᠎ᠳᠤ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠥᠲᠥᠭᠡᠨ ᠪᠠᠶ᠋ᠢᠭᠤᠯᠤᠯᠲᠠ ᠬᠢᠵᠦ᠂ ᠪᠠᠰᠠ ᠵᠠᠷᠢᠮ ᠲᠦᠷᠢᠮ᠎ᠤᠨ ᠰᠢᠨ᠎ᠡ ᠵᠢ ᠡᠬᠦᠳᠴᠦ ᠮᠡᠳᠡᠨ᠎ᠡ᠃ ᠶᠠᠭ᠋ᠠᠬᠢᠯ᠎ᠠ ᠴᠤ᠌ ᠭᠡᠰᠡᠨ ᠲᠤᠮᠤ ᠬᠡᠯᠪᠡᠷᠢ ᠵᠢᠨ ᠤᠰᠤᠨ ᠴᠥᠭᠥᠷᠥᠮ᠎ᠲᠠᠢ ᠠᠳᠠᠯᠢ ᠦᠭᠡᠢ᠂ ᠦᠨᠳᠦᠰᠦᠨ ᠱᠠᠲᠤᠨ᠎ᠳᠤ ᠬᠦᠷᠬᠦ ᠲᠤᠳᠤᠮ ᠮᠡᠷᠭᠡᠵᠢᠯ᠎ᠤᠨ ᠬᠦᠴᠦᠨ ᠵᠶ᠋ᠠᠷ ᠤᠯᠠᠮ ᠳᠤᠲᠠᠭᠳᠠᠵᠤ᠂ ᠢᠷᠡᠭᠡᠳᠦᠢ᠎ᠳᠤ ᠲᠦᠷᠢᠮ᠎ᠤᠨ ᠲᠠᠯ᠎ᠠ᠎ᠪᠠᠷ ᠰᠢᠨ᠎ᠡ ᠠᠷᠭ᠎ᠠ ᠬᠡᠮᠵᠢ᠊ ᠢ᠎ᠡ ᠠᠪᠴᠤ ᠰᠢᠨ᠎ᠡ ᠵᠢ ᠡᠭᠦᠳᠬᠦ ᠴᠢᠬᠤᠯᠠᠲᠠᠢ ᠶᠤᠮ᠃ ᠪᠢᠳᠡ ᠲᠥᠪ᠎ᠤᠨ ᠱᠠᠭ᠋ᠠᠷᠳᠠᠯᠭ᠎ᠠ ᠶᠣᠰᠣᠭ᠋ᠠᠷ᠂ ᠦᠯᠡᠳᠡᠭᠳᠡᠯ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠵᠢ ᠪᠡᠶᠡᠯᠡᠭᠦᠯᠵᠦ᠂ 2025 ᠣᠨ᠎ᠤ ᠰᠡᠭᠦᠯᠴᠢ᠎ᠠᠴᠠ ᠡᠮᠦᠨ᠎ᠡ᠂ ᠣᠳᠣᠬᠠᠨ᠎ᠳᠤ ᠬᠢᠨᠠᠨ ᠲᠣᠭᠲᠠᠭ᠋ᠠᠭᠰᠠᠨ ᠥᠬᠡᠶ 3 ᠲᠦᠮᠡ ᠭᠠᠷᠤᠶ ᠤᠰᠤᠨ ᠴᠥᠭᠥᠷᠥᠮ᠎ᠤᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠪᠡᠶᠡᠯᠡᠭᠦᠯᠵᠦ᠂ ᠬᠡᠪᠰᠢᠭᠰᠡᠨ ᠲᠣᠭᠲᠠᠴᠠ ᠵᠢ ᠪᠠᠶ᠋ᠢᠭᠤᠯᠵᠤ᠂ ᠰᠡᠭᠦᠯᠡᠷ᠎ᠨᠢ ᠴᠠᠭ ᠲᠤᠬᠠᠶ᠎ᠳᠤᠨᠢ ᠬᠢᠨᠠᠨ ᠲᠣᠭᠲᠠᠭ᠋ᠠᠯᠲᠠ ᠬᠢᠵᠦ᠂ ᠠᠶᠤᠯ ᠭᠡᠮ᠎ᠲᠠᠢ ᠤᠰᠤᠨ ᠴᠥᠭᠥᠷᠥᠮ᠎ᠤᠨ ᠬᠠᠳᠠᠭ᠋ᠠᠯᠠᠯᠲᠠ ᠵᠢᠨ ᠬᠡᠮᠵᠢᠶ᠎ᠡ ᠵᠢ ᠴᠠᠭ ᠲᠤᠬᠠᠶ᠎ᠳᠤᠨᠢ ᠠᠷᠢᠯᠭ᠋ᠠᠵᠤ ᠪᠡᠬᠢᠵᠢᠭᠦᠯᠦᠨ᠎ᠡ᠃ ᠭᠤᠷᠪᠠ᠎ᠳᠤ᠂ ᠬᠡᠷᠡᠭᠵᠢᠭᠦᠯᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠶᠠᠰᠤ ᠴᠢᠨᠠᠷ᠎ᠢ ᠦᠨᠡᠨᠬᠦ ᠪᠠᠲᠤᠯᠠᠬᠤ ᠵᠢᠨ ᠬᠠᠮᠲᠤ᠂ ᠨᠢᠭᠡᠨᠲᠡ ᠬᠡᠷᠡᠭᠵᠢᠭᠦᠯᠦᠭᠰᠡᠨ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠪᠠᠷᠢᠯᠭ᠎ᠠ ᠵᠢ ᠴᠠᠭ ᠲᠤᠬᠠᠶ᠎ᠳᠤᠨᠢ ᠳᠠᠭᠤᠰᠬᠠᠵᠤ ᠰᠢᠯᠭ᠋ᠠᠨ ᠠᠪᠤᠨ᠎ᠠ᠃ ᠨᠢᠭᠡ ᠵᠢ ᠪᠡᠬᠢᠵᠢᠬᠦᠯᠦᠨ ᠳᠠᠭᠤᠰᠬᠠᠪᠠᠯ᠂ ᠨᠢᠭᠡ ᠵᠢ ᠰᠢᠯᠭ᠋ᠠᠨ ᠠᠪᠴᠤ᠂ ᠨᠢᠭᠡ ᠵᠢᠨ ᠦᠷ᠎ᠡ ᠠᠰᠢᠭ ᠪᠠᠳᠠᠷᠠᠭᠤᠯᠤᠨ᠎ᠠ᠃ ᠪᠠᠶᠠᠷᠯᠠᠯ᠎ᠠ᠃
      ᠳᠤᠮᠳᠠᠳᠤ ᠤᠯᠤᠰ᠎ᠤᠨ ᠠᠵᠤ ᠠᠬᠤᠶ ᠵᠢᠨ ᠰᠣᠨᠢᠨ ᠮᠡᠳᠡᠭᠡᠨ᠎ᠤ ᠮᠡᠳᠡᠭᠡ ᠵᠠᠩᠭᠢ ᠵᠢᠨ ᠬᠣᠷᠢᠶᠠᠨ᠎ᠤ ᠰᠤᠷᠪᠤᠯᠵᠢᠯᠠᠭᠴᠢ᠄
     《ᠮᠡᠳᠡᠭᠳᠡᠯ》᠎ᠳᠤ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠭᠡᠮ᠎ᠢ ᠠᠷᠢᠯᠭ᠋ᠠᠨ ᠪᠡᠬᠢᠯᠡᠬᠦ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠲᠥᠷᠥᠯ ᠬᠤᠪᠢᠶᠠᠨ ᠲᠡᠭᠦᠯᠳᠡᠷᠵᠢᠭᠦᠯᠵᠦ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ ᠭᠡᠮ᠎ᠢ ᠠᠷᠢᠯᠭ᠋ᠠᠨ ᠪᠡᠬᠢᠯᠡᠬᠦ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠬᠠᠷᠢᠭᠤᠴᠠᠨ ᠲᠣᠬᠢᠷᠠᠭᠤᠯᠬᠤ ᠬᠡᠷᠡᠭᠲᠡᠶ ᠭᠡᠵᠦ ᠳᠤᠷᠠᠳᠪᠠ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠲᠠᠷᠠᠭ᠋ᠠᠴᠢ ᠵᠢᠨ ᠠᠯᠬᠤᠮ᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠲᠣᠮᠣ ᠳᠤᠮᠳᠠ ᠬᠡᠯᠪᠡᠷᠢ ᠵᠢᠨ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠭᠡᠮ᠎ᠢ ᠠᠷᠢᠯᠭ᠋ᠠᠨ ᠪᠡᠬᠢᠯᠡᠬᠦ ᠠᠵᠢᠯ᠎ᠢ ᠳᠡᠮᠵᠢᠬᠦ ᠪᠣᠶ? ᠪᠠᠶᠠᠷᠯᠠᠯ᠎ᠠ᠃
      ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠬᠥᠳᠡᠭᠡ ᠲᠣᠰᠬᠣᠨ᠎ᠤ ᠠᠵᠤ ᠠᠬᠤᠶ ᠵᠢᠨ ᠵᠤᠷᠭ᠋ᠠᠨ᠎ᠤ ᠳᠠᠷᠤᠭ᠎ᠠ ᠦ᠋ ᠰᠢᠶᠤᠤ᠄ ᠲᠠᠨ᠎ᠤ ᠠᠰᠠᠭᠤᠯᠳᠠ᠎ᠳᠤ ᠪᠠᠶᠠᠷᠯᠠᠯ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠶᠢ ᠵᠢᠨ ᠳᠤᠷᠠᠳᠤᠭᠰᠠᠨ 《ᠮᠡᠳᠡᠭᠳᠡᠯ》᠎ᠳᠤ ᠱᠠᠭ᠋ᠠᠷᠳᠠᠭᠰᠠᠨ ᠵᠶ᠋ᠠᠷ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠦᠪᠯᠡᠯ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠲᠣᠬᠢᠷᠠᠭᠤᠯᠤᠨ ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠳᠡᠮᠵᠢᠬᠦ ᠬᠡᠷᠡᠭᠲᠡᠶ᠃ ᠰᠠᠶᠢ ᠡᠳ᠋᠎ᠤᠨ ᠵᠠᠰᠠᠭ᠎ᠤᠨ ᠶᠠᠮᠤᠨ᠎ᠤ ᠵᠢᠶᠠᠩ ᠳ᠋ᠠ ᠢᠦᠢ ᠨᠥᠬᠥᠷ᠎ᠤᠨ ᠲᠠᠨᠢᠯᠴᠠᠭᠤᠯᠤᠭᠰᠠᠨ ᠵᠶ᠋ᠠᠷ ᠪᠣᠯ ᠡᠳ᠋᠎ᠤᠨ ᠵᠠᠰᠠᠭ᠎ᠤᠨ ᠲᠠᠯ᠎ᠠ᠎ᠪᠠᠷ ᠭᠣᠣᠯᠳᠠᠭᠤ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠲᠡᠮᠵᠢᠨ᠎ᠠ᠃ ᠬᠡᠮᠵᠢᠶ᠎ᠡ᠎ᠨᠢ ᠪᠠᠰᠠ ᠨᠡᠯᠢᠶᠡᠳ ᠶᠡᠬᠡ᠃ ᠭᠡᠪᠡᠴᠦ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠨᠢ ᠪᠠᠰᠠ ᠲᠡᠭᠦᠨ᠎ᠤ ᠲᠣᠪᠣᠢ᠍ᠮ᠎ᠠ ᠴᠢᠬᠤᠯᠠ ᠴᠢᠨᠠᠷ᠎ᠲᠠᠢ᠃ ᠤᠳᠦ ᠮᠠᠨ᠎ᠤ ᠤᠯᠤᠰ᠎ᠤᠨ ᠲᠤᠮᠦ ᠳᠤᠮᠳᠠ ᠬᠡᠯᠪᠡᠷᠢ ᠵᠢᠨ ᠤᠰᠦᠠ ᠴᠥᠭᠥᠷᠥᠮ᠎ᠤᠨ ᠪᠦᠬᠦ ᠲᠣᠭ᠎ᠠ 4700 ᠪᠠᠶ᠋ᠢᠵᠤ᠂ ᠮᠠᠨ᠎ᠤ ᠤᠯᠤᠰ᠎ᠤᠨ ᠪᠦᠬᠦ ᠤᠰᠦᠠ ᠴᠥᠭᠥᠷᠥᠮ᠎ᠤᠨ ᠲᠣᠭ᠎ᠠ ᠬᠡᠮᠵᠢᠶᠡᠨ᠎ᠳᠤ ᠡᠵᠡᠯᠡᠬᠦ ᠬᠤᠪᠢ ᠵᠢᠨ ᠵᠢᠩ᠎ᠨᠢ 5 % ᠬᠦᠷᠬᠦ ᠤᠢ᠍ᠭᠡᠢ᠂ ᠲᠣᠭ᠎ᠠ ᠬᠡᠮᠵᠢᠶᠡᠨ᠎ᠤ ᠲᠠᠯ᠎ᠠ᠎ᠪᠠᠷ ᠡᠵᠡᠯᠡᠬᠦ ᠬᠤᠪᠢ ᠵᠢᠨ ᠵᠢᠩ᠎ᠨᠢ ᠨᠡᠯᠢᠶᠡᠳ ᠳᠣᠣᠷ᠎ᠠ ᠪᠠᠶ᠋ᠢᠨ᠎ᠠ᠂ ᠭᠡᠪᠡᠴᠦ ᠴᠥᠭᠥᠷᠥᠮ᠎ᠤᠨ ᠪᠠᠭᠲᠠᠭ᠋ᠠᠮᠵᠢ ᠵᠢᠨ ᠲᠠᠯ᠎ᠠ᠎ᠪᠠᠷ᠎ᠬᠢ ᠦᠢ᠍ᠯᠡᠳᠦᠯ᠎ᠨᠢ ᠮᠥᠨ ᠯᠡ ᠲᠤᠶ᠋ᠢᠯ᠎ᠤᠨ ᠲᠤᠪᠦ᠋ᠢ᠍ᠮ᠎ᠠ ᠪᠠᠶ᠋ᠢᠳᠠᠭ᠂ ᠶᠡᠷᠦᠩᠬᠡᠶ ᠴᠥᠭᠥᠷᠥᠮ᠎ᠤᠨ ᠪᠠᠭᠲᠠᠭ᠋ᠠᠮᠵᠢ 8000 ᠭᠠᠷᠤᠶ ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠪᠥᠬᠥ ᠤᠯᠤᠰ᠎ᠤᠨ 9 . 8 ᠲᠦᠮᠡᠨ ᠤᠰᠤᠨ ᠴᠥᠭᠥᠷᠥᠮ᠎ᠤᠨ ᠶᠡᠷᠦᠩᠬᠡᠶ ᠪᠠᠭᠲᠠᠭ᠋ᠠᠮᠵᠢ ᠵᠢᠨ 92 %᠎ᠢ ᠡᠵᠡᠯᠡᠪᠡ᠃ ᠡᠶ᠋ᠢᠮᠦ᠎ᠠᠴᠠ ᠲᠤᠮᠦ ᠳᠤᠮᠳᠠ ᠬᠡᠯᠪᠡᠷᠢ ᠵᠢᠨ ᠤᠰᠦᠠ ᠴᠥᠭᠥᠷᠥᠮ᠎ᠤᠨ ᠦᠶᠡᠷ ᠤᠰᠤᠲᠤᠯ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ᠂ ᠬᠤᠳᠠ ᠬᠥᠳᠡᠭᠡ ᠵᠢᠨ ᠤᠰᠤ ᠬᠠᠩᠭ᠋ᠠᠬᠤ ᠪᠠ ᠲᠠᠷᠢᠶᠠᠯᠠᠩ᠎ᠤᠨ ᠤᠰᠤᠯᠠᠯᠲᠠ ᠵᠢ ᠪᠠᠲᠤᠯᠠᠬᠤ ᠵᠢᠴᠢ ᠭᠣᠣᠯ ᠮᠥᠷᠡᠨ᠎ᠤ ᠡᠯᠡᠰᠦ ᠰᠢᠪᠠᠷ᠎ᠢ ᠲᠤᠬᠢᠷᠡᠭᠤᠯᠦᠠ ᠡᠵᠡᠮᠳᠡᠬᠦ᠂ ᠠᠮᠢ ᠠᠬᠤᠢ ᠵᠢᠨ ᠣᠷᠴᠢᠨ ᠨᠥᠬᠥᠴᠡᠯ᠎ᠢ ᠰᠠᠶ᠋ᠢᠵᠢᠷᠠᠭᠤᠯᠬᠤ ᠵᠡᠷᠭᠡ ᠲᠠᠯ᠎ᠠ᠎ᠪᠠᠷ ᠦᠵᠡᠭᠦᠯᠬᠦ ᠦᠢ᠍ᠯᠡᠳᠦᠯ᠎ᠨᠢ ᠯᠤᠲᠤ ᠶᠡᠬᠡ ᠪᠠᠶ᠋ᠢᠳᠠᠭ᠃ ᠨᠥᠭᠥᠭᠡ ᠲᠠᠯ᠎ᠠ᠎ᠠᠴᠠ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ᠎ᠨᠢ ᠶᠡᠬᠡ ᠪᠠᠶ᠋ᠢᠵᠤ᠂ ᠰᠠᠪᠠ ᠭᠠᠵᠠᠷ ᠣᠷᠣᠨ᠎ᠤ ᠦᠶᠡᠷ᠎ᠢ ᠰᠡᠷᠭᠡᠶ᠋ᠢᠯᠡᠬᠦ ᠪᠦᠬᠦ ᠲᠠᠯ᠎ᠠ᠎ᠳᠤ ᠬᠣᠯᠪᠣᠭᠳᠠᠵᠤ᠂ ᠦᠢ᠍ᠯᠡᠳᠦᠯ᠎ᠨᠢ ᠨᠡᠯᠢᠶᠡᠳ ᠲᠤᠪᠤᠢ᠍ᠢ᠍ᠮ᠎ᠠ ᠪᠠᠶ᠋ᠢᠳᠠᠭ ᠪᠣᠯᠬᠣᠷ ᠪᠠᠷᠢᠯᠭ᠎ᠠ ᠵᠢᠨ ᠠᠮᠤᠷ ᠲᠦᠪᠰᠢᠨ᠎ᠳᠤ ᠠᠯᠳᠠᠰᠢ ᠭᠠᠷᠭ᠋ᠠᠵᠤ ᠪᠣᠯᠬᠤ ᠦᠭᠡᠢ᠃ ᠡᠨᠡ ᠪᠣᠯ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠭᠡᠮ᠎ᠢ ᠠᠷᠢᠯᠭ᠋ᠠᠨ ᠪᠡᠬᠢᠯᠡᠬᠦ ᠶᠠᠪᠤᠳᠠᠯ᠎ᠢ ᠨᠢᠭᠡᠨ ᠭᠣᠣᠯᠳᠠᠯᠭ᠎ᠠ ᠪᠣᠯᠭ᠋ᠠᠵᠤ ᠣᠨᠴᠠᠭ᠋ᠠᠶ᠋ᠢᠯᠠᠨ ᠴᠢᠩᠭ᠋ᠠᠳᠬᠠᠬᠤ ᠬᠡᠷᠡᠭᠲᠡᠶ᠃ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠮᠡᠳᠡᠭᠳᠡᠯ》᠎ᠳᠤ ᠱᠠᠭ᠋ᠠᠷᠳᠠᠭᠰᠠᠨ ᠵᠶ᠋ᠠᠷ᠂ ᠭᠤᠤᠯᠳᠠᠭᠤ ᠤᠰᠤᠨ ᠠᠰᠢᠭᠯᠠᠯᠲᠠ ᠵᠢᠨ ᠶᠠᠮᠤᠨ᠎ᠲᠠᠢ ᠬᠠᠮᠵᠢᠯᠴᠠᠨ ᠡᠯ᠎ᠡ ᠭᠠᠵᠠᠷ᠎ᠤᠨ ᠲᠣᠮᠣ ᠳᠤᠮᠳᠠ ᠬᠡᠯᠪᠡᠷᠢ ᠵᠢᠨ ᠡᠮᠵᠡᠭ ᠠᠶᠤᠯᠲᠠᠶ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠢᠳᠡᠪᠬᠢᠲᠡᠶ ᠳᠡᠮᠵᠢᠨ ᠵᠢᠯᠣᠭᠣᠳᠴᠤ᠂ ᠭᠤᠤᠯᠳᠠᠭᠤ ᠳᠥᠷᠪᠡᠨ ᠲᠠᠯ᠎ᠠ᠎ᠠᠴᠠ ᠡᠨᠡ ᠬᠦ᠌ ᠠᠵᠢᠯ᠎ᠢ ᠰᠠᠶ᠋ᠢᠲᠤᠷ ᠬᠢᠬᠦ ᠬᠡᠷᠡᠭᠲᠡᠶ᠄
      ᠨᠢᠭᠡ᠎ᠳᠤ ᠲᠥᠪ᠎ᠤᠨ ᠪᠡᠯᠡ ᠣᠷᠣᠭᠤᠯᠤᠯᠲᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠤᠨ᠎ᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ ᠢᠮᠠᠭᠲᠠ ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠤᠷᠢᠳ ᠵᠶ᠋ᠠᠷ ᠲᠣᠬᠢᠷᠠᠭᠤᠯᠬᠤ ᠬᠡᠪᠴᠢᠶᠡᠨ᠎ᠳᠤ ᠤᠷᠤᠭᠤᠯᠵᠤ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢ ᠨᠡᠶ᠋ᠢᠲᠡ 81 . 29 ᠳ᠋ᠦᠩᠰᠢᠭᠤᠷ ᠲᠥᠭᠥᠷᠢᠭ ᠲᠣᠬᠢᠷᠠᠭᠤᠯᠵᠤ᠂ 250 ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠦᠬᠦᠷᠡᠮ᠎ᠤᠨ ᠠᠶᠤᠯ᠎ᠢ ᠠᠷᠢᠯᠭ᠋ᠠᠨ ᠪᠡᠬᠢᠵᠢᠬᠦᠯᠬᠦ ᠵᠢ ᠦᠨᠡᠨ ᠬᠦ᠌       ᠪᠠᠲᠤᠯᠠᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠲᠥᠷᠥᠯ   ᠵᠦᠢ᠍ᠯ᠎ᠤᠨ ᠪᠠᠯᠠ ᠣᠷᠣᠭᠤᠯᠤᠯᠲᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠨᠥᠬᠥᠴᠡᠯ᠎ᠳᠤ ᠨᠡᠶ᠋ᠢᠴᠡᠬᠦ ᠲᠥᠷᠥᠯ ᠵᠦᠶᠯ᠎ᠳᠤ ᠪᠠᠲᠤᠯᠠᠪᠠᠰᠤ ᠵᠣᠬᠢᠬᠤ ᠵᠢ᠎ᠨᠢ ᠪᠦᠬᠦᠨ᠎ᠢ ᠪᠠᠲᠤᠯᠠᠬᠤ ᠵᠢ ᠪᠡᠶᠡᠯᠡᠭᠦᠯᠵᠦ ᠡᠩ ᠲᠡᠷᠢᠭᠦᠨ᠎ᠳᠤ ᠳᠡᠮᠵᠢᠨ᠎ᠡ᠃ 2021 ᠣᠨ᠎ᠳᠤ ᠪᠢᠳᠡ ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠢᠨᠵᠧᠨᠧᠷᠢᠩ᠎ᠤᠨ ᠲᠥᠪ᠎ᠤᠨ ᠲᠥᠰᠦᠪ᠎ᠤᠨ ᠳᠣᠲᠣᠷᠠᠬᠢ ᠪᠠᠯᠠ ᠣᠷᠣᠭᠤᠯᠤᠯᠲᠠ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ 40 ᠳ᠋ᠦᠩᠰᠢᠭᠤᠷ ᠲᠥᠭᠥᠷᠢᠭ ᠪᠣᠯᠭ᠋ᠠᠬᠤ᠎ᠪᠠᠷ ᠠᠩᠬ᠎ᠠ ᠠᠯᠬᠤᠮ ᠲᠣᠭᠲᠠᠭ᠋ᠠᠪᠠ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠵᠢᠯ ᠳᠤᠮᠳᠠᠴᠢ ᠪᠠᠯᠠ ᠣᠷᠣᠭᠤᠯᠤᠯᠲᠠ ᠵᠢᠨ ᠬᠢᠷᠢ ᠬᠡᠮᠵᠢᠶ᠎ᠡ ᠪᠠᠷᠤᠭ 16 ᠭᠠᠷᠤᠶ ᠳ᠋ᠦᠩᠰᠢᠭᠤᠷ ᠲᠥᠭᠥᠷᠢᠭ ᠪᠠᠶ᠋ᠢᠵᠤ᠂ ᠡᠨᠡ ᠵᠢᠯ᠎ᠠᠴᠠ ᠡᠬᠢᠯᠡᠨ ᠵᠢᠯ᠎ᠤᠨ ᠪᠠᠯᠠ ᠣᠷᠣᠭᠤᠯᠤᠯᠲᠠ ᠵᠢᠨ ᠬᠡᠪᠴᠢᠶ᠎ᠡ ᠵᠢ ᠨᠢᠬᠡ ᠳᠠᠬᠢᠨ ᠨᠡᠮᠡᠭᠳᠡᠬᠦᠯᠦᠨ᠎ᠡ᠂ ᠡᠬᠦᠨ᠎ᠳᠤ ᠲᠦᠷᠦᠭᠦᠦ ᠪᠦᠯᠦᠭ᠎ᠤᠨ ᠪᠡᠯᠡ ᠣᠷᠣᠭᠤᠯᠤᠯᠲᠠ ᠵᠢᠨ 34 ᠳ᠋ᠦᠩᠰᠢᠭᠤᠷ ᠲᠥᠭᠥᠷᠢᠭ᠎ᠢ ᠨᠢᠭᠡᠨᠲᠡ ᠪᠠᠭᠤᠯᠭ᠋ᠠᠪᠠ᠃
      ᠬᠣᠶᠠᠷ᠎ᠲᠤ᠂ ᠲᠥᠪ᠎ᠤᠨ ᠪᠡᠯᠡ ᠣᠷᠣᠭᠤᠯᠤᠯᠲᠠ ᠵᠢᠨ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠡ᠃ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠨᠢ ᠵᠡᠭᠦᠨ ᠳᠤᠮᠳᠠ ᠪᠠᠷᠠᠭᠤᠨ ᠣᠷᠣᠨ᠎ᠢ ᠢᠯᠭ᠋ᠠᠨ ᠵᠦᠷᠢᠶᠡᠴᠢᠯᠡᠭᠰᠡᠨ ᠪᠡᠯᠡ ᠣᠷᠣᠭᠤᠯᠤᠯᠲᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠯ᠎ᠡ ᠭᠠᠵᠠᠷ᠎ᠤᠨ᠎ᠬᠢᠨ᠎ᠤ ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠢ ᠳᠡᠮᠵᠢᠨ᠎ᠡ᠃ ᠣᠳᠣᠬᠠᠨ᠎ᠳᠤ ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠵᠢᠭᠦᠯᠬᠦ ᠪᠠᠷᠢᠯᠭ᠎ᠠ ᠪᠣᠯ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠲᠣᠬᠢᠷᠠᠭᠤᠯᠤᠭᠰᠠᠨ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠨᠥᠬᠥᠪᠥᠷᠢ ᠵᠢᠨ ᠬᠠᠷᠢᠴᠠᠯ ᠬᠠᠮᠤᠭ ᠥᠨᠳᠥᠷ ᠲᠥᠷᠥᠯ   ᠵᠦᠢ᠍ᠯ᠎ᠤᠨ ᠨᠢᠭᠡ ᠪᠤᠯᠤᠨ᠎ᠠ᠃ ᠡᠭᠦᠨ᠎ᠤ ᠳᠣᠲᠣᠷ᠎ᠠ ᠪᠠᠷᠠᠭᠤᠨ ᠬᠡᠰᠡᠭ᠎ᠤᠨ ᠮᠤᠵᠢ ᠣᠷᠣᠨ᠎ᠤ ᠲᠤᠮᠤ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠢᠨᠵᠧᠨᠧᠷᠢᠩ᠎ᠤᠨ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠨᠥᠬᠥᠪᠥᠷᠢ ᠵᠢᠨ ᠬᠠᠷᠢᠴᠠᠯ᠎ᠢ 80 %᠎ᠳᠤ ᠬᠦᠷᠭᠡᠨ᠎ᠡ᠂ ᠡᠭᠦᠨ᠎ᠤ ᠵᠣᠷᠢᠯᠭ᠎ᠠ᠎ᠨᠢ ᠳᠠᠷᠤᠢ ᠲᠥᠪ᠎ᠠᠴᠠ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ᠎ᠪᠠᠷ ᠳᠠᠮᠵᠢᠭᠤᠯᠤᠨ᠂ ᠲᠤᠮᠤ ᠳᠤᠮᠳᠠ ᠬᠡᠯᠪᠡᠷᠢ ᠵᠢᠨ   ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠬᠤ ᠵᠢ ᠡᠩ ᠲᠡᠷᠢᠭᠦᠨ᠎ᠳᠤ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠃ ᠡᠭᠦᠨ᠎ᠤ ᠬᠠᠮᠲᠤ᠂ ᠪᠢᠳᠡ ᠣᠷᠣᠨ ᠨᠤᠲᠤᠭ᠎ᠤᠨ ᠪᠠᠯᠠ ᠣᠷᠣᠭᠤᠯᠤᠯᠲᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠬᠠᠮᠲᠤ ᠨᠡᠶ᠋ᠢᠭᠡᠮ᠎ᠤᠨ ᠬᠥᠷᠥᠩᠭᠡ ᠵᠢᠨ ᠣᠷᠣᠭᠤᠯᠤᠯᠲᠠ ᠵᠢ ᠵᠣᠷᠢᠭᠵᠢᠭᠤᠯᠵᠤ᠂ ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠲᠦᠭᠰᠢᠭᠦᠷᠢ ᠵᠢ ᠲᠦᠷᠭᠡᠬᠡᠨ ᠠᠷᠢᠯᠭ᠋ᠠᠵᠤ ᠨᠤᠮᠧᠷ᠎ᠢ᠎ᠨᠢ ᠬᠠᠰᠤᠬᠤ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
      ᠭᠤᠷᠪᠠ᠎ᠳᠤ ᠲᠥᠷᠥᠯ ᠵᠦᠶᠯ᠎ᠤᠨ ᠬᠡᠷᠡᠭᠵᠢᠭᠦᠯᠦᠯᠲᠡ ᠵᠢ ᠡᠮᠬᠢ ᠵᠢᠷᠤᠮ᠎ᠲᠠᠢ ᠠᠬᠢᠭᠤᠯᠤᠨ᠎ᠠ᠃ ᠪᠢᠳᠡ ᠤᠰᠤᠨ ᠠᠰᠢᠭᠯᠠᠯᠲᠠ ᠵᠢᠨ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠪᠦᠬᠦ ᠤᠯᠤᠰ᠎ᠤᠨ ᠲᠤᠮᠤ ᠳᠤᠮᠳᠠ ᠬᠡᠯᠪᠡᠷᠢ ᠵᠢᠨ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠭᠡᠮ᠎ᠲᠠᠢ ᠪᠠᠶ᠋ᠢᠳᠠᠯ᠎ᠢ ᠡᠮᠬᠢᠯᠡᠬᠦ᠂ ᠲᠠᠬᠢᠨ ᠬᠢᠨᠠᠬᠤ᠂ ᠬᠡᠷᠡᠭᠵᠢᠭᠦᠯᠬᠦ ᠲᠥᠰᠦᠯ᠎ᠢ ᠨᠠᠶ᠋ᠢᠷᠠᠭᠤᠯᠤᠨ ᠵᠣᠬᠢᠶᠠᠬᠤ ᠠᠵᠢᠯ᠎ᠢ ᠤᠯᠠᠨ ᠤᠳᠠᠭ᠎ᠠ ᠵᠣᠬᠢᠶᠠᠨ ᠪᠠᠶ᠋ᠢᠭᠤᠯᠪᠠ᠃ 2019 ᠣᠨ᠎ᠳᠤ᠂ ᠤᠰᠤᠨ ᠠᠰᠢᠭᠯᠠᠯᠲᠠ ᠵᠢᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠬᠠᠮᠲᠤᠷᠠᠨ 《ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠤᠰᠤᠨ ᠠᠰᠢᠭᠯᠠᠯᠲᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠠᠶᠤᠯ ᠲᠦᠭᠰᠢᠭᠦᠷᠢ ᠵᠢᠨ ᠠᠰᠠᠭᠤᠳᠠᠯ ᠣᠷᠣᠰᠢᠵᠤ ᠪᠠᠶ᠋ᠢᠭ᠎ᠠ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠢ 《ᠬᠡᠷᠡᠭᠵᠢᠭᠦᠯᠬᠦ ᠲᠥᠰᠦᠯ》᠎ᠳᠤ ᠣᠷᠣᠭᠤᠯᠪᠠ᠃ ᠣᠳᠣᠬᠠᠨ᠎ᠳᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠪᠣᠯᠤᠨ ᠤᠰᠤᠨ ᠠᠰᠢᠭᠯᠠᠯᠲᠠ ᠵᠢᠨ ᠶᠠᠮᠤᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠨᠢᠭᠡᠨᠲᠡ ᠪᠡᠶᠡᠯᠡᠭᠦᠯᠦᠭᠰᠡᠨ 200 ᠭᠠᠷᠤᠶ ᠲᠣᠮᠣ ᠳᠤᠮᠳᠠ ᠬᠡᠯᠪᠡᠷᠢ ᠵᠢᠨ ᠠᠶᠤᠯ ᠭᠡᠮ᠎ᠲᠠᠢ ᠤᠰᠤᠨ ᠴᠥᠭᠥᠷᠥᠮ᠎ᠤᠨ ᠠᠶᠤᠯ ᠭᠡᠮ᠎ᠢ ᠠᠷᠢᠯᠭ᠋ᠠᠨ ᠪᠡᠬᠢᠵᠢᠭᠦᠯᠬᠦ ᠬᠠᠮᠢᠶ᠎ᠠ ᠪᠦᠬᠦᠢ ᠠᠵᠢᠯ᠎ᠢ ᠱᠠᠯᠠᠪᠳᠠᠨ ᠠᠬᠢᠭᠤᠯᠵᠤ᠂ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠪᠠᠲᠤᠯᠠᠵᠤ ᠪᠠᠶ᠋ᠢᠨ᠎ᠠ᠃ ᠠᠵᠢᠯ ᠡᠬᠢᠯᠡᠭᠦᠯᠦᠭᠡᠳᠦᠶ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ ᠪᠠᠢ᠍ᠢ᠍ᠨ᠎ᠠ᠃
      ᠳᠥᠷᠪᠡ᠎ᠳᠤ ᠬᠢᠨᠠᠯᠲᠠ ᠲᠠᠯᠪᠢᠵᠤ ᠵᠢᠯᠣᠭᠣᠳᠬᠤ ᠡᠷᠴᠢᠮ ᠵᠶ᠋ᠠᠨ ᠨᠡᠮᠡᠭᠳᠡᠭᠦᠯᠦᠨ᠎ᠡ᠃ ᠪᠢᠳᠡ ᠤᠰᠤᠨ ᠠᠰᠢᠭᠯᠠᠯᠲᠠ ᠵᠢᠨ ᠶᠠᠮᠤᠨ᠎ᠲᠠᠢ ᠬᠠᠮᠲᠤ᠎ᠪᠠᠷ ᠣᠷᠣᠨ ᠨᠤᠲᠤᠭ᠎ᠢ ᠱᠠᠯᠠᠪᠳᠠᠭᠤᠯᠤᠨ ᠵᠢᠯᠣᠭᠣᠳᠴᠤ ᠪᠠᠶ᠋ᠢᠭ᠋ᠠᠳ ᠲᠤᠮᠤ ᠳᠤᠮᠳᠠ ᠬᠡᠯᠪᠡᠷᠢ ᠵᠢᠨ ᠠᠶᠤᠯ ᠬᠡᠮ᠎ᠲᠠᠢ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠵᠦᠢ᠍ᠯᠡᠰ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠵᠦ᠂ ᠮᠡᠷᠭᠡᠵᠢᠯ᠎ᠤᠨ ᠬᠦᠴᠦᠨ᠎ᠢ ᠲᠥᠪᠯᠡᠷᠡᠭᠦᠯᠦᠨ ᠴᠥᠭᠥᠷᠥᠮ᠎ᠤᠨ ᠬᠠᠰᠢᠯᠭ᠎ᠠ ᠵᠢᠨ ᠠᠶᠤᠯᠭᠦᠢ ᠵᠢᠨ ᠬᠢᠨᠠᠨ ᠲᠣᠭᠲᠠᠭ᠋ᠠᠯᠲᠠ ᠪᠠ ᠬᠠᠶ᠋ᠢᠨ ᠬᠡᠮᠵᠢᠯᠲᠡ ᠵᠢᠨ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂ ᠵᠦᠢ᠍ᠯᠡᠰ᠎ᠢ ᠬᠢᠨᠠᠨ ᠪᠠᠶ᠋ᠢᠴᠠᠭ᠋ᠠᠬᠤ ᠪᠠ ᠬᠢᠨᠠᠨ ᠵᠥᠪᠰᠢᠶᠡᠷᠡᠬᠦ ᠠᠵᠢᠯ᠎ᠢ ᠡᠩ ᠲᠡᠷᠢᠭᠦᠨ᠎ᠳᠤ ᠵᠣᠬᠢᠶᠠᠨ ᠪᠠᠶ᠋ᠢᠭᠤᠯᠵᠤ ᠰᠠᠶ᠋ᠢᠲᠤᠷ ᠬᠢᠨ᠎ᠡ᠂ ᠡᠭᠦᠨ᠎ᠤ ᠬᠠᠮᠲᠤ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠣᠬᠢᠷᠠᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠣᠷᠣᠨ ᠨᠤᠲᠤᠭ᠎ᠢ ᠱᠠᠯᠠᠪᠳᠠᠭᠤᠯᠵᠤ ᠪᠠᠶ᠋ᠢᠭ᠋ᠠᠳ ᠪᠡᠯᠡ ᠣᠷᠣᠭᠤᠯᠤᠯᠲᠠ ᠵᠢᠨ ᠲᠥᠯᠥᠪᠯᠡᠭᠡ ᠵᠢ ᠴᠠᠭ ᠲᠤᠬᠠᠶ᠎ᠳᠤᠨᠢ ᠪᠠᠭᠤᠯᠭ᠋ᠠᠭᠤᠯᠵᠤ᠂ ᠲᠥᠷᠥᠯ ᠵᠦᠢ᠍ᠯ᠎ᠤᠨ ᠡᠷᠲᠡᠬᠡᠨ ᠠᠵᠢᠯ ᠡᠬᠢᠯᠡᠭᠦᠯᠬᠦ ᠵᠢ ᠲᠦᠯᠬᠢᠨ ᠠᠬᠢᠭᠤᠯᠵᠤ᠂ ᠪᠠᠷᠢᠯᠭ᠎ᠠ ᠪᠠᠷᠢᠬᠤ ᠶᠠᠰᠤ ᠴᠢᠨᠠᠷ᠎ᠢ ᠦᠨᠡᠨᠬᠦ ᠪᠠᠲᠤᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠳᠠᠷᠤᠶ᠋ᠢᠬᠠᠨ ᠪᠣᠶ ᠪᠣᠯᠭ᠋ᠠᠵᠤ᠂ ᠤᠰᠤᠨ ᠴᠥᠭᠥᠷᠥᠮ᠎ᠤᠨ ᠭᠡᠮ ᠰᠣᠭᠣᠭ ᠠᠶᠤᠯ ᠲᠦᠭᠰᠢᠭᠦᠷᠢ᠎ᠲᠠᠢ ᠠᠰᠠᠭᠤᠳᠠᠯ᠎ᠢ ᠴᠠᠭ ᠲᠤᠬᠠᠶ᠎ᠳᠤᠨᠢ ᠠᠷᠢᠯᠭ᠋ᠠᠨ᠎ᠠ᠃ ᠪᠠᠶᠠᠷᠯᠠᠯ᠎ᠠ᠃
      ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠣᠷᠢᠶ᠎ᠠ ᠵᠢᠨ ᠲᠥᠪ ᠷᠠᠳᠢᠣ᠋ ᠵᠢᠨ ᠰᠤᠷᠪᠤᠯᠵᠢᠯᠠᠭᠴᠢ᠄
ᠮᠢᠨᠦ ᠠᠰᠠᠭᠤᠯᠳᠠ ᠪᠤᠯ 《ᠮᠡᠳᠡᠭᠳᠡᠯ》᠎ᠳᠤ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠤ ᠬᠠᠮᠢᠶᠠᠷᠤᠯᠳᠠ ᠬᠠᠮᠠᠭ᠋ᠠᠯᠠᠯᠳᠠ ᠵᠢᠨ ᠠᠵᠢᠯ᠎ᠢ ᠴᠢᠩᠭ᠋ᠠᠳᠬᠠᠬᠤ ᠬᠠᠷᠠᠯᠲᠠ ᠡᠭᠦᠷᠭᠡ ᠵᠢ ᠪᠡᠶᠡᠯᠡᠭᠦᠯᠬᠦ ᠵᠢᠨ ᠵᠠᠩᠭᠢᠯᠠᠭ᠎ᠠ᠎ᠨᠢ ᠶᠠᠭᠤ ᠪᠤᠢ? ᠪᠠᠶᠠᠷᠯᠠᠯ᠎ᠠ᠃
      ᠸᠧᠶ ᠱᠠᠨ ᠵᠥᠩ᠄ ᠪᠢ ᠲᠠᠨ᠎ᠤ ᠠᠰᠠᠭᠤᠯᠲᠠ ᠵᠢ ᠬᠠᠷᠢᠭᠤᠯᠤᠶ᠎ᠠ᠃ ᠪᠢ ᠬᠠᠷᠢᠭᠤᠯᠬᠤ᠎ᠠᠴᠠ ᠡᠮᠦᠨ᠎ᠡ᠂ ᠳᠣᠲᠣᠷ᠎ᠠ᠎ᠨᠢ ᠳᠤᠷᠠᠳᠤᠭᠰᠠᠨ ᠤᠬᠠᠭᠳᠠᠬᠤᠨ᠎ᠢ ᠶᠠᠷᠢᠶ᠎ᠠ᠂ ᠳᠠᠷᠤᠶ ᠠᠮᠤᠷ ᠲᠦᠪᠰᠢᠨ᠎ᠤ ᠰᠢᠯᠭ᠋ᠠᠨ ᠲᠣᠭᠲᠠᠭ᠋ᠠᠯᠲᠠ᠃ ᠰᠠᠶᠢᠬᠠᠨ ᠬᠡᠯᠡᠭᠰᠡᠨ ᠵᠶ᠋ᠠᠷ᠂ ᠨᠢᠭᠡᠨᠲᠡ 6 . 9 ᠲᠦᠮᠡᠨ ᠰᠠᠭᠤᠷᠢ ᠤᠰᠤᠨ ᠴᠦᠬᠦᠷᠡᠮ᠎ᠢ ᠪᠡᠬᠢᠵᠢᠭᠦᠯᠪᠡ᠂ ᠪᠠᠰᠠ 3 . 1 ᠲᠦᠮᠡᠨ ᠰᠠᠭᠤᠷᠢ ᠤᠰᠤᠨ ᠴᠥᠭᠥᠷᠥᠮ᠎ᠤᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠴᠠᠭ ᠳᠤᠬᠠᠢ᠎ᠳᠤᠨᠢ ᠬᠢᠭᠰᠡᠨ ᠦᠬᠡᠢ᠂ ᠤᠰᠤᠨ   ᠴᠥᠬᠥᠷᠥᠮ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠷᠭ᠎ᠠ᠂ ᠪᠠᠷᠢᠯᠭ᠎ᠠ ᠵᠢᠨ ᠨᠢᠭᠡᠳᠦᠭᠡᠷ ᠤᠳᠠᠭ᠋ᠠᠨ᠎ᠤ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠦᠨᠳᠦᠰᠦᠯᠡᠨ᠂ ᠤᠰᠤᠨ ᠴᠥᠭᠥᠷᠥᠮ᠎ᠤᠨ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠬᠤᠷᠢᠶᠠᠭᠰᠠᠨ᠎ᠤ ᠳᠠᠷᠠᠭ᠋ᠠᠬᠢ 5 ᠵᠢᠯ᠎ᠤᠨ ᠳᠣᠲᠣᠷ᠎ᠠ᠂ ᠡᠬᠦᠨ᠎ᠠᠴᠠ ᠳᠠᠷᠠᠭ᠋ᠠᠬᠢ 6 - 10 ᠵᠢᠯ᠎ᠤᠨ ᠳᠣᠲᠣᠷ᠎ᠠ ᠠᠶᠤᠯ ᠦᠭᠡᠢ ᠵᠢᠨ ᠬᠢᠨᠠᠨ ᠲᠣᠭᠲᠠᠭ᠋ᠠᠯᠲᠠ ᠬᠢᠬᠦ ᠬᠡᠷᠡᠭᠲᠡᠢ᠂ ᠡᠨᠡ ᠪᠣᠯ ᠨᠢᠭᠡᠨ ᠦᠨᠳᠦᠰᠦᠨ ᠤᠬᠠᠭᠳᠠᠬᠤᠨ ᠮᠥᠨ᠃ 《ᠮᠡᠳᠡᠭᠳᠡᠯ》᠎ᠤᠨ ᠬᠠᠷᠠᠯᠲᠠ ᠡᠭᠦᠷᠭᠡ᠎ᠨᠢ ᠪᠠᠷᠤᠭ ᠬᠣᠶᠠᠷ ᠵᠠᠩᠬᠢᠯᠠᠭ᠎ᠠ ᠵᠢᠨ ᠴᠠᠭ ᠪᠤᠢ᠃
      ᠨᠢᠭᠡᠳᠦᠭᠡᠷ᠎ᠲᠤ᠂ 2022 ᠣᠨ᠎ᠤ ᠵᠢᠯ᠎ᠤᠨ ᠡᠴᠦᠰ᠎ᠠᠴᠠ ᠡᠮᠦᠨ᠎ᠡ᠂ ᠪᠢᠳᠡ ᠭᠤᠷᠪᠠᠨ ᠵᠦᠢ᠍ᠯ᠎ᠤᠨ ᠠᠵᠢᠯ᠎ᠢ ᠬᠢᠬᠦ ᠬᠡᠷᠡᠭᠲᠡᠢ᠄ ᠨᠢᠭᠡ᠎ᠳᠤ᠂ ᠤᠳᠤ ᠨᠢᠭᠡᠨᠲᠡ ᠠᠶᠤᠯᠭᠦᠢ ᠵᠢᠨ ᠬᠢᠨᠠᠨ ᠲᠣᠭᠲᠠᠭ᠋ᠠᠯᠲᠠ ᠵᠢᠨ ᠲᠣᠭᠲᠠᠭ᠋ᠠᠭᠰᠠᠨ ᠬᠤᠭᠤᠴᠠᠭ᠎ᠠ᠎ᠳᠤ ᠬᠦᠷᠴᠦ᠂ ᠠᠶᠤᠯᠭᠦᠢ ᠵᠢᠨ ᠬᠢᠨᠠᠨ ᠲᠣᠭᠲᠠᠭ᠋ᠠᠯᠲᠠ ᠬᠢᠬᠦ ᠴᠢᠬᠤᠯᠠ᠎ᠲᠠᠢ ᠪᠠᠢ᠍ᠢ᠍ᠬᠤ᠎ᠳᠤ ᠬᠠᠷᠠᠬᠠᠨ ᠬᠢᠭᠡᠳᠦᠢ ᠪᠠᠶ᠋ᠢᠪᠠᠯ᠂ ᠢᠷᠡᠬᠦ ᠵᠢᠯ᠎ᠤᠨ ᠵᠢᠯ᠎ᠤᠨ ᠡᠴᠦᠰ᠎ᠠᠴᠠ ᠡᠮᠦᠨ᠎ᠡ ᠡᠷᠬᠡᠪᠰᠢ ᠬᠢᠨᠠᠨ ᠳᠤᠭᠳᠠᠭ᠋ᠠᠯᠳᠠ ᠬᠢᠵᠦ᠂ 3 . 1 ᠲᠦᠮᠡᠨ ᠤᠰᠤᠨ ᠴᠥᠭᠥᠷᠥᠮ᠎ᠤᠨ ᠠᠶᠤᠯᠭᠦᠢ ᠵᠢᠨ ᠬᠢᠨᠠᠨ ᠲᠣᠭᠲᠠᠭ᠋ᠠᠯᠲᠠ ᠵᠢ ᠪᠡᠶᠡᠯᠡᠭᠦᠯᠬᠦ ᠬᠡᠷᠡᠭᠲᠡᠢ᠃ ᠬᠣᠶᠠᠷ᠎ᠲᠤ᠂ ᠬᠣᠶᠠᠷ ᠵᠢᠯ᠎ᠤᠨ ᠳᠣᠲᠣᠷ᠎ᠠ ᠪᠢᠳᠡ ᠨᠢᠬᠡᠨᠳᠡ ᠬᠢᠨᠠᠨ ᠳᠤᠭᠳᠠᠭ᠋ᠠᠯᠳᠠ ᠬᠢᠭᠰᠡᠨ 256 ᠰᠠᠭᠤᠷᠢ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠳᠡᠭᠡᠷ᠎ᠡ ᠨᠢᠭᠡᠨᠲᠡ ᠬᠢᠨᠠᠨ ᠲᠣᠭᠲᠠᠭ᠋ᠠᠭᠰᠠᠨ 3 . 1 ᠲᠦᠮᠡᠨ ᠰᠠᠭᠤᠷᠢ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠨᠡᠮᠡᠪᠡᠯ᠂ ᠥᠩᠭᠡᠷᠡᠭᠰᠡᠨ᠎ᠤ ᠲᠤᠷᠰᠢᠯᠭ᠎ᠠ᠎ᠪᠠᠷ ᠪᠣᠯ ᠠᠶᠤᠯ ᠲᠦᠭᠰᠢᠭᠦᠷᠢ ᠵᠢᠨ ᠨᠣᠷᠮ᠎ᠠ 18 % ᠣᠷᠴᠢᠮ ᠪᠣᠯᠤᠨ᠎ᠠ᠂ ᠡᠳᠡᠭᠡᠷ ᠠᠶᠤᠯ ᠲᠦᠭᠰᠢᠭᠦᠷᠢ᠎ᠲᠠᠢ ᠤᠰᠤᠨ ᠴᠥᠭᠥᠷᠥᠮ᠎ᠢ ᠬᠣᠶᠠᠷ ᠵᠢᠯ᠎ᠤᠨ ᠳᠣᠲᠣᠷ᠎ᠠ ᠬᠦᠩᠬᠡᠨ᠎ᠠᠴᠠ ᠬᠦᠨᠳᠤ ᠳᠡᠰᠢ ᠠᠯᠬᠤᠷ ᠪᠠᠴᠢᠮ᠎ᠢ ᠤᠶᠠᠯᠳᠤᠭᠤᠯᠵᠤ᠂ ᠠᠶᠤᠯ ᠲᠦᠭᠰᠢᠭᠦᠷᠢ ᠬᠦᠨᠳᠦ ᠪᠠᠶ᠋ᠢᠭ᠎ᠠ᠎ᠳᠤᠨᠢ ᠴᠠᠭ ᠲᠤᠬᠠᠶ᠎ᠳᠤᠨᠢ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠬᠡᠷᠡᠭᠲᠡᠶ᠃ ᠭᠤᠷᠪᠠ᠎ᠳᠤ᠂ ᠬᠣᠶᠠᠷ ᠵᠢᠯ᠎ᠤᠨ ᠳᠣᠲᠣᠷ᠎ᠠ ᠪᠢᠳᠡ ᠦᠯᠢᠭᠡᠷ ᠵᠢᠱ᠌ᠢᠶ᠎ᠡ ᠪᠣᠯᠬᠤ ᠰᠢᠶᠠᠨ᠎ᠢ ᠡᠭᠦᠳᠦᠨ ᠪᠠᠶ᠋ᠢᠭᠤᠯᠬᠤ ᠵᠢ ᠱᠠᠯᠠᠪᠳᠠᠭᠤᠯᠵᠤ᠂ ᠢᠯᠠᠩᠭᠤᠶ᠎ᠠ ᠲᠠᠷᠠᠬᠠᠶ ᠪᠤᠲᠠᠷᠬᠠᠶ ᠬᠠᠮᠢᠶᠠᠷᠬᠤ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠵᠠᠭᠪᠤᠷ᠎ᠢ ᠬᠠᠶ᠋ᠢᠨ ᠰᠦᠪᠡᠭᠴᠢᠯᠡᠬᠦ ᠬᠡᠷᠡᠭᠲᠡᠶ᠃ ᠭᠤᠤᠯᠳᠠᠭᠤ ᠭᠤᠷᠪᠠᠨ ᠵᠦᠶᠯ᠎ᠤᠨ ᠵᠠᠭᠪᠤᠷ᠎ᠲᠠᠢ᠄ ᠨᠢᠭᠡ᠎ᠳᠤ᠂ ᠣᠷᠣᠨ ᠪᠦᠰᠡ᠎ᠪᠠᠷ ᠲᠥᠪᠯᠡᠷᠡᠭᠦᠯᠦᠨ ᠬᠠᠮᠢᠶᠠᠷᠴᠤ ᠬᠠᠮᠠᠭ᠋ᠠᠯᠠᠵᠤ᠂ ᠰᠢᠶᠠᠨ᠎ᠤ ᠬᠡᠪᠴᠢᠶ᠎ᠡ ᠪᠤᠶᠤ ᠰᠢᠶᠠᠩ ᠪᠠᠯᠭ᠋ᠠᠰᠤ᠎ᠪᠠᠷ ᠨᠢᠭᠡᠴᠢ ᠪᠣᠯᠭ᠋ᠠᠨ ᠲᠥᠪᠯᠡᠷᠡᠭᠦᠯᠦᠨ ᠬᠠᠮᠢᠶᠠᠷᠴᠤ ᠬᠠᠮᠠᠭ᠋ᠠᠯᠠᠨ᠎ᠠ; ᠬᠣᠶᠠᠷ᠎ᠲᠤ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠴᠤ᠂ ᠲᠤᠰᠬᠠᠶ᠋ᠢᠵᠢᠭᠰᠠᠨ ᠬᠠᠮᠢᠶᠠᠷᠤᠯᠲᠠ ᠬᠢᠨ᠎ᠡ; ᠭᠤᠷᠪᠠ᠎ᠳᠤ 《ᠶᠡᠬᠡ᠎ᠪᠠᠷ ᠪᠠᠭ᠎ᠠ ᠵᠢ ᠳᠠᠶ᠋ᠢᠴᠢᠯᠠᠬᠤ》 ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠬᠠᠮᠢᠶᠠᠷᠤᠯᠳᠠ ᠵᠢᠨ ᠨᠢᠭᠡᠴᠢ ᠬᠦᠴᠦᠨ ᠲᠤᠩ ᠶᠡᠬᠡ ᠪᠤᠯᠬᠤᠷ ᠲᠡᠳᠡᠨ ᠵᠶ᠋ᠠᠷ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠬᠠᠮᠢᠶᠠᠷᠤᠭᠤᠯᠤᠨ ᠬᠠᠮᠠᠭ᠋ᠠᠯᠠᠭᠤᠯᠤᠨ᠎ᠠ᠃
      ᠬᠣᠶᠠᠳᠤᠭ᠋ᠠᠷ᠎ᠲᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯᠴᠢ᠂ 2025 ᠣᠨ᠎ᠤ ᠵᠢᠯ᠎ᠤᠨ ᠰᠡᠭᠦᠯᠴᠢ᠎ᠠᠴᠠ ᠡᠮᠦᠨᠡᠬᠢ ᠨᠢᠭᠡ ᠴᠢᠬᠤᠯᠠ ᠡᠭᠦᠷᠭᠡ ᠪᠣᠯ᠂ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠵᠢ ᠲᠥᠪᠯᠡᠷᠡᠭᠦᠯᠦᠨ ᠬᠢᠬᠦ ᠠᠶᠤᠯᠲᠠᠶ ᠤᠰᠤᠨ ᠴᠥᠭᠥᠷᠥᠮ ᠪᠣᠯᠤᠨ ᠨᠢᠭᠡᠨᠲᠡ ᠬᠢᠨᠠᠨ ᠲᠣᠭᠲᠠᠭ᠋ᠠᠯᠲᠠ ᠬᠢᠭᠰᠡᠨ ᠠᠶᠤᠯᠲᠠᠶ ᠤᠰᠤᠨ ᠴᠥᠭᠥᠷᠥᠮ᠎ᠢ ᠪᠦᠬᠦᠨ᠎ᠢ ᠠᠶᠤᠯ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠬᠡᠷᠡᠭᠲᠡᠶ᠂ ᠡᠨᠡ ᠪᠣᠯ ᠬᠠᠮᠤᠭ᠎ᠤᠨ ᠴᠢᠬᠤᠯᠠ ᠬᠠᠷᠠᠯᠲᠠ ᠪᠣᠯᠤᠨ᠎ᠠ᠂ ᠬᠠᠳᠠᠭ᠋ᠠᠯᠠᠯᠲᠠ ᠵᠢᠨ ᠬᠡᠮᠵᠢᠶ᠎ᠡ ᠵᠢ ᠪᠦᠬᠦᠨ᠎ᠢ ᠠᠷᠢᠯᠭ᠋ᠠᠬᠤ ᠬᠡᠷᠡᠭᠲᠡᠶ᠃ ᠬᠣᠶᠠᠷ᠎ᠲᠤ᠂ 5 ᠵᠢᠯ᠎ᠤᠨ ᠳᠣᠲᠣᠷ᠎ᠠ ᠵᠢᠯ ᠪᠦᠷᠢ ᠪᠠᠰᠠ ᠠᠶᠤᠯ ᠦᠭᠡᠶ ᠵᠢᠨ ᠬᠢᠨᠠᠨ ᠲᠣᠭᠲᠠᠭ᠋ᠠᠬᠤ ᠬᠤᠭᠤᠴᠠᠭ᠎ᠠ᠎ᠳᠤ ᠬᠦᠷᠦᠭᠰᠡᠨ ᠤᠰᠤᠨ ᠴᠥᠭᠥᠷᠥᠮ᠎ᠳᠤ ᠴᠠᠭ ᠲᠤᠬᠠᠶ᠎ᠳᠤᠨᠢ ᠬᠢᠨᠠᠨ ᠲᠣᠭᠲᠠᠭ᠋ᠠᠯᠲᠠ ᠬᠢᠵᠦ᠂ ᠠᠶᠤᠯ᠎ᠢ ᠠᠷᠢᠯᠭ᠋ᠠᠨ ᠪᠡᠬᠢᠵᠢᠭᠦᠯᠬᠦ ᠬᠡᠷᠡᠭᠲᠡᠶ᠃ ᠰᠢᠨ᠎ᠡ ᠬᠠᠳᠠᠭ᠋ᠠᠯᠠᠮᠵᠢ ᠵᠢ ᠬᠤᠷᠠᠮᠳᠤᠭᠤᠯᠬᠤ ᠦᠬᠡᠢ ᠴᠠᠭ ᠲᠤᠬᠠᠢ᠎ᠳᠤᠨᠢ ᠬᠢᠨᠠᠨ ᠲᠣᠭᠲᠠᠭ᠋ᠠᠵᠤ᠂ ᠴᠠᠭ ᠲᠤᠬᠠᠢ᠎ᠳᠤᠨᠢ ᠠᠶᠤᠯ᠎ᠢ ᠠᠷᠢᠯᠭ᠋ᠠᠨ ᠪᠡᠬᠢᠵᠢᠭᠦᠯᠬᠦ ᠬᠡᠷᠡᠭᠲᠡᠢ᠃ ᠭᠤᠷᠪᠠ᠎ᠳᠤ ᠤᠰᠤᠨ ᠴᠥᠭᠥᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠪᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠪᠣᠷᠣᠭ᠋ᠠᠨ᠎ᠤ ᠪᠠᠶ᠋ᠢᠳᠠᠯ᠎ᠢ ᠬᠢᠨᠠᠨ ᠬᠡᠮᠵᠢᠬᠦ᠂ ᠶᠡᠬᠡ ᠬᠠᠰᠢᠯᠭ᠎ᠠ ᠵᠢᠨ ᠠᠶᠤᠯ ᠦᠭᠡᠶ ᠵᠢ ᠬᠢᠨᠠᠨ ᠬᠡᠮᠵᠢᠬᠦ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠂ ᠤᠰᠤᠨ ᠴᠥᠭᠥᠷᠥᠮ᠎ᠢ ᠪᠠᠷᠢᠮᠵᠢᠶᠠᠵᠢᠭᠤᠯᠤᠨ ᠬᠠᠮᠢᠶᠠᠷᠴᠤ᠂ ᠬᠠᠮᠢᠶᠠᠷᠤᠨ ᠬᠠᠮᠠᠭ᠋ᠠᠯᠠᠬᠤ ᠲᠣᠭᠲᠠᠴᠠ ᠵᠢᠨ ᠰᠢᠨ᠎ᠡ ᠵᠢ ᠡᠭᠦᠳᠦᠨ᠎ᠡ᠃
      ᠪᠢᠳᠡ ᠡᠳᠡᠭᠡᠷ ᠬᠠᠷᠠᠯᠲᠠ ᠵᠢ ᠪᠡᠶᠡᠯᠡᠭᠦᠯᠬᠦ᠎ᠳᠤ ᠵᠠᠩᠭᠢᠯᠠᠭ᠎ᠠ ᠵᠢ ᠠᠳᠬᠤᠬᠤ ᠬᠡᠷᠡᠭᠲᠡᠢ᠂ ᠵᠠᠩᠭᠢᠯᠠᠭ᠎ᠠ᠎ᠨᠢ ᠨᠢᠬᠡ᠎ᠳᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠎ᠳᠤ ᠪᠠᠶ᠋ᠢᠨ᠎ᠠ; ᠬᠣᠶᠠᠷ᠎ᠲᠤ ᠲᠦᠷᠦᠯ ᠬᠤᠪᠢᠶᠠᠨ ᠳᠡᠮᠵᠢᠬᠦ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠪᠣᠳᠠᠲᠠᠢ ᠨᠠᠶ᠋ᠢᠳᠠᠪᠤᠷᠢᠵᠢᠭᠤᠯᠵᠤ᠂ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢ ᠪᠣᠳᠠᠲᠠᠢ ᠨᠠᠶ᠋ᠢᠳᠠᠪᠤᠷᠢᠵᠢᠭᠤᠯᠵᠤ᠂ ᠡᠴᠦᠰ᠎ᠲᠡᠭᠡᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠬᠤ ᠬᠡᠷᠡᠭᠲᠡᠢ᠂ ᠡᠨᠡ ᠪᠣᠯ ᠬᠠᠮᠤᠭ᠎ᠤᠨ ᠵᠠᠩᠭᠢᠯᠠᠭ᠎ᠠ ᠪᠣᠯᠤᠨ᠎ᠠ᠃
      ᠨᠢᠭᠡ᠎ᠳᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ 《ᠮᠡᠳᠡᠭᠳᠡᠯ》᠎ᠳᠤ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠷᠢᠶ᠎ᠠ ᠣᠷᠣᠨ᠎ᠤ᠎ᠪᠠᠨ ᠳᠣᠲᠣᠷᠠᠬᠢ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠵᠦ᠂ ᠡᠮᠵᠡᠭ ᠠᠶᠤᠯᠲᠠᠶ ᠤᠰᠤᠨ ᠴᠥᠭᠥᠷᠥᠮ ᠪᠠ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠴᠢ ᠬᠠᠮᠢᠶ᠎ᠠ ᠪᠥᠬᠥᠶ ᠲᠥᠯᠥᠪᠯᠡᠭᠡ᠎ᠳᠤ ᠣᠷᠣᠭᠤᠯᠬᠤ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ 《ᠮᠡᠳᠡᠭᠳᠡᠯ》᠎ᠳᠤ ᠪᠠᠰᠠ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠣᠷᠣᠭᠤᠯᠬᠤ ᠬᠡᠷᠡᠭᠲᠡᠢ᠂ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠍ᠢ᠍ᠵᠤ᠂ ᠪᠦᠬᠦ ᠤᠯᠤᠰ᠎ᠤᠨ ᠮᠤᠵᠢ ᠬᠣᠲᠠ ᠰᠢᠶᠠᠨ ᠰᠢᠶᠠᠩ᠎ᠤᠨ ᠲᠦᠷᠪᠡᠨ ᠱᠠᠲᠤᠨ᠎ᠳᠤ 30 ᠭᠠᠷᠤᠢ ᠲᠦᠮᠡᠨ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ᠎ᠲᠠᠢ᠂ ᠡᠳᠡᠭᠡᠷ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ᠎ᠨᠢ ᠴᠥᠮ ᠡᠯ᠎ᠡ ᠱᠠᠲᠤᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠂ ᠮᠤᠵᠢ ᠵᠢᠨ ᠱᠠᠲᠤᠨ᠎ᠤ ᠶᠡᠷᠦᠩᠬᠡᠢ ᠭᠣᠣᠯ ᠮᠥᠷᠡᠨ᠎ᠤ ᠳᠠᠷᠤᠭ᠎ᠠ᠂ ᠨᠢᠭᠡᠳᠦᠭᠡᠷ ᠶᠡᠷᠦᠩᠬᠡᠢ ᠭᠣᠣᠯ ᠮᠥᠷᠡᠨ᠎ᠤ ᠳᠠᠷᠤᠭ᠎ᠠ᠎ᠨᠢ ᠴᠥᠮ ᠮᠤᠵᠢ ᠵᠢᠨ ᠨᠠᠮ᠎ᠤᠨ ᠬᠣᠷᠢᠶᠠᠨ᠎ᠤ ᠱᠦᠵᠢ᠂ ᠮᠤᠵᠢ ᠵᠢᠨ ᠳᠠᠷᠤᠭ᠎ᠠ ᠪᠣᠯᠤᠨ᠎ᠠ᠃ ᠡᠨᠡ ᠤᠳᠠᠭ᠋ᠠᠨ᠎ᠤ ᠠᠶᠤᠯ᠎ᠢ ᠠᠷᠢᠯᠭ᠋ᠠᠵᠤ ᠪᠡᠬᠢᠯᠡᠬᠦ ᠠᠵᠢᠯ᠎ᠢ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠰᠢᠰᠲ᠋ᠧᠮ ᠪᠣᠯ᠎ᠳᠤ ᠤᠷᠤᠭᠤᠯᠵᠤ᠂ ᠳᠠᠷᠤᠢ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠵᠦ ᠪᠠᠶ᠋ᠢᠬᠤ᠎ᠠᠴᠠ ᠪᠢᠰᠢ ᠬᠠᠷᠢᠨ ᠥᠩᠭᠡᠷᠡᠭᠰᠡᠨ᠎ᠤ ᠳᠥᠭᠥᠮᠬᠡᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠬᠤ ᠲᠦᠷᠢᠮ ᠪᠢᠰᠢ ᠶᠤᠮ᠃ ᠡᠭᠦᠨ᠎ᠤ ᠬᠠᠮᠲᠤ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠢ ᠬᠠᠮᠢᠶᠠᠷᠤᠯᠳᠠ ᠬᠠᠮᠠᠭ᠋ᠠᠯᠠᠯᠳᠠ ᠵᠢᠨ ᠪᠡᠯᠡ ᠮᠥᠩᠭᠥ ᠵᠢ ᠵᠠᠷᠴᠢᠮ ᠳᠡᠭᠡᠷ᠎ᠡ᠎ᠪᠠᠨ ᠣᠷᠣᠨ ᠨᠤᠲᠤᠭ᠎ᠠᠴᠠ ᠡᠭᠦᠷᠭᠡᠯᠡᠵᠦ᠂ ᠣᠷᠣᠨ ᠨᠤᠲᠤᠭ᠎ᠤᠨ᠎ᠬᠢᠨ ᠡᠷᠬᠡᠪᠰᠢ ᠪᠡᠯᠡ ᠮᠥᠩᠭᠥ ᠵᠢᠨ ᠣᠷᠣᠭᠤᠯᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠭᠦᠨ᠎ᠤ ᠳᠠᠭ᠋ᠠᠤ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠲᠣᠭᠲᠠᠭ᠋ᠠᠬᠤ ᠬᠡᠷᠡᠭᠲᠡᠶ᠃ ᠲᠣᠭ᠋ᠠᠨ᠎ᠤ ᠪᠠᠷᠢᠮᠵᠢᠶ᠎ᠠ᠎ᠨᠢ ᠡᠳ᠋᠎ᠤᠨ ᠬᠦᠴᠦᠨ ᠵᠶ᠋ᠠᠷ ᠨᠡᠯᠢᠶᠡᠳ ᠪᠠᠭᠤᠷᠠᠶ ᠵᠠᠷᠢᠮ ᠬᠣᠲᠠ ᠰᠢᠶᠠᠨ᠎ᠳᠤ ᠮᠤᠵᠢ ᠵᠢᠨ ᠱᠠᠲᠤᠨ᠎ᠤ ᠡᠳ᠋᠎ᠤᠨ ᠵᠠᠰᠠᠭ᠎ᠠᠴᠠ ᠳᠡᠮᠵᠢᠯᠭᠡ ᠪᠠ ᠨᠥᠬᠥᠪᠥᠷᠢ ᠥᠭᠬᠦ᠎ᠪᠠᠨ ᠨᠡᠮᠡᠭᠳᠡᠭᠦᠯᠬᠦ ᠬᠡᠷᠡᠭᠲᠡᠶ᠃ ᠡᠭᠦᠨ᠎ᠤ ᠬᠠᠮᠲᠤ ᠵᠠᠬ᠎ᠠ ᠳᠡᠯᠭᠡᠭᠦᠷᠴᠢᠯᠡᠬᠦ ᠲᠣᠭᠲᠠᠴᠠ ᠵᠢ ᠪᠦᠷᠢᠨᠰᠢᠭᠦᠯᠵᠦ᠂ ᠠᠷᠠᠳ᠎ᠤᠨ ᠪᠡᠯᠡ ᠣᠷᠣᠭᠤᠯᠤᠯᠲᠠ ᠵᠢ ᠳᠠᠶ᠋ᠢᠴᠢᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠳᠡᠮᠵᠢᠬᠦ ᠵᠢ ᠥᠷᠭᠡᠳᠬᠡᠬᠦ ᠬᠡᠷᠡᠭᠲᠡᠶ᠃
      ᠬᠣᠶᠠᠷ᠎ᠲᠤ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠲᠥᠷᠥᠯ ᠬᠤᠪᠢᠶᠠᠨ ᠲᠡᠭᠦᠯᠳᠡᠷᠵᠢᠭᠦᠯᠬᠦ ᠪᠠ ᠰᠠᠯᠠᠭ᠎ᠠ ᠮᠥᠴᠢᠷ᠎ᠤᠨ ᠬᠢᠨᠠᠯᠲᠠ ᠵᠢᠯᠣᠭᠣᠳᠣᠯᠭ᠎ᠠ ᠵᠢ ᠴᠢᠩᠭ᠋ᠠᠷᠠᠭᠤᠯᠤᠨ᠎ᠠ᠃ ᠰᠠᠶᠢᠬᠠᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠲᠥᠪ᠎ᠤᠨ ᠲᠥᠰᠦᠪ᠎ᠤᠨ ᠳᠣᠲᠣᠷᠠᠬᠢ ᠪᠠᠯᠠ ᠮᠥᠩᠭᠥ ᠵᠢ ᠲᠣᠬᠢᠷᠠᠭᠤᠯᠵᠤ᠂ ᠨᠢᠭᠡᠨᠲᠡ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ ᠬᠢᠭᠰᠡᠨ 256 ᠰᠠᠭᠤᠷᠢ ᠲᠣᠮᠣ ᠳᠤᠮᠳᠠ ᠬᠡᠯᠪᠡᠷᠢ ᠵᠢᠨ ᠠᠶᠤᠯ ᠬᠡᠮ᠎ᠲᠠᠢ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ᠎ᠳᠤ ᠳᠡᠮᠵᠢᠯᠭᠡ ᠦᠵᠡᠭᠦᠯᠬᠦ ᠲᠤᠬᠠᠶ ᠲᠠᠨᠢᠯᠴᠠᠭᠤᠯᠵᠤ᠂ ᠰᠠᠶᠢᠬᠠᠨ ᠡᠤ ᠰᠢᠶᠤᠤ ᠠᠪᠤᠭ᠋ᠠᠶ ᠵᠢᠨ ᠲᠠᠨᠢᠯᠴᠠᠭᠤᠯᠤᠭᠰᠠᠨ ᠵᠶ᠋ᠠᠷ᠂ ᠳᠡᠮᠵᠢᠬᠦ ᠡᠷᠴᠢᠮ᠎ᠨᠢ ᠨᠡᠯᠢᠶᠡᠳ ᠶᠡᠬᠡ ᠪᠤᠯᠤᠨ᠎ᠠ᠂ ᠢᠯᠠᠩᠭᠤᠶ᠎ᠠ ᠪᠠᠷᠠᠭᠤᠨ ᠬᠡᠰᠡᠭ᠎ᠤᠨ ᠭᠠᠵᠠᠷ ᠣᠷᠣᠨ 80 %᠎ᠳᠤ ᠬᠦᠷᠴᠦ ᠪᠠᠶ᠋ᠢᠨ᠎ᠠ᠂ ᠡᠨᠡ᠎ᠨᠢ ᠪᠠᠰᠠ ᠴᠤ᠌ ᠣᠳᠣᠬᠠᠨ᠎ᠤ ᠲᠥᠪ᠎ᠤᠨ ᠲᠥᠰᠦᠪ᠎ᠤᠨ ᠪᠡᠯᠡ ᠣᠷᠣᠭᠤᠯᠤᠯᠲᠠ ᠵᠢᠨ ᠳᠠᠯ᠎ᠠ᠎ᠪᠠᠷ ᠬᠠᠮᠤᠭ᠎ᠤᠨ ᠶᠡᠬᠡ ᠪᠠᠶ᠋ᠢᠨ᠎ᠠ᠃ ᠬᠣᠶ᠋ᠢᠰᠢᠳᠠ ᠵᠢᠨ ᠠᠮᠤᠷ ᠲᠦᠪᠰᠢᠨ᠎ᠤ ᠬᠢᠨᠠᠨ ᠲᠣᠭᠲᠠᠭ᠋ᠠᠯᠲᠠ᠎ᠳᠤ ᠰᠢᠨ᠎ᠡ᠎ᠪᠠᠷ ᠨᠡᠮᠡᠭᠳᠡᠭᠰᠡᠨ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠨᠢ ᠬᠡᠷᠪᠡ ᠭᠠᠵᠠᠷ ᠬᠥᠳᠡᠯᠦᠯᠲᠡ ᠪᠤᠶᠤ ᠪᠠᠷᠢᠮᠵᠢᠶ᠎ᠠ᠎ᠠᠴᠠ ᠬᠡᠲᠦᠷᠡᠭᠰᠡᠨ ᠦᠶᠡᠷ᠎ᠠᠴᠠ ᠪᠣᠯᠤᠭᠰᠠᠨ ᠠᠶᠤᠯ ᠲᠦᠭᠰᠢᠭᠦᠷᠢ᠎ᠠᠴᠠ ᠪᠤᠯᠵᠤ ᠰᠢᠨ᠎ᠡ᠎ᠪᠠᠷ ᠨᠡᠮᠡᠭᠳᠡᠭᠰᠡᠨ ᠪᠤᠯ ᠲᠥᠪ᠎ᠤᠨ ᠲᠥᠰᠦᠪ᠎ᠤᠨ ᠳᠣᠲᠣᠷᠠᠬᠢ ᠪᠠᠯᠠ ᠮᠥᠩᠭᠥ᠎ᠠᠴᠠ ᠪᠠᠰᠠ ᠳᠡᠮᠵᠢᠯᠭᠡ ᠦᠵᠡᠭᠦᠯᠦᠨ᠎ᠡ᠃ ᠡᠳ᠋᠎ᠤᠨ ᠵᠠᠰᠠᠭ᠎ᠤᠨ ᠶᠠᠮᠤᠨ ᠰᠠᠶᠢᠬᠠᠨ ᠪᠠᠰᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠲᠥᠰᠦᠪ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠤᠨ ᠵᠢᠭᠡᠯᠡᠯᠭᠡ ᠵᠢᠨ ᠲᠡᠮᠳᠡᠭᠲᠦ ᠵᠢᠨ ᠪᠠᠯᠠ ᠮᠥᠩᠭᠥ ᠵᠢ ᠨᠢᠭᠡᠳᠦᠯᠲᠡᠶ ᠲᠥᠯᠥᠪᠯᠡᠬᠦ ᠵᠢ ᠳᠡᠮᠵᠢᠬᠦ ᠪᠥᠭᠡᠳ ᠪᠠᠰᠠ ᠲᠥᠪ᠎ᠤᠨ ᠡᠳ᠋᠎ᠤᠨ ᠵᠠᠰᠠᠭ᠎ᠤᠨ ᠪᠠᠯᠠ ᠮᠥᠩᠭᠥ ᠵᠢ ᠲᠣᠬᠢᠷᠠᠭᠤᠯᠤᠨ ᠨᠥᠬᠥᠪᠥᠷᠢ ᠥᠭᠴᠦ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢᠴᠢ ᠪᠣᠷᠣᠭ᠋ᠠᠨ᠎ᠤ ᠤᠰᠤᠨ᠎ᠤ ᠪᠠᠶ᠋ᠢᠳᠠᠯ᠎ᠢ ᠬᠡᠮᠵᠢᠨ ᠮᠡᠳᠡᠭᠦᠯᠬᠦ ᠪᠠ ᠬᠠᠰᠢᠯᠭ᠎ᠠ ᠵᠢᠨ ᠠᠮᠤᠷ ᠲᠦᠪᠰᠢᠨ᠎ᠢ ᠬᠢᠨᠠᠨ ᠬᠡᠮᠵᠢᠬᠦ ᠲᠥᠬᠥᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠪᠠᠲᠤᠯᠠᠨ᠎ᠠ ᠭᠡᠵᠦ ᠲᠠᠨᠢᠯᠴᠠᠭᠤᠯᠪᠠ᠃ ᠤᠰᠤᠨ ᠠᠰᠢᠭᠯᠠᠯᠲᠠ ᠵᠢᠨ ᠶᠠᠮᠤᠨ ᠴᠤ᠌ ᠲᠦᠷᠢᠮ ᠲᠣᠭᠲᠠᠭ᠋ᠠᠯ ᠪᠠ ᠮᠡᠷᠭᠡᠵᠢᠯ᠎ᠤᠨ ᠪᠠᠷᠢᠮᠵᠢᠶ᠎ᠠ ᠵᠢ ᠪᠦᠷᠢᠨᠰᠢᠭᠦᠯᠵᠦ᠂ ᠲᠦᠭᠰᠢᠭᠦᠷᠢ ᠵᠢ ᠠᠷᠢᠯᠭ᠋ᠠᠨ ᠪᠡᠬᠢᠵᠢᠭᠦᠯᠬᠦ ᠪᠠ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ᠂ ᠪᠠᠯᠠ ᠮᠥᠩᠭᠥ ᠵᠢ ᠬᠡᠷᠡᠭᠯᠡᠵᠦ ᠬᠠᠮᠢᠶᠠᠷᠬᠤ ᠵᠡᠷᠭᠡ ᠠᠵᠢᠯ᠎ᠤᠨ ᠵᠢᠯᠣᠭᠣᠳᠣᠯᠭ᠎ᠠ᠂ ᠬᠢᠨᠠᠯᠲᠠ᠂ ᠬᠢᠨᠠᠨ ᠰᠢᠯᠭ᠋ᠠᠯᠲᠠ ᠵᠢ ᠴᠢᠩᠭ᠋ᠠᠳᠬᠠᠨ᠎ᠠ᠃ ᠡᠭᠦᠨ᠎ᠤ ᠬᠠᠮᠲᠤ ᠪᠠᠰᠠ ᠵᠠᠷᠢᠮ ᠲᠤᠰᠬᠠᠢ ᠠᠵᠢᠯ᠎ᠤᠨ ᠰᠠᠯᠠᠭ᠎ᠠ ᠮᠥᠴᠢᠷ᠎ᠤᠨ ᠤᠰᠤᠨ ᠴᠥᠭᠥᠷᠥᠮ᠂ ᠵᠢᠱ᠌ᠢᠶᠡᠯᠡᠪᠡᠯ ᠡᠨᠧᠷᠭᠢ ᠵᠢᠨ ᠰᠤᠷᠪᠤᠯᠵᠢ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠤᠳ ᠴᠦ᠍ ᠲᠤᠰ ᠲᠤᠰ᠎ᠤᠨ ᠡᠭᠦᠷᠭᠡ ᠴᠢᠳᠠᠪᠤᠷᠢ᠎ᠲᠠᠢ᠎ᠪᠠᠨ ᠤᠶᠠᠯᠳᠤᠭᠤᠯᠤᠨ᠂ ᠲᠡᠳᠡᠨ᠎ᠤ ᠬᠠᠮᠢᠶᠠᠷᠴᠤ ᠪᠠᠶ᠋ᠢᠭ᠎ᠠ ᠤᠰᠤ ᠴᠦᠬᠦᠷᠡᠮ᠎ᠤᠨ ᠬᠢᠨᠠᠯᠳᠠ ᠬᠠᠮᠢᠶᠠᠷᠤᠯᠳᠠ᠎ᠪᠠᠨ ᠴᠢᠩᠭ᠋ᠠᠳᠬᠠᠬᠤ ᠪᠤᠯᠤᠨ᠎ᠠ᠃ ᠪᠠᠶᠠᠷᠯᠠᠯ᠎ᠠ᠃
      ᠳᠤᠮᠳᠠᠳᠤ ᠤᠯᠤᠰ᠎ᠤᠨ ᠰᠣᠨᠢᠨ ᠮᠡᠳᠡᠭᠡᠨ᠎ᠤ ᠬᠣᠷᠢᠶᠠᠨ᠎ᠤ ᠰᠤᠷᠪᠤᠯᠵᠢᠯᠠᠭᠴᠢ᠄
      ᠰᠠᠶᠢᠬᠠᠨ ᠬᠤᠷᠠᠯ ᠳᠡᠭᠡᠷ᠎ᠡ᠂ ᠲᠣᠰ ᠤᠳᠠᠭ᠋ᠠᠨ᠎ᠤ ᠳᠠᠷᠤᠮᠠᠯᠯᠠᠨ ᠲᠠᠷᠬᠠᠭ᠋ᠠᠭᠰᠠᠨ 《ᠮᠡᠳᠡᠭᠳᠡᠯ》᠎ᠳᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠮᠤᠷ ᠲᠦᠪᠰᠢᠨ᠎ᠢ ᠪᠠᠲᠤᠯᠠᠬᠤ ᠵᠠᠷᠤᠯᠭ᠎ᠠ ᠵᠢᠨ ᠬᠠᠷᠢᠭᠤᠴᠠᠯᠭ᠎ᠠ ᠵᠢᠨ ᠲᠤᠬᠠᠶ ᠵᠣᠬᠢᠴᠠᠩᠭᠤᠶ ᠲᠣᠳᠣᠷᠬᠠᠶ ᠲᠣᠭᠲᠠᠭ᠋ᠠᠯ ᠭᠠᠷᠭ᠋ᠠᠪᠠ᠂ ᠡᠳ᠋᠎ᠤᠨ ᠵᠠᠰᠠᠭ᠎ᠤᠨ ᠶᠠᠮᠤᠨ ᠣᠷᠣᠨ ᠨᠤᠲᠤᠭ᠎ᠤᠨ ᠵᠣᠬᠢᠴᠠᠩᠭᠤᠶ ᠵᠠᠷᠤᠯᠭ᠎ᠠ ᠵᠢᠨ ᠬᠠᠷᠢᠭᠤᠴᠠᠯᠭ᠎ᠠ᠎ᠪᠠᠨ ᠰᠠᠶ᠋ᠢᠲᠤᠷ ᠨᠠᠶ᠋ᠢᠳᠠᠪᠤᠷᠢᠵᠢᠭᠤᠯᠬᠤ ᠵᠢ ᠬᠡᠷᠬᠢᠨ ᠱᠠᠯᠠᠪᠳᠠᠭᠤᠯᠬᠤ ᠪᠤᠢ? ᠪᠠᠶᠠᠷᠯᠠᠯ᠎ᠠ᠃
      ᠵᠢᠶᠠᠩ ᠳ᠋ᠠ ᠢᠦᠢ᠄ ᠲᠠᠨ᠎ᠤ ᠠᠰᠠᠭᠤᠯᠳᠠ᠎ᠳᠤ ᠪᠠᠶᠠᠷᠯᠠᠯ᠎ᠠ᠃ ᠰᠠᠶᠢᠬᠠᠨ ᠸᠧᠶ ᠶᠠᠮᠤᠨ᠎ᠤ ᠰᠠᠶ᠋ᠢᠳ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠤᠬᠠᠭᠳᠠᠬᠤᠨ᠎ᠢ ᠲᠠᠨᠢᠯᠴᠠᠭᠤᠯᠵᠤ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠳᠤ ᠣᠷᠣᠨ ᠨᠤᠲᠤᠭ᠎ᠤᠨ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢ ᠬᠡᠷᠡᠭᠵᠢᠭᠦᠯᠵᠦ ᠪᠠᠶ᠋ᠢᠬᠤ ᠵᠢ ᠣᠯᠠᠨ ᠵᠶ᠋ᠠᠷ ᠵᠶ᠋ᠠᠨ ᠪᠦᠷ ᠮᠡᠳᠡᠨ᠎ᠡ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠳᠤ ᠠᠪᠴᠤ ᠬᠡᠯᠡᠪᠡᠯ᠂ ᠬᠠᠷᠢᠭᠤᠴᠠᠯᠭ᠎ᠠ ᠵᠢᠨ ᠭᠤᠤᠯ ᠴᠣᠭᠴᠠ ᠵᠢ ᠲᠣᠳᠣᠷᠬᠠᠶ ᠪᠣᠯᠭ᠋ᠠᠵᠤ᠂ ᠵᠠᠷᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠪᠣᠯ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠮᠤᠷ ᠲᠦᠪᠰᠢᠨ ᠠᠵᠢᠯᠯᠠᠭ᠋ᠠᠨ᠎ᠢ ᠪᠠᠲᠤᠯᠠᠬᠤ ᠰᠠᠭᠤᠷᠢ ᠪᠠ ᠤᠷᠢᠲᠠᠯ ᠮᠥᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠮᠡᠳᠡᠭᠳᠡᠯ》᠎ᠳᠤ ᠳᠡᠮᠵᠢᠬᠦ ᠲᠥᠷᠥ ᠵᠢᠨ ᠪᠣᠳᠣᠯᠭ᠎ᠠ ᠵᠢ ᠲᠥᠷᠥᠯ ᠬᠤᠪᠢᠶᠠᠨ ᠲᠡᠭᠦᠯᠳᠡᠷᠵᠢᠭᠦᠯᠬᠦ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭ᠋ᠠᠪᠠ᠃ ᠰᠠᠶᠢ ᠸᠧᠢ ᠶᠠᠮᠤᠨ᠎ᠤ ᠰᠠᠶ᠋ᠢᠳ ᠪᠠᠰᠠ ᠠᠶᠤᠯᠭᠦᠢ ᠵᠢᠨ ᠬᠢᠨᠠᠨ ᠲᠣᠭᠲᠠᠭ᠋ᠠᠯᠲᠠ ᠵᠢᠨ ᠤᠬᠠᠭᠳᠠᠬᠤᠨ᠎ᠢ ᠲᠠᠨᠢᠯᠴᠠᠭᠤᠯᠵᠤ᠂ ᠣᠳᠣᠬᠠᠨ᠎ᠳᠤ ᠠᠶᠤᠯᠭᠦᠢ ᠵᠢᠨ ᠬᠢᠨᠠᠨ ᠲᠣᠭᠲᠠᠭ᠋ᠠᠯᠲᠠ ᠵᠢ ᠨᠢᠭᠡᠨᠲᠡ ᠪᠡᠶᠡᠯᠡᠭᠦᠯᠦᠭᠰᠡᠨ ᠠᠶᠤᠯᠲᠠᠢ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ᠎ᠳᠤ ᠲᠥᠪ᠎ᠤᠨ ᠡᠳ᠋᠎ᠤᠨ ᠵᠠᠰᠠᠭ᠎ᠠᠴᠠ ᠨᠥᠬᠥᠪᠥᠷᠢ ᠳᠡᠮᠵᠢᠯᠭᠡ ᠥᠭᠴᠦ᠂ ᠬᠣᠶ᠋ᠢᠰᠢᠳᠠ ᠵᠢᠨ ᠠᠶᠤᠯᠭᠦᠢ ᠵᠢᠨ ᠬᠢᠨᠠᠨ ᠲᠣᠭᠲᠠᠭ᠋ᠠᠯᠲᠠ᠎ᠪᠠᠷ ᠰᠢᠨ᠎ᠡ᠎ᠪᠠᠷ ᠨᠡᠮᠡᠭᠳᠡᠭᠰᠡᠨ ᠠᠶᠤᠯ᠎ᠢ ᠠᠷᠢᠯᠭ᠋ᠠᠨ ᠪᠡᠬᠢᠯᠡᠬᠦ ᠡᠭᠦᠷᠭᠡ ᠵᠢ ᠵᠠᠷᠴᠢᠮ ᠳᠡᠭᠡᠷ᠎ᠡ᠎ᠪᠠᠨ ᠣᠷᠣᠨ ᠨᠤᠲᠤᠭ᠎ᠤᠨ ᠡᠭᠦᠷᠭᠡᠯᠡᠯ ᠪᠤᠯᠤᠨ᠎ᠠ᠃ ᠡᠭᠦᠨ᠎ᠤ ᠬᠠᠮᠲᠤ᠂ ᠲᠥᠪ᠎ᠤᠨ ᠡᠳ᠋᠎ᠤᠨ ᠵᠠᠰᠠᠭ᠎ᠠᠴᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ᠎ᠳᠤ ᠵᠣᠬᠢᠰᠲᠠᠶ ᠨᠥᠬᠥᠪᠥᠷᠢ ᠥᠭᠴᠦ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠲᠥᠰᠦᠪ᠎ᠤᠨ ᠪᠡᠯᠡ ᠮᠥᠩᠭᠥ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠤᠨ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠬᠦ ᠵᠢ ᠳᠡᠮᠵᠢᠵᠦ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ ᠦᠭᠡᠶ ᠠᠵᠢᠯᠯᠠᠭ᠋ᠠᠨ᠎ᠢ ᠪᠠᠲᠤᠯᠠᠨ᠎ᠠ᠃ ᠣᠷᠣᠨ ᠨᠤᠲᠤᠭ᠎ᠢ ᠱᠠᠯᠠᠪᠳᠠᠭᠤᠯᠵᠤ ᠪᠠᠶ᠋ᠢᠭ᠋ᠠᠳ ᠵᠠᠷᠤᠯᠭ᠎ᠠ ᠵᠢᠨ ᠬᠠᠷᠢᠭᠤᠴᠠᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠲᠥᠪ᠎ᠤᠨ ᠡᠳ᠋᠎ᠤᠨ ᠵᠠᠰᠠᠭ ᠭᠣᠣᠯᠳᠠᠭᠤ ᠭᠤᠷᠪᠠᠨ ᠲᠠᠯ᠎ᠠ᠎ᠪᠠᠷ ᠬᠦᠴᠦᠯᠡᠬᠦ ᠪᠤᠯᠤᠨ᠎ᠠ᠄
      ᠨᠢᠭᠡ᠎ᠳᠤ ᠠᠵᠢᠯ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠡᠳ᠋᠎ᠤᠨ ᠵᠠᠰᠠᠭ᠎ᠤᠨ ᠶᠠᠮᠤᠨ ᠬᠢᠭᠡᠳ ᠤᠰᠤᠨ ᠠᠰᠢᠭᠯᠠᠯᠲᠠ ᠵᠢᠨ ᠶᠠᠮᠤᠨ ᠨᠢᠭᠲᠠ ᠬᠠᠮᠲᠤᠷᠠᠨ ᠠᠵᠢᠯᠯᠠᠵᠤ᠂ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠠᠯᠠ ᠮᠥᠩᠭᠥ ᠵᠢᠨ ᠬᠡᠷᠡᠭᠴᠡᠭᠡ ᠵᠢ ᠬᠡᠮᠵᠢᠨ ᠪᠤᠳᠤᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠮᠡᠳᠡᠭᠳᠡᠯ》 ᠳᠠᠷᠤᠮᠠᠯᠯᠠᠨ ᠲᠠᠷᠬᠠᠭ᠋ᠠᠵᠤ ᠲᠣᠳᠣᠷᠬᠠᠶ᠋ᠢᠯᠠᠭᠰᠠᠨ ᠠᠵᠢᠯ ᠶᠠᠪᠤᠳᠠᠯ᠎ᠤᠨ ᠡᠷᠬᠡ ᠵᠢᠨ ᠲᠣᠬᠢᠷᠠᠭᠤᠯᠤᠯᠲᠠ᠎ᠲᠠᠢ ᠤᠶᠠᠯᠳᠤᠭᠤᠯᠤᠨ᠂ ᠱᠠᠲᠤ ᠬᠤᠪᠢᠶᠠᠨ ᠡᠭᠦᠷᠭᠡᠯᠡᠬᠦ ᠵᠢ ᠳᠤᠷᠠᠳᠤᠨ ᠭᠠᠷᠭ᠋ᠠᠪᠠ᠃ ᠵᠠᠷᠤᠯᠭ᠎ᠠ ᠵᠢᠨ ᠬᠠᠷᠢᠭᠤᠴᠠᠯᠭ᠎ᠠ ᠵᠢᠨ ᠰᠠᠨᠠᠭᠤᠯᠭ᠎ᠠ ᠵᠢᠨ ᠲᠥᠰᠦᠯ᠎ᠢ ᠲᠠᠰ ᠳᠠᠷᠠᠭ᠋ᠠᠯᠠᠯ ᠶᠣᠰᠣᠭ᠋ᠠᠷ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠤᠳᠤᠷᠢᠳᠬᠤ ᠨᠥᠬᠥᠳ᠎ᠲᠤ ᠮᠡᠳᠡᠭᠦᠯᠦᠨ ᠵᠥᠪᠰᠢᠶᠡᠷᠡᠭᠦᠯᠵᠦ᠂ ᠳᠡᠭᠡᠳᠦ ᠳᠤᠤᠷᠠᠳᠤ ᠱᠠᠲᠤ ᠬᠠᠮᠵᠢᠯᠴᠠᠨ ᠪᠠᠯᠠ ᠮᠥᠩᠭᠥ ᠵᠢᠨ ᠪᠠᠲᠤᠯᠠᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠬᠤ᠎ᠳᠤ ᠰᠠᠶ᠋ᠢᠨ ᠰᠠᠭᠤᠷᠢ ᠲᠠᠯᠪᠢᠵᠤ ᠥᠭᠴᠡᠶ᠃
      ᠬᠣᠶᠠᠷ᠎ᠲᠤ ᠣᠷᠣᠨ ᠨᠤᠲᠤᠭ᠎ᠤᠨ ᠵᠢᠭᠡᠯᠡᠯᠭᠡ ᠲᠠᠷᠬᠠᠭ᠋ᠠᠵᠤ ᠪᠡᠯᠡ ᠴᠤᠭᠯᠠᠭᠤᠯᠬᠤ ᠵᠢ ᠲᠡᠮᠵᠢᠪᠡ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠵᠢᠭ ᠬᠡᠯᠪᠡᠷᠢ ᠵᠢᠨ ᠠᠶᠤᠯ ᠬᠡᠮ᠎ᠲᠠᠢ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠴᠤᠭᠯᠠᠭᠤᠯᠬᠤ ᠡᠭᠦᠷᠭᠡ ᠵᠢ ᠨᠠᠶ᠋ᠢᠳᠠᠪᠤᠷᠢᠵᠢᠭᠤᠯᠬᠤ ᠳᠠᠷᠤᠯᠲᠠ ᠵᠢ ᠬᠥᠩᠭᠡᠷᠡᠭᠦᠯᠬᠦ ᠵᠢᠨ ᠲᠥᠯᠥᠭᠡ᠂ ᠲᠥᠪ᠎ᠤᠨ ᠡᠳ᠋᠎ᠤᠨ ᠵᠠᠰᠠᠭ᠎ᠠᠴᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠤᠨ ᠵᠢᠭᠡᠯᠡᠯᠭᠡ ᠵᠢᠨ ᠲᠡᠮᠳᠡᠭᠲᠦ ᠵᠢᠨ ᠲᠣᠭ᠎ᠠ ᠵᠢ ᠰᠢᠨ᠎ᠡ᠎ᠪᠠᠷ ᠨᠡᠮᠡᠭᠳᠡᠭᠦᠯᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠣᠷᠣᠨ ᠨᠤᠲᠤᠭ᠎ᠲᠤ ᠳᠡᠮᠵᠢᠯᠭᠡ ᠦᠵᠡᠭᠦᠯᠦᠨ᠎ᠡ᠃
      ᠭᠤᠷᠪᠠ᠎ᠳᠤ᠂ ᠡᠯ᠎ᠡ ᠭᠠᠵᠠᠷ᠎ᠤᠨ᠎ᠬᠢᠨ᠎ᠤ ᠬᠠᠮᠢᠶᠠᠷᠴᠤ ᠬᠠᠮᠠᠭ᠋ᠠᠯᠠᠬᠤ ᠵᠠᠷᠤᠳᠠᠯ ᠴᠤᠭᠯᠠᠭᠤᠯᠬᠤ ᠲᠣᠭᠲᠠᠴᠠ ᠵᠢᠨ ᠰᠢᠨ᠎ᠡ ᠵᠢ ᠡᠭᠦᠳᠬᠦ ᠵᠢ ᠳᠡᠮᠵᠢᠨ᠎ᠡ᠃ 《ᠮᠡᠳᠡᠭᠳᠡᠯ》᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠡᠳ᠋᠎ᠤᠨ ᠵᠠᠰᠠᠭ᠎ᠤᠨ ᠶᠠᠮᠤᠨ ᠢᠳᠡᠪᠬᠢᠲᠡᠶ᠎ᠪᠠᠷ ᠤᠰᠤᠨ ᠠᠰᠢᠭᠯᠠᠯᠲᠠ ᠵᠢᠨ ᠶᠠᠮᠤᠨ᠎ᠲᠠᠢ ᠬᠠᠮᠲᠤᠷᠠᠨ ᠣᠷᠣᠨ ᠨᠤᠲᠤᠭ᠎ᠤᠨ ᠣᠯᠠᠨ ᠠᠷᠭ᠎ᠠ ᠵᠠᠮ ᠵᠶ᠋ᠠᠷ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠬᠠᠮᠢᠶᠠᠷᠴᠤ ᠬᠠᠮᠠᠭ᠋ᠠᠯᠠᠬᠤ ᠪᠡᠯᠡ ᠮᠥᠩᠭᠥ ᠴᠤᠭᠯᠠᠭᠤᠯᠬᠤ ᠵᠢ ᠵᠢᠯᠣᠭᠣᠳᠴᠤ᠂ ᠢᠯᠠᠩᠭᠤᠶ᠎ᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠥᠰᠢᠭᠦᠷᠭᠡ ᠵᠢᠨ ᠦᠢ᠍ᠯᠡᠳᠦᠯ ᠵᠶ᠋ᠠᠨ ᠪᠠᠳᠠᠷᠠᠭᠤᠯᠬᠤ ᠵᠢ ᠳᠡᠮᠵᠢᠵᠦ᠂ ᠪᠠᠷᠢᠯᠭ᠎ᠠ ᠵᠢᠨ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠶ᠃ ᠠᠮᠢ ᠠᠬᠤᠶ ᠵᠢᠨ ᠣᠷᠴᠢᠨ ᠲᠣᠭᠣᠷᠢᠨ᠎ᠤ ᠠᠶᠤᠯ ᠦᠭᠡᠶ ᠪᠠᠶ᠋ᠢᠬᠤ ᠤᠷᠢᠲᠠᠯ ᠳᠣᠣᠷ᠎ᠠ᠂ ᠨᠡᠶ᠋ᠢᠭᠡᠮ᠎ᠤᠨ ᠬᠥᠷᠥᠩᠭᠡ ᠵᠢ ᠣᠷᠣᠭᠤᠯᠵᠤ ᠢᠷᠡᠨ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠡᠵᠡᠩᠨᠡᠯᠲᠡ ᠬᠠᠮᠢᠶᠠᠷᠤᠯᠲᠠ᠎ᠳᠤ ᠣᠷᠣᠯᠴᠠᠭᠤᠯᠬᠤ ᠵᠢ ᠬᠠᠶ᠋ᠢᠨ ᠰᠦᠪᠡᠭᠴᠢᠯᠡᠵᠦ᠂ ᠤᠰᠤᠨ᠎ᠤ ᠰᠦᠢ᠍ᠳᠬᠡᠯ᠎ᠢ ᠬᠤᠷᠢᠶᠠᠵᠤ ᠲᠤᠰᠢᠶᠠᠬᠤ ᠲᠣᠭᠲᠠᠴᠠ ᠵᠢ ᠲᠡᠭᠦᠯᠳᠡᠷᠵᠢᠭᠦᠯᠦᠨ᠂ ᠤᠰᠤᠨ᠎ᠤ ᠰᠦᠢ᠍ᠳᠬᠡᠯ᠎ᠢ ᠬᠤᠷᠢᠶᠠᠵᠤ ᠲᠤᠰᠢᠶᠠᠬᠤ ᠨᠣᠷᠮ᠎ᠠ ᠵᠢ ᠳᠡᠭᠡᠭᠰᠢᠯᠡᠭᠦᠯᠵᠦ᠂ ᠡᠵᠡᠩᠨᠡᠯᠲᠡ ᠵᠢᠨ ᠠᠰᠢᠭ ᠣᠯᠵᠠᠪᠤᠷᠢ ᠵᠢ ᠡᠭᠦᠷᠭᠡᠯᠡᠬᠦ᠎ᠪᠠᠷ ᠬᠡᠰᠡᠭ ᠪᠣᠯᠭ᠋ᠠᠨ ᠬᠠᠮᠢᠶᠠᠷᠬᠤ ᠬᠡᠷᠡᠭᠲᠡᠶ᠃

ᠢᠷᠡᠯᠲᠡ᠄
          
ᠬᠠᠮᠢᠶ᠎ᠡ ᠪᠦᠬᠦᠢ ᠰᠣᠨᠢᠨ
 ᠦᠶᠡᠷ ᠤᠰᠤᠳᠤᠯ ᠭᠠᠩ ᠬᠠᠭᠰᠠᠷᠠᠭ᠋ᠠᠨ ᠎ᠤ ᠭᠠᠮᠰᠢᠭ᠎ᠢ ᠰᠡᠷᠭᠡᠢ᠍ᠢ᠍ᠯᠡᠬᠦ ᠵᠢᠴᠢ ᠭᠠᠮᠰᠢᠭ᠎ᠤᠨ ᠳᠠᠷᠠᠭ᠋ᠠᠬᠢ ᠳᠠᠬᠢᠨ ᠪᠦᠲᠦᠭᠡᠨ ᠪᠠᠢ᠍ᠢ᠍ᠭᠤᠯᠤᠯᠲᠠ ᠵᠢᠨ ᠳᠤᠬᠠᠢ ᠰᠣᠨᠢᠨ ᠮᠡᠳᠡᠭᠡ ᠨᠡᠢ᠍ᠢ᠍ᠲᠡᠯᠡᠬᠦ ᠬᠤᠷᠠᠯ
ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠌ᠳᠡᠯᠡᠬᠦ ᠬᠤᠷᠠᠯ
ᠤᠰᠤᠨ ᠠᠰᠢᠬᠯᠠᠯᠳᠠ ᠵᠢᠨ ᠲᠢᠩᠬᠢᠮ ᠶᠡᠷᠦᠩᠬᠡᠶ᠋ᠢᠯᠡᠭᠰᠡᠨ ᠠᠯᠪᠠᠨ ᠠᠰᠠᠷ᠎ᠤᠨ ᠠᠶᠤᠯᠬᠦᠢ ᠵᠢᠨ ᠲᠤᠰᠬᠠᠶ ᠪᠠᠶ᠋ᠢᠴᠠᠭ᠋ᠠᠯᠲᠠ ᠪᠠ ᠰᠤᠷᠪᠤᠯᠵᠢᠯᠠᠬᠤ ᠠᠵᠢᠯ ᠥᠷᠨᠢᠭᠦᠯᠪᠡ
ᠤᠰᠤᠨ᠎ᠤ ᠰᠢᠨᠵᠢᠯᠡᠭᠡᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠲᠤᠯᠭ᠋ᠠᠭᠤᠷᠢᠯᠠᠬᠤ ᠲᠤᠬᠠᠢ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠪᠥᠲᠥᠭᠡᠨ ᠪᠠᠶ᠋ᠢᠭᠤᠯᠤᠯᠲᠠ
 
            