ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠌ᠳᠡᠯᠡᠬᠦ ᠬᠤᠷᠠᠯ
ᠨᠡᠶ᠋ᠢᠲᠡᠯᠡᠭᠰᠡᠨ ᠴᠠᠭ᠄ 2021-06-02

      ᠰᠤᠷᠪᠤᠯᠵᠢᠯᠠᠭᠰᠠᠨ ᠴᠠᠭ᠄ 2020 ᠣᠨ᠎ᠤ 3 ᠰᠠᠷ᠎ᠠ ᠵᠢᠨ 26᠎ᠤ ᠡᠳᠦᠷ᠎ᠤᠨ 15 ᠴᠠᠭ᠎ᠲᠤ
      ᠭᠣᠣᠯ ᠰᠡᠳᠦᠪᠲᠦ ᠵᠣᠴᠢᠨ᠄ ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠂ ᠡᠳ᠋᠎ᠤᠨ ᠵᠠᠰᠠᠭ ᠠᠵᠤ ᠠᠬᠤᠶ ᠵᠢᠨ ᠰᠤᠷᠪᠤᠯᠵᠢᠯᠠᠭᠴᠢ᠂ ᠴᠧᠨ ᠮᠢᠩ ᠵᠦᠩ᠂ ᠫᠸᠩ ᠫᠠᠢ ᠰᠣᠨᠢᠨ ᠮᠡᠳᠡᠭᠡᠨ᠎ᠤ ᠰᠤᠷᠪᠤᠯᠵᠢᠯᠠᠭᠴᠢ᠂ ᠲᠥᠪ ᠲᠧᠯᠸᠢᠰ᠎ᠤᠨ ᠰᠤᠷᠪᠤᠯᠵᠢᠯᠠᠭᠴᠢ᠂ ᠸᠠᠩ ᠱᠧᠩ ᠸᠠᠨ᠂ ᠲᠦᠪ ᠷᠠᠳᠢᠤ᠋ ᠬᠤᠷᠢᠶᠠᠨ᠎ᠤ ᠰᠤᠷᠪᠤᠯᠵᠢᠯᠠᠭᠴᠢ᠂ ᠲᠢᠶᠠᠨ ᠢ ᠲᠠᠩ᠂ ᠤᠯᠤᠰ᠎ᠤᠨ ᠷᠠᠳᠢᠤ᠋ ᠬᠤᠷᠢᠶᠠᠨ᠎ᠤ ᠰᠤᠷᠪᠤᠯᠵᠢᠯᠠᠭᠴᠢ᠂ ᠱ᠌ᠢ ᠴᠦᠨ ᠰᠢᠶᠠᠨ᠂ ᠡᠳᠦᠷ ᠪᠦᠷᠢ ᠵᠢᠨ ᠠᠵᠤ ᠠᠬᠤᠶ ᠵᠢᠨ ᠰᠣᠨᠢᠨ ᠮᠡᠳᠡᠭᠡᠨ᠎ᠤ ᠰᠤᠷᠪᠤᠯᠵᠢᠯᠠᠭᠴᠢ᠂ ᠰᠢᠶᠠᠩᠭ᠋ᠠᠩ᠎ᠤᠨ ᠠᠵᠤ ᠠᠬᠤᠶ ᠵᠢᠨ ᠬᠥᠲᠥᠴᠢ ᠰᠣᠨᠢᠨ᠎ᠤ ᠰᠤᠷᠪᠤᠯᠵᠢᠯᠠᠭᠴᠢ᠂ ᠮᠢ ᠹᠸᠩ᠂ ᠡᠮᠦᠨᠡᠲᠦ ᠣᠷᠣᠨ᠎ᠤ ᠬᠤᠳᠠ ᠵᠢᠨ ᠰᠣᠨᠢᠨ᠎ᠤ ᠰᠤᠷᠪᠤᠯᠵᠢᠯᠠᠭᠴᠢ᠂ ᠹᠸᠩ ᠬᠤᠸᠠᠩ ᠤᠳᠤᠨ ᠲᠧᠯᠸᠢᠰ᠎ᠤᠨ ᠰᠤᠷᠪᠤᠯᠵᠢᠯᠠᠭᠴᠢ᠂ ᠿᠤᠸᠠᠨ ᠯᠢ ᠮᠢᠨ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠣᠷᠢᠶ᠎ᠠ ᠵᠢᠨ ᠰᠣᠨᠢᠨ ᠮᠡᠳᠡᠭᠡᠨ᠎ᠤ ᠰᠢᠨ᠎ᠡ ᠵᠠᠭᠤᠴᠢᠯᠠᠭᠤᠷ᠎ᠤᠨ ᠲᠥᠪ᠎ᠤᠨ ᠰᠤᠷᠪᠤᠯᠵᠢᠯᠠᠭᠴᠢ᠂ ᠠᠷᠠᠳ᠎ᠤᠨ ᠤᠯᠤᠰ ᠲᠦᠷᠦ ᠵᠢᠨ ᠵᠥᠪᠯᠡᠯᠭᠡᠨ᠎ᠤ ᠰᠣᠨᠢᠨ᠎ᠤ ᠰᠤᠷᠪᠤᠯᠵᠢᠯᠠᠭᠴᠢ᠂ ᠰᠢᠶᠠᠩᠭ᠋ᠠᠩ᠎ᠤᠨ ᠵᠦᠩ ᠫᠢᠩ ᠬᠣᠷᠢᠶ᠎ᠠ ᠵᠢᠨ ᠰᠤᠷᠪᠤᠯᠵᠢᠯᠠᠭᠴᠢ
      ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠲᠣᠭᠲᠠᠴᠠ᠎ᠠᠴᠠ 3 ᠰᠠᠷ᠎ᠠ ᠵᠢᠨ 26᠎ᠤ ᠡᠳᠦᠷ᠎ᠤᠨ 15 ᠴᠠᠭ᠎ᠲᠤ ᠪᠡᠭᠡᠵᠢᠩ᠎ᠳᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠤᠰᠤᠨ ᠠᠰᠢᠭᠯᠠᠯᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠬᠦᠭᠡᠬᠦ ᠵᠢ ᠪᠠᠳᠤᠯᠠᠬᠤ ᠠᠵᠢᠯ᠎ᠤᠨ ᠪᠠᠶ᠋ᠢᠳᠠᠯ᠎ᠢ ᠲᠠᠨᠢᠯᠴᠠᠭᠤᠯᠵᠤ᠂ ᠤᠰᠤᠨ ᠠᠰᠢᠭᠯᠠᠯᠲᠠ ᠵᠢᠨ ᠶᠠᠮᠤᠨ᠎ᠤ ᠲᠥᠯᠥᠪᠵᠢᠭᠦᠯᠭᠡ ᠲᠥᠯᠥᠪᠯᠡᠭᠡ ᠵᠢᠨ ᠵᠤᠷᠭ᠋ᠠᠨ᠎ᠤ ᠳᠠᠷᠤᠭ᠎ᠠ ᠱ᠌ᠢ ᠴᠦᠨ ᠰᠢᠶᠠᠨ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠵᠤᠷᠭ᠋ᠠᠨ᠎ᠤ ᠳᠠᠷᠤᠭ᠎ᠠ ᠸᠠᠩ ᠱᠧᠩ ᠸᠠᠨ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠿᠤᠸᠠᠨ ᠯᠢ ᠮᠢᠨ᠂ ᠬᠥᠳᠡᠭᠡ ᠲᠣᠰᠬᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠵᠤᠷᠭ᠋ᠠᠨ᠎ᠤ ᠳᠠᠷᠤᠭ᠎ᠠ ᠴᠧᠨ ᠮᠢᠩ ᠵᠦᠩ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠵᠤᠷᠭ᠋ᠠᠨ᠎ᠤ ᠳᠠᠷᠤᠭ᠎ᠠ ᠲᠢᠶᠠᠨ ᠢ ᠲᠠᠩ ᠬᠤᠷᠠᠯ᠎ᠳᠤ ᠣᠷᠣᠯᠴᠠᠭᠰᠠᠨ ᠪᠥᠭᠡᠳ ᠵᠠᠭᠤᠴᠢᠯᠠᠭᠤᠷ᠎ᠤᠨ᠎ᠬᠢᠨ᠎ᠤ ᠠᠰᠠᠭᠤᠯᠲᠠ ᠵᠢ ᠬᠠᠷᠢᠭᠤᠯᠵᠠᠢ᠃
   
      ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
   
      ᠮᠢ ᠹᠸᠩ 2020-03-2615: 01: 34
      ᠵᠠᠭᠤᠴᠢᠯᠠᠭᠤᠷ᠎ᠤᠨ ᠨᠠᠶ᠋ᠢᠵᠠ ᠨᠠᠷ ᠰᠠᠢ᠍ᠢ᠍ᠨ ᠪᠠᠶ᠋ᠢᠵᠠᠭ᠋ᠠᠨ᠎ᠠ ᠤᠤ! ᠪᠢ ᠪᠣᠯ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠰᠣᠨᠢᠨ ᠮᠡᠳᠡᠭᠡᠨ᠎ᠤ ᠥᠭᠦᠯᠡᠭᠴᠢ᠂ ᠤᠬᠠᠭᠤᠯᠬᠤ ᠵᠤᠷᠭ᠋ᠠᠨ᠎ᠤ ᠳᠡᠳ᠋ ᠳᠠᠷᠤᠭ᠎ᠠ ᠮᠢ ᠹᠸᠩ ᠪᠣᠯᠤᠨ᠎ᠠ᠃ ᠲᠠ ᠨᠠᠷ᠎ᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠲᠣᠭᠲᠠᠴᠠ ᠵᠢᠨ ᠡᠷᠬᠢᠯᠡᠭᠰᠡᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠬᠤ ᠵᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠭᠣᠣᠯ ᠰᠡᠳᠦᠪ ᠪᠣᠯ᠄ ᠣᠰᠣᠠ ᠠᠰᠢᠭᠯᠠᠯᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠪᠠᠳᠤᠯᠠᠬᠤ ᠠᠵᠢᠯ ᠪᠣᠯᠤᠨ᠎ᠠ᠃ ᠪᠢᠳᠡ ᠤᠰᠤᠨ ᠠᠰᠢᠭᠯᠠᠯᠲᠠ ᠵᠢᠨ ᠶᠠᠮᠤᠨ᠎ᠤ ᠲᠥᠯᠥᠪᠵᠢᠭᠦᠯᠭᠡ ᠲᠥᠯᠥᠪᠯᠡᠭᠡᠨ᠎ᠤ ᠵᠤᠷᠭ᠋ᠠᠨ᠎ᠤ ᠳᠠᠷᠤᠭ᠎ᠠ ᠱ᠌ᠢ ᠴᠦᠨ ᠰᠢᠶᠠᠨ ᠠᠪᠤᠭ᠋ᠠᠶ᠂ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠵᠤᠷᠭ᠋ᠠᠨ᠎ᠤ ᠳᠠᠷᠤᠭ᠎ᠠ ᠸᠠᠩ ᠱᠧᠩ ᠸᠠᠨ ᠠᠪᠤᠭ᠋ᠠᠶ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠵᠤᠷᠭ᠋ᠠᠨ᠎ᠤ ᠳᠠᠷᠤᠭ᠎ᠠ ᠿᠤᠸᠠᠨ ᠯᠢ ᠮᠢᠨ ᠠᠪᠤᠭ᠋ᠠᠶ᠂ ᠬᠥᠳᠡᠭᠡ ᠲᠣᠰᠬᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠵᠤᠷᠭ᠋ᠠᠨ᠎ᠤ ᠳᠠᠷᠤᠭ᠎ᠠ ᠴᠧᠨ ᠮᠢᠩ ᠵᠦᠩ ᠠᠪᠤᠭ᠋ᠠᠶ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠵᠤᠷᠭ᠋ᠠᠨ᠎ᠤ ᠳᠠᠷᠤᠭ᠎ᠠ ᠲᠢᠶᠠᠨ ᠢ ᠲᠠᠩ ᠠᠪᠤᠭ᠋ᠠᠶ ᠵᠢ ᠤᠷᠢᠵᠤ ᠬᠤᠷᠠᠯ᠎ᠳᠤ ᠤᠷᠤᠯᠴᠠᠭᠤᠯᠪᠠ᠃ ᠲᠡᠳᠡᠨ ᠵᠶ᠋ᠠᠷ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠂ ᠦᠶᠡᠷ᠎ᠢ   ᠰᠡᠷᠭᠡᠢ᠌ᠯᠡᠵᠦ ᠪᠡᠯᠡᠳᠬᠡᠬᠦ ᠠᠵᠢᠯ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ ᠵᠡᠷᠭᠡ ᠲᠠᠯ᠎ᠠ᠎ᠪᠠᠷ ᠵᠠᠭᠤᠴᠢᠯᠠᠭᠤᠷ᠎ᠤᠨ᠎ᠬᠢᠨ᠎ᠤ ᠠᠰᠠᠭᠤᠯᠲᠠ ᠵᠢ ᠬᠠᠷᠢᠭᠤᠯᠬᠤ ᠪᠤᠯᠤᠨ᠎ᠠ᠃ ᠡᠩ ᠲᠡᠷᠢᠭᠦᠨ᠎ᠳᠤ᠂ ᠬᠢᠵᠢᠭ᠎ᠤᠨ ᠪᠠᠶ᠋ᠢᠳᠠᠯ᠎ᠢ ᠮᠡᠳᠡᠭᠳᠡᠶ᠎ᠡ᠃ 3 ᠰᠠᠷ᠎ᠠ ᠵᠢᠨ 25᠎ᠤ ᠡᠳᠦᠷ᠎ᠤᠨ 0 ᠴᠠᠭ᠎ᠠᠴᠠ 24 ᠴᠠᠭ ᠪᠤᠯᠳᠠᠯᠠᠬᠢ ᠡᠯ᠎ᠡ ᠮᠤᠵᠢ (ᠣᠷᠣᠨ᠂ ᠬᠣᠲᠠ) ᠪᠣᠯᠤᠨ ᠰᠢᠨᠵᠢᠶᠠᠩ᠎ᠤᠨ ᠦᠢ᠍ᠯᠡᠳᠪᠤᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠮᠡᠳᠡᠭᠦᠯᠦᠯᠲᠡ᠎ᠠᠴᠠ ᠦᠵᠡᠪᠡᠯ᠄ ᠰᠢᠨ᠎ᠡ᠎ᠪᠠᠷ ᠨᠡᠮᠡᠭᠳᠡᠭᠰᠡᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ  67᠂ ᠰᠢᠨ᠎ᠡ᠎ᠪᠠᠷ ᠨᠡᠮᠡᠭᠳᠡᠭᠰᠡᠨ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ 58᠂ ᠴᠥᠮ ᠬᠢᠯᠢ ᠵᠢᠨ ᠭᠠᠳᠠᠨ᠎ᠠ᠎ᠠᠴᠠ ᠤᠷᠤᠵᠤ ᠢᠷᠡᠭᠰᠡᠨ ᠡᠪᠡᠳᠴᠢᠨ᠎ᠤ ᠵᠢᠱ᠌ᠢᠶ᠎ᠡ ᠪᠤᠯᠤᠨ᠎ᠠ;   ᠰᠢᠨ᠎ᠡ᠎ᠪᠠᠷ ᠨᠡᠮᠡᠭᠳᠡᠭᠰᠡᠨ ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ 6᠂ ᠴᠥᠮ ᠬᠤᠪᠸᠢ ᠮᠤᠵᠢ ᠵᠢᠨ ᠡᠪᠡᠳᠴᠢᠨ᠎ᠤ ᠵᠢᠱ᠌ᠢᠶ᠎ᠡ ᠪᠣᠯᠤᠨ᠎ᠠ; ᡽ ᠲᠤᠬᠠᠶ ᠵᠢᠨ ᠡᠳᠦᠷ᠎ᠲᠤ ᠡᠮᠨᠡᠯᠭᠡ᠎ᠠᠴᠠ ᠭᠠᠷᠤᠭᠰᠠᠨ ᠡᠪᠡᠳᠴᠢᠨ᠎ᠤ ᠵᠢᠱ᠌ᠢᠶ᠎ᠡ 401᠂ ᠠᠨᠠᠭ᠋ᠠᠬᠤ ᠤᠬᠠᠭ᠋ᠠᠨ᠎ᠤ ᠠᠵᠢᠭᠯᠠᠯᠲᠠ ᠵᠢ ᠬᠦᠴᠦᠨ ᠥᠬᠡᠶ ᠪᠣᠯᠭ᠋ᠠᠭᠰᠠᠨ᠎ᠨᠢ 721 ᠬᠥᠮᠦᠨ ᠪᠠᠶ᠋ᠢᠵᠤ᠂ ᠬᠦᠨᠳᠦ ᠡᠪᠡᠳᠴᠢᠨ᠎ᠤ ᠵᠢᠱ᠌ᠢᠶ᠎ᠡ ᠵᠢ 164 ᠪᠠᠭ᠋ᠠᠰᠬᠠᠪᠠ᠃ 3 ᠰᠠᠷ᠎ᠠ ᠵᠢᠨ 25᠎ᠤ ᠡᠳᠦᠷ᠎ᠤᠨ 24 ᠴᠠᠭ ᠪᠣᠯᠲᠠᠯ᠎ᠠ᠂ ᠡᠯ᠎ᠡ ᠮᠤᠵᠢ (ᠣᠷᠣᠨ᠂ ᠬᠣᠲᠠ) ᠪᠣᠯᠤᠨ ᠰᠢᠨᠵᠢᠶᠠᠩ᠎ᠤᠨ ᠦᠢ᠍ᠯᠡᠳᠪᠤᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠮᠡᠳᠡᠭᠦᠯᠦᠯᠲᠡ ᠵᠢ ᠦᠨᠳᠦᠰᠦᠯᠡᠪᠡᠯ᠄ ᠣᠲᠣ ᠲᠤᠳᠤᠯᠠᠭᠰᠠᠨ ᠡᠪᠡᠳᠴᠢᠨ᠎ᠤ ᠵᠢᠱ᠌ᠢᠶ᠎ᠡ 3947 ᠪᠠᠶ᠋ᠢᠵᠤ᠂ ᠡᠭᠦᠨ᠎ᠳᠤ ᠬᠦᠨᠳᠦ ᠡᠪᠡᠳᠴᠢᠨ᠎ᠤ ᠵᠢᠱ᠌ᠢᠶ᠎ᠡ 1235 ᠪᠣᠶ; ᠡᠮᠨᠡᠯᠭᠡ᠎ᠠᠴᠠ ᠭᠠᠷᠤᠭᠰᠠᠨ ᠡᠪᠡᠳᠴᠢᠨ᠎ᠤ ᠵᠢᠱ᠌ᠢᠶ᠎ᠡ ᠨᠡᠶ᠋ᠢᠲᠡ 74051 ᠪᠠᠶ᠋ᠢᠵᠤ᠂ ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ ᠨᠡᠶ᠋ᠢᠲᠡ 3287 ᠪᠠᠶ᠋ᠢᠵᠤ᠂ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠨᠡᠶ᠋ᠢᠲᠡ 81285 ᠪᠠᠶ᠋ᠢᠵᠤ᠂ ᠣᠲᠣ 159 ᠰᠡᠵᠢᠭᠲᠡᠶ ᠡᠪᠡᠳᠴᠢᠨ᠎ᠤ ᠵᠢᠱ᠌ᠢᠶ᠎ᠡ ᠪᠠᠶ᠋ᠢᠨ᠎ᠠ᠃ ᠨᠢᠭᠲᠠ ᠣᠶ᠋ᠢᠷᠠᠲᠤᠭᠰᠠᠳ ᠨᠡᠶ᠋ᠢᠲᠡ 695305 ᠬᠥᠮᠦᠨ᠂ ᠲᠤᠰᠠᠭ᠋ᠠᠷᠯᠠᠵᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠵᠦ ᠪᠠᠢ᠌ᠭ᠎ᠠ ᠨᠢᠭᠲᠠ ᠣᠶ᠋ᠢᠷᠠᠲᠤᠭᠰᠠᠳ 14714 ᠬᠥᠮᠦᠨ   ᠪᠤᠢ᠃ ᠬᠤᠪᠸᠢ ᠮᠤᠵᠢ᠎ᠳᠤ ᠲᠤᠬᠠᠶ ᠵᠢᠨ ᠡᠳᠦᠷ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠰᠢᠨ᠎ᠡ᠎ᠪᠠᠷ ᠨᠡᠮᠡᠭᠳᠡᠭᠰᠡᠨ ᠥᠬᠡᠶ᠂ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠰᠢᠨ᠎ᠡ᠎ᠪᠠᠷ ᠨᠡᠮᠡᠭᠳᠡᠭᠰᠡᠨ ᠥᠬᠡᠶ᠂ ᠣᠲᠣ ᠪᠠᠶ᠋ᠢᠭ᠎ᠠ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠᠶ᠋ᠢᠬᠤ ᠥᠬᠡᠶ᠃ ᠰᠢᠨ᠎ᠡ᠎ᠪᠠᠷ ᠨᠡᠮᠡᠭᠳᠡᠭᠰᠡᠨ ᠡᠮᠨᠡᠯᠭᠡ᠎ᠠᠴᠠ ᠭᠠᠷᠤᠭᠰᠠᠨ ᠡᠪᠡᠳᠴᠢᠨ᠎ᠤ ᠵᠢᠱ᠌ᠢᠶ᠎ᠡ 391 ᠪᠠᠢ᠌ᠵᠤ᠂ ᠡᠭᠦᠨ᠎ᠤ ᠳᠣᠲᠣᠷ᠎ᠠ ᠦᠬᠠᠨ᠎ᠳᠤ 382 ᠬᠥᠮᠦᠨ ᠪᠤᠢ; ᠰᠢᠨ᠎ᠡ᠎ᠪᠠᠷ ᠨᠡᠮᠡᠭᠳᠡᠭᠰᠡᠨ ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ 6   ᠪᠠᠢ᠌ᠵᠤ᠂ ᠡᠭᠦᠨ᠎ᠤ ᠳᠣᠲᠣᠷ᠎ᠠ ᠦᠬᠠᠨ᠎ᠳᠤ 5 ᠪᠣᠶ; ᠣᠳᠣᠬᠠᠨ᠎ᠳᠤ ᠲᠤᠳᠤᠯᠠᠭᠰᠠᠨ ᠡᠪᠡᠳᠴᠢᠨ᠎ᠤ ᠵᠢᠱ᠌ᠢᠶ᠎ᠡ 3431 ᠪᠠᠶ᠋ᠢᠵᠤ᠂ ᠡᠭᠦᠨ᠎ᠤ ᠳᠣᠲᠣᠷ᠎ᠠ ᠦᠬᠠᠨ᠎ᠳᠤ 3407 ᠪᠠᠶ᠋ᠢᠨ᠎ᠠ;   ᠡᠭᠦᠨ᠎ᠤ ᠳᠣᠲᠣᠷ᠎ᠠ ᠬᠦᠨᠳᠦ ᠡᠪᠡᠳᠴᠢᠨ᠎ᠤ ᠵᠢᠱ᠌ᠢᠶ᠎ᠡ 1201 ᠪᠠᠶ᠋ᠢᠵᠤ᠂ ᠡᠭᠦᠨ᠎ᠤ ᠳᠣᠲᠣᠷ᠎ᠠ ᠦᠬᠠᠨ᠎ᠳᠤ 1195 ᠪᠠᠶ᠋ᠢᠨ᠎ᠠ᠃ ᠡᠮᠨᠡᠯᠭᠡ᠎ᠠᠴᠠ ᠭᠠᠷᠤᠭᠰᠠᠨ ᠡᠪᠡᠳᠴᠢᠨ᠎ᠤ ᠵᠢᠱ᠌ᠢᠶ᠎ᠡ ᠨᠡᠶ᠋ᠢᠲᠡ 61201 ᠪᠠᠶ᠋ᠢᠵᠤ᠂ ᠡᠭᠦᠨ᠎ᠤ ᠳᠣᠲᠣᠷ᠎ᠠ ᠦᠬᠠᠨ᠎ᠳᠤ 44068 ᠪᠠᠶ᠋ᠢᠨ᠎ᠠ; ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ 3169 ᠪᠠᠢ᠌ᠵᠤ᠂ ᠡᠭᠦᠨ᠎ᠤ ᠳᠣᠲᠣᠷ᠎ᠠ ᠦᠬᠠᠨ᠎ᠤ 2531 ᠪᠤᠢ; ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠨᠡᠶ᠋ᠢᠲᠡ 67801 ᠪᠠᠶ᠋ᠢᠵᠤ᠂ ᠡᠭᠦᠨ᠎ᠤ ᠳᠣᠲᠣᠷ᠎ᠠ ᠦᠬᠠᠨ᠎ᠳᠤ 50006 ᠪᠤᠢ᠃
      ᠮᠢ ᠹᠸᠩ 2020-03-26 15: 03: 23
     3 ᠰᠠᠷ᠎ᠠ ᠵᠢᠨ 25᠎ᠤ ᠡᠳᠦᠷ᠎ᠤᠨ 0 ᠴᠠᠭ᠎ᠠᠴᠠ 24 ᠴᠠᠭ ᠪᠣᠯᠲᠠᠯ᠎ᠠ᠂ ᠰᠢᠨ᠎ᠡ᠎ᠪᠠᠷ ᠨᠡᠮᠡᠭᠳᠡᠭᠰᠡᠨ ᠬᠢᠯᠢ ᠵᠢᠨ ᠭᠠᠳᠠᠨ᠎ᠠ᠎ᠠᠴᠠ ᠤᠷᠤᠵᠤ ᠢᠷᠡᠭᠰᠡᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ 67 ᠪᠠᠢ᠌ᠵᠤ᠂ ᠡᠭᠦᠨ᠎ᠳᠤ ᠱᠠᠩᠬᠠᠶ᠎ᠳᠤ 18᠂ ᠥᠪᠥᠷ ᠮᠣᠩᠭᠣᠯ᠎ᠳᠤ 12᠂ ᠭᠤᠸᠠᠩᠳᠦ᠋ᠩ᠎ᠳᠤ 11᠂ ᠪᠡᠭᠡᠵᠢᠩ᠎ᠳᠤ 6᠂       ᠹᠦᠵᠢᠶᠠᠨ᠎ᠳᠤ 6᠂ ᠱᠠᠨᠰᠢ᠎ᠳᠤ 3᠂ ᠲᠢᠶᠠᠨᠵᠢᠨ᠂ ᠵᠧᠵᠢᠶᠠᠩ᠂ ᠵᠢᠶᠠᠩᠰᠦ᠂ ᠶᠦᠨᠨᠠᠨ᠎ᠳᠤ ᠲᠣᠰ ᠲᠣᠰ 2᠂ ᠱᠠᠨ ᠰᠢ᠂ ᠭᠢᠷᠢᠨ᠂ ᠾᠧᠨᠠᠨ᠎ᠳᠤ ᠲᠣᠰ ᠲᠣᠰ 1 ᠵᠢᠱ᠌ᠢᠶ᠎ᠡ ᠪᠤᠢ᠃ 3 ᠰᠠᠷ᠎ᠠ ᠵᠢᠨ 25᠎ᠤ ᠡᠳᠦᠷ᠎ᠤᠨ 24 ᠴᠠᠭ ᠪᠣᠯᠲᠠᠯ᠎ᠠ᠂ ᠬᠢᠯᠢ ᠵᠢᠨ ᠭᠠᠳᠠᠨ᠎ᠠ᠎ᠠᠴᠠ ᠤᠷᠤᠵᠤ ᠢᠷᠡᠭᠰᠡᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠨᠡᠢ᠌ᠳᠡ 541   ᠪᠤᠢ᠃ ᠰᠢᠶᠠᠩᠭ᠋ᠠᠩ ᠣᠣᠮᠧᠨ ᠲᠠᠶ᠋ᠢᠸᠠᠨ ᠣᠷᠣᠨ᠎ᠤ ᠮᠡᠳᠡᠬᠦᠯᠦᠭᠰᠡᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠨᠡᠢ᠍ᠢ᠍ᠳᠡ 675 ᠪᠠᠢ᠌ᠵᠤ᠂ ᠡᠭᠦᠨ᠎ᠤ ᠳᠣᠲᠣᠷ᠎ᠠ ᠰᠢᠶᠠᠩᠭ᠋ᠠᠩ᠎ᠳᠤ 410᠂ ᠣᠣᠮᠧᠨ᠎ᠳᠤ 30᠂ ᠲᠠᠶ᠋ᠢᠸᠠᠨ᠎ᠳᠤ 235 ᠪᠤᠢ᠃ 3 ᠰᠠᠷ᠎ᠠ ᠵᠢᠨ 25᠎ᠤ ᠡᠳᠦᠷ᠂ ᠮᠠᠨ᠎ᠤ ᠤᠯᠤᠰ᠎ᠤᠨ ᠳᠣᠲᠣᠷ᠎ᠠ ᠭᠠᠵᠠᠷ ᠤᠷᠤᠨ᠎ᠳᠤ ᠲᠤᠳᠤᠯᠠᠭᠰᠠᠨ ᠡᠪᠡᠳᠴᠢᠨ᠎ᠤ ᠵᠢᠱ᠌ᠢᠶ᠎ᠡ ᠪᠠ ᠰᠡᠵᠢᠭᠯᠡᠯᠳᠡᠢ ᠡᠪᠡᠳᠴᠢᠨ᠎ᠤ ᠵᠢᠱ᠌ᠢᠶ᠎ᠡ ᠰᠢᠨ᠎ᠡ᠎ᠪᠠᠷ ᠨᠡᠮᠡᠭᠳᠡᠭᠰᠡᠨ ᠦᠭᠡᠢ᠂ 25 ᠮᠤᠵᠢ ᠣᠷᠣᠨ ᠪᠠ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠳᠤ ᠣᠳᠣ ᠪᠠᠶ᠋ᠢᠭ᠎ᠠ ᠲᠤᠳᠤᠯᠠᠭᠰᠠᠨ ᠪᠠ ᠰᠡᠵᠢᠭᠯᠡᠯᠲᠡᠶ ᠡᠪᠡᠳᠴᠢᠨ᠎ᠤ ᠵᠢᠱ᠌ᠢᠶ᠎ᠡ ᠪᠠᠶ᠋ᠢᠬᠤ ᠦᠭᠡᠶ; 23 ᠮᠤᠵᠢ ᠣᠷᠣᠨ᠎ᠤ᠎ᠬᠢᠨ ᠬᠢᠯᠢ ᠵᠢᠨ ᠭᠠᠳᠠᠨ᠎ᠠ᠎ᠠᠴᠠ ᠤᠷᠤᠵᠤ ᠢᠷᠡᠭᠰᠡᠨ ᠲᠤᠳᠤᠯᠠᠭᠰᠠᠨ ᠡᠪᠡᠳᠴᠢᠨ᠎ᠤ ᠵᠢᠱ᠌ᠢᠶ᠎ᠡ᠎ᠲᠠᠢ ᠪᠠᠢ᠌ᠬᠤ ᠵᠢ ᠮᠡᠳᠡᠭᠦᠯᠵᠦ᠂ ᠬᠢᠵᠢᠭ᠎ᠤᠨ ᠲᠠᠷᠬᠠᠯᠲᠠ ᠵᠢ ᠰᠡᠷᠭᠡᠶ᠋ᠢᠯᠡᠬᠦ ᠳᠠᠷᠤᠯᠲᠠ ᠮᠥᠨ ᠬᠦ᠌ ᠮᠠᠰᠢ ᠶᠡᠬᠡ ᠪᠠᠢ᠌ᠵᠤ᠂ ᠨᠠᠩ ᠤᠳᠠᠭ᠋ᠠᠨ ᠬᠤᠭᠤᠴᠠᠭ᠋ᠠᠨ᠎ᠤ ᠰᠡᠷᠭᠡᠶ᠋ᠢᠯᠡᠨ ᠡᠵᠡᠮᠳᠡᠬᠦ ᠪᠡᠯᠡᠳᠬᠡᠯ᠎ᠢ ᠰᠠᠶ᠋ᠢᠲᠤᠷ ᠬᠢᠬᠦ ᠬᠡᠷᠡᠭᠲᠡᠶ᠃ ᠳᠡᠭᠡᠷᠡᠬᠢ ᠪᠣᠯ ᠬᠢᠵᠢᠭ᠎ᠤᠨ ᠪᠠᠶ᠋ᠢᠳᠠᠯ ᠪᠣᠯᠤᠨ᠎ᠠ᠃ ᠤᠳᠤ ᠲᠤᠬᠠᠢ ᠵᠢᠨ ᠲᠠᠯᠠᠪᠠᠢ᠎ᠳᠤ ᠠᠰᠠᠭᠤᠯᠳᠠ ᠲᠤᠷᠠᠳᠬᠤ ᠴᠠᠭ ᠪᠤᠯᠤᠨ᠎ᠠ᠂ ᠰᠤᠷᠪᠤᠯᠵᠢᠯᠠᠭᠴᠢ ᠨᠠᠢ᠌ᠵᠠ ᠨᠠᠷ ᠥᠨᠥᠳᠦᠷ᠎ᠤᠨ ᠨᠡᠶ᠋ᠢᠲᠡᠯᠡᠭᠰᠡᠨ ᠭᠣᠣᠯ ᠰᠡᠳᠦᠪ᠎ᠤᠨ ᠲᠣᠭᠣᠷᠢᠨ᠎ᠳᠤ ᠠᠰᠠᠭᠤᠯᠲᠠ ᠠᠰᠠᠭᠤᠵᠤ ᠪᠤᠯᠤᠨ᠎ᠠ᠃ ᠠᠰᠠᠭᠤᠬᠤ᠎ᠠᠴᠠ᠎ᠪᠠᠨ ᠡᠮᠦᠨ᠎ᠡ ᠪᠠᠢ᠌ᠭ᠎ᠠ ᠰᠣᠨᠢᠨ ᠮᠡᠳᠡᠭᠡᠨ᠎ᠤ ᠪᠠᠢ᠍ᠭᠤᠯᠤᠮᠵᠢ᠎ᠪᠠᠨ ᠤᠷᠢᠳᠠᠪᠠᠷ ᠮᠡᠳᠡᠭᠳᠡᠭᠡᠷᠡᠶ᠃
      ᠡᠳ᠋᠎ᠤᠨ ᠵᠠᠰᠠᠭ ᠠᠵᠤ ᠠᠬᠤᠶ ᠵᠢᠨ ᠰᠤᠷᠪᠤᠯᠵᠢᠯᠠᠭᠴᠢ 2020 — 03 — 2615᠄ 03᠄ 38
   ᠶᠡᠷᠦᠩᠬᠡᠶ ᠰᠠᠶ᠋ᠢᠳ ᠯᠢ ᠺᠸ ᠴᠢᠶᠠᠩ ᠵᠢᠭ᠋ᠠᠵᠤ ᠭᠠᠷᠭ᠋ᠠᠭᠰᠠᠨ᠎ᠨᠢ᠂ ᠲᠠᠷᠢᠶᠠᠯᠠᠩ᠎ᠤᠨ ᠤᠰᠤᠨ ᠠᠰᠢᠭᠯᠠᠯᠲᠠ ᠵᠢᠴᠢ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠣᠯ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠵᠢᠴᠢ ᠣᠳᠣ ᠦᠶ᠎ᠡ ᠵᠢᠨ ᠲᠠᠷᠢᠶᠠᠯᠠᠩ᠎ᠤᠨ ᠬᠥᠭᠵᠢᠯᠲᠡ᠎ᠳᠤ ᠬᠣᠯᠪᠣᠭᠳᠠᠬᠤ ᠶᠡᠬᠡ ᠶᠠᠪᠤᠳᠠᠯ ᠮᠥᠨ᠃ ᠠᠰᠠᠭᠤᠬᠤ᠎ᠨᠢ᠂ ᠤᠰᠤᠨ ᠠᠰᠢᠭᠯᠠᠯᠲᠠ ᠵᠢᠨ ᠶᠠᠮᠤᠨ᠎ᠠᠴᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠡᠯ᠎ᠡ ᠭᠠᠵᠠᠷ᠎ᠤᠨ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠷᠢᠯᠭ᠎ᠠ ᠵᠢᠨ ᠠᠵᠢᠯ ᠵᠶ᠋ᠠᠨ ᠰᠡᠷᠭᠦᠭᠡᠬᠦ ᠵᠢ ᠰᠢᠪᠠᠳᠠᠭᠰᠠᠨ ᠪᠣᠢ? ᠪᠠᠶᠠᠷᠯᠠᠯ᠎ᠠ᠃
      ᠴᠧᠨ ᠮᠢᠩ ᠵᠥᠩ 2020 — 03 — 26 15᠄ 04᠄ 23
      ᠪᠢ ᠡᠨᠡ ᠰᠤᠷᠪᠤᠯᠵᠢᠯᠠᠭᠴᠢ ᠨᠠᠶ᠋ᠢᠵᠠ ᠵᠢᠨ ᠠᠰᠠᠭᠤᠯᠲᠠ ᠵᠢ ᠬᠠᠷᠢᠭᠤᠯᠬᠤ ᠪᠤᠯᠤᠭᠰᠠᠨ᠎ᠳᠠᠭᠠᠨ ᠮᠠᠰᠢ ᠪᠠᠶᠠᠷ᠎ᠲᠠᠢ ᠪᠠᠢ᠌ᠨ᠎ᠠ᠃ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ ᠪᠣᠯ ᠡᠨᠡ ᠤᠳᠠᠭ᠋ᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠵᠢᠨ ᠲᠤᠶ᠋ᠢᠯ᠎ᠤᠨ ᠴᠢᠬᠤᠯᠠ ᠪᠠᠲᠤᠯᠠᠭ᠎ᠠ ᠮᠥᠨ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ᠂ ᠪᠢᠳᠡ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠠᠮᠤᠷ ᠲᠦᠪᠰᠢᠨ ᠵᠶ᠋ᠠᠷ ᠤᠰᠤ ᠬᠠᠩᠭ᠋ᠠᠬᠤ ᠪᠠᠲᠤᠯᠠᠭ᠎ᠠ ᠵᠢ ᠴᠢᠩᠭ᠋ᠠᠳᠬᠠᠪᠠ᠃ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠷᠢᠯᠭ᠎ᠠ ᠵᠢᠨ ᠠᠵᠢᠯ᠎ᠢ ᠡᠬᠢᠯᠡᠭᠦᠯᠬᠦ ᠪᠠ ᠠᠵᠢᠯ᠎ᠢ ᠰᠡᠷᠭᠦᠭᠡᠬᠦ ᠲᠠᠯ᠎ᠠ᠎ᠪᠠᠷ ᠪᠢᠳᠡ ᠳᠣᠣᠷᠠᠬᠢ ᠬᠡᠳᠦᠨ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠠᠪᠴᠠᠶ᠄ ᠨᠢᠭᠡᠳᠦᠭᠡᠷ᠎ᠲᠤ᠂ ᠪᠢᠳᠡ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ   ᠵᠦᠪᠯᠡᠯ᠎ᠲᠠᠢ ᠢᠳᠡᠪᠬᠢᠲᠡᠶ ᠵᠣᠬᠢᠴᠠᠭᠤᠯᠵᠤ᠂ ᠡᠨᠡ ᠵᠢᠯ᠎ᠤᠨ ᠲᠥᠪ᠎ᠤᠨ ᠲᠥᠰᠦᠪ᠎ᠤᠨ ᠪᠡᠯᠡ ᠣᠷᠣᠭᠤᠯᠤᠯᠲᠠ ᠵᠢ ᠡᠷᠲᠡᠬᠡᠨ ᠪᠠᠭᠤᠯᠭ᠋ᠠᠵᠤ᠂ ᠡᠯ᠎ᠡ ᠭᠠᠵᠠᠷ ᠣᠷᠣᠨ᠎ᠤ ᠡᠷᠲᠡᠬᠡᠨ ᠲᠣᠬᠢᠷᠠᠭᠤᠯᠬᠤ᠎ᠳᠤ ᠲᠦᠭᠦᠮ ᠦᠵᠡᠬᠦᠯᠪᠡ᠃ ᠡᠨᠡ ᠵᠢᠯ ᠨᠡᠢ᠍ᠢ᠍ᠳᠡ 15 ᠳ᠋ᠦᠩᠰᠢᠭᠤᠷ ᠲᠥᠭᠥᠷᠢᠭ᠎ᠤᠨ ᠲᠥᠪ᠎ᠤᠨ ᠨᠥᠬᠥᠪᠥᠷᠢ ᠪᠡᠯᠡ ᠣᠷᠣᠭᠤᠯᠤᠯᠲᠠ ᠵᠢ ᠲᠣᠬᠢᠷᠠᠭᠤᠯᠵᠤ᠂ ᠡᠯ᠎ᠡ ᠭᠠᠵᠠᠷ ᠣᠷᠣᠨ᠎ᠤ ᠠᠵᠢᠯ᠎ᠤᠨ ᠲᠥᠰᠦᠯ ᠵᠶ᠋ᠠᠨ ᠴᠠᠭ ᠲᠤᠬᠠᠶ᠎ᠳᠤᠨᠢ ᠨᠠᠶ᠋ᠢᠷᠠᠭᠤᠯᠤᠨ ᠵᠣᠬᠢᠶᠠᠵᠤ᠂ ᠠᠵᠢᠯ ᠡᠬᠢᠯᠡᠭᠦᠯᠬᠦ ᠪᠠ ᠠᠵᠢᠯ ᠵᠶ᠋ᠠᠨ ᠰᠡᠷᠭᠦᠭᠡᠬᠦ ᠪᠡᠯᠡᠳᠬᠡᠯ᠎ᠢ ᠤᠷᠢᠳᠴᠢᠯᠠᠨ ᠰᠠᠶ᠋ᠢᠲᠤᠷ ᠬᠢᠬᠦ ᠵᠢ ᠪᠠᠲᠤᠯᠠᠪᠠ᠃ ᠬᠣᠶᠠᠳᠤᠭ᠋ᠠᠷ᠎ᠲᠤ᠂ ᠪᠢᠳᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠡᠯ᠎ᠡ ᠮᠤᠵᠢ᠎ᠲᠠᠢ ᠬᠡᠰᠡᠭ ᠬᠤᠪᠢᠶᠠᠨ ᠬᠠᠷᠢᠯᠴᠠᠬᠤ ᠬᠢᠨᠠᠨ ᠵᠢᠯᠣᠭᠣᠳᠬᠤ ᠲᠣᠭᠲᠠᠴᠠ ᠵᠢ ᠪᠠᠶ᠋ᠢᠭᠤᠯᠵᠤ᠂ ᠣᠷᠣᠨ ᠨᠤᠲᠤᠭ᠎ᠢ ᠬᠠᠮᠲᠤ᠎ᠪᠠᠷ ᠵᠣᠬᠢᠴᠠᠭᠤᠯᠤᠨ ᠬᠠᠪᠰᠤᠷᠴᠤ ᠪᠠᠶ᠋ᠢᠭ᠋ᠠᠳ ᠪᠠᠷᠢᠯᠭ᠎ᠠ ᠵᠢᠨ ᠠᠵᠢᠯ ᠵᠶ᠋ᠠᠨ ᠡᠬᠢᠯᠡᠭᠦᠯᠵᠦ ᠠᠵᠢᠯ ᠵᠶ᠋ᠠᠨ ᠰᠡᠷᠭᠦᠭᠡᠬᠦ ᠠᠰᠠᠭᠤᠳᠠᠯ᠎ᠢ   ᠰᠢᠢ᠍ᠳᠪᠤᠷᠢᠯᠡᠵᠦ᠂ ᠣᠷᠣᠨ ᠨᠤᠲᠤᠭ᠎ᠢ ᠰᠢᠪᠠᠳᠠᠨ ᠱᠠᠭ᠋ᠠᠷᠳᠠᠵᠤ ᠪᠠᠶ᠋ᠢᠭ᠋ᠠᠳ ᠠᠵᠢᠯ ᠵᠶ᠋ᠠᠨ ᠡᠬᠢᠯᠡᠭᠦᠯᠵᠦ ᠠᠵᠢᠯ ᠵᠶ᠋ᠠᠨ ᠰᠡᠷᠭᠦᠭᠡᠬᠦ ᠵᠢ᠎ᠨᠢ ᠲᠦᠷᠭᠡᠳᠬᠡᠪᠡ᠃ ᠭᠤᠷᠪᠠᠳᠤᠭ᠋ᠠᠷ᠎ᠲᠤ᠂ ᠢᠨᠵᠧᠨᠧᠷᠢᠩ᠎ᠤᠨ ᠳᠤᠮᠳᠠ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠎ᠨᠦᠭᠦᠳ᠎ᠢ ᠠᠪᠴᠤ᠂ ᠣᠨᠴᠠᠭ᠋ᠠᠶ᠋ᠢᠯᠠᠨ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠦᠳᠦᠬᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠪᠠᠷᠢᠯᠭ᠎ᠠ ᠵᠢᠨ ᠠᠵᠢᠯ᠎ᠢ ᠢᠯᠡᠭᠦᠬᠡᠨ ᠨᠡᠭᠡᠭᠡᠵᠦ᠂ ᠸᠢᠴᠠᠲ᠂ ᠸᠢᠳᠢᠣ᠋᠂ ᠰᠦᠯᠵᠢᠶ᠎ᠡ ᠵᠡᠷᠭᠡ ᠠᠷᠭ᠎ᠠ ᠬᠡᠯᠪᠡᠷᠢ᠎ᠪᠠᠷ ᠳᠤᠬᠢᠷᠠᠭᠤᠯᠤᠯᠳᠠ ᠬᠢᠵᠦ᠂ ᠡᠯ᠎ᠡ ᠵᠦᠢ᠍ᠯ᠎ᠤᠨ ᠢᠨᠵᠧᠨᠧᠷᠢᠩ᠎ᠤᠨ ᠠᠷᠭ᠎ᠠ ᠬᠡᠮᠵᠢᠶ᠎ᠡ ᠵᠢᠨ ᠤᠷᠤᠭᠰᠢᠲᠠᠢ ᠶᠠᠪᠤᠭᠳᠠᠬᠤ ᠵᠢ ᠪᠠᠲᠤᠯᠠᠵᠤ᠂ ᠵᠠᠷᠢᠮ ᠭᠠᠵᠠᠷ ᠣᠷᠣᠨ᠎ᠤ᠎ᠬᠢᠨ ᠥᠩᠭᠡᠷᠡᠭᠰᠡᠨ ᠵᠢᠯ᠎ᠤᠳ᠎ᠠᠴᠠ ᠨᠡᠩ ᠯᠠᠪᠳᠠᠭᠤᠨ ᠪᠠᠲᠤᠲᠠᠢ᠂ ᠠᠬᠢᠴᠠ᠎ᠨᠢ ᠨᠡᠩ ᠲᠦᠷᠭᠡᠨ ᠪᠠᠶ᠋ᠢᠵᠤ᠂ ᠮᠠᠨ᠎ᠤ ᠢᠨᠵᠧᠨᠧᠷᠢᠩ᠎ᠤᠨ ᠠᠵᠢᠯ ᠡᠬᠢᠯᠡᠭᠦᠯᠬᠦ ᠦᠷ᠎ᠡ ᠪᠦᠲᠦᠮᠵᠢ ᠵᠢ ᠨᠡᠩ ᠰᠠᠢ᠍ᠢ᠍ᠨ ᠪᠣᠯᠭ᠋ᠠᠬᠤ ᠵᠢ ᠪᠠᠳᠤᠯᠠᠭᠰᠠᠨ ᠪᠠᠢ᠌ᠨ᠎ᠠ᠃ ᠣᠳᠣᠬᠠᠨ᠎ᠤ ᠪᠠᠶ᠋ᠢᠳᠠᠯ᠎ᠠᠴᠠ ᠦᠵᠡᠪᠡᠯ᠂ ᠡᠯ᠎ᠡ ᠭᠠᠵᠠᠷ ᠣᠷᠣᠨ᠎ᠤ ᠠᠵᠢᠯ ᠡᠬᠢᠯᠡᠭᠦᠯᠦᠭᠰᠡᠨ ᠦᠷ᠎ᠡ ᠪᠦᠲᠦᠭᠡᠯ᠎ᠨᠢ ᠪᠠᠰᠠ ᠮᠠᠰᠢ ᠢᠯᠡᠷᠬᠡᠶ ᠪᠠᠶ᠋ᠢᠨ᠎ᠠ᠂ ᠬᠥᠳᠡᠭᠡ ᠲᠣᠰᠬᠣᠨ᠎ᠤ ᠤᠰᠤ ᠬᠠᠩᠭ᠋ᠠᠬᠤ   ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠡᠭᠦᠷᠭᠡ᠎ᠲᠠᠢ ᠰᠢᠶᠠᠨ᠎ᠤ ᠠᠵᠢᠯ ᠰᠡᠷᠭᠦᠭᠡᠭᠰᠡᠨ ᠨᠤᠷᠮ᠎ᠠ᠎ᠨᠢ 90% ᠰᠢᠬᠠᠮ᠎ᠳᠤ ᠬᠦᠷᠴᠦ᠂ ᠬᠤᠪᠸᠢ᠎ᠠᠴᠠ ᠪᠤᠰᠤᠳ᠎ᠨᠢ 93%᠎ᠳᠤ ᠬᠦᠷᠴᠡᠶ᠂ ᠡᠶ᠋ᠢᠮᠦ᠎ᠠᠴᠠ ᠶᠡᠷᠦᠩᠬᠡᠶ ᠦᠷ᠎ᠡ ᠪᠦᠲᠦᠮᠵᠢ᠎ᠨᠢ ᠪᠠᠰᠠ ᠨᠡᠯᠢᠶᠡᠳ ᠰᠠᠢ᠍ᠢ᠍ᠨ ᠪᠠᠶ᠋ᠢᠨ᠎ᠠ᠃ ᠪᠠᠶᠠᠷᠯᠠᠯ᠎ᠠ᠃
      ᠲᠥᠪ ᠲᠧᠯᠸᠢᠰ᠎ᠤᠨ ᠰᠤᠷᠪᠤᠯᠵᠢᠯᠠᠭᠴᠢ 2020 — 03 — 2615᠄ 14᠄ 45
      ᠠᠵᠤ ᠠᠬᠤᠶ ᠵᠢ ᠬᠥᠭᠵᠢᠭᠦᠯᠬᠦ ᠵᠢᠨ ᠲᠥᠯᠥᠭᠡ᠂ ᠤᠰᠤᠨ ᠠᠰᠢᠭᠯᠠᠯᠲᠠ ᠵᠢᠨ ᠶᠠᠮᠤᠨ᠎ᠠᠴᠠ ᠵᠠᠷᠢᠮ ᠴᠢᠬᠤᠯᠠ ᠶᠡᠬᠡ ᠤᠰᠤᠨ ᠠᠰᠢᠭᠯᠠᠯᠲᠠ ᠵᠢᠨ ᠰᠢᠨ᠎ᠡ ᠲᠦᠷᠦᠯ ᠵᠦᠢ᠍ᠯᠡᠰ᠎ᠢ ᠤᠷᠢᠳᠴᠢᠯᠠᠨ ᠲᠥᠯᠥᠪᠵᠢᠭᠦᠯᠬᠦ ᠵᠢ ᠪᠣᠳᠣᠯᠬᠢᠯᠠᠭᠰᠠᠨ ᠤᠤ ᠦᠭᠡᠢ ᠤᠤ? ᠬᠡᠷᠪᠡ ᠪᠠᠢ᠌ᠬᠤ᠎ᠳᠤ ᠬᠦᠷᠪᠡᠯ᠂ ᠡᠳᠡᠭᠡᠷ ᠲᠦᠷᠦᠯ ᠵᠤᠢ᠌ᠯᠡᠰ᠎ᠨᠢ ᠬᠡᠳᠦᠢ ᠪᠡᠯᠡ ᠮᠦᠩᠬᠦ ᠪᠠ ᠠᠵᠢᠯ ᠤᠯᠭᠤᠯᠳᠠ ᠠᠪᠴᠢᠷᠠᠵᠤ ᠲᠡᠢ᠌ᠯᠬᠦ ᠪᠤᠢ? ᠪᠠᠶᠠᠷᠯᠠᠯ᠎ᠠ
      ᠱ᠌ᠢ ᠴᠦᠨ ᠰᠢᠶᠠᠨ 2020-03-2615: 15: 04
      ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠶ᠋ᠢᠬᠤ ᠪᠥᠭᠡᠳ ᠤᠰᠤᠨ ᠠᠰᠢᠭᠯᠠᠯᠲᠠ ᠵᠢᠨ   ᠢᠨᠵᠸᠨ᠋ᠸᠷᠢᠩ᠎ᠢ ᠬᠠᠯᠠᠮᠵᠢᠯᠠᠨ ᠳᠡᠮᠵᠢᠭᠰᠡᠨ᠎ᠳᠤ ᠴᠦ᠍ ᠲᠠᠯᠠᠷᠬᠠᠵᠤ ᠪᠠᠶ᠋ᠢᠨ᠎ᠠ᠃ ᠲᠠᠨ᠎ᠤ ᠳᠤᠷᠠᠳᠤᠭᠰᠠᠨ᠎ᠲᠠᠢ ᠠᠳᠠᠯᠢ᠎ᠪᠠᠷ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ ᠪᠣᠯ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠰᠠᠭᠤᠷᠢ ᠲᠥᠬᠥᠭᠡᠷᠦᠮᠵᠢ ᠪᠣᠯᠤᠨ᠎ᠠ᠂ ᠮᠦᠨ ᠴᠤ᠌ ᠤᠯᠤᠰ᠎ᠤᠨ ᠰᠠᠭᠤᠷᠢ ᠲᠥᠬᠥᠭᠡᠷᠦᠮᠵᠢ ᠵᠢᠨ ᠳᠤᠲᠠᠭᠤᠳᠠᠯ᠎ᠢ ᠨᠥᠬᠥᠪᠥᠷᠢᠯᠡᠬᠦ ᠴᠢᠬᠤᠯᠠ ᠬᠦᠷᠢᠶ᠎ᠡ ᠪᠣᠯᠤᠨ᠎ᠠ᠂ ᠤᠯᠤᠰ᠎ᠠᠴᠠ ᠲᠤᠶ᠋ᠢᠯ ᠵᠶ᠋ᠠᠷ ᠴᠢᠬᠤᠯᠠᠴᠢᠯᠠᠵᠤ᠂ ᠣᠷᠣᠨ ᠨᠤᠲᠤᠭ᠎ᠤᠨ᠎ᠬᠢᠨ ᠮᠠᠰᠢ ᠢᠳᠡᠪᠬᠢᠲᠡᠢ ᠪᠠᠶ᠋ᠢᠵᠤ᠂ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠶ᠋ᠢᠯᠭ᠎ᠠ᠎ᠳᠤ ᠣᠷᠣᠯᠴᠠᠵᠤ᠂ ᠣᠳᠣᠬᠠᠨ᠎ᠤ ᠠᠬᠢᠴᠠ ᠮᠠᠰᠢ ᠤᠷᠤᠭᠰᠢᠲᠠᠢ ᠪᠠᠶ᠋ᠢᠨ᠎ᠠ᠃ ᠤᠯᠤᠰ᠎ᠠᠴᠠ ᠲᠣᠭᠲᠠᠭ᠋ᠠᠭᠰᠠᠨ 172 ᠵᠦᠢ᠍ᠯ᠎ᠤᠨ ᠴᠢᠬᠤᠯᠠ ᠶᠡᠬᠡ   ᠢᠨᠵᠸᠨ᠋ᠸᠷᠢᠩ᠎ᠤᠨ ᠠᠵᠢᠯ᠎ᠤᠨ 142 ᠵᠦᠢ᠍ᠯ᠎ᠢ᠎ᠨᠢ ᠨᠢᠭᠡᠨᠳᠡ ᠡᠬᠢᠯᠡᠭᠦᠯᠵᠦ᠂ ᠪᠠᠶ᠋ᠢᠭᠤᠯᠵᠤ ᠪᠠᠶ᠋ᠢᠭ᠎ᠠ ᠬᠡᠪᠴᠢᠶ᠎ᠡ᠎ᠨᠢ ᠲᠦᠮᠡᠨ ᠳ᠋ᠦᠩᠰᠢᠭᠤᠷ ᠲᠦᠬᠦᠷᠢᠭ᠎ᠢ ᠳᠠᠪᠠᠵᠠᠶ᠃ ᠰᠢᠨ᠎ᠡ ᠪᠠᠶ᠋ᠢᠷᠢᠯᠠᠭᠤᠯᠤᠯᠲᠠ ᠵᠢᠨ ᠲᠤᠬᠠᠶ᠂ ᠴᠢᠬᠤᠯᠠ ᠶᠡᠬᠡ ᠢᠨᠵᠧᠨᠧᠷᠢᠩ᠎ᠨᠢ ᠰᠠᠭᠤᠷᠢ ᠲᠥᠬᠥᠭᠡᠷᠦᠮᠵᠢ ᠵᠢᠨ ᠪᠠᠲᠤᠯᠠᠭ᠎ᠠ ᠵᠢᠨ ᠦᠢ᠍ᠯᠡᠳᠦᠯ᠎ᠲᠠᠢ᠎ᠠᠴᠠ ᠭᠠᠳᠠᠨ᠎ᠠ᠂ ᠬᠡᠷᠪᠡ ᠠᠵᠤ ᠠᠬᠤᠶ ᠵᠢᠨ ᠲᠠᠯ᠎ᠠ᠎ᠠᠴᠠ ᠠᠪᠴᠤ ᠦᠵᠡᠪᠡᠯ ᠪᠠᠰᠠ ᠬᠣᠶᠠᠷ ᠳᠠᠪᠠᠭᠤᠯᠢᠭ ᠲᠠᠯ᠎ᠠ᠎ᠲᠠᠢ ᠶᠤᠮ᠃ ᠨᠢᠭᠡᠳᠦᠭᠡᠷ᠎ᠲᠤ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠨᠢ ᠬᠠᠮᠤᠷᠬᠤ ᠬᠡᠪᠴᠢᠶ᠎ᠡ᠎ᠪᠠᠷ ᠥᠷᠭᠡᠨ᠂ ᠪᠡᠯᠡ ᠣᠷᠣᠭᠤᠯᠤᠯᠲᠠ ᠵᠢ ᠰᠢᠩᠭᠡᠭᠡᠨ ᠠᠪᠬᠤ᠎ᠪᠠᠷ ᠶᠡᠬᠡ᠂ ᠠᠵᠤ ᠦᠢ᠍ᠯᠡᠰ᠎ᠤᠨ ᠬᠡᠯᠬᠢᠶ᠎ᠡ᠎ᠪᠠᠷ ᠤᠷᠲᠤ᠂ ᠠᠵᠢᠯ ᠣᠯᠭᠣᠬᠤ ᠲᠣᠬᠢᠶᠠᠯ᠎ᠢ ᠤᠯᠠᠨ ᠡᠭᠦᠳᠬᠦ ᠣᠨᠴᠠᠯᠢᠭ᠎ᠲᠠᠢ ᠪᠠᠶ᠋ᠢᠵᠤ᠂ ᠪᠡᠯᠡ ᠣᠷᠣᠭᠤᠯᠤᠯᠲᠠ ᠵᠢᠨ ᠳᠠᠶ᠋ᠢᠴᠢᠯᠠᠬᠤ ᠦᠢ᠍ᠯᠡᠳᠦᠯ᠎ᠢ ᠮᠠᠰᠢ ᠰᠠᠢ᠍ᠢ᠍ᠨ ᠪᠠᠳᠠᠷᠠᠭᠤᠯᠵᠤ ᠴᠢᠳᠠᠨ᠎ᠠ᠃ ᠬᠣᠶᠠᠳᠤᠭ᠋ᠠᠷ᠎ᠲᠤ᠂ ᠴᠢᠬᠤᠯᠠ ᠶᠡᠬᠡ ᠤᠰᠤᠨ ᠠᠰᠢᠭᠯᠠᠯᠲᠠ ᠵᠢᠨ   ᠢᠨᠵᠸᠨ᠋ᠸᠷᠢᠩ᠎ᠳᠤ ᠶᠡᠷᠦᠩᠬᠡᠶ᠎ᠳᠡᠭᠡᠨ ᠴᠥᠮ ᠨᠡᠯᠢᠶᠡᠳ ᠰᠠᠢ᠍ᠢ᠍ᠨ ᠲᠥᠯᠥᠪᠵᠢᠭᠦᠯᠭᠡ ᠵᠢᠨ ᠰᠠᠭᠤᠷᠢ᠎ᠲᠠᠢ ᠪᠠᠶ᠋ᠢᠳᠠᠭ ᠪᠥᠭᠡᠳ ᠶᠡᠬᠡᠩᠬᠢ ᠬᠡᠰᠡᠭ᠎ᠨᠢ ᠴᠥᠮ ᠤᠯᠠᠨ ᠵᠢᠯ᠎ᠤᠨ ᠨᠤᠲᠠᠯᠠᠯᠲᠠ ᠵᠢ ᠥᠩᠭᠡᠷᠡᠭᠡᠵᠦ᠂ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠬᠦ ᠨᠥᠬᠥᠴᠡᠯ᠎ᠲᠠᠢ ᠪᠠᠶ᠋ᠢᠳᠠᠭ ᠪᠣᠯᠬᠣᠷ ᠪᠠᠶ᠋ᠢᠭᠤᠯᠵᠤ ᠳᠠᠭᠤᠰᠤᠭᠰᠠᠨ᠎ᠤ ᠲᠠᠷᠠᠭ᠎ᠠ ᠦᠢ᠍ᠯᠡᠳᠪᠦᠷᠢᠯᠡᠬᠦ ᠴᠢᠳᠠᠪᠤᠷᠢ ᠦᠯᠡᠭᠦᠳᠡᠬᠦ ᠠᠰᠠᠭᠤᠳᠠᠯ ᠭᠠᠷᠬᠤ ᠦᠭᠡᠢ     ᠶᠤᠮ᠃ ᠡᠶ᠋ᠢᠮᠦ᠎ᠠᠴᠠ᠂ ᠡᠢ᠌ᠮᠦᠷᠬᠦᠦ ᠪᠠᠶ᠋ᠢᠳᠠᠯ᠎ᠳᠤ ᠴᠢᠭᠯᠡᠭᠦᠯᠦᠨ ᠪᠢᠳᠠ ᠨᠢᠭᠡ ᠪᠦᠯᠦᠭ ᠨᠡᠯᠢᠶᠡᠳ ᠴᠢᠬᠤᠯᠠ᠂ ᠡᠮᠦᠨᠡᠬᠢ ᠬᠤᠭᠤᠴᠠᠭ᠋ᠠᠨ᠎ᠤ ᠠᠵᠢᠯ᠎ᠤᠨ ᠨᠥᠬᠥᠴᠡᠯ ᠵᠶ᠋ᠠᠷ ᠨᠡᠯᠢᠶᠡᠳ ᠰᠡᠢ᠍ᠢ᠍ᠠ ᠴᠢᠬᠤᠯᠠ ᠶᠡᠬᠡ ᠢᠨᠵᠧᠨᠧᠷᠢᠩ᠎ᠢ ᠤᠷᠢᠳᠴᠢᠯᠠᠨ ᠲᠥᠯᠥᠪᠯᠡᠵᠦ ᠭᠠᠷᠭ᠋ᠠᠭᠰᠠᠨ ᠶᠤᠮ᠂ ᠤᠳᠦ ᠠᠩᠬ᠎ᠠ ᠠᠯᠬᠤᠮ ᠪᠣᠳᠣᠯᠬᠢᠯᠠᠪᠠᠯ᠂ ᠤᠢ᠍ᠢ᠍ᠷ᠎ᠠ ᠵᠢᠨ ᠭᠤᠷᠪᠠᠨ ᠵᠢᠯ᠎ᠳᠤ ᠵᠠᠭᠤ ᠭᠠᠷᠤᠶ ᠵᠦᠢ᠍ᠯ ᠪᠠᠶ᠋ᠢᠨ᠎ᠠ᠂ ᠡᠨᠡ ᠵᠢᠯ ᠪᠠᠰᠠ ᠬᠡᠳᠦᠨ ᠠᠷᠪᠠᠨ ᠵᠦᠢ᠍ᠯ ᠪᠠᠶ᠋ᠢᠨ᠎ᠠ᠂ ᠡᠨᠡ ᠵᠠᠭᠤ ᠭᠠᠷᠤᠶ ᠵᠦᠢ᠍ᠯ᠎ᠤᠨ ᠪᠡᠯᠠ ᠣᠷᠣᠭᠤᠯᠤᠯᠲᠠ ᠵᠢᠨ ᠬᠡᠪᠴᠢᠶ᠎ᠡ ᠴᠦ᠍ ᠲᠦᠮᠡᠨ ᠳ᠋ᠦᠩᠰᠢᠭᠤᠷ᠎ᠢ ᠳᠠᠪᠠᠬᠤ ᠪᠣᠯᠤᠨ᠎ᠠ᠃ ᠡᠳᠡᠭᠡᠷ ᠵᠦᠢ᠍ᠯᠡᠰ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢ᠎ᠨᠢ ᠰᠡᠢ᠍ᠢ᠍ᠠ᠂ ᠣᠷᠣᠨ ᠨᠤᠲᠤᠭ᠎ᠤᠨ ᠢᠳᠡᠪᠬᠢᠵᠢᠯ᠎ᠨᠢ ᠥᠨᠳᠥᠷ ᠮᠥᠷᠲᠡᠭᠡᠨ ᠣᠷᠴᠢᠨ ᠲᠤᠭᠤᠷᠢᠨ᠎ᠢ ᠬᠢᠵᠠᠭ᠋ᠠᠷᠯᠠᠬᠤ ᠶᠡᠬᠡ ᠬᠦᠴᠦᠨ ᠵᠦᠢ᠍ᠯ ᠪᠠᠶ᠋ᠢᠬᠤ ᠤᠢ᠍ᠭᠡᠢ᠂ ᠨᠥᠬᠥᠴᠡᠯ ᠪᠦᠷᠢᠯᠳᠦᠭᠦᠯᠳᠡᠭ ᠯᠡ ᠶᠤᠮ ᠪᠣᠯ ᠮᠠᠰᠢ ᠲᠦᠷᠭᠡᠨ ᠵᠶ᠋ᠠᠷ ᠠᠵᠢᠯ ᠵᠶ᠋ᠠᠨ ᠡᠬᠢᠯᠡᠭᠦᠯᠵᠦ ᠪᠣᠯᠤᠨ᠎ᠠ ᠭᠡᠵᠦ ᠪᠢ ᠰᠠᠶᠢᠬᠠᠨ ᠬᠡᠯᠡᠭᠰᠡᠨ ᠪᠢᠯᠠ᠃ ᠠᠵᠤ ᠠᠬᠤᠶ ᠵᠢ ᠳᠠᠶ᠋ᠢᠴᠢᠯᠠᠬᠤ ᠦᠢ᠍ᠯᠡᠳᠦᠯ᠂ ᠥᠭᠡᠷ᠎ᠡ᠎ᠪᠠᠷ ᠬᠡᠯᠡᠪᠡᠯ ᠠᠵᠢᠯ ᠣᠯᠭᠣᠯᠲᠠ ᠵᠢ ᠠᠬᠢᠭᠤᠯᠬᠤ ᠦᠢ᠍ᠯᠡᠳᠦᠯ᠎ᠤᠨ ᠲᠤᠬᠠᠶ ᠳᠤᠮᠳᠠᠳᠤ ᠤᠯᠤᠰ᠎ᠤᠨ ᠬᠣᠷᠸ᠎ᠠ ᠠᠵᠤ ᠠᠬᠤᠶ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠣᠯᠪᠣᠭᠳᠠᠯ ᠪᠦᠬᠦᠢ ᠨᠢᠭᠡᠴᠢ᠎ᠠᠴᠠ ᠨᠢᠭᠡᠨ ᠰᠤᠳᠤᠯᠭ᠋ᠠᠨ᠎ᠤ ᠦᠷ᠎ᠡ ᠪᠦᠲᠦᠭᠡᠯ᠎ᠢ ᠳᠤᠷᠠᠳᠴᠠᠶ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠳᠤ ᠮᠢᠩᠭ᠋ᠠᠨ ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠬᠤ ᠪᠦᠷᠢ GDP ᠵᠢ ᠳᠠᠢ᠍ᠢ᠍ᠴᠢᠯᠠᠨ ᠵᠠᠭᠤᠨ᠎ᠤ 0.15 ᠨᠢᠭᠡᠴᠢ᠎ᠪᠠᠷ ᠨᠡᠮᠡᠭᠳᠡᠭᠦᠯᠵᠦ᠂ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠰᠢᠨ᠎ᠡ᠎ᠪᠠᠷ 49 ᠲᠦᠮᠡ ᠨᠡᠮᠡᠭᠳᠡᠭᠦᠯᠵᠦ ᠪᠣᠯᠤᠨ᠎ᠠ᠂ ᠡᠶ᠋ᠢᠮᠦ᠎ᠠᠴᠠ ᠡᠨᠡ ᠬᠦ᠌ ᠦᠷ᠎ᠡ ᠪᠦᠲᠦᠮᠵᠢ᠎ᠨᠢ ᠪᠠᠰᠠ ᠮᠠᠰᠢ ᠰᠠᠢ᠍ᠢ᠍ᠨ ᠶᠤᠮ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠦᠷᠭᠦᠯᠵᠢᠯᠡᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠬᠢᠨᠠᠨ ᠵᠢᠯᠣᠭᠣᠳᠴᠤ ᠪᠠᠶ᠋ᠢᠴᠠᠭ᠋ᠠᠬᠤ ᠵᠢ ᠴᠢᠩᠭ᠋ᠠᠳᠬᠠᠨ᠂ ᠡᠮᠦᠨᠡᠬᠢ ᠬᠤᠭᠤᠴᠠᠭ᠋ᠠᠨ᠎ᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠯᠭ᠎ᠠ ᠵᠢᠨ ᠠᠵᠢᠯ᠎ᠢ ᠤᠷᠤᠭᠰᠢᠲᠠᠶ ᠡᠬᠢᠯᠡᠭᠦᠯᠦᠨ ᠪᠥᠲᠥᠭᠡᠨ ᠪᠠᠶ᠋ᠢᠭᠤᠯᠬᠤ᠎ᠳᠤ ᠰᠠᠶ᠋ᠢᠨ ᠨᠥᠬᠥᠴᠡᠯ ᠬᠠᠩᠭ᠋ᠠᠨ᠎ᠠ᠃ ᠪᠠᠶᠠᠷᠯᠠᠯ᠎ᠠ᠃
      ᠡᠮᠦᠨᠡᠲᠦ ᠣᠷᠣᠨ᠎ᠤ ᠬᠣᠲᠠ ᠵᠢᠨ ᠰᠣᠨᠢᠨ᠎ᠤ ᠰᠤᠷᠪᠤᠯᠵᠢᠯᠠᠭᠴᠢ 2020 — 03 — 2615᠄ 22᠄ 40
      ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠠᠵᠢᠯ᠎ᠤᠨ ᠠᠬᠢᠴᠠ ᠵᠢ ᠳᠠᠭ᠋ᠠᠯᠳᠤᠨ᠂ ᠡᠯ᠎ᠡ ᠭᠠᠵᠠᠷ᠎ᠤᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠢ ᠴᠤ᠌ ᠠᠯᠬᠤᠮ ᠠᠯᠬᠤᠮ ᠵᠶ᠋ᠠᠷ ᠰᠡᠷᠭᠦᠭᠡᠨ ᠪᠠᠶ᠋ᠢᠭᠤᠯᠪᠠ᠂ ᠲᠡᠭᠡᠪᠡᠯ ᠣᠳᠣᠬᠠᠨ᠎ᠤ ᠤᠰᠤᠨ ᠠᠰᠢᠭᠯᠠᠯᠲᠠ ᠵᠢᠨ   ᠢᠨᠵᠸᠨ᠋ᠸᠷᠢᠩ᠎ᠤᠨ ᠪᠠᠷᠢᠯᠭ᠎ᠠ ᠵᠢᠨ ᠠᠵᠢᠯ ᠵᠶ᠋ᠠᠨ ᠰᠡᠷᠭᠦᠭᠡᠭᠰᠡᠨ ᠪᠠᠶ᠋ᠢᠳᠠᠯ ᠶᠠᠮᠠᠷ ᠪᠤᠢ? ᠪᠠᠶᠠᠷᠯᠠᠯ᠎ᠠ᠃
      ᠸᠠᠩ ᠱᠧᠩ ᠸᠠᠨ 2020-03-2615: 22: 52
      ᠤᠰᠤᠨ ᠠᠰᠢᠭᠯᠠᠯᠲᠠ ᠵᠢᠨ ᠶᠠᠮᠤᠨ ᠶᠡᠷᠦᠩᠬᠡᠶ ᠱᠦᠵᠢ ᠰᠢ ᠵᠢᠨ ᠫᠢᠩ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠤᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠶᠣᠰᠣᠭ᠋ᠠᠷ᠂ 《ᠶᠠᠷᠰᠢᠭ ᠲᠠᠲᠠᠬᠤ ᠥᠬᠡᠶ᠂ ᠢᠯᠡᠭᠦᠬᠡᠨ ᠬᠦᠴᠦ ᠭᠠᠷᠭ᠋ᠠᠵᠤ᠂ ᠬᠤᠪᠢ ᠨᠡᠮᠡᠷᠢ ᠦᠵᠡᠭᠦᠯᠬᠦ》 ᠵᠢ ᠪᠠᠷᠢᠮᠲᠠᠯᠠᠨ ᠪᠡᠶᠡᠯᠡᠭᠦᠯᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ ᠵᠢ ᠲᠣᠪᠣᠶ᠋ᠢᠮ᠎ᠠ ᠰᠠᠶ᠋ᠢᠲᠤᠷ ᠠᠳᠬᠤᠪᠠ᠃ ᠤᠳᠤ ᠪᠣᠯᠬᠤ᠎ᠳᠤ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠲᠠᠯ᠎ᠠ᠎ᠪᠠᠷ ᠨᠡᠯᠢᠶᠡᠳ ᠰᠠᠢ᠍ᠢ᠍ᠨ ᠦᠷ᠎ᠡ ᠪᠦᠲᠦᠮᠵᠢ       ᠣᠯᠵᠠᠶ᠃ ᠣᠳᠣᠬᠠᠨ᠎ᠳᠤ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠠᠵᠢᠯ ᠮᠠᠰᠢ ᠤᠷᠤᠭᠰᠢᠲᠠᠶ ᠶᠠᠪᠤᠭᠳᠠᠵᠤ᠂ ᠪᠠᠶ᠋ᠢᠭᠤᠯᠵᠤ ᠪᠠᠶ᠋ᠢᠭ᠎ᠠ 110 ᠵᠦᠢ᠍ᠯ᠎ᠤᠨ ᠪᠠᠷᠢᠯᠭ᠎ᠠ ᠵᠢᠨ ᠠᠵᠢᠯ᠎ᠤᠨ 101 ᠵᠢ᠎ᠨᠢ ᠨᠢᠭᠡᠨᠲᠡ ᠰᠡᠷᠭᠦᠭᠡᠵᠦ᠂ ᠪᠠᠷᠢᠯᠭ᠎ᠠ ᠵᠢᠨ ᠶᠡᠷᠦᠩᠬᠡᠶ ᠲᠣᠭ᠋ᠠᠨ᠎ᠤ 92%᠎ᠢ ᠡᠵᠡᠯᠡᠵᠦ᠂ ᠠᠭᠤᠷ ᠠᠮᠢᠰᠬᠤᠯ ᠵᠡᠷᠭᠡ ᠡᠯᠸᠮᠸᠨ᠋ᠲ᠎ᠳᠤ ᠨᠥᠯᠥᠭᠡᠯᠡᠭᠳᠡᠭᠰᠡᠨ ᠴᠥᠭᠡᠨ ᠲᠣᠭ᠋ᠠᠨ᠎ᠤ ᠪᠠᠷᠢᠯᠭ᠎ᠠ ᠵᠢ ᠭᠠᠷᠭ᠋ᠠᠪᠠᠯ᠂ ᠰᠡᠷᠭᠦᠭᠡᠬᠦ ᠶᠣᠰᠣᠲᠠᠶ ᠵᠢ᠎ᠨᠢ ᠪᠦᠬᠦᠨ᠎ᠢ ᠰᠡᠷᠭᠦᠭᠡᠭᠰᠡᠨ ᠪᠠᠶ᠋ᠢᠨ᠎ᠠ᠃ ᠵᠡᠭᠦᠨ ᠬᠣᠶ᠋ᠢᠲᠤ ᠣᠷᠣᠨ ᠪᠠ ᠪᠠᠷᠠᠭᠤᠨ ᠬᠣᠶ᠋ᠢᠲᠤ ᠣᠷᠣᠨ᠎ᠤ ᠡᠳᠡᠭᠡᠷ ᠲᠤᠶ᠋ᠢᠯ᠎ᠤᠨ ᠬᠦᠢ᠍ᠳᠡᠨ ᠭᠠᠵᠠᠷ ᠣᠷᠣᠨ᠎ᠳᠤ ᠪᠠᠰᠠ ᠪᠠᠷᠢᠯᠭ᠎ᠠ ᠵᠢᠨ ᠠᠵᠢᠯ ᠵᠶ᠋ᠠᠨ ᠰᠡᠷᠭᠦᠭᠡᠵᠦ ᠪᠠᠶ᠋ᠢᠨ᠎ᠠ᠂ ᠡᠶ᠋ᠢᠮᠦ᠎ᠠᠴᠠ ᠣᠳᠣᠬᠠᠨ᠎ᠤ 92%᠎ᠠᠴᠠ ᠠᠪᠴᠤ ᠦᠵᠡᠪᠡᠯ᠂ ᠠᠵᠢᠯ ᠰᠡᠷᠭᠦᠭᠡᠭᠰᠡᠨ ᠨᠤᠷᠮ᠎ᠠ᠎ᠨᠢ ᠥᠩᠭᠡᠷᠡᠭᠰᠡᠨ ᠵᠢᠯ᠎ᠤᠳ᠎ᠤᠨ᠎ᠬᠢ᠎ᠠᠴᠠ ᠨᠡᠯᠢᠶᠡᠳ ᠶᠡᠬᠡ᠎ᠪᠠᠷ ᠳᠡᠭᠡᠭᠰᠢᠯᠡᠭᠰᠡᠨ ᠪᠠᠶ᠋ᠢᠨ᠎ᠠ᠃ ᠢᠯᠠᠩᠭᠤᠶ᠎ᠠ ᠣᠳᠣᠬᠠᠨ᠎ᠳᠤ 101 ᠵᠦᠢ᠍ᠯ᠎ᠤᠨ ᠠᠵᠢᠯ ᠵᠶ᠋ᠠᠨ ᠰᠡᠷᠭᠦᠭᠡᠭᠰᠡᠨ᠎ᠨᠢ ᠪᠢᠳᠡᠨ᠎ᠤ ᠤᠤᠯ᠎ᠤᠨ 3 ᠰᠠᠷ᠎ᠠ ᠵᠢᠨ ᠰᠡᠭᠦᠯᠴᠢ᠎ᠠᠴᠠ ᠡᠮᠦᠨ᠎ᠡ ᠵᠠᠭᠤ᠎ᠠᠴᠠ ᠳᠡᠭᠡᠭᠰᠢ ᠵᠦᠢ᠍ᠯ᠎ᠤᠨ ᠠᠵᠢᠯ ᠵᠶ᠋ᠠᠨ ᠰᠡᠷᠭᠦᠭᠡᠬᠦ ᠬᠠᠷᠠᠯᠲᠠ ᠵᠢ ᠤᠷᠢᠳᠴᠢᠯᠠᠨ ᠪᠡᠶᠡᠯᠡᠬᠦᠯᠦᠭᠰᠡᠨ ᠪᠠᠢ᠌ᠨ᠎ᠠ᠃ ᠠᠵᠢᠯ ᠰᠡᠷᠭᠦᠭᠡᠭᠰᠡᠨ ᠲᠥᠷᠥᠯ ᠵᠤᠢ᠌ᠯ᠎ᠠᠴᠠ ᠦᠵᠡᠪᠡᠯ᠂ ᠨᠡᠶ᠋ᠢᠲᠡ 10 ᠲᠦᠮᠡ ᠰᠢᠬᠠᠮ ᠬᠥᠮᠦᠨ ᠠᠵᠢᠯ᠎ᠤᠨ ᠪᠠᠶ᠋ᠢᠷᠢ᠎ᠳᠠᠭᠠᠨ ᠭᠠᠷᠴᠤ᠂ ᠪᠠᠷᠤᠭ ᠬᠡᠪ᠎ᠤᠨ ᠬᠥᠮᠦᠨ᠎ᠤ ᠲᠣᠭ᠋ᠠᠨ᠎ᠤ 82%᠎ᠢ ᠡᠵᠡᠯᠡᠵᠦ ᠪᠠᠶ᠋ᠢᠨ᠎ᠠ᠃ ᠡᠭᠦᠨ᠎ᠳᠤ᠂ ᠬᠥᠬᠡᠮᠥ᠋ᠷᠡᠨ᠎ᠢ ᠲᠠᠲᠠᠵᠤ ᠬᠤᠸᠠᠢ ᠾᠧ ᠭᠣᠣᠯ᠎ᠢ ᠲᠤᠰᠠᠯᠠᠬᠤ᠂ ᠶᠦᠨᠨᠠᠨ᠎ᠤ ᠳᠤᠮᠳᠠ ᠬᠡᠰᠡᠭ᠎ᠲᠤ ᠤᠰᠤ ᠲᠠᠲᠠᠬᠤ᠂ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠪᠠ ᠭᠤᠸᠠᠩᠰᠢ ᠵᠢᠨ ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠬᠦᠢ᠍ᠰᠦ ᠵᠡᠷᠭᠡ 33 ᠵᠦᠢ᠍ᠯ᠎ᠤᠨ ᠪᠠᠷᠢᠯᠭ᠎ᠠ ᠦᠨᠳᠦᠰᠦᠨ᠎ᠳᠡᠭᠡᠨ ᠬᠡᠪ᠎ᠤᠨ ᠪᠠᠷᠢᠯᠭ᠎ᠠ ᠵᠢᠨ ᠬᠢᠷᠢ ᠲᠦᠪᠰᠢᠨ᠎ᠳᠤ ᠬᠦᠷᠴᠡᠶ᠃ ᠪᠤᠰᠤᠳ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠢ ᠴᠦ᠍ ᠪᠢᠳᠡ ᠢᠳᠡᠪᠬᠢᠲᠡᠶ᠎ᠪᠠᠷ ᠠᠬᠢᠭᠤᠯᠵᠤ᠂ ᠴᠢᠬᠤᠯᠠ ᠶᠡᠬᠡ ᠪᠠᠷᠢᠯᠭ᠎ᠠ ᠵᠢᠨ ᠠᠵᠢᠯ᠎ᠢ ᠰᠡᠷᠭᠦᠭᠡᠵᠦ ᠦᠢ᠍ᠯᠡᠳᠪᠦᠷᠢᠯᠡᠯ᠎ᠢ ᠰᠡᠷᠭᠦᠭᠡᠬᠦ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠪᠠᠰᠠ ᠰᠢᠨ᠎ᠡ᠎ᠪᠠᠷ ᠪᠠᠶ᠋ᠢᠭᠤᠯᠬᠤ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠰᠠᠶ᠋ᠢᠲᠤᠷ ᠪᠠᠶ᠋ᠢᠭᠤᠯᠵᠤ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠪᠠ ᠳᠤᠮᠳᠠ ᠵᠢᠵᠢᠭ ᠭᠣᠣᠯ ᠮᠥᠷᠡᠨ᠎ᠢ ᠵᠠᠰᠠᠵᠤ ᠦᠢ᠍ᠯᠡᠳᠪᠦᠷᠢᠯᠡᠯ᠎ᠢ ᠰᠡᠷᠭᠦᠭᠡᠬᠦ ᠠᠵᠢᠯ᠎ᠢ ᠰᠠᠶ᠋ᠢᠲᠤᠷ ᠬᠢᠵᠦ᠂ ᠣᠳᠣᠬᠠᠨ᠎ᠳᠤ ᠰᠢᠨ᠎ᠡ᠎ᠪᠠᠷ ᠪᠠᠶ᠋ᠢᠭᠤᠯᠬᠤ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠵᠢᠯ᠎ᠢ ᠰᠡᠷᠭᠦᠭᠡᠭᠰᠡᠨ ᠨᠤᠷᠮ᠎ᠠ ᠴᠤ᠌ 90% ᠵᠢ ᠳᠠᠪᠠᠵᠤ᠂ ᠤᠰᠤᠨ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠦᠢ᠍ᠯᠡᠳᠪᠦᠷᠢᠯᠡᠯ᠎ᠢ ᠰᠡᠷᠭᠦᠭᠡᠭᠰᠡᠨ ᠨᠤᠷᠮ᠎ᠠ 80%᠎ᠠᠴᠠ ᠳᠡᠭᠡᠭᠰᠢ᠎ᠳᠤ ᠬᠦᠷᠴᠦ᠂ ᠳᠤᠮᠳᠠ ᠵᠢᠵᠢᠭ ᠭᠣᠣᠯ ᠮᠥᠷᠡᠨ᠎ᠢ ᠵᠠᠰᠠᠬᠤ ᠵᠦᠢ᠍ᠯᠡᠰ᠎ᠤᠨ ᠠᠵᠢᠯ᠎ᠢ ᠰᠡᠷᠭᠦᠭᠡᠭᠰᠡᠨ ᠨᠤᠷᠮ᠎ᠠ ᠴᠤ᠌ 70% — 80%᠎ᠳᠤ ᠬᠦᠷᠴᠡᠶ᠃ ᠣᠳᠣᠬᠠᠨ᠎ᠳᠤ᠂ ᠠᠵᠢᠯ ᠰᠡᠷᠭᠦᠭᠡᠬᠦ ᠲᠥᠷᠥᠯ ᠵᠤᠢ᠌ᠯ᠎ᠳᠤ ᠬᠢᠵᠢᠭ᠎ᠤᠨ ᠪᠠᠶ᠋ᠢᠳᠠᠯ ᠭᠠᠷᠤᠭᠰᠠᠨ ᠥᠬᠡᠶ᠂ ᠠᠵᠢᠯ ᠰᠡᠷᠭᠦᠭᠡᠬᠦ ᠦᠢ᠍ᠯᠡᠳᠪᠤᠷᠢᠯᠡᠯ᠎ᠤᠨ ᠪᠠᠶ᠋ᠢᠳᠠᠯ ᠲᠣᠭᠲᠠᠭᠤᠨ ᠪᠠᠶ᠋ᠢᠨ᠎ᠠ᠃ ᠪᠠᠶᠠᠷᠯᠠᠯ᠎ᠠ
      ᠹᠸᠩ ᠬᠤᠸᠠᠩ ᠣᠳᠣᠨ ᠲᠧᠯᠸᠢᠰ᠎ᠤᠨ ᠰᠤᠷᠪᠤᠯᠵᠢᠯᠠᠭᠴᠢ 2020 — 03 — 2615᠄ 24᠄ 30
      ᠬᠤᠪᠸᠢ ᠪᠣᠯ ᠪᠥᠬᠥ ᠤᠯᠤᠰ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠥᠪᠯᠡᠷᠡᠭᠰᠡᠨ ᠭᠠᠵᠠᠷ ᠮᠥᠨ᠂ ᠲᠡᠭᠡᠪᠡᠯ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠬᠤᠪᠸᠢ ᠮᠤᠵᠢ ᠵᠢᠨ ᠤᠰᠤᠨ ᠠᠰᠢᠭᠯᠠᠯᠲᠠ ᠵᠢᠨ ᠢᠨᠵᠧᠨᠧᠷᠢᠩ᠎ᠨᠢ ᠬᠡᠷᠬᠢᠨ ᠠᠵᠢᠯᠯᠠᠵᠤ ᠪᠠᠶ᠋ᠢᠬᠤ ᠪᠣᠶ? ᠪᠠᠶᠠᠷᠯᠠᠯ᠎ᠠ᠃
      ᠿᠤᠸᠠᠨ ᠯᠢ ᠮᠢᠨ 2020 — 03 — 2615᠄ 24᠄ 42
      ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠠᠵᠢᠯ᠎ᠢ ᠠᠩᠬᠠᠷᠤᠨ ᠬᠠᠯᠠᠮᠵᠢᠯᠠᠭᠰᠠᠨ᠎ᠳᠤ ᠲᠠᠯᠠᠷᠬᠠᠵᠤ ᠪᠠᠶ᠋ᠢᠨ᠎ᠠ᠃ ᠬᠤᠪᠸᠢ ᠪᠣᠯ ᠮᠠᠨ᠎ᠤ ᠤᠯᠤᠰ᠎ᠤᠨ ᠤᠰᠤᠨ ᠠᠰᠢᠭᠯᠠᠯᠲᠠ ᠵᠢᠨ ᠲᠣᠮᠣ ᠮᠤᠵᠢ ᠪᠠᠶ᠋ᠢᠵᠤ᠂ ᠤᠰᠤᠨ ᠠᠰᠢᠭᠯᠠᠯᠲᠠ ᠵᠢᠨ ᠪᠠᠷᠢᠯᠭ᠎ᠠ ᠮᠠᠰᠢ ᠣᠯᠠᠨ ᠪᠠᠶ᠋ᠢᠵᠤ᠂ ᠪᠦᠬᠦ ᠮᠤᠵᠢ᠎ᠳᠤ 6921 ᠤᠰᠤᠨ ᠴᠥᠭᠥᠷᠥᠮ᠎ᠲᠠᠢ᠂ ᠲᠠᠪᠤᠳᠤᠭ᠋ᠠᠷ ᠳᠡᠰ᠎ᠠᠴᠠ ᠳᠡᠭᠡᠭᠰᠢᠬᠢ ᠬᠠᠰᠢᠯᠭ᠎ᠠ ᠳᠠᠯᠠᠩ 1.7 ᠲᠦᠮᠡᠨ ᠺᠢᠯᠣᠮᠧᠲᠷ᠂ ᠬᠥᠭᠡᠷᠭᠡ ᠵᠢᠨ ᠥᠷᠲᠡᠭᠡ 4.8 ᠲᠦᠮᠡ ᠪᠠᠶ᠋ᠢᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ᠂ ᠬᠤᠪᠸᠢ ᠮᠤᠵᠢ ᠵᠢᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ ᠠᠮᠤᠷ ᠲᠦᠪᠰᠢᠨ ᠪᠥᠭᠡᠳ ᠲᠣᠭᠲᠠᠭᠤᠨ ᠪᠠᠶ᠋ᠢᠵᠤ᠂ ᠤᠰᠤ ᠬᠠᠳᠠᠭ᠋ᠠᠯᠠᠬᠤ ᠲᠣᠬᠢᠷᠠᠭᠤᠯᠤᠯᠲᠠ ᠵᠣᠬᠢᠰᠲᠠᠶ ᠪᠠᠶ᠋ᠢᠵᠤ᠂ ᠣᠳᠣᠬᠠᠨ᠎ᠳᠤ ᠪᠥᠬᠥ ᠮᠤᠵᠢ ᠵᠢᠨ 334 ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠪᠦᠲᠦᠮᠵᠢᠲᠡᠶ ᠤᠰᠤ ᠬᠠᠳᠠᠭ᠋ᠠᠯᠠᠬᠤ ᠬᠡᠮᠵᠢᠶ᠎ᠡ 43.3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠬᠤᠪᠸᠢ ᠮᠤᠵᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ᠎ᠳᠤ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃ ᠡᠭᠦᠨ᠎ᠳᠤ ᠳᠣᠣᠷᠠᠬᠢ ᠬᠡᠳᠦᠨ ᠲᠠᠯ᠎ᠠ᠎ᠪᠠᠷ ᠪᠣᠳᠠᠲᠠᠶ ᠢᠯᠡᠷᠡᠵᠦ ᠪᠠᠶ᠋ᠢᠨ᠎ᠠ᠄ ᠨᠢᠭᠡᠳᠦᠭᠡᠷ᠎ᠲᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠢᠯᠯᠠᠭ᠋ᠠᠨ ᠠᠮᠤᠷ ᠲᠦᠪᠰᠢᠨ ᠪᠠᠶ᠋ᠢᠵᠤ᠂ ᠬᠦᠨᠳᠦ ᠶᠡᠬᠡ ᠲᠠᠯᠳᠠ ᠭᠡᠮ ᠭᠠᠷᠤᠭᠰᠠᠨ ᠦᠭᠡᠢ᠃ ᠬᠣᠶᠠᠳᠤᠭ᠋ᠠᠷ᠎ᠲᠤ᠂ ᠬᠣᠲᠠ ᠬᠥᠳᠡᠭᠡ ᠵᠢᠨ ᠠᠮᠢᠳᠤᠷᠠᠯ᠎ᠳᠤ ᠬᠠᠩᠭ᠋ᠠᠬᠤ ᠤᠰᠤᠨ᠎ᠤ ᠴᠢᠨᠠᠷ ᠤᠰᠤᠨ᠎ᠤ ᠬᠡᠮᠵᠢᠶ᠎ᠡ ᠵᠢ ᠪᠠᠲᠤᠯᠠᠪᠠ᠃ ᠭᠤᠷᠪᠠᠳᠤᠭ᠋ᠠᠷ᠎ᠲᠤ᠂ ᠬᠠᠪᠤᠷ᠎ᠤᠨ ᠲᠠᠷᠢᠶᠠᠯᠠᠭ᠎ᠠ ᠬᠠᠪᠤᠷ᠎ᠤᠨ ᠤᠰᠤᠯᠠᠯᠲᠠ᠎ᠳᠤ ᠢᠳᠡᠪᠬᠢᠲᠡᠶ ᠦᠢ᠍ᠯᠡᠴᠢᠯᠡᠵᠦ᠂ ᠪᠦᠬᠦ ᠮᠤᠵᠢ ᠵᠢᠨ 538 ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠨᠡᠢ᠍ᠢ᠍ᠳᠡ 40 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠬᠦᠷᠭᠡᠵᠡᠶ᠃ ᠳᠥᠷᠪᠡᠳᠦᠭᠡᠷ᠎ᠲᠤ᠂ ᠦᠶᠡᠷ᠎ᠢ ᠰᠡᠷᠭᠡᠶ᠋ᠢᠯᠡᠵᠦ ᠪᠡᠯᠡᠳᠬᠡᠬᠦ ᠡᠯ᠎ᠡ ᠵᠦᠢ᠍ᠯ᠎ᠤᠨ ᠠᠵᠢᠯ᠎ᠢ ᠶᠠᠭ ᠢᠳᠡᠪᠬᠢᠲᠡᠶ ᠪᠥᠭᠡᠳ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ ᠪᠠᠶ᠋ᠢᠨ᠎ᠠ᠃ ᠪᠠᠶᠠᠷᠯᠠᠯ᠎ᠠ᠃
      ᠤᠯᠤᠰ᠎ᠤᠨ ᠷᠠᠳᠢᠤ᠋ ᠬᠤᠷᠢᠶᠠᠨ᠎ᠤ ᠰᠤᠷᠪᠤᠯᠵᠢᠯᠠᠭᠴᠢ 2020 — 03 — 2615᠄ 39᠄ 37
      ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠢᠨᠵᠧᠨᠧᠷᠢᠩ᠎ᠢ ᠬᠡᠷᠡᠭᠵᠢᠭᠦᠯᠬᠦ᠎ᠨᠢ ᠬᠥᠳᠡᠭᠡ ᠲᠣᠰᠬᠣᠨ᠎ᠤ ᠤᠰᠤᠨ᠎ᠳᠤ ᠬᠣᠯᠪᠣᠭᠳᠠᠬᠤ ᠡᠪᠡᠳᠴᠢᠨ ᠡᠮᠭᠡᠭ᠎ᠢ ᠪᠠᠭ᠋ᠠᠰᠬᠠᠵᠤ᠂ ᠲᠠᠷᠢᠶᠠᠴᠢᠳ᠎ᠤᠨ ᠡᠷᠡᠭᠦᠯ ᠮᠡᠨᠳᠦ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠠᠮᠤᠷ ᠲᠦᠪᠰᠢᠨ᠎ᠢ ᠬᠡᠷᠬᠢᠨ ᠪᠥᠬᠥ ᠲᠠᠯ᠎ᠠ᠎ᠪᠠᠷ ᠪᠠᠳᠤᠯᠠᠬᠤ ᠪᠤᠢ? ᠪᠠᠶᠠᠷᠯᠠᠯ᠎ᠠ᠃
      ᠴᠧᠨ ᠮᠢᠩ ᠵᠥᠩ 2020 — 03 — 2615᠄ 39᠄ 46
      ᠰᠤᠷᠪᠤᠯᠵᠢᠯᠠᠭᠴᠢ ᠨᠠᠶ᠋ᠢᠵᠠ ᠵᠢᠨ ᠬᠥᠳᠡᠭᠡ ᠲᠣᠰᠬᠣᠨ᠎ᠤ ᠤᠤᠭᠤᠬᠤ ᠤᠰᠤᠨ᠎ᠤ ᠲᠤᠬᠠᠢ ᠬᠠᠯᠠᠮᠵᠢᠯᠠᠨ ᠠᠩᠬᠠᠷᠴᠤ ᠪᠠᠶ᠋ᠢᠭ᠎ᠠ᠎ᠳᠤ ᠮᠠᠰᠢ ᠲᠠᠯᠠᠷᠬᠠᠵᠤ ᠪᠠᠶ᠋ᠢᠨ᠎ᠠ᠃ ᠡᠨᠡ ᠤᠳᠠᠭ᠋ᠠᠨ᠎ᠤ ᠬᠢᠵᠢᠭ᠎ᠤᠨ ᠪᠠᠶ᠋ᠢᠳᠠᠯ᠎ᠨᠢ ᠮᠠᠨ᠎ᠤ ᠬᠥᠳᠡᠭᠡ ᠲᠣᠰᠬᠣᠨ᠎ᠤ ᠤᠰᠤ ᠬᠠᠩᠭ᠋ᠠᠬᠤ ᠰᠠᠯᠠᠭ᠎ᠠ ᠮᠥᠴᠢᠷ᠎ᠲᠤ ᠠᠪᠴᠤ ᠬᠡᠯᠡᠪᠡᠯ᠂ ᠦᠨᠡᠬᠡᠷ ᠨᠢᠭᠡ ᠤᠳᠠᠭ᠋ᠠᠨ᠎ᠤ ᠶᠡᠬᠡ ᠰᠢᠯᠭ᠋ᠠᠯᠲᠠ ᠪᠣᠯᠤᠨ᠎ᠠ᠂ ᠤᠴᠢᠷ᠎ᠨᠢ ᠡᠨᠡ ᠤᠳᠠᠭ᠋ᠠᠨ᠎ᠤ ᠱᠠᠭ᠋ᠠᠷᠳᠠᠯᠭ᠎ᠠ᠎ᠨᠢ ᠡᠩ᠎ᠤᠨ ᠦᠶ᠎ᠡ ᠵᠢᠨ᠎ᠬᠢ᠎ᠠᠴᠠ ᠬᠣᠯᠠ ᠥᠨᠳᠥᠷ᠂ ᠬᠦᠴᠢᠷ᠎ᠤᠨ ᠬᠡᠮᠵᠢᠶ᠎ᠡ᠎ᠨᠢ ᠴᠦ᠍ ᠡᠩ᠎ᠤᠨ ᠦᠶ᠎ᠡ ᠵᠢᠨ᠎ᠬᠢ᠎ᠠᠴᠠ ᠬᠣᠯᠠ ᠶᠡᠬᠡ ᠪᠣᠯᠵᠠᠶ᠂ ᠡᠭᠦᠨ᠎ᠤ ᠭᠣᠤᠯ ᠰᠢᠯᠲᠠᠭ᠋ᠠᠨ᠎ᠨᠢ ᠭᠡᠪᠡᠯ᠂ ᠨᠢᠭᠡ᠎ᠳᠤ ᠡᠩ᠎ᠤᠨ ᠦᠶ᠎ᠡ ᠵᠢᠨ ᠬᠥᠮᠦᠨ ᠳᠤᠮᠳᠠᠴᠢ ᠵᠢᠨ ᠤᠰᠤ ᠬᠡᠷᠡᠭᠯᠡᠬᠦ ᠬᠡᠮᠵᠢᠶ᠎ᠡ ᠢᠯᠡᠷᠬᠡᠶ ᠠᠷᠪᠢᠨ ᠪᠤᠯᠪᠠ᠂ ᠤᠴᠢᠷ᠎ᠨᠢ ᠤᠤᠭᠤᠬᠤ᠂ ᠤᠬᠢᠶᠠᠬᠤ ᠤᠰᠤᠨ᠎ᠤ ᠬᠡᠷᠡᠭᠴᠡᠭᠡ ᠠᠷᠪᠢᠨ ᠪᠣᠯᠵᠠᠶ᠃ ᠬᠤᠶᠠᠷ᠎ᠲᠤ᠂ ᠨᠤᠲᠤᠭ᠎ᠲᠠᠭᠠᠨ ᠪᠤᠴᠠᠭᠰᠠᠨ ᠮᠠᠰᠢ ᠣᠯᠠᠨ ᠬᠥᠮᠦᠨ ᠠᠮᠠ ᠣᠷᠳᠣ ᠬᠤᠭᠤᠴᠠᠭ᠎ᠠ᠎ᠪᠠᠷ ᠬᠥᠳᠡᠭᠡ ᠲᠣᠰᠬᠣᠨ᠎ᠳᠤ ᠰᠠᠭ᠋ᠠᠲᠠᠵᠤ᠂ ᠤᠰᠤᠨ᠎ᠤ ᠦᠢ᠍ᠯᠡᠳᠪᠤᠷᠢ ᠵᠢᠨ ᠠᠵᠢᠯᠯᠠᠭ᠋ᠠᠨ᠎ᠤ ᠳᠠᠭ᠋ᠠᠭ᠋ᠠᠴᠠ ᠢᠯᠡᠳᠲᠡ ᠨᠡᠮᠡᠭᠳᠡᠵᠦ᠂ ᠵᠠᠷᠢᠮ ᠤᠰᠤᠨ᠎ᠤ ᠦᠢ᠍ᠯᠡᠳᠪᠤᠷᠢ ᠣᠷᠳᠣ ᠬᠤᠭᠤᠴᠠᠭ᠎ᠠ᠎ᠪᠠᠷ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠵᠢᠯᠯᠠᠵᠤ ᠪᠠᠶ᠋ᠢᠨ᠎ᠠ᠃ ᠭᠤᠷᠪᠠᠳᠤᠭ᠋ᠠᠷ᠎ᠲᠤ᠂ ᠰᠡᠯᠪᠢᠨ ᠵᠠᠰᠠᠬᠤ ᠠᠵᠢᠯᠳᠠᠨ᠎ᠤ ᠲᠤᠬᠢᠷᠠᠭᠤᠯᠤᠯᠳᠡ ᠪᠠ ᠮᠠᠲ᠋ᠧᠷᠢᠶᠠᠯ᠎ᠤᠨ ᠬᠠᠩᠭ᠋ᠠᠯᠭ᠎ᠠ᠎ᠳᠤ ᠡᠳᠦᠶ ᠲᠡᠳᠦᠶ ᠬᠦᠴᠢᠷᠳᠡᠯ ᠤᠴᠠᠷᠠᠭᠤᠯᠵᠠᠶ᠃ ᠡᠶ᠋ᠢᠮᠦ᠎ᠠᠴᠠ ᠪᠢᠳᠡᠨ᠎ᠳᠤ ᠠᠪᠴᠤ ᠬᠡᠯᠡᠪᠡᠯ ᠨᠢᠭᠡ ᠤᠳᠠᠭ᠋ᠠᠨ᠎ᠤ ᠶᠡᠬᠡ ᠰᠢᠯᠭ᠋ᠠᠯᠲᠠ ᠪᠣᠯᠤᠨ᠎ᠠ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠮᠠᠰᠢ ᠤᠯᠠᠨ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠰᠠᠶ᠋ᠢᠲᠤᠷ ᠬᠢᠬᠦ ᠵᠢᠨ ᠵᠡᠷᠭᠡ᠎ᠪᠠᠷ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠶᠤᠯᠭᠦᠶ ᠵᠢᠨ ᠢᠨᠵᠧᠨᠧᠷᠢᠩ᠎ᠤᠨ ᠠᠵᠢᠯᠯᠠᠭ᠋ᠠᠨ᠎ᠢ ᠬᠠᠮᠢᠶᠠᠷᠴᠤ ᠬᠠᠮᠠᠭ᠋ᠠᠯᠠᠬᠤ ᠠᠵᠢᠯ᠎ᠢ 《ᠬᠣᠶᠠᠷ ᠲᠠᠯ᠎ᠠ᠎ᠪᠠᠷ ᠠᠳᠬᠤᠵᠤ᠂ ᠬᠣᠶᠠᠷ ᠲᠠᠯ᠎ᠠ᠎ᠪᠠᠷ ᠴᠥᠮ ᠴᠢᠩᠭ᠎ᠠ ᠠᠳᠬᠤᠵᠤ》᠂ ᠮᠠᠰᠢ ᠤᠯᠠᠨ ᠠᠷᠭ᠎ᠠ ᠬᠡᠮᠵᠢᠶ᠎ᠡ ᠠᠪᠤᠭᠰᠠᠨ ᠪᠠᠶ᠋ᠢᠨ᠎ᠠ᠃ ᠣᠲᠣ ᠪᠣᠯᠲᠠᠯ᠎ᠠ᠂ ᠶᠡᠷᠦᠩᠬᠡᠶ᠎ᠳᠤᠨᠢ ᠠᠪᠴᠤ ᠦᠵᠡᠪᠡᠯ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ ᠬᠡᠪ᠎ᠤᠨ ᠪᠠᠶ᠋ᠢᠳᠠᠯ ᠵᠶ᠋ᠠᠷ ᠲᠣᠭᠲᠠᠭᠤᠨ ᠪᠠᠶ᠋ᠢᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ᠎ᠳᠤ ᠨᠡᠯᠢᠶᠡᠳ ᠰᠠᠶ᠋ᠢᠨ ᠤᠰᠤ ᠬᠠᠩᠭ᠋ᠠᠬᠤ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃ ᠤᠰᠤᠨ ᠠᠰᠢᠭᠯᠠᠯᠲᠠ ᠵᠢᠨ ᠶᠠᠮᠤᠨ ᠵᠠᠯᠭ᠋ᠠᠭ᠎ᠠ᠎ᠪᠠᠷ ᠬᠣᠶᠠᠷ ᠤᠳᠠᠭ᠎ᠠ ᠪᠢᠴᠢᠭ ᠮᠠᠲ᠋ᠧᠷᠢᠶᠠᠯ ᠪᠠᠭᠤᠯᠭ᠋ᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠶᠤᠯᠭᠦᠶ ᠠᠵᠢᠯᠯᠠᠭ᠋ᠠᠨ᠎ᠳᠤ ᠪᠠᠶ᠋ᠢᠷᠢᠯᠠᠭᠤᠯᠤᠯᠲᠠ ᠬᠢᠵᠦ᠂ ᠲᠣᠳᠣᠷᠬᠠᠶ ᠱᠠᠭ᠋ᠠᠷᠳᠠᠯᠭ᠎ᠠ ᠳᠤᠷᠠᠳᠴᠠᠶ᠃ ᠡᠭᠦᠨ᠎ᠤ ᠬᠠᠮᠲᠤ᠂ ᠪᠢᠳᠡ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠬᠡᠰᠡᠭ ᠬᠤᠪᠢᠶᠠᠨ ᠬᠠᠷᠢᠯᠴᠠᠬᠤ ᠲᠣᠭᠲᠠᠴᠠ ᠵᠢ ᠪᠠᠶ᠋ᠢᠭᠤᠯᠵᠤ᠂ ᠡᠲᠡᠭᠡᠷ ᠱᠠᠭ᠋ᠠᠷᠳᠠᠯᠭ᠎ᠠ ᠵᠢ ᠰᠢᠪᠠᠳᠠᠨ ᠰᠢᠢ᠍ᠳᠪᠤᠷᠢᠯᠡᠬᠦᠯᠬᠦ᠎ᠪᠠᠷ ᠳᠠᠮᠵᠢᠭᠤᠯᠤᠨ ᠪᠣᠳᠠᠲᠠᠶ᠎ᠳᠤ ᠨᠠᠶ᠋ᠢᠳᠠᠪᠤᠷᠢᠵᠢᠭᠤᠯᠪᠠ᠃ ᠪᠢᠳᠡ ᠭᠣᠣᠯᠳᠠᠭᠤ ᠲᠦᠷᠪᠡᠨ ᠲᠠᠯ᠎ᠠ᠎ᠪᠠᠷ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠪᠠ᠃ ᠨᠢᠭᠡ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠢ ᠤᠳᠠᠰᠤ᠎ᠪᠠᠷ ᠰᠤᠭᠤᠴᠢᠨ ᠪᠠᠶ᠋ᠢᠴᠠᠭ᠋ᠠᠬᠤ᠂ ᠤᠳᠠᠰᠤ᠎ᠪᠠᠷ ᠠᠰᠠᠭᠤᠨ ᠯᠠᠪᠯᠠᠬᠤ᠎ᠪᠠᠷ ᠳᠠᠮᠵᠢᠭᠤᠯᠤᠨ᠂ 6200 ᠭᠠᠷᠤᠶ ᠬᠥᠳᠡᠭᠡ ᠲᠣᠰᠬᠣᠨ᠎ᠤ ᠮᠢᠩᠭ᠎ᠠ᠎ᠠᠴᠠ ᠳᠡᠭᠡᠭᠰᠢᠬᠢ ᠬᠥᠮᠦᠨ᠎ᠤ ᠤᠰᠤᠨ᠎ᠤ ᠦᠢ᠍ᠯᠡᠳᠪᠦᠷᠢ ᠵᠢ ᠰᠤᠭᠤᠴᠢᠨ ᠪᠠᠶ᠋ᠢᠴᠠᠭ᠋ᠠᠵᠤ᠂ ᠵᠢᠵᠢᠭᠦᠷᠯᠡᠨ ᠰᠠᠬᠢᠵᠤ ᠪᠠᠶ᠋ᠢᠬᠤ ᠡᠰᠡᠬᠦ᠂ ᠲᠡᠭᠡᠭᠡᠪᠦᠷᠢ ᠵᠢᠨ ᠪᠠᠶ᠋ᠢᠳᠠᠯ᠎ᠨᠢ ᠬᠡᠪ᠎ᠤᠨ ᠪᠠᠶ᠋ᠢᠳᠠᠯ᠎ᠲᠠᠢ ᠪᠠᠶ᠋ᠢᠬᠤ ᠡᠰᠡᠬᠦ ᠵᠢ ᠪᠠᠢ᠌ᠴᠠᠭ᠋ᠠᠪᠠ᠃ ᠬᠣᠶᠠᠷ᠎ᠲᠤ ᠤᠳᠠᠰᠤ᠎ᠪᠠᠷ 200 ᠭᠠᠷᠤᠶ ᠰᠢᠶᠠᠨ᠎ᠤ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠢ ᠰᠣᠩᠭᠣᠨ ᠪᠠᠶ᠋ᠢᠴᠠᠭ᠋ᠠᠵᠤ᠂ ᠰᠢᠶᠠᠨ᠎ᠤ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠠᠵᠢᠯᠲᠠᠨ᠎ᠤ ᠠᠵᠢᠯ᠎ᠤᠨ ᠪᠠᠶ᠋ᠢᠷᠢ᠎ᠳᠤ ᠪᠠᠶ᠋ᠢᠬᠤ ᠡᠰᠡᠬᠦ ᠵᠢ ᠣᠶ᠋ᠢᠯᠠᠭ᠋ᠠᠬᠤ ᠵᠢᠨ ᠬᠠᠮᠲᠤ ᠡᠯ᠎ᠡ ᠱᠠᠲᠤᠨ᠎ᠤ ᠬᠥᠳᠡᠭᠡ ᠲᠣᠰᠬᠣᠨ᠎ᠤ ᠤᠤᠭᠤᠬᠤ ᠤᠰᠤᠨ᠎ᠤ ᠢᠯᠡᠴᠢᠯᠡᠨ ᠮᠡᠳᠡᠭᠦᠯᠦᠯᠲᠡ᠎ᠳᠤ ᠬᠢᠨᠠᠯᠲᠠ ᠲᠠᠯᠪᠢᠬᠤ ᠤᠳᠠᠰᠤ ᠵᠢᠨ ᠬᠡᠪ᠎ᠤᠨ ᠶᠣᠰᠣᠭ᠋ᠠᠷ ᠠᠵᠢᠯᠯᠠᠵᠤ ᠪᠠᠶ᠋ᠢᠬᠤ ᠡᠰᠡᠬᠦ ᠵᠢ ᠪᠠᠢ᠌ᠴᠠᠭ᠋ᠠᠪᠠ᠃ ᠭᠤᠷᠪᠠ᠎ᠳᠤ ᠬᠣᠶᠠᠷ ᠮᠢᠩᠭ᠋ᠠᠨ ᠡᠷᠦᠬᠡ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠪᠠᠶ᠋ᠢᠳᠠᠯ᠎ᠢ ᠰᠣᠩᠭᠣᠨ ᠪᠠᠶ᠋ᠢᠴᠠᠭ᠋ᠠᠵᠤ᠂ ᠤᠲᠠᠰᠤ᠎ᠪᠠᠷ ᠬᠠᠷᠭᠤᠭᠤᠯᠤᠨ ᠪᠠᠶ᠋ᠢᠴᠠᠭ᠋ᠠᠬᠤ᠎ᠪᠠᠷ ᠳᠡᠮᠵᠢᠨ᠂ ᠲᠡᠳᠡᠨ᠎ᠤ ᠤᠤᠭᠤᠬᠤ ᠤᠰᠤᠨ᠎ᠤ ᠲᠠᠯ᠎ᠠ᠎ᠪᠠᠷ ᠶᠠᠮᠠᠷ ᠠᠰᠠᠭᠤᠳᠠᠯ ᠲᠤᠯᠭ᠋ᠠᠷᠠᠭᠰᠠᠨ ᠡᠰᠡᠬᠦ᠂ ᠶᠠᠮᠠᠷ ᠬᠦᠴᠢᠷᠳᠡᠯ ᠲᠤᠯᠭ᠋ᠠᠷᠠᠭᠰᠠᠨ ᠡᠰᠡᠬᠦ ᠵᠢ ᠣᠶ᠋ᠢᠯᠠᠭ᠋ᠠᠪᠠ᠃ ᠲᠦᠷᠪᠡ᠎ᠳᠤ ᠤᠰᠤᠨ ᠠᠰᠢᠭᠯᠠᠯᠲᠠ ᠵᠢᠨ ᠶᠠᠮᠤᠨ ᠡᠨᠡ ᠵᠢᠯ 12314 ᠢᠯᠡᠴᠢᠯᠡᠨ ᠮᠡᠳᠡᠬᠦᠯᠵᠦ ᠬᠢᠨᠠᠯᠲᠠ ᠲᠠᠯᠪᠢᠬᠤ ᠤᠳᠠᠰᠤ ᠵᠢ ᠨᠡᠪᠲᠡᠷᠡᠭᠦᠯᠵᠦ᠂ ᠢᠯᠡᠴᠢᠯᠡᠨ   ᠮᠡᠳᠡᠬᠦᠯᠵᠦ ᠬᠢᠨᠠᠯᠲᠠ ᠲᠠᠯᠪᠢᠬᠤ ᠤᠳᠠᠰᠤ᠎ᠪᠠᠷ ᠳᠠᠮᠵᠢᠭᠤᠯᠤᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠤᠤᠭᠤᠬᠤ ᠤᠰᠤᠨ᠎ᠤ ᠲᠠᠯ᠎ᠠ᠎ᠪᠠᠷ ᠲᠤᠰᠬᠠᠭᠰᠠᠨ ᠵᠠᠷᠢᠮ ᠠᠰᠠᠭᠤᠳᠠᠯ᠎ᠢ ᠥᠷᠭᠡᠨ ᠵᠶ᠋ᠠᠷ ᠤᠢ᠌ᠯᠠᠭ᠋ᠠᠨ ᠡᠵᠡᠮᠰᠢᠪᠡ᠃ ᠪᠢᠳᠡᠨ᠎ᠤ ᠡᠯ᠎ᠡ ᠱᠠᠳᠤᠨ᠎ᠤ᠎ᠬᠢᠨ᠎ᠤ ᠣᠶ᠋ᠢᠯᠠᠭ᠋ᠠᠭᠰᠠᠨ ᠵᠶ᠋ᠠᠷ᠂ ᠶᠡᠷᠦᠩᠬᠡᠶ ᠪᠠᠢ᠌ᠳᠠᠯ ᠮᠠᠰᠢ ᠰᠠᠶ᠋ᠢᠨ ᠪᠠᠶ᠋ᠢᠨ᠎ᠠ᠂ 95%᠎ᠠᠴᠠ ᠳᠡᠭᠡᠭᠰᠢᠬᠢ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ᠎ᠨᠢ ᠴᠥᠮ ᠬᠡᠪ᠎ᠤᠨ ᠪᠥᠭᠡᠳ ᠮᠠᠰᠢ ᠲᠣᠭᠲᠠᠭᠤᠨ ᠪᠠᠶ᠋ᠢᠨ᠎ᠠ᠂ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠴᠥᠮ ᠠᠵᠢᠯ᠎ᠤᠨ ᠪᠠᠶ᠋ᠢᠷᠢ ᠳᠡᠭᠡᠷ᠎ᠡ᠎ᠪᠠᠨ ᠲᠤᠰᠢᠶᠠᠯ ᠬᠠᠷᠢᠭᠤᠴᠠᠯᠭ᠎ᠠ᠎ᠪᠠᠨ   ᠬᠦᠢ᠍ᠴᠡᠳᠭᠡᠵᠦ᠂ ᠤᠰᠤᠨ᠎ᠤ ᠦᠢ᠍ᠯᠡᠳᠪᠤᠷᠢ ᠵᠢᠨ ᠪᠢᠲᠡᠭᠦᠮᠵᠢᠯᠡᠭᠰᠡᠨ ᠬᠠᠮᠢᠶᠠᠷᠤᠯᠲᠠ ᠵᠢ ᠪᠡᠶᠡᠯᠡᠭᠦᠯᠵᠦ᠂ ᠠᠶᠤᠯᠬᠦᠢ ᠠᠵᠢᠯᠯᠠᠬᠤ ᠵᠢ ᠪᠠᠲᠤᠯᠠᠵᠤ᠂ ᠠᠰᠠᠭᠤᠳᠠᠯ ᠲᠤᠯᠭ᠋ᠠᠷᠠᠪᠠᠯ ᠴᠠᠭ ᠲᠤᠬᠠᠶ᠎ᠳᠤᠨᠢ ᠱᠠᠯᠠᠪᠳᠠᠨ ᠵᠠᠰᠠᠵᠤ ᠰᠡᠯᠪᠢᠵᠦ ᠪᠠᠢ᠌ᠨ᠎ᠠ᠃
      ᠴᠧᠨ ᠮᠢᠩ ᠵᠥᠩ 2020 — 03 — 2615᠄ 39᠄ 51
      ᠡᠭᠦᠨ᠎ᠤ ᠬᠠᠮᠲᠤ ᠪᠢᠳᠡ ᠪᠠᠰᠠ ᠡᠳᠦᠶ ᠲᠡᠳᠦᠶ ᠠᠰᠠᠭᠤᠳᠠᠯ᠎ᠢ ᠣᠯᠵᠤ ᠮᠡᠳᠡᠪᠡ᠂ ᠡᠭᠦᠨ᠎ᠳᠤ ᠭᠣᠣᠯᠳᠠᠭᠤ ᠬᠡᠰᠡᠭ ᠭᠠᠵᠠᠷ ᠣᠷᠣᠨ᠎ᠤ ᠬᠥᠳᠡᠭᠡ ᠲᠣᠰᠬᠣᠨ᠎ᠳᠤ ᠰᠠᠭ᠋ᠠᠳᠠᠨ ᠦᠯᠡᠳᠡᠵᠦ ᠪᠠᠶ᠋ᠢᠭ᠎ᠠ ᠤᠰᠤ ᠬᠠᠩᠭ᠋ᠠᠬᠤ ᠬᠥᠮᠦᠨ ᠠᠮᠠ ᠨᠡᠯᠢᠶᠡᠳ ᠤᠯᠠᠨ ᠪᠠᠶ᠋ᠢᠵᠤ᠂ ᠤᠰᠤ ᠬᠠᠩᠭ᠋ᠠᠬᠤ ᠳᠠᠷᠤᠯᠲᠠ ᠶᠡᠬᠡ᠎ᠠᠴᠠ ᠪᠤᠯᠵᠤ ᠤᠰᠤᠨ ᠬᠣᠭᠣᠯᠠᠶ ᠲᠡᠯᠪᠡᠷᠡᠬᠦ᠂ ᠤᠰᠤᠨ᠎ᠤ ᠬᠡᠮᠵᠢᠶ᠎ᠡ ᠬᠦᠷᠦᠯᠴᠡᠬᠦ ᠦᠭᠡᠢ ᠪᠣᠯᠤᠭᠰᠠᠨ ᠵᠠᠷᠢᠮ ᠠᠰᠠᠭᠤᠳᠠᠯ ᠣᠷᠣᠰᠢᠵᠤ ᠪᠠᠶ᠋ᠢᠨ᠎ᠠ᠂ ᠪᠠᠰᠠ ᠠᠷᠢᠭᠤᠳᠬᠠᠬᠤ᠂ ᠴᠡᠪᠡᠷᠰᠢᠭᠦᠯᠬᠦ ᠲᠥᠬᠥᠭᠡᠷᠦᠮᠵᠢ ᠵᠢᠨ ᠡᠮ ᠨᠠᠶ᠋ᠢᠷᠠᠯᠭ᠎ᠠ ᠬᠦᠷᠦᠯᠴᠡᠬᠦ ᠦᠭᠡᠢ᠎ᠠᠴᠠ ᠪᠣᠯᠤᠭᠰᠠᠨ ᠵᠠᠷᠢᠮ ᠤᠰᠤᠨ᠎ᠤ ᠴᠢᠨᠠᠷ᠎ᠤᠨ ᠠᠰᠠᠭᠤᠳᠠᠯ ᠣᠷᠣᠰᠢᠵᠤ ᠪᠠᠶ᠋ᠢᠨ᠎ᠠ᠂ ᠡᠳᠡᠭᠡᠷ ᠠᠰᠠᠭᠤᠳᠠᠯ᠎ᠢ ᠪᠢᠳᠡ ᠴᠥᠮ ᠴᠠᠭ ᠲᠤᠬᠠᠶ᠎ᠳᠤᠨᠢ ᠰᠢᠢ᠍ᠳᠪᠤᠷᠢᠯᠡᠬᠦ ᠵᠢ ᠲᠦᠯᠬᠢᠨ ᠠᠬᠢᠭᠤᠯᠵᠤ ᠪᠠᠶ᠋ᠢᠨ᠎ᠠ᠃ ᠵᠠᠷᠢᠮ᠎ᠨᠢ ᠦᠳᠡ ᠵᠢᠨ ᠡᠮᠦᠨ᠎ᠡ ᠠᠰᠠᠭᠤᠳᠠᠯ᠎ᠢ ᠣᠯᠵᠤ ᠮᠡᠳᠡᠭᠡᠳ ᠦᠳᠡ ᠵᠢᠨ ᠬᠣᠶ᠋ᠢᠨ᠎ᠠ ᠴᠠᠭ ᠲᠤᠬᠠᠶ᠎ᠳᠤᠨᠢ ᠰᠢᠢ᠍ᠳᠪᠤᠷᠢᠯᠡᠭᠰᠡᠨ ᠪᠣᠯᠬᠣᠷ ᠬᠥᠳᠡᠭᠡ ᠲᠣᠰᠬᠣᠨ᠎ᠤ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠢ ᠨᠥᠯᠥᠭᠡᠯᠡᠭᠰᠡᠨ ᠦᠭᠡᠶ᠃ ᠡᠭᠦᠨ᠎ᠠᠴᠠ ᠭᠠᠳᠠᠨ᠎ᠠ᠂ ᠬᠢᠵᠢᠭ᠎ᠤᠨ ᠪᠠᠶ᠋ᠢᠳᠠᠯ᠎ᠳᠤ ᠨᠥᠯᠥᠭᠡᠯᠡᠭᠳᠡᠭᠰᠡᠨ ᠵᠠᠷᠢᠮ ᠠᠰᠠᠭᠤᠳᠠᠯ ᠣᠷᠣᠰᠢᠵᠤ ᠪᠠᠶ᠋ᠢᠨ᠎ᠠ᠂ ᠪᠢᠳᠡ ᠣᠷᠣᠨ ᠪᠦᠰᠡ ᠠᠯᠤᠰᠯᠠᠨ ᠬᠣᠯᠪᠣᠭ᠋ᠠᠯᠠᠨ ᠲᠣᠬᠢᠷᠠᠭᠤᠯᠬᠤ᠎ᠪᠠᠷ ᠳᠠᠮᠵᠢᠭᠤᠯᠤᠨ᠂ ᠰᠡᠯᠪᠢᠨ ᠵᠠᠰᠠᠬᠤ ᠡᠩᠨᠡᠭᠡ ᠵᠢᠨ ᠵᠣᠬᠢᠶᠠᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠠᠵᠢᠯᠯᠠᠭ᠋ᠠᠨ᠎ᠢ ᠪᠠᠳᠤᠯᠠᠪᠠ᠃ ᠡᠯ᠎ᠡ ᠭᠠᠵᠠᠷ᠎ᠤᠨ᠎ᠬᠢᠨ ᠪᠠᠰᠠ ᠡᠷᠴᠢᠮ ᠵᠶ᠋ᠠᠨ ᠴᠢᠩᠭ᠋ᠠᠷᠠᠭᠤᠯᠵᠤ᠂ ᠵᠢᠱ᠌ᠢᠶᠡᠯᠡᠪᠡᠯ ᠬᠤᠪᠸᠢ ᠮᠤᠵᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ ᠲᠣᠰ ᠪᠡᠶ᠎ᠡ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠮᠤᠷ ᠲᠦᠪᠰᠢᠨ᠎ᠢ ᠰᠠᠶ᠋ᠢᠲᠤᠷ ᠬᠢᠬᠦ ᠵᠢᠨ ᠬᠠᠮᠲᠤ᠂ 17 ᠬᠣᠲᠠ ᠵᠧᠤ᠎ᠳᠤ ᠲᠠᠪᠤᠨ ᠠᠵᠢᠯᠯᠠᠬᠤ ᠳᠤᠭᠤᠶ᠋ᠢᠯᠠᠩ ᠪᠠᠶ᠋ᠢᠭᠤᠯᠵᠤ᠂ ᠬᠡᠰᠡᠭ ᠬᠤᠪᠢᠶᠠᠨ ᠬᠠᠷᠢᠯᠴᠠᠵᠤ ᠬᠢᠨᠠᠨ ᠵᠢᠯᠣᠭᠣᠳᠴᠤ᠂ 17 ᠲᠤᠰᠬᠠᠶ ᠣᠷᠣᠨ ᠵᠧᠤ᠎ᠳᠤ 1132 ᠬᠥᠳᠡᠭᠡ ᠲᠣᠰᠬᠣᠨ᠎ᠤ ᠤᠰᠤ ᠬᠠᠩᠭ᠋ᠠᠬᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯᠯᠠᠬᠤ ᠠᠩᠭᠢ ᠪᠠᠶ᠋ᠢᠭᠤᠯᠵᠤ᠂ 1 ᠲᠦᠮᠡ ᠭᠠᠷᠤᠶ ᠠᠵᠢᠯᠳᠠᠨ ᠤᠰᠤ ᠬᠠᠩᠭ᠋ᠠᠬᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠷᠭᠢᠯᠡᠨ ᠬᠢᠵᠦ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠪᠠᠴᠢᠮ ᠪᠠᠶ᠋ᠢᠳᠠᠯ᠎ᠢ ᠠᠷᠭ᠋ᠠᠴᠠᠵᠤ ᠠᠶᠤᠯ᠎ᠠᠴᠠ ᠠᠪᠤᠷᠠᠵᠤ᠂ ᠵᠠᠰᠠᠨ ᠰᠡᠯᠪᠢᠬᠦ ᠠᠵᠢᠯ᠎ᠢ 6717 ᠤᠳᠠᠭ᠎ᠠ ᠦᠷᠨᠢᠬᠦᠯᠪᠡ᠃ ᠪᠡᠭᠡᠵᠢᠩ ᠬᠣᠲᠠ ᠪᠠᠰᠠ ᠬᠥᠳᠡᠭᠡ ᠲᠣᠰᠬᠣᠨ᠎ᠤ ᠤᠰᠤ ᠬᠠᠩᠭ᠋ᠠᠬᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠩᠭᠢ ᠵᠢ ᠵᠣᠬᠢᠶᠠᠨ ᠪᠠᠶ᠋ᠢᠭᠤᠯᠵᠤ᠂ ᠮᠡᠷᠭᠡᠵᠢᠯ ᠪᠠ ᠦᠢ᠍ᠯᠡᠴᠢᠯᠡᠭᠡ᠎ᠪᠠᠨ ᠬᠥᠳᠡᠭᠡ ᠲᠣᠰᠬᠣᠨ᠎ᠳᠤ ᠬᠦᠷᠭᠡᠵᠦ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠠᠬᠢ ᠬᠥᠳᠡᠭᠡ ᠲᠣᠰᠬᠣᠨ᠎ᠤ ᠤᠰᠤ ᠬᠠᠩᠭ᠋ᠠᠬᠤ ᠠᠮᠤᠷ ᠲᠦᠪᠰᠢᠨ᠎ᠢ ᠬᠠᠮᠲᠤ᠎ᠪᠠᠷ ᠪᠠᠲᠤᠯᠠᠭᠰᠠᠨ ᠪᠠᠶ᠋ᠢᠨ᠎ᠠ᠃ ᠪᠠᠶᠠᠷᠯᠠᠯ᠎ᠠ᠃
      ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠣᠷᠢᠶ᠎ᠠ ᠵᠢᠨ ᠰᠣᠨᠢᠨ ᠮᠡᠳᠡᠭᠡᠨ᠎ᠤ ᠰᠢᠨ᠎ᠡ ᠵᠠᠭᠤᠴᠢᠯᠠᠭᠤᠷ᠎ᠤᠨ ᠲᠥᠪ᠎ᠤᠨ ᠰᠤᠷᠪᠤᠯᠵᠢᠯᠠᠭᠴᠢ 2020 — 03 — 2615᠄ 42᠄ 41
      ᠪᠢ ᠲᠥᠪ ᠲᠧᠯᠸᠢᠰ᠎ᠤᠨ ᠰᠣᠨᠢᠨ ᠮᠡᠳᠡᠭᠡᠨ᠎ᠤ ᠰᠦᠯᠵᠢᠶᠡᠨ᠎ᠤ ᠨᠠᠶ᠋ᠢᠵᠠ ᠵᠢ ᠲᠥᠯᠥᠭᠡᠯᠡᠨ ᠠᠰᠠᠭᠤᠯᠲᠠ ᠠᠰᠠᠭᠤᠵᠤ ᠪᠠᠢ᠌ᠨ᠎ᠠ᠃ ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠠᠭᠤᠷ ᠠᠮᠢᠰᠬᠤᠯ᠎ᠤᠨ ᠪᠠᠶ᠋ᠢᠳᠠᠯ ᠪᠤᠳᠤᠯᠢᠶᠠᠨᠲᠠᠶ ᠪᠠᠶ᠋ᠢᠵᠤ᠂ ᠣᠷᠣᠨ ᠪᠦᠰᠡ ᠵᠢᠨ ᠴᠢᠨᠠᠷᠲᠠᠶ ᠰᠢᠷᠦᠭᠦᠨ ᠪᠣᠷᠣᠭ᠋ᠠᠨ᠂ ᠦᠶᠡᠷ ᠪᠠ ᠭᠠᠩ ᠬᠠᠭᠰᠠᠷᠠᠭ᠋ᠠᠨ ᠡᠩ᠎ᠤᠨ ᠵᠢᠯ᠎ᠤᠨ᠎ᠬᠢ᠎ᠠᠴᠠ ᠬᠦᠨᠳᠦ ᠪᠣᠯᠵᠣ᠂ ᠰᠠᠪᠠ ᠭᠠᠵᠠᠷ᠎ᠤᠨ ᠴᠢᠨᠠᠷᠲᠠᠶ ᠶᠡᠬᠡ ᠦᠶᠡᠷ ᠭᠠᠷᠴᠤ ᠮᠡᠳᠡᠨ᠎ᠡ᠃ ᠲᠡᠭᠡᠪᠡᠯ᠂ ᠡᠨᠡ ᠵᠢᠯ᠎ᠤᠨ ᠦᠶᠡᠷ᠎ᠤᠨ ᠬᠤᠭᠤᠴᠠᠭ᠎ᠠ ᠤᠷᠢᠳᠴᠢᠯᠠᠨ᠎ᠠ ᠤᠤ ᠥᠬᠡᠶ ᠤᠤ? ᠡᠯ᠎ᠡ ᠭᠠᠵᠠᠷ᠎ᠤᠨ ᠦᠶᠡᠷ᠎ᠢ ᠰᠡᠷᠭᠡᠶ᠋ᠢᠯᠡᠬᠦ ᠪᠡᠯᠡᠳᠬᠡᠯ ᠠᠵᠢᠯ᠎ᠤᠨ ᠣᠳᠣᠬᠠᠨ᠎ᠤ ᠠᠬᠢᠴᠠ ᠬᠢᠷᠢ ᠵᠡᠷᠭᠡ ᠪᠠᠶ᠋ᠢᠨ᠎ᠠ? ᠡᠭᠦᠨ᠎ᠠᠴᠠ ᠭᠠᠳᠠᠨ᠎ᠠ ᠡᠯ᠎ᠡ ᠮᠤᠵᠢ ᠵᠢᠨ ᠦᠶᠡᠷ᠎ᠢ ᠰᠡᠷᠭᠡᠶ᠋ᠢᠯᠡᠬᠦ᠎ᠲᠠᠢ ᠬᠣᠯᠪᠣᠭᠳᠠᠬᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠬᠢᠴᠠ ᠬᠡᠷᠪᠡ ᠦᠶᠡᠷ᠎ᠠᠴᠠ ᠡᠮᠦᠨ᠎ᠡ ᠠᠵᠢᠯ ᠵᠶ᠋ᠠᠨ ᠳᠠᠭᠤᠰᠬᠠᠬᠤ᠎ᠳᠤ ᠬᠦᠴᠢᠷᠲᠡᠶ ᠪᠤᠶᠤ ᠴᠠᠭ᠎ᠤᠨ ᠳᠠᠷᠠᠭ᠋ᠠᠯᠠᠯ᠎ᠳᠤ ᠬᠥᠷᠬᠥ ᠥᠬᠡᠶ ᠱᠠᠭ᠋ᠠᠷᠳᠠᠯᠭ᠎ᠠ᠎ᠳᠤ ᠵᠣᠬᠢᠴᠠᠩᠭᠤᠶ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠪᠠᠶ᠋ᠢᠨ᠎ᠠ ᠤᠤ ᠥᠬᠡᠶ ᠤᠤ? ᠡᠴᠦᠰ᠎ᠲᠤ᠂ ᠡᠨᠡ ᠤᠳᠠᠭ᠋ᠠᠨ᠎ᠤ ᠬᠢᠵᠢᠭ᠎ᠤᠨ ᠪᠠᠶ᠋ᠢᠳᠠᠯ᠎ᠨᠢ ᠬᠤᠪᠸᠢ ᠵᠢᠨ ᠦᠶᠡᠷ᠎ᠢ ᠰᠡᠷᠭᠡᠶ᠋ᠢᠯᠡᠬᠦ᠎ᠳᠤ ᠶᠠᠮᠠᠷ ᠶᠠᠮᠠᠷ ᠥᠷᠢᠰᠥᠯᠳᠦᠭᠡᠨ ᠲᠤᠯᠭ᠋ᠠᠷᠠᠭᠰᠠᠨ ᠪᠤᠶ? ᠬᠤᠪᠧᠶ ᠵᠢᠨ ᠦᠶᠡᠷ᠎ᠢ ᠰᠡᠷᠭᠡᠶ᠋ᠢᠯᠡᠵᠦ ᠪᠡᠯᠡᠳᠬᠡᠬᠦ ᠠᠵᠢᠯ᠎ᠤᠨ ᠣᠳᠣᠬᠠᠨ᠎ᠤ ᠠᠬᠢᠴᠠ ᠬᠢᠷᠢ ᠵᠡᠷᠭᠡ ᠪᠠᠶ᠋ᠢᠭ᠎ᠠ ᠪᠤᠢ? ᠪᠠᠶᠠᠷᠯᠠᠯ᠎ᠠ᠃
      ᠲᠢᠶᠠᠨ ᠢ ᠲᠠᠩ 2020-03-2615: 49: 36
      ᠲᠠᠨ᠎ᠤ ᠳᠤᠷᠠᠳᠤᠭᠰᠠᠨ ᠠᠰᠠᠭᠤᠳᠠᠯ᠎ᠳᠤ ᠲᠠᠯᠠᠷᠬᠠᠵᠤ ᠪᠠᠶ᠋ᠢᠨ᠎ᠠ᠂ ᠮᠠᠨ᠎ᠤ ᠦᠶᠡᠷ᠎ᠢ ᠰᠡᠷᠭᠡᠶ᠋ᠢᠯᠡᠬᠦ ᠠᠵᠢᠯ᠎ᠢ ᠬᠠᠯᠠᠮᠵᠢᠯᠠᠭᠰᠠᠨ᠎ᠳᠤ ᠲᠤᠶ᠋ᠢᠯ ᠵᠶ᠋ᠠᠷ ᠲᠠᠯᠠᠷᠬᠠᠵᠤ ᠪᠠᠶ᠋ᠢᠨ᠎ᠠ᠃ ᠣᠨᠴᠠᠭ᠋ᠠᠶ ᠭᠠᠵᠠᠷ ᠵᠦᠶ ᠵᠢᠨ ᠠᠭᠤᠷ ᠠᠮᠢᠰᠬᠤᠯ᠎ᠤᠨ ᠰᠢᠯᠲᠠᠭ᠋ᠠᠨ᠎ᠠᠴᠠ ᠪᠣᠯᠵᠣ᠂ ᠮᠠᠨ᠎ᠤ ᠤᠯᠤᠰ ᠪᠣᠯ ᠤᠰᠤ ᠭᠠᠩ᠎ᠤᠨ ᠭᠠᠮᠰᠢᠭ ᠨᠡᠯᠢᠶᠡᠳ ᠬᠦᠨᠳᠦ ᠨᠣᠴᠢᠲᠠᠶ ᠤᠯᠤᠰ᠎ᠲᠤ ᠪᠠᠭᠳᠠᠵᠤ᠂ ᠤᠰᠤ ᠭᠠᠩ᠎ᠤᠨ ᠭᠠᠮᠰᠢᠭ᠎ᠤᠨ ᠬᠣᠬᠢᠷᠠᠯ᠎ᠨᠢ ᠪᠥᠬᠥ ᠪᠠᠶ᠋ᠢᠭ᠋ᠠᠯᠢ ᠵᠢᠨ ᠭᠠᠮᠰᠢᠭ᠎ᠤᠨ ᠬᠣᠬᠢᠷᠠᠯ᠎ᠤᠨ 70% ᠣᠷᠴᠢᠮ᠎ᠢ ᠡᠵᠡᠯᠡᠵᠦ ᠪᠠᠶ᠋ᠢᠨ᠎ᠠ᠃ ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠠᠭᠤᠷ ᠠᠮᠢᠰᠬᠤᠯ᠎ᠤᠨ ᠵᠢᠯ᠎ᠤᠨ ᠪᠠᠶ᠋ᠢᠳᠠᠯ ᠮᠥᠨ ᠯᠡ ᠵᠥᠷᠢᠶ᠎ᠡ᠎ᠲᠠᠢ ᠪᠠᠶ᠋ᠢᠵᠤ᠂ ᠲᠤᠶ᠋ᠢᠯ᠎ᠤᠨ ᠶᠡᠬᠡ ᠴᠠᠭ ᠠᠭᠤᠷ᠎ᠤᠨ ᠬᠡᠷᠡᠭ ᠣᠯᠠᠨ ᠭᠠᠷᠴᠤ ᠮᠡᠳᠡᠨ᠎ᠡ᠂ ᠡᠭᠦᠨ᠎ᠤ ᠳᠡᠭᠡᠷ᠎ᠡ ᠶᠠᠭ ᠲᠠᠨ᠎ᠤ ᠬᠡᠯᠡᠭᠰᠡᠨᠴᠢᠯᠡᠨ᠂ ᠣᠯᠠᠨ ᠵᠢᠯ ᠶᠡᠬᠡ ᠤᠰᠤ ᠢᠷᠡᠭᠡ ᠦᠭᠡᠢ ᠪᠠᠢ᠌ᠵᠤ᠂ ᠡᠨᠡ ᠵᠢᠯ ᠬᠠᠷᠢᠨ ᠶᠡᠬᠡ ᠦᠶᠡᠷ ᠭᠠᠷᠴᠤ ᠮᠡᠳᠡᠨ᠎ᠡ᠂ ᠡᠰᠡᠬᠦᠯ᠎ᠡ ᠨᠢᠭᠡ ᠰᠠᠪᠠ ᠭᠠᠵᠠᠷ ᠪᠤᠶᠤ ᠬᠡᠳᠦᠨ ᠰᠠᠪᠠ ᠭᠠᠵᠠᠷ᠎ᠲᠤ ᠵᠡᠷᠭᠡᠪᠡᠷ ᠶᠡᠬᠡ ᠦᠶᠡᠷ ᠭᠠᠷᠴᠤ ᠮᠡᠳᠡᠨ᠎ᠡ᠃ ᠡᠢ᠌ᠮᠦᠷᠬᠦᠦ ᠪᠠᠶ᠋ᠢᠳᠠᠯ᠎ᠢ ᠠᠷᠭ᠋ᠠᠴᠠᠵᠤ᠂ ᠡᠨᠡ ᠵᠢᠯ᠎ᠤᠨ ᠦᠶᠡᠷ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠰᠢ ᠵᠢᠨ ᠫᠢᠩ ᠶᠡᠷᠦᠩᠬᠡᠶ ᠱᠦᠵᠢ ᠵᠢᠨ ᠱᠠᠭ᠋ᠠᠷᠳᠠᠯᠭ᠎ᠠ ᠶᠣᠰᠣᠭ᠋ᠠᠷ᠂ ᠠᠶᠤᠯ ᠲᠦᠭᠰᠢᠭᠦᠷᠢ ᠵᠢᠨ ᠤᠬᠠᠮᠰᠠᠷ᠂ ᠰᠠᠨᠠᠭ᠋ᠠᠰᠢᠷᠠᠨ ᠵᠣᠪᠠᠨᠢᠬᠤ ᠤᠬᠠᠮᠰᠠᠷ ᠪᠠ ᠬᠢᠵᠠᠭ᠋ᠠᠷ ᠱᠤᠭᠤᠮ᠎ᠤᠨ ᠰᠡᠳᠬᠢᠬᠦᠶ ᠵᠢ ᠪᠤᠢ ᠪᠣᠯᠭ᠋ᠠᠬᠤ ᠬᠡᠷᠡᠭᠲᠡᠶ᠃ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠲᠤ ᠠᠪᠴᠤ ᠬᠡᠯᠡᠪᠡᠯ᠂ ᠳᠠᠷᠤᠶ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠬᠢᠵᠠᠭ᠋ᠠᠷ ᠱᠤᠭᠤᠮ᠎ᠢ ᠪᠠᠲᠤ ᠰᠠᠬᠢᠬᠤ ᠬᠡᠷᠡᠭᠲᠡᠶ᠃
      ᠲᠢᠶᠠᠨ ᠢ ᠲᠠᠩ 2020-03-2615: 55: 24
      ᠤᠰᠤᠨ ᠠᠰᠢᠭᠯᠠᠯᠲᠠ ᠵᠢᠨ ᠶᠠᠮᠤᠨ ᠡᠨᠡ ᠵᠢᠯ᠎ᠤᠨ ᠦᠶᠡᠷ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ ᠭᠤᠷᠪᠠᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠠᠳᠬᠤᠪᠠ᠃ ᠨᠢᠭᠡ᠎ᠳᠤ ᠪᠠᠷᠢᠮᠵᠢᠶ᠎ᠠ᠎ᠠᠴᠠ ᠬᠡᠲᠦᠷᠡᠭᠰᠡᠨ ᠦᠶᠡᠷ᠎ᠤᠨ ᠤᠰᠤ ᠵᠢ ᠰᠡᠷᠭᠡᠶ᠋ᠢᠯᠡᠨ ᠬᠣᠷᠢᠭᠯᠠᠬᠤ ᠠᠵᠢᠯ᠎ᠢ ᠰᠠᠶ᠋ᠢᠲᠤᠷ ᠬᠢᠪᠡ᠃ ᠤᠯᠠᠨ᠎ᠤ       ᠮᠡᠳᠡᠭᠡᠵᠢ᠎ᠪᠠᠷ᠂ 70 ᠵᠢᠯ᠎ᠤᠨ ᠪᠦᠳᠦᠭᠡᠨ ᠪᠠᠶ᠋ᠢᠭᠤᠯᠤᠯᠲᠠ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠦᠶᠡᠷ᠎ᠢ ᠰᠡᠷᠭᠡᠶ᠋ᠢᠯᠡᠬᠦ ᠢᠨᠵᠧᠨᠧᠷᠢᠩ᠎ᠤᠨ ᠰᠢᠰᠲ᠋ᠧᠮ ᠨᠢᠭᠡᠨᠲᠡ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭ᠋ᠠᠰᠢ ᠡᠭᠦᠰᠦᠭᠰᠡᠨ ᠦᠶᠡᠷ᠎ᠤᠨ ᠤᠰᠤ ᠵᠢ ᠰᠡᠷᠭᠡᠶ᠋ᠢᠯᠡᠨ ᠬᠣᠷᠢᠭᠯᠠᠵᠤ᠂ ᠡᠨᠡ ᠬᠦ᠌ ᠪᠠᠷᠢᠮᠵᠢᠶ᠎ᠠ᠎ᠳᠤ ᠬᠦᠷᠦᠭᠰᠡᠨ ᠪᠠᠶ᠋ᠢᠨ᠎ᠠ᠃ ᠬᠡᠷᠪᠡ ᠤᠳᠤ ᠵᠢᠨ ᠪᠠᠷᠢᠯᠭ᠎ᠠ ᠵᠢᠨ ᠪᠠᠷᠢᠮᠵᠢᠶ᠎ᠠ᠎ᠠᠴᠠ ᠬᠡᠲᠦᠷᠡᠭᠦᠯᠪᠡᠯ᠂ ᠦᠶᠡᠷ᠎ᠤᠨ ᠤᠰᠤ ᠵᠢ ᠰᠡᠷᠭᠡᠶ᠋ᠢᠯᠡᠬᠦ᠎ᠳᠤ ᠬᠡᠪ᠎ᠤᠨ ᠵᠤᠷᠰᠢᠯ᠎ᠠᠴᠠ ᠳᠠᠪᠠᠭᠰᠠᠨ ᠠᠷᠭ᠎ᠠ ᠬᠡᠮᠵᠢᠶ᠎ᠡ ᠠᠪᠬᠤ ᠬᠡᠷᠡᠭᠲᠡᠶ᠂ ᠡᠶ᠋ᠢᠮᠦ᠎ᠠᠴᠠ ᠤᠰᠤᠨ ᠠᠰᠢᠭᠯᠠᠯᠲᠠ ᠵᠢᠨ ᠶᠠᠮᠤᠨ᠎ᠠᠴᠠ ᠡᠨᠡ ᠵᠢᠯ ᠪᠤᠢ ᠪᠦᠬᠦᠢ ᠶᠡᠬᠡ ᠭᠣᠣᠯ ᠮᠥᠷᠡᠨ ᠪᠠ ᠴᠢᠬᠤᠯᠠ ᠰᠠᠯᠪᠤᠷᠢ ᠤᠷᠤᠰᠬᠠᠯ᠂ ᠦᠶᠡᠷ᠎ᠢ ᠰᠡᠷᠭᠡᠶ᠋ᠢᠯᠡᠬᠦ ᠡᠭᠦᠷᠭᠡ᠎ᠲᠠᠢ ᠰᠢᠶᠠᠨ᠎ᠤ ᠱᠠᠲᠤᠨ᠎ᠠᠴᠠ ᠳᠡᠭᠡᠭᠰᠢᠬᠢ ᠬᠤᠳᠠ᠎ᠳᠤ ᠴᠥᠮ ᠪᠠᠷᠢᠮᠵᠢᠶ᠎ᠠ᠎ᠠᠴᠠ ᠬᠡᠲᠦᠷᠡᠭᠰᠡᠨ ᠦᠶᠡᠷ᠎ᠤᠨ ᠤᠰᠤ ᠵᠢ ᠰᠡᠷᠭᠡᠶ᠋ᠢᠯᠡᠬᠦ ᠪᠡᠯᠡᠳᠬᠡᠯ ᠲᠥᠰᠦᠯ᠎ᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ ᠭᠡᠵᠦ ᠱᠠᠭ᠋ᠠᠷᠳᠠᠪᠠ᠃ ᠡᠭᠦᠨ᠎ᠤ ᠭᠣᠣᠯᠳᠠᠯᠭ᠎ᠠ᠎ᠨᠢ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ ᠶᠠᠪᠤᠳᠠᠯ ᠪᠣᠯᠤᠨ᠎ᠠ᠃ ᠬᠣᠶᠠᠷ᠎ᠲᠤ ᠤᠰᠤᠨ ᠴᠥᠭᠥᠷᠥᠮ᠎ᠤᠨ ᠦᠶᠡᠷ᠎ᠢ ᠥᠩᠭᠡᠷᠡᠭᠦᠯᠬᠦ ᠠᠮᠤᠷ ᠲᠦᠪᠰᠢᠨ᠎ᠢ ᠪᠠᠲᠤᠯᠠᠨ᠎ᠠ᠃ ᠮᠠᠨ᠎ᠤ ᠤᠯᠤᠰ᠎ᠲᠤ 98000 ᠭᠠᠷᠤᠶ ᠤᠰᠤᠨ ᠴᠥᠭᠥᠷᠥᠮ᠎ᠲᠠᠢ᠂ ᠡᠭᠦᠨ᠎ᠤ ᠳᠣᠲᠣᠷ᠎ᠠ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ 4000 ᠭᠠᠷᠤᠶ ᠪᠠᠶ᠋ᠢᠨ᠎ᠠ᠃ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠨᠢ ᠨᠢᠭᠡ ᠲᠠᠯ᠎ᠠ᠎ᠪᠠᠷ ᠪᠠᠷᠢᠯᠭ᠎ᠠ ᠵᠢᠨ ᠲᠤᠰ ᠪᠡᠶ᠎ᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠬᠠᠮᠲᠤ ᠨᠦᠬᠦᠭᠡ ᠲᠠᠯ᠎ᠠ᠎ᠪᠠᠷ ᠪᠠᠰᠠ ᠦᠶᠡᠷ᠎ᠢ ᠰᠡᠷᠭᠡᠶ᠋ᠢᠯᠡᠬᠦ ᠴᠢᠳᠠᠪᠤᠷᠢ᠎ᠪᠠᠨ ᠪᠠᠳᠠᠷᠠᠭᠤᠯᠵᠤ᠂ ᠬᠥᠮᠥᠷᠭᠡ ᠵᠢ ᠤᠷᠢᠳᠴᠢᠯᠠᠨ ᠭᠣᠭᠣᠵᠢᠭᠤᠯᠵᠤ᠂ ᠦᠶᠡᠷ᠎ᠢ ᠬᠠᠰᠢᠬᠤ ᠤᠷᠬᠢᠯ ᠬᠤᠭᠤᠴᠠᠭ᠎ᠠ ᠵᠢ ᠵᠥᠷᠢᠭᠦᠯᠦᠨ᠂ ᠳᠤᠤᠷᠠᠳᠤ ᠤᠷᠤᠰᠬᠠᠯ᠎ᠤᠨ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠳᠤ ᠪᠠᠲᠤᠯᠠᠭ᠎ᠠ ᠬᠠᠩᠭ᠋ᠠᠬᠤ ᠪᠤᠯᠤᠨ᠎ᠠ᠃ ᠡᠭᠦᠨ᠎ᠠᠴᠠ ᠭᠠᠳᠠᠨ᠎ᠠ ᠪᠠᠰᠠ 94000 ᠭᠠᠷᠤᠶ ᠵᠢᠵᠢᠭ ᠬᠡᠯᠪᠡᠷᠢ ᠵᠢᠨ ᠤᠰᠤᠨ ᠴᠥᠭᠥᠷᠥᠮ ᠪᠠᠶ᠋ᠢᠨ᠎ᠠ᠃ ᠣᠯᠠᠩᠬᠢ ᠵᠢ᠎ᠨᠢ ᠪᠦᠷ ᠳᠡᠭᠡᠷ᠎ᠡ ᠵᠠᠭᠤᠨ᠎ᠤ ᠵᠢᠷᠠ ᠳᠠᠯᠠᠭ᠋ᠠᠳ ᠣᠨ᠎ᠤ ᠦᠶ᠎ᠡ᠎ᠳᠤ ᠪᠠᠶ᠋ᠢᠭᠤᠯᠤᠭᠰᠠᠨ ᠶᠤᠮ᠂ ᠰᠡᠷᠭᠡᠶ᠋ᠢᠯᠡᠯᠲᠡ ᠵᠢᠨ ᠪᠠᠷᠢᠮᠵᠢᠶ᠎ᠠ᠎ᠨᠢ ᠥᠨᠳᠥᠷ ᠪᠢᠰᠢ᠂ ᠴᠥᠭᠥᠷᠥᠮ᠎ᠤᠨ ᠪᠠᠭᠲᠠᠭ᠋ᠠᠮᠵᠢ᠎ᠨᠢ ᠨᠡᠯᠢᠶᠡᠳ ᠪᠠᠭ᠎ᠠ᠂ ᠬᠡᠷᠪᠡ ᠶᠡᠬᠡ ᠦᠶᠡᠷ ᠢᠷᠡᠬᠦ᠎ᠳᠤ ᠬᠦᠷᠪᠡᠯ ᠬᠠᠰᠢᠯᠭ᠎ᠠ ᠲᠠᠪᠠᠬᠤ ᠪᠤᠶᠤ ᠬᠠᠰᠢᠯᠭ᠎ᠠ ᠵᠢ ᠰᠡᠲᠡᠯᠬᠦ ᠠᠶᠤᠯ᠎ᠲᠠᠢ ᠪᠠᠶ᠋ᠢᠵᠤ ᠮᠡᠳᠡᠨ᠎ᠡ᠂ ᠡᠶ᠋ᠢᠮᠦ᠎ᠠᠴᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠨᠢ ᠭᠣᠣᠯᠳᠠᠭᠤ ᠲᠤᠰ ᠪᠡᠶ᠎ᠡ ᠵᠢᠨ ᠠᠮᠤᠷ ᠲᠦᠪᠰᠢᠨ᠎ᠢ ᠪᠠᠲᠤᠯᠠᠬᠤ ᠵᠢᠨ ᠬᠠᠮᠲᠤ ᠳᠤᠤᠷᠠᠳᠤ ᠤᠷᠤᠰᠬᠠᠯ᠎ᠤᠨ ᠨᠥᠯᠥᠭᠡᠯᠡᠬᠦ ᠬᠡᠪᠴᠢᠶᠡᠨ᠎ᠳᠠᠬᠢ ᠬᠥᠮᠦᠰ᠎ᠲᠤ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠶ᠋ᠢᠲᠤᠷ ᠬᠢᠵᠦ᠂ ᠬᠥᠮᠦᠰ᠎ᠢ ᠰᠢᠯᠵᠢᠭᠦᠯᠬᠦ ᠪᠡᠯᠡᠳᠬᠡᠯ ᠲᠥᠰᠦᠯ᠎ᠢ ᠰᠠᠶ᠋ᠢᠲᠤᠷ ᠬᠢᠵᠦ᠂ ᠳᠤᠤᠷᠠᠳᠤ ᠤᠷᠤᠰᠬᠠᠯ᠎ᠤᠨ ᠬᠥᠮᠦᠰ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠠᠵᠢᠯ᠎ᠢ ᠴᠢᠩᠭ᠋ᠠᠳᠬᠠᠨ᠎ᠠ᠃ ᠮᠠᠨ᠎ᠤ ᠤᠯᠤᠰ᠎ᠤᠨ ᠠᠭᠤᠯᠠᠨ ᠦᠶᠡᠷ᠎ᠤᠨ ᠭᠠᠮᠰᠢᠭ᠎ᠲᠤ ᠨᠥᠯᠥᠭᠡᠯᠡᠭᠳᠡᠭᠰᠡᠨ ᠭᠠᠵᠠᠷ ᠣᠷᠣᠨ ᠲᠤᠶ᠋ᠢᠯ᠎ᠤᠨ ᠶᠡᠬᠡ᠂ 386 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ 3 ᠳ᠋ᠦᠩᠰᠢᠭᠤᠷ ᠰᠢᠬᠠᠮ       ᠬᠥᠮᠦᠨ᠂ 2076 ᠰᠢᠶᠠᠨ᠎ᠳᠤ ᠬᠣᠯᠪᠣᠭᠳᠠᠵᠤ᠂ ᠦᠶᠡᠷ ᠤᠰᠤᠲᠤᠯ᠎ᠤᠨ ᠭᠠᠮᠰᠢᠭ᠎ᠤᠨ ᠬᠥᠮᠦᠨ ᠠᠮᠠ ᠵᠢᠨ ᠦᠬᠦᠯ ᠰᠢᠷᠬᠠᠲᠤᠯ᠎ᠤᠨ ᠳᠣᠲᠣᠷᠠᠬᠢ 70%᠎ᠨᠢ ᠴᠥᠮ ᠠᠭᠤᠯᠠᠨ ᠦᠶᠡᠷ᠎ᠤᠨ ᠭᠠᠮᠰᠢᠭ᠎ᠠᠴᠠ ᠪᠣᠯᠤᠭᠰᠠᠨ ᠶᠤᠮ᠃ ᠠᠭᠤᠯᠠᠨ ᠦᠶᠡᠷ᠎ᠤᠨ ᠭᠠᠮᠰᠢᠭ᠎ᠲᠤ ᠬᠣᠶᠠᠷ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠶ᠂ ᠨᠢᠭᠡ᠎ᠨᠢ ᠠᠭᠤᠯᠠᠨ ᠦᠶᠡᠷ᠎ᠤᠨ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠂ ᠰᠢᠷᠦᠭᠦᠨ ᠪᠣᠷᠣᠭ᠋ᠠᠨ ᠣᠷᠣᠮᠠᠭᠴᠠ ᠴᠠᠭ ᠲᠤᠬᠠᠶ᠎ᠳᠤᠨᠢ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠶ᠃       ᠬᠣᠶᠠᠳᠤᠭ᠋ᠠᠷ᠎ᠲᠤ᠂ ᠲᠤᠤᠷᠴᠢᠯᠠᠭᠰᠠᠨ ᠤᠯᠠᠨ ᠵᠶ᠋ᠠᠷ ᠵᠶ᠋ᠠᠨ ᠰᠡᠷᠭᠡᠶ᠋ᠢᠯᠡᠵᠦ ᠤᠯᠠᠨ ᠵᠶ᠋ᠠᠷ ᠵᠶ᠋ᠠᠨ ᠵᠠᠰᠠᠬᠤ ᠬᠠᠷᠢᠭᠤᠴᠠᠯᠭ᠎ᠠ ᠵᠢᠨ ᠰᠢᠰᠲᠸᠮ᠎ᠢ ᠰᠠᠶ᠋ᠢᠲᠤᠷ ᠬᠢᠵᠦ᠂ ᠨᠢᠭᠡ ᠲᠣᠰᠬᠣᠨ᠎ᠢ ᠴᠤ᠌ ᠣᠷᠬᠢᠭᠳᠠᠭᠤᠯᠵᠤ ᠪᠣᠯᠬᠤ ᠦᠭᠡᠢ᠂ ᠨᠢᠭᠡ ᠡᠷᠦᠬᠡ ᠵᠢ ᠴᠦ᠍ ᠣᠷᠬᠢᠭᠳᠠᠭᠤᠯᠵᠤ ᠪᠣᠯᠬᠤ ᠦᠭᠡᠢ᠂ ᠨᠢᠭᠡ ᠬᠥᠮᠦᠨ᠎ᠢ ᠴᠦ᠍ ᠣᠷᠬᠢᠭᠳᠠᠭᠤᠯᠵᠤ ᠪᠣᠯᠬᠤ ᠦᠭᠡᠢ᠃ ᠲᠤᠤᠷᠴᠢᠯᠠᠭᠰᠠᠨ ᠬᠠᠮᠢᠶᠠᠷᠤᠯᠲᠠ ᠵᠢ ᠪᠠᠶ᠋ᠢᠭᠤᠯᠵᠤ᠂ ᠠᠭᠤᠯᠠᠨ ᠦᠶᠡᠷ ᠢᠷᠡᠪᠡᠯ ᠤᠯᠠᠨ᠎ᠢ ᠴᠠᠭ ᠲᠤᠬᠠᠢ᠎ᠳᠤᠨᠢ ᠰᠢᠯᠵᠢᠭᠦᠯᠦᠨ ᠭᠠᠷᠭ᠋ᠠᠵᠤ ᠴᠢᠳᠠᠨ᠎ᠠ᠃ ᠡᠨᠡ ᠵᠢᠯ ᠪᠢᠳᠡ ᠪᠠᠰᠠ ᠠᠵᠤ ᠦᠢ᠍ᠯᠡᠳᠪᠦᠷᠢ ᠪᠣᠯᠤᠨ ᠮᠡᠳᠡᠭᠡ ᠵᠠᠩᠭᠢᠵᠢᠯᠲᠠ ᠵᠢᠨ ᠶᠠᠮᠤᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠭᠤᠷᠪᠠᠨ ᠲᠤᠮᠤ ᠡᠵᠡᠩᠨᠡᠯᠲᠡ ᠵᠢᠨ ᠬᠤᠳᠠᠯᠳᠤᠭ᠋ᠠᠴᠢᠨ᠎ᠳᠤ ᠲᠦᠰᠢᠭᠯᠡᠨ ᠨᠡᠶ᠋ᠢᠭᠡᠮ᠎ᠤᠨ ᠤᠯᠠᠨ ᠨᠡᠶ᠋ᠢᠲᠡ᠂ ᠭᠠᠳᠠᠨ᠎ᠠ᠎ᠠᠴᠠ ᠢᠷᠡᠭᠰᠡᠨ ᠬᠥᠮᠦᠰ᠎ᠲᠤ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠪᠦᠬᠦᠨ᠎ᠢ ᠬᠠᠮᠤᠷᠬᠤ ᠵᠢ ᠴᠢᠷᠮᠠᠶ᠋ᠢᠨ ᠪᠡᠶᠡᠯᠡᠭᠦᠯᠦᠨ᠎ᠡ᠃ ᠥᠩᠭᠡᠷᠡᠭᠰᠡᠨ᠎ᠳᠤ ᠵᠠᠷᠢᠮ ᠵᠤᠭ᠋ᠠᠴᠠᠭᠰᠠᠳ ᠡᠳᠡᠭᠡᠷ ᠮᠡᠳᠡᠭᠡ ᠵᠠᠩᠭᠢ ᠵᠢ ᠬᠤᠷᠢᠶᠠᠨ ᠤᠯᠵᠤ ᠲᠡᠢ᠌ᠯᠬᠦ ᠦᠭᠡᠢ ᠪᠠᠢ᠌ᠪᠠ᠂ ᠡᠨᠡ ᠵᠢᠯ ᠪᠢᠳᠡ ᠡᠨᠡ ᠲᠠᠯ᠎ᠠ᠎ᠪᠠᠷ ᠤᠯᠠᠮ ᠨᠢᠭᠡ ᠠᠯᠬᠤᠮ ᠬᠠᠯᠠᠨ ᠰᠠᠶ᠋ᠢᠵᠢᠷᠠᠭᠤᠯᠤᠨ᠎ᠠ᠃ ᠪᠠᠭᠴᠠᠯᠠᠭ᠋ᠠᠳ ᠬᠡᠯᠡᠪᠡᠯ᠂ ᠡᠳᠡᠭᠡᠷ ᠠᠷᠭ᠎ᠠ ᠬᠡᠮᠵᠢᠶ᠎ᠡ᠎ᠨᠢ ᠴᠥᠮ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ ᠶᠤᠮ᠃ ᠪᠠᠶᠠᠷᠯᠠᠯ᠎ᠠ᠃
      ᠡᠳᠦᠷ ᠪᠦᠷᠢ ᠵᠢᠨ ᠠᠵᠤ ᠠᠬᠤᠶ ᠵᠢᠨ ᠰᠣᠨᠢᠨ ᠮᠡᠳᠡᠭᠡᠨ᠎ᠤ ᠰᠤᠷᠪᠤᠯᠵᠢᠯᠠᠭᠴᠢ 2020 — 03 — 2615᠄ 56᠄ 04
      ᠥᠴᠥᠭᠡᠳᠦᠷ ᠤᠰᠤᠨ ᠠᠰᠢᠭᠯᠠᠯᠲᠠ ᠵᠢᠨ ᠶᠠᠮᠤᠨ 2020 ᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠭᠣᠤᠯᠳᠠᠯᠭ᠎ᠠ ᠵᠢ ᠳᠠᠷᠤᠮᠠᠯᠯᠠᠨ ᠲᠠᠷᠬᠠᠭ᠋ᠠᠵᠤ᠂ ᠡᠭᠦᠨ᠎ᠳᠤ 2020 ᠣᠨ᠎ᠳᠤ ᠠᠷᠪᠠ ᠣᠷᠴᠢᠮ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠷᠢᠯᠭ᠎ᠠ ᠳᠠᠭᠤᠰᠴᠤ ᠰᠢᠯᠭ᠋ᠠᠨ ᠠᠪᠬᠤ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ ᠭᠡᠵᠦ ᠳᠤᠷᠠᠳᠤᠭᠰᠠᠨ ᠪᠠᠶ᠋ᠢᠨ᠎ᠠ᠃ ᠲᠡᠭᠡᠪᠡᠯ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠨᠢ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ᠂ ᠳ᠋ᠠ ᠲᠧᠩ ᠰᠢᠶᠠ ᠬᠠᠪᠴᠢᠯ᠂ ᠬᠥᠬᠡᠮᠥ᠋ᠷᠡᠨ᠎ᠢ ᠲᠠᠲᠠᠵᠤ ᠬᠤᠸᠠᠢ ᠾᠧ ᠭᠣᠤᠯ᠎ᠢ ᠲᠤᠰᠠᠯᠠᠬᠤ ᠵᠡᠷᠭᠡ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠳᠤ ᠨᠥᠯᠥᠭᠡ ᠶᠡᠬᠡ ᠤᠤ? ᠣᠳᠣᠬᠠᠨ᠎ᠳᠤ ᠡᠳᠡᠭᠡᠷ ᠲᠦᠷᠦᠯ ᠵᠦᠢ᠍ᠯᠡᠰ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠪᠠᠶ᠋ᠢᠳᠠᠯ᠎ᠨᠢ ᠶᠠᠮᠠᠷ ᠪᠤᠢ?
      ᠸᠠᠩ ᠱᠧᠩ ᠸᠠᠨ 2020-03-26 15: 56: 29
      ᠠᠰᠠᠭᠤᠯᠳᠠ ᠲᠤᠷᠠᠳᠤᠭᠰᠠᠨ ᠲᠠᠨ᠎ᠳᠤ ᠲᠠᠯᠠᠷᠬᠠᠵᠤ ᠪᠠᠢ᠍ᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ᠎ᠠᠴᠠ ᠨᠠᠭ᠋ᠠᠰᠢ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠠᠳᠠᠯᠢ ᠪᠤᠰᠤ ᠬᠡᠮᠵᠢᠶ᠎ᠡ᠎ᠪᠠᠷ ᠨᠥᠯᠥᠭᠡᠯᠡᠭᠳᠡᠵᠦ᠂ ᠢᠯᠠᠩᠭᠤᠶ᠎ᠠ ᠡᠮᠦᠨᠡᠲᠦ ᠣᠷᠣᠨ᠂ ᠬᠤᠪᠸᠢ ᠮᠤᠵᠢ ᠵᠢᠨ ᠲᠥᠷᠥᠯ ᠵᠦᠶᠯ᠎ᠤᠨ ᠨᠥᠯᠥᠭᠡ᠎ᠨᠢ ᠨᠡᠯᠢᠶᠡᠳ ᠶᠡᠬᠡ ᠪᠠᠶ᠋ᠢᠵᠤ᠂ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ ᠴᠠᠭ᠎ᠨᠢ ᠡᠩ᠎ᠤᠨ ᠵᠢᠯ᠎ᠤᠨ᠎ᠬᠢ᠎ᠠᠴᠠ ᠢᠯᠡᠳᠲᠡ ᠬᠣᠶ᠋ᠢᠰᠢᠯᠠᠵᠤ᠂ ᠪᠥᠲᠥᠭᠡᠨ ᠪᠠᠶ᠋ᠢᠭᠤᠯᠤᠯᠲᠠ ᠵᠢᠨ ᠠᠬᠢᠴᠠ᠎ᠨᠢ ᠴᠦ᠍ 1᠎ᠠᠴᠠ 2 ᠰᠠᠷ᠎ᠠ ᠬᠣᠶ᠋ᠢᠰᠢᠯᠠᠭᠰᠠᠨ ᠪᠠᠶ᠋ᠢᠨ᠎ᠠ᠃ ᠤᠮᠠᠷᠠᠲᠤ ᠣᠷᠣᠨ᠎ᠤ ᠲᠥᠷᠥᠯ ᠵᠤᠢ᠌ᠯ᠎ᠨᠢ ᠡᠪᠦᠯ᠎ᠤᠨ ᠤᠯᠠᠷᠢᠯ᠎ᠤᠨ ᠠᠵᠢᠯ ᠵᠣᠭᠰᠣᠭᠰᠠᠨ ᠴᠠᠭ᠎ᠨᠢ ᠨᠡᠯᠢᠶᠡᠳ ᠣᠷᠳᠣ ᠪᠣᠯᠬᠣᠷ᠂ ᠭᠥᠷᠳᠡᠬᠦ ᠨᠥᠯᠥᠭᠡ᠎ᠨᠢ ᠬᠠᠷᠢᠴᠠᠩᠭᠤᠶ᠎ᠪᠠᠷ ᠨᠡᠯᠢᠶᠡᠳ ᠪᠠᠭ᠎ᠠ ᠰᠢᠭ᠋ ᠪᠠᠶ᠋ᠢᠳᠠᠭ᠃ ᠭᠡᠪᠡᠴᠦ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠨᠢ ᠴᠢᠬᠤᠯᠠ ᠶᠡᠬᠡ ᠤᠰᠤᠨ ᠠᠰᠢᠭᠯᠠᠯᠲᠠ ᠵᠢᠨ   ᠢᠨᠵᠸᠨ᠋ᠸᠷᠢᠩ᠎ᠳᠤ ᠦᠵᠡᠬᠦᠯᠦᠭᠰᠡᠨ ᠨᠦᠯᠦᠭᠡᠯᠡᠯ ᠪᠤᠯ ᠲᠦᠷ ᠴᠠᠭ᠎ᠤᠨ ᠶᠤᠮ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠶᠡᠷᠦᠩᠬᠡᠶ ᠪᠠᠶ᠋ᠢᠳᠠᠯ᠎ᠨᠢ ᠨᠡᠯᠢᠶᠡᠳ ᠰᠠᠢ᠍ᠢ᠍ᠨ ᠪᠠᠶ᠋ᠢᠬᠤ ᠵᠢ ᠪᠢᠳᠡ ᠣᠯᠵᠤ ᠦᠵᠡᠬᠦ ᠬᠡᠷᠡᠭᠲᠡᠶ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠳᠠᠯ᠎ᠤᠨ ᠦᠷᠭᠦᠯᠵᠢᠯᠡᠨ ᠰᠠᠶ᠋ᠢᠵᠢᠷᠠᠬᠤ ᠵᠢ ᠳᠠᠭ᠋ᠠᠯᠳᠤᠨ᠂ ᠠᠵᠤ ᠠᠬᠤᠶ᠋ᠢᠯᠠᠯ ᠢᠯᠠᠩᠭᠤᠶ᠎ᠠ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ ᠪᠦᠬᠦ ᠲᠠᠯ᠎ᠠ᠎ᠪᠠᠷ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠳᠠᠭ᠋ᠠᠯᠳᠤᠨ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢ ᠬᠢᠵᠠᠭ᠋ᠠᠷᠯᠠᠵᠤ ᠪᠠᠶ᠋ᠢᠭ᠎ᠠ ᠵᠠᠷᠢᠮ ᠡᠯᠧᠮᠧᠨ᠋ᠲ᠂ ᠲᠦᠭᠵᠢᠷᠡᠯ᠎ᠤᠨ ᠴᠡᠭ ᠪᠠ ᠲᠠᠰᠤᠷᠬᠠᠶ ᠴᠡᠭ᠎ᠤᠨ ᠠᠰᠠᠭᠤᠳᠠᠯ᠎ᠤᠳ ᠠᠯᠬᠤᠮ ᠠᠯᠬᠤᠮ ᠵᠶ᠋ᠠᠷ   ᠰᠢᠢ᠍ᠳᠪᠤᠷᠢᠯᠡᠭᠳᠡᠪᠡ᠃ ᠡᠭᠦᠨ᠎ᠤ ᠬᠠᠮᠳᠤ ᠤᠳᠤ ᠦᠶᠡᠷ᠎ᠤᠨ ᠬᠤᠭᠤᠴᠠᠭ᠎ᠠ᠎ᠠᠴᠠ ᠡᠮᠦᠨᠡᠬᠢ ᠪᠠᠷᠢᠯᠭ᠎ᠠ ᠪᠠᠷᠢᠬᠤ ᠰᠢᠵᠢᠷ ᠠᠯᠳᠠᠨ ᠴᠠᠭ ᠦᠶ᠎ᠡ᠎ᠳᠤ ᠤᠷᠤᠭᠰᠠᠨ᠎ᠠᠴᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠠᠬᠢᠴᠠ ᠢᠯᠡᠳᠲᠡ ᠲᠦᠷᠭᠡᠳᠴᠦ᠂ ᠤᠳᠤ 101 ᠵᠦᠢ᠍ᠯ᠎ᠤᠨ ᠪᠠᠷᠢᠯᠭ᠎ᠠ ᠵᠢ ᠨᠢᠭᠡᠨᠲᠡ ᠰᠡᠷᠭᠦᠭᠡᠭᠰᠡᠨ ᠪᠠᠶ᠋ᠢᠨ᠎ᠠ ᠭᠡᠵᠦ ᠡᠮᠦᠨ᠎ᠡ ᠪᠠᠰᠠ ᠬᠡᠯᠡᠭᠰᠡᠨ ᠪᠢᠯᠡ᠃ ᠡᠶ᠋ᠢᠮᠦ᠎ᠠᠴᠠ ᠵᠣᠬᠢᠴᠠᠭᠤᠯᠤᠨ ᠲᠣᠬᠢᠷᠠᠭᠤᠯᠬᠤ ᠵᠢ ᠴᠢᠩᠭ᠋ᠠᠳᠬᠠᠬᠤ᠂ ᠪᠠᠷᠢᠯᠭ᠎ᠠ ᠵᠢᠨ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢ ᠰᠢᠯᠢᠳᠡᠭᠵᠢᠭᠦᠯᠬᠦ᠂ ᠡᠬᠢ ᠪᠠᠶᠠᠯᠢᠭ᠎ᠤᠨ ᠣᠷᠣᠭᠤᠯᠤᠯᠲᠠ ᠵᠢ ᠨᠡᠮᠡᠭᠳᠡᠭᠦᠯᠬᠦ᠂ ᠲᠤᠬᠠᠶ᠋ᠢᠯᠠᠪᠠᠯ ᠬᠥᠳᠡᠯᠮᠦᠷᠢ ᠵᠢᠨ ᠬᠦᠴᠦ ᠵᠡᠷᠭᠡ ᠵᠢ ᠨᠡᠮᠡᠭᠳᠡᠭᠦᠯᠬᠦ᠎ᠪᠠᠷ ᠳᠠᠮᠵᠢᠭᠤᠯᠤᠨ᠂ ᠬᠤᠢ᠌ᠰᠢᠯᠠᠭᠰᠠᠨ ᠪᠠᠷᠢᠯᠭ᠎ᠠ ᠵᠢᠨ ᠬᠤᠭᠤᠴᠠᠭ᠎ᠠ ᠵᠢ ᠬᠥᠭᠡᠭᠡᠵᠦ ᠭᠦᠢ᠍ᠴᠡᠬᠦ ᠨᠥᠬᠥᠴᠡᠯ᠎ᠲᠠᠢ ᠶᠤᠮ᠃ ᠰᠠᠶᠢ ᠵᠢᠨ ᠳᠤᠷᠠᠳᠤᠭᠰᠠᠨ ᠬᠡᠳᠦᠨ ᠲᠤᠮᠤ ᠵᠦᠢ᠍ᠯ᠎ᠳᠤ᠂ ᠵᠢᠱ᠌ᠢᠶᠡᠯᠡᠪᠡᠯ ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠬᠦᠢ᠍ᠰᠦ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠵᠢᠯ ᠵᠣᠭᠰᠣᠭᠰᠠᠨ ᠦᠭᠡᠢ᠃ ᠬᠢᠵᠢᠭ᠎ᠤᠨ ᠪᠠᠶ᠋ᠢᠳᠠᠯ᠎ᠤᠨ ᠪᠠᠷᠢᠯᠭ᠎ᠠ᠎ᠳᠤ ᠦᠵᠡᠭᠦᠯᠬᠦ ᠨᠥᠯᠥᠭᠡ᠎ᠨᠢ ᠭᠣᠣᠯᠳᠠᠭᠤ ᠬᠤᠪᠧᠶ ᠵᠢᠨ ᠪᠠᠷᠢᠯᠭ᠎ᠠ ᠵᠢᠨ ᠨᠢᠭᠡᠴᠢ ᠪᠣᠯᠤᠨ ᠬᠢᠨᠠᠨ ᠬᠠᠮᠢᠶᠠᠷᠬᠤ ᠨᠢᠭᠡᠴᠢ ᠪᠠᠷᠢᠯᠭ᠎ᠠ ᠵᠢᠨ ᠭᠠᠵᠠᠷ᠎ᠲᠤ ᠠᠵᠢᠯᠯᠠᠵᠤ ᠪᠠᠶ᠋ᠢᠭᠰᠠᠨ᠎ᠠᠴᠠ ᠪᠣᠯᠤᠭᠰᠠᠨ ᠶᠤᠮ᠃ ᠲᠥᠷᠥᠯ ᠵᠤᠢ᠌ᠯ᠎ᠤᠨ ᠬᠠᠤᠯᠢ ᠵᠢᠨ ᠡᠷᠬᠡᠲᠡᠨ ᠵᠢᠴᠢ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠶ᠋ᠢᠯᠭ᠎ᠠ᠎ᠪᠠᠷ᠂ ᠣᠳᠣᠬᠠᠨ᠎ᠳᠤ ᠨᠢᠭᠡᠨᠲᠡ ᠬᠡᠪ᠎ᠤᠨ ᠪᠠᠷᠢᠯᠭ᠎ᠠ ᠵᠢᠨ ᠬᠢᠷᠢ ᠬᠡᠮᠵᠢᠶ᠎ᠡ᠎ᠪᠠᠨ ᠰᠡᠷᠭᠦᠭᠡᠵᠦ᠂ ᠠᠵᠢᠯ᠎ᠤᠨ ᠪᠠᠶ᠋ᠢᠷᠢ᠎ᠳᠤ ᠭᠠᠷᠤᠭᠰᠠᠨ ᠬᠥᠮᠦᠨ ᠨᠢᠭᠡᠨᠲᠡ 5500 ᠭᠠᠷᠤᠶ ᠪᠣᠯᠵᠣ᠂ ᠠᠵᠢᠯ ᠰᠡᠷᠭᠦᠭᠡᠭᠰᠡᠨ ᠨᠣᠷᠮ᠎ᠠ ᠵᠠᠭᠤᠨ᠎ᠤ ᠵᠠᠭᠤ᠎ᠳᠤ ᠬᠦᠷᠴᠡᠶ᠃ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠠᠬᠢᠴᠠ᠎ᠨᠢ ᠪᠠᠷᠢᠯᠭ᠎ᠠ ᠪᠠᠷᠢᠬᠤ ᠶᠡᠷᠦᠩᠬᠡᠶ ᠲᠥᠯᠥᠪᠯᠡᠭᠡ ᠵᠢᠨ ᠱᠠᠭ᠋ᠠᠷᠳᠠᠯᠭ᠎ᠠ ᠵᠢ ᠬᠠᠩᠭ᠋ᠠᠵᠤ᠂ ᠡᠨᠡ ᠰᠠᠷ᠎ᠠ ᠵᠢᠨ 10᠎ᠤ ᠡᠳᠦᠷ ᠨᠢᠭᠡᠨᠲᠡ   ᠲᠤᠤᠷ᠎ᠠ ᠬᠠᠭ᠋ᠠᠯᠳᠠ᠎ᠳᠤ ᠤᠰᠤ ᠬᠠᠳᠠᠭ᠋ᠠᠯᠠᠵᠤ᠂ ᠣᠶ᠋ᠢᠷ᠎ᠠ ᠵᠢᠨ ᠬᠤᠭᠤᠴᠠᠭ᠋ᠠᠨ᠎ᠳᠤ ᠠᠩᠬᠠᠨ᠎ᠤ ᠮᠠᠰᠢᠨ ᠴᠣᠭᠴᠠᠯᠠᠪᠤᠷᠢ ᠵᠢᠨ ᠴᠠᠬᠢᠯᠭ᠋ᠠᠨ ᠭᠠᠷᠭ᠋ᠠᠬᠤ ᠪᠠ ᠣᠩᠭᠣᠴᠠᠨ᠎ᠤ ᠬᠠᠭ᠋ᠠᠯᠲᠠ ᠵᠢᠨ ᠠᠶᠠᠯᠠᠯ ᠨᠡᠪᠲᠡᠷᠡᠬᠦ ᠬᠠᠷᠠᠯᠲᠠ ᠵᠢ ᠤᠷᠤᠭᠰᠢᠲᠠᠶ᠎ᠪᠠᠷ ᠪᠡᠶᠡᠯᠡᠭᠦᠯᠬᠦ ᠪᠣᠯᠤᠨ᠎ᠠ᠃ ᠬᠥᠬᠡᠮᠥ᠋ᠷᠡᠨ᠎ᠢ ᠲᠠᠲᠠᠵᠤ ᠬᠤᠸᠠᠢ ᠾᠧ ᠭᠣᠣᠯ᠎ᠢ ᠲᠤᠰᠠᠯᠠᠬᠤ ᠢᠨᠵᠧᠨᠧᠷᠢᠩ᠂ ᠠᠨᠾᠦ᠋ᠢ ᠮᠤᠵᠢ ᠵᠢᠨ ᠲᠦᠷᠦᠯ ᠵᠦᠢ᠍ᠯ ᠣᠳᠣᠬᠠᠨ᠎ᠳᠤ ᠨᠢᠭᠡᠨᠲᠡ 12300 ᠭᠠᠷᠤᠢ ᠬᠥᠮᠦᠨ ᠠᠵᠢᠯ᠎ᠤᠨ ᠪᠠᠶ᠋ᠢᠷᠢ᠎ᠳᠤ ᠭᠠᠷᠴᠤ᠂ ᠠᠵᠢᠯ ᠰᠡᠷᠭᠦᠭᠡᠭᠰᠡᠨ ᠨᠤᠷᠮ᠎ᠠ᠎ᠨᠢ ᠴᠦ᠍ ᠬᠡᠪ᠎ᠤᠨ ᠲᠦᠪᠰᠢᠨ᠎ᠳᠤ ᠳᠥᠭᠥᠵᠡᠢ᠃ ᠾᠧᠨᠠᠨ ᠮᠤᠵᠢ ᠵᠢᠨ ᠬᠢᠯᠢ ᠳᠣᠲᠣᠷᠠᠬᠢ ᠪᠠᠷᠢᠯᠭ᠎ᠠ ᠵᠢᠨ ᠵᠦᠢ᠍ᠯ᠎ᠨᠢ ᠮᠢᠩᠭ᠎ᠠ ᠭᠠᠷᠤᠶ ᠬᠥᠮᠦᠨ ᠠᠵᠢᠯ᠎ᠤᠨ ᠪᠠᠶ᠋ᠢᠷᠢ᠎ᠳᠤ ᠭᠠᠷᠴᠤ᠂ ᠠᠵᠢᠯ ᠵᠶ᠋ᠠᠨ ᠰᠡᠷᠭᠦᠭᠡᠭᠰᠡᠨ ᠨᠤᠷᠮ᠎ᠠ᠎ᠨᠢ ᠵᠠᠭᠤᠨ᠎ᠤ ᠵᠠᠭᠤ᠎ᠳᠤ ᠬᠦᠷᠴᠡᠶ᠃ ᠲᠠ ᠰᠠᠶᠢᠬᠠᠨ ᠪᠠᠰᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠢ ᠳᠤᠷᠠᠳᠤᠭᠰᠠᠨ ᠪᠠᠢ᠌ᠨ᠎ᠠ᠂ ᠣᠳᠣᠬᠠᠨ᠎ᠤ ᠪᠠᠶ᠋ᠢᠳᠠᠯ᠎ᠠᠴᠠ ᠦᠵᠡᠪᠡᠯ᠂ ᠭᠣᠣᠯ ᠪᠣᠯᠬᠤ ᠪᠠᠶ᠋ᠢᠭᠤᠯᠵᠤ ᠪᠠᠶ᠋ᠢᠭ᠎ᠠ ᠵᠦᠢ᠍ᠯᠡᠰ᠎ᠤᠨ ᠵᠡᠭᠦᠨ ᠱᠤᠭᠤᠮ᠎ᠤᠨ ᠤᠮᠠᠷᠠᠰᠢ ᠤᠷᠳᠤᠳᠬᠠᠭᠰᠠᠨ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠬᠠᠩᠭ᠋ᠠᠬᠤ ᠢᠨᠵᠧᠨᠧᠷᠢᠩ᠎ᠨᠢ 2 ᠰᠠᠷ᠎ᠠ ᠵᠢᠨ 17᠎ᠤ ᠡᠳᠦᠷ ᠨᠢᠭᠡᠨᠲᠡ ᠠᠵᠢᠯ ᠵᠶ᠋ᠠᠨ ᠰᠡᠷᠭᠦᠭᠡᠵᠦ᠂ ᠤᠳᠤ ᠨᠢᠭᠡᠨᠲᠡ ᠬᠡᠪ᠎ᠤᠨ ᠪᠠᠷᠢᠯᠭ᠎ᠠ ᠵᠢᠨ ᠬᠢᠷᠢ ᠲᠦᠪᠰᠢᠨ᠎ᠳᠤ ᠬᠦᠷᠴᠦ᠂ ᠠᠵᠢᠯ᠎ᠤᠨ ᠪᠠᠶ᠋ᠢᠷᠢ᠎ᠳᠤ ᠭᠠᠷᠤᠭᠰᠠᠨ ᠨᠤᠷᠮ᠎ᠠ ᠵᠠᠭᠤᠨ᠎ᠤ ᠵᠠᠭᠤ᠎ᠳᠤ ᠬᠦᠷᠴᠡᠶ᠃ ᠪᠠᠶᠠᠷᠯᠠᠯ᠎ᠠ᠃
      ᠠᠷᠠᠳ᠎ᠤᠨ ᠤᠯᠤᠰ ᠲᠥᠷᠥ ᠵᠢᠨ ᠵᠥᠪᠯᠡᠯᠭᠡᠨ᠎ᠤ ᠰᠣᠨᠢᠨ᠎ᠤ ᠰᠤᠷᠪᠤᠯᠵᠢᠯᠠᠭᠴᠢ 2020 — 03 — 2615᠄ 59᠄ 22
      ᠣᠯᠠᠨ ᠵᠶ᠋ᠠᠷ ᠵᠶ᠋ᠠᠨ ᠴᠥᠮ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠢ ᠲᠤᠶ᠋ᠢᠯ ᠵᠶ᠋ᠠᠷ ᠠᠩᠬᠠᠷᠴᠤ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠᠰᠠ ᠲᠤᠰᠬᠠᠶ ᠪᠠᠶ᠋ᠢᠷᠢᠯᠠᠭᠤᠯᠤᠯᠲᠠ ᠬᠢᠭᠰᠡᠨ ᠪᠠᠶ᠋ᠢᠨ᠎ᠠ᠃ ᠠᠰᠠᠭᠤᠬᠤ᠎ᠨᠢ᠂ ᠤᠰᠤᠨ ᠠᠰᠢᠭᠯᠠᠯᠲᠠ ᠵᠢᠨ ᠶᠠᠮᠤᠨ᠎ᠠᠴᠠ ᠵᠡᠭᠦᠨ ᠳᠤᠮᠳᠠ ᠱᠤᠭᠤᠮ᠎ᠤᠨ ᠵᠠᠯᠭ᠋ᠠᠮᠵᠢ ᠢᠨᠵᠸᠨ᠋ᠸᠷᠢᠩ᠎ᠤᠨ ᠲᠠᠯ᠎ᠠ᠎ᠪᠠᠷ ᠶᠠᠮᠠᠷ ᠶᠠᠮᠠᠷ ᠪᠠᠶ᠋ᠢᠷᠢᠯᠠᠭᠤᠯᠤᠯᠲᠠ ᠬᠢᠭᠰᠡᠨ ᠪᠤᠢ? ᠬᠢᠵᠢᠭ᠎ᠤᠨ ᠪᠠᠶ᠋ᠢᠳᠠᠯ᠎ᠤᠨ ᠨᠥᠯᠥᠭᠡ᠎ᠳᠤ ᠴᠢᠭᠯᠡᠭᠦᠯᠦᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ? ᠪᠠᠶᠠᠷᠯᠠᠯ᠎ᠠ᠃
      ᠱ᠌ᠢ ᠴᠦᠨ ᠰᠢᠶᠠᠨ 2020-03-2615: 59: 31
      ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠸᠨ᠋ᠸᠷᠢᠩ᠎ᠳᠤ ᠠᠩᠬᠠᠷᠤᠯ ᠬᠠᠨᠳᠤᠭᠤᠯᠵᠤ ᠪᠠᠢ᠌ᠭ᠎ᠠ᠎ᠳᠤ ᠴᠢᠨᠢ ᠲᠠᠯᠠᠷᠬᠠᠵᠤ ᠪᠠᠢ᠍ᠨ᠎ᠠ᠃ 2019 ᠣᠨ᠎ᠤ 11 ᠰᠠᠷ᠎ᠠ ᠵᠢᠨ 18᠎ᠤ ᠡᠳᠦᠷ ᠶᠡᠷᠦᠩᠬᠡᠶ ᠰᠠᠶ᠋ᠢᠳ ᠯᠢ ᠺᠸ ᠴᠢᠶᠠᠩ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠢ ᠰᠤᠳᠤᠯᠬᠤ ᠬᠣᠯᠪᠣᠭᠳᠠᠯ ᠪᠥᠬᠥᠶ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠤᠰᠤᠨ ᠠᠰᠢᠭᠯᠠᠯᠲᠠ ᠵᠢᠨ ᠶᠠᠮᠤᠨ ᠬᠣᠯᠪᠣᠭᠳᠠᠯ ᠪᠥᠬᠥᠶ ᠮᠤᠵᠢ᠂ ᠰᠢᠭᠤᠳ ᠬᠠᠷᠢᠶ᠎ᠠ ᠬᠣᠲᠠ᠎ᠲᠠᠢ ᠬᠠᠮᠲᠤᠷᠠᠨ ᠡᠸ ᠵᠢᠩ ᠫᠢᠩ ᠰᠠᠶ᠋ᠢᠳ ᠵᠶ᠋ᠠᠷ ᠳᠤᠭᠤᠶ᠋ᠢᠯᠠᠩ᠎ᠤᠨ ᠳᠠᠷᠤᠭ᠎ᠠ ᠪᠣᠯᠭ᠋ᠠᠭᠰᠠᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠪᠣᠳᠠᠲᠠᠶ ᠠᠵᠢᠯ᠎ᠤᠨ ᠲᠥᠰᠦᠯ᠎ᠢ ᠲᠣᠭᠲᠠᠭ᠋ᠠᠪᠠ᠃ ᠣᠳᠣᠬᠠᠨ᠎ᠳᠤ᠂ ᠤᠰᠤᠨ ᠠᠰᠢᠭᠯᠠᠯᠲᠠ ᠵᠢᠨ ᠶᠠᠮᠤᠨ ᠶᠠᠭ ᠵᠡᠭᠦᠨ ᠱᠤᠭᠤᠮ᠎ᠤᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠂ ᠳᠤᠮᠳᠠ ᠱᠤᠭᠤᠮ᠎ᠤᠨ ᠬᠥᠬᠡᠮᠥ᠋ᠷᠡᠨ᠎ᠢ ᠲᠠᠲᠠᠵᠤ ᠬᠠᠨᠵᠢᠶᠠᠩ ᠮᠦᠷᠡᠨ᠎ᠳᠤ ᠨᠥᠬᠥᠪᠥᠷᠢᠯᠡᠬᠦ ᠢᠨᠵᠧᠨᠧᠷᠢᠩ᠎ᠤᠨ ᠪᠣᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ ᠪᠠᠶ᠋ᠢᠨ᠎ᠠ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ   ᠢᠨᠵᠸᠨ᠋ᠸᠷᠢᠩ᠎ᠤᠨ ᠱᠤᠭᠤᠮ᠎ᠨᠢ ᠤᠷᠲᠤ᠂ ᠬᠡᠪᠴᠢᠶ᠎ᠡ᠎ᠨᠢ ᠥᠷᠭᠡᠨ᠂ ᠬᠣᠯᠪᠣᠭᠳᠠᠬᠤ ᠭᠠᠵᠠᠷ ᠣᠷᠣᠨ᠎ᠨᠢ ᠨᠡᠯᠢᠶᠡᠳ ᠤᠯᠠᠨ ᠪᠣᠯᠬᠣᠷ᠂ ᠬᠢᠵᠢᠭ᠎ᠤᠨ ᠪᠠᠶ᠋ᠢᠳᠠᠯ᠎ᠨᠢ ᠡᠮᠦᠨᠡᠬᠢ ᠬᠤᠭᠤᠴᠠᠭ᠋ᠠᠨ᠎ᠤ ᠠᠵᠢᠯ᠎ᠳᠤ ᠦᠨᠡᠬᠡᠷ ᠡᠳᠦᠶ ᠲᠡᠳᠦᠶ ᠨᠥᠯᠥᠭᠡ ᠦᠵᠡᠭᠦᠯᠦᠭᠰᠡᠨ ᠪᠠᠶ᠋ᠢᠨ᠎ᠠ᠃ ᠵᠢᠱ᠌ᠢᠶᠡᠯᠡᠪᠡᠯ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠵᠠᠮ ᠬᠠᠷᠢᠯᠴᠠᠭ᠎ᠠ ᠵᠢ ᠵᠠᠬᠢᠷᠤᠨ ᠬᠠᠮᠢᠶᠠᠷᠬᠤ᠂ ᠣᠷᠣᠨ ᠠᠯᠤᠰᠯᠠᠨ ᠲᠤᠰᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠤᠭᠰᠠᠨ᠎ᠠᠴᠠ ᠪᠣᠯᠵᠣ᠂ ᠵᠢᠷᠤᠵᠤ ᠲᠥᠯᠥᠪᠯᠡᠬᠦ ᠨᠢᠭᠡᠴᠢ ᠵᠢᠨ ᠲᠤᠬᠠᠶ ᠵᠢᠨ ᠲᠠᠯᠠᠪᠤᠷ᠎ᠤᠨ ᠬᠠᠶ᠋ᠢᠨ ᠬᠡᠮᠵᠢᠯᠲᠡ ᠵᠡᠷᠭᠡ   ᠠᠵᠢᠯ᠎ᠢ ᠬᠡᠪ᠎ᠤᠨ ᠪᠠᠶ᠋ᠢᠳᠠᠯ ᠵᠶ᠋ᠠᠷ ᠶᠠᠪᠤᠭᠳᠠᠭᠤᠯᠬᠤ ᠵᠢᠨ ᠠᠷᠭ᠎ᠠ ᠥᠬᠡᠶ ᠪᠣᠯᠭ᠋ᠠᠭᠰᠠᠨ ᠪᠠᠶ᠋ᠢᠨ᠎ᠠ᠃ ᠪᠠᠰᠠ ᠵᠢᠱ᠌ᠢᠶᠡᠯᠡᠪᠡᠯ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠬᠥᠮᠦᠨ ᠬᠠᠷ᠎ᠠ ᠴᠤᠭᠯᠠᠷᠠᠬᠤ᠎ᠠᠴᠠ ᠵᠠᠶ᠋ᠢᠯᠠᠰᠬᠢᠬᠦ ᠵᠢ ᠱᠠᠭ᠋ᠠᠷᠳᠠᠨ᠎ᠠ᠂ ᠢᠩᠭᠢᠭᠡᠳ ᠤᠤᠯ᠎ᠤᠨ ᠲᠥᠯᠥᠪᠯᠡᠵᠦ ᠪᠠᠶ᠋ᠢᠭᠰᠠᠨ ᠲᠥᠪᠯᠡᠷᠡᠭᠦᠯᠦᠨ ᠠᠵᠢᠯᠯᠠᠬᠤ᠂ ᠱᠠᠯᠠᠪᠳᠠᠨ ᠲᠥᠯᠥᠪᠯᠡᠵᠦ ᠪᠡᠷᠬᠡ ᠰᠡᠳᠦᠪ᠎ᠢ   ᠰᠢᠢ᠍ᠳᠪᠤᠷᠢᠯᠡᠬᠦ᠂ ᠠᠬᠢᠴᠠ ᠵᠢ ᠲᠦᠷᠭᠡᠳᠬᠡᠬᠦ ᠲᠥᠰᠦᠯ ᠴᠦ᠍ ᠡᠳᠦᠶ ᠲᠡᠳᠦᠶ ᠨᠥᠯᠥᠭᠡᠯᠡᠭᠳᠡᠵᠡᠶ᠃ ᠡᠭᠦᠨ᠎ᠤ ᠵᠡᠷᠭᠡ᠎ᠳᠤ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠪᠠᠰᠠ ᠶᠡᠬᠡ ᠬᠡᠮᠵᠢᠶᠡᠨ᠎ᠤ ᠨᠡᠪᠲᠡᠷᠡᠯᠴᠡᠬᠦ ᠴᠢᠬᠤᠯᠠᠲᠠᠶ ᠠᠵᠢᠯ ᠴᠤ᠌ ᠶᠠᠪᠤᠭᠳᠠᠬᠤ ᠵᠢᠨ ᠠᠷᠭ᠎ᠠ ᠥᠬᠡᠶ ᠪᠤᠯᠵᠤ᠂ ᠢᠯᠠᠩᠭᠤᠶ᠎ᠠ ᠭᠠᠵᠠᠷ ᠲᠠᠲᠠᠪᠤᠷᠢᠯᠠᠨ ᠨᠡᠭᠦᠯᠭᠡᠬᠦ ᠡᠷᠦᠬᠡ᠎ᠳᠤ ᠪᠠᠶ᠋ᠢᠴᠠᠭ᠋ᠠᠯᠲᠠ ᠬᠢᠬᠦ᠂ ᠣᠷᠴᠢᠨ   ᠲᠤᠭᠷᠢᠨ᠎ᠤ ᠨᠥᠯᠥᠭᠡᠯᠡᠯ᠎ᠤᠨ ᠦᠨᠡᠯᠡᠯᠲᠡ ᠬᠢᠬᠦ ᠵᠡᠷᠭᠡ ᠴᠢᠬᠤᠯᠠ ᠠᠵᠢᠯ᠎ᠢ ᠰᠢᠳᠪᠥᠷᠢᠯᠠᠬᠦ᠎ᠳᠤ ᠴᠥᠮ ᠬᠦᠴᠢᠷᠳᠡᠯ ᠤᠴᠠᠷᠠᠭᠤᠯᠤᠭᠰᠠᠨ ᠪᠠᠶ᠋ᠢᠨ᠎ᠠ᠃ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠪᠢᠳᠡ ᠡᠳᠡᠭᠡᠷ ᠠᠰᠠᠭᠤᠳᠠᠯ᠎ᠢ ᠬᠡᠷᠬᠢᠨ ᠰᠢᠢ᠍ᠳᠪᠤᠷᠢᠯᠡᠭᠰᠡᠨ ᠪᠤᠶ? ᠪᠢᠳᠡ ᠮᠠᠰᠢ ᠤᠯᠠᠨ ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠭᠡᠵᠦ ᠬᠡᠯᠡᠵᠦ ᠪᠣᠯᠤᠨ᠎ᠠ᠂ ᠭᠡᠪᠡᠴᠦ ᠬᠠᠮᠤᠭ᠎ᠤᠨ ᠴᠢᠬᠤᠯᠠ ᠵᠢ᠎ᠨᠢ ᠪᠢ ᠡᠶ᠋ᠢᠮᠦ ᠨᠢᠭᠡ ᠦᠭᠡ᠎ᠪᠠᠷ ᠬᠤᠷᠢᠶᠠᠩᠭᠤᠶ᠋ᠢᠯᠠᠶ᠎ᠠ᠄ ᠨᠢᠭᠡ ᠨᠠᠷᠢᠯᠢᠭ ᠤᠨᠤᠪᠴᠢᠳᠠᠢ᠂ ᠭᠤᠷᠪᠠᠨ ᠭᠤᠭᠴᠤᠭ᠎ᠠ ᠵᠢ ᠴᠢᠩᠭ᠎ᠠ ᠠᠳᠬᠤᠪᠠ᠃ ᠨᠢᠭᠡ ᠨᠠᠷᠢᠯᠢᠭ   ᠤᠨᠤᠪᠴᠢᠳᠠᠢ ᠭᠡᠳᠡᠭ᠎ᠨᠢ ᠳᠠᠷᠤᠶ ᠪᠠᠷᠢᠯᠭ᠎ᠠ ᠵᠢᠨ ᠵᠦᠢ᠍ᠯᠡᠰ᠎ᠤᠨ ᠪᠤᠶᠤ ᠶᠠᠮᠠᠷ ᠨᠢᠭᠡᠨ ᠬᠡᠰᠡᠭ ᠪᠠᠷᠢᠯᠭ᠎ᠠ ᠵᠢᠨ ᠣᠷᠣᠰᠢᠵᠤ ᠪᠠᠶ᠋ᠢᠭ᠎ᠠ ᠠᠶᠤᠯ ᠲᠦᠭᠰᠢᠭᠦᠷᠢ ᠵᠢᠨ ᠲᠡᠰ᠎ᠢ ᠨᠠᠷᠢᠯᠢᠭ   ᠤᠨᠤᠪᠴᠢᠳᠠᠢ᠎ᠪᠠᠷ ᠰᠤᠳᠤᠯᠬᠤ ᠶᠠᠪᠤᠳᠠᠯ ᠪᠣᠯᠤᠨ᠎ᠠ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ ᠪᠣᠯ ᠱᠤᠭᠤᠮ᠎ᠤᠨ ᠴᠢᠨᠠᠷᠲᠠᠶ ᠢᠨᠵᠧᠨᠧᠷᠢᠩ ᠪᠣᠯᠬᠤ ᠪᠥᠭᠡᠳ ᠬᠣᠯᠪᠣᠭᠳᠠᠬᠤ ᠲᠠᠯ᠎ᠠ᠎ᠨᠢ ᠮᠠᠰᠢ ᠤᠯᠠᠨ ᠪᠠᠢ᠌ᠵᠤ᠂ ᠠᠷᠪᠠᠨ ᠬᠡᠳᠦᠨ ᠨᠢᠭᠡᠴᠢ ᠵᠢᠷᠤᠵᠤ ᠲᠦᠯᠦᠪᠯᠡᠬᠦ ᠠᠵᠢᠯ᠎ᠳᠤ ᠣᠷᠣᠯᠴᠠᠵᠠᠶ᠃ ᠬᠡᠷᠪᠡ ᠶᠠᠮᠠᠷ ᠨᠢᠭᠡᠨ ᠭᠠᠵᠠᠷ ᠣᠷᠣᠨ᠎ᠨᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠳᠤᠮᠳᠠ ᠳᠣᠣᠷ᠎ᠠ ᠠᠶᠤᠯ ᠲᠦᠭᠰᠢᠬᠦᠷᠢᠳᠦ ᠤᠷᠤᠨ᠎ᠳᠤ ᠲᠣᠭ᠋ᠠᠴᠠᠭᠳᠠᠬᠤ ᠪᠣᠯᠪᠠᠴᠤ ᠲᠦᠷᠦᠯ ᠵᠦᠢ᠍ᠯᠡᠰ᠎ᠢ ᠳᠠᠭ᠋ᠠᠭ᠋ᠠᠨ ᠠᠪᠤᠭᠰᠠᠨ ᠵᠢᠷᠤᠵᠤ ᠲᠥᠯᠥᠪᠯᠡᠬᠦ ᠨᠢᠭᠡᠴᠢ᠎ᠨᠢ ᠦᠨᠳᠦᠷ ᠠᠶᠤᠯ ᠲᠦᠭᠰᠢᠬᠦᠷᠢᠳᠦ ᠣᠷᠣᠨ᠎ᠳᠤ ᠪᠠᠶ᠋ᠢᠪᠠᠯ᠂ ᠳᠣᠣᠷ᠎ᠠ ᠠᠶᠤᠯ ᠲᠦᠭᠰᠢᠭᠦᠷᠢ ᠵᠢᠨ ᠬᠠᠮᠢᠶᠠᠷᠤᠯᠲᠠ ᠵᠶ᠋ᠡᠷ ᠬᠢᠵᠦ ᠪᠣᠯᠬᠤ ᠦᠭᠡᠢ᠂ ᠤᠴᠢᠷ᠎ᠨᠢ ᠲᠡᠳᠡᠭᠡᠷ ᠬᠥᠮᠦᠰ ᠭᠠᠷᠴᠤ ᠢᠷᠡᠵᠦ ᠳᠡᠶ᠋ᠢᠯᠬᠦ ᠦᠭᠡᠢ ᠪᠥᠭᠡᠳ ᠡᠨᠡ ᠬᠦ᠌ ᠣᠷᠣᠨ ᠪᠦᠰᠡ᠎ᠳᠤ ᠴᠦ᠍ ᠣᠷᠣᠵᠤ ᠳᠡᠶ᠋ᠢᠯᠬᠦ ᠦᠭᠡᠢ ᠶᠤᠮ᠃ ᠡᠶ᠋ᠢᠮᠦ᠎ᠠᠴᠠ ᠤᠨᠢᠨ ᠳᠡᠭᠡᠷ᠎ᠡ᠎ᠨᠢ ᠲᠦᠷᠦ ᠵᠢᠨ ᠪᠤᠳᠤᠯᠭ᠎ᠠ ᠵᠢ ᠬᠡᠷᠡᠭᠵᠢᠭᠦᠯᠬᠦ ᠵᠢᠨ ᠲᠥᠯᠥᠭᠡ᠂ ᠪᠢᠳᠡ ᠬᠣᠶᠠᠷ ᠵᠢᠷᠤᠭ ᠵᠤᠬᠢᠶᠠᠪᠠ᠂ ᠨᠢᠭᠡ᠎ᠨᠢ ᠵᠠᠮ ᠳᠠᠭ᠋ᠠᠤ ᠵᠢᠨ ᠪᠠᠷᠢᠯᠭ᠎ᠠ ᠵᠢᠨ ᠭᠠᠵᠠᠷ᠎ᠤᠨ ᠲᠠᠷᠬᠠᠯᠲᠠ ᠵᠢᠨ ᠵᠢᠷᠤᠭ᠂ ᠨᠢᠭᠡ᠎ᠨᠢ ᠵᠢᠷᠤᠭ ᠲᠥᠯᠥᠪᠯᠡᠭᠡ᠎ᠳᠤ ᠣᠷᠣᠯᠴᠠᠭᠰᠠᠨ ᠨᠢᠭᠡᠴᠢ ᠵᠢᠨ ᠪᠠᠶ᠋ᠢᠭ᠎ᠠ ᠭᠠᠵᠠᠷ ᠣᠷᠣᠨ᠎ᠤ ᠲᠠᠷᠬᠠᠯᠲᠠ ᠵᠢᠨ ᠵᠢᠷᠤᠭ ᠪᠣᠯᠤᠨ᠎ᠠ᠂ ᠡᠨᠡ ᠬᠣᠶᠠᠷ ᠵᠢᠷᠤᠭ ᠪᠣᠯᠤᠨ ᠮᠠᠨ᠎ᠤ ᠬᠢᠵᠢᠭ᠎ᠤᠨ ᠪᠠᠶ᠋ᠢᠳᠠᠯ᠎ᠤᠨ ᠬᠤᠪᠢᠶᠠᠷᠢ ᠲᠣᠭᠣᠷᠢᠭ᠎ᠤᠨ ᠵᠢᠷᠤᠭ᠎ᠢ ᠬᠠᠮᠲᠤᠳᠬᠠᠪᠠᠯ᠂ ᠲᠡᠷᠡ᠎ᠨᠢ ᠠᠯᠢ ᠭᠠᠵᠠᠷ ᠣᠷᠣᠨ᠎ᠳᠤ ᠬᠠᠷᠢᠶᠠᠯᠠᠭᠳᠠᠬᠤ ᠵᠢ ᠣᠨᠣᠪᠴᠢᠲᠠᠢ ᠮᠠᠭ᠋ᠠᠳᠯᠠᠵᠤ ᠪᠣᠯᠤᠨ᠎ᠠ᠃ ᠶᠠᠷᠢᠶᠠᠨ ᠦᠭᠡᠢ᠂ ᠪᠠᠰᠠ ᠣᠷᠣᠨ ᠨᠤᠲᠤᠭ᠎ᠲᠠᠢ ᠵᠣᠬᠢᠴᠠᠭᠤᠯᠤᠨ ᠨᠡᠪᠲᠡᠷᠡᠯᠴᠡᠵᠦ᠂ ᠡᠭᠦᠨ᠎ᠤ ᠤᠯᠠᠮ᠎ᠠᠴᠠ ᠨᠡᠩ ᠨᠠᠷᠢᠯᠢᠭ   ᠤᠨᠤᠪᠴᠢᠳᠠᠢ ᠡᠵᠡᠮᠰᠢᠬᠦ ᠬᠡᠷᠡᠭᠲᠡᠶ
      ᠱ᠌ᠢ ᠴᠦᠨ ᠰᠢᠶᠠᠨ 2020-03-2615: 59: 35
      ᠭᠤᠷᠪᠠᠨ ᠭᠣᠭᠴᠣᠭ᠎ᠠ ᠵᠢ ᠴᠢᠩᠭ᠎ᠠ ᠠᠳᠬᠤᠬᠤ᠎ᠳᠤ᠂ ᠨᠢᠭᠡᠳᠦᠭᠡᠷ ᠭᠣᠭᠴᠣᠭ᠎ᠠ᠎ᠨᠢ ᠳᠠᠷᠤᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠸᠢᠳᠢᠣ᠋ ᠵᠢ ᠠᠰᠢᠭᠯᠠᠨ ᠳᠤᠬᠢᠷᠠᠭᠤᠯᠤᠨ ᠵᠥᠪᠳᠡᠯᠴᠡᠬᠦ ᠠᠵᠢᠯ᠎ᠢ ᠥᠷᠨᠢᠭᠦᠯᠵᠦ᠂ ᠡᠮᠦᠨᠡᠬᠢ ᠬᠤᠭᠤᠴᠠᠭ᠋ᠠᠨ᠎ᠤ ᠠᠵᠢᠯ᠎ᠤᠨ ᠬᠦᠴᠢᠷ ᠪᠡᠷᠬᠡ ᠵᠢ ᠰᠢᠢ᠍ᠳᠪᠦᠷᠢᠯᠡᠵᠦ ᠥᠭᠬᠦ ᠶᠠᠪᠤᠳᠠᠯ ᠪᠣᠯᠤᠨ᠎ᠠ᠃ 2 ᠳ᠋ᠤᠭ᠋ᠠᠷ ᠰᠠᠷ᠎ᠠ᠎ᠠᠴᠠ ᠨᠠᠭ᠋ᠠᠰᠢ᠂ ᠪᠢᠳᠡ ᠠᠬᠢᠴᠠ ᠵᠢᠨ ᠪᠠᠶ᠋ᠢᠳᠠᠯ ᠵᠶ᠋ᠠᠨ ᠦᠨᠳᠦᠰᠦᠯᠡᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ᠂ ᠯᠠᠨ ᠰᠢᠨ ᠬᠤᠷᠠᠯ᠎ᠤᠨ ᠬᠡᠯᠪᠡᠷᠢ᠎ᠪᠠᠷ ᠴᠠᠭ ᠢᠮᠠᠭᠲᠠ ᠲᠣᠬᠢᠷᠠᠭᠤᠯᠤᠯᠲᠠ ᠬᠢᠵᠦ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠠᠵᠢᠯ᠎ᠢ ᠳᠥᠯᠭᠢᠨ ᠠᠬᠢᠭᠤᠯᠪᠠ᠃ ᠲᠣᠬᠢᠷᠠᠭᠤᠯᠬᠤ ᠶᠠᠪᠤᠴᠠ᠎ᠳᠤ᠂ ᠵᠢᠷᠤᠭ ᠲᠥᠯᠥᠪᠯᠡᠭᠡᠨ᠎ᠤ ᠨᠢᠭᠡᠴᠢ ᠵᠢᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ᠎ᠢ ᠪᠢᠳᠡ ᠴᠥᠮ ᠴᠠᠭ ᠲᠤᠬᠠᠶ᠎ᠳᠤᠨᠢ ᠰᠢᠢ᠍ᠳᠪᠤᠷᠢᠯᠡᠨ ᠦᠭᠴᠦ᠂ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠯᠬᠢᠨ ᠠᠬᠢᠭᠤᠯᠬᠤ᠎ᠳᠤ ᠵᠠᠮ ᠴᠡᠪᠡᠷᠯᠡᠵᠦ ᠥᠭᠴᠡᠶ᠃ ᠬᠣᠶᠠᠳᠤᠭ᠋ᠠᠷ ᠭᠣᠭᠴᠣᠭ᠎ᠠ᠎ᠨᠢ ᠳᠠᠷᠤᠶ ᠵᠢᠷᠤᠵᠤ ᠲᠥᠯᠥᠪᠯᠡᠬᠦ ᠨᠢᠭᠡᠴᠢ ᠵᠢ ᠰᠢᠪᠠᠳᠠᠨ ᠠᠵᠢᠯ᠎ᠤᠨ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠬᠠᠶ᠋ᠢᠨ ᠬᠡᠮᠵᠢᠵᠦ ᠵᠢᠷᠤᠵᠤ ᠲᠥᠯᠥᠪᠯᠡᠬᠦ ᠠᠬᠢᠴᠠ ᠵᠢ ᠲᠦᠷᠭᠡᠪᠴᠢᠯᠡᠨ ᠲᠦᠯᠬᠢᠨ ᠠᠬᠢᠭᠤᠯᠬᠤ ᠶᠠᠪᠤᠳᠠᠯ ᠪᠣᠯᠤᠨ᠎ᠠ᠂ ᠵᠢᠱ᠌ᠢᠶᠡᠯᠡᠪᠡᠯ᠂ ᠳᠣᠲᠣᠭ᠋ᠠᠳᠤ ᠠᠵᠢᠯ ᠲᠦᠷᠦᠯ᠎ᠤᠨ ᠠᠵᠢᠯ᠎ᠳᠤ ᠭᠡᠷ᠎ᠲᠡᠭᠡᠨ ᠠᠵᠢᠯᠯᠠᠬᠤ᠂ ᠰᠦᠯᠵᠢᠶᠡᠨ ᠳᠡᠭᠡᠷ᠎ᠡ ᠠᠵᠢᠯᠯᠠᠬᠤ᠂ ᠸᠢᠳᠢᠤ᠋᠎ᠪᠠᠷ ᠰᠠᠨᠠᠯ ᠵᠶ᠋ᠡᠨ ᠰᠣᠯᠢᠯᠴᠠᠬᠤ ᠵᠡᠷᠭᠡ ᠠᠷᠭ᠎ᠠ ᠮᠠᠶᠢᠭ᠎ᠢ ᠬᠡᠷᠡᠭᠯᠡᠨ᠎ᠡ᠃ ᠭᠠᠳᠠᠷ ᠠᠵᠢᠯ ᠲᠥᠷᠥᠯ᠎ᠤᠨ ᠠᠵᠢᠯ᠎ᠳᠤ ᠵᠢᠯᠣᠭᠣᠴᠢ ᠥᠬᠡᠶ ᠨᠢᠰᠬᠡᠯ᠂ ᠭᠤᠷᠪᠠᠨ ᠬᠡᠮᠵᠢᠯ᠎ᠤᠨ ᠪᠣᠳᠠᠲᠤ ᠦᠵᠡᠮᠵᠢ ᠵᠢ ᠬᠠᠢ᠌ᠨ ᠪᠠᠢ᠌ᠴᠠᠭ᠋ᠠᠬᠤ ᠰᠢᠰᠲ᠋ᠧᠮ   ᠵᠡᠷᠭᠡ ᠲᠡᠷᠢᠭᠦᠨ᠎ᠤ ᠠᠷᠭ᠎ᠠ ᠵᠢ ᠠᠪᠴᠤ᠂ ᠬᠢᠵᠢᠭ᠎ᠤᠨ ᠪᠠᠶ᠋ᠢᠳᠠᠯ᠎ᠤᠨ ᠠᠵᠢᠯ᠎ᠳᠤ ᠦᠵᠡᠭᠦᠯᠬᠦ ᠨᠥᠯᠥᠭᠡ ᠵᠢ ᠠᠯᠢ ᠴᠢᠳᠠᠬᠤ᠎ᠪᠠᠷ ᠪᠠᠭ᠋ᠠᠰᠬᠠᠪᠠ᠃ ᠭᠤᠷᠪᠠᠳᠤᠭ᠋ᠠᠷ ᠭᠤᠭᠴᠤᠭ᠎ᠠ᠎ᠨᠢ ᠳᠠᠷᠤᠶ ᠬᠢᠨᠠᠨ ᠪᠠᠶ᠋ᠢᠴᠠᠭ᠋ᠠᠬᠤ ᠨᠢᠭᠡᠴᠢ ᠤᠷᠢᠳᠴᠢᠯᠠᠨ ᠣᠷᠣᠯᠴᠠᠵᠤ᠂ ᠮᠡᠷᠭᠡᠵᠢᠯ᠎ᠤᠨ ᠵᠢᠯᠤᠭᠤᠳᠤᠯᠭ᠎ᠠ᠎ᠪᠠᠨ ᠴᠢᠩᠭ᠋ᠠᠳᠬᠠᠬᠤ ᠶᠠᠪᠤᠳᠠᠯ ᠪᠣᠯᠤᠨ᠎ᠠ᠃ ᠮᠠᠨ᠎ᠤ ᠬᠢᠨᠠᠨ ᠪᠠᠶ᠋ᠢᠴᠠᠭ᠋ᠠᠬᠤ ᠨᠢᠭᠡᠴᠢ᠎ᠳᠤ ᠬᠣᠶᠠᠷ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠵᠤ᠂ ᠵᠢᠷᠤᠭ ᠲᠥᠯᠥᠪᠯᠡᠭᠡᠨ᠎ᠤ ᠨᠢᠭᠡᠴᠢ᠎ᠯᠦᠭᠡ ᠵᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠨᠢᠭᠡ ᠨᠢᠭᠡ ᠵᠢᠨ ᠮᠡᠷᠭᠡᠵᠢᠯ᠎ᠤᠨ ᠵᠢᠯᠤᠭᠤᠳᠤᠯᠭ᠎ᠠ ᠬᠢᠪᠡ᠃ ᠡᠭᠦᠨ᠎ᠤ ᠵᠡᠷᠭᠡ᠎ᠳᠤ ᠵᠢᠷᠤᠭ ᠲᠥᠯᠥᠪᠯᠡᠭᠡ ᠵᠢᠨ ᠨᠢᠭᠡᠴᠢ ᠴᠦ᠍ ᠬᠡᠷᠡᠭᠴᠡᠭᠡ᠎ᠪᠠᠨ ᠦᠨᠳᠦᠰᠦᠯᠡᠨ ᠲᠸᠩ ᠰᠢᠶᠦ᠋ᠨ ᠬᠤᠷᠠᠯ᠂ ᠸᠢᠴᠠᠲ ᠴᠤᠭᠯᠠᠷᠠᠯ ᠵᠡᠷᠭᠡ ᠬᠡᠯᠪᠡᠷᠢ᠎ᠪᠠᠷ ᠡᠳᠦᠶ ᠲᠡᠳᠦᠶ ᠵᠥᠪᠯᠡᠯᠭᠡ ᠨᠤᠲᠠᠯᠠᠯᠲᠠ ᠬᠢᠵᠦ᠂ ᠮᠡᠷᠭᠡᠵᠢᠯ᠎ᠤᠨ ᠲᠠᠯ᠎ᠠ᠎ᠪᠠᠷ᠎ᠬᠢ ᠵᠠᠩᠭᠢᠯᠠᠭ᠎ᠠ ᠵᠢᠨ ᠠᠰᠠᠭᠤᠳᠠᠯ᠎ᠢ ᠴᠠᠭ ᠲᠤᠬᠠᠶ᠎ᠳᠤᠨᠢ ᠬᠠᠪᠰᠤᠷᠤᠨ ᠰᠢᠢ᠍ᠳᠪᠤᠷᠢᠯᠡᠵᠦ ᠥᠭᠭᠦᠭᠰᠡᠨ ᠪᠠᠶ᠋ᠢᠨ᠎ᠠ᠃ ᠴᠢᠷᠮᠠᠶ᠋ᠢᠯᠭ᠎ᠠ᠎ᠪᠠᠷ ᠳᠠᠮᠵᠢᠭ᠋ᠠᠳ᠂ ᠣᠳᠣᠬᠠᠨ᠎ᠳᠤ ᠵᠡᠭᠦᠨ ᠱᠤᠭᠤᠮ᠎ᠤᠨ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠤᠨ ᠬᠡᠷᠡᠭᠵᠢᠭᠦᠯᠵᠦ ᠪᠣᠯᠬᠤᠶ᠋ᠢᠴᠠ ᠰᠤᠳᠤᠯᠭ᠋ᠠᠨ᠎ᠤ ᠱᠠᠲᠤᠨ᠎ᠤ ᠠᠵᠢᠯ᠎ᠤᠨ ᠭᠣᠤᠯ ᠵᠠᠩᠭᠢᠯᠠᠭ᠎ᠠ ᠵᠢᠨ ᠴᠡᠭ᠎ᠤᠨ ᠠᠵᠢᠯ᠎ᠤᠨ ᠬᠤᠭᠤᠴᠠᠭ᠎ᠠ ᠵᠢ ᠴᠥᠮ ᠪᠡᠶᠡᠯᠡᠭᠦᠯᠵᠦ ᠳᠡᠶ᠋ᠢᠯᠬᠦ ᠪᠣᠯᠵᠠᠶ᠃ ᠡᠶ᠋ᠢᠮᠦ᠎ᠠᠴᠠ ᠪᠢᠳᠡ ᠬᠢᠵᠢᠭ᠎ᠤᠨ ᠪᠠᠶ᠋ᠢᠳᠠᠯ᠎ᠤᠨ ᠪᠠᠷᠢᠯᠭ᠎ᠠ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠳᠤ ᠦᠵᠡᠭᠦᠯᠬᠦ ᠨᠥᠯᠥᠭᠡ ᠵᠢ ᠠᠷᠢᠯᠭ᠋ᠠᠨ᠂ ᠪᠠᠷᠢᠯᠭ᠎ᠠ ᠵᠢᠨ ᠠᠵᠢᠯ᠎ᠢ ᠡᠷᠲᠡᠬᠡᠨ ᠡᠬᠢᠯᠡᠭᠦᠯᠬᠦ᠎ᠳᠤ ᠨᠥᠬᠥᠴᠡᠯ ᠪᠦᠷᠢᠯᠳᠦᠭᠦᠯᠵᠦ ᠥᠭᠬᠦ ᠡᠷᠡᠰ ᠵᠣᠷᠢᠭ ᠪᠤᠯᠤᠨ ᠢᠲᠡᠭᠡᠯ᠎ᠲᠠᠢ ᠪᠠᠶ᠋ᠢᠨ᠎ᠠ᠃ ᠪᠠᠶᠠᠷᠯᠠᠯ᠎ᠠ᠃
      ᠰᠢᠶᠠᠩᠭ᠋ᠠᠩ᠎ᠤᠨ ᠵᠦᠩ ᠫᠢᠩ ᠬᠣᠷᠢᠶᠠᠨ᠎ᠤ ᠰᠤᠷᠪᠤᠯᠵᠢᠯᠠᠭᠴᠢ 2020 — 03 — 26         16᠄ 09᠄ 34
      ᠮᠡᠳᠡᠭᠡᠯᠡᠯ᠎ᠢ ᠦᠨᠳᠦᠰᠦᠯᠡᠪᠡᠯ᠂ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠬᠥᠬᠡᠮᠥ᠋ᠷᠡᠨ᠎ᠤ ᠳᠤᠮᠳᠠ ᠳᠣᠤᠷᠠᠳᠤ ᠤᠷᠤᠰᠬᠠᠯ᠎ᠤᠨ ᠤᠰᠤ ᠬᠠᠩᠭ᠋ᠠᠬᠤ᠂ ᠴᠠᠬᠢᠯᠭ᠋ᠠᠨ ᠭᠠᠷᠭ᠋ᠠᠬᠤ᠎ᠳᠤ ᠬᠡᠷᠡᠭᠯᠡᠬᠦ ᠤᠰᠤ᠂ ᠤᠰᠤᠨ ᠵᠠᠮ᠎ᠤᠨ ᠲᠡᠭᠡᠭᠡᠪᠦᠷᠢ᠎ᠳᠤ ᠬᠡᠷᠡᠭᠯᠡᠬᠦ ᠤᠰᠤᠨ᠎ᠤ ᠬᠡᠷᠡᠭᠴᠡᠭᠡ ᠵᠢ ᠪᠠᠲᠤᠯᠠᠬᠤ ᠵᠢᠨ ᠲᠥᠯᠥᠭᠡ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠤᠨ ᠬᠥᠮᠥᠷᠭᠡ᠎ᠠᠴᠠ ᠭᠠᠷᠭ᠋ᠠᠬᠤ ᠬᠡᠮᠵᠢᠶ᠎ᠡ ᠵᠢ ᠨᠡᠮᠡᠭᠳᠡᠬᠦᠯᠦᠭᠰᠡᠨ ᠪᠠᠢ᠌ᠨ᠎ᠠ᠃ ᠣᠳᠣᠬᠠᠨ᠎ᠳᠤ ᠬᠥᠮᠥᠷᠭᠡ᠎ᠠᠴᠠ ᠭᠠᠷᠭ᠋ᠠᠬᠤ ᠤᠷᠤᠰᠴᠠ ᠵᠢᠨ ᠪᠠᠶ᠋ᠢᠳᠠᠯ ᠶᠠᠮᠠᠷ ᠪᠤᠢ? ᠳᠤᠮᠳᠠ ᠳᠣᠤᠷᠠᠳᠤ ᠤᠷᠤᠰᠬᠠᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ ᠵᠢ ᠳᠠᠭ᠋ᠠᠯᠳᠤᠨ᠂ ᠬᠥᠮᠥᠷᠭᠡ᠎ᠠᠴᠠ ᠭᠠᠷᠭ᠋ᠠᠬᠤ   ᠤᠰᠤᠨ᠎ᠤ ᠬᠡᠮᠵᠢᠶ᠎ᠡ᠎ᠳᠤ ᠪᠠᠰᠠ ᠲᠣᠬᠢᠷᠠᠭᠤᠯᠤᠯᠲᠠ ᠬᠢᠨ᠎ᠠ ᠤᠤ? ᠡᠢ᠌ᠮᠦᠷᠬᠦᠦ ᠬᠤᠪᠢᠷᠠᠯᠲᠠ᠎ᠨᠢ ᠠᠷᠠᠳ ᠣᠯᠠᠨ᠎ᠤ ᠦᠢ᠍ᠯᠡᠳᠪᠤᠷᠢᠯᠡᠯ ᠠᠮᠢᠳᠤᠷᠠᠯ᠎ᠳᠤ ᠶᠠᠮᠠᠷ ᠨᠦᠯᠦᠭᠡ᠎ᠲᠠᠢ ᠪᠣᠶ? ᠪᠠᠶᠠᠷᠯᠠᠯ᠎ᠠ᠃
      ᠲᠢᠶᠠᠨ ᠢ ᠲᠠᠩ 2020-03-2616: 09: 45
      ᠲᠠᠨ᠎ᠤ ᠠᠰᠠᠭᠤᠯᠳᠠ ᠠᠰᠠᠭᠤᠭᠰᠠᠨ᠎ᠳᠤ ᠪᠠᠶᠠᠷᠯᠠᠯ᠎ᠠ᠃ ᠭᠤᠷᠪᠠᠨ ᠬᠠᠪᠴᠢᠯ᠎ᠤᠨ ᠪᠠᠷᠢᠯᠭ᠎ᠠ ᠪᠣᠯ ᠤᠯᠤᠰ᠎ᠤᠨ ᠴᠢᠬᠤᠯᠠ ᠪᠠᠷᠢᠯᠭ᠎ᠠ ᠮᠥᠨ᠃ ᠭᠤᠷᠪᠠᠨ ᠬᠠᠪᠴᠢᠯ᠎ᠤᠨ ᠪᠠᠷᠢᠯᠭ᠎ᠠ ᠪᠠᠶ᠋ᠢᠭᠤᠯᠤᠭᠳᠠᠭᠰᠠᠨ᠎ᠤ ᠳᠠᠷᠠᠭ᠎ᠠ᠂ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠡᠷᠭᠡ ᠠᠯᠢ ᠣᠯᠠᠨ ᠶᠡᠷᠦᠩᠬᠡᠶ᠋ᠢᠯᠡᠭᠰᠡᠨ ᠦᠷ᠎ᠡ ᠠᠰᠢᠭ᠎ᠢ ᠪᠦᠷ ᠮᠠᠰᠢ ᠰᠠᠶ᠋ᠢᠨ ᠪᠠᠳᠠᠷᠠᠭᠤᠯᠵᠤ᠂ ᠳᠡᠭᠡᠳᠦ ᠤᠷᠤᠰᠬᠠᠯ᠎ᠠᠴᠠ ᠦᠶᠡᠷ ᠪᠠᠭᠤᠪᠠᠯ᠂ ᠲᠡᠭᠦᠨ᠎ᠢ ᠬᠠᠰᠢᠵᠤ ᠠᠪᠴᠤ       ᠪᠣᠯᠤᠨ᠎ᠠ᠂ ᠳᠣᠣᠷᠠᠳᠤ ᠤᠷᠤᠰᠬᠠᠯ᠎ᠤᠨ ᠭᠠᠩ ᠬᠠᠭᠰᠠᠷᠠᠭ᠋ᠠᠨ᠎ᠤ ᠳᠠᠷᠠᠭ᠎ᠠ᠂ ᠳᠣᠣᠷᠠᠳᠤ ᠤᠷᠤᠰᠬᠠᠯ᠎ᠳᠤ ᠤᠰᠤ ᠬᠠᠩᠭ᠋ᠠᠵᠤ ᠪᠣᠯᠤᠨ᠎ᠠ᠂ ᠡᠭᠦᠨ᠎ᠳᠤ ᠦᠶᠡᠷ᠎ᠢ ᠰᠡᠷᠭᠡᠶ᠋ᠢᠯᠡᠬᠦ ᠴᠢᠳᠠᠮᠵᠢ᠎ᠲᠠᠢ ᠮᠥᠷᠲᠡᠭᠡᠨ ᠪᠠᠰᠠ ᠭᠠᠩ ᠬᠠᠭᠰᠠᠷᠠᠭ᠋ᠠᠨ᠎ᠲᠠᠢ ᠲᠡᠮᠡᠴᠡᠬᠦ ᠴᠢᠳᠠᠮᠵᠢ᠎ᠲᠠᠢ᠂ ᠪᠠᠰᠠ ᠠᠮᠢ ᠠᠬᠤᠶ ᠵᠡᠷᠭᠡ ᠶᠡᠷᠦᠩᠬᠡᠶ᠋ᠢᠯᠡᠭᠰᠡᠨ ᠦᠷ᠎ᠡ ᠠᠰᠢᠭ᠎ᠲᠠᠢ ᠪᠠᠶ᠋ᠢᠳᠠᠭ᠃ ᠭᠤᠷᠪᠠᠨ ᠬᠠᠪᠴᠢᠯ᠎ᠤᠨ ᠪᠠᠷᠢᠯᠭ᠎ᠠ ᠪᠠᠶ᠋ᠢᠭᠤᠯᠤᠭᠳᠠᠬᠤ᠎ᠠᠴᠠ ᠡᠮᠦᠨ᠎ᠡ᠂ ᠨᠢᠭᠡ᠎ᠠᠴᠠ ᠭᠤᠷᠪᠠᠳᠤᠭ᠋ᠠᠷ ᠰᠠᠷ᠎ᠠ ᠵᠢᠨ ᠢᠴᠠᠩ ᠥᠷᠲᠡᠭᠡᠨ᠎ᠤ ᠳᠤᠮᠳᠠᠴᠢ ᠤᠷᠤᠰᠬᠠᠯ᠎ᠤᠨ ᠬᠡᠮᠵᠢᠶ᠎ᠡ᠎ᠨᠢ ᠰᠧᠺᠦ᠋ᠨ᠋ᠳ᠋ ᠪᠦᠷᠢ 4000 ᠪᠣᠰᠣᠭ᠎ᠠ ᠳᠥᠷᠪᠡᠯᠵᠢᠨ ᠮᠧᠲᠷ ᠣᠷᠴᠢᠮ ᠪᠠᠶ᠋ᠢᠪᠠ᠃ ᠭᠤᠷᠪᠠᠨ ᠬᠠᠪᠴᠢᠯ᠎ᠤᠨ ᠪᠠᠷᠢᠯᠭ᠎ᠠ ᠪᠠᠶ᠋ᠢᠭᠤᠯᠤᠭᠳᠠᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠲᠣᠭᠲᠠᠭ᠋ᠠᠯ ᠵᠶ᠋ᠠᠷ ᠡᠨᠡ ᠬᠤᠭᠤᠴᠠᠭ᠋ᠠᠨ᠎ᠳᠤ ᠰᠧᠺᠦ᠋ᠨ᠋ᠳ᠋ ᠪᠦᠷᠢ 6000 ᠪᠣᠰᠣᠭ᠎ᠠ ᠳᠥᠷᠪᠡᠯᠵᠢᠨ ᠮᠧᠲᠷ᠎ᠠᠴᠠ ᠳᠤᠲᠠᠭᠤ ᠦᠭᠡᠶ᠎ᠪᠠᠷ ᠳᠣᠷᠣᠭᠰᠢ ᠤᠷᠤᠰᠬᠠᠬᠤ ᠬᠡᠷᠡᠭᠲᠡᠶ᠃ ᠡᠨᠡ ᠵᠢᠯ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠬᠡᠷᠡᠭᠴᠡᠭᠡ᠎ᠠᠴᠠ ᠪᠤᠯᠵᠤ᠂ ᠤᠰᠤᠨ ᠠᠰᠢᠭᠯᠠᠯᠲᠠ ᠵᠢᠨ ᠶᠠᠮᠤᠨ᠎ᠠᠴᠠ ᠭᠤᠷᠪᠠᠨ ᠬᠠᠪᠴᠢᠯ᠎ᠢ 3 ᠳ᠋ᠤᠭ᠋ᠠᠷ ᠰᠠᠷ᠎ᠠ᠎ᠠᠴᠠ ᠡᠮᠦᠨ᠎ᠡ ᠰᠧᠺᠦ᠋ᠨ᠋ᠳ᠋ ᠪᠦᠷᠢ 7000 ᠪᠣᠰᠣᠭ᠎ᠠ ᠳᠥᠷᠪᠡᠯᠵᠢᠨ ᠮᠧᠲᠷ᠎ᠠᠴᠠ ᠪᠠᠭ᠎ᠠ ᠦᠭᠡᠢ ᠬᠡᠮᠵᠢᠶ᠎ᠡ᠎ᠪᠠᠷ ᠳᠣᠷᠣᠭᠰᠢ ᠤᠷᠤᠰᠬᠠᠬᠤ᠎ᠪᠠᠷ ᠲᠣᠬᠢᠷᠠᠭᠤᠯᠪᠠ; 3 ᠰᠠᠷ᠎ᠠ ᠵᠢᠨ 1᠎ᠤ ᠡᠳᠦᠷ᠎ᠠᠴᠠ ᠰᠡᠭᠦᠯᠡᠷ᠂ ᠤᠰᠤᠨ ᠠᠰᠢᠭᠯᠠᠯᠲᠠ ᠵᠢᠨ ᠶᠠᠮᠤᠨ᠎ᠠᠴᠠ ᠭᠤᠷᠪᠠᠨ ᠬᠠᠪᠴᠢᠯ᠎ᠢ ᠲᠣᠬᠢᠷᠠᠭᠤᠯᠵᠤ᠂ ᠰᠧᠺᠦ᠋ᠨ᠋ᠳ᠋ ᠪᠦᠷᠢ 9000 ~ 10000 ᠪᠣᠰᠣᠭ᠎ᠠ ᠳᠥᠷᠪᠡᠯᠵᠢᠨ ᠮᠧᠲᠷ᠎ᠲᠤ ᠬᠦᠷᠭᠡᠵᠦ᠂ ᠳᠣᠣᠷᠠᠳᠤ ᠤᠷᠤᠰᠬᠠᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠤᠰᠤ ᠬᠡᠷᠡᠭᠯᠡᠬᠦ ᠬᠡᠷᠡᠭᠴᠡᠭᠡ ᠵᠢ ᠬᠠᠩᠭ᠋ᠠᠭᠰᠠᠨ ᠪᠠᠶ᠋ᠢᠨ᠎ᠠ᠃ ᠡᠨᠡ ᠵᠢᠯ᠎ᠠᠴᠠ ᠨᠠᠭ᠋ᠠᠰᠢ᠂ ᠭᠤᠷᠪᠠᠨ ᠬᠠᠪᠴᠢᠯ᠎ᠤᠨ ᠤᠰᠤᠨ ᠴᠥᠭᠥᠷᠥᠮ᠎ᠠᠴᠠ ᠬᠥᠬᠡᠮᠥ᠋ᠷᠡᠨ᠎ᠤ ᠳᠤᠮᠳᠠᠳᠤ ᠳᠣᠤᠷᠠᠳᠤ ᠤᠷᠤᠰᠬᠠᠯ᠎ᠳᠤ ᠨᠡᠶ᠋ᠢᠲᠡ 90 ᠭᠠᠷᠤᠶ ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠤᠰᠤ ᠨᠥᠬᠥᠪᠥᠷᠢᠯᠡᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ᠎ᠳᠤ ᠤᠰᠤ ᠬᠡᠷᠡᠭᠯᠡᠬᠦ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠡᠷᠡᠭᠴᠡᠭᠡ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ ᠬᠡᠷᠡᠭᠴᠡᠭᠡ ᠵᠢ ᠦᠨᠳᠦᠰᠦᠯᠡᠨ᠂ ᠤᠰᠤᠨ ᠠᠰᠢᠭᠯᠠᠯᠲᠠ ᠵᠢᠨ ᠶᠠᠮᠤᠨ ᠭᠤᠷᠪᠠᠨ ᠬᠠᠪᠴᠢᠯ᠎ᠤᠨ ᠤᠰᠤᠨ ᠴᠥᠭᠥᠷᠥᠮ᠎ᠢ ᠦᠷᠭᠦᠯᠵᠢᠯᠡᠨ ᠰᠠᠶ᠋ᠢᠲᠤᠷ ᠳᠣᠭᠢᠷᠠᠭᠤᠯᠵᠤ᠂ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ᠎ᠳᠤ ᠬᠡᠷᠡᠭᠯᠡᠬᠦ ᠤᠰᠤᠨ᠎ᠤ ᠬᠡᠷᠡᠭᠴᠡᠭᠡ ᠵᠢ ᠪᠥᠬᠥ ᠬᠦᠴᠦᠨ ᠵᠶ᠋ᠠᠷ ᠵᠶ᠋ᠠᠨ ᠬᠠᠩᠭ᠋ᠠᠬᠤ ᠵᠢᠨ ᠬᠠᠮᠲᠤ ᠴᠠᠬᠢᠯᠭ᠋ᠠᠨ ᠭᠠᠷᠭ᠋ᠠᠬᠤ᠂ ᠤᠰᠤᠨ ᠵᠠᠮ᠎ᠤᠨ ᠲᠡᠭᠡᠭᠡᠪᠦᠷᠢ ᠵᠡᠷᠭᠡ ᠡᠯ᠎ᠡ ᠲᠠᠯ᠎ᠠ ᠵᠢᠨ ᠤᠰᠤ ᠬᠡᠷᠡᠭᠯᠡᠬᠦ ᠬᠡᠷᠡᠭᠴᠡᠭᠡ ᠵᠢ ᠪᠠᠲᠤᠯᠠᠨ᠎ᠠ᠃ ᠪᠠᠶᠠᠷᠯᠠᠯ᠎ᠠ᠃
      ᠲᠦᠪ ᠷᠠᠳᠢᠤ᠋ ᠬᠣᠷᠢᠶᠠᠨ᠎ᠤ ᠰᠤᠷᠪᠤᠯᠵᠢᠯᠠᠭᠴᠢ 2020 — 03 — 2616᠄ 14᠄ 07
      ᠣᠳᠣᠬᠠᠨ᠎ᠳᠤ ᠶᠠᠭ ᠰᠠᠶ᠋ᠢᠬᠠᠨ ᠤᠮᠠᠷᠠᠲᠤ ᠣᠷᠣᠨ᠎ᠤ ᠬᠠᠪᠤᠷ᠎ᠤᠨ ᠤᠰᠤᠯᠠᠯᠲᠠ ᠵᠢᠨ ᠴᠠᠭ ᠦᠶ᠎ᠡ ᠪᠣᠯᠵᠣ ᠪᠠᠶ᠋ᠢᠨ᠎ᠠ᠂ ᠲᠡᠭᠡᠪᠡᠯ ᠤᠰᠤᠨ ᠠᠰᠢᠭᠯᠠᠯᠲᠠ ᠵᠢᠨ ᠶᠠᠮᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠢ ᠬᠡᠷᠬᠢᠨ ᠰᠠᠶ᠋ᠢᠲᠤᠷ ᠬᠢᠬᠦ ᠵᠢᠨ ᠬᠠᠮᠲᠤ᠂ ᠲᠠᠷᠢᠶᠠᠯᠠᠩ᠎ᠤᠨ ᠬᠠᠪᠤᠷ᠎ᠤᠨ ᠤᠰᠤᠯᠠᠯᠲᠠ ᠵᠢᠨ ᠲᠠᠷᠢᠶᠠᠯᠠᠩ᠎ᠤᠨ ᠴᠠᠭ᠎ᠢ ᠰᠠᠭ᠋ᠠᠲᠠᠭ᠋ᠠᠬᠤ ᠥᠬᠡᠶ ᠪᠠᠶ᠋ᠢᠬᠤ ᠵᠢ ᠪᠠᠲᠤᠯᠠᠬᠤ ᠪᠣᠶ? ᠪᠠᠶᠠᠷᠯᠠᠯ᠎ᠠ᠃
      ᠴᠧᠨ ᠮᠢᠩ ᠵᠥᠩ 2020 — 03 — 2616᠄ 14᠄ 21
      ᠣᠳᠣᠬᠠᠨ᠎ᠳᠤ ᠬᠠᠪᠤᠷ᠎ᠤᠨ ᠲᠠᠷᠢᠶᠠᠯᠠᠭ᠎ᠠ ᠵᠢᠨ ᠦᠢ᠍ᠯᠡᠳᠪᠦᠷᠢᠯᠡᠯ᠎ᠢ ᠪᠠᠲᠤᠯᠠᠬᠤ᠂ ᠬᠠᠪᠤᠷ᠎ᠤᠨ ᠤᠰᠤᠯᠠᠯᠲᠠ ᠵᠢᠨ ᠤᠰᠤᠨ᠎ᠤ ᠬᠠᠩᠭ᠋ᠠᠯᠭ᠎ᠠ ᠵᠢ ᠪᠠᠲᠤᠯᠠᠬᠤ ᠪᠣᠯ ᠤᠰᠤᠨ ᠠᠰᠢᠭᠯᠠᠯᠲᠠ ᠵᠢᠨ ᠶᠠᠮᠤᠨ᠎ᠤ ᠨᠢᠭᠡᠨ ᠲᠤᠶ᠋ᠢᠯ᠎ᠤᠨ ᠴᠢᠬᠤᠯᠠ ᠡᠭᠦᠷᠭᠡ ᠮᠥᠨ᠂ ᠤᠰᠤᠨ ᠠᠰᠢᠭᠯᠠᠯᠲᠠ ᠵᠢᠨ ᠶᠠᠮᠤᠨ ᠡᠶ᠋ᠢᠮᠦ ᠬᠡᠳᠦᠨ ᠵᠦᠢ᠍ᠯ᠎ᠤᠨ ᠠᠷᠭ᠎ᠠ ᠬᠡᠮᠵᠢᠶ᠎ᠡ ᠵᠢ ᠠᠪᠤᠭᠰᠠᠨ ᠪᠠᠶ᠋ᠢᠨ᠎ᠠ᠃ ᠨᠢᠭᠡᠳᠦᠭᠡᠷ᠎ᠲᠤ᠂ ᠬᠠᠪᠤᠷ᠎ᠤᠨ ᠤᠰᠤᠯᠠᠯᠲᠠ ᠵᠢᠨ ᠡᠬᠢᠨ᠎ᠤ ᠬᠤᠭᠤᠴᠠᠭ᠋ᠠᠨ᠎ᠳᠤ᠂ ᠪᠢᠳᠡ ᠤᠰᠤᠨ᠎ᠤ ᠪᠠᠶ᠋ᠢᠳᠠᠯ᠂ ᠪᠣᠷᠣᠭ᠋ᠠᠨ᠎ᠤ ᠪᠠᠶ᠋ᠢᠳᠠᠯ᠂ ᠠᠵᠢᠯ᠎ᠤᠨ ᠪᠠᠶ᠋ᠢᠳᠠᠯ᠎ᠤᠨ ᠵᠢᠱ᠌ᠢᠯᠲᠡ ᠵᠢ ᠰᠠᠶ᠋ᠢᠲᠤᠷ ᠬᠢᠵᠦ᠂ ᠬᠠᠪᠤᠷ᠎ᠤᠨ ᠤᠰᠤᠯᠠᠯᠲᠠ ᠵᠢᠨ ᠡᠬᠢᠯᠡᠯᠲᠡ᠎ᠳᠤ ᠨᠡᠯᠢᠶᠡᠳ ᠰᠠᠶ᠋ᠢᠨ ᠰᠠᠭᠤᠷᠢ ᠪᠠᠲᠤᠯᠠᠭ᠎ᠠ   ᠬᠠᠩᠭ᠋ᠠᠪᠠ᠃ ᠶᠡᠷᠦᠩᠬᠡᠶ᠎ᠳᠤᠨᠢ ᠠᠪᠴᠤ ᠦᠵᠡᠪᠡᠯ᠂ ᠡᠨᠡ ᠵᠢᠯ᠎ᠤᠨ ᠬᠤᠷ᠎ᠠ ᠲᠤᠨᠳᠠᠰᠤᠨ᠎ᠤ ᠬᠡᠮᠵᠢᠶ᠎ᠡ᠎ᠨᠢ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 40%᠎ᠪᠠᠷ ᠢᠯᠡᠭᠦᠦ ᠪᠠᠶ᠋ᠢᠵᠤ᠂ ᠣᠳᠣᠬᠠᠨ᠎ᠳᠤ ᠪᠦᠬᠦ ᠤᠯᠤᠰ᠎ᠤᠨ 6920 ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠶᠡᠷᠦᠩᠬᠡᠶ ᠬᠡᠮᠵᠢᠶ᠎ᠡ 4100 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 14%᠎ᠪᠠᠷ ᠢᠯᠡᠭᠦᠦ ᠪᠤᠯᠵᠤ᠂ ᠡᠨᠡ ᠵᠢᠯ᠎ᠤᠨ ᠬᠠᠪᠤᠷ᠎ᠤᠨ ᠤᠰᠤᠯᠠᠯᠲᠠ ᠵᠢᠨ ᠪᠠᠶ᠋ᠢᠳᠠᠯ ᠥᠩᠭᠡᠷᠡᠭᠰᠡᠨ ᠵᠢᠯ᠎ᠤᠳ᠎ᠤᠨ᠎ᠬᠢ᠎ᠠᠴᠠ ᠰᠠᠢ᠍ᠢ᠍ᠨ ᠰᠢᠭ᠋ ᠪᠣᠯᠵᠠᠶ᠃ ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠲᠠᠷᠢᠶᠠᠯᠠᠩ᠎ᠳᠤ ᠬᠡᠷᠡᠭᠯᠡᠬᠦ ᠤᠰᠤ ᠦᠨᠳᠦᠰᠦᠨ᠎ᠳᠡᠭᠡᠨ ᠪᠠᠲᠤᠯᠠᠭ᠎ᠠ᠎ᠲᠠᠢ ᠪᠤᠯᠪᠠ᠃ ᠬᠣᠶᠠᠳᠤᠭ᠋ᠠᠷ᠎ᠲᠤ᠂ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠠᠰᠠᠭᠤᠳᠠᠯ᠎ᠢ ᠴᠠᠭ ᠲᠤᠬᠠᠶ᠎ᠳᠤᠨᠢ ᠵᠣᠬᠢᠴᠠᠭᠤᠯᠤᠨ ᠰᠢᠢ᠍ᠳᠪᠤᠷᠢᠯᠡᠪᠡ᠃ ᠤᠰᠤᠯᠠᠯᠲᠠ ᠵᠢᠨ ᠣᠷᠣᠨ᠎ᠤ ᠬᠠᠪᠤᠷ᠎ᠤᠨ ᠤᠰᠤᠯᠠᠯᠲᠠ ᠵᠢᠨ ᠡᠬᠡ ᠲᠠᠩᠰᠠ ᠵᠢ ᠪᠠᠶ᠋ᠢᠭᠤᠯᠵᠤ᠂ ᠡᠯ᠎ᠡ ᠭᠠᠵᠠᠷ᠎ᠤᠨ ᠪᠣᠳᠠᠲᠠᠶ ᠴᠠᠭ᠎ᠤᠨ ᠪᠠᠶ᠋ᠢᠳᠠᠯ᠎ᠢ ᠤᠶ᠋ᠢᠯᠠᠭ᠋ᠠᠨ ᠮᠥᠷᠳᠡᠵᠦ᠂ ᠤᠰᠤᠨ ᠠᠰᠢᠭᠯᠠᠯᠲᠠ ᠵᠢᠨ ᠪᠠᠷᠢᠯᠭ᠎ᠠ ᠵᠢ ᠴᠠᠭ ᠲᠤᠬᠠᠶ᠎ᠳᠤᠨᠢ ᠳᠣᠭᠢᠷᠠᠭᠤᠯᠤᠨ᠂ ᠬᠠᠪᠤᠷ᠎ᠤᠨ ᠤᠰᠤᠯᠠᠯᠲᠠ᠎ᠳᠤ ᠢᠨᠵᠧᠨᠧᠷᠢᠩ᠎ᠤᠨ ᠪᠠᠲᠤᠯᠠᠭ᠎ᠠ ᠵᠢ ᠰᠠᠶ᠋ᠢᠲᠤᠷ ᠬᠠᠩᠭ᠋ᠠᠪᠠ᠃ ᠵᠢᠱ᠌ᠢᠶᠡᠯᠡᠪᠡᠯ᠂ ᠬᠠᠲᠤᠨ ᠭᠣᠤᠯ᠎ᠤᠨ ᠰᠢᠶᠤᠤ ᠯᠠᠩ ᠳ᠋ᠢ ᠤᠰᠤᠨ ᠴᠥᠭᠥᠷᠥᠮ᠎ᠨᠢ 2 ᠰᠠᠷ᠎ᠠ ᠵᠢᠨ 11᠎ᠤ ᠡᠳᠦᠷ᠎ᠠᠴᠠ ᠡᠬᠢᠯᠡᠨ᠂ ᠳᠣᠷᠣᠭᠰᠢ ᠤᠷᠤᠰᠬᠤ ᠤᠷᠤᠰᠬᠠᠯ᠎ᠤᠨ ᠬᠡᠮᠵᠢᠶ᠎ᠡ ᠵᠢ ᠲᠠᠰᠤᠷᠠᠯᠲᠠ ᠥᠬᠡᠶ ᠨᠡᠮᠡᠭᠳᠡᠭᠦᠯᠵᠦ᠂ ᠳᠣᠤᠷᠠᠳᠤ ᠤᠷᠤᠰᠬᠠᠯ᠎ᠤᠨ ᠬᠠᠪᠤᠷ᠎ᠤᠨ ᠤᠰᠤᠯᠠᠯᠲᠠ ᠵᠢᠨ ᠬᠡᠷᠡᠭᠴᠡᠭᠡ ᠵᠢ ᠪᠠᠲᠤᠯᠠᠭᠰᠠᠨ ᠪᠠᠶ᠋ᠢᠨ᠎ᠠ᠃ ᠬᠠᠲᠤᠨ ᠭᠣᠣᠯ ᠳᠠᠭ᠋ᠠᠤ ᠵᠢᠨ ᠤᠰᠤᠯᠠᠯᠲᠠ ᠵᠢᠨ ᠣᠷᠣᠨ᠎ᠳᠤ ᠨᠡᠶ᠋ᠢᠲᠡ 2300 ᠭᠠᠷᠤᠶ ᠲᠦᠮᠡᠨ ᠮᠥ᠍ ᠲᠠᠷᠢᠶᠠᠨ ᠭᠠᠵᠠᠷ᠎ᠢ ᠤᠰᠤᠯᠠᠵᠤ᠂ ᠤᠰᠤ ᠣᠷᠣᠭᠤᠯᠬᠤ ᠬᠡᠮᠵᠢᠶ᠎ᠡ᠎ᠨᠢ 22 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠦᠭᠰᠡᠨ ᠪᠠᠶ᠋ᠢᠨ᠎ᠠ᠃ ᠭᠤᠷᠪᠠᠳᠤᠭ᠋ᠠᠷ᠎ᠲᠤ᠂ ᠤᠰᠤᠯᠠᠯᠲᠠ ᠵᠢᠨ ᠣᠷᠣᠨ᠎ᠤ ᠤᠰᠤ ᠬᠠᠩᠭ᠋ᠠᠬᠤ ᠲᠥᠯᠥᠪᠯᠡᠭᠡ ᠵᠢ ᠰᠢᠯᠢᠳᠡᠭᠵᠢᠭᠦᠯᠵᠦ᠂ ᠲᠣᠭᠣᠷᠢᠨ ᠪᠠᠶ᠋ᠢᠴᠠᠭ᠋ᠠᠬᠤ᠂ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠵᠦ᠂ ᠤᠰᠤ ᠬᠠᠳᠠᠭ᠋ᠠᠯᠠᠬᠤ ᠪᠠ ᠬᠥᠷᠥᠰᠥᠨ᠎ᠤ ᠴᠢᠭᠢᠭ᠎ᠤᠨ ᠪᠠᠶ᠋ᠢᠳᠠᠯ᠎ᠢ ᠦᠨᠳᠦᠰᠦᠯᠡᠨ᠂ ᠬᠠᠪᠤᠷ᠎ᠤᠨ ᠤᠰᠤᠯᠠᠯᠲᠠ ᠵᠢᠨ ᠤᠰᠤᠯᠠᠯᠲᠠ ᠵᠢᠨ ᠲᠥᠯᠥᠪᠯᠡᠭᠡ ᠵᠢ ᠰᠢᠯᠢᠳᠡᠭᠵᠢᠭᠦᠯᠵᠦ᠂ ᠤᠰᠤ ᠬᠡᠷᠡᠭᠯᠡᠬᠦ ᠡᠷᠦᠬᠡ᠎ᠯᠦᠭᠡ ᠵᠢᠨ ᠨᠡᠪᠲᠡᠷᠡᠯᠴᠡᠭᠡ ᠵᠣᠯᠭ᠋ᠠᠯᠴᠠᠭ᠎ᠠ ᠵᠢ ᠴᠢᠩᠭ᠋ᠠᠳᠬᠠᠨ᠂ ᠬᠠᠪᠤᠷ᠎ᠤᠨ ᠤᠰᠤᠯᠠᠯᠲᠠ ᠵᠢᠨ ᠤᠰᠤᠯᠠᠯᠲᠠ ᠵᠢᠨ ᠤᠰᠤ ᠬᠡᠷᠡᠭᠯᠡᠬᠦ ᠲᠥᠯᠥᠪᠯᠡᠭᠡ ᠵᠢ ᠪᠣᠳᠠᠲᠠᠶ᠋ᠢᠵᠢᠭᠤᠯᠤᠨ ᠨᠠᠷᠢᠯᠢᠭᠵᠢᠭᠤᠯᠪᠠ᠃ ᠳᠥᠷᠪᠡᠳᠦᠭᠡᠷ᠎ᠲᠤ᠂ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ ᠵᠢ ᠡᠬᠦᠳᠴᠦ᠂ ᠢᠯᠠᠩᠭᠤᠶ᠎ᠠ ᠪᠢᠳᠡ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠢᠯᠠᠨ ᠳᠠᠪᠠᠵᠤ᠂ ᠤᠳᠠᠰᠤ᠂ ᠰᠦᠯᠵᠢᠶ᠎ᠡ᠂ ᠸᠢᠳᠢᠤ᠋ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠠᠪᠤᠷ᠎ᠤᠨ ᠤᠰᠤᠯᠠᠯᠲᠠ ᠵᠢᠨ ᠤᠰᠤ ᠬᠡᠷᠡᠭᠯᠡᠬᠦ ᠤᠰᠤ ᠲᠣᠬᠢᠷᠠᠭᠤᠯᠬᠤ ᠲᠥᠯᠥᠪᠯᠡᠭᠡ᠂ ᠲᠥᠰᠦᠯ᠎ᠢ ᠪᠣᠳᠠᠲᠠᠶ ᠪᠥᠭᠡᠳ ᠨᠠᠷᠢᠯᠢᠭ ᠬᠢᠵᠦ᠂ ᠲᠠᠷᠢᠶᠠᠴᠢᠨ ᠡᠷᠦᠬᠡ᠎ᠲᠠᠢ ᠨᠡᠪᠲᠡᠷᠡᠯᠴᠡᠵᠦ᠂ ᠲᠣᠬᠢᠷᠠᠭᠤᠯᠤᠯᠲᠠ᠎ᠪᠠᠨ ᠴᠢᠩᠭ᠋ᠠᠳᠬᠠᠪᠠ᠃ ᠡᠨᠡ ᠵᠢᠯ᠎ᠤᠨ ᠬᠠᠪᠤᠷ᠎ᠤᠨ ᠤᠰᠤᠯᠠᠯᠲᠠ ᠵᠢᠨ ᠠᠵᠢᠯ ᠶᠡᠷᠦᠩᠬᠡᠶ᠎ᠳᠡᠭᠡᠨ ᠲᠤᠶ᠋ᠢᠯ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢ᠌ᠨ᠎ᠠ᠃ ᠣᠲᠣ ᠪᠣᠯᠲᠠᠯ᠎ᠠ᠂ 17 ᠮᠤᠵᠢ ᠵᠢᠨ 157 ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ᠎ᠳᠤ ᠴᠥᠮ ᠬᠠᠪᠤᠷ᠎ᠤᠨ ᠤᠰᠤᠯᠠᠯᠲᠠ ᠵᠢ ᠡᠬᠢᠯᠡᠨ ᠬᠢᠵᠦ᠂ ᠤᠰᠤᠯᠠᠯᠲᠠ ᠵᠢᠨ ᠲᠠᠯᠠᠪᠠᠶ᠎ᠨᠢ ᠨᠢᠭᠡᠨᠲᠡ 4500 ᠭᠠᠷᠤᠶ ᠲᠦᠮᠡᠨ ᠮᠥ᠍᠎ᠳᠤ ᠬᠦᠷᠴᠦ᠂ ᠤᠰᠤ ᠲᠠᠲᠠᠬᠤ ᠬᠡᠮᠵᠢᠶ᠎ᠡ᠎ᠨᠢ ᠴᠦ᠍ 58 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠮᠠᠰᠢ ᠰᠠᠶ᠋ᠢᠨ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃ ᠪᠤᠰᠤᠳ ᠭᠠᠵᠠᠷ ᠣᠷᠣᠨ ᠴᠤ᠌ ᠵᠠᠯᠭ᠋ᠠᠭ᠎ᠠ᠎ᠪᠠᠷ ᠬᠠᠪᠤᠷ᠎ᠤᠨ ᠤᠰᠤᠯᠠᠯᠲᠠ ᠵᠢᠨ ᠬᠡᠷᠡᠭᠴᠡᠭᠡ ᠵᠢ ᠦᠨᠳᠦᠰᠦᠯᠡᠨ ᠬᠠᠪᠤᠷ᠎ᠤᠨ ᠤᠰᠤᠯᠠᠯᠲᠠ ᠵᠢᠨ ᠲᠥᠯᠥᠪᠯᠡᠭᠡ᠂ ᠬᠠᠪᠤᠷ᠎ᠤᠨ ᠤᠰᠤᠯᠠᠯᠲᠠ ᠵᠢᠨ ᠪᠡᠯᠡᠳᠬᠡᠯ᠎ᠢ ᠰᠠᠶ᠋ᠢᠲᠤᠷ ᠬᠢᠵᠦ ᠪᠠᠶ᠋ᠢᠨ᠎ᠠ᠂ ᠡᠨᠡ ᠵᠢᠯ᠎ᠤᠨ ᠬᠠᠪᠤᠷ᠎ᠤᠨ ᠤᠰᠤᠯᠠᠯᠲᠠ ᠶᠡᠷᠦᠩᠬᠡᠶ᠎ᠳᠡᠭᠡᠨ ᠪᠠᠲᠤᠯᠠᠭ᠎ᠠ᠎ᠲᠠᠢ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠭᠯᠠᠯᠲᠠ ᠵᠢᠨ ᠶᠠᠮᠤᠨ ᠡᠯ᠎ᠡ ᠭᠠᠵᠠᠷ ᠣᠷᠣᠨ᠎ᠤ ᠬᠠᠪᠤᠷ᠎ᠤᠨ ᠤᠰᠤᠯᠠᠯᠲᠠ ᠵᠢᠨ ᠬᠥᠭᠵᠢᠯᠲᠡ ᠵᠢ ᠦᠷᠭᠦᠯᠵᠢᠯᠡᠨ ᠠᠩᠬᠠᠷᠴᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠢ ᠴᠠᠭ ᠲᠤᠬᠠᠶ᠎ᠳᠤᠨᠢ ᠰᠠᠶ᠋ᠢᠲᠤᠷ ᠳᠣᠭᠢᠷᠠᠭᠤᠯᠤᠨ᠂ ᠬᠠᠪᠤᠷ᠎ᠤᠨ ᠤᠰᠤᠯᠠᠯᠲᠠ᠎ᠳᠤ ᠬᠦᠴᠦᠲᠡᠶ ᠲᠤᠯᠭ᠋ᠠᠭᠤᠷᠢᠯᠠᠯ ᠪᠠᠲᠤᠯᠠᠭ᠎ᠠ ᠵᠢ ᠰᠠᠶ᠋ᠢᠲᠤᠷ ᠬᠢᠬᠦ       ᠪᠣᠯᠤᠨ᠎ᠠ᠃   ᠪᠠᠶᠠᠷᠯᠠᠯ᠎ᠠ᠃
      ᠰᠢᠶᠠᠩᠭ᠋ᠠᠩ᠎ᠤᠨ ᠠᠵᠤ ᠠᠬᠤᠶ ᠵᠢᠨ ᠬᠥᠲᠥᠴᠢ ᠰᠣᠨᠢᠨ᠎ᠤ ᠰᠤᠷᠪᠤᠯᠵᠢᠯᠠᠭᠴᠢ 2020 — 03 — 26 16᠄ 24᠄ 44
      ᠣᠳᠣᠬᠠᠨ᠎ᠳᠤ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠠᠵᠢᠯᠯᠠᠭ᠋ᠠᠨ᠎ᠤ ᠪᠠᠶ᠋ᠢᠳᠠᠯ ᠶᠠᠮᠠᠷ ᠪᠣᠶ? ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠬᠡᠷᠡᠭᠴᠡᠭᠡ ᠱᠠᠭ᠋ᠠᠷᠳᠠᠯᠭ᠎ᠠ ᠵᠢᠨ ᠡᠮᠦᠨ᠎ᠡ᠂ ᠤᠰᠤᠨ ᠠᠰᠢᠭᠯᠠᠯᠲᠠ ᠵᠢᠨ ᠢᠨᠵᠧᠨᠧᠷᠢᠩ᠎ᠨᠢ ᠶᠠᠮᠠᠷ ᠲᠤᠯᠭ᠋ᠠᠭᠤᠷᠢᠯᠠᠯ ᠪᠠ ᠪᠠᠲᠤᠯᠠᠭ᠎ᠠ ᠵᠢ ᠬᠠᠩᠭ᠋ᠠᠭᠰᠠᠨ ᠪᠤᠢ? ᠪᠠᠶᠠᠷᠯᠠᠯ᠎ᠠ᠃
      ᠿᠤᠸᠠᠨ ᠯᠢ ᠮᠢᠨ 2020 — 03 — 2616᠄ 24᠄ 54
      ᠪᠠᠶᠠᠷᠯᠠᠯ᠎ᠠ᠃ ᠮᠠᠨ᠎ᠤ ᠤᠯᠤᠰ᠎ᠲᠤ 9.8 ᠲᠦᠮᠡᠨ ᠤᠰᠤᠨ ᠴᠥᠭᠥᠷᠥᠮ᠎ᠲᠠᠢ᠂ ᠶᠡᠷᠦᠩᠬᠡᠶ ᠴᠥᠭᠥᠷᠥᠮ᠎ᠤᠨ ᠪᠠᠭᠲᠠᠭ᠋ᠠᠮᠵᠢ᠎ᠨᠢ 9320 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠪᠦᠳᠦᠮᠵᠢᠳᠡᠢ ᠴᠥᠭᠥᠷᠥᠮ᠎ᠤᠨ ᠪᠠᠭᠲᠠᠭ᠋ᠠᠮᠵᠢ᠎ᠨᠢ 4600 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠦᠶᠡᠷ᠎ᠢ ᠰᠡᠷᠭᠡᠶ᠋ᠢᠯᠡᠬᠦ ᠴᠥᠭᠥᠷᠥᠮ᠎ᠤᠨ ᠪᠠᠭᠲᠠᠭ᠋ᠠᠮᠵᠢ᠎ᠨᠢ 1830 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠂ ᠲᠠᠪᠤᠨ ᠳᠡᠰ᠎ᠠᠴᠠ ᠳᠡᠭᠡᠭᠰᠢᠬᠢ ᠬᠠᠰᠢᠯᠭ᠎ᠠ ᠳᠠᠯᠠᠩ᠎ᠨᠢ 31 ᠲᠦᠮᠡᠨ ᠺᠢᠯᠣᠮᠧᠲᠷ᠂ ᠤᠷᠤᠰᠬᠠᠯ᠎ᠤᠨ ᠬᠡᠮᠵᠢᠶ᠎ᠡ᠎ᠨᠢ ᠰᠧᠺᠦ᠋ᠨ᠋ᠳ᠋ ᠪᠦᠷᠢ 5 ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢᠬᠢ ᠤᠰᠤᠨ ᠬᠠᠭ᠋ᠠᠯᠲᠠ᠎ᠨᠢ 10.4 ᠲᠦᠮᠡ ᠪᠠᠶ᠋ᠢᠨ᠎ᠠ᠃ ᠡᠳᠡᠭᠡᠷ ᠤᠰᠤᠨ ᠠᠰᠢᠭᠯᠠᠯᠲᠠ ᠵᠢᠨ ᠪᠠᠷᠢᠯᠭ᠎ᠠ᠎ᠨᠢ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ᠂ ᠤᠰᠤᠯᠠᠬᠤ ᠴᠢᠬᠤᠯᠠ ᠦᠢ᠍ᠯᠡᠳᠦᠯ᠎ᠲᠠᠢ ᠶᠤᠮ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ᠂ ᠪᠢᠳᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠮᠤᠷ ᠲᠦᠪᠰᠢᠨ ᠵᠶ᠋ᠠᠷ ᠠᠵᠢᠯᠯᠠᠬᠤ᠂ ᠴᠢᠳᠠᠮᠵᠢ᠎ᠪᠠᠨ ᠪᠠᠳᠠᠷᠠᠭᠤᠯᠬᠤ ᠵᠢᠴᠢ ᠦᠶᠡᠷ᠎ᠤᠨ ᠬᠤᠭᠤᠴᠠᠭ᠎ᠠ ᠵᠢ ᠥᠩᠭᠡᠷᠡᠭᠦᠯᠬᠦ ᠪᠡᠯᠡᠳᠬᠡᠯ᠎ᠢ ᠴᠢᠩᠭ᠎ᠠ ᠠᠩᠬᠠᠷᠴᠤ᠂ ᠬᠣᠶᠠᠷ ᠵᠤᠢ᠌ᠯ᠎ᠤᠨ ᠠᠵᠢᠯ᠎ᠢ ᠰᠠᠶ᠋ᠢᠲᠤᠷ ᠬᠢᠪᠠ᠃ ᠨᠢᠭᠡ᠎ᠳᠤ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠂ ᠬᠠᠰᠢᠯᠭ᠎ᠠ ᠳᠠᠯᠠᠩ ᠵᠡᠷᠭᠡ ᠪᠠᠷᠢᠯᠭ᠎ᠠ ᠵᠢᠨ ᠲᠡᠭᠡᠭᠡᠪᠦᠷᠢ ᠵᠢᠨ ᠪᠠᠶ᠋ᠢᠳᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠤᠪᠸᠢ ᠪᠣᠯᠤᠨ ᠬᠢᠵᠢᠭ᠎ᠤᠨ ᠪᠠᠶ᠋ᠢᠳᠠᠯ ᠨᠡᠯᠢᠶᠡᠳ ᠬᠦᠨᠳᠦ ᠪᠠᠶ᠋ᠢᠭ᠎ᠠ ᠪᠤᠰᠤᠳ ᠭᠠᠵᠠᠷ ᠣᠷᠣᠨ᠎ᠤ 1000 ᠭᠠᠷᠤᠶ ᠲᠤᠮᠤ ᠳᠤᠮᠳᠠ ᠬᠡᠯᠪᠡᠷᠢ ᠵᠢᠨ ᠤᠰᠤᠨ ᠴᠥᠭᠥᠷᠥᠮ᠂ 1000 ᠭᠠᠷᠤᠶ ᠬᠠᠰᠢᠯᠭ᠎ᠠ ᠳᠠᠯᠠᠩ᠎ᠤᠨ ᠤᠰᠤᠨ ᠬᠠᠭ᠋ᠠᠯᠲᠠ᠎ᠳᠤ ᠴᠢᠭᠯᠡᠭᠦᠯᠦᠨ ᠤᠳᠠᠰᠤ᠎ᠪᠠᠷ ᠰᠣᠩᠭᠣᠨ ᠪᠠᠶ᠋ᠢᠴᠠᠭ᠋ᠠᠯᠲᠠ ᠬᠢᠵᠦ᠂ ᠲᠡᠭᠡᠭᠡᠪᠦᠷᠢ ᠵᠢᠨ ᠪᠠᠶ᠋ᠢᠳᠠᠯ ᠵᠢᠴᠢ ᠣᠷᠣᠰᠢᠵᠤ ᠪᠠᠶ᠋ᠢᠭ᠎ᠠ ᠠᠰᠠᠭᠤᠳᠠᠯ᠎ᠢ ᠣᠶ᠋ᠢᠯᠠᠭ᠋ᠠᠬᠤ ᠵᠢᠨ ᠬᠠᠮᠲᠤ ᠡᠯ᠎ᠡ ᠭᠠᠵᠠᠷ᠎ᠤᠨ᠎ᠬᠢᠨ᠎ᠢ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠡᠪ᠎ᠤᠨ ᠪᠤᠰᠤ ᠪᠠᠶ᠋ᠢᠳᠠᠯ᠎ᠤᠨ ᠡᠳᠦᠷ᠎ᠤᠨ ᠮᠡᠳᠡᠭᠦᠯᠦᠯᠲᠡ ᠵᠢ ᠬᠡᠷᠡᠭᠵᠢᠭᠦᠯᠬᠦ ᠵᠢ ᠱᠠᠭ᠋ᠠᠷᠳᠠᠵᠠᠶ᠃ ᠬᠣᠶᠠᠷ᠎ᠲᠤ ᠤᠳᠠᠰᠤ᠎ᠪᠠᠷ ᠰᠣᠩᠭᠣᠨ ᠪᠠᠶ᠋ᠢᠴᠠᠭ᠋ᠠᠬᠤ ᠪᠠ ᠣᠷᠣᠨ ᠨᠤᠲᠤᠭ᠎ᠤᠨ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ᠂ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠲᠠᠢ ᠵᠣᠬᠢᠴᠠᠭᠤᠯᠤᠨ᠂ ᠱᠠᠯᠠᠪᠳᠠᠨ ᠨᠠᠶ᠋ᠢᠳᠠᠪᠤᠷᠢᠵᠢᠭᠤᠯᠵᠤ᠂   ᠰᠢᠢ᠍ᠳᠪᠤᠷᠢᠯᠡᠵᠦ ᠦᠭᠪᠡ᠃ ᠬᠠᠮᠲᠤ ᠵᠢᠨ ᠴᠢᠷᠮᠠᠶ᠋ᠢᠯᠭ᠎ᠠ᠎ᠪᠠᠷ ᠳᠡᠮᠵᠢᠨ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ᠂ ᠨᠢᠭᠡᠳᠦᠭᠡᠷ᠎ᠲᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠵᠢᠯᠯᠠᠭ᠋ᠠᠨ ᠬᠡᠪ᠎ᠤᠨ ᠪᠠᠶ᠋ᠢᠳᠠᠯ ᠵᠶ᠋ᠠᠷ ᠶᠠᠪᠤᠭᠳᠠᠵᠤ᠂ ᠬᠦᠨᠳᠦ ᠶᠡᠬᠡ ᠠᠮᠤᠷ ᠲᠦᠪᠰᠢᠨ᠎ᠤ ᠳᠠᠯᠳᠠ ᠬᠡᠮ ᠭᠠᠷᠤᠭᠰᠠᠨ ᠥᠬᠡᠶ᠃ ᠬᠣᠶᠠᠳᠤᠭ᠋ᠠᠷ᠎ᠲᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠦᠢ᠍ᠯᠡᠳᠦᠯ᠎ᠢ ᠬᠡᠪ᠎ᠤᠨ ᠪᠠᠶ᠋ᠢᠳᠠᠯ ᠵᠶ᠋ᠠᠷ ᠪᠠᠳᠠᠷᠠᠭᠤᠯᠵᠤ᠂ ᠠᠮᠢᠳᠤᠷᠠᠯ᠎ᠳᠤ ᠬᠡᠷᠡᠭᠯᠡᠬᠦ ᠤᠰᠤ᠂ ᠠᠵᠤ ᠦᠢ᠍ᠯᠡᠳᠪᠦᠷᠢ᠎ᠳᠤ ᠬᠡᠷᠡᠭᠯᠡᠬᠦ ᠤᠰᠤ ᠪᠠ ᠲᠠᠷᠢᠶᠠᠯᠠᠩ᠎ᠤᠨ ᠤᠰᠤᠯᠠᠯᠲᠠ ᠵᠢᠨ ᠬᠡᠷᠡᠭᠴᠡᠭᠡ ᠵᠢ ᠦᠨᠡᠨ ᠬᠦ᠌ ᠪᠠᠲᠤᠯᠠᠵᠤ᠂ ᠨᠢᠳᠤᠨᠤᠨ᠎ᠤ ᠭᠠᠩ ᠬᠠᠭᠰᠠᠷᠠᠭ᠋ᠠᠨ᠎ᠠᠴᠠ ᠪᠤᠯᠵᠤ ᠬᠡᠰᠡᠭ ᠭᠠᠵᠠᠷ ᠣᠷᠣᠨ᠎ᠳᠤ ᠬᠠᠪᠤᠷ᠎ᠤᠨ ᠤᠰᠤᠯᠠᠯᠲᠠ ᠵᠢᠨ ᠪᠠᠲᠤᠯᠠᠭ᠎ᠠ ᠬᠦᠷᠦᠯᠴᠡᠬᠦ ᠦᠭᠡᠢ ᠠᠰᠠᠭᠤᠳᠠᠯ ᠣᠷᠣᠰᠢᠵᠤ᠂ ᠤᠰᠤ ᠲᠤᠬᠢᠷᠠᠭᠤᠯᠬᠤ᠂ ᠤᠰᠤ ᠲᠠᠲᠠᠬᠤ ᠵᠢᠴᠢ ᠬᠠᠭᠤᠷᠠᠶ ᠲᠠᠷᠢᠶᠠᠨ᠎ᠤ ᠲᠠᠷᠢᠮᠠᠯ᠎ᠢ ᠥᠭᠡᠷᠡᠴᠢᠯᠡᠨ ᠲᠠᠷᠢᠬᠤ ᠠᠷᠭ᠎ᠠ᠎ᠪᠠᠷ ᠳᠠᠮᠵᠢᠭᠤᠯᠤᠨ ᠤᠳᠤ ᠶᠠᠭ ᠢᠳᠡᠪᠬᠢᠲᠡᠶ᠎ᠪᠠᠷ ᠰᠢᠢ᠍ᠳᠪᠤᠷᠢᠯᠡᠵᠦ ᠪᠠᠶ᠋ᠢᠨ᠎ᠠ᠃ ᠭᠤᠷᠪᠠᠳᠤᠭ᠋ᠠᠷ᠎ᠲᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠦᠶᠡᠷ᠎ᠤᠨ ᠪᠡᠯᠡᠳᠬᠡᠯ ᠠᠵᠢᠯ᠂ ᠦᠶᠡᠷ᠎ᠠᠴᠠ ᠡᠮᠦᠨ᠎ᠡ ᠪᠠᠶ᠋ᠢᠴᠠᠭ᠋ᠠᠬᠤ᠂ ᠰᠡᠯᠪᠢᠨ ᠵᠠᠰᠠᠵᠤ ᠠᠷᠠᠴᠢᠯᠠᠬᠤ᠂ ᠦᠶᠡᠷ᠎ᠢ ᠰᠡᠷᠭᠡᠶ᠋ᠢᠯᠡᠬᠦ ᠮᠠᠲ᠋ᠧᠷᠢᠶᠠᠯ ᠪᠡᠯᠡᠳᠬᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠶᠠᠭ ᠢᠳᠡᠪᠬᠢᠲᠡᠶ᠎ᠪᠠᠷ ᠲᠦᠯᠬᠢᠨ ᠠᠬᠢᠭᠤᠯᠵᠤ ᠪᠠᠶ᠋ᠢᠨ᠎ᠠ᠃ ᠶᠡᠷᠦᠩᠬᠡᠶ᠋ᠢᠯᠡᠭᠡᠳ ᠬᠡᠯᠡᠪᠡᠯ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ᠂ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠡᠭᠡᠭᠡᠪᠦᠷᠢ ᠵᠢᠨ ᠪᠠᠶ᠋ᠢᠳᠠᠯ ᠰᠠᠶ᠋ᠢᠨ ᠪᠠᠶ᠋ᠢᠵᠤ᠂ ᠴᠢᠳᠠᠮᠵᠢ ᠦᠷ᠎ᠡ ᠠᠰᠢᠭ᠎ᠨᠢ ᠬᠡᠪ᠎ᠤᠨ ᠪᠠᠶ᠋ᠢᠳᠠᠯ ᠵᠶ᠋ᠠᠷ ᠪᠠᠳᠠᠷᠠᠨ᠂ ᠦᠶᠡᠷ᠎ᠤᠨ ᠬᠤᠭᠤᠴᠠᠭ᠎ᠠ᠎ᠳᠤ ᠪᠡᠯᠡᠳᠬᠡᠬᠦ ᠠᠵᠢᠯ ᠡᠮᠬᠢ ᠵᠢᠷᠤᠮ᠎ᠲᠠᠢ᠎ᠪᠠᠷ ᠠᠭᠢᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠶᠡᠷᠦᠩᠬᠡᠶ   ᠲᠠᠢ᠌ᠯᠠᠯᠳᠤᠭ᠋ᠠᠨ᠎ᠤ ᠢᠯᠠᠯᠲᠠ ᠵᠢ ᠤᠯᠬᠤ ᠪᠠ ᠦᠢ᠍ᠯᠡᠳᠪᠤᠷᠢᠯᠡᠯ ᠵᠶ᠋ᠠᠨ ᠰᠡᠷᠭᠦᠭᠡᠵᠦ ᠠᠵᠢᠯ ᠵᠶ᠋ᠠᠨ ᠰᠡᠷᠭᠦᠭᠡᠬᠦ᠎ᠳᠤ ᠬᠦᠴᠦᠲᠡᠶ ᠤᠰᠤᠨ ᠠᠰᠢᠭᠯᠠᠯᠲᠠ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃ ᠪᠠᠶᠠᠷᠯᠠᠯ᠎ᠠ
      ᠫᠸᠩ ᠫᠠᠢ ᠰᠣᠨᠢᠨ ᠮᠡᠳᠡᠭᠡᠨ᠎ᠤ ᠰᠤᠷᠪᠤᠯᠵᠢᠯᠠᠭᠴᠢ 2020 — 03 — 2616᠄ 25᠄ 07
      ᠬᠢᠵᠢᠭ᠎ᠤᠨ ᠬᠤᠭᠤᠴᠠᠭ᠋ᠠᠨ᠎ᠳᠠᠬᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠠᠮᠤᠭ᠎ᠤᠨ ᠶᠡᠬᠡ ᠠᠶᠤᠯ ᠲᠦᠭᠰᠢᠭᠦᠷᠢ᠎ᠨᠢ ᠶᠠᠭᠤ ᠪᠤᠶ? ᠡᠨᠡᠬᠦ ᠠᠶᠤᠯ ᠲᠦᠭᠰᠢᠭᠦᠷᠢ᠎ᠳᠤ ᠴᠢᠭᠯᠡᠭᠦᠯᠦᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ? ᠪᠠᠶᠠᠷᠯᠠᠯ᠎ᠠ᠃
      ᠿᠤᠸᠠᠨ ᠯᠢ ᠮᠢᠨ 2020 — 03 — 2616᠄ 25᠄ 25
      ᠪᠠᠶᠠᠷᠯᠠᠯ᠎ᠠ᠃ ᠮᠠᠨ᠎ᠤ ᠤᠯᠤᠰ᠎ᠲᠤ 9.8 ᠲᠦᠮᠡᠨ ᠤᠰᠤᠨ ᠴᠥᠭᠥᠷᠥᠮ᠎ᠲᠠᠢ᠂ ᠡᠭᠦᠨ᠎ᠤ ᠳᠣᠲᠣᠷ᠎ᠠ ᠵᠢᠵᠢᠭ ᠬᠡᠯᠪᠡᠷᠢ ᠵᠢᠨ ᠤᠰᠤᠨ ᠴᠥᠭᠥᠷᠥᠮ 9.4 ᠲᠦᠮᠡ ᠪᠠᠶ᠋ᠢᠵᠤ᠂ ᠣᠯᠠᠩᠬᠢ ᠵᠢᠵᠢᠭ ᠬᠡᠯᠪᠡᠷᠢ ᠵᠢᠨ ᠤᠰᠤᠨ ᠴᠥᠭᠥᠷᠥᠮ᠎ᠢ ᠳᠡᠭᠡᠷ᠎ᠡ ᠵᠠᠭᠤᠨ᠎ᠤ ᠲᠠᠪᠢᠭ᠋ᠠᠳ ᠣᠨ᠎ᠠᠴᠠ ᠳᠠᠯᠠᠭ᠋ᠠᠳ ᠣᠨ᠎ᠤ ᠦᠶ᠎ᠡ᠎ᠳᠤ ᠪᠠᠶ᠋ᠢᠭᠤᠯᠵᠤ᠂ ᠵᠠᠷᠢᠮ᠎ᠨᠢ ᠬᠠᠭᠤᠴᠢᠷᠠᠵᠤ ᠰᠡᠯᠪᠢᠨ ᠵᠠᠰᠠᠭᠰᠠᠨ ᠦᠭᠡᠢ ᠪᠠᠶ᠋ᠢᠳᠠᠯ ᠨᠡᠯᠢᠶᠡᠳ ᠬᠦᠨᠳᠦ ᠨᠣᠴᠢᠲᠠᠶ ᠪᠠᠶ᠋ᠢᠵᠤ᠂ ᠵᠠᠷᠢᠮ᠎ᠨᠢ ᠠᠮᠤᠷ ᠲᠦᠪᠰᠢᠨ᠎ᠤ ᠳᠠᠯᠳᠠ ᠭᠡᠮ ᠣᠷᠣᠰᠢᠵᠤ᠂ ᠠᠵᠢᠯᠯᠠᠭ᠋ᠠᠨ᠎ᠤ ᠬᠠᠮᠢᠶᠠᠷᠤᠯᠲᠠ ᠨᠡᠯᠢᠶᠡᠳ ᠪᠠᠭᠤᠷᠠᠶ ᠪᠠᠶ᠋ᠢᠪᠠ᠃ ᠤᠰᠤᠨ ᠴᠥᠭᠥᠷᠥᠮ ᠠᠶᠤᠯ ᠲᠦᠭᠰᠢᠭᠦᠷᠢ᠎ᠳᠤ ᠲᠤᠯᠭ᠋ᠠᠷᠠᠪᠠᠯ᠂ ᠬᠣᠬᠢᠷᠠᠯ ᠲᠤᠶ᠋ᠢᠯ᠎ᠤᠨ ᠬᠦᠨᠳᠦ ᠨᠣᠴᠢᠲᠠᠶ   ᠪᠠᠢ᠌ᠳᠠᠭ᠃ ᠡᠨᠡ ᠪᠤᠯ ᠣᠳᠣᠬᠠᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠠᠮᠢᠶᠠᠷᠤᠯᠲᠠ ᠵᠢᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠬᠠᠮᠤᠭ᠎ᠤᠨ ᠶᠡᠬᠡ ᠠᠶᠤᠯ ᠲᠦᠭᠰᠢᠭᠦᠷᠢ ᠪᠣᠯᠤᠨ᠎ᠠ᠃ ᠤᠰᠤᠨ ᠠᠰᠢᠭᠯᠠᠯᠲᠠ ᠵᠢᠨ ᠶᠠᠮᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠠᠶᠤᠯ ᠲᠦᠭᠰᠢᠭᠦᠷᠢ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ 《ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠳᠤᠲᠠᠭᠤᠳᠠᠯ᠎ᠢ ᠨᠥᠬᠥᠪᠥᠷᠢᠯᠡᠬᠦ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ᠎ᠬᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠳᠤᠷᠠᠳᠤᠨ ᠭᠠᠷᠭ᠋ᠠᠵᠤ᠂ ᠰᠢᠨ᠎ᠡ ᠬᠠᠭᠤᠴᠢᠨ ᠤᠰᠤᠨ᠎ᠤ ᠠᠰᠠᠭᠤᠳᠠᠯ᠎ᠢ ᠰᠢᠢ᠍ᠳᠪᠤᠷᠢᠯᠡᠪᠡ᠃ ᠣᠰᠣᠨ ᠠᠰᠢᠭᠯᠠᠯᠲᠠ ᠵᠢᠨ ᠶᠠᠮᠤᠨ ᠣᠢ᠍ᠢ᠍ᠷ᠎ᠠ ᠵᠢᠨ ᠬᠣᠶᠠᠷ ᠵᠢᠯ᠎ᠳᠤ ᠵᠢᠵᠢᠭ ᠬᠡᠯᠪᠡᠷᠢ ᠵᠢᠨ ᠣᠰᠣᠨ ᠴᠥᠭᠥᠷᠥᠮ᠎ᠤᠨ ᠲᠤᠰᠬᠠᠶ ᠪᠠᠶ᠋ᠢᠴᠠᠭ᠋ᠠᠯᠲᠠ ᠵᠢ ᠥᠷᠨᠢᠭᠦᠯᠵᠦ᠂ 11251 ᠣᠰᠣᠨ ᠴᠥᠭᠥᠷᠥᠮ ᠪᠠᠢ᠌ᠴᠠᠭ᠋ᠠᠬᠤ ᠲᠤᠮᠳᠠ ᠮᠠᠰᠢ ᠣᠯᠠᠨ ᠠᠰᠠᠭᠤᠳᠠᠯ᠎ᠢ ᠢᠯᠡᠷᠡᠭᠦᠯᠦᠭᠰᠡᠨ ᠪᠠᠶ᠋ᠢᠨ᠎ᠠ᠃ ᠡᠲᠡᠭᠡᠷ ᠪᠠᠶ᠋ᠢᠳᠠᠯ᠎ᠳᠤ ᠴᠢᠭᠯᠡᠭᠦᠯᠦᠨ᠂ ᠪᠢᠳᠡ ᠨᠢᠭᠡ ᠲᠠᠯ᠎ᠠ᠎ᠪᠠᠷ ᠬᠢᠨᠠᠨ ᠵᠢᠯᠣᠭᠣᠳᠴᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ᠎ᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠢᠪᠠᠳᠠᠨ ᠱᠠᠭ᠋ᠠᠷᠳᠠᠪᠠ; ᠨᠥᠭᠥᠭᠡ ᠲᠠᠯ᠎ᠠ᠎ᠪᠠᠷ᠂ ᠠᠰᠠᠭᠤᠳᠠᠯ ᠵᠢᠴᠢ ᠲᠡᠭᠦᠨ᠎ᠤ ᠦᠨᠳᠦᠰᠦ ᠰᠤᠷᠪᠤᠯᠵᠢ ᠵᠢ ᠭᠦᠨᠵᠡᠭᠡᠶ ᠵᠠᠳᠠᠯᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠶᠤᠯ᠎ᠢ ᠠᠷᠢᠯᠭ᠋ᠠᠨ ᠪᠡᠬᠢᠵᠢᠭᠦᠯᠬᠦ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠠᠵᠢᠯᠯᠠᠭ᠋ᠠᠨ᠎ᠤ ᠬᠠᠮᠢᠶᠠᠷᠤᠯᠲᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠳᠤᠷᠠᠳᠤᠨ ᠭᠠᠷᠭ᠋ᠠᠪᠠ᠃ ᠡᠬᠦᠨ᠎ᠤ ᠵᠣᠷᠢᠯᠭ᠎ᠠ᠎ᠨᠢ ᠳᠠᠷᠤᠶ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠬᠠᠮᠢᠶᠠᠷᠤᠯᠲᠠ ᠵᠢᠨ ᠲᠦᠭᠰᠢᠭᠦᠷᠢ ᠵᠢ ᠠᠷᠢᠯᠭ᠋ᠠᠬᠤ ᠵᠢᠨ ᠲᠥᠯᠥᠭᠡ ᠶᠤᠮ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠤ᠂ ᠪᠢᠳᠡ ᠪᠣᠳᠠᠲᠠᠶ ᠵᠢ ᠡᠷᠬᠢᠮᠯᠡᠬᠦ ᠠᠵᠢᠯ᠎ᠤᠨ ᠠᠷᠭ᠎ᠠ ᠮᠠᠶᠢᠭ᠎ᠢ ᠠᠪᠴᠤ᠂ ᠤᠰᠤᠨ ᠴᠥᠭᠥᠷᠥᠮ᠎ᠤᠨ ᠠᠮᠤᠷ ᠲᠦᠪᠰᠢᠨ᠎ᠢ ᠴᠢᠩᠭ᠎ᠠ ᠠᠩᠬᠠᠷᠴᠤ᠂ ᠤᠰᠤᠨ ᠴᠥᠭᠥᠷᠥᠮ᠎ᠤᠨ ᠠᠵᠢᠯᠯᠠᠭ᠋ᠠᠨ᠎ᠤ 《ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠠᠵᠢᠯ᠎ᠢ ᠰᠠᠶ᠋ᠢᠲᠤᠷ ᠬᠢᠪᠠ᠃ ᠪᠢ ᠰᠠᠶᠢᠬᠠᠨ ᠤᠰᠤᠨ ᠠᠰᠢᠭᠯᠠᠯᠲᠠ ᠵᠢᠨ ᠶᠠᠮᠤᠨ ᠭᠣᠣᠯᠳᠠᠭᠤ ᠬᠣᠶᠠᠷ ᠲᠠᠯ᠎ᠠ ᠵᠢᠨ ᠠᠵᠢᠯ᠎ᠢ ᠬᠢᠵᠡᠶ ᠭᠡᠵᠦ ᠬᠡᠯᠡᠵᠦ ᠦᠩᠭᠡᠷᠡᠭᠰᠡᠨ ᠪᠠᠢ᠌ᠨ᠎ᠠ᠂ ᠨᠢᠭᠡ᠎ᠳᠤ   ᠤᠳᠠᠰᠤ᠎ᠪᠠᠷ ᠰᠣᠩᠭᠣᠨ ᠪᠠᠶ᠋ᠢᠴᠠᠭ᠋ᠠᠵᠤ᠂ ᠮᠢᠩᠭ᠎ᠠ ᠭᠠᠷᠤᠶ ᠤᠰᠤᠨ ᠴᠥᠭᠥᠷᠥᠮ᠂ ᠮᠢᠩᠭ᠎ᠠ ᠭᠠᠷᠤᠶ ᠬᠠᠰᠢᠯᠭ᠎ᠠ ᠳᠠᠯᠠᠩ᠎ᠤᠨ ᠤᠰᠤᠨ ᠬᠠᠭ᠋ᠠᠯᠲᠠ ᠵᠢᠨ ᠬᠠᠮᠢᠶᠠᠷᠤᠯᠲᠠ ᠵᠢᠨ ᠪᠠᠶ᠋ᠢᠳᠠᠯ᠎ᠢ ᠣᠶ᠋ᠢᠯᠠᠭ᠋ᠠᠪᠠ᠂ ᠬᠣᠶᠠᠷ᠎ᠲᠤ ᠴᠢᠬᠤᠯᠠ ᠶᠡᠬᠡ ᠠᠰᠠᠭᠤᠳᠠᠯ᠎ᠤᠨ ᠡᠳᠦᠷ᠎ᠤᠨ ᠮᠡᠳᠡᠭᠦᠯᠦᠯᠲᠡ ᠵᠢ ᠬᠡᠷᠡᠭᠵᠢᠭᠦᠯᠵᠦ᠂ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠵᠦ᠂ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠪᠠ᠃ ᠪᠠᠭᠴᠠᠯᠠᠭ᠋ᠠᠳ ᠬᠡᠯᠡᠪᠡᠯ᠂ ᠪᠦᠬᠦ ᠤᠯᠤᠰ᠎ᠤᠨ ᠡᠯ᠎ᠡ ᠭᠠᠵᠠᠷ᠎ᠤᠨ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠤᠭᠤᠴᠠᠭ᠋ᠠᠨ᠎ᠳᠠᠬᠢ ᠪᠠᠷᠢᠯᠭ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠵᠢᠵᠢᠭᠦᠷᠯᠡᠨ ᠰᠠᠬᠢᠬᠤ ᠵᠢ ᠪᠠᠷᠢᠮᠲᠠᠯᠠᠵᠤ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ᠎ᠪᠠᠨ ᠴᠢᠩᠭ᠋ᠠᠳᠬᠠᠵᠤ᠂ ᠢᠳᠡᠪᠬᠢᠲᠡᠶ ᠴᠢᠷᠮᠠᠶ᠋ᠢᠯᠭ᠎ᠠ ᠭᠠᠷᠭ᠋ᠠᠵᠠᠶ᠃ ᠢᠯᠠᠩᠭᠤᠶ᠎ᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠬᠠᠮᠤᠭ᠎ᠤᠨ ᠡᠮᠦᠨ᠎ᠡ ᠹᠷᠣᠨᠲ᠎ᠲᠤ ᠪᠠᠶ᠋ᠢᠭ᠎ᠠ ᠬᠤᠪᠸᠢ ᠵᠢᠨ᠎ᠬᠢᠨ ᠠᠮᠤᠷ ᠲᠦᠪᠰᠢᠨ᠎ᠢ ᠪᠠᠲᠤᠯᠠᠬᠤ᠂ ᠤᠰᠤᠨ᠎ᠤ ᠬᠠᠩᠭ᠋ᠠᠯᠭ᠎ᠠ ᠵᠢ ᠪᠠᠲᠤᠯᠠᠬᠤ ᠬᠠᠷᠠᠯᠲᠠ ᠵᠢᠨ ᠲᠣᠭᠣᠷᠢᠨ᠎ᠳᠤ ᠪᠦᠬᠦ ᠬᠤᠪᠸᠢ ᠵᠢᠨ 6921 ᠤᠰᠤᠨ ᠴᠥᠭᠥᠷᠥᠮ᠎ᠤᠨ ᠠᠵᠢᠯᠯᠠᠭ᠋ᠠᠨ ᠲᠣᠭᠲᠠᠭᠤᠨ ᠵᠶ᠋ᠠᠷ ᠶᠠᠪᠤᠭᠳᠠᠵᠤ᠂ ᠦᠢ᠍ᠯᠡᠳᠦᠯ ᠴᠢᠳᠠᠪᠤᠷᠢ᠎ᠪᠠᠨ ᠬᠡᠪ᠎ᠤᠨ ᠶᠣᠰᠣᠭ᠋ᠠᠷ ᠪᠠᠳᠠᠷᠠᠭᠤᠯᠬᠤ ᠵᠢ ᠦᠨᠡᠨ ᠬᠦ᠌ ᠪᠠᠲᠤᠯᠠᠭᠰᠠᠨ ᠪᠠᠶ᠋ᠢᠨ᠎ᠠ᠃ ᠪᠠᠶᠠᠷᠯᠠᠯ᠎ᠠ᠃
      ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ 2020 — 03 — 2616᠄ 30᠄ 58
      ᠤᠰᠤᠨ ᠠᠰᠢᠭᠯᠠᠯᠲᠠ ᠵᠢᠨ ᠶᠠᠮᠤᠨ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠰᠦᠯᠵᠢᠶᠡᠨ᠎ᠳᠤ ᠣᠷᠣᠭᠤᠯᠵᠤ᠂ ᠣᠯᠠᠨ ᠲᠦᠮᠡᠨ᠎ᠤ ᠲᠤᠰᠬᠠᠭᠰᠠᠨ ᠠᠰᠠᠭᠤᠳᠠᠯ᠎ᠢ ᠬᠦᠯᠢᠶᠡᠨ ᠠᠪᠴᠠᠶ ᠭᠡᠵᠦ ᠪᠢᠳᠡ ᠰᠠᠶᠢᠬᠠᠨ ᠳᠤᠷᠠᠳᠤᠭᠰᠠᠨ ᠪᠢᠯᠡ᠃ ᠣᠳᠣ ᠪᠣᠯᠲᠠᠯ᠎ᠠ ᠪᠢᠳᠡ ᠬᠡᠳᠦᠢ ᠣᠯᠠᠨ ᠲᠦᠮᠡᠨ᠎ᠤ ᠵᠠᠭ᠋ᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠪᠤᠶ? ᠭᠣᠣᠯᠳᠠᠭᠤ ᠶᠠᠮᠠᠷ ᠶᠠᠮᠠᠷ ᠠᠰᠠᠭᠤᠳᠠᠯ᠎ᠳᠤ ᠲᠥᠪᠯᠡᠷᠡᠵᠦ ᠪᠠᠶ᠋ᠢᠬᠤ ᠪᠤᠢ? ᠶᠠᠮᠠᠷ ᠵᠡᠷᠭᠡ ᠰᠢᠢ᠍ᠳᠪᠤᠷᠢᠯᠡᠭᠰᠡᠨ ᠪᠤᠢ? ᠠᠷᠠᠳ ᠢᠷᠭᠡᠳ᠎ᠤᠨ ᠰᠠᠨᠠᠭᠤᠯᠭ᠎ᠠ᠎ᠨᠢ ᠤᠰᠤᠨ ᠠᠰᠢᠭᠯᠠᠯᠲᠠ ᠵᠢᠨ ᠶᠠᠮᠤᠨ᠎ᠳᠤ ᠰᠢᠭᠤᠳ ᠨᠡᠪᠲᠡᠷᠡᠵᠦ᠂ ᠲᠦᠭᠵᠢᠷᠡᠯ᠎ᠢ ᠢᠯᠡᠷᠡᠭᠦᠯᠬᠦ᠂ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠲᠠᠯ᠎ᠠ᠎ᠪᠠᠷ ᠶᠠᠮᠠᠷ ᠶᠠᠩᠵᠤ ᠵᠢᠨ ᠬᠠᠪᠰᠤᠷᠤᠯᠭ᠎ᠠ ᠦᠵᠡᠭᠦᠯᠦᠭᠰᠡᠨ ᠪᠣᠶ? ᠪᠠᠶᠠᠷᠯᠠᠯ᠎ᠠ᠃
      ᠴᠧᠨ ᠮᠢᠩ ᠵᠥᠩ 2020 — 03 — 2616᠄ 31᠄ 01
      ᠲᠠᠨ᠎ᠤ ᠤᠰᠤᠨ ᠠᠰᠢᠭᠯᠠᠯᠲᠠ ᠵᠢᠨ ᠶᠠᠮᠤᠨ᠎ᠤ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠎ᠳᠤ ᠠᠩᠬᠠᠷᠤᠯ ᠬᠠᠨᠳᠤᠭᠤᠯᠵᠤ ᠪᠠᠢ᠌ᠭ᠎ᠠ᠎ᠳᠤ ᠲᠠᠯᠠᠷᠬᠠᠵᠤ ᠪᠠᠶ᠋ᠢᠨ᠎ᠠ᠃ ᠡᠨᠡ ᠵᠢᠯ᠎ᠤᠨ ᠰᠢᠨ᠎ᠡ ᠵᠢᠯ᠎ᠤᠨ ᠰᠢᠨ᠎ᠡ ᠵᠢᠨ ᠨᠢᠭᠡᠨ᠎ᠠᠴᠠ ᠬᠣᠶ᠋ᠢᠰᠢ᠂ ᠤᠰᠤᠨ ᠠᠰᠢᠭᠯᠠᠯᠲᠠ ᠵᠢᠨ ᠶᠠᠮᠤᠨ ᠳᠠᠷᠤᠶ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠎ᠢ ᠨᠡᠭᠡᠭᠡᠭᠰᠡᠨ ᠪᠠᠶ᠋ᠢᠨ᠎ᠠ᠃ ᠬᠣᠶᠠᠷ ᠰᠠᠷ᠎ᠠ ᠭᠠᠷᠤᠶ ᠵᠢᠨ ᠲᠤᠷᠰᠢᠨ ᠠᠵᠢᠯᠯᠠᠭᠤᠯᠬᠤ᠎ᠪᠠᠷ ᠳᠡᠮᠵᠢᠨ᠂ ᠲᠦᠷᠦᠬᠦᠭᠡᠨ ᠳᠡᠯᠡᠬᠡᠶ ᠵᠢᠨ ᠤᠰᠤᠨ᠎ᠤ ᠡᠳᠦᠷ (3 ᠰᠠᠷ᠎ᠠ ᠵᠢᠨ 22᠎ᠤᠨ ᠡᠳᠦᠷ)᠎ᠲᠤ ᠵᠢᠩᠬᠢᠨᠢ᠎ᠪᠠᠷ ᠠᠵᠢᠯᠯᠠᠵᠤ᠂ ᠤᠰᠤᠨ ᠠᠰᠢᠭᠯᠠᠯᠲᠠ ᠵᠢᠨ ᠶᠠᠮᠤᠨ   ᠤᠳᠠᠰᠤ᠂ ᠰᠦᠯᠵᠢᠶ᠎ᠡ᠂ ᠸᠢᠴᠠᠲ᠎ᠤᠨ 《ᠭᠤᠷᠪᠠ ᠵᠢ ᠨᠢᠭᠡ ᠴᠤᠭᠴᠠᠵᠢᠭᠤᠯᠤᠭᠰᠠᠨ》᠂ ᠨᠡᠶ᠋ᠢᠭᠡᠮ᠎ᠳᠤ ᠬᠠᠨᠳᠤᠭᠤᠯᠤᠭᠰᠠᠨ᠂ 《ᠨᠢᠭᠡᠳᠦᠭᠡᠷ ᠨᠣᠮᠧᠷᠲᠤ ᠭᠠᠳᠠᠭᠰᠢ ᠬᠠᠨᠳᠤᠭᠤᠯᠤᠭᠰᠠᠨ》 ᠬᠢᠨᠠᠯᠲᠠ ᠬᠠᠮᠢᠶᠠᠷᠤᠯᠲᠠ ᠵᠢᠨ ᠲᠠᠪᠴᠠᠩ᠎ᠢ ᠪᠥᠬᠥ ᠲᠠᠯ᠎ᠠ᠎ᠪᠠᠷ ᠨᠡᠭᠡᠭᠡᠭᠰᠡᠨ ᠪᠠᠶ᠋ᠢᠨ᠎ᠠ᠃ ᠤᠰᠤᠨ ᠠᠰᠢᠭᠯᠠᠯᠲᠠ ᠵᠢᠨ ᠶᠠᠮᠤᠨ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠎ᠢ ᠨᠡᠪᠲᠡᠷᠡᠭᠦᠯᠪᠡ᠂ ᠡᠨᠡ ᠪᠣᠯ ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠠᠵᠢᠯ ᠲᠦᠷᠦᠯ᠎ᠤᠨ᠎ᠬᠢᠨ᠎ᠤ ᠴᠢᠩᠭ᠎ᠠ ᠬᠢᠨᠠᠯᠲᠠ ᠬᠠᠮᠢᠶᠠᠷᠤᠯᠲᠠ ᠵᠢ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠡᠶ᠋ᠢᠭᠡᠮ᠎ᠤᠨ ᠰᠠᠨᠠᠯ᠎ᠢ ᠥᠷᠭᠡᠨ ᠵᠶ᠋ᠠᠷ ᠰᠣᠨᠣᠰᠴᠤ᠂ ᠤᠯᠠᠨ ᠲᠦᠮᠡᠨ᠎ᠢ ᠥᠷᠭᠡᠨ ᠵᠶ᠋ᠠᠷ ᠲᠠᠢ᠍ᠢ᠍ᠴᠢᠯᠠᠨ ᠤᠰᠤᠨ᠎ᠳᠤ ᠬᠣᠯᠪᠣᠭᠳᠠᠬᠤ ᠠᠰᠠᠭᠤᠳᠠᠯ᠎ᠳᠤ ᠬᠢᠨᠠᠯᠲᠠ ᠲᠠᠯᠪᠢᠵᠤ ᠢᠯᠡᠴᠢᠯᠡᠨ ᠮᠡᠳᠡᠬᠦᠯᠦᠯᠳᠡ ᠬᠢᠭᠰᠡᠨ ᠦᠷ᠎ᠡ ᠪᠦᠲᠦᠮᠵᠢ᠎ᠨᠢ ᠮᠠᠰᠢ ᠢᠯᠡᠷᠬᠡᠶ ᠪᠠᠶ᠋ᠢᠨ᠎ᠠ᠃ ᠤᠳᠠᠰᠤᠨ᠎ᠤ ᠲᠠᠪᠴᠠᠩ ᠨᠡᠪᠲᠡᠷᠡᠭᠰᠡᠨ᠎ᠠᠴᠠ ᠨᠠᠭ᠋ᠠᠰᠢ᠂ ᠪᠢᠳᠡ ᠣᠯᠠᠨ ᠨᠡᠶ᠋ᠢᠲᠡ ᠵᠢᠨ ᠲᠤᠰᠬᠠᠭᠰᠠᠨ ᠡᠯ᠎ᠡ ᠲᠥᠷᠥᠯ᠎ᠤᠨ ᠤᠰᠤᠨ᠎ᠳᠤ ᠬᠣᠯᠪᠣᠭᠳᠠᠭᠰᠠᠨ ᠠᠰᠠᠭᠤᠳᠠᠯ᠎ᠤᠨ 700 ᠭᠠᠷᠤᠶ ᠰᠦᠪᠡᠭᠴᠢ ᠵᠢ ᠬᠦᠯᠢᠶᠡᠨ ᠠᠪᠤᠪᠠ᠃ ᠡᠳᠡᠭᠡᠷ᠎ᠨᠢ ᠬᠥᠳᠡᠭᠡ ᠲᠣᠰᠬᠣᠨ᠎ᠤ ᠤᠰᠤ ᠬᠠᠩᠭ᠋ᠠᠬᠤ᠂ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ᠂ ᠭᠣᠣᠯ᠎ᠤᠨ ᠵᠠᠮ᠎ᠠᠴᠠ ᠡᠯᠡᠰᠦ ᠬᠠᠶ᠋ᠢᠷ ᠮᠠᠯᠲᠠᠬᠤ ᠪᠠ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠡᠷᠭᠡ ᠬᠦᠷᠢᠶ᠎ᠡ ᠴᠠᠷᠠᠭ᠎ᠠ᠎ᠳᠤ ᠬᠣᠯᠪᠣᠭᠳᠠᠵᠤ ᠪᠠᠠᠢ᠌ᠳᠠᠭ᠃   ᠪᠢᠳᠡ ᠨᠢᠭᠡ ᠲᠤᠰᠬᠠᠢ ᠪᠠᠭ ᠪᠠᠢ᠌ᠭᠤᠯᠤᠨ ᠡᠳᠡᠭᠡᠷ ᠠᠰᠠᠭᠤᠳᠠᠯ᠎ᠤᠨ ᠰᠦᠪᠡᠭᠴᠢ ᠵᠢ ᠬᠦᠯᠢᠶᠡᠨ ᠠᠪᠴᠤ ᠴᠠᠭ ᠲᠤᠬᠠᠢ᠎ᠳᠤ᠎ᠨᠢ ᠰᠢᠢ᠍ᠳᠪᠤᠷᠢᠯᠡᠪᠡ᠃ ᠡᠭᠦᠨ᠎ᠤ ᠳᠣᠲᠣᠷᠠᠬᠢ 527 ᠵᠦᠢ᠍ᠯ᠎ᠳᠤ ᠰᠢᠭᠤᠳ ᠬᠠᠷᠢᠭᠤᠯᠲᠠ ᠥᠭᠴᠦ᠂ 158 ᠵᠦᠢ᠍ᠯ᠎ᠢ ᠬᠣᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ᠎ᠤᠨ ᠵᠤᠷᠭ᠋ᠠᠨ ᠲᠣᠪᠴᠢᠶ᠎ᠠ᠎ᠳᠤ ᠰᠢᠯᠵᠢᠭᠦᠯᠦᠨ ᠲᠤᠰᠢᠶᠠᠵᠤ ᠰᠢᠢ᠍ᠳᠪᠤᠷᠢᠯᠡᠬᠦᠯᠪᠡ᠂ ᠣᠳᠣᠬᠠᠨ᠎ᠳᠤ 96 ᠵᠦᠢ᠍ᠯ᠎ᠢ᠎ᠨᠢ ᠰᠢᠢ᠍ᠳᠪᠤᠷᠢᠯᠡᠵᠦ ᠳᠠᠭᠤᠰᠬᠠᠭᠰᠠᠨ ᠪᠠᠢ᠌ᠨ᠎ᠠ᠃ ᠪᠢᠳᠡ ᠪᠠᠰᠠ ᠬᠠᠷᠢᠭᠤ ᠰᠤᠷᠪᠤᠯᠵᠢᠯᠠᠬᠤ ᠲᠣᠭᠲᠠᠴᠠ ᠵᠢ ᠪᠠᠢ᠌ᠭᠤᠯᠵᠤ᠂ ᠮᠠᠰᠢ ᠤᠯᠠᠨ ᠴᠢᠬᠤᠯᠠ ᠶᠡᠬᠡ ᠠᠰᠠᠭᠤᠳᠠᠯ᠎ᠢ ᠰᠢᠢ᠍ᠳᠪᠤᠷᠢᠯᠡᠵᠦ ᠳᠠᠭᠤᠰᠬᠠᠭᠰᠠᠨ᠎ᠤ ᠲᠠᠷᠠᠭ᠎ᠠ᠂ ᠬᠠᠷᠢᠭᠤ ᠰᠤᠷᠪᠤᠯᠵᠢᠯᠠᠭ᠎ᠠ ᠬᠢᠵᠦ᠂ ᠲᠡᠳᠡᠨ᠎ᠤ   ᠰᠢᠢ᠍ᠳᠪᠤᠷᠢᠯᠡᠭᠰᠡᠨ ᠦᠷ᠎ᠡ ᠳ᠋ᠦᠩ᠎ᠳᠤ ᠬᠠᠨᠤᠮᠵᠢᠲᠠᠶ ᠪᠠᠶ᠋ᠢᠬᠤ ᠡᠰᠡᠬᠦ ᠵᠢ   ᠤᠢ᠌ᠯᠠᠭ᠋ᠠᠪᠠ᠃ ᠣᠳᠣᠬᠠᠨ᠎ᠳᠤ ᠪᠢᠳᠡᠨ᠎ᠤ ᠬᠠᠷᠢᠭᠤ ᠰᠤᠷᠪᠤᠯᠵᠢᠯᠠᠭᠰᠠᠨ ᠪᠠᠢ᠌ᠳᠠᠯ᠎ᠠᠴᠠ ᠦᠵᠡᠪᠡᠯ ᠪᠦᠬᠦᠨ ᠵᠶ᠋ᠡᠷ ᠵᠶ᠋ᠡᠨ ᠮᠠᠰᠢ ᠬᠠᠨᠤᠮᠵᠢᠲᠠᠶ ᠪᠠᠶ᠋ᠢᠬᠤ᠎ᠪᠠᠨ ᠢᠯᠡᠳᠬᠡᠵᠦ ᠪᠠᠶ᠋ᠢᠨ᠎ᠠ᠃
      ᠴᠧᠨ ᠮᠢᠩ ᠵᠥᠩ 2020 — 03 — 2616᠄ 31᠄ 06
      ᠪᠢᠳᠡ ᠡᠨᠡᠬᠦ ᠢᠯᠡᠴᠢᠯᠡᠨ ᠮᠡᠳᠡᠭᠦᠯᠬᠦ ᠲᠠᠪᠴᠠᠩ᠎ᠢ ᠨᠡᠭᠡᠭᠡᠭᠰᠡᠨ ᠵᠶ᠋ᠡᠷ ᠮᠠᠰᠢ ᠶᠡᠬᠡ   ᠤᠯᠤᠯᠳᠠ᠎ᠲᠠᠢ ᠪᠠᠢ᠌ᠵᠤ᠂ ᠪᠦᠬᠦᠶ᠋ᠢᠯᠡ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠠᠵᠢᠯ᠎ᠢ ᠨᠠᠶ᠋ᠢᠳᠠᠪᠤᠷᠢᠵᠢᠭᠤᠯᠬᠤ᠎ᠳᠤ ᠮᠠᠰᠢ ᠢᠯᠡᠷᠬᠡᠶ ᠦᠷ᠎ᠡ ᠪᠦᠲᠦᠮᠵᠢ ᠣᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠴᠦ᠍ ᠮᠠᠰᠢ ᠢᠯᠡᠷᠬᠡᠶ ᠲᠤᠯᠭ᠋ᠠᠭᠤᠷᠢᠯᠠᠬᠤ ᠪᠠ ᠬᠠᠪᠰᠤᠷᠬᠤ ᠦᠢ᠍ᠯᠡᠳᠦᠯ᠎ᠲᠠᠢ ᠪᠠᠶ᠋ᠢᠨ᠎ᠠ ᠭᠡᠵᠦ ᠦᠵᠡᠵᠦ ᠪᠠᠶ᠋ᠢᠨ᠎ᠠ᠃ ᠨᠢᠭᠡ᠎ᠳᠤ ᠤᠯᠠᠨ ᠲᠦᠮᠡᠨ᠎ᠳᠤ ᠦᠢ᠍ᠯᠡᠴᠢᠯᠡᠬᠦ 《ᠰᠢᠭᠤᠳ ᠨᠡᠪᠲᠡᠷᠡᠬᠦ ᠲᠡᠷᠭᠡ》 ᠪᠣᠯᠤᠨ᠎ᠠ᠃ ᠢᠯᠡᠴᠢᠯᠡᠨ ᠮᠡᠳᠡᠭᠦᠯᠬᠦ ᠲᠠᠪᠴᠠᠩ ᠵᠶ᠋ᠠᠷ ᠳᠠᠮᠵᠢᠭᠤᠯᠤᠨ᠂ ᠣᠯᠠᠨ ᠲᠦᠮᠡᠨ ᠤᠰᠤᠨ᠎ᠳᠤ ᠬᠣᠯᠪᠣᠭᠳᠠᠭᠰᠠᠨ ᠠᠰᠠᠭᠤᠳᠠᠯ᠎ᠢ ᠣᠯᠵᠤ ᠮᠡᠳᠡᠭᠰᠡᠨ ᠪᠤᠶᠤ ᠥᠪᠡᠷ᠎ᠤᠨ ᠠᠩᠬᠠᠷᠴᠤ ᠪᠠᠶ᠋ᠢᠭ᠎ᠠ ᠤᠰᠤᠨ᠎ᠳᠤ ᠬᠣᠯᠪᠣᠭᠳᠠᠭᠰᠠᠨ ᠵᠠᠷᠢᠮ ᠠᠰᠠᠭᠤᠳᠠᠯ᠎ᠳᠤ ᠲᠤᠯᠭ᠋ᠠᠷᠠᠪᠠᠯ᠂ ᠴᠠᠭ ᠲᠤᠬᠠᠶ᠎ᠳᠤᠨᠢ ᠡᠨᠡ ᠬᠦ᠌ ᠲᠠᠪᠴᠠᠩ ᠵᠶ᠋ᠠᠷ ᠳᠠᠮᠵᠢᠭᠤᠯᠤᠨ   ᠲᠤᠰᠬᠠᠵᠤ ᠪᠤᠯᠤᠨ᠎ᠠ᠃ ᠢᠯᠠᠩᠭᠤᠶ᠎ᠠ ᠣᠯᠠᠨ ᠲᠦᠮᠡᠨ᠎ᠤ ᠳᠡᠷᠭᠡᠳᠡᠬᠢ ᠵᠠᠷᠢᠮ 《ᠰᠠᠨᠠᠭ᠎ᠠ ᠵᠤᠪᠠᠭ᠋ᠠᠯᠭ᠋ᠠᠬᠤ ᠤᠴᠢᠷ᠂ ᠰᠡᠳᠬᠢᠯ ᠵᠤᠪᠠᠭ᠋ᠠᠬᠤ ᠤᠴᠢᠷ᠂ ᠰᠡᠳᠬᠢᠯ ᠰᠢᠨᠠᠯᠭ᠋ᠠᠬᠤ ᠤᠴᠢᠷ》᠎ᠢ ᠪᠢᠳᠡ ᠴᠠᠭ ᠲᠤᠬᠠᠶ᠎ᠳᠤᠨᠢ ᠰᠢᠢ᠍ᠳᠪᠤᠷᠢᠯᠡᠵᠦ᠂ ᠠᠰᠠᠭᠤᠳᠠᠯ᠎ᠢ ᠰᠢᠢ᠍ᠳᠪᠤᠷᠢᠯᠡᠪᠡ᠃ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ ᠵᠶ᠋ᠠᠷ ᠠᠪᠴᠤ ᠬᠡᠯᠡᠪᠡᠯ᠂ ᠡᠨᠡ ᠵᠢᠯ᠎ᠤᠨ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠳᠤ ᠪᠢᠳᠡ 80 ᠭᠠᠷᠤᠶ ᠤᠲᠠᠰᠤ ᠲᠤᠰᠴᠠᠶ᠃ ᠵᠠᠷᠢᠮ᠎ᠨᠢ ᠤᠰᠤᠨ ᠬᠠᠩᠭ᠋ᠠᠯᠭ᠎ᠠ ᠬᠦᠷᠦᠯᠴᠡᠬᠦ ᠦᠭᠡᠢ ᠭᠡᠵᠦ᠂ ᠵᠠᠷᠢᠮ᠎ᠨᠢ ᠤᠰᠤᠨ᠎ᠤ ᠴᠢᠨᠠᠷ᠎ᠤᠨ ᠠᠰᠠᠭᠤᠳᠠᠯ  ᠎ᠤᠨ ᠲᠤᠬᠠᠢ ᠲᠤᠰ ᠲᠤᠰ ᠲᠤᠰᠬᠠᠭᠰᠠᠨ ᠪᠠᠢ᠌ᠨ᠎ᠠ᠂ ᠪᠢᠳᠡ ᠴᠠᠭ ᠲᠤᠬᠠᠶ᠎ᠳᠤᠨᠢ ᠣᠷᠣᠨ ᠨᠤᠲᠤᠭ᠎ᠤᠨ᠎ᠬᠢᠨ᠎ᠲᠠᠢ ᠨᠡᠪᠲᠡᠷᠡᠯᠴᠡᠵᠦ᠂ ᠠᠰᠠᠭᠤᠳᠠᠯ᠎ᠢ ᠡᠷᠢᠵᠦ᠂ ᠴᠠᠭ ᠲᠤᠬᠠᠶ᠎ᠳᠤᠨᠢ ᠱᠠᠯᠠᠪᠳᠠᠨ ᠵᠠᠰᠠᠵᠤ᠂ ᠠᠰᠠᠭᠤᠳᠠᠯ᠎ᠢ ᠴᠠᠭ ᠲᠤᠬᠠᠶ᠎ᠳᠤᠨᠢ ᠰᠢᠢ᠍ᠳᠪᠤᠷᠢᠯᠡᠭᠰᠡᠨ ᠪᠠᠢ᠌ᠨ᠎ᠠ᠃ ᠬᠣᠶᠠᠷ᠎ᠲᠤ ᠤᠰᠤᠨ ᠠᠰᠢᠭᠯᠠᠯᠲᠠ ᠵᠢᠨ ᠴᠢᠩᠭ᠎ᠠ ᠬᠢᠨᠠᠯᠲᠠ ᠬᠠᠮᠢᠶᠠᠷᠤᠯᠲᠠ ᠵᠢᠨ 《ᠲᠤᠷᠠᠨ ᠬᠠᠷᠠᠭ᠎ᠠ》 ᠪᠠᠶ᠋ᠢᠵᠤ᠂ ᠢᠯᠡᠴᠢᠯᠡᠨ ᠮᠡᠳᠡᠭᠦᠯᠬᠦ ᠲᠠᠪᠴᠠᠩ ᠵᠶ᠋ᠠᠷ ᠳᠠᠮᠵᠢᠭᠤᠯᠤᠨ᠂ ᠡᠯ᠎ᠡ ᠲᠠᠯ᠎ᠠ ᠵᠢᠨ ᠬᠥᠮᠦᠰ᠎ᠢ ᠥᠷᠭᠡᠨ ᠵᠶ᠋ᠠᠷ ᠲᠠᠢ᠍ᠢ᠍ᠴᠢᠯᠠᠨ᠂ ᠤᠰᠤᠨ᠎ᠳᠤ ᠬᠣᠯᠪᠣᠭᠳᠠᠭᠰᠠᠨ ᠠᠰᠠᠭᠤᠳᠠᠯ᠎ᠢ ᠲᠤᠰᠬᠠᠵᠤ᠂ ᠮᠠᠨ᠎ᠤ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠳᠤ ᠮᠠᠰᠢ ᠰᠠᠢ᠍ᠢ᠍ᠨ ᠦᠢ᠍ᠯᠡᠳᠦᠯ ᠪᠠᠳᠠᠷᠠᠭᠤᠯᠪᠠ᠃ ᠡᠭᠦᠨ᠎ᠠᠴᠠ ᠭᠠᠳᠠᠨ᠎ᠠ ᠪᠠᠰᠠ ᠮᠠᠰᠢ ᠴᠢᠬᠤᠯᠠ ᠨᠢᠭᠡ ᠦᠢ᠍ᠯᠡᠳᠦᠯ ᠭᠡᠪᠡᠯ ᠳᠠᠷᠤᠶ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠤᠷᠢᠳᠦ ᠪᠤᠳᠤᠯᠭ᠎ᠠ ᠲᠣᠭᠲᠠᠭ᠋ᠠᠬᠤ ᠵᠢᠨ 《ᠮᠡᠳᠡᠭᠡ ᠵᠠᠩᠭᠢ ᠵᠢᠨ ᠡᠬᠢ ᠰᠤᠷᠪᠤᠯᠵᠢ》 ᠪᠣᠯᠤᠨ᠎ᠠ᠃ ᠣᠳᠣᠬᠠᠨ᠎ᠳᠤ ᠵᠠᠷᠢᠮ ᠦᠨᠡᠨ ᠪᠣᠳᠠᠲᠠᠶ ᠪᠠᠶ᠋ᠢᠳᠠᠯ᠎ᠢ ᠡᠵᠡᠮᠰᠢᠬᠦ᠎ᠳᠤ ᠦᠨᠡᠬᠡᠷ ᠮᠠᠰᠢ ᠬᠦᠴᠢᠷᠲᠡᠶ᠂ ᠤᠰᠤᠨ ᠠᠰᠢᠭᠯᠠᠯᠲᠠ ᠵᠢᠨ ᠶᠠᠮᠤᠨ ᠶᠡᠬᠡ ᠬᠡᠪᠴᠢᠶ᠎ᠡ᠎ᠪᠠᠷ ᠲᠠᠯᠳᠠᠭᠤᠷ ᠰᠤᠷᠪᠤᠯᠵᠢᠯᠠᠬᠤ᠎ᠨᠢ ᠮᠠᠰᠢ ᠶᠡᠬᠡ ᠦᠨ᠎ᠡ ᠥᠷᠲᠡᠭ ᠭᠠᠷᠭ᠋ᠠᠵᠤ ᠪᠠᠢ᠌ᠵᠤ ᠰᠠᠶᠢ ᠪᠤᠷᠤ ᠮᠠᠲ᠋ᠧᠷᠢᠶᠠᠯ᠎ᠢ ᠣᠯᠵᠤ ᠴᠢᠳᠠᠨ᠎ᠠ ᠭᠡᠳᠡᠭ᠎ᠢ ᠵᠠᠭᠤᠴᠢᠯᠠᠭᠤᠷ᠎ᠤᠨ ᠨᠠᠶ᠋ᠢᠵᠠ ᠨᠠᠷ ᠲᠠ ᠪᠦᠬᠦᠨ ᠮᠡᠳᠡᠵᠦ ᠪᠠᠢ᠌ᠭ᠎ᠠ ᠪᠠᠢ᠌ᠬᠤ᠃ ᠭᠡᠪᠡᠴᠦ 12314 ᠤᠳᠠᠰᠤ᠎ᠪᠠᠷ ᠳᠠᠮᠵᠢᠭᠤᠯᠤᠨ ᠤᠯᠠᠨ ᠲᠦᠮᠡᠨ᠎ᠤ ᠲᠤᠰᠬᠠᠯᠳᠠ᠂ ᠢᠯᠡᠴᠢᠯᠡᠨ ᠮᠡᠳᠡᠬᠦᠯᠦᠯᠳᠡ ᠵᠢ ᠰᠢᠭᠤᠳ ᠬᠦᠯᠢᠶᠡᠨ ᠠᠪᠴᠤ᠂ ᠡᠳᠡᠭᠡᠷ ᠪᠠᠶ᠋ᠢᠳᠠᠯ᠎ᠨᠢ ᠲᠤᠶ᠋ᠢᠯ᠎ᠤᠨ ᠦᠨᠡᠨ ᠪᠣᠳᠠᠲᠠᠶ᠂ ᠲᠤᠶ᠋ᠢᠯ᠎ᠤᠨ ᠪᠦᠲᠦᠮᠵᠢᠲᠡᠶ ᠪᠠᠶ᠋ᠢᠬᠤ ᠵᠢ ᠣᠯᠵᠤ ᠮᠡᠳᠡᠵᠡᠢ᠃ ᠪᠠᠶ᠋ᠢᠳᠠᠯ᠎ᠢ ᠲᠣᠳᠣᠷᠬᠠᠶ ᠣᠶ᠋ᠢᠯᠠᠭ᠋ᠠᠭᠰᠠᠨ᠎ᠤ ᠲᠠᠷᠠᠭ᠎ᠠ᠂ ᠪᠢᠳᠡ ᠵᠠᠳᠠᠯᠤᠨ ᠰᠢᠨᠵᠢᠯᠡᠵᠦ ᠰᠤᠳᠤᠯᠤᠨ ᠮᠠᠭ᠋ᠠᠳᠯᠠᠬᠤ᠎ᠪᠠᠷ ᠲᠠᠮᠵᠢᠨ᠂ ᠤᠰᠤᠨ ᠠᠰᠢᠭᠯᠠᠯᠲᠠ ᠵᠢᠨ ᠲᠠᠯ᠎ᠠ᠎ᠪᠠᠷ᠎ᠬᠢ ᠠᠯᠢ ᠠᠯᠢ ᠬᠦᠷᠢᠶᠡᠨ᠎ᠳᠤ ᠪᠠᠰᠠ ᠡᠳᠦᠶ ᠲᠡᠳᠦᠶ ᠪᠠᠭᠤᠷᠠᠶ ᠲᠠᠯ᠎ᠠ ᠪᠠᠶ᠋ᠢᠬᠤ᠂ ᠠᠯᠢ ᠠᠯᠢ ᠲᠠᠯ᠎ᠠ᠎ᠳᠤ ᠪᠠᠰᠠ ᠡᠳᠦᠶ ᠲᠡᠳᠦᠶ ᠠᠰᠠᠭᠤᠳᠠᠯ ᠪᠠᠶ᠋ᠢᠬᠤ ᠵᠢ ᠣᠯᠵᠤ ᠮᠡᠳᠡᠵᠤ᠂ ᠵᠠᠷᠢᠮ ᠵᠢᠮ᠎ᠡ ᠶᠣᠰᠣᠴᠢ ᠴᠢᠨᠠᠷᠲᠠᠶ ᠠᠰᠠᠭᠤᠳᠠᠯ᠎ᠢ ᠣᠨᠣᠪᠴᠢᠲᠠᠶ ᠡᠷᠢᠵᠦ ᠤᠯᠬᠤ᠎ᠨᠢ ᠮᠠᠨ᠎ᠤ ᠰᠢᠢ᠍ᠳᠪᠤᠷᠢᠳᠦ ᠪᠤᠳᠤᠯᠭ᠎ᠠ ᠲᠣᠭᠲᠠᠭ᠋ᠠᠬᠤ ᠬᠢᠷᠢ ᠬᠡᠮᠵᠢᠶ᠎ᠡ ᠪᠠ ᠬᠢᠨᠠᠨ ᠬᠠᠮᠢᠶᠠᠷᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ᠎ᠳᠤ ᠮᠠᠰᠢ ᠶᠡᠬᠡ ᠬᠠᠪᠰᠤᠷᠤᠯᠭ᠎ᠠ ᠪᠣᠯᠬᠤ ᠶᠤᠮ᠃ ᠵᠢᠱ᠌ᠢᠶᠡᠯᠡᠪᠡᠯ ᠡᠮᠦᠨ᠎ᠡ ᠬᠤᠭᠤᠴᠠᠭ᠋ᠠᠨ᠎ᠳᠤ ᠬᠥᠳᠡᠭᠡ ᠲᠣᠰᠬᠣᠨ᠎ᠤ   ᠤᠤᠭᠤᠬᠤ ᠤᠰᠤᠨ᠎ᠤ ᠠᠰᠠᠭᠤᠳᠠᠯ᠎ᠤᠨ ᠲᠠᠯ᠎ᠠ᠎ᠪᠠᠷ ᠪᠢᠳᠡ ᠨᠡᠯᠢᠶᠡᠳ ᠤᠯᠠᠨ ᠢᠯᠡᠴᠢᠯᠡᠨ ᠮᠡᠳᠡᠭᠦᠯᠦᠭᠰᠡᠨ ᠮᠤᠵᠢ ᠵᠢ ᠠᠩᠬᠠᠷᠤᠯ᠎ᠳᠠᠭᠠᠨ ᠠᠪᠴᠤ᠂ ᠲᠤᠰ ᠮᠤᠵᠢ ᠵᠢᠨ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠶᠤᠯᠭᠦᠶ ᠵᠢᠨ ᠬᠠᠮᠢᠶᠠᠷᠤᠯᠲᠠ ᠵᠢᠨ ᠲᠠᠯ᠎ᠠ᠎ᠪᠠᠷ ᠨᠡᠯᠢᠶᠡᠳ ᠪᠠᠭᠤᠷᠠᠶ ᠪᠠᠶ᠋ᠢᠬᠤ ᠵᠢ ᠤᠯᠵᠤ ᠮᠡᠳᠡᠭᠰᠡᠨ ᠶᠤᠮ᠃ ᠪᠢᠳᠡ ᠡᠳᠡᠭᠡᠷ ᠮᠤᠵᠢ᠎ᠳᠤ ᠠᠷᠭ᠎ᠠ ᠬᠡᠮᠵᠢᠶ᠎ᠡ ᠠᠪᠴᠤ᠂ ᠲᠡᠳᠡᠨ᠎ᠢ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠭᠰᠠᠨ ᠶᠤᠮ᠃ ᠠᠰᠠᠭᠤᠳᠠᠯ᠎ᠢ ᠲᠤᠰᠬᠠᠬᠤ ᠲᠠᠯ᠎ᠠ᠎ᠪᠠᠷ᠂ ᠵᠢᠱ᠌ᠢᠶᠡᠯᠡᠪᠡᠯ᠂ ᠡᠮᠦᠨ᠎ᠡ ᠨᠢᠭᠡ ᠬᠤᠭᠤᠴᠠᠭ᠋ᠠᠨ᠎ᠳᠤ ᠮᠠᠰᠢ ᠣᠯᠠᠨ ᠨᠤᠲᠤᠭ᠎ᠲᠠᠭᠠᠨ ᠪᠤᠴᠠᠭᠰᠠᠨ ᠬᠥᠮᠦᠰ ᠬᠢᠵᠢᠭ᠎ᠤᠨ ᠨᠥᠯᠥᠭᠡ᠎ᠠᠴᠠ ᠪᠣᠯᠵᠣ ᠣᠷᠳᠣ ᠬᠤᠭᠤᠴᠠᠭ᠎ᠠ᠎ᠪᠠᠷ ᠬᠥᠳᠡᠭᠡ ᠲᠣᠰᠬᠣᠨ᠎ᠳᠤ ᠰᠠᠭ᠋ᠠᠲᠠᠵᠤ᠂ ᠤᠤᠯ᠎ᠨᠢ ᠰᠢᠨᠡᠯᠡᠬᠦ ᠦᠶ᠎ᠡ᠎ᠳᠤ ᠰᠠᠶᠢ ᠬᠡᠷ᠎ᠲᠡᠭᠡᠨ ᠬᠠᠷᠢᠵᠤ᠂ 10 ᠡᠳᠦᠷ᠂ 20 ᠡᠳᠦᠷ᠂ ᠶᠡᠬᠡᠳᠡᠬᠦ᠎ᠳᠡᠭᠡᠨ ᠨᠢᠭᠡ ᠰᠠᠷ᠎ᠠ ᠰᠠᠭᠤᠵᠤ ᠳᠠᠬᠢᠨ ᠪᠤᠴᠠᠵᠤ ᠶᠠᠪᠤᠳᠠᠭ ᠪᠠᠢ᠌ᠪᠠ᠃   ᠭᠡᠪᠡᠴᠦ ᠣᠲᠣ ᠣᠷᠳᠣ ᠬᠤᠭᠤᠴᠠᠭ᠎ᠠ᠎ᠪᠠᠷ ᠨᠤᠳᠤᠭ᠎ᠲᠠᠭᠠᠨ ᠰᠠᠭ᠋ᠠᠳᠠᠭᠰᠠᠨ᠎ᠠᠴᠠ ᠪᠣᠯᠵᠣ᠂ ᠬᠥᠳᠡᠭᠡ ᠲᠣᠰᠬᠣᠨ᠎ᠤ ᠤᠰᠤ ᠬᠠᠩᠭ᠋ᠠᠬᠤ ᠦᠢ᠍ᠯᠡᠳᠪᠤᠷᠢ ᠵᠢᠨ ᠳᠠᠷᠤᠯᠲᠠ ᠵᠢ ᠨᠡᠮᠡᠭᠳᠡᠬᠦᠯᠵᠦ᠂ ᠤᠤᠯ᠎ᠤᠨ ᠲᠥᠯᠥᠪᠯᠡᠭᠰᠡᠨ ᠳᠠᠷᠤᠭ᠋ᠠᠰᠤ᠎ᠠᠴᠠ ᠬᠣᠯᠠ ᠶᠡᠬᠡ ᠪᠣᠯᠤᠭᠰᠠᠨ ᠪᠠᠶ᠋ᠢᠨ᠎ᠠ᠃ ᠪᠢᠳᠡᠨ᠎ᠤ ᠤᠢ᠌ᠯᠠᠭ᠋ᠠᠭᠰᠠᠨ ᠵᠶ᠋ᠡᠷ᠂ ᠰᠧᠴᠤᠸᠠᠨ᠎ᠤ ᠨᠢᠭᠡ ᠤᠰᠤᠨ᠎ᠤ ᠦᠢ᠍ᠯᠡᠳᠪᠦᠷᠢ ᠬᠠᠮᠤᠭ ᠠᠷᠪᠢᠨ᠎ᠳᠠᠭᠠᠨ 4 ᠳᠠᠬᠢᠨ ᠢᠯᠡᠭᠦᠦ ᠳᠠᠭ᠋ᠠᠭ᠋ᠠᠴᠠ᠎ᠲᠠᠢ ᠪᠠᠶ᠋ᠢᠵᠤ᠂ ᠤᠷᠲᠤ ᠬᠤᠭᠤᠴᠠᠭ᠎ᠠ᠎ᠪᠠᠷ ᠳᠠᠭ᠋ᠠᠭ᠋ᠠᠴᠠ᠎ᠠᠴᠠ ᠬᠡᠲᠦᠷᠡᠭᠦᠯᠦᠨ ᠠᠵᠢᠯᠯᠠᠬᠤ᠎ᠨᠢ ᠤᠰᠤᠨ᠎ᠤ ᠦᠢ᠍ᠯᠡᠳᠪᠦᠷᠢ᠎ᠳᠤ ᠠᠪᠴᠤ ᠬᠡᠯᠡᠪᠡᠯ ᠮᠠᠰᠢ ᠶᠡᠬᠡ ᠰᠢᠯᠭ᠋ᠠᠯᠲᠠ ᠪᠣᠯᠬᠤ ᠪᠥᠭᠡᠳ ᠪᠠᠰᠠ ᠴᠤ᠌ ᠮᠠᠰᠢ ᠶᠡᠬᠡ ᠠᠶᠤᠯ ᠲᠦᠭᠰᠢᠭᠦᠷᠢ ᠪᠤᠯᠳᠠᠭ᠃ ᠡᠢ᠌ᠮᠦᠷᠬᠦᠦ ᠠᠰᠠᠭᠤᠳᠠᠯ᠎ᠳᠤ ᠴᠢᠭᠯᠡᠭᠦᠯᠦᠨ᠂ ᠪᠢᠳᠡ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠲᠥᠯᠥᠪᠵᠢᠭᠦᠯᠭᠡ ᠵᠢ ᠬᠢᠬᠦ ᠦᠶ᠎ᠡ᠎ᠳᠤ᠂ ᠲᠡᠭᠦᠨ᠎ᠢ ᠴᠢᠬᠤᠯᠠ ᠬᠦᠴᠦᠨ ᠵᠦᠢ᠍ᠯ ᠪᠣᠯᠭ᠋ᠠᠵᠤ᠂ ᠵᠠᠷᠢᠮ ᠭᠡᠨᠡᠳᠲᠡ ᠵᠢᠨ ᠬᠡᠷᠡᠭ᠎ᠢ ᠪᠣᠳᠣᠯᠬᠢᠯᠠᠬᠤ᠎ᠨᠢ ᠮᠠᠨ᠎ᠤ ᠰᠢᠢ᠍ᠳᠪᠤᠷᠢᠳᠦ ᠪᠤᠳᠤᠯᠭ᠎ᠠ ᠲᠣᠭᠲᠠᠭ᠋ᠠᠬᠤ᠎ᠳᠤ ᠮᠠᠰᠢ ᠶᠡᠬᠡ ᠬᠠᠪᠰᠤᠷᠤᠯᠭ᠎ᠠ ᠪᠣᠯᠬᠤ ᠶᠤᠮ᠃
      ᠴᠧᠨ ᠮᠢᠩ ᠵᠥᠩ 2020 — 03 — 2616᠄ 31᠄ 09
     12314 ᠲᠠᠪᠴᠠᠩ᠎ᠢ ᠨᠡᠭᠡᠭᠡᠭᠰᠡᠨ᠎ᠠᠴᠠ ᠨᠠᠭ᠋ᠠᠰᠢ᠂ ᠨᠢᠭᠡ᠎ᠳᠤ᠂ ᠠᠷᠠᠳ᠎ᠤᠨ ᠲᠥᠯᠥᠭᠡ ᠪᠣᠳᠠᠲᠠᠶ ᠠᠵᠢᠯ ᠬᠢᠵᠡᠶ᠂ ᠡᠭᠦᠨ᠎ᠠᠴᠠ ᠭᠠᠳᠠᠨ᠎ᠠ ᠪᠢᠳᠡ ᠠᠩᠬᠠᠨ᠎ᠤ ᠪᠠᠶ᠋ᠢᠳᠠᠯ᠎ᠢ ᠡᠵᠡᠮᠰᠢᠵᠦ᠂ ᠠᠩᠬᠠᠨ᠎ᠤ ᠮᠡᠳᠡᠭᠡ ᠵᠠᠩᠭᠢ ᠵᠢ ᠣᠨᠣᠪᠴᠢᠲᠠᠶ ᠣᠶ᠋ᠢᠯᠠᠭ᠋ᠠᠵᠤ᠂ ᠢᠯᠠᠩᠭᠤᠶ᠎ᠠ ᠪᠢᠳᠡᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠤᠷᠢᠳᠦ ᠪᠣᠳᠣᠯᠭ᠎ᠠ ᠲᠣᠭᠲᠠᠭ᠋ᠠᠬᠤ᠎ᠳᠤ ᠨᠡᠯᠢᠶᠡᠳ ᠰᠠᠶ᠋ᠢᠨ ᠲᠦᠰᠢᠭ ᠲᠤᠯᠭ᠋ᠠᠭᠤᠷᠢ ᠬᠠᠩᠭ᠋ᠠᠭᠰᠠᠨ ᠪᠠᠶ᠋ᠢᠨ᠎ᠠ᠃ ᠭᠡᠪᠡᠴᠦ ᠰᠦᠯᠵᠢᠶᠡᠨ᠎ᠳᠤ ᠭᠠᠷᠤᠭ᠋ᠠᠳ ᠰᠠᠶᠢ ᠬᠣᠶᠠᠷ ᠰᠠᠷ᠎ᠠ ᠭᠠᠷᠤᠶ᠋ᠢᠬᠠᠨ ᠪᠣᠯᠵᠤ ᠪᠠᠶ᠋ᠢᠨ᠎ᠠ᠂ ᠦᠨᠳᠦᠰᠦᠨ ᠱᠠᠲᠤᠨ᠎ᠤ ᠮᠠᠰᠢ ᠣᠯᠠᠨ ᠪᠣᠶ᠋ᠢᠳᠠ ᠪᠥᠭᠯᠡᠭᠦᠦ ᠭᠠᠵᠠᠷ᠎ᠲᠤ ᠡᠨᠡ ᠬᠦ᠌ ᠲᠠᠪᠴᠠᠩ᠎ᠢ ᠲᠡᠶ᠋ᠢᠮᠦ ᠥᠷᠭᠡᠨ ᠳᠡᠯᠭᠡᠷ ᠮᠡᠳᠡᠬᠦ ᠦᠭᠡᠶ ᠪᠠᠶ᠋ᠢᠨ᠎ᠠ ᠭᠡᠳᠡᠭ᠎ᠢ ᠪᠢᠳᠡ ᠪᠠᠰᠠ ᠣᠯᠵᠤ ᠮᠡᠳᠡᠵᠡᠶ᠃ ᠪᠢᠳᠡ ᠥᠪᠡᠷ᠎ᠤᠨ ᠵᠶ᠋ᠠᠨ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠡᠨᠡ ᠤᠲᠠᠰᠤ ᠵᠢ ᠤᠯᠠᠨ᠎ᠳᠤ ᠮᠡᠳᠡᠬᠦᠯᠬᠦ ᠪᠤᠯᠤᠨ᠎ᠠ᠃   ᠲᠠ ᠨᠠᠷ ᠴᠤ᠌ ᠵᠠᠭᠤᠴᠢᠯᠠᠭᠤᠷ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠪᠢᠳᠡᠨ᠎ᠢ ᠬᠠᠪᠰᠤᠷᠤᠨ ᠤᠬᠠᠭᠤᠯᠵᠤ ᠦᠭᠬᠦ ᠵᠢ ᠬᠦᠰᠡᠵᠦ ᠪᠠᠶ᠋ᠢᠨ᠎ᠠ᠂ ᠣᠨᠴᠠᠭ᠋ᠠᠶ᠋ᠢᠯᠠᠨ ᠪᠤᠢ᠍ᠢ᠍ᠳᠠ ᠪᠥᠭᠯᠡᠭᠦᠦ ᠠᠭᠤᠯᠠᠷᠬᠠᠭ ᠣᠷᠣᠨ᠎ᠤ ᠰᠠᠭᠤᠭ᠋ᠠᠯᠢ ᠠᠷᠠᠳ᠎ᠲᠤ ᠡᠶ᠋ᠢᠮᠦ ᠨᠢᠭᠡᠨ ᠲᠠᠪᠴᠠᠩ᠎ᠲᠠᠢ᠂ ᠡᠶ᠋ᠢᠮᠦ ᠨᠢᠭᠡᠨ   ᠤᠳᠠᠰᠤ᠎ᠲᠠᠢ ᠪᠠᠶ᠋ᠢᠬᠤ ᠵᠢ ᠮᠡᠳᠡᠭᠦᠯᠵᠦ᠂ ᠤᠰᠤᠨ᠎ᠳᠤ ᠬᠣᠯᠪᠣᠭᠳᠠᠬᠤ ᠠᠰᠠᠭᠤᠳᠠᠯ ᠲᠤᠯᠭ᠋ᠠᠷᠠᠪᠠᠯ᠂ ᠵᠢᠱ᠌ᠢᠶᠡᠯᠡᠪᠡᠯ ᠭᠡᠷ᠎ᠲᠡᠭᠡᠨ ᠤᠰᠤ ᠤᠤᠭᠤᠬᠤ᠎ᠳᠤ ᠠᠰᠠᠭᠤᠳᠠᠯ ᠭᠠᠷᠪᠠᠯ᠂ ᠲᠡᠷᠡ ᠳᠠᠷᠤᠶ᠎ᠳᠤᠨᠢ 12314 ᠵᠢ ᠪᠤᠳᠤᠨ ᠣᠯᠵᠤ᠂ ᠶᠠᠭ 12315 ᠲᠠᠪᠴᠠᠩ᠎ᠲᠠᠢ ᠠᠳᠠᠯᠢ᠎ᠪᠠᠷ ᠡᠨᠡ ᠬᠦ᠌ ᠲᠠᠪᠴᠠᠩ ᠵᠶ᠋ᠠᠷ ᠳᠠᠮᠵᠢᠭᠤᠯᠤᠨ ᠲᠤᠰᠬᠠᠵᠤ ᠪᠤᠯᠤᠨ᠎ᠠ᠂ ᠪᠢᠳᠡ ᠯᠠᠪ ᠴᠠᠭ ᠲᠤᠬᠠᠶ᠎ᠳᠤᠨᠢ ᠰᠢᠢ᠍ᠳᠪᠤᠷᠢᠯᠡᠬᠦ ᠪᠤᠯᠤᠨ᠎ᠠ᠃ ᠬᠣᠶ᠋ᠢᠰᠢᠳᠠ ᠪᠢᠳᠡ ᠡᠨᠡᠬᠦ ᠲᠠᠪᠴᠠᠩ᠎ᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠡᠳᠡᠭᠡᠷ ᠠᠰᠠᠭᠤᠳᠠᠯ᠎ᠢ ᠰᠢᠢ᠍ᠳᠪᠤᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠣᠯᠠᠨ᠎ᠢ ᠨᠠᠶ᠋ᠢᠳᠠᠪᠤᠷᠢᠲᠠᠶ᠂ ᠢᠲᠡᠭᠡᠯᠲᠡᠶ ᠪᠣᠯᠭ᠋ᠠᠵᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠠᠵᠢᠯ᠎ᠢ ᠬᠠᠮᠲᠤ᠎ᠪᠠᠷ ᠭᠦᠨᠵᠡᠭᠡᠶ᠋ᠢᠷᠡᠭᠦᠯᠦᠨ᠎ᠡ᠃ ᠲᠠ ᠪᠦᠬᠦᠨ᠎ᠳᠤ ᠪᠠᠶᠠᠷᠯᠠᠯ᠎ᠠ᠃
      ᠮᠢ ᠹᠸᠩ 2020-03-2616: 38: 24
      ᠬᠡᠳᠦᠨ ᠵᠣᠴᠢᠳ᠎ᠲᠤ ᠲᠠᠯᠠᠷᠬᠠᠵᠤ ᠪᠠᠶ᠋ᠢᠨ᠎ᠠ᠂ ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠭᠣᠤᠯ ᠰᠡᠳᠦᠪ ᠪᠣᠯ ᠤᠰᠤᠨ ᠠᠰᠢᠭᠯᠠᠯᠲᠠ᠎ᠪᠠᠷ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ ᠵᠢ ᠪᠠᠳᠤᠯᠠᠬᠤ ᠶᠠᠪᠤᠳᠠᠯ ᠪᠣᠯᠤᠨ᠎ᠠ᠂ ᠮᠠᠷᠭ᠋ᠠᠰᠢ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠪᠢᠳᠡ ᠴᠠᠭ ᠠᠭᠤᠷ᠎ᠤᠨ ᠭᠠᠶ ᠭᠠᠮᠰᠢᠭ᠎ᠤᠨ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠬᠠᠪᠤᠷ᠎ᠤᠨ ᠲᠠᠷᠢᠶᠠᠯᠠᠭ᠎ᠠ ᠵᠢ ᠪᠠᠲᠤᠯᠠᠬᠤ ᠪᠠ ᠠᠵᠢᠯ ᠵᠶ᠋ᠠᠨ ᠰᠡᠷᠭᠦᠭᠡᠵᠦ ᠦᠢ᠍ᠯᠡᠳᠪᠤᠷᠢᠯᠡᠯ ᠵᠶ᠋ᠠᠨ ᠰᠡᠷᠭᠦᠭᠡᠬᠦ ᠵᠢᠨ ᠲᠣᠭᠣᠷᠢᠨ᠎ᠳᠤ ᠶᠠᠪᠤᠭᠳᠠᠨ᠎ᠠ᠂ ᠲᠤᠬᠠᠶ ᠵᠢᠨ ᠦᠶ᠎ᠡ᠎ᠳᠤ ᠪᠢᠳᠡ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠪᠣᠯᠤᠨ ᠴᠠᠭ ᠠᠭᠤᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ᠎ᠢ ᠤᠷᠢᠵᠤ ᠵᠠᠭᠤᠴᠢᠯᠠᠭᠤᠷ᠎ᠤᠨ᠎ᠬᠢᠨ᠎ᠤ ᠠᠰᠠᠭᠤᠯᠲᠠ ᠵᠢ ᠬᠠᠷᠢᠭᠤᠯᠤᠨ᠎ᠠ᠂ ᠣᠯᠠᠨ ᠵᠶ᠋ᠠᠷ ᠵᠶ᠋ᠠᠨ ᠦᠷᠭᠦᠯᠵᠢᠯᠡᠨ ᠠᠩᠬᠠᠷᠤᠯ᠎ᠳᠠᠭᠠᠨ ᠠᠪᠬᠤ ᠵᠢ ᠪᠠᠶᠠᠷᠯᠠᠨ ᠤᠭᠲᠤᠵᠤ ᠪᠠᠶ᠋ᠢᠨ᠎ᠠ᠃ ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠡᠨᠳᠡ ᠬᠦᠷᠦᠭᠡᠳ ᠲᠡᠭᠦᠰᠦᠯ᠎ᠡ᠂ ᠲᠠ ᠪᠦᠬᠦᠨ᠎ᠳᠤ ᠪᠠᠶᠠᠷᠯᠠᠯ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠰᠤᠨ ᠠᠰᠢᠬᠯᠠᠯᠳᠠ ᠵᠢᠨ ᠲᠢᠩᠬᠢᠮ ᠶᠡᠷᠦᠩᠬᠡᠶ᠋ᠢᠯᠡᠭᠰᠡᠨ ᠠᠯᠪᠠᠨ ᠠᠰᠠᠷ᠎ᠤᠨ ᠠᠶᠤᠯᠬᠦᠢ ᠵᠢᠨ ᠲᠤᠰᠬᠠᠶ ᠪᠠᠶ᠋ᠢᠴᠠᠭ᠋ᠠᠯᠲᠠ ᠪᠠ ᠰᠤᠷᠪᠤᠯᠵᠢᠯᠠᠬᠤ ᠠᠵᠢᠯ ᠥᠷᠨᠢᠭᠦᠯᠪᠡ
ᠤᠰᠤᠨ᠎ᠤ ᠰᠢᠨᠵᠢᠯᠡᠭᠡᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠲᠤᠯᠭ᠋ᠠᠭᠤᠷᠢᠯᠠᠬᠤ ᠲᠤᠬᠠᠢ ᠰᠣᠨᠢᠨ ᠮᠡᠳᠡᠭᠡ ᠨᠡᠶ᠋ᠢᠲᠡᠯᠡᠬᠦ ᠬᠤᠷᠠᠯ
ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠪᠥᠲᠥᠭᠡᠨ ᠪᠠᠶ᠋ᠢᠭᠤᠯᠤᠯᠲᠠ
ᠠᠷᠠᠳ᠎ᠤᠨ ᠡᠳᠦᠷ᠎ᠤᠨ ᠰᠣᠨᠢᠨ᠄ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠤᠰᠤ ᠭᠥᠷᠳᠡᠬᠦ ᠣᠷᠣᠨ᠎ᠤ ᠭᠠᠵᠠᠷ ᠳᠣᠤᠷᠠᠬᠢ ᠤᠰᠤᠨ᠎ᠤ ᠲᠦᠪᠰᠢᠨ ᠳᠡᠭᠡᠭᠰᠢᠯᠡᠪᠡ
ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ᠎ᠳᠤ ᠵᠣᠷᠢᠭᠤᠯᠤᠭᠰᠠᠨ ᠬᠡᠪᠯᠡᠯ᠄ ᠳᠤᠮᠳᠠᠳᠤ ᠤᠯᠤᠰ᠎ᠤᠨ ᠪᠠᠶ᠋ᠢᠭᠤᠯᠵᠤ ᠪᠠᠶ᠋ᠢᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠯᠠ ᠣᠷᠣᠭᠤᠯᠤᠯᠲᠠ ᠵᠢᠨ ᠬᠡᠪᠴᠢᠶ᠎ᠡ ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠠᠶ
 
            