ᠰᠤᠷᠪᠤᠯᠵᠢᠯᠠᠭᠰᠠᠨ ᠴᠠᠭ᠄ 2020 ᠣᠨ᠎ᠤ 1 ᠰᠠᠷ᠎ᠠ ᠵᠢᠨ 17᠎ᠤ ᠡᠳᠦᠷ᠎ᠤᠨ 10 ᠴᠠᠭ
ᠭᠤᠤᠯ ᠰᠡᠳᠦᠪᠲᠦ ᠵᠣᠴᠢᠨ᠄ ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠂ ᠠᠵᠤ ᠠᠬᠤᠶ ᠵᠢᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠂ ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠂ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠂ ᠬᠠᠤᠯᠢ ᠲᠦᠷᠢᠮ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠂ ᠭᠤᠸᠠᠩ ᠮᠢᠩ ᠡᠳᠦᠷ᠎ᠤᠨ ᠰᠣᠨᠢᠨ᠎ᠤ ᠰᠤᠷᠪᠤᠯᠵᠢᠯᠠᠭᠴᠢ᠂ ᠯᠢ ᠰᠢᠶᠤᠤ ᠯᠢᠨ᠂ ᠼᠠᠢ ᠵᠢᠶᠠᠨ ᠶᠤᠸᠠᠨ᠂ ᠵᠠᠩ ᠸᠸᠨ ᠱᠧᠩ᠂ ᠭᠠᠳᠠᠷ ᠨᠢᠭᠤᠷ᠎ᠤᠨ ᠰᠣᠨᠢᠨ ᠮᠡᠳᠡᠭᠡ᠂ ᠸᠧᠶ ᠰᠢᠨ ᠫᠢᠩ
ᠤᠰᠤᠨ ᠠᠰᠢᠬᠯᠠᠯᠳᠠ ᠵᠢᠨ ᠶᠠᠮᠤᠨ 2020 ᠣᠨ᠎ᠤ 1 ᠰᠠᠷ᠎ᠠ ᠵᠢᠨ 17᠎ᠤ ᠡᠳᠦᠷ᠎ᠤᠨ ᠦᠳᠡ ᠵᠢᠨ ᠡᠮᠦᠨᠡᠬᠢ 10᠄ 00 ᠴᠠᠭ᠎ᠲᠤ ᠶᠠᠮᠤᠨ᠎ᠤ ᠪᠠᠶ᠋ᠢᠭᠤᠯᠭ᠎ᠠ ᠵᠢᠨ ᠬᠣᠶ᠋ᠢᠲᠤ ᠠᠰᠠᠷ᠎ᠤᠨ 202 ᠬᠤᠷᠠᠯ᠎ᠤᠨ ᠬᠡᠷ᠎ᠲᠤ ᠤᠰᠤᠨ᠎ᠤ ᠰᠢᠨᠵᠢᠯᠡᠭᠡᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠲᠤᠯᠭ᠋ᠠᠭᠤᠷᠢᠯᠠᠬᠤ ᠲᠤᠬᠠᠢ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠵᠦ᠂ ᠤᠰᠤᠨ ᠠᠰᠢᠬᠯᠠᠯᠳᠠ ᠵᠢᠨ ᠶᠠᠮᠤᠨ᠎ᠤ ᠤᠰᠤᠨ᠎ᠤ ᠰᠢᠨᠵᠢᠯᠡᠭᠡᠨ᠎ᠤ ᠵᠤᠷᠭ᠋ᠠᠨ᠎ᠤ ᠳᠠᠷᠤᠭ᠎ᠠ ᠼᠠᠢ ᠵᠢᠶᠠᠨ ᠶᠤᠸᠠᠨ ᠪᠠᠶ᠋ᠢᠳᠠᠯ᠎ᠢ ᠲᠠᠨᠢᠯᠴᠠᠭᠤᠯᠤᠭᠰᠠᠨ ᠪᠥᠭᠡᠳ ᠤᠰᠤᠨ᠎ᠤ ᠰᠢᠨᠵᠢᠯᠡᠭᠡᠨ᠎ᠤ ᠵᠤᠷᠭ᠋ᠠᠨ᠎ᠤ ᠳᠡᠳ᠋ ᠳᠠᠷᠤᠭ᠎ᠠ ᠵᠠᠩ ᠸᠸᠨ ᠱᠧᠩ᠂ ᠸᠧᠶ ᠰᠢᠨ ᠫᠢᠩ᠎ᠲᠠᠢ ᠬᠠᠮᠲᠤ᠎ᠪᠠᠷ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠤ᠂ ᠤᠰᠤᠨ ᠠᠰᠢᠬᠯᠠᠯᠳᠠ ᠵᠢᠨ ᠶᠠᠮᠤᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠯᠢ ᠰᠢᠶᠤᠤ ᠯᠢᠨ ᠬᠤᠷᠠᠯ᠎ᠢ ᠡᠷᠭᠢᠯᠡᠪᠡ᠃
ᠰᠤᠷᠪᠤᠯᠵᠢᠯᠠᠭ᠎ᠠ ᠵᠢᠨ ᠪᠣᠳᠠᠲᠤ ᠲᠡᠮᠳᠡᠭᠯᠡᠯ
ᠯᠢ ᠰᠢᠶᠤᠤ ᠯᠢᠨ᠄ ᠰᠤᠷᠪᠤᠯᠵᠢᠯᠠᠭᠴᠢ ᠨᠠᠶ᠋ᠢᠵᠠ ᠨᠠᠷ᠎ᠲᠤ ᠦᠳᠡ ᠵᠢᠨ ᠡᠮᠦᠨᠡᠬᠢ ᠬᠠᠯᠠᠭᠤᠨ ᠮᠠᠨᠳᠤ ᠬᠦᠷᠭᠡᠶ᠎ᠠ! ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠬᠤ᠎ᠪᠠᠷ ᠢᠷᠡᠭᠰᠡᠨ᠎ᠢ ᠪᠠᠶᠠᠷᠯᠠᠨ ᠤᠭᠲᠤᠵᠤ ᠪᠠᠶ᠋ᠢᠨ᠎ᠠ᠂ ᠡᠨᠡ ᠪᠣᠯ 2020 ᠣᠨ᠎ᠤ ᠤᠰᠤᠨ ᠠᠰᠢᠬᠯᠠᠯᠳᠠ ᠵᠢᠨ ᠶᠠᠮᠤᠨ᠎ᠤ ᠠᠩᠬᠠᠳᠠᠭᠴᠢ ᠲᠠᠯᠠᠪᠠᠢ ᠰᠣᠨᠢᠨ ᠮᠡᠳᠡᠭᠡ ᠨᠡᠶ᠋ᠢᠲᠡᠯᠡᠬᠦ ᠬᠤᠷᠠᠯ ᠪᠣᠯᠤᠨ᠎ᠠ᠃
ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠭᠤᠤᠯ ᠰᠡᠳᠦᠪ ᠪᠣᠯ ᠤᠰᠤᠨ᠎ᠤ ᠰᠢᠨᠵᠢᠯᠡᠭᠡᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠤᠯᠭ᠋ᠠᠭᠤᠷᠢᠯᠠᠯ ᠪᠤᠯᠬᠤ ᠲᠤᠬᠠᠢ᠃ ᠤᠰᠤᠨ᠎ᠤ ᠰᠢᠨᠵᠢᠯᠡᠭᠡᠨ ᠪᠤᠯ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠰᠠᠭᠤᠷᠢ ᠴᠢᠨᠠᠷᠲᠠᠶ ᠣᠯᠠᠨ ᠨᠡᠶ᠋ᠢᠲᠡ ᠵᠢᠨ ᠦᠢ᠍ᠯᠡᠰ ᠪᠠᠢ᠍ᠢ᠍ᠵᠤ᠂ ᠤᠰᠤᠨ ᠠᠰᠢᠬᠯᠠᠯᠳᠠ ᠪᠣᠯᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠬᠤ ᠪᠣᠯᠤᠨ᠎ᠠ᠃
ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠲᠤᠷᠰᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠭ᠎ᠠ ᠪᠠ ᠤᠰᠤᠨ ᠠᠰᠢᠬᠯᠠᠯᠳᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠤᠰᠤᠨ᠎ᠤ ᠰᠢᠨᠵᠢᠯᠡᠭᠡᠨ᠎ᠤ ᠦᠢ᠍ᠯᠡᠰ ᠥᠷᠨᠢᠨ ᠬᠥᠭᠵᠢᠵᠦ᠂ ᠤᠰᠤᠨ ᠠᠰᠢᠬᠯᠠᠯᠳᠠ ᠵᠢᠨ ᠠᠵᠢᠯ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠬᠦᠴᠦᠲᠡᠶ ᠲᠤᠯᠭ᠋ᠠᠭᠤᠷᠢᠯᠠᠪᠠ᠃
ᠤᠰᠤᠨ ᠠᠰᠢᠬᠯᠠᠯᠳᠠ ᠵᠢᠨ ᠠᠵᠢᠯ ᠪᠠ ᠤᠰᠤᠨ᠎ᠤ ᠰᠢᠨᠵᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠤᠯᠠᠨ ᠲᠠᠶᠠᠭ᠋ᠠᠷ᠎ᠲᠤ ᠨᠡᠩ ᠰᠠᠶ᠋ᠢᠲᠤᠷ ᠣᠶ᠋ᠢᠯᠠᠭ᠋ᠠᠭᠤᠯᠬᠤ ᠵᠢᠨ ᠲᠥᠯᠥᠭᠡ᠂ ᠥᠨᠥᠳᠦᠷ ᠪᠢᠳᠡ ᠤᠰᠤᠨ ᠠᠰᠢᠬᠯᠠᠯᠳᠠ ᠵᠢᠨ ᠶᠠᠮᠤᠨ᠎ᠤ ᠤᠰᠤᠨ᠎ᠤ ᠰᠢᠨᠵᠢᠯᠡᠭᠡᠨ᠎ᠤ ᠵᠤᠷᠭ᠋ᠠᠨ᠎ᠤ ᠳᠠᠷᠤᠭ᠎ᠠ ᠼᠠᠢ ᠵᠢᠶᠠᠨ ᠶᠤᠸᠠᠨ᠎ᠢ ᠤᠷᠢᠵᠤ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠳᠤ ᠤᠰᠤᠨ᠎ᠤ ᠰᠢᠨᠵᠢᠯᠡᠭᠡᠨ᠎ᠤ ᠵᠤᠷᠭ᠋ᠠᠨ᠎ᠤ ᠳᠡᠳ᠋ ᠳᠠᠷᠤᠭ᠎ᠠ ᠵᠠᠩ ᠸᠸᠨ ᠱᠧᠩ᠂ ᠸᠧᠢ ᠰᠢᠨ ᠫᠢᠩ᠎ᠲᠠᠢ ᠬᠠᠮᠲᠤ ᠤᠯᠠᠨ᠎ᠤ ᠰᠣᠨᠢᠷᠬᠠᠵᠤ ᠪᠠᠶ᠋ᠢᠭ᠎ᠠ ᠠᠰᠠᠭᠤᠯᠲᠠ ᠵᠢ ᠬᠠᠷᠢᠭᠤᠯᠬᠤ ᠪᠤᠯᠤᠨ᠎ᠠ᠃
ᠣᠲᠣ ᠶᠠᠭᠤᠨ᠎ᠤ ᠡᠮᠦᠨ᠎ᠡ ᠼᠠᠢ ᠵᠢᠶᠠᠨ ᠶᠤᠸᠠᠨ ᠵᠤᠷᠭ᠋ᠠᠨ᠎ᠤ ᠳᠠᠷᠤᠭ᠎ᠠ᠎ᠪᠠᠷ ᠲᠠᠨᠢᠯᠴᠠᠭᠤᠯᠭ᠎ᠠ ᠬᠢᠯᠭᠡᠶᠠ᠃
ᠼᠠᠢ ᠵᠢᠶᠠᠨ ᠶᠤᠸᠠᠨ᠄ ᠠᠪᠠᠬᠠᠶ ᠨᠠᠷ᠂ ᠠᠪᠤᠭ᠋ᠠᠶ ᠨᠠᠷ᠂ ᠰᠤᠷᠪᠤᠯᠵᠢᠯᠠᠭᠴᠢ ᠨᠠᠶ᠋ᠢᠵᠠ ᠨᠠᠷ ᠡ᠂ ᠲᠠ ᠨᠠᠷ ᠰᠠᠶ᠋ᠢᠨ ᠪᠠᠶ᠋ᠢᠵᠠᠭ᠋ᠠᠨ᠎ᠠ ᠦᠦ!
ᠤᠯᠠᠨ᠎ᠳᠤ ᠦᠳᠡ ᠵᠢᠨ ᠡᠮᠤᠨᠡᠬᠢ ᠬᠠᠯᠠᠭᠤᠨ ᠮᠠᠨᠳᠤ ᠬᠦᠷᠭᠡᠶ᠎ᠠ!
ᠡᠩ ᠲᠡᠷᠢᠭᠦᠨ᠎ᠳᠤ᠂ ᠪᠢ ᠪᠥᠬᠥ ᠤᠯᠤᠰ᠎ᠤᠨ ᠤᠰᠤᠨ᠎ᠤ ᠰᠢᠨᠵᠢᠯᠡᠭᠡᠨ᠎ᠤ ᠠᠵᠢᠯ ᠲᠥᠷᠥᠯ᠎ᠤᠨ ᠥᠷᠭᠡᠨ ᠣᠯᠠᠨ ᠠᠵᠢᠯᠲᠠᠨ ᠠᠵᠢᠯᠴᠢᠨ᠎ᠢ ᠲᠥᠯᠥᠭᠡᠯᠡᠨ ᠰᠤᠷᠪᠤᠯᠵᠢᠯᠠᠭᠴᠢ ᠨᠠᠶ᠋ᠢᠵᠠ ᠨᠠᠷ᠎ᠤᠨ ᠣᠷᠳᠣ ᠬᠤᠭᠤᠴᠠᠭ᠋ᠠᠨ᠎ᠤ ᠲᠤᠷᠰᠢ ᠤᠰᠤᠨ᠎ᠤ ᠰᠢᠨᠵᠢᠯᠡᠭᠡᠨ᠎ᠤ ᠦᠶᠯᠡᠰ᠎ᠢ ᠬᠠᠯᠠᠮᠵᠢᠯᠠᠨ ᠳᠡᠮᠵᠢᠵᠤ ᠢᠷᠡᠭᠰᠡᠨ᠎ᠳᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠦᠶ᠎ᠡ!
ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠲᠤᠷᠰᠢ᠂ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠭ᠎ᠠ ᠲᠤᠤᠷ᠎ᠠ᠂ ᠤᠰᠤᠨ᠎ᠤ ᠰᠢᠨᠵᠢᠯᠡᠭᠡᠨ᠎ᠤ ᠦᠢ᠍ᠯᠡᠰ ᠥᠷᠨᠢᠨ ᠬᠥᠭᠵᠢᠪᠡ᠃
2018 ᠣᠨ᠎ᠤ 4 ᠰᠠᠷ᠎ᠠ ᠵᠢᠨ 25᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠳ᠋ᠦᠩ ᠲᠢᠩ ᠬᠤ᠌ ᠨᠠᠭᠤᠷ ᠵᠢᠴᠢ ᠬᠥᠬᠡᠮᠥ᠋ᠷᠡᠨ᠎ᠤ ᠰᠠᠪᠠ ᠭᠠᠵᠠᠷ᠎ᠤᠨ ᠤᠰᠤᠨ᠎ᠤ ᠪᠠᠶ᠋ᠢᠳᠠᠯ᠎ᠤᠨ 《ᠴᠠᠭ ᠠᠭᠤᠷ᠎ᠤᠨ ᠬᠡᠮᠵᠢᠭᠦᠷ》 ᠬᠡᠮᠡᠭᠳᠡᠭᠰᠡᠨ ᠴᠧᠩ ᠯᠢᠩ ᠵᠢᠶ ᠤᠰᠤᠨ᠎ᠤ ᠰᠢᠨᠵᠢᠯᠡᠭᠡᠨ᠎ᠤ ᠥᠷᠲᠡᠭᠡ ᠵᠢ ᠰᠢᠨᠵᠢᠯᠡᠨ ᠪᠠᠶ᠋ᠢᠴᠠᠭ᠋ᠠᠪᠠ᠃ ᠶᠡᠷᠦᠩᠬᠡᠶ ᠰᠠᠶ᠋ᠢᠳ ᠯᠢ ᠺᠧ ᠴᠢᠶᠠᠩ 2019 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠡᠭᠡᠨ᠂ ᠤᠰᠤᠨ᠎ᠤ ᠰᠢᠨᠵᠢᠯᠡᠭᠡᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠠᠢ᠃ ᠡᠨᠡ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠤᠰᠤᠨ᠎ᠤ ᠰᠢᠨᠵᠢᠯᠡᠭᠡᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠶ᠋ᠢᠬᠤ ᠵᠢ ᠭᠦᠢ᠍ᠴᠡᠳ ᠬᠠᠷᠠᠭᠤᠯᠵᠤ ᠪᠠᠶ᠋ᠢᠨ᠎ᠠ᠃ ᠳᠣᠣᠷ᠎ᠠ ᠪᠢ ᠮᠠᠨ᠎ᠤ ᠤᠯᠤᠰ᠎ᠤᠨ ᠤᠰᠤᠨ᠎ᠤ ᠰᠢᠨᠵᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠦᠨᠳᠦᠰᠦᠨ ᠪᠠᠶ᠋ᠢᠳᠠᠯ ᠪᠠ ᠤᠰᠤᠨ᠎ᠤ ᠰᠢᠨᠵᠢᠯᠡᠭᠡᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠦᠭᠰᠡᠨ ᠴᠢᠬᠤᠯᠠ ᠦᠢ᠍ᠯᠡᠳᠦᠯ᠎ᠢ ᠲᠠᠨᠢᠯᠴᠠᠭᠤᠯᠤᠶ᠎ᠠ᠃
ᠨᠢᠭᠡ᠂ ᠤᠰᠤᠨ᠎ᠤ ᠰᠢᠨᠵᠢᠯᠡᠭᠡᠨ᠎ᠤ ᠦᠢ᠍ᠯᠡᠰ ᠲᠦᠷᠭᠡᠨ ᠬᠥᠭᠵᠢᠪᠡ
ᠨᠢᠭᠡ᠎ᠳᠤ᠂ ᠤᠰᠤᠨ᠎ᠤ ᠰᠢᠨᠵᠢᠯᠡᠭᠡᠨ᠎ᠤ ᠥᠷᠲᠡᠭᠡᠨ᠎ᠤ ᠲᠣᠣᠷ᠎ᠨᠢ ᠪᠦᠷᠢᠨ ᠪᠦᠲᠦᠨ ᠰᠢᠰᠲ᠋ᠧᠮ᠎ᠢ ᠪᠦᠷᠢᠯᠳᠦᠭᠦᠯᠪᠡ᠃ ᠤᠯᠤᠰ᠎ᠠᠴᠠ ᠤᠰᠤᠨ᠎ᠤ ᠰᠢᠨᠵᠢᠯᠡᠭᠡᠨ᠎ᠤ ᠦᠢ᠍ᠯᠡᠰ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠎ᠳᠠᠬᠢ ᠣᠷᠣᠭᠤᠯᠤᠯᠲᠠ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠤᠰᠤᠨ᠎ᠤ ᠰᠢᠨᠵᠢᠯᠡᠭᠡᠨ᠎ᠤ ᠥᠷᠲᠡᠭᠡᠨ᠎ᠤ ᠲᠣᠣᠷ ᠲᠦᠷᠭᠡᠨ ᠬᠥᠭᠵᠢᠪᠡ᠃ ᠣᠳᠣᠬᠠᠨ᠎ᠳᠤ᠂ ᠮᠠᠨ᠎ᠤ ᠤᠯᠤᠰ ᠣᠷᠣᠨ ᠵᠠᠶ ᠵᠢᠨ ᠲᠠᠷᠬᠠᠯᠲᠠ ᠦᠨᠳᠦᠰᠦᠨ᠎ᠳᠡᠭᠡᠨ ᠵᠦᠶ ᠵᠣᠬᠢᠰᠲᠠᠶ᠂ ᠬᠢᠨᠠᠨ ᠬᠡᠮᠵᠢᠬᠦ ᠲᠥᠷᠥᠯ ᠵᠦᠢ᠍ᠯ ᠨᠡᠯᠢᠶᠡᠳ ᠪᠦᠷᠢᠨ ᠭᠦᠢ᠍ᠴᠡᠳ᠂ ᠬᠡᠮᠵᠢᠬᠦ ᠥᠷᠲᠡᠭᠡ ᠵᠢᠨ ᠴᠢᠳᠠᠮᠵᠢ ᠬᠠᠷᠢᠴᠠᠩᠭᠤᠶ ᠪᠦᠷᠢᠨ ᠲᠡᠭᠦᠯᠳᠡᠷ ᠪᠠᠶ᠋ᠢᠬᠤ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠬᠦ ᠥᠷᠲᠡᠭᠡᠨ᠎ᠤ ᠲᠤᠤᠷ᠎ᠤᠨ ᠰᠢᠰᠲ᠋ᠧᠮ ᠢ ᠦᠨᠳᠦᠰᠦᠨ᠎ᠳᠡᠭᠡᠨ ᠪᠠᠶ᠋ᠢᠭᠤᠯᠵᠤ᠂ ᠶᠡᠬᠡ ᠭᠤᠤᠯ ᠮᠥᠷᠡᠨ ᠵᠢᠴᠢ ᠲᠡᠭᠦᠨ᠎ᠤ ᠭᠤᠤᠯ ᠪᠣᠯᠬᠤ ᠰᠠᠯᠪᠤᠷᠢ ᠤᠷᠤᠰᠬᠠᠯ᠂ ᠦᠶᠡᠷ᠎ᠢ ᠰᠡᠷᠭᠡᠶ᠋ᠢᠯᠡᠬᠦ ᠡᠭᠦᠷᠭᠡ᠎ᠲᠠᠢ ᠳᠤᠮᠳᠠ ᠪᠠᠭ᠎ᠠ ᠭᠤᠤᠯ ᠮᠥᠷᠡᠨ᠎ᠤ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠯᠲᠡ ᠵᠢ ᠪᠥᠬᠥ ᠲᠠᠯ᠎ᠠ᠎ᠪᠠᠷ ᠬᠠᠮᠤᠷᠬᠤ ᠵᠢ ᠪᠡᠶᠡᠯᠡᠭᠦᠯᠪᠡ᠃ ᠣᠳᠣᠬᠠᠨ᠎ᠳᠤ᠂ ᠮᠠᠨ᠎ᠤ ᠤᠯᠤᠰ᠎ᠤᠨ ᠤᠰᠤᠨ᠎ᠤ ᠰᠢᠨᠵᠢᠯᠡᠭᠡᠨ᠎ᠤ ᠬᠡᠮᠵᠢᠯᠲᠡ ᠵᠢᠨ ᠦᠷᠲᠡᠭᠡ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ ᠡᠬᠢᠨ᠎ᠤ ᠦᠶ᠎ᠡ᠎ᠳᠤ 353 ᠪᠠᠶ᠋ᠢᠭᠰᠠᠨ᠎ᠠᠴᠠ᠎ᠪᠠᠨ 12 . 1 ᠲᠦᠮᠡ ᠪᠣᠯᠤᠨ ᠬᠥᠭᠵᠢᠵᠦ᠂ ᠡᠭᠦᠨ᠎ᠳᠤ ᠤᠯᠤᠰ᠎ᠤᠨ ᠦᠨᠳᠦᠰᠦᠨ ᠤᠰᠤᠨ᠎ᠤ ᠰᠢᠨᠵᠢᠯᠡᠭᠡᠨ᠎ᠤ ᠦᠷᠲᠡᠭᠡ 3154᠂ ᠭᠠᠵᠠᠷ ᠳᠡᠭᠡᠷᠡᠬᠢ ᠤᠰᠤᠨ᠎ᠤ ᠴᠢᠨᠠᠷ᠎ᠤᠨ ᠦᠷᠲᠡᠭᠡ 14286᠂ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠦᠷᠲᠡᠭᠡ 26550 ᠪᠠᠶ᠋ᠢᠵᠤ᠂ ᠤᠰᠤᠨ᠎ᠤ ᠰᠢᠨᠵᠢᠯᠡᠭᠡᠨ᠎ᠤ ᠰᠦᠯᠵᠢᠶᠡᠨ᠎ᠤ ᠶᠡᠷᠦᠩᠬᠡᠢ ᠨᠢᠭᠲᠠᠴᠠ ᠳᠤᠮᠳᠠ ᠵᠡᠷᠭᠡ ᠵᠢᠨ ᠬᠥᠭᠵᠢᠭᠰᠡᠨ ᠤᠯᠤᠰ᠎ᠤᠨ ᠲᠦᠪᠰᠢᠨ᠎ᠳᠤ ᠬᠦᠷᠴᠡᠢ᠃
ᠬᠣᠶᠠᠷ᠎ᠲᠤ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠬᠦ ᠴᠢᠳᠠᠪᠤᠷᠢ ᠶᠡᠬᠡ᠎ᠪᠠᠷ ᠳᠡᠭᠡᠭᠰᠢᠯᠡᠪᠡ᠃ ᠣᠯᠠᠨ ᠵᠢᠯ᠎ᠤᠨ ᠬᠥᠭᠵᠢᠯᠲᠡ᠎ᠪᠠᠷ ᠳᠠᠮᠵᠢᠨ᠂ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠬᠦ ᠠᠭᠤᠯᠭ᠎ᠠ ᠲᠠᠰᠤᠷᠠᠯᠲᠠ ᠤᠢ᠍ᠭᠡᠢ ᠪᠠᠶᠠᠯᠢᠭᠵᠢᠵᠤ᠂ ᠭᠠᠵᠠᠷ ᠳᠡᠭᠡᠷᠡᠬᠢ ᠤᠰᠤ ᠪᠠ ᠭᠠᠵᠠᠷ ᠳᠤᠤᠷᠠᠬᠢ ᠤᠰᠤ ᠵᠢ ᠵᠡᠷᠭᠡ᠎ᠪᠠᠷ ᠬᠡᠷᠡᠭᠯᠡᠬᠦ᠂ ᠤᠰᠤᠨ᠎ᠤ ᠬᠡᠮᠵᠢᠶ᠎ᠡ ᠪᠠ ᠤᠰᠤᠨ᠎ᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ᠂ ᠬᠢᠨᠠᠨ ᠬᠡᠮᠵᠢᠬᠦ ᠠᠷᠭ᠎ᠠ ᠪᠠᠷᠢᠯ᠎ᠢ ᠤᠯᠠᠮᠵᠢᠯᠠᠯᠲᠤ ᠬᠥᠮᠦᠨ᠎ᠤ ᠬᠦᠴᠦ᠎ᠪᠠᠷ ᠠᠵᠢᠬᠯᠠᠨ ᠬᠡᠮᠵᠢᠬᠦ᠎ᠠᠴᠠ ᠠᠯᠬᠤᠮ ᠠᠯᠬᠤᠮ ᠵᠶ᠋ᠠᠷ ᠠᠦ᠋ᠲ᠋ᠣᠴᠢᠯᠠᠭᠰᠠᠨ ᠬᠢᠨᠠᠨ ᠬᠡᠮᠵᠢᠬᠦ ᠲᠡᠢ᠍ᠢ᠍ᠰᠢ ᠰᠢᠯᠵᠢᠭᠦᠯᠵᠦ᠂ ᠤᠰᠤᠨ ᠲᠦᠪᠰᠢᠨ᠂ ᠪᠣᠷᠣᠭ᠋ᠠᠨ᠎ᠤ ᠬᠡᠮᠵᠢᠶ᠎ᠡ ᠵᠢ ᠬᠢᠨᠠᠨ ᠬᠡᠮᠵᠢᠬᠦ᠎ᠳᠤ ᠠᠦ᠋ᠲ᠋ᠣ᠋ ᠬᠡᠮᠵᠢᠨ ᠮᠡᠳᠡᠭᠦᠯᠬᠦ ᠵᠢ ᠨᠢᠭᠡᠨᠲᠡ ᠪᠦᠬᠦ ᠲᠠᠯ᠎ᠠ᠎ᠪᠠᠷ ᠪᠡᠶᠡᠯᠡᠭᠦᠯᠵᠦ᠂ ᠤᠷᠤᠰᠬᠠᠯ᠎ᠤᠨ ᠬᠡᠮᠵᠢᠶ᠎ᠡ ᠵᠢ ᠬᠢᠨᠠᠨ ᠬᠡᠮᠵᠢᠬᠦ ᠳᠤᠮᠳᠠ᠂ ᠲᠡᠷᠢᠭᠦᠨ᠎ᠤ ᠳᠠᠭᠤ ᠭᠡᠷᠡᠯ ᠴᠠᠬᠢᠯᠭ᠋ᠠᠨ᠎ᠤ ᠰᠢᠨ᠎ᠡ ᠮᠡᠷᠭᠡᠵᠢᠯ ᠰᠢᠨ᠎ᠡ ᠲᠥᠬᠥᠭᠡᠷᠦᠮᠵᠢ ᠵᠢ ᠶᠡᠬᠡ᠎ᠪᠠᠷ ᠳᠡᠯᠭᠡᠷᠡᠭᠦᠯᠵᠦ᠂ ᠠᠦ᠋ᠲ᠋ᠣᠴᠢᠯᠠᠭᠰᠠᠨ ᠣᠳᠣᠬᠢᠴᠢᠯᠠᠯᠲᠠ ᠵᠢᠨ ᠬᠢᠷᠢ ᠬᠡᠮᠵᠢᠶ᠎ᠡ ᠠᠯᠬᠤᠮ ᠠᠯᠬᠤᠮ ᠵᠶ᠋ᠠᠷ ᠳᠡᠭᠡᠭᠰᠢᠯᠡᠵᠦ ᠪᠠᠶ᠋ᠢᠨ᠎ᠠ᠃
ᠭᠤᠷᠪᠠ᠎ᠳᠤ ᠤᠰᠤᠨ᠎ᠤ ᠰᠢᠨᠵᠢᠯᠡᠭᠡᠨ᠎ᠤ ᠬᠠᠮᠢᠶᠠᠷᠤᠯᠲᠠ ᠵᠢᠨ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ 2007 ᠣᠨ᠎ᠳᠤ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠰᠢᠨᠵᠢᠯᠡᠭᠡᠨ᠎ᠤ ᠳᠦᠷᠢᠮ》᠎ᠢ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠮᠠᠨ᠎ᠤ ᠤᠯᠤᠰ᠎ᠤᠨ ᠤᠰᠤᠨ᠎ᠤ ᠰᠢᠨᠵᠢᠯᠡᠭᠡᠨ᠎ᠤ ᠦᠢ᠍ᠯᠡᠰ ᠵᠢᠷᠤᠮᠯᠠᠬᠤ ᠬᠠᠤᠯᠢ᠎ᠲᠠᠢ᠂ ᠵᠢᠷᠤᠮᠵᠢᠭᠰᠠᠨ ᠬᠠᠮᠢᠶᠠᠷᠤᠯᠲᠠ ᠵᠢᠨ ᠰᠢᠨ᠎ᠡ ᠱᠠᠲᠤᠨ᠎ᠳᠤ ᠤᠷᠤᠭᠰᠠᠨ᠎ᠢ ᠬᠠᠷᠠᠭᠤᠯᠵᠤ ᠪᠠᠶ᠋ᠢᠨ᠎ᠠ᠃ ᠣᠳᠣᠬᠠᠨ ᠪᠣᠯᠲᠠᠯ᠎ᠠ᠂ ᠤᠰᠤᠨ᠎ᠤ ᠰᠢᠨᠵᠢᠯᠡᠭᠡᠨ᠎ᠤ ᠠᠵᠢᠯ᠎ᠢ ᠬᠤᠪᠢᠳᠠᠨ ᠬᠢᠵᠤ ᠪᠠᠢ᠍ᠢ᠍ᠭ᠎ᠠ ᠬᠦᠮᠤᠨ ᠤᠯᠤᠰ ᠪᠠᠶ᠋ᠢᠭᠤᠯᠤᠭᠳᠠᠭᠰᠠᠨ ᠡᠬᠢᠨ᠎ᠤ ᠦᠶ᠎ᠡ ᠵᠢᠨ 756 ᠬᠥᠮᠦᠨ ᠪᠠᠶ᠋ᠢᠭᠰᠠᠨ᠎ᠠᠴᠠ᠎ᠪᠠᠨ ᠬᠥᠭᠵᠢᠭᠡᠳ 6 ᠲᠦᠮᠡ ᠭᠠᠷᠤᠶ ᠬᠥᠮᠦᠨ ᠪᠣᠯᠵᠣ᠂ ᠤᠰᠤᠨ᠎ᠤ ᠰᠢᠨᠵᠢᠯᠡᠭᠡᠨ᠎ᠤ ᠴᠢᠳᠠᠪᠤᠷᠢᠲᠠᠨ᠎ᠤ ᠡᠩᠨᠡᠭᠡ ᠦᠷᠭᠦᠯᠵᠢᠯᠡᠨ ᠲᠣᠭᠲᠠᠭᠤᠨ ᠵᠶ᠋ᠠᠷ ᠬᠥᠭᠵᠢᠵᠦ᠂ ᠠᠵᠢᠯ᠎ᠤᠨ ᠦᠢ᠍ᠯᠡᠳᠥᠯᠭᠡ ᠳᠤᠮᠳᠠ᠎ᠪᠠᠨ 《ᠦᠨᠡᠨ᠎ᠢ ᠪᠠᠷᠢᠮᠲᠠᠯᠠᠬᠤ᠂ ᠪᠦᠯᠬᠦᠮᠳᠡᠬᠦ᠂ ᠬᠤᠪᠢ ᠨᠡᠮᠡᠷᠢ ᠦᠵᠡᠭᠦᠯᠬᠦ᠂ ᠤᠷᠤᠭᠰᠢᠯᠠᠨ ᠳᠠᠪᠰᠢᠬᠤ》 ᠤᠰᠤᠨ᠎ᠤ ᠰᠢᠨᠵᠢᠯᠡᠭᠡᠨ᠎ᠤ ᠠᠵᠢᠯ ᠲᠥᠷᠥᠯ᠎ᠤᠨ ᠵᠣᠷᠢᠭ ᠰᠠᠨᠠᠭ᠎ᠠ ᠵᠢ ᠪᠦᠷᠢᠯᠳᠤᠬᠦᠯᠵᠤ᠂ ᠲᠡᠰᠪᠦᠷᠢ ᠬᠠᠲᠠᠭᠤᠵᠢᠯᠲᠠᠶ᠂ ᠬᠠᠷᠠᠮ ᠥᠬᠡᠶ ᠵᠣᠷᠢᠭᠤᠯᠬᠤ ᠤᠰᠤᠨ᠎ᠤ ᠰᠢᠨᠵᠢᠯᠡᠭᠡᠨ᠎ᠤ ᠡᠩᠨᠡᠭᠡ ᠵᠢ ᠬᠥᠮᠦᠵᠢᠭᠦᠯᠪᠠ᠃
ᠬᠣᠶᠠᠷ᠂ ᠤᠰᠤᠨ᠎ᠤ ᠰᠢᠨᠵᠢᠯᠡᠭᠡᠨ᠎ᠨᠢ ᠤᠰᠤᠨ ᠠᠰᠢᠬᠯᠠᠯᠳᠠ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠨᠠᠶ᠋ᠢᠳᠠᠪᠤᠷᠢᠲᠠᠢ ᠲᠤᠯᠭ᠋ᠠᠭᠤᠷᠢᠯᠠᠯ ᠬᠠᠡᠭᠭ᠋ᠠᠪᠠ
ᠨᠢᠭᠡ᠎ᠳᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ᠎ᠳᠤ ᠦᠢ᠍ᠯᠡᠴᠢᠯᠡᠪᠡ᠃ ᠮᠠᠨ᠎ᠤ ᠤᠯᠤᠰ᠎ᠤᠨ ᠣᠨᠴᠠ ᠲᠣᠭᠲᠠᠭᠰᠠᠨ ᠭᠠᠵᠠᠷ ᠵᠦᠶ ᠵᠢᠨ ᠪᠠᠶ᠋ᠢᠷᠢᠯᠠᠯ ᠪᠠ ᠠᠭᠤᠷ ᠠᠮᠢᠰᠬᠤᠯ᠎ᠤᠨ ᠨᠥᠬᠥᠴᠡᠯ᠎ᠨᠢ ᠦᠶᠡᠷ ᠤᠰᠤᠲᠤᠯ ᠪᠠ ᠭᠠᠩ ᠬᠠᠭᠰᠠᠷᠠᠭ᠋ᠠᠨ ᠣᠯᠠᠨ ᠡᠭᠦᠰᠬᠦ ᠪᠠᠶ᠋ᠢᠳᠠᠯ᠎ᠢ ᠲᠣᠭᠲᠠᠭ᠋ᠠᠪᠠ᠃ ᠣᠯᠠᠨ ᠵᠢᠯ᠎ᠤᠨ ᠲᠤᠷᠰᠢ᠂ ᠬᠦᠨᠳᠦ ᠨᠣᠴᠢᠲᠠᠶ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠲᠤ ᠬᠠᠨᠳᠤᠬᠤ᠂ ᠪᠦᠬᠦ ᠤᠯᠤᠰ᠎ᠤᠨ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ᠎ᠤᠨ᠎ᠬᠢᠨ ᠪᠦᠬᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠰᠢᠨᠵᠢᠯᠡᠬᠦ ᠤᠬᠠᠭ᠋ᠠᠨᠴᠢ᠎ᠪᠠᠷ ᠠᠷᠭ᠋ᠠᠴᠠᠭ᠋ᠠᠬᠤ᠂ ᠰᠠᠨᠠᠭ᠋ᠠᠴᠢᠯᠠᠭ᠎ᠠ᠎ᠠᠴᠠ᠎ᠪᠠᠨ ᠬᠢᠬᠦ᠂ ᠤᠰᠤᠨ᠎ᠤ ᠰᠢᠨᠵᠢᠯᠡᠭᠡᠨ᠎ᠤ ᠠᠵᠢᠯ᠎ᠢ ᠬᠤᠪᠢᠳᠠᠨ ᠬᠢᠵᠤ ᠪᠠᠢ᠍ᠢ᠍ᠭ᠎ᠠ ᠬᠦᠮᠤᠰ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠡᠮᠦᠨ᠎ᠡ᠎ᠨᠢ ᠳᠠᠭ᠋ᠠᠷᠢᠨ ᠣᠷᠤᠵᠤ᠂ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠣᠨᠣᠪᠴᠢᠲᠠᠶ ᠬᠢᠨᠠᠨ ᠬᠡᠮᠵᠢᠵᠤ᠂ ᠴᠠᠭ ᠲᠤᠬᠠᠶ᠎ᠳᠤᠨᠢ ᠮᠡᠳᠡᠭᠡ ᠵᠠᠩᠭᠢ ᠮᠡᠳᠡᠭᠦᠯᠦᠨ᠂ ᠰᠢᠨᠵᠢᠯᠡᠬᠦ ᠤᠬᠠᠭ᠋ᠠᠨᠴᠢ᠎ᠪᠠᠷ ᠤᠷᠢᠳᠴᠢᠯᠠᠨ ᠲᠥᠰᠦᠭᠡᠯᠡᠵᠤ ᠤᠷᠢᠳᠴᠢᠯᠠᠭᠰᠠᠨ ᠮᠡᠳᠡᠬᠦᠯᠵᠤ᠂ ᠤᠰᠤᠨ᠎ᠤ ᠰᠢᠨᠵᠢᠯᠡᠭᠡᠨ᠎ᠤ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠬᠣᠰᠢᠭᠤᠴᠢ ᠴᠡᠷᠢᠭ ᠪᠠ ᠵᠦᠪᠯᠡᠭᠴᠢ ᠵᠢᠨ ᠦᠢ᠍ᠯᠡᠳᠦᠯ ᠵᠶ᠋ᠠᠨ ᠬᠦᠢ᠍ᠴᠡᠳ ᠪᠠᠳᠠᠷᠠᠭᠤᠯᠤᠨ᠂ ᠶᠡᠬᠡ ᠭᠤᠤᠯ ᠮᠥᠷᠡᠨ ᠪᠠ ᠬᠡᠰᠡᠭ ᠳᠤᠮᠳᠠ ᠵᠢᠵᠢᠭ ᠭᠤᠤᠯ ᠮᠥᠷᠡᠨ᠎ᠳᠤ ᠡᠭᠦᠰᠦᠭᠰᠡᠨ ᠦᠶᠡᠷ ᠤᠰᠤᠳᠤᠯ ᠵᠢᠴᠢ ᠬᠡᠰᠡᠭ ᠮᠤᠵᠢ ᠣᠷᠣᠨ᠎ᠤ ᠬᠦᠨᠳᠦ ᠨᠣᠴᠢᠲᠠᠶ ᠭᠠᠩ ᠬᠠᠭᠰᠠᠷᠠᠭ᠋ᠠᠨ ᠲᠤᠬᠠᠢ᠍ᠢ᠍ᠯᠠᠪᠠᠯ 1998᠎ᠤᠨ ᠬᠥᠬᠡ ᠮᠥᠷᠡᠨ᠂ ᠨᠤᠨ ᠮᠥᠷᠡᠨ᠂ ᠰᠤᠩᠭ᠋ᠠᠷᠢ ᠮᠥᠷᠡᠨ᠎ᠤ ᠰᠠᠪᠠ ᠭᠠᠵᠠᠷ᠎ᠤᠨ ᠴᠢᠨᠠᠷᠲᠠᠶ ᠦᠶᠡᠷ ᠤᠰᠤᠳᠤᠯ᠂ 2019 ᠣᠨ᠎ᠤ ᠬᠡᠲᠦ ᠴᠢᠩᠭ᠎ᠠ ᠲᠠᠶ᠋ᠢᠹᠧᠩ ᠰᠠᠯᠬᠢ 《ᠯᠢᠴᠢᠮᠠ》᠂ ᠡᠮᠦᠨᠡᠲᠦ ᠣᠷᠣᠨ᠎ᠤ ᠬᠡᠰᠡᠭ ᠭᠠᠵᠠᠷ ᠣᠷᠣᠨ᠎ᠤ ᠬᠦᠨᠳᠦ ᠨᠣᠴᠢᠲᠠᠶ ᠭᠠᠩ ᠬᠠᠭᠰᠠᠷᠠᠭ᠋ᠠᠨ ᠵᠡᠷᠭᠡ ᠭᠠᠶ ᠭᠠᠮᠰᠢᠭ᠎ᠢ ᠠᠮᠵᠢᠯᠳᠠ᠎ᠲᠠᠢ ᠠᠷᠭ᠋ᠠᠴᠠᠭ᠋ᠠᠬᠤ ᠵᠢᠨ ᠲᠦᠯᠦᠭᠡ᠂ ᠰᠢᠨᠵᠢᠯᠡᠬᠦ ᠤᠬᠠᠭ᠋ᠠᠨᠴᠢ ᠰᠢᠢ᠍ᠳᠪᠦᠷᠢᠲᠦ ᠪᠣᠳᠣᠯᠭ᠎ᠠ ᠵᠢ ᠲᠤᠯᠭ᠋ᠠᠭ᠋ᠠᠷᠢᠯᠠᠭᠤᠯᠬᠤ᠂ ᠭᠠᠮᠰᠢᠭ᠎ᠤᠨ ᠬᠣᠬᠢᠷᠠᠯ᠎ᠢ ᠪᠠᠭ᠋ᠠᠰᠬᠠᠬᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠬᠤ ᠵᠡᠷᠭᠡ ᠲᠠᠯ᠎ᠠ᠎ᠪᠠᠷ ᠴᠢᠬᠤᠯᠠ ᠦᠶᠯᠡᠳᠦᠯ ᠦᠵᠡᠭᠦᠯᠵᠤ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠢᠯᠡᠳᠲᠡ ᠦᠷ᠎ᠡ ᠠᠰᠢᠭ ᠣᠯᠪᠠ᠃
ᠬᠣᠶᠠᠷ᠎ᠲᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠳᠤ ᠦᠢ᠍ᠡᠯᠴᠢᠯᠡᠪᠡ᠃ ᠠᠵᠤ ᠠᠬᠤᠶ ᠨᠡᠶ᠋ᠢᠭᠡᠮ᠎ᠤᠨ ᠲᠦᠷᠭᠡᠨ ᠬᠥᠭᠵᠢᠯᠲᠡ ᠵᠢ ᠳᠠᠭ᠋ᠠᠯᠳᠤᠨ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ ᠳᠤᠲᠠᠭᠳᠠᠵᠤ᠂ ᠭᠠᠩ ᠬᠠᠭᠤᠷᠠᠶ ᠤᠰᠤ ᠳᠤᠲᠠᠭᠳᠠᠬᠤ ᠠᠰᠠᠭᠤᠳᠠᠯ ᠡᠳᠦᠷ ᠢᠷᠡᠬᠦᠶ᠎ᠡ ᠲᠣᠪᠣᠶ᠋ᠢᠮ᠎ᠠ ᠪᠣᠯᠵᠣ ᠪᠠᠶ᠋ᠢᠨ᠎ᠠ᠃ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠵᠠᠭ᠋ᠠᠭ ᠬᠢᠵᠠᠭ᠋ᠠᠷ᠂ ᠤᠰᠤ ᠬᠠᠩᠭ᠋ᠠᠬᠤ ᠤᠰᠤᠨ ᠰᠤᠷᠪᠤᠯᠵᠢ ᠵᠢᠨ ᠭᠠᠵᠠᠷ᠂ ᠴᠢᠬᠤᠯᠠ ᠡᠵᠡᠮᠳᠡᠯ ᠣᠭᠲᠣᠯᠤᠭ᠋ᠠᠰᠤ ᠵᠢᠨ ᠤᠰᠤᠨ᠎ᠤ ᠬᠡᠮᠵᠢᠶ᠎ᠡ ᠤᠰᠤᠨ᠎ᠤ ᠴᠢᠨᠠᠷ᠎ᠢ ᠬᠢᠨᠠᠨ ᠬᠡᠮᠵᠢᠬᠦ ᠵᠢ ᠴᠢᠩᠭ᠋ᠠᠳᠬᠠᠵᠤ᠂ ᠤᠯᠤᠰ᠎ᠤᠨ ᠭᠠᠵᠠᠷ ᠳᠤᠤᠷᠠᠬᠢ ᠤᠰᠤ ᠵᠢ ᠬᠢᠨᠠᠨ ᠬᠡᠮᠵᠢᠬᠦ ᠢᠨᠵᠧᠨᠧᠷᠢᠩ᠎ᠢ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠢ ᠵᠠᠳᠠᠯᠤᠨ ᠦᠨᠡᠯᠡᠬᠦ ᠪᠠ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ᠂ ᠲᠣᠬᠢᠷᠠᠭᠤᠯᠬᠤ᠂ ᠠᠷᠪᠢᠯᠠᠬᠤ᠂ ᠬᠠᠮᠠᠭ᠋ᠠᠯᠠᠬᠤ ᠵᠡᠷᠭᠡ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠵᠤ᠂ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ 《ᠨᠡᠷ᠎ᠡ᠎ᠠᠴᠠ ᠨᠢᠳᠡᠷ᠎ᠲᠡᠭᠡᠨ ᠬᠥᠷᠬᠥ》 ᠵᠢ ᠪᠠᠲᠤᠯᠠᠪᠠ᠃ ᠢᠯᠠᠩᠭᠤᠶ᠎ᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ᠂ ᠬᠠᠲᠤᠨ ᠭᠣᠣᠯ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ᠂ 《ᠮᠥᠷᠡᠨ᠎ᠢ ᠲᠠᠲᠠᠵᠤ ᠲᠠᠶ᠋ᠢᠾᠧ ᠭᠣᠣᠯ᠎ᠳᠤ ᠨᠡᠮᠡᠷᠢᠯᠡᠬᠦ》᠂ 《ᠬᠠᠲᠤᠨ ᠭᠣᠣᠯ᠎ᠢ ᠲᠠᠲᠠᠵᠤ ᠳᠤᠰᠤᠯ᠎ᠳᠤ ᠨᠡᠮᠡᠷᠢᠯᠡᠬᠦ》᠂ ᠵᠦᠵᠢᠶᠠᠩ ᠮᠥᠷᠡᠨ᠎ᠤ ᠱᠣᠷᠪᠣᠭ ᠵᠶ᠋ᠠᠷ ᠴᠡᠩᠭᠡᠭ ᠤᠰᠤ ᠨᠥᠬᠥᠪᠥᠷᠢᠯᠡᠬᠦ᠂ ᠲᠠᠷᠢᠮ᠎ᠤᠨ ᠭᠣᠣᠯ᠎ᠤᠨ ᠤᠰᠤ ᠵᠢ ᠲᠠᠲᠠᠬᠤ᠂ ᠬᠠᠷ᠎ᠠ ᠭᠣᠣᠯ᠎ᠤᠨ ᠤᠰᠤ ᠵᠢ ᠲᠠᠲᠠᠬᠤ ᠵᠡᠷᠭᠡ ᠠᠵᠢᠯ᠎ᠤᠨ ᠳᠤᠮᠳᠠ᠂ ᠤᠰᠤᠨ᠎ᠤ ᠬᠡᠮᠵᠢᠶ᠎ᠡ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠤᠷᠤᠰᠬᠠᠯ᠎ᠤᠨ ᠳᠤᠮᠳᠠ ᠤᠷᠲᠤ ᠬᠤᠭᠤᠴᠠᠭ᠋ᠠᠨ᠎ᠤ ᠤᠷᠢᠳᠴᠢᠯᠠᠭᠰᠠᠨ ᠮᠡᠳᠡᠭᠡ ᠵᠢ ᠰᠠᠨᠠᠭ᠋ᠠᠴᠢᠯᠠᠭ᠎ᠠ᠎ᠠᠴᠠ᠎ᠪᠠᠨ ᠥᠷᠨᠢᠭᠦᠯᠵᠦ᠂ ᠬᠣᠲᠠ ᠵᠢᠨ ᠤᠰᠤ ᠬᠠᠩᠭ᠋ᠠᠬᠤ ᠠᠮᠤᠷ ᠲᠦᠪᠰᠢᠨ᠎ᠢ ᠪᠠᠲᠤᠯᠠᠬᠤ᠂ ᠭᠣᠣᠯ ᠨᠠᠭᠤᠷ᠎ᠤᠨ ᠤᠰᠤᠨ᠎ᠤ ᠴᠢᠨᠠᠷ ᠪᠠ ᠰᠠᠪᠠ ᠭᠠᠵᠠᠷ᠎ᠤᠨ ᠠᠮᠢ ᠠᠬᠤᠶ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
ᠭᠤᠷᠪᠠ᠎ᠳᠤ ᠤᠰᠤᠨ᠎ᠤ ᠠᠮᠢ ᠠᠬᠤᠶ ᠵᠢᠨ ᠬᠠᠮᠠᠭ᠋ᠠᠯᠠᠯᠲᠠ᠎ᠳᠤ ᠦᠢ᠍ᠯᠡᠴᠢᠯᠡᠪᠠ᠃ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠣᠷᠢᠨ ᠵᠡᠷᠭᠡ ᠰᠢᠨ᠎ᠡ ᠤᠰᠤᠨ᠎ᠤ ᠠᠰᠠᠭᠤᠳᠠᠯ᠎ᠤᠨ ᠡᠮᠦᠨ᠎ᠡ᠂ ᠪᠢᠳᠡ ᠤᠰᠤᠨ᠎ᠤ ᠠᠮᠢ ᠠᠬᠤᠶ ᠵᠢ ᠬᠢᠨᠠᠨ ᠬᠡᠮᠵᠢᠬᠦ ᠠᠵᠢᠯ᠎ᠢ ᠶᠡᠬᠡ᠎ᠪᠠᠷ ᠠᠬᠢᠭᠤᠯᠵᠤ᠂ ᠴᠢᠬᠤᠯᠠ ᠨᠠᠭᠤᠷ ᠴᠥᠭᠥᠷᠥᠮ᠂ ᠤᠰᠤᠨ ᠴᠥᠭᠥᠷᠥᠮ ᠵᠡᠷᠭᠡ ᠤᠰᠤᠨ ᠣᠷᠣᠨ᠎ᠤ ᠵᠠᠮᠠᠭ᠎ᠤᠨ ᠲᠥᠷᠥᠯ᠎ᠢ ᠬᠢᠨᠠᠨ ᠬᠡᠮᠵᠢᠬᠦ ᠵᠢ ᠪᠠᠶ᠋ᠢᠩᠭᠤᠵᠢᠭᠤᠯᠬᠤ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠥᠪᠦᠮᠡᠯ ᠠᠮᠢᠳᠤ ᠪᠣᠳᠠᠰ᠂ ᠢᠷᠣᠭ᠋ᠠᠷᠲᠤ ᠰᠠᠭᠤᠷᠢᠰᠢᠬᠤ ᠵᠢ ᠲᠠᠰᠤᠷᠠᠯᠲᠠ ᠥᠬᠡᠶ ᠥᠷᠭᠡᠳᠬᠡᠪᠡ᠃
ᠳᠥᠷᠪᠡ᠎ᠳᠤ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠳᠤ ᠦᠢ᠍ᠯᠡᠴᠢᠯᠡᠪᠠ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ᠂ ᠪᠦᠬᠦ ᠤᠯᠤᠰ᠎ᠤᠨ ᠬᠡᠪᠴᠢᠶᠡᠨ᠎ᠳᠤ ᠤᠰᠤᠨ᠎ᠤ ᠰᠢᠨᠵᠢᠯᠡᠭᠡᠨ᠎ᠤ ᠮᠠᠲ᠋ᠧᠷᠢᠶᠠᠯ᠎ᠢ ᠰᠢᠰᠲ᠋ᠧᠮ᠎ᠲᠠᠢ ᠴᠡᠭᠴᠡᠯᠡᠨ ᠨᠠᠶ᠋ᠢᠷᠠᠭᠤᠯᠵᠤ ᠬᠡᠪᠯᠡᠪᠡ᠂ 2019 ᠤᠨ ᠪᠣᠯᠲᠠᠯ᠎ᠠ᠂ ᠲᠡᠦᠬᠡ ᠵᠢᠨ ᠤᠰᠤᠨ᠎ᠤ ᠰᠢᠨᠵᠢᠯᠡᠭᠡᠨ᠎ᠤ ᠮᠠᠲ᠋ᠧᠷᠢᠶᠠᠯ ᠵᠢᠴᠢ ᠤᠰᠤᠨ᠎ᠤ ᠰᠢᠨᠵᠢᠯᠡᠭᠡᠨ᠎ᠤ ᠣᠨ᠎ᠤ ᠲᠤᠯᠢ ᠵᠢ ᠨᠡᠢ᠍ᠢ᠍ᠳᠡ 4000 ᠭᠠᠷᠤᠢ ᠳᠡᠪᠲᠡᠷ᠂ ᠪᠠᠷᠤᠭ 254 ᠲᠦᠮᠡᠨ ᠨᠢᠭᠤᠷ᠂ 25 . 4 ᠳ᠋ᠦᠩᠰᠢᠭᠤᠷ ᠲᠣᠭ᠎ᠠ ᠪᠠᠷᠢᠮᠲᠠ ᠵᠢ ᠬᠡᠪᠯᠡᠵᠦ᠂ ᠮᠠᠨ᠎ᠤ ᠤᠯᠤᠰ᠎ᠤᠨ ᠭᠣᠣᠯ ᠪᠣᠯᠬᠤ ᠭᠣᠣᠯ ᠮᠥᠷᠡᠨ᠎ᠢ ᠬᠠᠮᠤᠷᠤᠭᠰᠠᠨ 70 ᠭᠠᠷᠤᠢ ᠵᠢᠯ᠎ᠤᠨ ᠤᠷᠳᠤ ᠰᠢᠷᠢᠰ ᠤᠰᠤᠨ᠎ᠤ ᠰᠢᠨᠵᠢᠡᠯᠭᠡᠨᠤ ᠴᠡᠭᠴᠡᠯᠡᠨ ᠨᠠᠶ᠋ᠢᠷᠠᠭᠤᠯᠤᠭᠰᠠᠨ ᠮᠠᠲ᠋ᠧᠷᠢᠶᠠᠯ᠎ᠢ ᠪᠦᠷᠢᠯᠳᠦᠭᠦᠯᠪᠡ᠃ ᠭᠤᠷᠪᠠᠨ ᠬᠠᠪᠴᠢᠯ᠂ ᠰᠢᠶᠤᠤ ᠯᠠᠩ ᠳ᠋ᠢ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠷᠭᠡ ᠴᠢᠬᠤᠯᠠ ᠶᠡᠬᠡ ᠤᠰᠤᠨ ᠠᠰᠢᠬᠯᠠᠯᠳᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠴᠢ ᠵᠠᠮ ᠬᠠᠷᠢᠯᠴᠠᠭ᠎ᠠ᠂ ᠡᠨᠧᠷᠭᠢ ᠵᠢᠨ ᠰᠤᠷᠪᠤᠯᠵᠢ ᠵᠡᠷᠭᠡ ᠤᠯᠤᠰ᠎ᠤᠨ ᠴᠢᠬᠤᠯᠠ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠎ᠨᠢ ᠴᠥᠮ ᠡᠳᠡᠭᠡᠷ ᠬᠣᠪᠣᠷ ᠨᠠᠨᠳᠢᠨ ᠤᠰᠤᠨ᠎ᠤ ᠰᠢᠨᠵᠢᠯᠡᠭᠡᠨ᠎ᠤ ᠮᠠᠲ᠋ᠧᠷᠢᠶᠠᠯ᠎ᠠᠴᠠ ᠰᠠᠯᠵᠤ ᠴᠢᠳᠠᠬᠤ ᠦᠭᠡᠢ ᠶᠤᠮ᠃ ᠡᠭᠦᠨ᠎ᠤ ᠬᠠᠮᠲᠤ᠂ ᠭᠤᠷᠪᠠᠨ ᠬᠠᠪᠴᠢᠯ ᠪᠣᠯᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠷᠭᠡ ᠴᠢᠬᠤᠯᠠ ᠶᠡᠬᠡ ᠤᠰᠤᠨ ᠠᠰᠢᠬᠯᠠᠯᠳᠠ ᠵᠢᠨ ᠪᠠᠷᠢᠯᠭ᠎ᠠ ᠵᠢᠨ ᠲᠣᠬᠢᠷᠠᠭᠤᠯᠤᠯᠲᠠ ᠳᠤᠮᠳᠠ᠂ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ᠎ᠤᠨ ᠥᠷᠨᠢᠭᠦᠯᠦᠭᠰᠡᠨ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠯᠲᠡ ᠵᠢᠴᠢ ᠤᠷᠢᠳᠴᠢᠯᠠᠭᠰᠠᠨ ᠮᠡᠳᠡᠭᠡ᠎ᠨᠢ ᠢᠨᠵᠧᠨᠧᠷᠢᠩ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠤᠰᠤᠨ᠎ᠤ ᠡᠬᠢ ᠪᠠᠶᠠᠯᠢᠭ᠎ᠢ ᠵᠦᠶ ᠵᠣᠬᠢᠰᠲᠠᠶ ᠲᠣᠬᠢᠷᠠᠭᠤᠯᠬᠤ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃
ᠲᠠᠪᠤ᠎ᠳᠤ ᠭᠡᠨᠡᠳᠲᠡ ᠵᠢᠨ ᠤᠰᠤᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠎ᠳᠤ ᠦᠢ᠍ᠯᠡᠴᠢᠯᠡᠪᠡ᠃ ᠣᠶ᠋ᠢᠷ᠎ᠠ ᠵᠢᠨ ᠵᠢᠯ᠎ᠤᠳ᠎ᠲᠤ᠂ ᠮᠠᠨ᠎ᠤ ᠤᠯᠤᠰ᠎ᠲᠤ ᠭᠡᠨᠡᠳᠲᠡ ᠵᠢᠨ ᠴᠢᠨᠠᠷᠲᠠᠶ ᠤᠰᠤᠨ᠎ᠤ ᠬᠡᠷᠡᠭ ᠣᠯᠠᠨᠲᠠ ᠡᠭᠦᠰᠴᠦ᠂ ᠠᠷᠠᠳ ᠲᠦᠮᠡᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠳᠤ ᠬᠦᠨᠳᠦ ᠨᠣᠴᠢᠲᠠᠶ ᠰᠦᠷᠳᠡᠭᠦᠯᠦᠯ ᠤᠴᠠᠷᠠᠭᠤᠯᠵᠤ ᠪᠠᠶ᠋ᠢᠨ᠎ᠠ᠃ ᠪᠢᠳᠡ ᠲᠦᠷᠭᠡᠨ ᠲᠤᠰᠬᠠᠯ᠎ᠲᠠᠢ᠂ ᠬᠦᠴᠦᠲᠡᠢ ᠪᠠᠲᠤᠯᠠᠭ᠎ᠠ᠎ᠲᠠᠢ ᠤᠰᠤᠨ᠎ᠤ ᠰᠢᠨᠵᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠰᠢᠰᠲ᠋ᠧᠮ᠎ᠢ ᠪᠠᠶ᠋ᠢᠭᠤᠯᠵᠤ᠂ ᠸᠸᠨᠴᠤᠸᠠᠨᠤ ᠭᠠᠵᠠᠷ ᠬᠥᠳᠡᠯᠦᠯᠲᠡ ᠵᠢᠨ ᠲᠠᠩ ᠵᠢᠶᠠ ᠱᠠᠨ ᠠᠭᠤᠯᠠᠨ᠎ᠤ ᠬᠠᠰᠢᠯᠭ᠋ᠠᠲᠤ ᠨᠠᠭᠤᠷ᠂ ᠵᠸᠤᠴᠢᠤᠢ ᠵᠢᠨ ᠣᠨᠴᠠ ᠶᠡᠬᠡ ᠰᠢᠪᠠᠷ ᠴᠢᠯᠠᠭᠤᠨ ᠤᠷᠤᠰᠬᠠᠯ᠂ ᠰᠤᠩᠭ᠋ᠠᠷᠢ ᠮᠥᠷᠡᠨ᠎ᠤ ᠪᠣᠬᠢᠷᠲᠤᠯ᠂ ᠵᠢᠨ ᠱᠠ ᠵᠢᠶᠠᠩ ᠮᠥᠷᠡᠨ᠎ᠤ ᠪᠠᠢ᠍ᠢ᠍ᠬᠧ ᠵᠢᠨ ᠬᠠᠰᠢᠯᠭ᠋ᠠᠲᠤ ᠨᠠᠭᠤᠷ ᠵᠡᠷᠭᠡ ᠭᠡᠨᠡᠳᠲᠡ ᠡᠭᠦᠰᠦᠭᠰᠡᠨ ᠤᠰᠤᠨ᠎ᠤ ᠬᠡᠷᠡᠭ᠎ᠢ ᠠᠷᠭ᠋ᠠᠴᠠᠭ᠋ᠠᠬᠤ ᠳᠤᠮᠳᠠ᠂ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ ᠦᠳᠲᠡᠷ ᠲᠦᠷᠭᠡᠨ ᠴᠤᠤᠷᠢᠶᠠᠲᠤᠨ ᠲᠠᠭ᠋ᠠᠵᠦ᠂ ᠬᠢᠨᠠᠨ ᠬᠡᠮᠵᠢᠭᠰᠡᠨ ᠮᠡᠳᠡᠭᠡ ᠵᠠᠩᠭᠢ ᠪᠠ ᠵᠠᠳᠠᠯᠵᠤ ᠵᠢᠱ᠌ᠢᠭᠰᠡᠨ ᠦᠷ᠎ᠡ ᠪᠦᠲᠦᠭᠡᠯ ᠵᠶ᠋ᠠᠨ ᠴᠠᠭ ᠲᠤᠬᠠᠢᠳᠤᠨᠢ ᠬᠠᠩᠭ᠋ᠠᠵᠤ᠂ ᠭᠡᠨᠡᠳᠲᠡ ᠡᠭᠦᠰᠦᠭᠰᠡᠨ ᠭᠠᠮᠰᠢᠭ᠎ᠤᠨ ᠬᠡᠷᠡᠭ᠎ᠢ ᠪᠦᠲᠦᠮᠵᠢᠲᠡᠢ ᠰᠢᠢ᠍ᠳᠪᠦᠷᠢᠯᠡᠬᠦ᠎ᠳᠤ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠪᠠ᠃
ᠵᠢᠷᠭᠤᠭ᠎ᠠ᠎ᠳᠤ ᠨᠡᠶ᠋ᠢᠭᠡᠮ᠎ᠤᠨ ᠣᠯᠠᠨ ᠨᠡᠶ᠋ᠢᠲᠡ ᠵᠢᠨ ᠡᠳᠦᠷ ᠲᠤᠲᠤᠮ᠎ᠤᠨ ᠠᠮᠢᠳᠤᠷᠠᠯ᠎ᠳᠤ ᠦᠢ᠍ᠯᠡᠴᠢᠯᠡᠪᠡ᠃ ᠠᠵᠤ ᠠᠬᠤᠶ ᠨᠡᠶ᠋ᠢᠭᠡᠮ᠎ᠤᠨ ᠲᠠᠰᠤᠷᠠᠯᠲᠠ ᠦᠭᠡᠢ ᠬᠥᠭᠵᠢᠬᠦ ᠵᠢ ᠳᠠᠭ᠋ᠠᠯᠳᠤᠨ᠂ ᠨᠡᠶ᠋ᠢᠭᠡᠮ᠎ᠤᠨ ᠤᠰᠤᠨ᠎ᠤ ᠰᠢᠨᠵᠢᠯᠡᠭᠡᠨ᠎ᠤ ᠮᠠᠲ᠋ᠧᠷᠢᠶᠠᠯ᠎ᠤᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ ᠪᠠᠶ᠋ᠢᠨ᠎ᠠ᠃ ᠡᠯ᠎ᠡ ᠱᠠᠲᠤᠨ᠎ᠤ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ᠎ᠤᠨ᠎ᠬᠢᠨ ᠰᠣᠨᠢᠨ ᠮᠡᠳᠡᠭᠡᠨ᠎ᠤ ᠵᠠᠭᠤᠴᠢᠯᠠᠭᠤᠷ᠂ ᠤᠰᠤᠨ᠎ᠤ ᠰᠢᠨᠵᠢᠯᠡᠭᠡᠨ᠎ᠤ ᠮᠡᠳᠡᠭᠡ ᠵᠠᠩᠭᠢ ᠵᠢᠨ ᠰᠢᠰᠲᠸᠮ ᠪᠣᠯᠤᠨ ᠡᠯ᠎ᠡ ᠲᠥᠷᠥᠯ᠎ᠤᠨ ᠠᠯᠪᠠᠨ ᠮᠡᠳᠡᠭᠡ᠂ ᠲᠣᠪᠴᠢ ᠮᠡᠳᠡᠭᠡ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠨᠡᠶ᠋ᠢᠭᠡᠮ ᠨᠡᠶ᠋ᠢᠲᠡ᠎ᠳᠤ ᠤᠰᠤᠨ᠎ᠤ ᠰᠢᠨᠵᠢᠯᠡᠭᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠢ ᠴᠠᠭ ᠲᠤᠬᠠᠶ᠎ᠳᠤᠨᠢ ᠬᠠᠩᠭ᠋ᠠᠵᠤ᠂ ᠤᠰᠤᠨ᠎ᠤ ᠰᠢᠨᠵᠢᠯᠡᠭᠡᠨ᠎ᠤ ᠮᠠᠲ᠋ᠧᠷᠢᠶᠠᠯ᠎ᠢ ᠢᠯᠡ ᠪᠣᠯᠭ᠋ᠠᠵᠤ ᠬᠠᠮᠲᠤ᠎ᠳᠠᠭᠠᠨ ᠡᠳ᠋ᠯᠡᠬᠦ ᠵᠢ ᠲᠠᠰᠤᠷᠠᠯᠲᠠ ᠤᠢ᠍ᠭᠡᠢ ᠴᠢᠩᠭ᠋ᠠᠳᠬᠠᠪᠠ᠃ ᠡᠭᠦᠨ᠎ᠠᠴᠠ ᠭᠠᠳᠠᠨ᠎ᠠ᠂ ᠡᠯ᠎ᠡ ᠱᠠᠲᠤᠨ᠎ᠤ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ᠎ᠤᠨ᠎ᠬᠢᠨ ᠨᠡᠶ᠋ᠢᠭᠡᠮ᠎ᠤᠨ ᠣᠯᠠᠨ ᠨᠡᠶ᠋ᠢᠲᠡ ᠵᠢᠨ ᠤᠰᠤᠨ᠎ᠤ ᠪᠠᠶ᠋ᠢᠳᠠᠯ᠎ᠳᠤ ᠦᠶᠯᠡᠴᠢᠯᠡᠬᠦ ᠬᠡᠷᠡᠭᠴᠡᠭᠡ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ 2013 ᠣᠨ᠎ᠳᠤ ᠤᠰᠤᠨ᠎ᠤ ᠪᠠᠶ᠋ᠢᠳᠠᠯ᠎ᠤᠨ ᠰᠡᠷᠡᠮᠵᠢ ᠵᠢ ᠨᠡᠶ᠋ᠢᠲᠡᠯᠡᠬᠦ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠨᠡᠶ᠋ᠢᠲᠡ 6532 ᠤᠳᠠᠭ᠎ᠠ ᠤᠰᠤᠨ᠎ᠤ ᠪᠠᠶ᠋ᠢᠳᠠᠯ᠎ᠤᠨ ᠰᠡᠷᠡᠮᠵᠢ ᠵᠢ ᠨᠡᠶ᠋ᠢᠲᠡᠯᠡᠪᠡ᠂ ᠡᠭᠦᠨ᠎ᠳᠤ 2019 ᠣᠨ᠎ᠳᠤ ᠤᠰᠤᠨ᠎ᠤ ᠪᠠᠶ᠋ᠢᠳᠠᠯ᠎ᠤᠨ ᠰᠡᠷᠡᠮᠵᠢ ᠵᠢ 1694 ᠤᠳᠠᠭ᠎ᠠ ᠨᠡᠶ᠋ᠢᠲᠡᠯᠡᠵᠦ᠂ ᠨᠡᠶ᠋ᠢᠭᠡᠮ᠎ᠤᠨ ᠣᠯᠠᠨ ᠨᠡᠶ᠋ᠢᠲᠡ ᠵᠢᠨ ᠭᠠᠮᠰᠢᠭ᠎ᠢ ᠰᠡᠷᠭᠡᠶ᠋ᠢᠯᠡᠵᠦ ᠠᠶᠤᠯ᠎ᠠᠴᠠ ᠵᠠᠶ᠋ᠢᠯᠠᠬᠤ᠎ᠳᠤ ᠤᠰᠤᠨ᠎ᠤ ᠰᠢᠨᠵᠢᠯᠡᠭᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠢᠳᠡᠪᠬᠢᠲᠡᠶ ᠬᠠᠩᠭ᠋ᠠᠪᠠ᠃
ᠭᠤᠷᠪᠠ᠂ ᠰᠢᠨ᠎ᠡ ᠴᠠᠭ ᠦᠶ᠎ᠡ ᠵᠢᠨ ᠤᠰᠤᠨ᠎ᠤ ᠰᠢᠨᠵᠢᠯᠡᠭᠡᠨ᠎ᠤ ᠬᠥᠭᠵᠢᠯᠲᠡ ᠵᠢᠨ ᠰᠡᠳᠬᠢᠴᠡ
ᠲᠠᠷᠠᠭ᠋ᠠᠴᠢ ᠵᠢᠨ ᠠᠯᠬᠤᠮ᠎ᠳᠤ᠂ ᠪᠢᠳᠡ ᠶᠡᠷᠦᠩᠬᠡᠶ ᠱᠦᠵᠢ ᠵᠢᠨ 《3 . 14》᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠰᠢᠨ᠎ᠡ ᠴᠠᠭ ᠦᠶ᠎ᠡ ᠵᠢᠨ ᠤᠰᠤ ᠵᠢ ᠵᠠᠰᠠᠬᠤ ᠰᠡᠳᠬᠢᠴᠠ᠎ᠪᠠᠷ᠂ ᠤᠰᠤᠨ ᠠᠰᠢᠬᠯᠠᠯᠳᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠤᠷᠠᠳᠤᠭᠰᠠᠨ 《ᠤᠰᠤᠨ ᠠᠰᠢᠬᠯᠠᠯᠳᠠ ᠵᠢᠨ ᠢᠨᠵᠧᠨᠧᠷᠢᠩ᠎ᠤᠨ ᠳᠤᠲᠠᠭᠤᠳᠠᠯ᠎ᠢ ᠨᠥᠬᠥᠪᠥᠷᠢᠯᠡᠵᠦ᠂ ᠤᠰᠤᠨ ᠠᠰᠢᠬᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠤᠰᠤᠨ ᠠᠰᠢᠬᠯᠠᠯᠳᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠴᠢᠪᠬᠠᠳᠠᠵᠤ᠂ ᠤᠰᠤᠨ᠎ᠤ ᠰᠢᠨᠵᠢᠯᠡᠭᠡᠨ᠎ᠤ ᠥᠷᠲᠡᠭᠡᠨ᠎ᠤ ᠰᠦᠯᠵᠢᠶᠡᠨ᠎ᠤ ᠲᠤᠤᠷ᠎ᠤᠨ ᠪᠠᠶ᠋ᠢᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠵᠦ᠂ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠯᠲᠡ᠂ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠ ᠦᠢ᠍ᠯᠡᠴᠢᠯᠡᠭᠡᠨ᠎ᠤ ᠲᠤᠯᠭ᠋ᠠᠭᠤᠷᠢᠯᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠤᠰᠤᠨ᠎ᠤ ᠰᠢᠨᠵᠢᠯᠡᠭᠡᠨ᠎ᠤ ᠠᠵᠢᠯ᠎ᠢ ᠤᠰᠤᠨ ᠠᠰᠢᠬᠯᠠᠯᠳᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠬᠣᠰᠢᠭᠤᠴᠢ ᠪᠤᠯᠵᠤ᠂ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠪᠠ ᠠᠷᠠᠳ ᠲᠦᠮᠡᠨ᠎ᠳᠤ ᠵᠣᠯ ᠵᠢᠷᠭ᠋ᠠᠯᠳᠤ ᠠᠮᠢᠳᠤᠷᠠᠯ᠎ᠢ ᠡᠳ᠋ᠯᠡᠬᠦᠯᠬᠦ᠎ᠳᠤ ᠬᠦᠴᠦᠲᠡᠶ ᠪᠠᠲᠤᠯᠠᠭ᠎ᠠ ᠬᠠᠡᠭᠭ᠋ᠠᠨ᠎ᠠ᠃
ᠪᠢ ᠡᠨᠳᠠ ᠬᠦᠷᠳᠠᠯ᠎ᠠ ᠲᠤᠢ᠍ᠬᠦᠮ ᠲᠠᠨᠢᠯᠴᠠᠭᠤᠯᠤᠶ᠎ᠠ᠂ ᠦᠯᠡᠳᠡᠭᠰᠡᠨ ᠴᠠᠭ᠎ᠢ ᠰᠤᠷᠪᠤᠯᠵᠢᠯᠠᠭᠴᠢ ᠨᠠᠢ᠍ᠢ᠍ᠵᠠ᠎ᠳᠠᠭᠠᠨ ᠲᠤᠰᠢᠶᠠᠶ᠎ᠠ᠂ ᠬᠠᠮᠳᠤ ᠠᠵᠢᠯᠯᠠᠭᠰᠠᠳ᠎ᠲᠠᠢ᠎ᠪᠠᠨ ᠣᠯᠠᠨ᠎ᠤ ᠠᠰᠠᠭᠤᠯᠲᠠ ᠵᠢ ᠬᠠᠷᠢᠭᠤᠯᠤᠭᠰᠠᠨ᠎ᠳᠠᠭᠠᠨ ᠪᠢ ᠮᠠᠰᠢ ᠪᠠᠶᠠᠷᠲᠠᠶ ᠪᠠᠢ᠍ᠢ᠍ᠨ᠎ᠠ᠂ ᠪᠠᠶᠠᠷᠯᠠᠯ᠎ᠠ᠃
ᠯᠢ ᠰᠢᠶᠤᠤ ᠯᠢᠨ᠄ ᠼᠠᠢ ᠵᠢᠶᠠᠨ ᠶᠤᠸᠠᠨ ᠵᠤᠷᠭ᠋ᠠᠨ᠎ᠤ ᠲᠠᠷᠤᠭ᠎ᠠ ᠵᠢᠨ ᠲᠠᠨᠢᠯᠴᠠᠭᠤᠯᠴᠠᠭᠠᠳᠤ ᠪᠠᠶᠠᠷᠯᠠᠯ᠎ᠠ! ᠳᠤᠤᠷ᠎ᠠ ᠠᠰᠠᠭᠤᠯᠲᠠ ᠬᠠᠷᠢᠭᠤᠯᠬᠤ ᠭᠣᠭᠴᠣᠭ᠎ᠠ᠎ᠳᠤ ᠣᠷᠣᠨ᠎ᠠ᠂ ᠠᠰᠠᠭᠤᠯᠲᠠ ᠠᠰᠠᠭᠤᠬᠤ᠎ᠠᠴᠠ᠎ᠪᠠᠨ ᠡᠮᠦᠨ᠎ᠡ ᠰᠤᠷᠪᠤᠯᠵᠢᠯᠠᠭᠴᠢ ᠨᠠᠢ᠍ᠢ᠍ᠵᠠ᠎ᠪᠠᠷ ᠠᠵᠢᠯᠯᠠᠵᠤ ᠪᠠᠢ᠍ᠢ᠍ᠭ᠎ᠠ ᠰᠣᠨᠢᠨ ᠮᠡᠳᠡᠭᠡᠨ᠎ᠤ ᠪᠠᠶ᠋ᠢᠭᠤᠯᠤᠮᠵᠢ᠎ᠳᠤ ᠮᠡᠳᠡᠭᠳᠡᠭᠡᠷᠡᠶ᠃ ᠤᠳᠤ ᠡᠬᠢᠯᠡᠵᠦ ᠠᠰᠠᠭᠤᠶ᠎ᠠ᠃
ᠬᠠᠤᠯᠢ ᠲᠦᠷᠢᠮ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠤᠰᠤᠨ ᠠᠰᠢᠬᠯᠠᠯᠳᠠ ᠵᠢᠨ ᠶᠠᠮᠤᠨ᠎ᠤ ᠬᠢᠨ 《ᠤᠰᠤᠨ ᠠᠰᠢᠬᠯᠠᠯᠳᠠ ᠵᠢᠨ ᠢᠨᠵᠧᠨᠧᠷᠢᠩ ᠵᠶ᠋ᠠᠷ ᠳᠤᠲᠠᠭᠤᠳᠠᠯ᠎ᠢ ᠨᠥᠬᠥᠪᠥᠷᠢᠯᠡᠵᠦ᠂ ᠤᠰᠤᠨ ᠠᠰᠢᠬᠯᠠᠯᠳᠠ ᠵᠢᠨ ᠢᠨᠵᠧᠨᠧᠷᠢᠩ ᠵᠶ᠋ᠠᠷ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠤᠰᠤᠨ ᠠᠰᠢᠬᠯᠠᠯᠳᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠳᠤᠷᠠᠳᠪᠠ᠂ ᠣᠳᠣᠬᠠᠨ᠎ᠳᠤ ᠤᠰᠤᠨ᠎ᠤ ᠰᠢᠨᠵᠢᠯᠡᠭᠡᠨ᠎ᠳᠤ ᠶᠠᠮᠠᠷᠰᠢᠤ ᠳᠤᠲᠠᠭᠤᠳᠠᠯ ᠣᠷᠣᠰᠢᠵᠤ ᠪᠠᠶ᠋ᠢᠬᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠳᠤ ᠬᠡᠷᠬᠢᠨ ᠲᠤᠯᠭ᠋ᠠᠭᠤᠷᠢᠯᠠᠯ ᠬᠠᠩᠭ᠋ᠠᠬᠤ ᠪᠤᠢ᠃ ᠪᠠᠶᠠᠷᠯᠠᠯ᠎ᠠ!
ᠼᠠᠢ ᠵᠢᠶᠠᠨ ᠶᠤᠸᠠᠨ᠄ ᠰᠠᠶᠢᠬᠠᠨ ᠬᠤᠷᠠᠯᠳᠤᠭᠰᠠᠨ ᠪᠦᠬᠦ ᠤᠯᠤᠰ᠎ᠤᠨ ᠤᠰᠤᠨ ᠠᠰᠢᠬᠯᠠᠯᠳᠠ ᠵᠢᠨ ᠠᠵᠢᠯ᠎ᠤᠨ ᠬᠤᠷᠠᠯ ᠳᠡᠭᠡᠷ᠎ᠡ᠂ ᠶᠠᠮᠤᠨ᠎ᠤ ᠰᠠᠶ᠋ᠢᠳ ᠧ ᠵᠢᠩ ᠫᠢᠩ ᠤᠰᠤᠨ ᠠᠰᠢᠬᠯᠠᠯᠳᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠢ ᠬᠦᠭ ᠠᠶᠠᠰ᠎ᠢ ᠪᠠᠷᠢᠮᠲᠠᠯᠠᠨ ᠭᠦᠨᠵᠡᠭᠡᠶ᠋ᠢᠷᠡᠭᠦᠯᠵᠦ᠂ ᠤᠰᠤᠨ ᠠᠰᠢᠬᠯᠠᠯᠳᠠ ᠵᠢᠨ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠬᠦᠴᠦᠯᠡᠨ ᠪᠦᠬᠦ ᠲᠠᠯ᠎ᠠ᠎ᠪᠠᠷ ᠴᠢᠩᠭ᠋ᠠᠳᠬᠠᠵᠤ᠂ ᠤᠰᠤᠨ᠎ᠤ ᠰᠢᠨᠵᠢᠯᠡᠭᠡᠨ᠎ᠤ ᠲᠤᠯᠭ᠋ᠠᠭᠤᠷᠢᠯᠠᠯ᠎ᠢ ᠰᠠᠶ᠋ᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ ᠵᠢᠨ ᠡᠮᠦᠨ᠎ᠡ᠂ ᠣᠳᠣᠬᠠᠨ᠎ᠳᠤ ᠤᠰᠤᠨ᠎ᠤ ᠰᠢᠨᠵᠢᠯᠡᠭᠡᠨ᠎ᠤ ᠠᠵᠢᠯ᠎ᠤᠨ ᠳᠤᠲᠠᠭᠤᠳᠠᠯ ᠲᠣᠪᠣᠶ᠋ᠢᠮ᠎ᠠ ᠪᠠᠶ᠋ᠢᠵᠤ᠂ ᠭᠤᠤᠯᠳᠠᠭᠤ ᠤᠰᠤᠨ᠎ᠤ ᠰᠢᠨᠵᠢᠯᠡᠭᠡᠨ᠎ᠤ ᠬᠡᠮᠵᠢᠨ ᠮᠡᠳᠡᠭᠦᠯᠬᠦ ᠰᠢᠨ᠎ᠡ ᠮᠡᠷᠭᠡᠵᠢᠯ ᠰᠢᠨ᠎ᠡ ᠲᠥᠬᠥᠭᠡᠷᠦᠮᠵᠢ ᠵᠢᠨ ᠬᠡᠷᠡᠭᠯᠡᠯᠲᠡ ᠬᠠᠷᠠᠬᠠᠨ ᠲᠦᠭᠡᠮᠡᠯᠵᠢᠭᠡᠳᠤ᠂ ᠣᠳᠣᠬᠢᠴᠢᠯᠠᠯᠲᠠ ᠵᠢᠨ ᠬᠡᠮᠵᠢᠶ᠎ᠡ ᠳᠤᠤᠷ᠎ᠠ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠳᠤ ᠦᠢ᠍ᠡᠯᠴᠢᠯᠡᠬᠦ ᠤᠰᠤᠨ᠎ᠤ ᠰᠢᠨᠵᠢᠯᠡᠭᠡᠨ᠎ᠤ ᠥᠷᠲᠡᠭᠡᠨ᠎ᠤ ᠲᠤᠤᠷ᠎ᠤᠨ ᠪᠠᠶ᠋ᠢᠷᠢᠰᠢᠭᠤᠯᠤᠯᠲᠠ᠎ᠳᠤ ᠢᠯᠡᠷᠡᠵᠦ᠂ ᠬᠢᠨᠠᠨ ᠬᠡᠮᠵᠢᠵᠦ ᠵᠠᠳᠠᠯᠤᠯᠲᠠ ᠬᠢᠬᠦ᠂ ᠮᠡᠳᠡᠭᠡ ᠵᠠᠩᠭᠢ ᠵᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠰᠢᠰᠲᠸᠮ ᠲᠡᠭᠦᠯᠳᠡᠷᠵᠢᠭᠡᠳᠦᠶ ᠪᠠᠶ᠋ᠢᠨ᠎ᠠ᠂ ᠡᠲᠡᠭᠡᠷ ᠳᠤᠲᠠᠭᠤᠳᠠᠯ᠎ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠡᠷᠦᠩᠬᠡᠶ ᠬᠥᠭ ᠠᠶᠠᠰ᠎ᠲᠠᠢ ᠵᠣᠬᠢᠴᠠᠯᠳᠤᠬᠤ ᠥᠬᠡᠶ ᠪᠠᠶ᠋ᠢᠨ᠎ᠠ᠃
ᠤᠰᠤᠨ ᠠᠰᠢᠬᠯᠠᠯᠳᠠ ᠵᠢᠨ ᠠᠵᠢᠯ ᠲᠥᠷᠥᠯ᠎ᠤᠨ ᠴᠢᠩᠭ᠎ᠠ ᠬᠢᠨᠠᠯᠲᠠ ᠬᠠᠮᠢᠶᠠᠷᠤᠯᠲᠠ᠎ᠳᠤ ᠬᠡᠷᠬᠢᠨ ᠲᠤᠯᠭ᠋ᠠᠭᠤᠷᠢᠯᠠᠯ ᠬᠠᠩᠭ᠋ᠠᠬᠤ ᠪᠢᠯᠡ?
ᠨᠢᠭᠡ ᠲᠠᠯ᠎ᠠ᠎ᠪᠠᠷ᠂ ᠪᠢᠳᠡ ᠤᠰᠤᠨ᠎ᠤ ᠰᠢᠨᠵᠢᠯᠡᠭᠡᠨ᠎ᠤ ᠳᠤᠲᠠᠭᠤᠳᠠᠯ᠎ᠢ ᠨᠥᠬᠥᠪᠥᠷᠢᠯᠡᠬᠦ ᠠᠬᠢᠴᠠ ᠵᠢ ᠲᠦᠷᠭᠡᠳᠬᠡᠵᠦ᠂ ᠤᠰᠤᠨ᠎ᠤ ᠰᠢᠨᠵᠢᠯᠡᠭᠡᠨ᠎ᠤ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠵᠤ᠂ ᠠᠵᠢᠯ᠎ᠤᠨ ᠪᠠᠶ᠋ᠢᠷᠢᠯᠠᠭᠤᠯᠤᠯᠲᠠ ᠵᠢᠨ ᠲᠠᠯ᠎ᠠ᠎ᠪᠠᠷ ᠭᠤᠤᠯᠳᠠᠭᠤ ᠤᠰᠤᠨ᠎ᠤ ᠡᠬᠢ ᠪᠠᠶᠠᠯᠢᠭ᠎ᠤᠨ ᠠᠮᠢ ᠠᠬᠤᠶ ᠤᠰᠤᠨ᠎ᠤ ᠣᠷᠴᠢᠨ ᠲᠣᠭᠣᠷᠢᠨ ᠵᠡᠷᠭᠡ ᠲᠠᠯ᠎ᠠ ᠵᠢᠨ ᠰᠢᠨ᠎ᠡ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠲᠣᠬᠢᠷᠠᠭᠤᠯᠤᠯᠲᠠ ᠬᠢᠵᠦ᠂ ᠤᠰᠤᠨ᠎ᠤ ᠰᠢᠨᠵᠢᠯᠡᠭᠡᠨ᠎ᠤ ᠥᠷᠲᠡᠭᠡᠨ᠎ᠤ ᠲᠤᠤᠷ᠎ᠢ ᠲᠡᠭᠦᠯᠳᠡᠷᠵᠢᠭᠦᠯᠬᠦ ᠭᠡᠷᠡᠭᠳᠡᠢ; ᠠᠵᠢᠯ᠎ᠤᠨ ᠠᠷᠭ᠎ᠠ ᠪᠠᠷᠢᠯ᠎ᠤᠨ ᠲᠠᠯ᠎ᠠ᠎ᠪᠠᠷ ᠭᠤᠤᠯᠳᠠᠭᠤ ᠰᠢᠨ᠎ᠡ ᠮᠡᠷᠭᠡᠵᠢᠯ ᠰᠢᠨ᠎ᠡ ᠲᠣᠨᠣᠭ ᠲᠥᠬᠥᠭᠡᠷᠦᠮᠵᠢ ᠵᠢ ᠰᠤᠳᠤᠯᠤᠨ ᠨᠡᠭᠡᠭᠡᠵᠦ ᠬᠡᠷᠡᠭᠯᠡᠬᠦ᠎ᠪᠠᠷ ᠳᠠᠮᠵᠢᠭᠤᠯᠤᠨ ᠰᠢᠪᠲᠤᠯᠤᠯᠲᠠ ᠭᠠᠷᠭ᠋ᠠᠵᠤ᠂ ᠤᠰᠤᠨ᠎ᠤ ᠰᠣᠶᠣᠯ᠎ᠤᠨ ᠠᠦ᠋ᠲ᠋ᠣᠴᠢᠯᠠᠭᠰᠠᠨ ᠤᠶᠤᠨᠴᠢᠯᠠᠭᠰᠠᠨ ᠬᠢᠷᠢ ᠲᠦᠪᠰᠢᠨ᠎ᠤ ᠲᠠᠯ᠎ᠠ᠎ᠪᠠᠷ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠬᠦ ᠵᠢ ᠪᠡᠶᠡᠯᠡᠭᠦᠯᠬᠦ᠎ᠪᠠᠷ ᠬᠦᠴᠤᠯᠠᠬᠦ ᠭᠡᠷᠡᠭᠳᠡᠢ᠃
ᠨᠥᠭᠥᠭᠡ ᠲᠠᠯ᠎ᠠ᠎ᠪᠠᠷ᠂ ᠪᠢᠳᠡ ᠰᠡᠳᠬᠢᠴᠠ᠎ᠪᠠᠨ ᠲᠦᠷᠭᠡᠳᠬᠡᠨ ᠬᠤᠪᠢᠷᠠᠭᠤᠯᠵᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠦᠢ᠍ᠯᠡᠴᠢᠯᠡᠭᠡᠨ᠎ᠤ ᠲᠤᠯᠭ᠋ᠠᠭᠤᠷᠢᠯᠠᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠤᠰᠤᠨ᠎ᠤ ᠡᠬᠢ ᠪᠠᠶᠠᠯᠢᠭ᠎ᠤᠨ ᠬᠢᠨᠠᠯᠲᠠ ᠬᠠᠮᠢᠶᠠᠷᠤᠯᠲᠠ᠎ᠳᠤ ᠦᠢ᠍ᠯᠡᠴᠢᠯᠡᠬᠦ ᠲᠠᠯ᠎ᠠ᠎ᠪᠠᠷ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠵᠢᠴᠢ ᠠᠮᠢ ᠠᠬᠤᠶ ᠵᠢᠨ ᠤᠷᠤᠰᠴᠠ ᠵᠢ ᠡᠵᠡᠮᠳᠡᠬᠦ ᠣᠭᠲᠣᠯᠤᠭ᠋ᠠᠰᠤ ᠵᠡᠷᠭᠡ ᠤᠰᠤᠨ᠎ᠤ ᠬᠡᠮᠵᠢᠶ᠎ᠡ ᠤᠰᠤᠨ᠎ᠤ ᠴᠢᠨᠠᠷ᠎ᠢ ᠬᠢᠨᠠᠨ ᠰᠢᠨᠵᠢᠬᠦ ᠬᠢᠭᠡᠳ ᠵᠠᠳᠠᠯᠬᠤ ᠵᠢ ᠰᠠᠶ᠋ᠢᠲᠤᠷ ᠬᠢᠵᠦ᠂ ᠭᠤᠤᠯᠳᠠᠯᠭ᠎ᠠ᠎ᠲᠠᠢ ᠤᠰᠤᠨ ᠣᠷᠣᠨ᠎ᠤ ᠤᠰᠤᠨ᠎ᠤ ᠠᠮᠢ ᠠᠬᠤᠶ ᠵᠢ ᠬᠢᠨᠠᠨ ᠰᠢᠨᠵᠢᠵᠦ ᠪᠠᠶ᠋ᠢᠴᠠᠭ᠋ᠠᠬᠤ ᠪᠠ ᠭᠦᠶᠴᠡᠳᠬᠡᠯ ᠲᠣᠭ᠎ᠠ ᠵᠢ ᠵᠠᠳᠠᠯᠬᠤ ᠵᠢ ᠠᠬᠢᠭᠤᠯᠤᠨ᠂ ᠭᠤᠤᠯᠳᠠᠯᠭ᠎ᠠ᠎ᠲᠠᠢ ᠭᠠᠵᠠᠷ ᠣᠷᠣᠨ᠎ᠤ ᠭᠠᠵᠠᠷ ᠳᠤᠤᠷᠠᠬᠢ ᠤᠰᠤ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ᠎ᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠬᠤ ᠴᠢᠳᠠᠪᠤᠷᠢ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠵᠢ ᠲᠦᠷᠭᠡᠳᠬᠡᠨ ᠪᠠᠶ᠋ᠢᠭᠤᠯᠵᠤ᠂ ᠤᠰᠤ ᠵᠢ ᠵᠦᠶ ᠵᠣᠬᠢᠰᠲᠠᠶ ᠬᠤᠪᠢᠶᠠᠷᠢᠯᠠᠬᠤ᠂ ᠤᠰᠤ ᠵᠢ ᠬᠠᠮᠢᠶᠠᠷᠴᠤ ᠬᠡᠷᠡᠭᠯᠡᠬᠦ ᠵᠡᠷᠭᠡ᠎ᠳᠤ ᠬᠢᠨᠠᠨ ᠰᠢᠨᠵᠢᠵᠦ ᠵᠠᠳᠠᠯᠤᠭᠰᠠᠨ ᠦᠷ᠎ᠡ ᠪᠦᠲᠦᠭᠡᠯ᠎ᠢ ᠬᠠᠡᠭᠭ᠋ᠠᠬᠤ ᠭᠡᠷᠡᠭᠳᠡᠢ; ᠭᠣᠣᠯ ᠮᠥᠷᠡᠨ ᠨᠠᠭᠤᠷ ᠴᠥᠭᠥᠷᠥᠮ᠎ᠤᠨ ᠬᠢᠨᠠᠯᠲᠠ ᠬᠠᠮᠢᠶᠠᠷᠤᠯᠲᠠ᠎ᠳᠤ ᠦᠢ᠍ᠯᠡᠴᠢᠯᠡᠬᠦ ᠲᠠᠯ᠎ᠠ᠎ᠪᠠᠷ᠂ ᠭᠣᠣᠯ ᠮᠥᠷᠡᠨ ᠨᠠᠭᠤᠷ ᠴᠥᠭᠥᠷᠥᠮ᠎ᠤᠨ ᠬᠢᠨᠠᠨ ᠬᠡᠮᠵᠢᠯᠲᠡ ᠪᠠ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠰᠢᠰᠲ᠋ᠧᠮ᠎ᠤᠨ ᠤᠰᠤᠨ᠎ᠤ ᠡᠷᠭᠢ ᠵᠢᠨ ᠱᠤᠭᠤᠮ ᠵᠡᠷᠭᠡ ᠦᠨᠳᠦᠰᠦᠨ ᠣᠨᠴᠠᠯᠢᠭ᠎ᠢ ᠡᠵᠡᠮᠰᠢᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠬᠡᠮᠵᠢᠶ᠎ᠡ ᠵᠢ ᠬᠢᠨᠠᠨ ᠬᠡᠮᠵᠢᠵᠦ ᠵᠠᠳᠠᠯᠤᠨ ᠦᠨᠡᠯᠡᠬᠦ ᠵᠢ ᠴᠢᠩᠭ᠋ᠠᠳᠬᠠᠵᠤ᠂ ᠬᠥᠭᠵᠢᠯᠲᠡ ᠵᠢᠨ ᠬᠤᠪᠢᠷᠠᠯᠲᠠ ᠵᠢᠨ ᠬᠠᠨᠳᠤᠰᠢ ᠵᠢ ᠤᠷᠢᠳᠴᠢᠯᠠᠨ ᠵᠢᠱ᠌ᠢᠵᠦ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ; ᠦᠶᠡᠷ ᠤᠰᠤᠳᠤᠯ ᠭᠠᠡᠭ ᠬᠠᠭᠰᠠᠷᠠᠭ᠋ᠠᠨ᠎ᠤ ᠭᠠᠮᠰᠢᠭ᠎ᠢ ᠰᠡᠷᠭᠡᠶ᠋ᠢᠯᠡᠬᠦ᠎ᠳᠤ ᠦᠢ᠍ᠯᠡᠴᠢᠯᠡᠬᠦ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ᠂ ᠬᠡᠮᠵᠢᠨ ᠮᠡᠳᠡᠭᠦᠯᠬᠦ ᠲᠥᠰᠦᠯ ᠵᠶ᠋ᠠᠨ ᠲᠡᠭᠦᠯᠳᠡᠷᠵᠢᠭᠦᠯᠵᠦ᠂ ᠤᠰᠤᠨ᠎ᠤ ᠰᠢᠨᠵᠢᠯᠡᠭᠡ ᠵᠢ ᠬᠢᠨᠠᠨ ᠬᠡᠮᠵᠢᠬᠦ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠵᠢ ᠪᠠᠲᠤᠯᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠢ ᠰᠠᠶ᠋ᠢᠲᠤᠷ ᠠᠳᠬᠤᠵᠤ᠂ ᠦᠶᠡᠷ ᠤᠰᠤᠳᠤᠯ ᠭᠠᠩ ᠬᠠᠭᠰᠠᠷᠠᠭ᠋ᠠᠨ᠎ᠤ ᠭᠠᠮᠰᠢᠭ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢᠨ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ; ᠤᠰᠤᠨ᠎ᠤ ᠪᠠᠷᠢᠯᠭ᠎ᠠ᠎ᠳᠤ ᠦᠢ᠍ᠯᠡᠴᠢᠯᠡᠬᠦ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ᠂ ᠤᠰᠤᠨ᠎ᠳᠤ ᠬᠣᠯᠪᠣᠭᠳᠠᠬᠤ ᠪᠠᠷᠢᠯᠭ᠎ᠠ ᠵᠢᠨ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠭᠰᠡᠨ ᠮᠡᠳᠡᠭᠡ ᠵᠠᠩᠭᠢ ᠵᠢ ᠴᠤᠭᠯᠠᠭᠤᠯᠬᠤ ᠡᠷᠴᠢᠮ ᠵᠶ᠋ᠠᠨ ᠴᠢᠡᠭᠭ᠋ᠠᠷᠠᠭᠤᠯᠤᠨ᠂ ᠤᠰᠤᠨ ᠴᠥᠭᠥᠷᠥᠮ᠎ᠤᠨ ᠪᠦᠯᠦᠭᠵᠢᠯ᠎ᠤᠨ ᠬᠠᠮᠲᠤᠷᠠᠨ ᠲᠤᠬᠢᠷᠠᠭᠤᠯᠬᠤ ᠪᠠ ᠤᠷᠢᠳᠴᠢᠯᠠᠨ ᠮᠡᠳᠡᠭᠡᠯᠡᠬᠦ ᠠᠵᠢᠯᠯᠠᠭ᠎ᠠ ᠵᠢ ᠥᠷᠨᠢᠭᠦᠯᠵᠦ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠢ ᠲᠤᠬᠢᠷᠠᠭᠤᠯᠬᠤ ᠪᠠ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠬᠠᠮᠢᠶᠠᠷᠤᠯᠲᠠ ᠵᠢ ᠬᠢᠨᠠᠨ ᠬᠡᠮᠵᠢᠵᠦ ᠬᠢᠨᠠᠨ ᠡᠵᠡᠮᠳᠡᠬᠦ ᠵᠡᠷᠭᠡ ᠵᠢ ᠰᠠᠶ᠋ᠢᠲᠤᠷ ᠬᠢᠵᠦ᠂ ᠬᠢᠨᠠᠯᠳᠠ ᠬᠠᠮᠢᠶᠠᠷᠤᠯᠳᠠ᠎ᠪᠠᠨ ᠴᠢᠩᠭ᠋ᠠᠳᠬᠠᠬᠤ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠪᠣᠳᠠᠲᠠᠢ ᠠᠵᠢᠯ᠎ᠲᠠᠭᠠᠨ ᠨᠠᠶ᠋ᠢᠳᠠᠪᠤᠷᠢᠵᠢᠭᠤᠯᠬᠤ᠎ᠪᠠᠷ ᠴᠢᠷᠮᠠᠶ᠋ᠢᠬᠤ ᠭᠡᠷᠡᠭᠳᠡᠢ᠃
ᠪᠢ ᠡᠳᠠᠭᠡᠷ ᠲᠠᠯ᠎ᠠ᠎ᠪᠠᠷ ᠬᠠᠷᠢᠭᠤᠯᠤᠶ᠎ᠠ᠂ ᠪᠠᠶᠠᠷᠯᠠᠯ᠎ᠠ!
ᠠᠵᠤ ᠠᠬᠤᠶ ᠵᠢᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠤᠰᠤᠨ᠎ᠤ ᠰᠢᠨᠵᠢᠯᠡᠬᠡᠨ᠎ᠤ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ᠎ᠢ ᠲᠠᠨᠢᠯᠴᠠᠭᠤᠯᠵᠤ ᠦᠭᠬᠦᠨ᠎ᠡ ᠤᠤ? ᠣᠳᠣᠬᠢᠴᠢᠯᠠᠯᠲᠠ ᠵᠢᠨ ᠬᠡᠮᠵᠢᠶ᠎ᠡ ᠣᠳᠣ ᠬᠢᠷᠢ ᠵᠡᠷᠭᠡ ᠪᠤᠢ? ᠪᠠᠶᠠᠷᠯᠠᠯ᠎ᠠ!
ᠵᠠᠩ ᠸᠧᠨ ᠱᠧᠩ᠄ ᠪᠢ ᠲᠠᠨ᠎ᠤ ᠠᠰᠠᠭᠤᠯᠲᠠ ᠵᠢ ᠬᠠᠷᠢᠭᠤᠯᠤᠶ᠎ᠠ᠂ ᠤᠯᠤᠰ ᠪᠠᠶ᠋ᠢᠭᠤᠯᠤᠭᠳᠠᠭᠰᠠᠨ 70 ᠵᠢᠯ᠎ᠤᠨ ᠲᠤᠷᠰᠢ᠂ ᠤᠯᠤᠰ᠎ᠤᠨ ᠤᠰᠤᠨ ᠤ ᠰᠢᠨᠵᠢᠯᠡᠭᠡᠨ᠎ᠤ ᠲᠥᠬᠥᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠯ ᠳᠠᠷᠠᠭ᠋ᠠᠯᠠᠨ ᠨᠡᠮᠡᠭᠳᠡᠪᠡ᠃ ᠪᠦᠷᠢᠳᠬᠡᠯ᠎ᠢ ᠦᠨᠳᠦᠰᠦᠯᠡᠪᠡᠯ᠂ 1949 ᠣᠨ᠎ᠠᠴᠠ 《ᠠᠷᠪᠠᠳᠤᠭ᠋ᠠᠷ ᠲᠠᠪᠤᠨ ᠵᠢᠯ》᠎ᠤᠨ ᠰᠡᠭᠦᠯᠴᠢ ᠪᠣᠯᠲᠠᠯ᠎ᠠ᠂ ᠪᠦᠬᠦ ᠤᠯᠤᠰ᠎ᠤᠨ ᠤᠰᠤᠨ᠎ᠤ ᠰᠢᠨᠵᠢᠯᠡᠭᠡᠨ᠎ᠤ ᠦᠨᠳᠦᠰᠦᠨ ᠪᠦᠲᠦᠭᠡᠨ ᠪᠠᠶ᠋ᠢᠭᠤᠯᠤᠯᠲᠠ᠎ᠳᠤ 42 . 17 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠠᠶ; 《ᠠᠷᠪᠠᠨ ᠨᠢᠬᠡᠳᠦᠬᠡᠷ ᠳᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠦᠬᠦ ᠤᠯᠤᠰ᠎ᠤᠨ ᠤᠰᠤᠨ᠎ᠤ ᠰᠢᠨᠵᠢᠯᠡᠬᠡᠨ᠎ᠤ ᠰᠠᠭᠤᠷᠢ ᠪᠦᠲᠦᠭᠡᠨ ᠪᠠᠶ᠋ᠢᠭᠤᠯᠤᠯᠲᠠ᠎ᠳᠠᠬᠢ ᠪᠡᠯᠡ ᠣᠷᠣᠭᠤᠯᠤᠯᠲᠠ 45 . 58 ᠳ᠋ᠦᠩᠰᠢᠭᠤᠷ ᠲᠥᠭᠥᠷᠢᠭ ᠪᠠᠶ᠋ᠢᠵᠤ᠂ ᠤᠯᠤᠰ ᠪᠠᠶ᠋ᠢᠭᠤᠯᠤᠭᠳᠠᠭᠰᠠᠨ ᠡᠬᠢᠨ᠎ᠤ ᠦᠶ᠎ᠡ᠎ᠠᠴᠠ 《ᠠᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠰᠡᠭᠦᠯᠴᠢ ᠪᠣᠯᠲᠠᠯᠠᠬᠢ ᠪᠡᠯᠡ ᠣᠷᠣᠭᠤᠯᠤᠯᠲᠠ ᠵᠢᠨ ᠶᠡᠷᠦᠩᠬᠡᠶ ᠨᠡᠶ᠋ᠢᠯᠡᠪᠦᠷᠢ᠎ᠲᠠᠢ ᠲᠡᠩᠴᠡᠨ᠎ᠡ; 2011 ᠣᠨ᠎ᠠᠴᠠ 2019᠎ᠤᠨ ᠪᠣᠯᠲᠠᠯ᠎ᠠ᠂ ᠤᠯᠤᠰ᠎ᠠᠴᠠ ᠪᠥᠬᠥ ᠤᠯᠤᠰ᠎ᠤᠨ ᠤᠰᠤᠨ᠎ᠤ ᠰᠢᠨᠵᠢᠯᠡᠭᠡᠨ᠎ᠤ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ ᠨᠡᠶ᠋ᠢᠲᠡ 216 . 40 ᠳ᠋ᠦᠩᠰᠢᠭᠤᠷ ᠲᠥᠭᠥᠷᠢᠭ ᠪᠠᠭᠤᠯᠭ᠋ᠠᠬᠤ᠎ᠪᠠᠷ ᠲᠥᠯᠥᠪᠯᠡᠵᠦ᠂ ᠵᠢᠯ ᠳᠤᠮᠳᠠᠴᠢ ᠵᠢᠨ ᠪᠠᠯᠠ ᠣᠷᠣᠭᠤᠯᠤᠯᠲᠠ ᠵᠢᠨ ᠬᠡᠪᠴᠢᠶ᠎ᠡ 24 . 04 ᠳ᠋ᠦᠩᠰᠢᠭᠤᠷ ᠲᠥᠭᠥᠷᠢᠭ᠎ᠲᠤ ᠬᠦᠷᠴᠡᠶ᠂ ᠡᠨᠡ ᠬᠦ᠌ ᠬᠤᠭᠤᠴᠠᠭ᠎ᠠ ᠪᠣᠯ ᠤᠰᠤᠨ ᠰᠢᠨᠵᠢᠯᠡᠭᠡᠨ᠎ᠤ ᠬᠥᠭᠵᠢᠯᠲᠡ ᠵᠢᠨ ᠲᠡᠦᠬᠡᠨ ᠳᠡᠭᠡᠷᠡᠬᠢ ᠪᠠᠯᠠ ᠣᠷᠣᠭᠤᠯᠤᠯᠲᠠ ᠵᠢᠨ ᠡᠷᠴᠢᠮ ᠵᠶ᠋ᠠᠷ ᠬᠠᠮᠤᠭ᠎ᠤᠨ ᠴᠢᠩᠭ᠎ᠠ᠂ ᠲᠥᠷᠥᠯ ᠵᠦᠢ᠍ᠯ᠎ᠤᠨ ᠲᠣᠭ᠎ᠠ ᠬᠡᠮᠵᠢᠶ᠎ᠡ᠎ᠪᠠᠷ ᠬᠠᠮᠤᠭ᠎ᠤᠨ ᠣᠯᠠᠨ᠂ ᠴᠢᠳᠠᠪᠤᠷᠢ ᠵᠢᠨ ᠳᠡᠭᠡᠭᠰᠢᠯᠡᠯᠲᠡ᠎ᠪᠠᠷ ᠬᠠᠮᠤᠭ᠎ᠤᠨ ᠲᠦᠷᠭᠡᠨ ᠬᠤᠭᠤᠴᠠᠭ᠎ᠠ ᠪᠣᠯᠤᠨ᠎ᠠ ᠭᠡᠵᠦ ᠬᠡᠯᠡᠵᠦ ᠪᠣᠯᠤᠨ᠎ᠠ᠃
ᠶᠡᠬᠡ ᠬᠡᠪᠴᠢᠶᠡᠨ᠎ᠤ ᠤᠰᠤᠨ᠎ᠤ ᠰᠢᠨᠵᠢᠯᠡᠭᠡᠨ᠎ᠤ ᠰᠠᠭᠤᠷᠢ ᠲᠦᠬᠦᠬᠡᠷᠦᠮᠵᠢ ᠵᠢᠨ ᠪᠦᠲᠦᠭᠡᠨ ᠪᠠᠶ᠋ᠢᠭᠤᠯᠤᠯᠲᠠ᠎ᠨᠢ ᠤᠰᠤᠨ᠎ᠤ ᠰᠢᠨᠵᠢᠯᠡᠭᠡᠨ᠎ᠤ ᠦᠢ᠍ᠯᠡᠰ᠎ᠤᠨ ᠳᠠᠪᠠᠯᠲᠠ ᠮᠠᠶᠢᠭ᠎ᠤᠨ ᠬᠥᠭᠵᠢᠯᠲᠡ᠎ᠳᠤ ᠪᠠᠲᠤ ᠪᠡᠬᠢ ᠰᠠᠭᠤᠷᠢ ᠵᠢ ᠲᠠᠯᠪᠢᠵᠤ᠂ ᠤᠰᠤᠨ᠎ᠤ ᠰᠢᠨᠵᠢᠯᠡᠭᠡᠨ᠎ᠤ ᠣᠳᠣᠬᠢᠴᠢᠯᠠᠯᠲᠠ ᠵᠢᠨ ᠬᠡᠮᠵᠢᠶ᠎ᠡ ᠡᠳᠦᠷ ᠢᠷᠡᠬᠦᠶ᠎ᠡ ᠳᠡᠭᠡᠭᠰᠢᠯᠡᠵᠦ᠂ ᠤᠰᠤᠨ ᠠᠰᠢᠭᠯᠠᠯᠲᠠ ᠵᠢᠨ ᠠᠵᠢᠯ ᠪᠣᠯᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠬᠠᠩᠭ᠋ᠠᠭᠰᠠᠨ ᠤᠰᠤᠨ᠎ᠤ ᠰᠢᠨᠵᠢᠯᠡᠭᠡᠨ᠎ᠤ ᠮᠡᠳᠡᠭᠡ ᠵᠠᠩᠭᠢ ᠵᠢ ᠨᠡᠩ ᠪᠦᠬᠦ ᠲᠠᠯ᠎ᠠ᠎ᠪᠠᠷ᠂ ᠨᠡᠩ ᠲᠦᠷᠭᠡᠨ᠂ ᠨᠡᠩ ᠣᠨᠣᠪᠴᠢᠲᠠᠶ ᠪᠣᠯᠭ᠋ᠠᠪᠠ᠃ ᠣᠯᠤᠭᠰᠠᠨ ᠪᠦᠳᠤᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠪᠠ ᠣᠳᠣᠬᠢᠴᠢᠯᠠᠯᠲᠠ ᠵᠢᠨ ᠬᠡᠮᠵᠢᠶ᠎ᠡ ᠭᠣᠣᠯᠳᠠᠭᠤ ᠳᠣᠣᠷᠠᠬᠢ ᠭᠤᠷᠪᠠᠨ ᠲᠠᠯ᠎ᠠ᠎ᠪᠠᠷ ᠢᠯᠡᠷᠡᠵᠦ ᠪᠠᠶ᠋ᠢᠨ᠎ᠠ᠄
ᠨᠢᠭᠡ᠎ᠳᠤ᠂ ᠤᠰᠤᠨ᠎ᠤ ᠰᠢᠨᠵᠢᠯᠡᠭᠡᠨ᠎ᠤ ᠰᠦᠯᠵᠢᠶ᠎ᠡ ᠲᠡᠭᠦᠯᠳᠡᠷᠵᠢᠪᠡ᠃ ᠶᠡᠬᠡ ᠭᠣᠣᠯ ᠮᠥᠷᠡᠨ ᠵᠢᠴᠢ ᠲᠡᠭᠦᠨ᠎ᠤ ᠴᠢᠬᠤᠯᠠ ᠰᠠᠯᠪᠤᠷᠢ ᠤᠷᠤᠰᠬᠠᠯ᠎ᠢ ᠬᠠᠮᠤᠷᠤᠭᠰᠠᠨ᠂ ᠦᠶᠡᠷ᠎ᠢ ᠰᠡᠷᠭᠡᠶ᠋ᠢᠯᠡᠬᠦ ᠭᠤᠤᠯᠳᠠᠯᠭ᠋ᠠᠳᠤ ᠡᠭᠦᠷᠭᠡ᠎ᠲᠠᠢ ᠳᠤᠮᠳᠠ ᠵᠢᠵᠢᠭ ᠭᠣᠣᠯ ᠮᠥᠷᠡᠨ᠎ᠢ ᠬᠠᠮᠤᠷᠤᠭᠰᠠᠨ ᠤᠰᠤᠨ᠎ᠤ ᠰᠢᠨᠵᠢᠯᠡᠬᠡᠨ ᠤ ᠦᠷᠳᠡᠬᠡ ᠵᠢᠨ ᠲᠤᠤᠷᠵᠢᠯ᠎ᠤᠨ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠤᠰᠤᠨ᠎ᠤ ᠰᠢᠨᠵᠢᠯᠡᠬᠡᠨ᠎ᠤ ᠬᠡᠮᠵᠢᠯᠲᠡ ᠵᠢᠨ ᠥᠷᠲᠡᠭᠡᠨ᠎ᠤ ᠲᠣᠭ᠎ᠠ ᠬᠡᠮᠵᠢᠶ᠎ᠡ ᠵᠢ ᠶᠡᠬᠡ᠎ᠪᠠᠷ ᠨᠡᠮᠡᠭᠳᠡᠭᠦᠯᠦᠨ᠂ ᠥᠷᠲᠡᠭᠡᠨ᠎ᠤ ᠲᠣᠣᠷᠵᠢᠯ᠎ᠤᠨ ᠪᠦᠬᠦᠯᠢ ᠴᠣᠭᠴᠠ ᠵᠢᠨ ᠪᠠᠶ᠋ᠢᠷᠢᠰᠢᠯ ᠪᠠ ᠴᠢᠳᠠᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃
ᠬᠣᠶᠠᠷ᠎ᠲᠤ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠬᠦ ᠴᠢᠳᠠᠪᠤᠷᠢ ᠢᠯᠡᠳᠲᠡ ᠴᠢᠩᠭ᠋ᠠᠷᠠᠪᠠ᠃ ᠮᠡᠷᠭᠡᠵᠢᠯ ᠲᠣᠨᠣᠭᠯᠠᠯ᠎ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠤᠰᠤᠨ᠎ᠤ ᠰᠢᠨᠵᠢᠯᠡᠭᠡᠨ ᠊ᠤᠬᠢᠨᠠᠨ ᠬᠡᠮᠵᠢᠯᠲᠡ ᠵᠢᠨ ᠠᠦ᠋ᠲ᠋ᠣᠴᠢᠯᠠᠯᠲᠠ ᠪᠠ ᠮᠡᠳᠡᠭᠡ ᠵᠠᠩᠭᠢᠵᠢᠯᠲᠠ ᠵᠢᠨ ᠬᠡᠮᠵᠢᠶ᠎ᠡ ᠢᠯᠡᠳᠲᠡ ᠳᠡᠭᠡᠭᠰᠢᠯᠡᠵᠦ᠂ ᠪᠣᠷᠣᠭ᠋ᠠᠨ᠎ᠤ ᠬᠡᠮᠵᠢᠶ᠎ᠡ᠂ ᠤᠰᠤᠨ ᠲᠦᠪᠰᠢᠨ ᠵᠡᠷᠭᠡ ᠡᠯᠧᠮᠧᠨ᠋ᠲ ᠨᠢᠭᠡᠨᠲᠡ ᠰᠦᠯᠵᠢᠶᠡᠨ ᠳᠡᠭᠡᠷ᠎ᠡ ᠠᠦ᠋ᠲ᠋ᠣ᠋ ᠬᠢᠨᠠᠨ ᠬᠡᠮᠵᠢᠯᠲᠡ ᠬᠢᠬᠦ ᠵᠢ ᠪᠡᠶᠡᠯᠡᠭᠦᠯᠵᠦ᠂ ᠤᠷᠤᠰᠬᠠᠯ᠎ᠤᠨ ᠬᠡᠮᠵᠢᠶ᠎ᠡ᠂ ᠡᠯᠡᠰᠦ ᠰᠢᠪᠠᠷ᠂ ᠤᠰᠤᠨ᠎ᠤ ᠴᠢᠨᠠᠷ ᠵᠡᠷᠭᠡ ᠡᠯᠧᠮᠧᠨ᠋ᠲ᠂ ᠲᠡᠷᠢᠭᠦᠨ᠎ᠤ ᠮᠡᠷᠭᠡᠵᠢᠯ᠎ᠤᠨ ᠠᠷᠭ᠎ᠠ ᠪᠠᠷᠢᠯ᠎ᠢ ᠥᠷᠭᠡᠨ ᠵᠶ᠋ᠠᠷ ᠬᠡᠷᠡᠭᠯᠡᠨ ᠬᠢᠨᠠᠨ ᠬᠡᠮᠵᠢᠯᠲᠡ ᠬᠢᠵᠦ᠂ ᠠᠦ᠋ᠲ᠋ᠣᠴᠢᠯᠠᠯᠲᠠ ᠵᠢᠨ ᠬᠡᠮᠵᠢᠶ᠎ᠡ ᠴᠦ᠍ ᠲᠠᠰᠤᠷᠠᠯᠲᠠ ᠦᠭᠡᠢ ᠳᠡᠭᠡᠭᠰᠢᠯᠡᠵᠦ᠂ ᠤᠰᠤᠨ᠎ᠤ ᠰᠢᠨᠵᠢᠯᠡᠭᠡᠨ ᠊ᠤᠮᠡᠳᠡᠭᠡ ᠵᠠᠩᠭᠢ ᠵᠢᠨ ᠣᠨᠣᠪᠴᠢᠲᠤ ᠴᠢᠨᠠᠷ᠂ ᠨᠠᠶ᠋ᠢᠳᠠᠪᠤᠷᠢᠲᠤ ᠴᠢᠨᠠᠷ ᠪᠠ ᠴᠠᠭ᠎ᠲᠤ ᠴᠢᠨᠠᠷ ᠢᠯᠡᠳᠲᠡ ᠰᠠᠶ᠋ᠢᠵᠢᠷᠠᠵᠠᠢ᠃
ᠭᠤᠷᠪᠠ᠎ᠳᠤ᠂ ᠤᠰᠤᠨ᠎ᠤ ᠰᠢᠨᠵᠢᠯᠡᠭᠡᠨ ᠊ᠦᠦᠢ᠍ᠯᠡᠴᠢᠯᠡᠭᠡᠨᠤ ᠲᠦᠪᠰᠢᠨ ᠢᠯᠡᠳᠲᠡ ᠳᠡᠭᠡᠭᠰᠢᠯᠡᠪᠡ᠃ ᠤᠰᠤᠨ ᠰᠢᠨᠵᠢᠯᠡᠭᠡᠨ᠎ᠤ ᠰᠠᠯᠠᠭ᠎ᠠ ᠮᠥᠴᠢᠷ ᠵᠢᠴᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠠᠩᠭ᠋ᠠᠵᠤ᠂ ᠤᠰᠤᠨ᠎ᠤ ᠪᠠᠶ᠋ᠢᠳᠠᠯ᠎ᠤᠨ ᠮᠡᠳᠡᠭᠡ ᠵᠠᠩᠭᠢ ᠵᠢ 20 ᠮᠢᠨᠦ᠋ᠲ᠎ᠤᠨ ᠳᠣᠲᠣᠷ᠎ᠠ ᠡᠯ᠎ᠡ ᠱᠠᠲᠤᠨ᠎ᠤ ᠤᠰᠤᠨ᠎ᠤ ᠰᠢᠨᠵᠢᠯᠡᠬᠡᠨ᠎ᠤ ᠪᠠᠶ᠋ᠢᠭᠤᠯᠤᠮᠵᠢ᠎ᠳᠤ ᠳᠠᠮᠵᠢᠭᠤᠯᠵᠤ᠂ ᠦᠶᠡᠷ᠎ᠤᠨ ᠤᠰᠤ ᠵᠢ ᠤᠷᠢᠳᠴᠢᠯᠠᠨ ᠮᠡᠳᠡᠭᠡᠯᠡᠬᠦ ᠶᠡᠷᠦᠩᠬᠡᠶ ᠬᠢᠷᠢ ᠲᠡᠩᠴᠡᠭᠰᠡᠨ ᠨᠣᠷᠮ᠎ᠠ ᠵᠢ 90 %᠎ᠠᠴᠠ ᠳᠡᠭᠡᠭᠰᠢ᠎ᠳᠤ ᠬᠦᠷᠦᠭᠦᠯᠵᠦ᠂ ᠤᠷᠢᠳᠴᠢᠯᠠᠨ ᠮᠡᠳᠡᠬᠦ ᠬᠤᠭᠤᠴᠠᠭ᠎ᠠ ᠵᠢ 3 — 5 ᠡᠳᠦᠷ ᠪᠣᠯᠭ᠋ᠠᠨ᠎ᠠ᠃ ᠡᠭᠦᠨ᠎ᠤ ᠬᠠᠮᠲᠤ᠂ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠪᠠ ᠤᠰᠤ ᠬᠠᠩᠭ᠋ᠠᠬᠤ ᠤᠰᠤᠨ ᠰᠤᠷᠪᠤᠯᠵᠢ ᠵᠢᠨ ᠭᠠᠵᠠᠷ ᠵᠡᠷᠭᠡ ᠤᠰᠤᠨ᠎ᠤ ᠬᠡᠮᠵᠢᠶ᠎ᠡ ᠤᠰᠤᠨ᠎ᠤ ᠴᠢᠨᠠᠷ ᠤᠰᠤᠨ᠎ᠤ ᠠᠮᠢ ᠠᠬᠤᠶ ᠵᠢᠨ ᠬᠢᠨᠠᠨ ᠰᠢᠨᠵᠢᠬᠦ ᠪᠠ ᠵᠠᠳᠠᠯᠤᠨ ᠦᠨᠡᠯᠡᠬᠦ ᠵᠢ ᠥᠷᠨᠢᠭᠦᠯᠦᠨ᠎ᠡ᠃ ᠺᠣᠮᠫᠢᠦᠲ᠋ᠧᠷ᠎ᠤᠨ ᠲᠣᠣᠷ ᠰᠦᠯᠵᠢᠶ᠎ᠡ ᠪᠣᠯᠤᠨ ᠡᠯ᠎ᠡ ᠲᠥᠷᠥᠯ᠎ᠤᠨ ᠠᠯᠪᠠᠨ ᠮᠡᠳᠡᠭᠡ᠎ᠪᠠᠷ ᠳᠠᠮᠵᠢᠭᠤᠯᠤᠨ᠂ ᠤᠰᠤᠨ᠎ᠤ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠤᠨ ᠮᠡᠳᠡᠭᠡ ᠵᠠᠩᠭᠢ ᠵᠢ ᠨᠡᠶ᠋ᠢᠲᠡᠯᠡᠵᠦ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠣᠯᠤᠨ ᠨᠡᠶ᠋ᠢᠭᠡᠮ ᠨᠡᠶ᠋ᠢᠲᠡ᠎ᠳᠤ ᠤᠰᠤᠨ ᠰᠢᠨᠵᠢᠯᠡᠭᠡᠨ᠎ᠤ ᠦᠢ᠍ᠯᠡᠴᠢᠯᠡᠭᠡᠨ᠎ᠢ ᠴᠠᠭ ᠲᠤᠬᠠᠶ᠎ᠳᠤᠨᠢ ᠬᠠᠩᠭ᠋ᠠᠵᠤ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠣᠷᠢᠨ ᠪᠣᠯᠤᠨ ᠤᠰᠤᠨ᠎ᠤ ᠭᠠᠮᠰᠢᠭ᠎ᠤᠨ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠲᠡᠶ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠃
ᠳᠤᠮᠳᠠᠳᠤ ᠤᠯᠤᠰ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠼᠠᠢ ᠵᠤᠷᠭ᠋ᠠᠨ᠎ᠤ ᠳᠠᠷᠤᠭ᠎ᠠ᠎ᠠᠴᠠ ᠠᠰᠠᠭᠤᠬᠤ᠎ᠨᠢ ᠣᠲᠣ ᠤᠯᠤᠰ᠎ᠠᠴᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠬᠤ᠂ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ᠎ᠠᠴᠠ ᠭᠤᠤᠯ ᠮᠥᠷᠡᠨ ᠨᠠᠭᠤᠷ ᠴᠥᠭᠥᠷᠥᠮ᠎ᠤᠨ ᠡᠷᠡᠭᠦᠯ ᠪᠠᠢ᠍ᠢ᠍ᠳᠠᠯ᠎ᠢ ᠬᠠᠮᠠᠭ᠋ᠠᠯᠠᠬᠤ᠂ ᠭᠤᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠪᠠ ᠤᠰᠤᠨ᠎ᠤ ᠬᠡᠮᠵᠢᠶ᠎ᠡ ᠵᠢ ᠪᠠᠲᠤᠯᠠᠬᠤ ᠲᠠᠯ᠎ᠠ᠎ᠪᠠᠷ ᠶᠠᠮᠠᠷ ᠠᠵᠢᠯ ᠬᠢᠭᠰᠡᠨ ᠵᠢᠴᠢ ᠰᠢᠨ᠎ᠡ ᠨᠢᠭᠡ ᠵᠢᠯ᠎ᠳᠤ ᠶᠠᠮᠠᠷ ᠲᠥᠯᠥᠪᠯᠡᠭᠡ᠎ᠲᠠᠢ ᠪᠠᠶ᠋ᠢᠬᠤ ᠵᠢ ᠠᠰᠠᠭᠤᠶ᠎ᠠ? ᠪᠠᠶᠠᠷᠯᠠᠯ᠎ᠠ!
ᠼᠠᠢ ᠵᠢᠶᠠᠨ ᠶᠤᠸᠠᠨ᠄ ᠡᠨᠡ ᠠᠰᠠᠭᠤᠳᠠᠯ᠎ᠢ ᠵᠠᠩ ᠸᠧᠨ ᠱᠧᠩ ᠳᠡᠳ᠋ ᠵᠤᠷᠭ᠋ᠠᠨ᠎ᠤ ᠳᠠᠷᠤᠭ᠎ᠠ᠎ᠪᠠᠷ ᠬᠠᠷᠢᠭᠤᠯᠤᠯᠤᠶᠠ᠂ ᠲᠡᠷᠡ ᠡᠨᠡ ᠠᠵᠢᠯ᠎ᠢ ᠬᠤᠪᠢᠳᠠᠨ ᠬᠠᠮᠢᠶᠠᠷᠴᠤ ᠪᠠᠶ᠋ᠢᠨ᠎ᠠ᠂ ᠲᠡᠷᠡ ᠲᠠᠨ᠎ᠤ ᠠᠰᠠᠭᠤᠯᠲᠠ ᠵᠢ ᠬᠠᠷᠢᠭᠤᠯᠬᠤ᠎ᠪᠠᠷ ᠪᠠᠢ᠍ᠢ᠍ᠨ᠎ᠠ
ᠵᠠᠩ ᠸᠧᠨ ᠱᠧᠩ᠄ ᠣᠯᠠᠨ ᠵᠢᠯ᠎ᠤᠨ ᠲᠤᠷᠰᠢ᠂ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ ᠣᠷᠳᠣ ᠬᠤᠭᠤᠴᠠᠭ᠋ᠠᠨ᠎ᠤ ᠴᠤᠪᠤᠷᠠᠯ ᠤᠰᠤᠨ᠎ᠤ ᠰᠢᠨᠵᠢᠯᠡᠬᠡᠨ᠎ᠤ ᠮᠠᠲ᠋ᠧᠷᠢᠶᠠᠯ ᠪᠠ ᠤᠰᠤᠨ᠎ᠤ ᠰᠢᠨᠵᠢᠯᠡᠬᠡᠨ᠎ᠤ ᠴᠠᠭ ᠳᠤᠬᠠᠢ᠎ᠳᠤᠨᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠴᠢ ᠵᠠᠳᠠᠯᠤᠯᠲᠠ ᠦᠨᠡᠯᠡᠯᠲᠡ ᠵᠢᠨ ᠦᠷ᠎ᠡ ᠪᠦᠲᠦᠭᠡᠯ᠎ᠳᠤ ᠲᠦᠰᠢᠭᠯᠡᠨ᠂ ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ ᠰᠢᠰᠲ᠋ᠧᠮ᠂ ᠡᠷᠭᠢ ᠵᠢᠨ ᠱᠤᠭᠤᠮ᠂ ᠤᠰᠤᠨ᠎ᠤ ᠬᠡᠮᠵᠢᠶ᠎ᠡ᠂ ᠤᠰᠤᠨ᠎ᠤ ᠴᠢᠨᠠᠷ᠂ ᠡᠯᠡᠰᠦ ᠰᠢᠪᠠᠷ᠂ ᠤᠰᠤᠨ᠎ᠤ ᠠᠮᠢ ᠠᠬᠤᠶ ᠵᠡᠷᠭᠡ ᠦᠨᠳᠦᠰᠦᠨ ᠣᠨᠴᠠᠯᠢᠭ᠎ᠢ ᠡᠵᠡᠮᠰᠢᠵᠦ᠂ ᠭᠤᠤᠯ ᠮᠥᠷᠡᠨ ᠨᠠᠭᠤᠷ ᠴᠥᠭᠥᠷᠥᠮ᠎ᠤᠨ ᠬᠤᠪᠢᠷᠠᠯᠲᠠ ᠵᠢ ᠴᠠᠭ ᠲᠤᠬᠠᠶ᠎ᠳᠤᠨᠢ ᠮᠥᠷᠳᠡᠵᠦ᠂ ᠢᠷᠡᠭᠡᠳᠦᠶ ᠵᠢᠨ ᠬᠥᠭᠵᠢᠯᠲᠡ ᠵᠢᠨ ᠪᠠᠶ᠋ᠢᠳᠠᠯ᠎ᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ᠂ ᠭᠤᠤᠯ ᠮᠥᠷᠡᠨ ᠨᠠᠭᠤᠷ ᠴᠥᠭᠥᠷᠥᠮ᠎ᠤᠨ ᠡᠷᠡᠭᠦᠯ ᠪᠠᠢ᠍ᠢ᠍ᠳᠠᠯ᠎ᠢ ᠬᠠᠮᠠᠭ᠋ᠠᠯᠠᠬᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠎ᠳᠤ ᠬᠦᠴᠦᠨ ᠪᠥᠬᠥᠶ ᠤᠰᠤᠨ᠎ᠤ ᠰᠢᠨᠵᠢᠯᠡᠬᠡᠨ᠎ᠤ ᠲᠤᠯᠭ᠋ᠠᠭᠤᠷᠢᠯᠠᠯ ᠬᠠᠩᠭ᠋ᠠᠵᠤ᠂ ᠭᠤᠤᠯᠳᠠᠭᠤ ᠡᠶ᠋ᠢᠮᠦ ᠬᠡᠳᠦᠨ ᠲᠠᠯ᠎ᠠ ᠵᠢᠨ ᠠᠵᠢᠯ᠎ᠢ ᠥᠷᠨᠢᠭᠦᠯᠪᠡ᠄
ᠨᠢᠭᠡ᠎ᠳᠤ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ 《ᠤᠯᠠᠭ᠋ᠠᠨ ᠨᠣᠭᠣᠭ᠋ᠠᠨ ᠳ᠋ᠧᠩ》᠎ᠢ ᠰᠠᠶ᠋ᠢᠲᠤᠷ ᠬᠢᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢ ᠬᠢᠨᠠᠨ ᠬᠡᠮᠵᠢᠬᠦ ᠠᠵᠢᠯ ᠥᠷᠨᠢᠭᠦᠯᠬᠦ ᠵᠢ ᠵᠣᠬᠢᠶᠠᠨ ᠪᠠᠶ᠋ᠢᠭᠤᠯᠤᠨ ᠠᠬᠢᠭᠤᠯᠵᠤ᠂ ᠭᠣᠣᠯ᠎ᠤᠨ ᠵᠠᠮ᠎ᠤᠨ ᠳᠣᠣᠷ᠎ᠠ ᠤᠰᠤ ᠵᠢ ᠬᠢᠨᠠᠨ ᠬᠡᠮᠵᠢᠬᠦ᠎ᠳᠤ ᠲᠣᠬᠢᠷᠠᠬᠤ ᠤᠰᠤᠨ᠎ᠤ ᠡᠬᠢ ᠪᠠᠶᠠᠯᠢᠭ᠎ᠤᠨ ᠤᠰᠤᠨ᠎ᠤ ᠬᠡᠮᠵᠢᠶ᠎ᠡ ᠵᠢ ᠬᠢᠨᠠᠨ ᠬᠡᠮᠵᠢᠬᠦ ᠮᠡᠷᠭᠡᠵᠢᠯ᠎ᠤᠨ ᠵᠦᠭᠯᠡᠭᠦᠷ᠎ᠢ ᠨᠠᠶ᠋ᠢᠷᠠᠭᠤᠯᠤᠨ ᠵᠣᠬᠢᠶᠠᠨ᠎ᠠ᠃ ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠪᠠᠶ᠋ᠢᠳᠠᠯ᠎ᠤᠨ ᠬᠤᠪᠢᠷᠠᠯᠲᠠ ᠪᠠ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢᠨ ᠬᠠᠨᠤᠮᠵᠢ ᠵᠢᠨ ᠬᠡᠮᠵᠢᠶ᠎ᠡ ᠵᠢ ᠵᠠᠳᠠᠯᠤᠨ ᠦᠨᠡᠯᠡᠨ ᠵᠢᠱ᠌ᠢᠵᠦ᠂ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢ ᠤᠷᠢᠳᠴᠢᠯᠠᠨ ᠰᠡᠷᠡᠮᠵᠢᠯᠡᠭᠦᠯᠬᠦ ᠵᠢ ᠥᠷᠨᠢᠭᠦᠯᠦᠨ᠂ ᠭᠤᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠤᠰᠤᠨ᠎ᠤ ᠬᠡᠮᠵᠢᠶ᠎ᠡ ᠵᠢ ᠪᠠᠲᠤᠯᠠᠬᠤ ᠪᠠ ᠤᠰᠤᠨ᠎ᠤ ᠬᠡᠮᠵᠢᠶ᠎ᠡ ᠵᠢ ᠲᠤᠶ᠋ᠢᠯ᠎ᠤᠨ ᠣᠨᠣᠪᠴᠢᠲᠠᠶ ᠲᠣᠬᠢᠷᠠᠭᠤᠯᠬᠤ᠎ᠳᠤ ᠦᠨᠳᠦᠰᠦᠯᠡᠯ ᠬᠠᠩᠭ᠋ᠠᠨ᠎ᠠ᠃ ᠵᠢᠱ᠌ᠢᠶᠡᠯᠡᠪᠡᠯ᠂ ᠰᠧᠴᠤᠸᠠᠨ᠎ᠤ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ ᠨᠢᠳᠤᠨᠤᠨ ᠮᠢᠨᠵᠢᠶᠠᠩ ᠮᠥᠷᠡᠨ᠂ ᠲᠦᠸᠸᠵᠢᠶᠠᠩ ᠮᠥᠷᠡᠨ᠎ᠤ ᠰᠠᠪᠠ ᠭᠠᠵᠠᠷ᠎ᠲᠤ ᠰᠢᠷᠭᠢᠬᠦ ᠤᠯᠠᠷᠢᠯ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠬᠢᠨᠠᠨ ᠬᠡᠮᠵᠢᠵᠦ᠂ ᠪᠦᠬᠦ ᠵᠢᠯ᠎ᠳᠤ 49 ᠤᠳᠠᠭ᠎ᠠ ᠰᠡᠷᠡᠮᠵᠢ ᠵᠢᠨ ᠲᠤᠬᠢᠶ᠎ᠠ ᠨᠡᠶ᠋ᠢᠲᠡᠯᠡᠵᠦ᠂ ᠮᠢᠨᠵᠢᠶᠠᠩ ᠮᠥᠷᠡᠨ᠂ ᠲᠦ᠍ᠸᠸᠵᠢᠶᠠᠩ ᠮᠥᠷᠡᠨ᠎ᠤ ᠤᠰᠤᠨ᠎ᠤ ᠬᠡᠮᠵᠢᠶ᠎ᠡ ᠵᠢ ᠲᠤᠬᠢᠷᠠᠭᠤᠯᠬᠤ ᠪᠠ ᠬᠠᠮᠢᠶᠠᠷᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠪᠠ᠃ ᠠᠨᠾᠦ᠋ᠢ ᠵᠢᠨ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ ᠶᠢᠩ ᠾᠧ ᠭᠣᠣᠯ᠎ᠤᠨ ᠡᠯ᠎ᠡ ᠣᠭᠲᠣᠯᠤᠭ᠋ᠠᠰᠤ ᠵᠢᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠲᠣᠬᠢᠷᠠᠭᠤᠯᠤᠭᠰᠠᠨ ᠦᠷ᠎ᠡ ᠪᠦᠲᠦᠮᠵᠢ᠎ᠳᠤ ᠬᠢᠨᠠᠨ ᠬᠡᠮᠵᠢᠯᠲᠡ ᠪᠠ ᠵᠠᠳᠠᠯᠤᠯᠲᠠ ᠬᠢᠵᠦ᠂ ᠬᠥᠳᠡᠯᠦᠩᠭᠦᠶ ᠮᠥᠷᠳᠡᠯᠲᠡ ᠪᠠ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠵᠠᠳᠠᠯᠵᠤ᠂ ᠰᠢᠨᠵᠢᠯᠡᠬᠦ ᠤᠬᠠᠭ᠋ᠠᠨᠴᠢ᠎ᠪᠠᠷ ᠤᠰᠤᠨ᠎ᠤ ᠬᠡᠮᠵᠢᠶ᠎ᠡ ᠵᠢ ᠵᠣᠬᠢᠰᠲᠠᠶ ᠲᠣᠬᠢᠷᠠᠭᠤᠯᠬᠤ᠎ᠳᠤ ᠲᠤᠯᠭ᠋ᠠᠭᠤᠷᠢᠯᠠᠯ ᠬᠠᠩᠭ᠋ᠠᠨ᠎ᠠ᠃ ᠨᠠᠷᠢᠯᠢᠭ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢᠨ ᠲᠣᠬᠢᠷᠠᠭᠤᠯᠤᠯᠲᠠ᠎ᠪᠠᠷ ᠳᠡᠮᠵᠢᠨ᠂ ᠡᠯ᠎ᠡ ᠣᠭᠲᠣᠯᠤᠭ᠋ᠠᠰᠤ ᠵᠢᠨ ᠤᠰᠤᠨ᠎ᠤ ᠬᠡᠮᠵᠢᠶ᠎ᠡ ᠵᠢ ᠪᠠᠲᠤᠯᠠᠵᠤ᠂ ᠳᠤᠤᠷᠠᠳᠤ ᠤᠷᠤᠰᠬᠠᠯ᠎ᠤᠨ ᠭᠤᠤᠯ ᠵᠠᠮ᠎ᠤᠨ ᠠᠮᠢ ᠠᠬᠤᠶ ᠵᠢᠨ ᠪᠠᠶ᠋ᠢᠳᠠᠯ᠎ᠢ ᠰᠠᠶ᠋ᠢᠵᠢᠷᠠᠭᠤᠯᠪᠠ᠃
ᠬᠣᠶᠠᠷ᠎ᠲᠤ᠂ ᠤᠰᠤᠨ᠎ᠤ ᠣᠷᠴᠢᠨ ᠲᠣᠭᠣᠷᠢᠨ᠎ᠢ ᠵᠠᠰᠠᠬᠤ 《ᠮᠡᠳᠡᠷᠡᠯ᠎ᠤᠨ ᠲᠤᠤᠷ》᠎ᠢ ᠰᠠᠶ᠋ᠢᠲᠤᠷ ᠬᠢᠬᠦ ᠬᠡᠷᠡᠭᠲᠡᠶ᠃ ᠪᠥᠬᠥ ᠤᠯᠤᠰ᠎ᠤᠨ ᠭᠠᠵᠠᠷ ᠳᠡᠭᠡᠷᠡᠬᠢ ᠤᠰᠤᠨ᠎ᠤ ᠴᠢᠨᠠᠷ᠎ᠤᠨ 14286 ᠥᠷᠲᠡᠭᠡ ᠵᠢᠨ ᠬᠢᠨᠠᠨ ᠬᠡᠮᠵᠢᠯᠲᠡ᠎ᠪᠠᠷ ᠳᠠᠮᠵᠢᠭᠤᠯᠤᠨ᠂ ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠨᠠᠷ᠎ᠤᠨ ᠪᠠᠶ᠋ᠢᠳᠠᠯ᠎ᠢ ᠴᠠᠭ ᠲᠤᠬᠠᠶ᠎ᠳᠤᠨᠢ ᠤᠶ᠋ᠢᠯᠠᠭ᠋ᠠᠨ ᠡᠵᠡᠮᠰᠢᠵᠦ᠂ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠥᠷᠨᠢᠭᠦᠯᠦᠨ᠂ ᠤᠰᠤᠨ᠎ᠤ ᠰᠢᠨᠵᠢᠯᠡᠬᠡᠨ᠎ᠤ ᠬᠢᠨᠠᠨ ᠬᠡᠮᠵᠢᠯᠲᠡ ᠵᠢᠨ 《ᠮᠡᠳᠡᠷᠡᠯ᠎ᠤᠨ ᠲᠤᠤᠷ》᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠤᠤᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠳᠤ ᠨᠠᠶ᠋ᠢᠳᠠᠪᠤᠷᠢᠲᠠᠶ ᠲᠤᠯᠭ᠋ᠠᠭᠤᠷᠢᠯᠠᠯ ᠬᠠᠩᠭ᠋ᠠᠪᠠ᠃ ᠵᠢᠱ᠌ᠢᠶᠡᠯᠡᠪᠡᠯ ᠪᠡᠭᠡᠵᠢᠩ᠎ᠤᠨ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠬᠥᠳᠡᠯᠦᠩᠭᠦᠶ ᠵᠠᠳᠠᠯᠤᠯᠲᠠ ᠬᠢᠬᠦ᠎ᠪᠠᠷ ᠳᠠᠮᠵᠢᠭᠤᠯᠤᠨ᠂ ᠪᠣᠬᠢᠷ ᠦᠮᠡᠬᠡᠶ ᠤᠰᠤᠨ ᠴᠣᠭᠴᠠ ᠵᠢ ᠵᠠᠰᠠᠭᠰᠠᠨ ᠦᠷ᠎ᠡ ᠪᠦᠲᠦᠮᠵᠢ ᠵᠢ ᠮᠥᠷᠳᠡᠨ ᠦᠨᠡᠯᠡᠨ ᠵᠢᠱ᠌ᠢᠵᠦ ᠪᠠᠶ᠋ᠢᠨ᠎ᠠ᠃ ᠹᠦᠵᠢᠶᠠᠨ᠎ᠤ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ 729 ᠰᠢᠶᠠᠩ ᠪᠠᠯᠭ᠋ᠠᠰᠤᠨ᠎ᠤ ᠠᠭᠤᠯᠵᠠᠷ᠎ᠤᠨ ᠤᠰᠤᠨ᠎ᠤ ᠴᠢᠨᠠᠷ᠎ᠢ ᠬᠢᠨᠠᠨ ᠬᠡᠮᠵᠢᠬᠦ ᠣᠭᠲᠣᠯᠤᠭ᠋ᠠᠰᠤ ᠵᠢᠨ ᠴᠡᠭ ᠭᠠᠷᠭ᠋ᠠᠵᠤ᠂ ᠵᠠᠰᠠᠭ ᠵᠠᠬᠢᠷᠭ᠋ᠠᠨ᠎ᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ ᠪᠠ ᠬᠢᠨᠠᠨ ᠰᠢᠯᠭ᠋ᠠᠬᠤ ᠵᠢ ᠲᠤᠯᠭ᠋ᠠᠭᠤᠷᠢᠯᠠᠪᠠ᠃
ᠭᠤᠷᠪᠠ᠎ᠳᠤ᠂ ᠤᠰᠤᠨ᠎ᠤ ᠠᠮᠢ ᠠᠬᠤᠶ ᠵᠢᠨ ᠬᠠᠮᠠᠭ᠋ᠠᠯᠠᠯᠲᠠ ᠵᠢᠨ 《ᠮᠥᠷᠳᠡᠭᠴᠢ》 ᠪᠣᠯᠬᠤ ᠬᠡᠷᠡᠭᠲᠡᠶ᠃ ᠤᠰᠤᠨ᠎ᠤ ᠠᠮᠢ ᠠᠬᠤᠶ ᠵᠢᠨ ᠬᠠᠮᠠᠭ᠋ᠠᠯᠠᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠵᠠᠮᠠᠭ᠎ᠤᠨ ᠲᠥᠷᠥᠯ᠎ᠢ ᠬᠢᠨᠠᠨ ᠰᠢᠨᠵᠢᠬᠦ ᠵᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠦᠢ᠍ᠯᠡᠴᠢᠯᠡᠭᠡ᠂ ᠵᠣᠬᠢᠶᠠᠨ ᠪᠠᠶ᠋ᠢᠭᠤᠯᠤᠯᠲᠠ ᠵᠢᠨ ᠲᠤᠷᠰᠢᠯᠲᠠ ᠵᠢ ᠢᠳᠡᠪᠬᠢᠲᠡᠶ ᠥᠷᠭᠡᠳᠬᠡᠵᠦ᠂ ᠤᠰᠤᠨ᠎ᠤ ᠢᠷᠣᠭ᠋ᠠᠷ᠎ᠤᠨ ᠠᠮᠢᠳᠤ ᠪᠣᠳᠠᠰ᠂ ᠬᠥᠪᠦᠮᠡᠯ ᠠᠮᠢᠲᠠᠨ᠂ ᠤᠰᠤᠨ᠎ᠤ ᠤᠷᠭᠤᠮᠠᠯ᠂ ᠵᠢᠭ᠋ᠠᠰᠤᠨ᠎ᠤ ᠲᠥᠷᠥᠯ ᠵᠡᠷᠭᠡ ᠵᠢ ᠬᠢᠨᠠᠨ ᠰᠢᠨᠵᠢᠬᠦ ᠵᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠠᠬᠢᠭᠤᠯᠵᠤ᠂ ᠠᠮᠢ ᠠᠬᠤᠶ ᠵᠢ ᠵᠠᠰᠠᠨ ᠰᠡᠷᠭᠦᠭᠡᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠡᠷᠭᠡ ᠵᠢ ᠥᠷᠨᠢᠭᠦᠯᠦᠨ᠎ᠡ᠃ ᠵᠢᠱ᠌ᠢᠶᠡᠯᠡᠪᠡᠯ᠎ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ᠎ᠲᠠᠢ ᠬᠤ᠌ ᠨᠠᠭᠤᠷ᠎ᠢ ᠲᠣᠭᠣᠷᠢᠭᠰᠠᠨ 29 ᠬᠢᠨᠠᠨ ᠬᠡᠮᠵᠢᠬᠦ ᠥᠷᠲᠡᠭᠡ ᠴᠡᠭ᠎ᠤᠨ ᠬᠥᠬᠡ ᠵᠠᠮᠠᠭ᠎ᠤᠨ ᠪᠠᠶ᠋ᠢᠴᠠᠭ᠋ᠠᠯᠲᠠ ᠵᠢ ᠥᠷᠨᠢᠭᠦᠯᠵᠦ᠂ ᠵᠢᠶᠠᠩᠰᠢ ᠵᠢᠨ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ ᠪᠥᠬᠥ ᠮᠤᠵᠢ ᠵᠢᠨ 86 ᠲᠣᠮᠣ ᠬᠡᠯᠪᠡᠷᠢ ᠵᠢᠨ ᠨᠠᠭᠤᠷ ᠴᠥᠭᠥᠷᠥᠮ᠎ᠳᠤ ᠬᠥᠪᠦᠮᠡᠯ ᠤᠷᠭᠤᠮᠠᠯ᠂ ᠬᠥᠪᠦᠮᠡᠯ ᠠᠮᠢᠲᠠᠨ᠂ ᠢᠷᠣᠭ᠋ᠠᠷ᠎ᠤᠨ ᠠᠮᠢᠲᠠᠨ᠂ ᠵᠢᠭ᠋ᠠᠰᠤᠨ᠎ᠤ ᠲᠥᠷᠥᠯ ᠵᠡᠷᠭᠡ ᠤᠰᠤᠨ᠎ᠤ ᠠᠮᠢ ᠠᠬᠤᠶ ᠵᠢᠨ ᠭᠦᠶᠴᠡᠳᠬᠡᠯ ᠲᠣᠭ᠎ᠠ ᠵᠢ ᠪᠠᠶ᠋ᠢᠴᠠᠭ᠋ᠠᠨ ᠬᠢᠨᠠᠨ ᠬᠡᠮᠵᠢᠵᠦ᠂ ᠤᠰᠤᠨ᠎ᠤ ᠠᠮᠢ ᠠᠬᠤᠶ ᠵᠢᠨ ᠪᠠᠶ᠋ᠢᠳᠠᠯ᠎ᠢ ᠴᠠᠭ ᠲᠤᠬᠠᠶ᠎ᠳᠤᠨᠢ ᠤᠷᠢᠳᠴᠢᠯᠠᠨ ᠰᠡᠷᠡᠮᠵᠢᠯᠡᠭᠦᠯᠪᠡ᠃
ᠳᠥᠷᠪᠡ᠎ᠳᠤ ᠤᠰᠤᠨ ᠣᠷᠣᠨ᠎ᠤ ᠡᠷᠭᠢ ᠵᠢᠨ ᠱᠤᠭᠤᠮ᠎ᠤᠨ ᠬᠠᠮᠢᠶᠠᠷᠤᠯᠲᠠ ᠵᠢᠨ 《ᠴᠣᠨᠵᠢ》 ᠵᠢ ᠰᠠᠶ᠋ᠢᠲᠤᠷ ᠪᠠᠶ᠋ᠢᠭᠤᠯᠬᠤ ᠬᠡᠷᠡᠭᠲᠡᠶ᠃ ᠤᠰᠤᠨ᠎ᠤ ᠰᠢᠨᠵᠢᠯᠡᠬᠡᠨ᠎ᠤ ᠬᠡᠮᠵᠢᠯᠲᠡ ᠵᠢᠨ ᠥᠷᠲᠡᠭᠡ ᠴᠡᠭ ᠣᠯᠠᠨ᠂ ᠱᠤᠭᠤᠮ ᠤᠷᠲᠤ᠂ ᠬᠡᠪᠴᠢᠶ᠎ᠡ ᠥᠷᠭᠡᠨ ᠪᠠᠶ᠋ᠢᠬᠤ ᠳᠠᠪᠠᠭᠤᠯᠢᠭ᠎ᠢ ᠪᠠᠳᠠᠷᠠᠭᠤᠯᠵᠤ᠂ ᠭᠣᠣᠯ ᠮᠥᠷᠡᠨ ᠨᠠᠭᠤᠷ ᠴᠥᠭᠥᠷᠥᠮ ᠳᠠᠭ᠋ᠠᠤ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠴᠠᠭᠳᠠᠨ ᠬᠡᠮᠵᠢᠬᠦ᠎ᠪᠠᠷ ᠳᠠᠮᠵᠢᠨ᠂ ᠭᠣᠣᠯ᠎ᠤᠨ ᠤᠷᠤᠰᠬᠠᠯ᠎ᠤᠨ ᠵᠠᠮ᠎ᠢ ᠡᠵᠡᠯᠡᠭᠰᠡᠨ᠂ ᠨᠠᠭᠤᠷ ᠴᠥᠭᠥᠷᠥᠮ᠎ᠢ ᠬᠦᠷᠢᠶᠡᠯᠡᠨ ᠬᠠᠭ᠋ᠠᠯᠪᠤᠷᠢᠯᠠᠭᠰᠠᠨ᠂ ᠬᠠᠤᠯᠢ ᠪᠤᠰᠤ᠎ᠪᠠᠷ ᠡᠯᠡᠰᠦ ᠮᠠᠯᠲᠠᠭᠰᠠᠨ ᠵᠡᠷᠭᠡ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠂ ᠡᠷᠭᠢ ᠵᠢᠨ ᠬᠦᠪᠡᠬᠡ ᠳᠠᠭ᠋ᠠᠤ ᠢᠯᠭ᠋ᠠᠷᠠᠭᠤᠯᠤᠨ ᠴᠡᠭᠴᠡᠯᠡᠬᠦ᠂ ᠭᠣᠣᠯ ᠴᠥᠭᠥᠷᠥᠮ᠎ᠤᠨ ᠤᠰᠤᠨ ᠣᠷᠣᠨ᠎ᠤ ᠡᠷᠭᠢ ᠵᠢᠨ ᠱᠤᠭᠤᠮ ᠲᠠᠭ᠋ᠠᠤ ᠠᠮᠢ ᠠᠬᠤᠶ ᠵᠢᠨ ᠴᠢᠳᠠᠮᠵᠢ ᠵᠢ ᠰᠡᠷᠭᠦᠭᠡᠬᠦ᠎ᠳᠤ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠃ ᠵᠢᠱ᠌ᠢᠶᠡᠯᠡᠪᠡᠯ ᠾᠧᠨᠠᠨ᠎ᠤ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ ᠭᠣᠣᠯ᠎ᠤᠨ ᠤᠷᠤᠰᠬᠠᠯ᠎ᠤᠨ ᠵᠠᠮ ᠳᠡᠭᠡᠷ᠎ᠡ ᠬᠠᠤᠯᠢ ᠪᠤᠰᠤ᠎ᠪᠠᠷ ᠡᠯᠡᠰᠦ ᠮᠠᠯᠲᠠᠭᠰᠠᠨ ᠪᠠᠶ᠋ᠢᠳᠠᠯ᠎ᠢ ᠲᠣᠭᠣᠷᠢᠨ ᠪᠠᠶ᠋ᠢᠴᠠᠭ᠋ᠠᠵᠤ ᠨᠢᠭᠤᠴᠠ᠎ᠪᠠᠷ ᠰᠤᠷᠪᠤᠯᠵᠢᠯᠠᠬᠤ᠂ ᠱᠠᠨᠳᠦ᠋ᠩ᠎ᠤᠨ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ ᠭᠣᠣᠯ ᠮᠥᠷᠡᠨ᠎ᠢ ᠲᠣᠭᠣᠷᠢᠨ ᠪᠠᠶ᠋ᠢᠴᠠᠭ᠋ᠠᠵᠤ ᠭᠣᠣᠯ ᠮᠥᠷᠡᠨ᠎ᠢ ᠬᠠᠮᠠᠭ᠋ᠠᠯᠠᠬᠤ ᠰᠠᠢ᠍ᠢ᠍ᠨ ᠳᠤᠷ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠬᠦ ᠵᠡᠷᠭᠡ ᠪᠣᠯᠤᠨ᠎ᠠ᠃
ᠲᠠᠷᠠᠭ᠋ᠠᠴᠢ ᠵᠢᠨ ᠠᠯᠬᠤᠮ᠎ᠳᠤ᠂ ᠤᠰᠤᠨ᠎ᠤ ᠠᠮᠢ ᠠᠬᠤᠶ ᠤᠰᠤᠨ᠎ᠤ ᠣᠷᠴᠢᠨ ᠲᠣᠭᠣᠷᠢᠨ᠎ᠤ ᠬᠡᠷᠡᠭᠴᠡᠭᠡ ᠱᠠᠭ᠋ᠠᠷᠳᠠᠯᠭ᠎ᠠ᠎ᠠᠴᠠ ᠡᠭᠦᠰᠴᠦ᠂ ᠤᠰᠤᠨ᠎ᠤ ᠰᠢᠨᠵᠢᠯᠡᠬᠡᠨ᠎ᠤ ᠬᠢᠨᠠᠨ ᠬᠡᠮᠵᠢᠬᠦ ᠬᠦᠷᠢᠶ᠎ᠡ ᠴᠠᠷᠠᠭ᠎ᠠ ᠵᠢ ᠤᠯᠠᠮ ᠨᠢᠭᠡ ᠠᠯᠬᠤᠮ ᠥᠷᠭᠡᠳᠬᠡᠨ᠂ ᠠᠰᠠᠭᠤᠳᠠᠯ ᠵᠶ᠋ᠠᠷ ᠲᠣᠪᠣᠶ᠋ᠢᠮ᠎ᠠ ᠭᠤᠤᠯᠳᠠᠯᠭ᠎ᠠ᠎ᠲᠠᠢ ᠭᠤᠤᠯ᠎ᠤᠨ ᠬᠡᠰᠡᠭ᠎ᠢ ᠰᠣᠩᠭᠣᠵᠤ᠂ ᠨᠢᠭᠡ ᠵᠢᠯ᠎ᠤᠨ ᠬᠤᠭᠤᠴᠠᠭ᠎ᠠ᠎ᠲᠠᠢ ᠲᠤᠷᠰᠢᠯᠲᠠ ᠵᠢᠨ ᠠᠵᠢᠯ᠎ᠢ ᠥᠷᠨᠢᠭᠦᠯᠦᠨ᠂ ᠲᠤᠷᠰᠢᠯᠲᠠ ᠵᠢᠨ ᠭᠤᠤᠯ (ᠬᠡᠰᠡᠭ) ᠨᠠᠭᠤᠷ᠎ᠲᠤ ᠤᠰᠤᠨ᠎ᠤ ᠰᠢᠨᠵᠢᠯᠡᠬᠡᠨ᠎ᠤ ᠬᠢᠨᠠᠨ ᠬᠡᠮᠵᠢᠬᠦ ᠣᠭᠲᠣᠯᠤᠭ᠋ᠠᠰᠤ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠣᠲᠣ ᠦᠶ᠎ᠡ ᠵᠢᠨ ᠬᠡᠮᠵᠢᠭᠦᠷᠯᠢᠭ ᠲᠣᠨᠣᠭ ᠲᠥᠬᠥᠭᠡᠷᠦᠮᠵᠢ ᠵᠢ ᠬᠡᠷᠡᠭᠯᠡᠨ᠂ ᠠᠮᠢ ᠠᠬᠤᠶ ᠵᠢᠨ ᠤᠷᠤᠰᠬᠠᠯ (ᠤᠰᠤᠨ ᠲᠦᠪᠰᠢᠨ)᠎ᠤᠨ ᠬᠡᠮᠵᠢᠶ᠎ᠠ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠵᠢ ᠬᠡᠷᠡᠭᠵᠢᠭᠦᠯᠦᠨ᠎ᠡ᠃ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ (ᠤᠰᠤᠨ ᠲᠦᠪᠰᠢᠨ) ᠵᠢ ᠬᠢᠨᠠᠨ ᠬᠡᠮᠵᠢᠬᠦ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠤᠰᠤᠨ᠎ᠤ ᠠᠮᠢ ᠠᠬᠤᠶ ᠵᠢᠨ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠵᠢ ᠠᠯᠬᠤᠮ ᠠᠯᠬᠤᠮ ᠵᠶ᠋ᠠᠷ ᠥᠷᠭᠡᠳᠬᠡᠬᠦ ᠬᠡᠷᠡᠭᠲᠡᠶ᠃ ᠵᠢᠯ᠎ᠤᠨ ᠤᠰᠤᠨ᠎ᠤ ᠬᠡᠮᠵᠢᠶ᠎ᠠ ᠵᠢᠨ ᠬᠤᠪᠢᠷᠠᠯᠳᠠ ᠶᠡᠬᠡ ᠭᠤᠤᠯ᠎ᠤᠨ ᠤᠷᠤᠰᠬᠠᠯ ᠪᠠ ᠭᠤᠤᠯ ᠮᠦᠷᠡᠨ᠎ᠤ ᠵᠠᠮᠠᠭ᠎ᠤᠨ ᠲᠦᠷᠦᠯ᠎ᠢ ᠬᠢᠨᠠᠨ ᠬᠡᠮᠵᠢᠬᠦ ᠡᠴᠡᠤᠰᠤᠨᠤ ᠢᠷᠣᠭ᠋ᠠᠷ᠎ᠤᠨ ᠠᠮᠢᠳᠤ ᠪᠣᠳᠠᠰ᠂ ᠬᠥᠪᠦᠮᠡᠯ ᠠᠮᠢᠲᠠᠨ᠂ ᠤᠰᠤᠨ᠎ᠤ ᠤᠷᠭᠤᠮᠠᠯ᠂ ᠵᠢᠭ᠋ᠠᠰᠤᠨ᠎ᠤ ᠲᠥᠷᠥᠯ ᠵᠡᠷᠭᠡ ᠵᠢ ᠬᠢᠨᠠᠨ ᠰᠢᠨᠵᠢᠬᠦ ᠬᠦ᠍ᠷᠳᠡᠯᠡ ᠦᠷᠬᠡᠳᠬᠡᠨ᠎ᠡ᠃ ᠤᠯᠠᠷᠢᠯ᠎ᠤᠨ ᠴᠢᠨᠠᠷᠳᠠᠢ ᠭᠤᠤᠯ᠎ᠤᠨ ᠤᠷᠤᠰᠬᠠᠯ ᠪᠠ ᠭᠠᠵᠠᠷ ᠳᠤᠤᠷᠠᠬᠢ ᠤᠰᠤ ᠵᠢ ᠬᠡᠳᠤᠷᠡᠳᠡᠯ᠎ᠡ ᠳᠠᠳᠠᠭᠰᠠᠨ ᠤᠷᠤᠨ᠎ᠤ ᠭᠤᠤᠯ ᠮᠦᠷᠡᠨ᠎ᠤ ᠭᠤᠤᠯ᠎ᠤᠨ ᠤᠷᠤᠰᠬᠠᠯ᠎ᠤᠨ ᠤᠰᠤᠨ᠎ᠤ ᠬᠡᠮᠵᠢᠶ᠎ᠠ ᠪᠠ ᠭᠠᠵᠠᠷ ᠳᠤᠤᠷᠠᠬᠢ ᠤᠰᠤᠨ᠎ᠳᠤ ᠬᠢᠨᠠᠨ ᠬᠡᠮᠵᠢᠯᠳᠡ ᠬᠢᠨ᠎ᠡ᠃ ᠬᠢᠨᠠᠨ ᠬᠡᠮᠵᠢᠬᠦ ᠨᠦᠬᠦᠴᠡᠯ᠎ᠲᠠᠢ ᠭᠠᠵᠠᠷ ᠤᠷᠤᠨ᠎ᠳᠤ ᠳᠤᠷᠰᠢᠯᠳᠠ ᠵᠢᠨ ᠴᠡᠭ᠎ᠤᠨ ᠭᠤᠤᠯ᠎ᠤᠨ ᠤᠷᠤᠰᠬᠠᠯ᠎ᠤᠨ ᠭᠤᠤᠯ᠎ᠤᠨ ᠬᠤᠩᠬᠢᠯ᠎ᠤᠨ ᠬᠤᠪᠢᠷᠠᠯᠳᠠ ᠪᠠ ᠭᠤᠤᠯ᠎ᠤᠨ ᠤᠷᠤᠰᠬᠠᠯ᠎ᠤᠨ ᠬᠡᠯᠪᠡᠷᠢ ᠵᠢᠨ ᠬᠤᠪᠢᠷᠠᠯᠳᠠ ᠵᠢ ᠬᠢᠨᠠᠨ ᠬᠡᠮᠵᠢᠨ᠎ᠡ᠃
ᠭᠠᠳᠠᠷ ᠨᠢᠭᠤᠷ᠎ᠤᠨ ᠰᠤᠨᠢᠨ ᠮᠡᠳᠡᠬᠡ ᠵᠢᠨ ᠰᠤᠷᠪᠤᠯᠵᠢᠯᠠᠭᠴᠢ᠄ ᠬᠠᠲᠤᠨ ᠭᠤᠤᠯ᠎ᠤᠨ ᠰᠠᠪᠠ ᠭᠠᠵᠠᠷ᠎ᠨᠢ ᠮᠠᠨ᠎ᠤ ᠤᠯᠤᠰ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠴᠢ ᠠᠮᠢ ᠠᠬᠤᠶ ᠵᠢᠨ ᠠᠮᠤᠷ ᠲᠦᠪᠰᠢᠨ᠎ᠤ ᠲᠠᠯ᠎ᠠ᠎ᠪᠠᠷ ᠲᠤᠶ᠋ᠢᠯ᠎ᠤᠨ ᠴᠢᠬᠤᠯᠠ ᠪᠠᠶ᠋ᠢᠷᠢ ᠰᠠᠭᠤᠷᠢ᠎ᠲᠠᠢ ᠶᠤᠮ᠂ ᠣᠳᠣᠬᠠᠨ᠎ᠳᠤ ᠤᠰᠤᠨ ᠠᠰᠢᠭᠯᠠᠯᠲᠠ ᠵᠢᠨ ᠶᠠᠮᠤᠨ ᠪᠠᠰᠠ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠪᠠ᠂ ᠤᠰᠤᠨ ᠤ ᠰᠢᠨᠵᠢᠯᠡᠭᠡᠨ᠎ᠨᠢ ᠬᠠᠲᠤᠨ ᠭᠤᠤᠯ᠎ᠤᠨ ᠤᠰᠤᠨ᠎ᠤ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠰᠠᠭᠤᠷᠢ ᠠᠵᠢᠯ ᠪᠣᠯᠤᠭᠰᠠᠨ᠎ᠤ ᠬᠤᠪᠢ᠎ᠳᠤ᠂ ᠲᠤᠯᠭ᠋ᠠᠭᠤᠷᠢᠯᠠᠬᠤ ᠪᠠ ᠪᠠᠲᠤᠯᠠᠬᠤ ᠦᠢ᠍ᠯᠡᠳᠦᠯ᠎ᠢ ᠬᠡᠷᠬᠢᠨ ᠰᠠᠶ᠋ᠢᠲᠤᠷ ᠬᠢᠬᠦ ᠪᠣᠶ? ᠪᠠᠶᠠᠷᠯᠠᠯ᠎ᠠ!
ᠼᠠᠢ ᠵᠢᠶᠠᠨ ᠶᠤᠸᠠᠨ᠄ ᠨᠢᠳᠤᠨᠤᠨ᠎ᠤ 9 ᠰᠠᠷ᠎ᠠ ᠵᠢᠨ 18᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠶᠠᠷᠢᠯᠴᠠᠬᠤ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠤᠬᠠᠶ ᠲᠣᠳᠣᠷᠬᠠᠶ ᠪᠠᠶ᠋ᠢᠷᠢ ᠲᠣᠭᠲᠠᠭ᠋ᠠᠯᠲᠠ ᠳᠤᠷᠠᠳᠴᠤ᠂ ᠬᠠᠲᠤᠨ ᠭᠤᠤᠯ᠎ᠢ ᠠᠷᠠᠳ ᠲᠦᠮᠡᠨ᠎ᠳᠤ ᠪᠤᠶᠠᠨ ᠦᠢ᠍ᠯᠡᠳᠬᠦ ᠵᠢᠷᠭ᠋ᠠᠯ᠎ᠤᠨ ᠭᠤᠤᠯ ᠪᠣᠯᠭ᠋ᠠᠬᠤ ᠬᠡᠷᠡᠭᠲᠡᠶ ᠭᠡᠵᠡᠶ᠃
ᠶᠡᠷᠦᠩᠬᠡᠶ ᠱᠦᠵᠢ ᠰᠢ ᠵᠢᠨ ᠫᠢᠩ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ᠎ᠤᠨ᠎ᠬᠢᠨ ᠤᠰᠤᠨ᠎ᠤ ᠰᠢᠨᠵᠢᠯᠡᠭᠡᠨ᠎ᠤ ᠥᠷᠲᠡᠭᠡ ᠲᠤᠤᠷᠵᠢᠯ᠎ᠤᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠬᠦ᠂ ᠤᠰᠤᠨ᠎ᠤ ᠰᠢᠨᠵᠢᠯᠡᠭᠡᠨ᠎ᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠴᠢᠳᠠᠪᠤᠷᠢ ᠵᠢ ᠴᠢᠩᠭ᠋ᠠᠳᠬᠠᠬᠤ᠂ ᠤᠰᠤᠨ᠎ᠤ ᠰᠢᠨᠵᠢᠯᠡᠭᠡᠨ᠎ᠤ ᠮᠡᠳᠡᠭᠡ ᠵᠠᠩᠭᠢ ᠵᠢᠨ ᠦᠶᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ 《ᠶᠡᠬᠡ ᠬᠠᠰᠢᠯᠭ᠎ᠠ ᠰᠡᠳᠡᠷᠡᠬᠦ ᠥᠬᠡᠶ᠂ ᠭᠤᠤᠯ᠎ᠤᠨ ᠤᠷᠤᠰᠬᠠᠯ᠎ᠤᠨ ᠵᠠᠮ ᠲᠠᠰᠤᠷᠠᠯᠲᠠ ᠥᠬᠡᠶ ᠤᠷᠤᠰᠬᠤ᠂ ᠤᠰᠤᠨ᠎ᠤ ᠴᠢᠨᠠᠷ ᠪᠠᠷᠢᠮᠵᠢᠶ᠎ᠠ᠎ᠠᠴᠠ ᠬᠡᠲᠦᠷᠡᠬᠦ ᠥᠬᠡᠶ᠂ ᠭᠤᠤᠯ᠎ᠤᠨ ᠭᠤᠯᠳᠤᠷᠢᠯ᠎ᠢ ᠳᠡᠭᠡᠭᠰᠢᠯᠡᠭᠦᠯᠬᠦ ᠥᠬᠡᠶ》 ᠪᠠᠶ᠋ᠢᠬᠤ ᠵᠢ ᠦᠨᠡᠨ ᠬᠦ᠌ ᠪᠠᠲᠤᠯᠠᠬᠤ᠎ᠳᠤ ᠲᠤᠯᠭ᠋ᠠᠭᠤᠷᠢᠯᠠᠯ ᠪᠠᠲᠤᠯᠠᠭ᠎ᠠ ᠬᠠᠩᠭ᠋ᠠᠵᠤ᠂ ᠳᠤᠤᠷᠠᠬᠢ ᠳᠥᠷᠪᠡᠨ ᠲᠠᠯ᠎ᠠ ᠵᠢᠨ ᠠᠵᠢᠯ᠎ᠢ ᠰᠠᠶ᠋ᠢᠲᠤᠷ ᠬᠢᠨ᠎ᠠ᠄
ᠨᠢᠭᠡ᠎ᠳᠤ ᠤᠰᠤ ᠡᠯᠡᠰᠦ ᠵᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠬᠠᠳᠤᠨ ᠭᠣᠣᠯ᠎ᠤᠨ ᠤᠰᠤ ᠡᠯᠡᠰᠦ ᠵᠢ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠤᠨ ᠡᠵᠡᠮᠳᠡᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃ ᠭᠣᠣᠯᠯᠠᠬᠤ ᠵᠠᠩᠭᠢᠯᠠᠭ᠎ᠠ ᠵᠢᠨ ᠤᠰᠤᠨ ᠴᠥᠭᠥᠷᠥᠮ᠎ᠢ ᠬᠢᠨᠠᠨ ᠬᠡᠮᠵᠢᠬᠦ ᠥᠷᠲᠡᠭᠡ ᠴᠡᠭ᠎ᠢ ᠨᠥᠬᠥᠪᠥᠷᠢᠯᠡᠵᠦ᠂ ᠡᠯᠡᠰᠦ ᠰᠢᠪᠠᠷ᠎ᠢ ᠬᠢᠨᠠᠨ ᠬᠡᠮᠵᠢᠬᠦ ᠥᠷᠲᠡᠭᠡ ᠲᠣᠣᠷ᠎ᠢ ᠰᠢᠯᠢᠳᠡᠭᠵᠢᠭᠦᠯᠦᠨ ᠲᠣᠬᠢᠷᠠᠭᠤᠯᠵᠤ᠂ ᠨᠢᠩᠰᠢᠶᠠ᠎ᠠᠴᠠ ᠥᠪᠥᠷ ᠮᠣᠩᠭᠣᠯ ᠬᠦᠷᠬᠦ ᠰᠥᠩ ᠬᠠᠯᠢᠶ᠎ᠠ ᠵᠢ ᠰᠡᠷᠭᠡᠶ᠋ᠢᠯᠡᠬᠦ ᠭᠣᠣᠯᠳᠠᠯᠭ᠎ᠠ᠎ᠲᠠᠢ ᠭᠣᠣᠯ᠎ᠤᠨ ᠬᠡᠰᠡᠭ᠎ᠤᠨ ᠤᠰᠤᠨ ᠲᠦᠪᠰᠢᠨ᠎ᠢ ᠬᠢᠨᠠᠨ ᠬᠡᠮᠵᠢᠬᠦ ᠥᠷᠲᠡᠭᠡ ᠴᠢᠭ᠎ᠢ ᠨᠢᠭᠲᠠᠷᠠᠭᠤᠯᠵᠤ᠂ ᠳᠠᠯᠠᠶ ᠳᠠᠭ᠋ᠠᠤ ᠣᠷᠣᠨ᠎ᠤ ᠲᠦᠯᠬᠢᠭᠡᠨ᠎ᠤ ᠤᠰᠤᠨ ᠲᠦᠪᠰᠢᠨ᠎ᠤ ᠥᠷᠲᠡᠭᠡ ᠵᠡᠷᠭᠡ ᠵᠢ ᠨᠡᠮᠡᠵᠦ ᠪᠠᠶ᠋ᠢᠭᠤᠯᠤᠨ᠂ ᠤᠰᠤ᠂ ᠪᠣᠷᠣᠭ᠋ᠠᠨ᠂ ᠡᠯᠡᠰᠦ ᠵᠡᠷᠭᠡ ᠬᠢᠨᠠᠨ ᠬᠡᠮᠵᠢᠭᠰᠡᠨ ᠮᠡᠳᠡᠭᠡ ᠵᠠᠩᠭᠢ ᠵᠢᠨ ᠬᠠᠮᠤᠷᠬᠤ ᠬᠡᠪᠴᠢᠶ᠎ᠡ ᠵᠢ ᠥᠷᠭᠡᠳᠬᠡᠬᠦ ᠬᠡᠷᠡᠭᠲᠡᠶ; ᠲᠡᠷᠢᠭᠦᠨ᠎ᠤ ᠲᠠᠭᠤ᠂ ᠬᠡᠷᠡᠯ᠂ ᠴᠠᠬᠢᠯᠭ᠋ᠠᠨ ᠠᠦ᠋ᠲ᠋ᠣ᠋ ᠵᠢᠴᠢ ᠰᠦᠯᠵᠢᠶᠡᠨ ᠳᠡᠭᠡᠷ᠎ᠡ ᠬᠢᠨᠠᠨ ᠰᠢᠨᠵᠢᠬᠦ ᠮᠡᠷᠭᠡᠵᠢᠯ᠎ᠤᠨ ᠠᠷᠭ᠎ᠠ ᠪᠠᠷᠢᠯ᠎ᠢ ᠭᠦᠶᠴᠡᠳ ᠠᠰᠢᠭᠯᠠᠨ᠂ ᠤᠰᠤᠨ ᠰᠢᠨᠵᠢᠯᠡᠭᠡᠨ᠎ᠤ ᠬᠡᠮᠵᠢᠯᠲᠡ ᠵᠢᠨ ᠥᠷᠲᠡᠭᠡ ᠪᠠ ᠬᠢᠨᠠᠨ ᠰᠢᠨᠵᠢᠬᠦ ᠲᠥᠪ᠎ᠢ ᠲᠠᠰ ᠳᠡᠪᠰᠢᠭᠦᠯᠵᠦ᠂ ᠮᠡᠳᠡᠭᠡ ᠵᠠᠩᠭᠢ ᠴᠤᠭᠯᠠᠭᠤᠯᠬᠤ ᠵᠢᠨ ᠴᠠᠭ ᠬᠤᠭᠤᠴᠠᠭ᠋ᠠᠲᠤ ᠴᠢᠨᠠᠷ ᠪᠠ ᠣᠶᠤᠨᠴᠢ᠎ᠪᠠᠷ ᠵᠠᠳᠠᠯᠤᠨ ᠰᠢᠶᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ; ᠴᠠᠭ ᠠᠭᠤᠷ᠂ ᠦᠶᠡᠷ᠂ ᠡᠯᠡᠰᠦ ᠰᠢᠪᠠᠷ᠂ ᠮᠥᠰᠥ ᠵᠡᠷᠭᠡ ᠤᠷᠢᠳᠴᠢᠯᠠᠨ ᠮᠡᠳᠡᠭᠡᠯᠡᠬᠦ ᠵᠠᠭᠪᠤᠷ᠎ᠢ ᠰᠤᠳᠤᠯᠤᠨ ᠰᠠᠶ᠋ᠢᠵᠢᠷᠠᠭᠤᠯᠵᠤ᠂ ᠤᠷᠢᠳᠴᠢᠯᠠᠨ ᠵᠢᠱ᠌ᠢᠵᠦ ᠤᠷᠢᠳᠴᠢᠯᠠᠨ ᠮᠡᠳᠡᠭᠡᠯᠡᠬᠦ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠬᠡᠷᠡᠭᠲᠡᠶ᠃
ᠬᠣᠶᠠᠷ᠎ᠲᠤ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠵᠦ ᠵᠠᠳᠠᠯᠬᠤ ᠠᠵᠢᠯ᠎ᠢ ᠴᠢᠩᠭ᠋ᠠᠳᠬᠠᠨ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠲᠦᠯᠬᠢᠨ ᠠᠬᠢᠭᠤᠯᠤᠨ᠎ᠠ᠃ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠲᠠᠬᠢ ᠤᠰᠤᠨ᠎ᠤ ᠡᠬᠢ ᠪᠠᠶᠠᠯᠢᠭ᠎ᠤᠨ ᠣᠭᠲᠣᠯᠤᠭ᠋ᠠᠰᠤ ᠵᠢ ᠨᠥᠬᠥᠪᠥᠷᠢᠯᠡᠵᠦ᠂ ᠭᠤᠤᠯ ᠪᠣᠯᠬᠤ ᠤᠰᠤ ᠲᠠᠲᠠᠬᠤ ᠤᠰᠤ ᠲᠦᠯᠬᠢᠬᠦ ᠤᠰᠤᠨ᠎ᠤ ᠡᠬᠢ ᠪᠠᠶᠠᠯᠢᠭ᠎ᠤᠨ ᠬᠢᠨᠠᠨ ᠰᠢᠨᠵᠢᠬᠦ ᠥᠷᠲᠡᠭᠡ ᠴᠡᠭ᠎ᠢ ᠲᠡᠭᠦᠯᠳᠡᠷᠵᠢᠭᠦᠯᠦᠨ᠂ ᠤᠰᠤᠨ᠎ᠤ ᠡᠬᠢ ᠪᠠᠶᠠᠯᠢᠭ᠎ᠤᠨ ᠬᠢᠨᠠᠨ ᠰᠢᠨᠵᠢᠬᠦ ᠮᠡᠳᠡᠭᠡ ᠵᠠᠩᠭᠢ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠤᠰᠤᠨ᠎ᠤ ᠡᠬᠢ ᠪᠠᠶᠠᠯᠢᠭ᠎ᠤᠨ ᠨᠠᠷᠢᠯᠢᠬ᠍ᠵᠢᠭᠤᠯᠤᠭᠰᠠᠨ ᠬᠢᠨᠠᠨ ᠰᠢᠨᠵᠢᠬᠦ ᠴᠢᠳᠠᠪᠤᠷᠢ ᠵᠢ ᠴᠢᠩᠭ᠋ᠠᠷᠠᠭᠤᠯᠤᠨ᠎ᠠ; ᠤᠷᠤᠰᠬᠠᠯ᠎ᠤᠨ ᠤᠷᠢᠳᠴᠢᠯᠠᠨ ᠮᠡᠳᠡᠭᠡᠯᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠤᠷᠢᠳᠴᠢᠯᠠᠨ ᠮᠡᠳᠡᠭᠡᠯᠡᠬᠦ ᠬᠡᠪᠴᠢᠶ᠎ᠡ ᠵᠢ ᠥᠷᠭᠡᠳᠬᠡᠨ᠂ ᠤᠷᠢᠳᠴᠢᠯᠠᠨ ᠮᠡᠳᠡᠭᠡᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ; ᠬᠠᠲᠤᠨ ᠭᠤᠤᠯ᠎ᠤᠨ ᠳᠤᠤᠷᠠᠳᠤ ᠤᠷᠤᠰᠬᠠᠯ᠎ᠤᠨ ᠤᠰᠤᠨ᠎ᠤ ᠣᠷᠴᠢᠯ ᠬᠤᠪᠢᠰᠤᠯᠲᠠ ᠵᠢᠨ ᠰᠤᠳᠤᠯᠭ᠋ᠠᠨ᠂ ᠨᠢᠩᠰᠢᠶᠠ ᠦᠪᠦᠷ ᠮᠤᠩᠭᠤᠯ᠎ᠤᠨ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ᠎ᠳᠤ ᠦᠨᠡᠯᠡᠯᠲᠡ ᠬᠢᠵᠦ᠂ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ᠂ ᠤᠰᠤ ᠬᠣᠷᠣᠭᠳᠠᠭᠤᠯᠬᠤ᠂ ᠤᠰᠤ ᠲᠠᠲᠠᠷᠠᠭᠤᠯᠬᠤ ᠵᠢᠮ᠎ᠡ ᠶᠣᠰᠣ ᠵᠢ ᠭᠦᠨᠵᠡᠭᠡᠶ ᠰᠤᠳᠤᠯᠵᠤ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
ᠭᠤᠷᠪᠠ᠎ᠳᠤ ᠤᠰᠤᠨ᠎ᠤ ᠴᠢᠨᠠᠷ ᠪᠠ ᠤᠰᠤᠨ᠎ᠤ ᠠᠮᠢ ᠠᠬᠤᠢ ᠵᠢ ᠬᠢᠨᠠᠨ ᠬᠡᠮᠵᠢᠬᠦ ᠰᠤᠳᠤᠯᠭ᠋ᠠᠨ᠎ᠢ ᠥᠷᠭᠡᠳᠬᠡᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠦᠢ᠍ᠯᠡᠴᠢᠯᠡᠭᠡ ᠵᠢ ᠰᠠᠶ᠋ᠢᠲᠤᠷ ᠬᠢᠨ᠎ᠡ᠃ ᠤᠷᠤᠰᠬᠠᠯ᠎ᠤᠨ ᠡᠬᠢ ᠵᠢᠨ ᠤᠰᠤᠨ᠎ᠤ ᠰᠢᠨᠵᠢᠯᠡᠬᠡᠨ᠎ᠤ ᠥᠷᠲᠡᠭᠡ ᠲᠤᠤᠷ᠎ᠢ ᠨᠥᠬᠥᠪᠥᠷᠢᠯᠡᠵᠦ᠂ ᠬᠤᠪᠢᠷᠠᠯᠲᠠ ᠵᠢᠨ ᠣᠷᠴᠢᠨ ᠲᠣᠭᠣᠷᠢᠨ᠎ᠳᠠᠬᠢ ᠤᠰᠤᠨ᠎ᠤ ᠡᠬᠢ ᠪᠠᠶᠠᠯᠢᠭ᠎ᠤᠨ ᠬᠤᠪᠢᠰᠤᠯᠲᠠ ᠵᠢᠨ ᠪᠠᠶ᠋ᠢᠳᠠᠯ ᠵᠢᠴᠢ ᠬᠥᠳᠡᠯᠭᠡᠬᠦ ᠬᠦᠴᠦᠨ᠎ᠤ ᠰᠤᠳᠤᠯᠭ᠋ᠠᠨ᠎ᠢ ᠥᠷᠨᠢᠭᠦᠯᠵᠦ᠂ ᠡᠬᠢ ᠰᠤᠷᠪᠤᠯᠵᠢ ᠵᠢᠨ ᠣᠷᠣᠨ᠎ᠤ ᠢᠷᠡᠭᠡᠳᠦᠶ ᠵᠢᠨ ᠤᠰᠤᠨ᠎ᠤ ᠡᠬᠢ ᠪᠠᠶᠠᠯᠢᠭ᠎ᠤᠨ ᠬᠤᠪᠢᠷᠠᠯᠲᠠ ᠵᠢᠨ ᠬᠠᠨᠳᠤᠰᠢ ᠵᠢ ᠤᠷᠢᠳᠴᠢᠯᠠᠨ ᠵᠢᠱ᠌ᠢᠵᠦ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ ᠴᠢᠳᠠᠪᠤᠷᠢ ᠵᠢ ᠲᠣᠳᠣᠷᠬᠠᠶ ᠣᠶ᠋ᠢᠯᠠᠭ᠋ᠠᠨ᠎ᠠ; ᠤᠰᠤᠨ᠎ᠤ ᠴᠢᠨᠠᠷ ᠤᠰᠤᠨ᠎ᠤ ᠠᠮᠢ ᠠᠬᠤᠢ ᠵᠢ ᠬᠢᠨᠠᠨ ᠬᠡᠮᠵᠢᠬᠦ ᠪᠠ ᠵᠠᠳᠠᠯᠤᠨ ᠦᠨᠡᠯᠡᠬᠦ ᠵᠢ ᠴᠢᠩᠭ᠋ᠠᠳᠬᠠᠵᠤ᠂ ᠳᠤᠮᠳᠠ ᠤᠷᠤᠰᠬᠠᠯ᠎ᠤᠨ ᠤᠰᠤᠨ᠎ᠤ ᠪᠣᠬᠢᠷᠲᠤᠯ᠎ᠢ ᠵᠠᠰᠠᠬᠤ᠂ ᠭᠣᠣᠯ᠎ᠤᠨ ᠠᠳᠠᠭ᠎ᠤᠨ ᠠᠮᠢ ᠠᠬᠤᠢ ᠵᠢᠨ ᠬᠠᠮᠠᠭ᠋ᠠᠯᠠᠯᠲᠠ᠎ᠳᠤ ᠲᠤᠯᠭ᠋ᠠᠭᠤᠷᠢᠯᠠᠯ ᠬᠠᠩᠭ᠋ᠠᠨ᠎ᠠ; ᠴᠢᠬᠤᠯᠠ ᠡᠵᠡᠮᠳᠡᠯ᠎ᠤᠨ ᠣᠭᠲᠣᠯᠤᠭ᠋ᠠᠰᠤ ᠵᠢᠨ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢ ᠬᠢᠨᠠᠨ ᠬᠡᠮᠵᠢᠬᠦ ᠵᠢ ᠲᠡᠭᠦᠯᠳᠡᠷᠵᠢᠭᠦᠯᠵᠦ᠂ ᠭᠤᠤᠯ ᠨᠠᠭᠤᠷ᠎ᠤᠨ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢ ᠬᠢᠨᠠᠨ ᠬᠡᠮᠵᠢᠵᠦ ᠪᠠᠶ᠋ᠢᠴᠠᠭ᠋ᠠᠨ ᠰᠤᠳᠤᠯᠵᠤ ᠦᠨᠡᠯᠡᠬᠦ᠎ᠳᠤ ᠦᠨᠳᠦᠰᠦᠯᠡᠯ ᠬᠠᠩᠭ᠋ᠠᠨ᠎ᠠ᠃
ᠲᠦᠷᠪᠡ᠎ᠳᠤ᠂ ᠤᠰᠤᠨ᠎ᠤ ᠰᠢᠨᠵᠢᠯᠡᠬᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠦᠢ᠍ᠯᠡᠳᠬᠦᠨ᠎ᠢ ᠪᠠᠶᠠᠯᠢᠭᠵᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ᠃ ᠬᠠᠲᠤᠨ ᠭᠤᠤᠯ᠎ᠤᠨ ᠰᠠᠪᠠ ᠭᠠᠵᠠᠷ᠎ᠤᠨ ᠣᠷᠣᠨ᠎ᠤ ᠬᠡᠰᠡᠭ᠎ᠤᠨ ᠣᠨᠴᠠᠯᠢᠭ ᠰᠢᠨᠵᠢ ᠪᠠ ᠬᠠᠷᠠᠯᠲᠠ ᠵᠢᠨ ᠪᠠᠶ᠋ᠢᠷᠢᠰᠢᠭᠤᠯᠤᠯᠲᠠ᠎ᠳᠤ ᠴᠢᠭᠯᠡᠭᠦᠯᠦᠨ᠂ ᠤᠰᠤᠨ᠎ᠤ ᠰᠢᠨᠵᠢᠯᠡᠬᠡᠨ᠎ᠤ ᠵᠠᠳᠠᠯᠤᠯᠲᠠ ᠪᠤᠳᠤᠯᠲᠠ᠂ ᠤᠰᠤᠨ᠎ᠤ ᠰᠢᠨᠵᠢᠯᠡᠬᠡᠨ᠎ᠤ ᠵᠢᠮ᠎ᠡ ᠶᠣᠰᠣᠨ᠎ᠤ ᠰᠤᠳᠤᠯᠭ᠋ᠠᠨ᠂ ᠤᠰᠤᠨ᠎ᠤ ᠰᠢᠨᠵᠢᠯᠡᠬᠡᠨ᠎ᠤ ᠪᠠᠢ᠍ᠢ᠍ᠳᠠᠯ᠎ᠤᠨ ᠮᠡᠳᠡᠭᠡ ᠵᠢ ᠤᠷᠢᠳᠴᠢᠯᠠᠨ ᠮᠡᠳᠡᠭᠡᠯᠡᠬᠦ᠂ ᠤᠰᠤᠨ᠎ᠤ ᠴᠢᠨᠠᠷ᠎ᠢ ᠤᠷᠢᠳᠴᠢᠯᠠᠨ ᠰᠡᠷᠡᠮᠵᠢᠯᠡᠭᠦᠯᠬᠦ᠂ ᠤᠰᠤᠨ᠎ᠤ ᠡᠬᠢ ᠪᠠᠶᠠᠯᠢᠭ᠎ᠢ ᠦᠨᠡᠯᠡᠬᠦ᠎ᠳᠤ ᠰᠠᠭᠤᠷᠢᠯᠠᠵᠤ᠂ ᠤᠰᠤᠨ᠎ᠤ ᠬᠡᠮᠵᠢᠶ᠎ᠡ᠂ ᠤᠰᠤᠨ᠎ᠤ ᠴᠢᠨᠠᠷ᠂ ᠤᠰᠤᠨ᠎ᠤ ᠠᠮᠢ ᠠᠬᠤᠶ ᠵᠡᠷᠭᠡ ᠣᠯᠠᠨ ᠶᠠᠩᠵᠤ ᠵᠢᠨ ᠦᠶᠯᠡᠳᠬᠦ᠎ᠨᠢ ᠪᠦᠲᠦᠮᠵᠢᠲᠡᠶ ᠬᠠᠩᠭ᠋ᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂ ᠤᠰᠤᠨ᠎ᠤ ᠠᠮᠢ ᠠᠬᠤᠶ ᠵᠢ ᠰᠡᠷᠭᠦᠭᠡᠬᠦ᠂ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠡᠷᠭᠡ᠎ᠳᠤ ᠪᠥᠬᠥ ᠲᠠᠯ᠎ᠠ ᠵᠢᠨ ᠦᠢ᠍ᠯᠡᠴᠢᠯᠡᠭᠡ ᠬᠠᠩᠭ᠋ᠠᠨ᠎ᠠ᠃
ᠲᠠᠨ ᠤ ᠰᠠᠶᠢ ᠵᠢᠨ ᠳᠤᠷᠠᠳᠤᠭᠰᠠᠨ ᠠᠰᠠᠭᠤᠯᠳᠠ᠎ᠳᠤ ᠴᠢᠭᠯᠡᠭᠦᠯᠦᠨ ᠪᠢ ᠡᠨᠡ ᠳᠥᠷᠪᠡᠨ ᠲᠠᠯ᠎ᠠ᠎ᠠᠴᠠ ᠬᠠᠷᠢᠭᠤᠯᠬᠤ ᠰᠠᠨᠠᠭ᠎ᠠ᠎ᠲᠠᠢ᠃ ᠪᠠᠶᠠᠷᠯᠠᠯ᠎ᠠ!
ᠭᠤᠸᠠᠩ ᠮᠢᠩ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠡᠨᠡ ᠵᠢᠯ ᠮᠠᠨ᠎ᠤ ᠤᠯᠤᠰ᠎ᠤᠨ ᠤᠰᠤᠨ ᠰᠢᠨᠵᠢᠯᠡᠭᠡᠨ᠎ᠤ ᠪᠠᠢ᠍ᠢ᠍ᠳᠠᠯ᠎ᠤᠨ ᠮᠡᠳᠡᠭᠡ ᠵᠢ ᠤᠷᠢᠳᠴᠢᠯᠠᠨ ᠮᠡᠳᠡᠭᠡᠯᠡᠬᠦ ᠠᠵᠢᠯ᠎ᠳᠤ ᠶᠠᠮᠠᠷ ᠶᠠᠮᠠᠷ ᠢᠯᠡᠷᠬᠡᠶ ᠦᠷ᠎ᠡ ᠪᠦᠲᠦᠮᠵᠢ ᠣᠯᠤᠭᠰᠠᠨ᠂ ᠶᠠᠮᠠᠷ ᠶᠠᠮᠠᠷ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠠᠪᠤᠭᠰᠠᠨ ᠲᠤᠬᠠᠶ ᠣᠶ᠋ᠢᠯᠠᠭ᠋ᠠᠬᠤ ᠰᠠᠨᠠᠭ᠎ᠠ᠎ᠲᠠᠢ᠂ ᠪᠠᠶᠠᠷᠯᠠᠯ᠎ᠠ!
ᠼᠠᠢ ᠵᠢᠶᠠᠨ ᠶᠤᠸᠠᠨ᠄ ᠪᠠᠶᠠᠷᠯᠠᠯ᠎ᠠ᠂ ᠡᠨᠡ ᠠᠰᠠᠭᠤᠯᠲᠠ ᠵᠢ ᠸᠧᠶ ᠰᠢᠨ ᠫᠢᠩ ᠳᠡᠳ᠋ ᠳᠠᠷᠤᠭ᠎ᠠ ᠬᠠᠷᠢᠭᠤᠯᠬᠤ ᠪᠤᠯᠤᠨ᠎ᠠ᠃
ᠸᠧᠶ ᠰᠢᠨ ᠫᠢᠩ᠄ ᠲᠠᠨ᠎ᠤ ᠠᠰᠠᠭᠤᠯᠳᠠ᠎ᠳᠤ ᠪᠠᠶᠠᠷᠯᠠᠯ᠎ᠠ᠃ ᠤᠰᠤᠨ᠎ᠤ ᠰᠢᠨᠵᠢᠯᠡᠬᠡᠨ᠎ᠤ ᠮᠡᠳᠡᠭᠡ ᠵᠠᠩᠭᠢ ᠵᠢ ᠤᠷᠢᠳᠴᠢᠯᠠᠨ ᠮᠡᠳᠡᠭᠡᠯᠡᠬᠦ ᠪᠣᠯ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠵᠢᠯᠣᠭᠣᠳᠬᠤ ᠰᠢᠢ᠍ᠳᠪᠦᠷᠢᠲᠦ ᠪᠤᠳᠤᠯᠭ᠎ᠠ᠂ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠤᠬᠢᠷᠠᠭᠤᠯᠬᠤ᠂ ᠤᠰᠤᠨ᠎ᠤ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨᠴᠢ ᠦᠨᠳᠦᠰᠦᠯᠡᠯ ᠮᠥᠨ᠂ ᠲᠡᠷᠡ᠎ᠨᠢ ᠠᠷᠠᠳ ᠲᠦᠮᠡᠨ᠎ᠤ ᠠᠮᠢ ᠨᠠᠰᠤ ᠡᠳ᠋ ᠬᠦᠷᠦᠨᠭᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠤᠰᠤᠨ᠎ᠤ ᠢᠨᠵᠧᠨᠧᠷᠢᠩ᠎ᠤᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠬᠤ᠂ ᠠᠵᠤ ᠠᠬᠤᠢ ᠨᠡᠶ᠋ᠢᠭᠡᠮ᠎ᠤᠨ ᠦᠷᠭᠦᠯᠵᠢᠯᠡᠬᠦ ᠬᠥᠭᠵᠢᠯᠲᠡ ᠵᠢ ᠪᠠᠲᠤᠯᠠᠬᠤ ᠵᠡᠷᠭᠡ ᠲᠠᠯ᠎ᠠ᠎ᠪᠠᠷ ᠣᠷᠣᠯᠠᠭᠤᠯᠵᠤ ᠪᠣᠯᠤᠰᠢ ᠦᠭᠡᠢ ᠦᠢ᠍ᠯᠡᠳᠦᠯ᠎ᠲᠠᠢ ᠪᠠᠶ᠋ᠢᠵᠤ᠂ ᠵᠢᠱ᠌ᠢᠬᠦᠶ᠎ᠡ ᠪᠡᠷᠬᠡ ᠨᠡᠶ᠋ᠢᠭᠡᠮ᠎ᠤᠨ ᠦᠷ᠎ᠡ ᠠᠰᠢᠭ ᠪᠠ ᠠᠵᠤ ᠠᠬᠤᠢ ᠵᠢᠨ ᠦᠷ᠎ᠡ ᠠᠰᠢᠭ᠎ᠢ ᠣᠯᠤᠭᠰᠠᠨ ᠪᠠᠶ᠋ᠢᠨ᠎ᠠ᠃ ᠤᠰᠤᠨ ᠰᠢᠨᠵᠢᠯᠡᠭᠡᠨ᠎ᠤ ᠰᠠᠯᠠᠭ᠎ᠠ ᠮᠥᠴᠢᠷ ᠤᠰᠤᠨ ᠰᠢᠨᠵᠢᠯᠡᠭᠡᠨ᠎ᠤ ᠨᠢᠭᠤᠴᠠ ᠮᠡᠳᠡᠭᠡ ᠵᠢ ᠤᠷᠢᠳᠴᠢᠯᠠᠨ ᠮᠡᠳᠡᠭᠡᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠭᠰᠡᠨ ᠪᠥᠭᠡᠳ ᠭᠣᠣᠯᠳᠠᠭᠤ᠄
ᠨᠢᠭᠡ᠎ᠳᠤ᠂ ᠤᠰᠤᠨ᠎ᠤ ᠰᠢᠨᠵᠢᠯᠡᠬᠡᠨ᠎ᠤ ᠥᠷᠲᠡᠭᠡᠨ᠎ᠤ ᠲᠣᠣᠷᠵᠢᠯ᠎ᠢ ᠲᠡᠭᠦᠯᠳᠡᠷᠵᠢᠭᠦᠯᠦᠨ᠎ᠡ᠃ ᠣᠶ᠋ᠢᠷ᠎ᠠ ᠵᠢᠨ ᠵᠢᠯ᠎ᠤᠨ ᠲᠤᠷᠰᠢ᠂ ᠤᠰᠤᠨ᠎ᠤ ᠰᠢᠨᠵᠢᠯᠡᠭᠡᠨ᠎ᠤ ᠥᠷᠲᠡᠭᠡ ᠰᠦᠯᠵᠢᠶ᠎ᠡ ᠵᠢᠨ ᠲᠦᠷᠭᠡᠨ ᠬᠥᠭᠵᠢᠬᠦ ᠵᠢ ᠳᠠᠭ᠋ᠠᠯᠳᠤᠨ᠂ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ ᠴᠢᠮᠡᠭᠡ ᠮᠡᠳᠡᠭᠡ ᠵᠢᠨ ᠥᠷᠲᠡᠭᠡ ᠴᠢᠭ ᠵᠶ᠋ᠠᠨ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠂ ᠶᠡᠬᠡ ᠭᠤᠤᠯ ᠮᠥᠷᠡᠨ᠂ ᠦᠶᠡᠷ᠎ᠢ ᠰᠡᠷᠭᠡᠶ᠋ᠢᠯᠡᠬᠦ ᠭᠤᠤᠯᠳᠠᠯᠭ᠎ᠠ᠎ᠲᠠᠢ ᠣᠷᠣᠨ ᠪᠦᠰᠡ ᠪᠣᠯᠤᠨ ᠦᠶᠡᠷ᠎ᠢ ᠰᠡᠷᠭᠡᠶ᠋ᠢᠯᠡᠬᠦ ᠡᠭᠦᠷᠭᠡ᠎ᠲᠠᠢ ᠳᠤᠮᠳᠠ ᠪᠠᠭ᠎ᠠ ᠭᠤᠤᠯ᠎ᠢ ᠪᠦᠬᠦ ᠲᠠᠯ᠎ᠠ᠎ᠪᠠᠷ ᠪᠥᠷᠬᠥᠭᠦᠯᠬᠦ ᠵᠢ ᠪᠡᠶᠡᠯᠡᠭᠦᠯᠵᠦ᠂ ᠣᠳᠣᠬᠠᠨ᠎ᠳᠤ ᠪᠦᠬᠦ ᠤᠯᠤᠰ᠎ᠤᠨ ᠤᠰᠤᠨ᠎ᠤ ᠰᠢᠨᠵᠢᠯᠡᠭᠡᠨ᠎ᠤ ᠴᠢᠮᠡᠭᠡ ᠮᠡᠳᠡᠭᠡᠨ᠎ᠤ ᠥᠷᠲᠡᠭᠡ ᠴᠡᠭ 11 ᠲᠦᠮᠡ ᠵᠢ ᠳᠠᠪᠠᠵᠤ᠂ 2010 ᠣᠨ᠎ᠤ᠎ᠬᠢ᠎ᠠᠴᠠ 10 ᠳᠠᠬᠢᠨᠳᠤ ᠣᠶ᠋ᠢᠷᠠᠲᠤᠪᠠ᠃ ᠡᠭᠦᠨ᠎ᠤ ᠬᠠᠮᠲᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠤᠰᠤᠨ᠎ᠤ ᠪᠠᠶ᠋ᠢᠳᠠᠯ᠎ᠤᠨ ᠮᠡᠳᠡᠭᠡ ᠵᠠᠩᠭᠢ ᠵᠢᠨ ᠬᠡᠮᠵᠢᠶ᠎ᠡ ᠵᠢᠯ ᠳᠠᠷᠠᠭ᠋ᠠᠯᠠᠨ ᠶᠡᠬᠡ᠎ᠪᠠᠷ ᠨᠡᠮᠡᠭᠳᠡᠨ᠂ 2019 ᠣᠨ᠎ᠳᠤ ᠤᠰᠤᠨ ᠠᠰᠢᠭᠯᠠᠯᠲᠠ ᠵᠢᠨ ᠶᠠᠮᠤᠨ ᠤᠰᠤᠨ᠎ᠤ ᠪᠠᠶ᠋ᠢᠳᠠᠯ᠎ᠤᠨ ᠮᠡᠳᠡᠭᠡ ᠵᠠᠩᠭᠢ ᠵᠢ 13 ᠳ᠋ᠦᠩᠰᠢᠭᠤᠷ ᠬᠤᠪᠢ ᠭᠥᠯᠢᠶᠡᠨ ᠠᠪᠴᠤ᠂ 2010 ᠣᠨ᠎ᠤ 720 ᠭᠠᠷᠤᠶ ᠳᠠᠬᠢᠨ ᠪᠣᠯᠪᠠ᠃
ᠬᠣᠶᠠᠷ᠎ᠲᠤ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠤᠰᠤᠨ᠎ᠤ ᠪᠠᠶ᠋ᠢᠳᠠᠯ᠎ᠤᠨ ᠶᠡᠷᠦᠩᠬᠡᠶ᠋ᠢᠯᠡᠭᠰᠡᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠂ ᠦᠶᠡᠷ᠎ᠤᠨ ᠤᠰᠤ ᠵᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠰᠢᠰᠲ᠋ᠧᠮ ᠵᠡᠷᠭᠡ ᠵᠢ ᠳᠡᠰ ᠳᠡᠪᠰᠢᠭᠦᠯᠦᠨ ᠲᠡᠭᠦᠯᠳᠡᠷᠵᠢᠭᠦᠯᠵᠦ᠂ ᠤᠰᠤᠨ᠎ᠤ ᠪᠠᠶ᠋ᠢᠳᠠᠯ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠪᠠ ᠦᠶᠡᠷ᠎ᠤᠨ ᠤᠰᠤ ᠵᠢ ᠤᠷᠢᠳᠴᠢᠯᠠᠨ ᠮᠡᠳᠡᠭᠡᠯᠡᠬᠦ ᠠᠵᠢᠯ᠎ᠤᠨ ᠦᠷ᠎ᠡ ᠪᠦᠲᠦᠮᠵᠢ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠬᠦ ᠬᠡᠷᠡᠭᠲᠡᠶ᠃ 1998 ᠣᠨ᠎ᠤ ᠶᠡᠬᠡ ᠦᠶᠡᠷ᠎ᠤᠨ ᠦᠶ᠎ᠡ᠎ᠳᠤ᠂ ᠮᠡᠳᠡᠭᠡ ᠵᠠᠩᠭᠢ ᠴᠤᠭᠯᠠᠭᠤᠯᠬᠤ᠎ᠳᠤ 2 ᠴᠠᠭ ᠬᠡᠷᠡᠭᠰᠡᠵᠦ᠂ ᠭᠠᠭᠴᠠ ᠥᠷᠲᠡᠭᠡ᠎ᠪᠠᠷ ᠪᠠᠷᠤᠭ 2 ᠴᠠᠭ ᠤᠷᠢᠳᠴᠢᠯᠠᠨ ᠮᠡᠳᠡᠭᠡᠯᠡᠳᠡᠭ᠃ ᠣᠲᠣ᠂ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠤᠨ ᠲᠠᠪᠴᠠᠩ ᠵᠶ᠋ᠠᠷ ᠳᠡᠮᠵᠢᠨ᠂ ᠤᠰᠤᠨ᠎ᠤ ᠪᠠᠶ᠋ᠢᠳᠠᠯ᠎ᠤᠨ ᠮᠡᠳᠡᠭᠡ ᠵᠠᠩᠭᠢ ᠵᠢᠨ ᠴᠠᠭ ᠬᠤᠭᠤᠴᠠᠭ᠋ᠠᠲᠤ ᠴᠢᠨᠠᠷ᠎ᠢ 20 ᠮᠢᠨᠦ᠋ᠲ᠎ᠤᠨ ᠳᠣᠲᠣᠷ᠎ᠠ ᠳᠡᠭᠡᠭᠰᠢᠯᠡᠭᠦᠯᠵᠦ᠂ ᠪᠥᠬᠥ ᠤᠯᠤᠰ᠎ᠤᠨ 2300 ᠭᠠᠷᠤᠶ ᠥᠷᠲᠡᠭᠡ ᠴᠡᠭ᠎ᠢ ᠤᠷᠢᠳᠴᠢᠯᠠᠨ ᠮᠡᠳᠡᠭᠡᠯᠡᠬᠦ᠎ᠳᠤ ᠵᠥᠪᠬᠡᠨ 2 ᠴᠠᠭ ᠬᠡᠷᠡᠭᠰᠡᠨ᠎ᠡ᠃ ᠡᠭᠦᠨ᠎ᠤ ᠬᠠᠮᠲᠤ᠂ ᠤᠰᠤᠨ ᠰᠢᠨᠵᠢᠯᠡᠭᠡᠨ᠎ᠤ ᠰᠠᠯᠠᠭ᠎ᠠ ᠮᠥᠴᠢᠷ ᠲᠣᠭ᠋ᠠᠴᠢᠯᠠᠭᠰᠠᠨ ᠰᠠᠪᠠ ᠭᠠᠵᠠᠷ᠂ ᠲᠣᠮᠣ ᠳ᠋ᠠᠶ᠋ᠢᠲ᠋ᠠ ᠵᠢᠨ ᠵᠠᠳᠠᠯᠤᠯᠲᠠ ᠵᠡᠷᠭᠡ ᠮᠡᠷᠭᠡᠵᠢᠯ᠎ᠢ ᠥᠷᠭᠡᠨ ᠵᠶ᠋ᠠᠷ ᠬᠡᠷᠡᠭᠯᠡᠵᠦ᠂ ᠦᠶᠡᠷ᠎ᠢ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠪᠡ᠃
ᠭᠤᠷᠪᠠ᠎ᠳᠤ ᠤᠰᠤᠨ᠎ᠤ ᠪᠠᠶ᠋ᠢᠳᠠᠯ᠎ᠤᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ᠎ᠤᠨ ᠳᠡᠭᠡᠷ᠎ᠡ ᠳᠣᠣᠷ᠎ᠠ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠬᠦ᠂ ᠬᠥᠨᠳᠡᠯᠡᠨ ᠵᠶ᠋ᠠᠷ ᠬᠠᠮᠵᠢᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠲᠤᠰᠬᠠᠶ ᠣᠷᠣᠨ ᠬᠣᠲᠠ ᠵᠢᠨ ᠱᠠᠲᠤᠨ᠎ᠤ ᠤᠰᠤᠨ᠎ᠤ ᠰᠢᠨᠵᠢᠯᠡᠭᠡᠨ᠎ᠤ ᠪᠠᠢ᠍ᠢ᠍ᠳᠠᠯ᠎ᠤᠨ ᠮᠡᠳᠡᠭᠡ ᠵᠢ ᠤᠷᠢᠳᠴᠢᠯᠠᠨ ᠮᠡᠳᠡᠭᠡᠯᠡᠬᠦ ᠲᠤᠬᠠᠶ᠋ᠢᠯᠠᠭᠰᠠᠨ ᠠᠵᠢᠯ᠎ᠢ ᠪᠦᠬᠦᠨ᠎ᠢ ᠬᠠᠮᠤᠷᠬᠤ ᠵᠢ ᠦᠨᠳᠦᠰᠦᠨ᠎ᠳᠡᠭᠡᠨ ᠪᠡᠶᠡᠯᠡᠭᠦᠯᠵᠦ᠂ ᠦᠨᠳᠦᠰᠦᠨ ᠱᠠᠲᠤᠨ᠎ᠤ ᠤᠰᠤᠨ᠎ᠤ ᠰᠢᠨᠵᠢᠯᠡᠭᠡᠨ᠎ᠤ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ᠎ᠲᠠᠢ ᠤᠶᠠᠯᠳᠤᠭᠤᠯᠤᠨ ᠰᠢᠶᠠᠨ᠎ᠤ ᠱᠠᠲᠤᠨ᠎ᠤ ᠤᠰᠤᠨ᠎ᠤ ᠰᠢᠨᠵᠢᠯᠡᠭᠡᠨ᠎ᠤ ᠪᠠᠢ᠍ᠢ᠍ᠳᠠᠯ᠎ᠤᠨ ᠮᠡᠳᠡᠭᠡ ᠵᠢ ᠤᠷᠢᠳᠴᠢᠯᠠᠨ ᠮᠡᠳᠡᠭᠡᠯᠡᠬᠦ ᠲᠤᠬᠠᠶ᠋ᠢᠯᠠᠭᠰᠠᠨ ᠠᠵᠢᠯ᠎ᠢ ᠢᠳᠡᠪᠬᠢᠲᠡᠶ ᠲᠦᠯᠬᠢᠨ ᠠᠬᠢᠭᠤᠯᠵᠤ᠂ ᠤᠰᠤᠨ᠎ᠤ ᠰᠢᠨᠵᠢᠯᠡᠭᠡᠨ᠎ᠤ ᠪᠠᠢ᠍ᠢ᠍ᠳᠠᠯ᠎ᠤᠨ ᠮᠡᠳᠡᠭᠡ ᠵᠢ ᠤᠷᠢᠳᠴᠢᠯᠠᠨ ᠮᠡᠳᠡᠭᠡᠯᠡᠬᠦ ᠦᠷ᠎ᠡ ᠪᠦᠲᠦᠭᠡᠯ᠎ᠢ ᠬᠡᠷᠡᠭᠯᠡᠬᠦ ᠡᠲᠡᠭᠡᠳ ᠵᠶ᠋ᠠᠨ ᠥᠷᠭᠡᠳᠬᠡᠬᠦ ᠬᠡᠷᠡᠭᠲᠡᠶ᠃ ᠡᠭᠦᠨ᠎ᠤ ᠬᠠᠮᠲᠤ᠂ ᠤᠰᠤᠨ᠎ᠤ ᠪᠠᠶ᠋ᠢᠳᠠᠯ᠎ᠤᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠰᠦᠯᠵᠢᠶᠡᠨ ᠥᠷᠲᠡᠭᠡ᠂ ᠲᠧᠯᠸᠢᠰ᠂ ᠰᠣᠨᠢᠨ᠂ ᠸᠢᠴᠠᠲ᠂ ᠭᠠᠷ ᠤᠲᠠᠰᠤᠨ᠎ᠤ ᠣᠬᠣᠷ ᠴᠢᠮᠡᠭᠡ᠂ ᠭᠠᠷ ᠤᠲᠠᠰᠤᠨ᠎ᠤ ᠬᠡᠷᠡᠭᠯᠡᠭᠴᠢ ᠵᠢᠨ ᠦᠢ᠍ᠯᠡᠴᠢᠯᠡᠭᠡᠨ᠎ᠤ ᠦᠵᠦᠭᠦᠷᠯᠢᠭ ᠵᠡᠷᠭᠡ ᠣᠯᠠᠨ ᠵᠦᠢ᠍ᠯ᠎ᠤᠨ ᠦᠢ᠍ᠯᠡᠴᠢᠯᠡᠭᠡᠨ᠎ᠤ ᠬᠡᠯᠪᠡᠷᠢ᠎ᠪᠠᠷ ᠳᠠᠮᠵᠢᠭᠤᠯᠤᠨ ᠦᠶᠡᠷ ᠤᠰᠤᠲᠤᠯ᠂ ᠤᠰᠤ ᠬᠠᠲᠠᠬᠤ᠂ ᠤᠰᠤᠨ᠎ᠤ ᠰᠢᠨᠵᠢᠯᠡᠬᠡᠨ᠎ᠤ ᠭᠠᠩ ᠬᠠᠭᠰᠠᠷᠠᠭ᠋ᠠᠨ᠂ ᠳᠣᠭᠰᠢᠨ ᠰᠠᠯᠬᠢᠨ᠎ᠤ ᠲᠦᠯᠬᠢᠭᠡᠨ ᠵᠡᠷᠭᠡ ᠵᠢ ᠬᠢᠨᠠᠨ ᠰᠢᠨᠵᠢᠭᠰᠡᠨ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠶ᠃
ᠳᠥᠷᠪᠡ᠎ᠳᠤ᠂ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ ᠵᠢ ᠢᠳᠡᠪᠬᠢᠲᠡᠢ ᠥᠷᠭᠡᠳᠬᠡᠨ᠎ᠡ᠃ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ᠂ ᠤᠰᠤᠨ᠎ᠤ ᠣᠷᠴᠢᠨ ᠲᠣᠭᠣᠷᠢᠨ᠎ᠤ ᠠᠰᠠᠭᠤᠳᠠᠯ ᠡᠳᠦᠷ ᠢᠷᠡᠬᠦᠶ᠎ᠡ ᠲᠣᠪᠣᠶ᠋ᠢᠮ᠎ᠠ ᠪᠣᠯᠬᠤ ᠵᠢ ᠳᠠᠭ᠋ᠠᠯᠳᠤᠨ᠂ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ᠎ᠤᠳ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠬᠢᠭᠡᠳ ᠲᠣᠬᠢᠷᠠᠭᠤᠯᠤᠯᠲᠠ᠂ ᠤᠰᠤᠨ᠎ᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠰᠡᠷᠭᠦᠭᠡᠯᠲᠡ ᠵᠡᠷᠭᠡ ᠲᠠᠯ᠎ᠠ᠎ᠳᠤ ᠦᠢ᠍ᠯᠡᠴᠢᠯᠡᠬᠦ ᠤᠰᠤᠨ᠎ᠤ ᠪᠠᠶ᠋ᠢᠳᠠᠯ᠎ᠤᠨ ᠲᠤᠬᠠᠶ᠋ᠢᠯᠠᠭᠰᠠᠨ ᠠᠵᠢᠯ᠎ᠢ ᠲᠠᠰᠤᠷᠠᠯᠲᠠ ᠥᠬᠡᠶ ᠥᠷᠭᠡᠳᠬᠡᠵᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠬᠢᠭᠡᠳ ᠲᠣᠬᠢᠷᠠᠭᠤᠯᠤᠯᠲᠠ ᠵᠡᠷᠭᠡ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠭᠤᠤᠯ ᠮᠥᠷᠡᠨ ᠨᠠᠭᠤᠷ ᠴᠥᠭᠥᠷᠥᠮ᠎ᠤᠨ ᠤᠷᠤᠰᠬᠠᠯ᠂ ᠤᠤᠭᠤᠬᠤ ᠤᠰᠤᠨ᠎ᠤ ᠴᠢᠬᠤᠯᠠ ᠤᠰᠤᠨ ᠰᠤᠷᠪᠤᠯᠵᠢ ᠵᠢᠨ ᠭᠠᠵᠠᠷ᠎ᠤᠨ ᠤᠰᠤᠨ᠎ᠤ ᠬᠡᠮᠵᠢᠶ᠎ᠡ ᠵᠡᠷᠭᠡ ᠵᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠥᠷᠨᠢᠭᠦᠯᠵᠦ᠂ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ (ᠤᠰᠤᠨ᠎ᠤ ᠬᠡᠮᠵᠢᠶ᠎ᠡ) ᠵᠢᠨ ᠬᠠᠮᠢᠶᠠᠷᠤᠯᠲᠠ ᠵᠢᠨ ᠲᠣᠭᠣᠷᠢᠨ᠎ᠳᠤ᠂ ᠤᠰᠤ ᠬᠠᠳᠠᠬᠤ ᠬᠤᠭᠤᠴᠠᠭ᠋ᠠᠨ᠎ᠳᠠᠬᠢ ᠭᠤᠤᠯ ᠮᠥᠷᠡᠨ᠎ᠤ ᠤᠰᠤᠨ᠎ᠤ ᠬᠡᠮᠵᠢᠶ᠎ᠡ ᠵᠢ ᠬᠢᠨᠠᠨ ᠰᠢᠨᠵᠢᠬᠦ ᠪᠠ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠢᠳᠡᠪᠬᠢᠲᠡᠶ ᠥᠷᠨᠢᠭᠦᠯᠦᠨ᠎ᠡ᠃ ᠪᠠᠶᠠᠷᠯᠠᠯ᠎ᠠ!
ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ 2018 ᠣᠨ᠎ᠳᠤ ᠶᠡᠷᠦᠩᠬᠡᠶ ᠱᠦᠵᠢ ᠴᠧᠩ ᠯᠢᠩ ᠵᠢᠶ ᠤᠰᠤᠨ᠎ᠤ ᠰᠢᠨᠵᠢᠯᠡᠭᠡᠨ᠎ᠤ ᠥᠷᠲᠡᠭᠡ ᠵᠢ ᠰᠢᠨᠵᠢᠯᠡᠨ ᠪᠠᠶ᠋ᠢᠴᠠᠭ᠋ᠠᠵᠤ ᠥᠩᠭᠡᠷᠡᠭᠰᠡᠨ ᠶᠤᠮ᠂ ᠲᠠ ᠴᠧᠩ ᠯᠢᠩ ᠵᠢᠶ ᠤᠰᠤᠨ᠎ᠤ ᠰᠢᠨᠵᠢᠯᠡᠭᠡᠨ᠎ᠤ 《ᠴᠠᠭ ᠠᠭᠤᠷ᠎ᠤᠨ ᠬᠡᠮᠵᠢᠬᠦᠷ》᠎ᠤᠨ ᠠᠴᠢ ᠬᠣᠯᠪᠣᠭᠳᠠᠯ ᠪᠠ ᠦᠢ᠍ᠯᠡᠳᠦᠯ᠎ᠢ ᠲᠠᠨᠢᠯᠴᠠᠭᠤᠯᠤᠭ᠋ᠠᠳ ᠥᠭᠭᠦᠨ᠎ᠡ ᠦᠦ᠃ ᠪᠠᠶᠠᠷᠯᠠᠯ᠎ᠠ!
ᠼᠠᠢ ᠵᠢᠶᠠᠨ ᠶᠤᠸᠠᠨ᠄ ᠰᠠᠶᠢ ᠵᠢᠨ ᠲᠠᠨᠢᠯᠴᠠᠭᠤᠯᠭ᠎ᠠ ᠵᠢᠨ ᠡᠬᠢᠨ᠎ᠳᠤ ᠶᠡᠷᠦᠩᠬᠡᠶ ᠱᠦᠵᠢ ᠰᠢ ᠵᠢᠨ ᠫᠢᠩ᠎ᠤᠨ 2018 ᠣᠨ᠎ᠤ 4 ᠰᠠᠷ᠎ᠠ ᠵᠢᠨ 25᠎ᠤ ᠡᠳᠦᠷ ᠴᠧᠩ ᠯᠢᠩ ᠵᠢᠶ ᠤᠰᠤᠨ᠎ᠤ ᠰᠢᠨᠵᠢᠯᠡᠭᠡᠨ᠎ᠤ ᠥᠷᠲᠡᠭᠡ᠎ᠳᠤ ᠬᠦᠷᠴᠦ ᠰᠢᠨᠵᠢᠯᠡᠨ ᠪᠠᠶ᠋ᠢᠴᠠᠭ᠋ᠠᠭᠰᠠᠨ ᠶᠠᠪᠤᠳᠠᠯ᠎ᠨᠢ ᠤᠰᠤᠨ ᠠᠰᠢᠭᠯᠠᠯᠲᠠ ᠵᠢᠨ ᠰᠢᠰᠲ᠋ᠧᠮ᠎ᠤᠨ ᠥᠷᠭᠡᠨ ᠣᠯᠠᠨ ᠠᠵᠢᠯᠲᠠᠨ ᠠᠵᠢᠯᠴᠢᠨ᠎ᠳᠤ ᠮᠠᠰᠢ ᠶᠡᠬᠡ ᠵᠣᠷᠢᠭᠵᠢᠭᠤᠯᠤᠯ ᠪᠣᠯᠵᠠᠶ᠃ ᠴᠧᠩ ᠯᠢᠩ ᠵᠢᠶ ᠤᠰᠤᠨ᠎ᠤ ᠰᠢᠨᠵᠢᠯᠡᠭᠡᠨ᠎ᠤ ᠥᠷᠲᠡᠭᠡ ᠪᠣᠯ ᠨᠢᠭᠡᠨ ᠨᠡᠶ᠋ᠢᠲᠡᠯᠢᠭ ᠭᠤᠤᠯ ᠨᠠᠭᠤᠷ᠎ᠤᠨ ᠠᠭᠤᠯᠵᠠᠷ᠎ᠤᠨ ᠡᠵᠡᠮᠰᠢᠯ ᠥᠷᠲᠡᠭᠡ᠂ ᠲᠡᠷᠡ᠎ᠨᠢ ᠳ᠋ᠦᠩ ᠲᠢᠩ ᠬᠤ᠌ ᠨᠠᠭᠤᠷ᠎ᠤᠨ ᠭᠠᠷᠬᠤ ᠡᠭᠦᠳᠡ ᠪᠤᠯᠤᠨ ᠬᠥᠬᠡ ᠮᠥᠷᠡᠨ᠎ᠤ ᠠᠭᠤᠯᠵᠠᠷ᠎ᠲᠤ ᠪᠠᠶ᠋ᠢᠷᠢᠯᠠᠵᠤ ᠪᠠᠶ᠋ᠢᠨ᠎ᠠ᠃
ᠥᠩᠭᠡᠷᠡᠭᠰᠡᠨ᠎ᠳᠤ ᠹᠠᠨ ᠵᠥᠩ ᠶᠠᠨ ᠳ᠋ᠦᠩ ᠲᠢᠩ ᠬᠤ᠌ ᠨᠠᠭᠤᠷ᠎ᠢ 《ᠠᠯᠤᠰ᠎ᠤᠨ ᠠᠭᠤᠯᠠ᠎ᠲᠠᠢ ᠵᠠᠯᠭ᠋ᠠᠯᠳᠤᠨ ᠬᠥᠬᠡ ᠮᠥᠷᠡᠨ᠎ᠢ ᠵᠠᠯᠭᠢᠪᠠ》 ᠭᠡᠵᠦ ᠳᠦᠷᠰᠦᠯᠡᠵᠦ ᠥᠩᠭᠡᠷᠡᠵᠡᠶ᠃ ᠳ᠋ᠦᠩ ᠲᠢᠩ ᠬᠤ᠌ ᠨᠠᠭᠤᠷ ᠪᠣᠯ ᠦᠨᠡᠨ᠎ᠳᠡᠭᠡᠨ ᠰᠢᠶᠠᠨᠵᠢᠶᠠᠩ᠂ ᠽᠢᠵᠢᠶᠠᠩ᠂ ᠶᠤᠸᠠᠨᠵᠢᠶᠠᠩ᠂ ᠯᠢᠵᠢᠶᠠᠩ ᠳᠥᠷᠪᠡᠨ ᠶᠡᠬᠡ ᠤᠰᠤᠨ ᠰᠢᠰᠲ᠋ᠧᠮ᠎ᠤᠨ ᠤᠷᠤᠰ᠎ᠤᠨ ᠣᠷᠣᠵᠤ ᠪᠠᠶ᠋ᠢᠭ᠎ᠠ ᠭᠠᠵᠠᠷ ᠶᠤᠮ᠂ ᠬᠥᠬᠡ ᠮᠥᠷᠡᠨ᠎ᠢ ᠵᠠᠯᠭᠢᠬᠤ ᠭᠡᠳᠡᠭ᠎ᠨᠢ ᠳᠠᠷᠤᠶ ᠬᠥᠬᠡ ᠮᠥᠷᠡᠨ᠎ᠤ ᠶᠡᠬᠡ ᠦᠶᠡᠷ᠎ᠤᠨ ᠪᠠᠶ᠋ᠢᠳᠠᠯ ᠳᠣᠣᠷ᠎ᠠ ᠨᠢᠭᠡ ᠬᠡᠰᠡᠭ ᠤᠰᠤ ᠵᠢ ᠳ᠋ᠦᠩ ᠲᠢᠩ ᠬᠤ᠌ ᠨᠠᠭᠤᠷ᠎ᠲᠤ ᠣᠷᠣᠭᠤᠯᠵᠤ ᠳᠡᠶ᠋ᠢᠯᠬᠦ ᠵᠢ ᠬᠡᠯᠡᠵᠦ ᠪᠠᠶ᠋ᠢᠨ᠎ᠠ᠂ ᠲᠡᠭᠦᠨ᠎ᠳᠤ ᠪᠠᠰᠠ ᠨᠢᠭᠡ ᠴᠢᠳᠠᠮᠵᠢ᠎ᠲᠠᠢ᠂ ᠳᠠᠷᠤᠶ ᠬᠥᠬᠡ ᠮᠥᠷᠡᠨ᠎ᠤ ᠭᠣᠣᠯ ᠤᠷᠤᠰᠬᠠᠯ᠎ᠤᠨ ᠤᠰᠤᠨ᠎ᠤ ᠬᠡᠮᠵᠢᠶ᠎ᠡ ᠪᠠᠭ᠎ᠠ ᠪᠠᠶ᠋ᠢᠬᠤ ᠪᠠᠶ᠋ᠢᠳᠠᠯ ᠳᠣᠣᠷ᠎ᠠ ᠬᠥᠬᠡ ᠮᠥᠷᠡᠨ᠎ᠤ ᠤᠰᠤᠨ᠎ᠤ ᠬᠡᠮᠵᠢᠶ᠎ᠡ ᠵᠢ ᠭᠡᠳᠡᠷᠭᠦ ᠲᠡᠵᠢᠭᠡᠬᠦ ᠶᠠᠪᠤᠳᠠᠯ ᠪᠣᠯᠤᠨ᠎ᠠ᠃ ᠲᠡᠭᠦᠨ᠎ᠤ ᠡᠶ᠋ᠢᠮᠦᠷᠬᠦᠦ ᠨᠢᠭᠡᠨ ᠣᠨᠴᠠᠭ᠋ᠠᠢ ᠪᠠᠶ᠋ᠢᠷᠢᠯᠠᠯ᠎ᠠᠴᠠ ᠦᠵᠡᠪᠡᠯ᠂ ᠡᠨᠡ ᠬᠦ᠌ ᠤᠰᠤᠨ᠎ᠤ ᠰᠢᠨᠵᠢᠯᠡᠬᠡᠨ᠎ᠤ ᠠᠵᠢᠭᠯᠠᠯᠲᠠ᠎ᠨᠢ ᠲᠤᠶ᠋ᠢᠯ᠎ᠤᠨ ᠴᠢᠬᠤᠯᠠ ᠮᠥᠷᠲᠡᠭᠡᠨ ᠲᠡᠭᠦᠨ᠎ᠤ ᠳᠤᠰᠬᠠᠭᠰᠠᠨ ᠵᠢᠮ᠎ᠡ ᠶᠣᠰᠣᠨᠢ ᠲᠤᠶ᠋ᠢᠯ᠎ᠤᠨ ᠪᠤᠳᠤᠯᠢᠶᠠᠨᠲᠠᠢ ᠪᠠᠶ᠋ᠢᠳᠠᠭ᠃ ᠣᠳᠣᠬᠠᠨ᠎ᠳᠤ ᠴᠧᠩ ᠯᠢᠩ ᠵᠢᠶ ᠵᠢᠨ ᠤᠰᠤᠨ ᠲᠦᠪᠰᠢᠨ᠎ᠤ ᠬᠤᠪᠢᠷᠠᠯᠲᠠ ᠵᠢᠨ ᠵᠢᠮ᠎ᠡ ᠶᠣᠰᠣᠨ᠎ᠤ ᠲᠣᠭᠣᠷᠢᠨ᠎ᠳᠤ᠂ ᠮᠠᠰᠢ ᠣᠯᠠᠨ ᠤᠰᠤᠨ ᠰᠢᠨᠵᠢᠯᠡᠭᠡᠨ᠎ᠤ ᠲᠤᠰᠬᠠᠶ ᠮᠡᠷᠭᠡᠵᠢᠯᠲᠡᠨ ᠡᠷᠳᠡᠮᠲᠡᠳ ᠰᠤᠳᠤᠯᠭ᠋ᠠᠨ ᠬᠢᠵᠦ ᠪᠠᠶ᠋ᠢᠨ᠎ᠠ᠃ 《ᠴᠠᠭ ᠠᠭᠤᠷ᠎ᠤᠨ ᠬᠡᠮᠵᠢᠭᠦᠷ》᠎ᠨᠢ ᠳ᠋ᠦᠩ ᠲᠢᠩ ᠬᠤ᠌ ᠴᠧᠩ ᠯᠢᠩ ᠵᠢᠶ ᠤᠰᠤᠨ ᠰᠢᠨᠵᠢᠯᠡᠭᠡᠨ᠎ᠤ ᠥᠷᠲᠡᠭᠡ ᠵᠢᠨ ᠡᠵᠡᠮᠰᠢᠯ᠎ᠤᠨ ᠢᠯᠡᠷᠡᠯ ᠪᠤᠯᠤᠨ᠎ᠠ᠃
ᠪᠢᠳᠡ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ ᠲᠤᠬᠠᠶ ᠶᠠᠷᠢᠬᠤ᠎ᠳᠠᠭᠠᠨ᠂ ᠴᠧᠩ ᠯᠢᠩ ᠵᠢᠶ ᠵᠢᠨ ᠤᠰᠤᠨ ᠲᠦᠪᠰᠢᠨ᠎ᠤ ᠬᠤᠪᠢᠷᠠᠯᠲᠠ ᠵᠢᠨ ᠪᠠᠶ᠋ᠢᠳᠠᠯ᠂ ᠵᠢᠯ᠎ᠤᠨ ᠬᠤᠪᠢᠷᠠᠯᠲᠠ ᠵᠢᠨ ᠬᠠᠨᠳᠤᠰᠢ᠂ ᠣᠳᠣᠬᠠᠨ᠎ᠤ ᠬᠤᠪᠢᠷᠠᠯᠲᠠ ᠵᠢᠨ ᠪᠠᠶ᠋ᠢᠳᠠᠯ᠎ᠢ ᠦᠵᠡᠵᠦ᠂ ᠢᠷᠡᠭᠡᠳᠦᠶ ᠵᠢᠨ ᠬᠤᠪᠢᠷᠠᠯᠲᠠ ᠵᠢᠨ ᠬᠠᠨᠳᠤᠰᠢ ᠵᠢ ᠴᠤ᠌ ᠵᠠᠳᠠᠯᠵᠤ ᠤᠷᠢᠳᠴᠢᠯᠠᠨ ᠮᠠᠭ᠋ᠠᠳᠯᠠᠬᠤ ᠬᠡᠷᠡᠭᠲᠡᠶ᠃ ᠡᠶ᠋ᠢᠮᠦ᠎ᠠᠴᠠ 《ᠴᠠᠭ ᠠᠭᠤᠷ᠎ᠤᠨ ᠬᠡᠮᠵᠢᠭᠦᠷ》᠎ᠨᠢ ᠭᠤᠤᠯ ᠮᠥᠷᠡᠨ᠎ᠤ ᠰᠣᠯᠢᠯᠴᠠᠭ᠋ᠠᠨ᠎ᠤ ᠬᠠᠷᠢᠴᠠᠭ᠋ᠠᠨ᠎ᠤ ᠮᠠᠰᠢ ᠴᠢᠬᠤᠯᠠ ᠤᠰᠤᠨ᠎ᠤ ᠰᠢᠨᠵᠢᠯᠡᠬᠡᠨ᠎ᠤ ᠠᠰᠠᠭᠤᠳᠠᠯ᠎ᠢ ᠢᠯᠡᠷᠡᠭᠦᠯᠵᠦ᠂ ᠬᠥᠬᠡᠮᠥ᠋ᠷᠡᠨ᠎ᠤ ᠦᠶᠡᠷ᠎ᠢ ᠰᠡᠷᠭᠡᠶ᠋ᠢᠯᠡᠬᠦ ᠵᠢᠯᠣᠭᠣᠳᠬᠤ ᠰᠢᠳᠪᠥᠷᠢᠲᠦ ᠪᠣᠳᠣᠯᠭ᠎ᠠ ᠵᠢᠨ ᠨᠢᠭᠡᠨ ᠴᠢᠬᠤᠯᠠ ᠠᠩᠬᠠᠷᠤᠯ᠎ᠤᠨ ᠴᠡᠭ ᠪᠣᠯᠤᠨ᠎ᠠ᠃
ᠴᠧᠩ ᠯᠢᠩ ᠵᠢᠶ ᠪᠣᠯ ᠳ᠋ᠦᠩ ᠲᠢᠩ ᠬᠤ᠌ ᠨᠠᠭᠤᠷ᠎ᠤᠨ ᠬᠥᠬᠡ ᠮᠥᠷᠡᠨ᠎ᠳᠤ ᠤᠷᠤᠰ᠎ᠤᠨ ᠣᠷᠣᠬᠤ ᠠᠮᠠᠰᠠᠷ ᠪᠣᠯᠤᠨ᠎ᠠ᠂ ᠲᠡᠭᠦᠨ᠎ᠤ ᠤᠰᠤᠨ ᠲᠦᠪᠰᠢᠨ᠂ ᠤᠷᠤᠰᠬᠠᠯ᠎ᠤᠨ ᠬᠡᠮᠵᠢᠶ᠎ᠡ᠂ ᠡᠯᠡᠰᠦ ᠰᠢᠪᠠᠷ᠂ ᠤᠰᠤᠨ᠎ᠤ ᠴᠢᠨᠠᠷ᠎ᠨᠢ ᠳ᠋ᠦᠩ ᠲᠢᠩ ᠬᠤ᠌ ᠨᠠᠭᠤᠷ᠎ᠤᠨ ᠪᠠᠶ᠋ᠢᠳᠠᠯ᠎ᠢ ᠲᠤᠰᠬᠠᠵᠤ ᠪᠠᠶ᠋ᠢᠳᠠᠭ᠂ ᠡᠭᠦᠨ᠎ᠤ ᠬᠠᠮᠲᠤ ᠡᠨᠡ ᠬᠦ᠌ ᠭᠤᠤᠯ᠎ᠤᠨ ᠬᠡᠰᠡᠭ᠎ᠨᠢ ᠳᠠᠬᠢᠨ ᠬᠥᠬᠡ ᠮᠥᠷᠡᠨ᠎ᠤ ᠳᠤᠤᠷᠠᠳᠤ ᠤᠷᠤᠰᠬᠠᠯ ᠵᠦᠭ ᠤᠷᠤᠰᠬᠤ ᠶᠠᠪᠤᠴᠠ᠎ᠳᠤ᠂ ᠭᠤᠤᠯ᠎ᠤᠨ ᠤᠷᠤᠰᠬᠠᠯ᠎ᠤᠨ ᠵᠠᠮ᠎ᠢ ᠵᠠᠰᠠᠬᠤ᠂ ᠬᠦᠪᠡᠭᠡ ᠡᠷᠭᠢ ᠵᠢᠨ ᠱᠤᠭᠤᠮ᠎ᠢ ᠶᠡᠷᠦᠩᠬᠡᠶ᠋ᠢᠯᠡᠨ ᠬᠠᠮᠠᠭ᠋ᠠᠯᠠᠬᠤ᠎ᠳᠤ ᠦᠵᠡᠭᠦᠯᠬᠦ ᠨᠥᠯᠥᠭᠡ ᠵᠢ ᠪᠣᠳᠣᠯᠬᠢᠯᠠᠬᠤ ᠬᠡᠷᠡᠭᠲᠡᠶ᠃ ᠡᠶ᠋ᠢᠮᠦ᠎ᠠᠴᠠ ᠡᠨᠡ ᠥᠷᠲᠡᠭᠡ ᠵᠢ 《ᠴᠠᠭ ᠠᠭᠤᠷ᠎ᠤᠨ ᠬᠡᠮᠵᠢᠭᠦᠷ》 ᠭᠡᠵᠦ ᠨᠡᠷᠡᠯᠡᠬᠦ᠎ᠨᠢ ᠮᠠᠰᠢ ᠲᠣᠬᠢᠷᠠᠮᠵᠢᠲᠠᠶ ᠶᠤᠮ᠃
ᠪᠢ ᠡᠳᠡᠭᠡᠷ᠎ᠢ ᠬᠠᠷᠢᠭᠤᠯᠤᠶ᠎ᠠ᠂ ᠪᠠᠶᠠᠷᠯᠠᠯ᠎ᠠ!
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠄ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠳᠤ ᠶᠠᠮᠠᠷ ᠶᠠᠮᠠᠷ ᠣᠨᠴᠠᠯᠢᠭ ᠪᠠᠶ᠋ᠢᠬᠤ ᠪᠣᠶ ᠲᠠᠷᠠᠭ᠋ᠠᠴᠢ ᠵᠢᠨ ᠱᠠᠲᠤᠨ᠎ᠤ ᠤᠰᠤᠨ᠎ᠤ ᠴᠢᠨᠠᠷ᠎ᠢ ᠬᠢᠨᠠᠨ ᠬᠡᠮᠵᠢᠬᠦ ᠪᠠᠶ᠋ᠢᠷᠢ ᠲᠣᠭᠲᠠᠭ᠋ᠠᠯᠲᠠ ᠪᠠ ᠭᠤᠤᠯᠳᠠᠯᠭ᠎ᠠ᠎ᠲᠠᠢ ᠡᠭᠦᠷᠭᠡ᠎ᠳᠤ ᠶᠠᠭᠤ ᠶᠠᠭᠤ ᠪᠠᠶ᠋ᠢᠬᠤ ᠪᠣᠶ? ᠪᠠᠶᠠᠷᠯᠠᠯ᠎ᠠ!
ᠼᠠᠢ ᠵᠢᠶᠠᠨ ᠶᠤᠸᠠᠨ᠄ ᠡᠨᠡ ᠠᠰᠠᠭᠤᠳᠠᠯ᠎ᠢ ᠪᠢ ᠸᠧᠶ ᠰᠢᠨ ᠫᠢᠩ ᠳᠡᠳ᠋ ᠵᠤᠷᠭ᠋ᠠᠨ᠎ᠤ ᠳᠠᠷᠤᠭ᠎ᠠ᠎ᠪᠠᠷ ᠬᠠᠷᠢᠭᠤᠯᠤᠭᠤᠯᠤᠶᠠ᠃
ᠸᠧᠶ ᠰᠢᠨ ᠫᠢᠩ᠄ ᠤᠰᠤᠨ᠎ᠤ ᠴᠢᠨᠠᠷ᠎ᠢ ᠬᠢᠨᠠᠨ ᠬᠡᠮᠵᠢᠬᠦ ᠪᠣᠯ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ᠎ᠤᠨ ᠴᠢᠬᠤᠯᠠ ᠡᠭᠦᠷᠭᠡ ᠬᠠᠷᠢᠭᠤᠴᠠᠯᠭ᠎ᠠ ᠪᠣᠯᠬᠤ ᠪᠥᠭᠡᠳ ᠪᠠᠰᠠ ᠤᠰᠤᠨ᠎ᠤ ᠰᠢᠨᠵᠢᠯᠡᠬᠡᠨ᠎ᠤ ᠬᠢᠨᠠᠨ ᠬᠡᠮᠵᠢᠯᠳᠡ ᠵᠢᠨ ᠰᠠᠯᠵᠤ ᠪᠣᠯᠤᠰᠢ ᠦᠭᠡᠶ ᠪᠦᠷᠢᠯᠳᠦᠬᠦᠨ ᠠᠭᠤᠯᠭ᠎ᠠ ᠪᠣᠯᠤᠨ᠎ᠠ᠃ ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ᠎ᠤᠨ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠨᠢ ᠳᠡᠭᠡᠷ᠎ᠡ ᠵᠠᠭᠤᠨ᠎ᠤ ᠲᠠᠪᠢᠭ᠋ᠠᠳ ᠣᠨ᠎ᠠᠴᠠ ᠡᠬᠢᠯᠡᠵᠦ᠂ ᠬᠠᠮᠤᠭ ᠠᠩᠬᠠᠨ᠎ᠳᠠᠭᠠᠨ ᠪᠠᠶ᠋ᠢᠭ᠋ᠠᠯᠢ ᠵᠢᠨ ᠤᠰᠤᠨ᠎ᠤ ᠬᠢᠮᠢ ᠵᠢᠨ ᠵᠠᠳᠠᠯᠤᠯᠲᠠ᠎ᠪᠠᠷ ᠭᠣᠣᠯᠯᠠᠵᠤ ᠪᠠᠶ᠋ᠢᠪᠠ᠃ ᠳᠠᠯᠠᠭ᠋ᠠᠳ ᠣᠨ᠎ᠤ ᠡᠬᠢ᠎ᠠᠴᠠ ᠡᠬᠢᠯᠡᠨ ᠤᠰᠤᠨ᠎ᠤ ᠪᠣᠬᠢᠷᠲᠤᠯ᠎ᠤᠨ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠤ ᠦᠵᠡᠭᠦᠯᠬᠦ ᠨᠥᠯᠥᠭᠡ ᠵᠢ ᠠᠩᠬᠠᠷᠴᠤ᠂ ᠬᠢᠮᠢ ᠵᠢᠨ ᠭᠦᠶᠴᠡᠳᠬᠡᠯ ᠲᠣᠭ᠎ᠠ ᠵᠢᠨ ᠬᠢᠨᠠᠨ ᠬᠡᠮᠵᠢᠯᠲᠡ ᠵᠢ ᠠᠯᠬᠤᠮ ᠠᠯᠬᠤᠮ ᠵᠶ᠋ᠠᠷ ᠥᠷᠨᠢᠭᠦᠯᠦᠨ᠎ᠡ᠃ ᠡᠭᠦᠨ᠎ᠠᠴᠠ ᠰᠡᠭᠦᠯᠡᠷ᠂ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ ᠡᠳᠦᠷ ᠢᠷᠡᠬᠦᠶ᠎ᠡ ᠬᠥᠭᠵᠢᠪᠡ᠃
ᠤᠰᠤᠨ᠎ᠤ ᠰᠢᠨᠵᠢᠯᠡᠭᠡᠨ᠎ᠤ ᠰᠠᠯᠠᠭ᠎ᠠ ᠮᠥᠴᠢᠷ ᠤᠰᠤᠨ᠎ᠤ ᠴᠢᠨᠠᠷ᠎ᠢ ᠤᠰᠤᠨ᠎ᠤ ᠰᠢᠨᠵᠢᠯᠡᠬᠡᠨ᠎ᠤ ᠬᠢᠨᠠᠨ ᠬᠡᠮᠵᠢᠬᠦ ᠦᠨᠳᠦᠰᠦᠨ ᠡᠯᠧᠮᠧᠨ᠋ᠲ᠎ᠤᠨ ᠨᠢᠭᠡ ᠪᠣᠯᠭ᠋ᠠᠵᠤ᠂ ᠳᠤᠤᠷᠠᠬᠢ ᠮᠡᠲᠦ ᠢᠯᠡ ᠲᠣᠳᠣ ᠣᠨᠴᠠᠯᠢᠭ᠎ᠲᠠᠢ᠄
ᠨᠢᠭᠡ᠎ᠳᠤ ᠤᠰᠤᠨ᠎ᠤ ᠬᠡᠮᠵᠢᠶ᠎ᠡ ᠤᠰᠤᠨ᠎ᠤ ᠴᠢᠨᠠᠷ᠎ᠢ ᠣᠷᠭ᠋ᠠᠨᠢᠭ ᠵᠶ᠋ᠠᠷ ᠤᠶᠠᠯᠳᠤᠭᠤᠯᠪᠠ᠃ ᠤᠰᠤᠨ᠎ᠤ ᠴᠢᠨᠠᠷ᠎ᠢ ᠬᠢᠨᠠᠨ ᠬᠡᠮᠵᠢᠬᠦ ᠣᠭᠲᠣᠯᠤᠭ᠋ᠠᠰᠤ ᠵᠢᠨ ᠪᠠᠶ᠋ᠢᠷᠢᠯᠠᠭᠤᠯᠤᠯᠲᠠ᠎ᠨᠢ ᠭᠣᠣᠯ ᠮᠥᠷᠡᠨ᠎ᠤ ᠥᠪᠡᠷᠮᠢᠴᠡ ᠴᠢᠨᠠᠷ ᠪᠣᠯᠤᠨ ᠤᠰᠤᠨ᠎ᠤ ᠰᠢᠨᠵᠢᠯᠡᠬᠡᠨ᠎ᠤ ᠣᠨᠴᠠᠯᠢᠭ᠎ᠢ ᠭᠦᠢ᠍ᠴᠡᠳ ᠪᠣᠳᠣᠯᠬᠢᠯᠠᠵᠤ᠂ ᠤᠰᠤᠨ᠎ᠤ ᠬᠡᠮᠵᠢᠶ᠎ᠡ ᠵᠢ ᠬᠢᠨᠠᠨ ᠬᠡᠮᠵᠢᠬᠦᠯᠦᠭᠡ ᠣᠷᠭ᠋ᠠᠨᠢᠭ ᠵᠶ᠋ᠠᠷ ᠨᠢᠭᠡᠳᠴᠦ᠂ ᠣᠳᠣ ᠪᠠᠶ᠋ᠢᠭ᠎ᠠ 1 . 4 ᠲᠦᠮᠡ ᠭᠠᠷᠤᠶ ᠭᠠᠵᠠᠷ᠎ᠤᠨ ᠤᠰᠤᠨ᠎ᠤ ᠴᠢᠨᠠᠷ᠎ᠢ ᠬᠢᠨᠠᠨ ᠬᠡᠮᠵᠢᠬᠦ ᠣᠭᠲᠣᠯᠤᠭ᠋ᠠᠰᠤ ᠵᠢᠨ ᠳᠣᠲᠣᠷ᠎ᠠ᠂ ᠪᠠᠷᠤᠭ 60 % ᠪᠠ ᠤᠰᠤᠨ᠎ᠤ ᠬᠡᠮᠵᠢᠶ᠎ᠡ ᠵᠢ ᠬᠢᠨᠠᠨ ᠬᠡᠮᠵᠢᠬᠦ ᠵᠢ ᠬᠠᠷᠢᠯᠴᠠᠨ ᠤᠶᠠᠯᠳᠤᠭᠤᠯᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ᠎ᠨᠢ ᠪᠣᠬᠢᠷ ᠪᠣᠳᠠᠰ᠎ᠤᠨ ᠥᠳᠬᠡᠴᠡ ᠵᠢ ᠲᠤᠰᠬᠠᠬᠤ᠎ᠪᠠᠷ ᠪᠠᠷᠠᠬᠤ ᠦᠭᠡᠶ᠂ ᠤᠰᠤᠨ᠎ᠤ ᠬᠡᠮᠵᠢᠶ᠎ᠡ ᠵᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠦᠨᠳᠦᠰᠦᠯᠡᠨ᠂ ᠪᠣᠬᠢᠷ ᠪᠣᠳᠠᠰ᠎ᠤᠨ ᠶᠡᠷᠦᠩᠬᠡᠶ ᠬᠡᠮᠵᠢᠶ᠎ᠡ ᠵᠢ ᠵᠠᠳᠠᠯᠤᠨ ᠪᠣᠳᠣᠵᠤ ᠪᠣᠯᠤᠨ᠎ᠠ᠃
ᠬᠣᠶᠠᠷ᠎ᠲᠤ᠂ ᠤᠰᠤᠨ᠎ᠤ ᠴᠢᠨᠠᠷ᠎ᠠᠴᠠ ᠥᠯᠢᠭᠡᠷ ᠠᠪᠬᠤ᠎ᠨᠢ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠶ᠃ ᠤᠰᠤᠨ᠎ᠤ ᠴᠢᠨᠠᠷ ᠵᠶ᠋ᠠᠷ ᠦᠯᠢᠭᠡᠷ ᠠᠪᠬᠤ᠎ᠳᠠᠭᠠᠨ ᠭᠣᠣᠯ ᠮᠥᠷᠡᠨ ᠨᠠᠭᠤᠷ ᠴᠥᠭᠥᠷᠥᠮ᠎ᠳᠤ ᠲᠠᠷᠬᠠᠵᠤ ᠪᠠᠶ᠋ᠢᠭ᠎ᠠ ᠡᠯ᠎ᠡ ᠲᠥᠷᠥᠯ᠎ᠤᠨ ᠤᠰᠤᠨ᠎ᠤ ᠰᠢᠨᠵᠢᠯᠡᠭᠡᠨ᠎ᠤ ᠬᠡᠮᠵᠢᠬᠦ ᠥᠷᠲᠡᠭᠡ᠂ ᠤᠰᠤᠨ᠎ᠤ ᠰᠢᠨᠵᠢᠯᠡᠭᠡᠨ᠎ᠤ ᠥᠷᠲᠡᠭᠡ ᠵᠢᠨ ᠠᠵᠢᠯᠲᠠᠨ ᠠᠵᠢᠯᠴᠢᠳ ᠤᠷᠲᠤ ᠬᠤᠭᠤᠴᠠᠭ᠎ᠠ᠎ᠪᠠᠷ ᠭᠣᠣᠯ᠎ᠤᠨ ᠬᠥᠪᠡᠭᠡ ᠵᠢ ᠰᠠᠬᠢᠨ ᠰᠠᠭᠤᠵᠤ᠂ ᠭᠣᠣᠯ ᠮᠥᠷᠡᠨ᠎ᠤ ᠥᠪᠡᠷᠮᠢᠴᠡ ᠴᠢᠨᠠᠷ ᠪᠣᠯᠤᠨ ᠤᠰᠤᠨ᠎ᠤ ᠰᠢᠨᠵᠢᠯᠡᠬᠡᠨ᠎ᠤ ᠪᠠᠶ᠋ᠢᠳᠠᠯ᠎ᠢ ᠣᠨᠣᠪᠴᠢᠲᠠᠶ ᠡᠵᠡᠮᠰᠢᠨ᠂ ᠣᠩᠭᠣᠴᠠ ᠬᠡᠮᠵᠢᠬᠦ ᠪᠤᠶᠤ ᠳᠡᠭᠡᠰᠦᠨ ᠵᠠᠮ ᠵᠡᠷᠭᠡ ᠤᠰᠤᠨ᠎ᠤ ᠰᠢᠨᠵᠢᠯᠡᠭᠡᠨ᠎ᠤ ᠪᠡᠯᠡᠳᠬᠡᠮᠵᠢ ᠵᠢ ᠠᠰᠢᠭᠯᠠᠨ᠂ ᠣᠭᠲᠣᠯᠤᠭ᠋ᠠᠰᠤ ᠵᠢᠨ ᠠᠳᠠᠯᠢ ᠪᠤᠰᠤ ᠭᠠᠵᠠᠷ᠎ᠠᠴᠠ ᠲᠤᠰ ᠲᠤᠰ ᠦᠯᠢᠭᠡᠷ ᠠᠪᠴᠤ᠂ ᠨᠡᠯᠢᠶᠡᠳ ᠰᠠᠶ᠋ᠢᠨ ᠲᠥᠯᠥᠭᠡᠯᠡᠬᠦ ᠴᠢᠨᠠᠷᠲᠠᠶ ᠪᠣᠯᠭ᠋ᠠᠨ᠎ᠠ᠃
ᠭᠤᠷᠪᠠ᠎ᠳᠤ᠂ ᠤᠰᠤᠨ ᠠᠰᠢᠭᠯᠠᠯᠲᠠ ᠵᠢᠨ ᠲᠥᠪ᠎ᠤᠨ ᠠᠵᠢᠯ᠎ᠳᠤ ᠦᠢ᠍ᠯᠡᠴᠢᠯᠡᠨ᠎ᠡ᠃ ᠤᠰᠤᠨ᠎ᠤ ᠴᠢᠨᠠᠷ᠎ᠢ ᠬᠢᠨᠠᠨ ᠰᠢᠨᠵᠢᠬᠦ᠎ᠨᠢ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠬᠠᠮᠢᠶᠠᠷᠬᠤ ᠪᠠ ᠬᠠᠮᠠᠭ᠋ᠠᠯᠠᠬᠤ ᠵᠡᠷᠭᠡ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠴᠢᠬᠤᠯᠠ ᠡᠵᠡᠮᠳᠡᠬᠦ ᠵᠠᠩᠭᠢᠯᠠᠭ᠎ᠠ᠎ᠳᠤ ᠬᠢᠨᠠᠨ ᠰᠢᠨᠵᠢᠬᠦ ᠣᠭᠲᠣᠯᠤᠭ᠋ᠠᠰᠤ ᠪᠠᠶ᠋ᠢᠷᠢᠯᠠᠭᠤᠯᠵᠤ᠂ ᠬᠢᠨᠠᠨ ᠰᠢᠨᠵᠢᠬᠦ ᠭᠦᠢ᠍ᠴᠡᠳᠬᠡᠯ ᠲᠣᠭ᠎ᠠ ᠪᠠ ᠤᠳᠠᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠳᠣᠭᠢᠷᠠᠭᠤᠯᠤᠨ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠪᠠ ᠬᠠᠮᠠᠭ᠋ᠠᠯᠠᠯᠲᠠ᠂ ᠤᠰᠤᠨ᠎ᠤ ᠢᠨᠵᠧᠨᠧᠷᠢᠩ᠎ᠤᠨ ᠠᠵᠢᠯᠯᠠᠭ᠋ᠠᠨ᠎ᠤ ᠲᠣᠬᠢᠷᠠᠭᠤᠯᠤᠯᠲᠠ ᠵᠡᠷᠭᠡ ᠬᠡᠷᠡᠭᠴᠡᠭᠡ ᠵᠢ ᠬᠠᠩᠭ᠋ᠠᠵᠤ᠂ ᠤᠰᠤᠨ ᠠᠰᠢᠭᠯᠠᠯᠲᠠ ᠵᠢᠨ ᠲᠥᠪ᠎ᠤᠨ ᠠᠵᠢᠯ᠎ᠳᠤ ᠰᠢᠭᠤᠳ ᠦᠢ᠍ᠯᠡᠴᠢᠯᠡᠨ᠎ᠡ᠃
ᠲᠠᠷᠠᠭ᠋ᠠᠴᠢ ᠵᠢᠨ ᠱᠠᠲᠤᠨ᠎ᠳᠤ᠂ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠳᠤ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠬᠥᠭ ᠠᠶᠠᠰ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠂ ᠢᠳᠡᠪᠬᠢᠲᠡᠶ ᠠᠵᠢᠯᠯᠠᠵᠤ᠂ ᠳᠤᠤᠷᠠᠬᠢ ᠠᠵᠢᠯ᠎ᠤᠳ᠎ᠢ ᠭᠤᠤᠯᠳᠠᠯᠭ᠎ᠠ᠎ᠲᠠᠢ ᠰᠠᠶ᠋ᠢᠲᠤᠷ ᠬᠢᠨ᠎ᠠ᠄
ᠨᠢᠭᠡ᠎ᠳᠤ᠂ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠨᠠᠷ᠎ᠤᠨ ᠪᠠᠶ᠋ᠢᠳᠠᠯ᠎ᠢ ᠡᠵᠡᠮᠰᠢᠬᠦ ᠬᠡᠷᠡᠭᠲᠡᠶ᠃ ᠨᠢᠳᠤᠨᠤᠨ ᠤᠰᠤᠨ ᠠᠰᠢᠭᠯᠠᠯᠲᠠ ᠵᠢᠨ ᠶᠠᠮᠤᠨ 《ᠭᠠᠵᠠᠷ ᠳᠡᠭᠡᠷᠡᠬᠢ ᠤᠰᠤᠨ᠎ᠤ ᠤᠯᠤᠰ᠎ᠤᠨ ᠭᠣᠣᠯᠳᠠᠯᠭ᠎ᠠ᠎ᠲᠠᠢ ᠤᠰᠤᠨ᠎ᠤ ᠴᠢᠨᠠᠷ᠎ᠤᠨ ᠥᠷᠲᠡᠭᠡᠨ᠎ᠤ ᠨᠡᠷᠡᠰ᠎ᠤᠨ ᠵᠢᠭᠰᠠᠭ᠋ᠠᠯᠲᠠ》 ᠵᠢ ᠳᠠᠷᠤᠮᠠᠯᠯᠠᠨ ᠲᠠᠷᠬᠠᠭ᠋ᠠᠵᠤ᠂ ᠪᠢᠳᠡ ᠡᠭᠦᠨ ᠵᠶ᠋ᠠᠷ ᠦᠨᠳᠦᠰᠦᠨ ᠪᠣᠷᠣ ᠲᠥᠯᠥᠪ ᠪᠣᠯᠭ᠋ᠠᠵᠤ᠂ ᠤᠰᠤᠨ᠎ᠤ ᠴᠢᠨᠠᠷ᠎ᠢ ᠬᠢᠨᠠᠨ ᠬᠡᠮᠵᠢᠬᠦ ᠥᠷᠲᠡᠭᠡᠨ ᠲᠣᠣᠷᠵᠢᠯ᠎ᠤᠨ ᠪᠠᠶ᠋ᠢᠷᠢᠰᠢᠯ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠰᠤᠨ᠎ᠤ ᠰᠢᠨᠵᠢᠯᠡᠬᠡᠨ᠎ᠤ ᠰᠠᠯᠠᠭ᠎ᠠ ᠮᠥᠴᠢᠷ᠎ᠤᠨ ᠥᠷᠲᠡᠭᠡ ᠵᠢᠨ ᠲᠣᠣᠷ᠂ ᠠᠵᠢᠯᠲᠠᠨ ᠵᠡᠷᠭᠡ ᠵᠢᠨ ᠳᠠᠪᠠᠭᠤᠯᠢᠭ᠎ᠢ ᠪᠠᠳᠠᠷᠠᠭᠤᠯᠤᠨ᠂ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠢ ᠰᠠᠶ᠋ᠢᠲᠤᠷ ᠬᠢᠵᠦ᠂ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠨᠠᠷ᠎ᠤᠨ ᠪᠠᠶ᠋ᠢᠳᠠᠯ᠎ᠢ ᠡᠵᠡᠮᠰᠢᠨ᠂ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠬᠠᠮᠢᠶᠠᠷᠬᠤ ᠪᠠ ᠬᠠᠮᠠᠭ᠋ᠠᠯᠠᠬᠤ᠎ᠳᠤ ᠰᠠᠭᠤᠷᠢ ᠮᠡᠳᠡᠭᠡ ᠵᠠᠩᠭᠢ ᠬᠠᠩᠭ᠋ᠠᠨ᠎ᠠ᠃
ᠬᠣᠶᠠᠷ᠎ᠲᠤ᠂ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠲᠤᠯᠭ᠋ᠠᠭᠤᠷᠢᠯᠠᠨ᠎ᠠ᠃ ᠤᠰᠤᠨ᠎ᠤ ᠡᠬᠢ ᠪᠠᠶᠠᠯᠢᠭ᠂ ᠭᠤᠤᠯ ᠮᠥᠷᠡᠨ ᠨᠠᠭᠤᠷ ᠴᠥᠭᠥᠷᠥᠮ ᠵᠡᠷᠭᠡ ᠵᠢᠨ ᠬᠢᠨᠠᠯᠲᠠ ᠬᠠᠮᠢᠶᠠᠷᠤᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠂ ᠴᠢᠬᠤᠯᠠ ᠡᠵᠡᠮᠳᠡᠬᠦ ᠣᠭᠲᠣᠯᠤᠭ᠋ᠠᠰᠤ ᠵᠢᠨ ᠤᠰᠤᠨ᠎ᠤ ᠴᠢᠨᠠᠷ᠎ᠢ ᠬᠢᠨᠠᠨ ᠰᠢᠨᠵᠢᠬᠦ ᠵᠢ ᠴᠢᠩᠭ᠋ᠠᠳᠬᠠᠵᠤ᠂ ᠵᠠᠮᠠᠭ᠎ᠤᠨ ᠲᠥᠷᠥᠯ᠂ ᠤᠰᠤᠨ᠎ᠤ ᠢᠷᠤᠭ᠋ᠠᠷ᠎ᠤᠨ ᠠᠮᠢᠳᠤ ᠪᠣᠳᠠᠰ᠂ ᠵᠢᠭ᠋ᠠᠰᠤᠨ᠎ᠤ ᠲᠥᠷᠥᠯ ᠵᠡᠷᠭᠡ ᠤᠰᠤᠨ᠎ᠤ ᠠᠮᠢ ᠠᠬᠤᠶ ᠵᠢ ᠬᠢᠨᠠᠨ ᠰᠢᠨᠵᠢᠬᠦ ᠲᠥᠷᠥᠯ ᠵᠦᠢ᠍ᠯ᠎ᠢ ᠥᠷᠭᠡᠳᠬᠡᠨ᠂ ᠤᠰᠤᠨ᠎ᠤ ᠬᠡᠮᠵᠢᠶ᠎ᠡ ᠤᠰᠤᠨ᠎ᠤ ᠴᠢᠨᠠᠷ᠎ᠢ ᠤᠶᠠᠯᠳᠤᠭᠤᠯᠤᠭᠰᠠᠨ ᠳᠠᠪᠠᠭᠤᠯᠢᠭ᠎ᠢ ᠪᠠᠳᠠᠷᠠᠭᠤᠯᠵᠤ᠂ ᠴᠢᠨᠠᠷ ᠰᠠᠶ᠋ᠢᠲᠠᠶ ᠤᠰᠤᠨ᠎ᠤ ᠡᠬᠢ ᠪᠠᠶᠠᠯᠢᠭ᠂ ᠡᠷᠡᠭᠦᠯ ᠤᠰᠤᠨ᠎ᠤ ᠠᠮᠢ ᠠᠬᠤᠶ᠂ ᠰᠠᠭᠤᠷᠢᠰᠢᠬᠤ᠎ᠳᠤ ᠲᠣᠬᠢᠷᠠᠮᠵᠢᠲᠠᠶ ᠤᠰᠤᠨ᠎ᠤ ᠣᠷᠴᠢᠨ ᠲᠣᠭᠣᠷᠢᠨ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠨ᠎ᠠ᠃
ᠭᠤᠷᠪᠠ᠎ᠳᠤ᠂ ᠤᠰᠤ ᠬᠠᠩᠭ᠋ᠠᠬᠤ ᠠᠮᠤᠷ ᠲᠦᠪᠰᠢᠨ᠎ᠤ ᠪᠠᠲᠤᠯᠠᠭ᠎ᠠ ᠵᠢ ᠰᠠᠶ᠋ᠢᠲᠤᠷ ᠬᠢᠨ᠎ᠠ᠃ ᠨᠢᠳᠤᠨᠤᠨ᠂ ᠤᠰᠤᠨ ᠠᠰᠢᠭᠯᠠᠯᠲᠠ ᠵᠢᠨ ᠶᠠᠮᠤᠨ 《ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠤᠯᠤᠰ᠎ᠤᠨ ᠤᠤᠭᠤᠬᠤ ᠤᠰᠤᠨ᠎ᠤ ᠴᠢᠬᠤᠯᠠ ᠡᠬᠢ ᠰᠤᠷᠪᠤᠯᠵᠢ ᠵᠢᠨ ᠭᠠᠵᠠᠷ᠂ ᠤᠰᠤ ᠲᠠᠲᠠᠬᠤ ᠢᠨᠵᠧᠨᠧᠷᠢᠩ᠎ᠤᠨ ᠡᠬᠢ ᠡᠭᠦᠰᠦᠯ ᠵᠢᠴᠢ ᠵᠠᠮ ᠳᠠᠭ᠋ᠠᠤ ᠵᠢᠨ ᠤᠰᠤᠨ᠎ᠤ ᠴᠢᠨᠠᠷ᠎ᠢ ᠬᠥᠳᠡᠯᠦᠩᠭᠦᠶ᠎ᠪᠠᠷ ᠬᠢᠨᠠᠨ ᠬᠡᠮᠵᠢᠵᠦ ᠬᠢᠨᠠᠨ ᠡᠵᠡᠮᠳᠡᠬᠦ ᠠᠵᠢᠯ᠎ᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠲᠦᠮᠡᠨ ᠬᠥᠮᠦᠨ᠎ᠠᠴᠠ ᠳᠡᠭᠡᠭᠰᠢ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠲᠤ ᠬᠢᠨᠠᠯᠲᠠ ᠲᠠᠯᠪᠢᠬᠤ ᠴᠢᠨᠠᠷᠲᠠᠶ ᠬᠢᠨᠠᠨ ᠬᠡᠮᠵᠢᠬᠦ ᠠᠵᠢᠯ ᠵᠡᠷᠭᠡ ᠵᠢ ᠠᠬᠢᠭᠤᠯᠵᠤ᠂ ᠤᠰᠤ ᠬᠠᠩᠭ᠋ᠠᠬᠤ ᠠᠮᠤᠷ ᠲᠦᠪᠰᠢᠨ᠎ᠳᠤ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠪᠠᠶᠠᠷᠯᠠᠯ᠎ᠠ!
ᠯᠢ ᠰᠢᠶᠣᠤ ᠯᠢᠨ᠄ ᠰᠠᠶᠢᠬᠠᠨ ᠼᠠᠢ ᠵᠢᠶᠠᠨ ᠶᠤᠸᠠᠨ ᠵᠤᠷᠭ᠋ᠠᠨ᠎ᠤ ᠳᠠᠷᠤᠭ᠎ᠠ 70 ᠵᠢᠯ᠎ᠤᠨ ᠲᠤᠷᠰᠢᠬᠢ ᠤᠰᠤᠨ᠎ᠤ ᠰᠢᠨᠵᠢᠯᠡᠬᠡᠨ᠎ᠤ ᠦᠢ᠍ᠯᠡᠰ᠎ᠤᠨ ᠬᠥᠭᠵᠢᠯᠲᠡ ᠵᠢᠨ ᠬᠣᠯᠪᠣᠭᠳᠠᠯ ᠪᠥᠬᠥᠶ ᠪᠠᠶ᠋ᠢᠳᠠᠯ᠎ᠢ ᠲᠣᠪᠴᠢ ᠲᠠᠨᠢᠯᠴᠠᠭᠤᠯᠤᠭᠰᠠᠨ ᠪᠥᠭᠡᠳ ᠵᠠᠩ ᠸᠧᠨ ᠱᠧᠩ ᠳᠡᠳ᠋ ᠳᠠᠷᠤᠭ᠎ᠠ᠂ ᠸᠧᠶ ᠰᠢᠨ ᠫᠢᠩ ᠳᠡᠳ᠋ ᠳᠠᠷᠤᠭ᠎ᠠ᠎ᠲᠠᠢ ᠬᠠᠮᠲᠤ ᠣᠯᠠᠨ᠎ᠤ ᠠᠰᠠᠭᠤᠯᠲᠠ ᠵᠢ ᠬᠠᠷᠢᠭᠤᠯᠵᠤ᠂ ᠰᠤᠷᠪᠤᠯᠵᠢᠯᠠᠭᠴᠢ ᠨᠠᠶ᠋ᠢᠵᠠ ᠨᠠᠷ ᠲᠣᠰ ᠲᠣᠰ᠎ᠤᠨ ᠪᠠᠶ᠋ᠢᠭ᠎ᠠ ᠵᠠᠭᠤᠴᠢᠯᠠᠭᠤᠷ ᠵᠶ᠋ᠠᠷ ᠵᠶ᠋ᠠᠨ ᠳᠠᠮᠵᠢᠭᠤᠯᠤᠨ ᠤᠰᠤᠨ᠎ᠤ ᠰᠢᠨᠵᠢᠯᠡᠬᠡᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠲᠤᠯᠭ᠋ᠠᠭᠤᠷᠢᠯᠠᠬᠤ ᠤᠬᠠᠭᠤᠯᠭ᠎ᠠ ᠮᠡᠳᠡᠭᠡᠯᠡᠯ᠎ᠢ ᠰᠠᠶ᠋ᠢᠲᠤᠷ ᠬᠢᠵᠦ᠂ ᠤᠰᠤᠨ᠎ᠤ ᠰᠢᠨᠵᠢᠯᠡᠬᠡᠨ᠎ᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠪᠠ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠶ ᠠᠬᠢᠭᠤᠯᠬᠤ᠎ᠳᠤ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠬᠦᠰᠡᠪᠡ᠃
ᠲᠠ ᠪᠦᠬᠦᠨ᠎ᠤ ᠤᠰᠤᠨ ᠠᠰᠢᠭᠯᠠᠯᠲᠠ ᠵᠢᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠶ᠋ᠢᠨ᠎ᠠ᠂ ᠥᠨᠥᠳᠦᠷ ᠪᠣᠯ ᠪᠢᠯᠢᠭ᠎ᠤᠨ ᠤᠯᠠᠷᠢᠯ᠎ᠤᠨ 《ᠪᠠᠭ᠎ᠠ ᠰᠢᠨ᠎ᠡ》 ᠪᠣᠯᠤᠨ᠎ᠠ᠂ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠪᠠᠶᠠᠷ᠎ᠤᠨ ᠡᠳᠦᠷ ᠴᠠᠭ᠋ᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠡᠨᠡ ᠲᠣᠬᠢᠶᠠᠯ ᠵᠶ᠋ᠠᠷ ᠣᠯᠠᠨ᠎ᠳᠤ ᠰᠢᠨ᠎ᠡ ᠵᠢᠯ᠎ᠤᠨ ᠪᠠᠶᠠᠷ ᠬᠦᠷᠭᠡᠵᠦ ᠪᠠᠶ᠋ᠢᠨ᠎ᠠ᠂ ᠲᠠ ᠪᠦᠬᠦᠨ᠎ᠤ ᠴᠠᠭ᠋ᠠᠨ ᠰᠠᠷ᠎ᠠ᠎ᠳᠠᠭᠠᠨ ᠪᠠᠶᠠᠷ ᠬᠥᠷ᠎ᠲᠠᠢ᠂ ᠰᠠᠨᠠᠭᠰᠠᠨ ᠪᠦᠬᠦᠨ ᠴᠢᠨᠢ ᠪᠡᠶᠡᠯᠡᠭᠳᠡᠬᠦ ᠵᠢ ᠵᠥᠩᠨᠡᠶ᠎ᠡ᠃
ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠡᠨᠳᠡ ᠬᠦᠷᠦᠭᠡᠳ ᠲᠡᠭᠦᠰᠦᠯ᠎ᠡ᠂ ᠣᠯᠠᠨ᠎ᠳᠤ ᠪᠠᠶᠠᠷᠯᠠᠯ᠎ᠠ!