ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠪᠥᠲᠥᠭᠡᠨ ᠪᠠᠶ᠋ᠢᠭᠤᠯᠤᠯᠲᠠ
ᠨᠡᠶ᠋ᠢᠲᠡᠯᠡᠭᠰᠡᠨ ᠴᠠᠭ᠄ 2022-01-11

     《 ᠠᠷᠠᠳ᠎ᠤᠨ ᠡᠳᠦᠷ᠎ᠤᠨ ᠰᠣᠨᠢᠨ》 (2022᠎ᠤᠨ 01 ᠰᠠᠷ᠎ᠠ ᠵᠢᠨ 11᠎ᠤ ᠡᠳᠦᠷ  10 ᠳ᠋ᠤᠭ᠋ᠠᠷ ᠬᠡᠪᠯᠡᠯ)
      ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠬᠦᠢ᠍ᠫᠢᠩ ᠬᠤᠲᠠ ᠵᠢᠨ ᠳ᠋ᠠ ᠲᠧᠩ ᠰᠢᠶᠠ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠲᠤᠬᠠᠢ ᠵᠢᠨ ᠲᠠᠯᠠᠪᠠᠢ᠎ᠳᠤ᠂ ᠠᠵᠢᠯᠴᠢᠳ ᠬᠠᠰᠢᠯᠭ᠎ᠠ ᠵᠢᠨ ᠤᠷᠤᠢ ᠵᠢᠨ ᠬᠡᠰᠡᠭ᠎ᠢ ᠪᠡᠬᠢᠯᠡᠵᠦ ᠪᠤᠢ᠃
      ᠲᠣᠰ ᠰᠣᠨᠢᠨ᠎ᠤ ᠰᠤᠷᠪᠤᠯᠵᠢᠯᠠᠭᠴᠢ ᠵᠠᠩ ᠡᠦ ᠵᠢᠶᠦ᠋ᠨ ᠰᠡᠭᠦᠳᠡᠷᠯᠡᠪᠡ
      ᠶᠠᠭ ᠪᠠᠶ᠋ᠢᠭᠤᠯᠵᠤ ᠪᠠᠶ᠋ᠢᠭ᠎ᠠ ᠪᠠᠷᠠᠭᠤᠨ ᠡᠷᠭᠢ ᠵᠢᠨ ᠪᠠᠷᠢᠯᠭ᠎ᠠ ᠵᠢᠨ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ᠃
      ᠸᠠᠩ ᠸᠧᠶ ᠰᠡᠭᠦᠳᠡᠷᠯᠡᠪᠡ
      ᠠᠵᠢᠯᠴᠢᠳ ᠶᠠᠭ ᠭᠢᠰᠬᠢᠭᠦᠷ   ᠪᠠᠢ᠌ᠭᠤᠯᠵᠤ ᠪᠠᠢ᠍ᠨ᠎ᠠ᠃
      ᠲᠣᠰ ᠰᠣᠨᠢᠨ᠎ᠤ ᠰᠤᠷᠪᠤᠯᠵᠢᠯᠠᠭᠴᠢ ᠵᠠᠩ ᠡᠦ ᠵᠢᠶᠦ᠋ᠨ ᠰᠡᠭᠦᠳᠡᠷᠯᠡᠪᠡ
      ᠨᠢᠭᠡᠨᠲᠡ ᠠᠰᠢᠭᠯᠠᠯᠲᠠ᠎ᠳᠤ ᠣᠷᠣᠭᠤᠯᠤᠭᠰᠠᠨ ᠨᠠᠨ ᠮᠥ᠍ ᠵᠢᠶᠠᠩ ᠮᠥᠷᠡᠨ᠎ᠤ ᠳᠡᠳ᠋ ᠬᠠᠰᠢᠯᠭ᠎ᠠ᠎ᠨᠢ ᠠᠮᠢ ᠠᠬᠤᠶ ᠵᠢᠨ ᠵᠢᠭ᠋ᠠᠰᠤ ᠥᠩᠭᠡᠷᠡᠬᠦ ᠵᠠᠮ᠎ᠢ ᠳᠠᠭᠤᠷᠢᠶᠠᠨ᠂ ᠰᠠᠪᠠ ᠭᠠᠵᠠᠷ᠎ᠤᠨ ᠳᠣᠲᠣᠷᠠᠬᠢ ᠵᠢᠭ᠋ᠠᠰᠤᠨ᠎ᠤ ᠲᠥᠷᠥᠯ᠎ᠤᠨ ᠬᠡᠪ᠎ᠤᠨ ᠨᠡᠭᠦᠳᠡᠯ ᠪᠠ ᠦᠷᠡᠵᠢᠯᠲᠡ ᠵᠢ ᠪᠠᠲᠤᠯᠠᠭᠰᠠᠨ ᠪᠠᠶ᠋ᠢᠨ᠎ᠠ᠃
      ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠼᠤᠤ ᠢ ᠮᠢᠩ ᠰᠡᠭᠦᠳᠡᠷᠯᠡᠪᠡ
      ᠠᠵᠢᠯᠴᠢᠳ   ᠬᠢᠰᠬᠢᠭᠦᠷ ᠳᠡᠭᠡᠷ᠎ᠡ ᠠᠵᠢᠯᠯᠠᠵᠤ ᠪᠠᠢ᠍ᠨ᠎ᠠ᠃
      ᠸᠠᠩ ᠰᠢᠨ ᠱ᠌ᠢ ᠰᠡᠭᠦᠳᠡᠷᠯᠡᠪᠡ
      ᠠᠵᠢᠯᠴᠢᠳ ᠬᠥᠭᠥᠷᠭᠡᠨ ᠮᠠᠰᠢᠨ ᠳᠡᠭᠡᠷ᠎ᠡ ᠠᠵᠢᠯᠯᠠᠵᠤ ᠪᠠᠢ᠍ᠨ᠎ᠠ᠃
      ᠸᠠᠩ ᠸᠧᠶ ᠰᠡᠭᠦᠳᠡᠷᠯᠡᠪᠡ
      ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠬᠦᠢ᠍ᠰᠦ᠎ᠨᠢ ᠤᠯᠤᠰ᠎ᠤᠨ 172 ᠵᠦᠢ᠍ᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠢᠭᠡ ᠪᠣᠯᠤᠭᠰᠠᠨ᠎ᠤ ᠬᠤᠪᠢ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠭᠰᠡᠨ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠡᠵᠡᠮᠳᠡᠯ᠎ᠤᠨ ᠴᠢᠨᠠᠷᠲᠠᠶ ᠢᠨᠵᠧᠨᠧᠷᠢᠩ ᠪᠣᠯᠤᠨ᠎ᠠ᠂ 《ᠣᠣᠮᠧᠨ᠂ ᠵᠦᠬᠠᠶ ᠵᠢᠨ ᠤᠰᠤ ᠬᠠᠩᠭ᠋ᠠᠬᠤ ᠠᠮᠤᠷ ᠲᠦᠪᠰᠢᠨ᠎ᠢ ᠪᠠᠲᠤᠯᠠᠬᠤ ᠲᠤᠰᠬᠠᠶ ᠲᠥᠯᠥᠪᠵᠢᠭᠦᠯᠭᠡ》 ᠵᠢᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠭᠣᠣᠯᠯᠠᠭᠴᠢ ᠢᠨᠵᠧᠨᠧᠷᠢᠩ ᠪᠣᠯᠤᠨ᠎ᠠ᠃
      ᠳ᠋ᠠ ᠲᠧᠩ ᠰᠢᠶᠠ ᠬᠠᠪᠴᠢᠯ᠎ᠤᠨ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠢᠨᠵᠧᠨᠧᠷᠢᠩ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠬᠦᠢ᠍ᠫᠢᠩ ᠬᠤᠲᠠ ᠵᠢᠨ ᠬᠢᠵᠠᠭ᠋ᠠᠷ᠎ᠲᠠᠬᠢ ᠰᠢᠵᠢᠶᠠᠩ ᠮᠥᠷᠡᠨ᠎ᠤ ᠤᠰᠤᠨ ᠰᠢᠰᠲ᠋ᠧᠮ᠎ᠤᠨ ᠴᠢᠶᠠᠨᠵᠢᠶᠠᠩ ᠭᠣᠣᠯ᠎ᠤᠨ ᠬᠡᠰᠡᠭ᠎ᠲᠤ ᠪᠠᠶ᠋ᠢᠷᠢᠯᠠᠵᠤ᠂ ᠢᠨᠵᠧᠨᠧᠷᠢᠩ᠎ᠨᠢ ᠦᠶᠡᠷ᠎ᠢ ᠰᠡᠷᠭᠡᠶ᠋ᠢᠯᠡᠬᠦ᠂ ᠤᠰᠤᠨ ᠵᠠᠮ᠎ᠤᠨ ᠲᠡᠭᠡᠭᠡᠪᠦᠷᠢ᠂ ᠴᠠᠬᠢᠯᠭ᠋ᠠᠨ ᠭᠠᠷᠭ᠋ᠠᠬᠤ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ᠂ ᠤᠰᠤᠯᠠᠬᠤ ᠵᠡᠷᠭᠡ ᠴᠢᠬᠤᠯᠠ ᠡᠭᠦᠷᠭᠡ ᠵᠢ ᠡᠭᠦᠷᠭᠡᠯᠡᠵᠦ᠂ 2023 ᠣᠨ᠎ᠤ ᠰᠡᠭᠦᠯᠴᠢ᠎ᠪᠠᠷ ᠪᠠᠷᠢᠵᠤ ᠳᠠᠭᠤᠰᠬᠠᠬᠤ᠎ᠪᠠᠷ ᠲᠥᠯᠥᠪᠯᠡᠵᠦ ᠪᠤᠢ᠃ ᠪᠠᠷᠢᠯᠭ᠎ᠠ ᠳᠠᠭᠤᠰᠤᠭᠰᠠᠨ᠎ᠤ ᠳᠠᠷᠠᠭ᠎ᠠ᠂ ᠰᠠᠪᠠ ᠭᠠᠵᠠᠷ᠎ᠤᠨ ᠤᠰᠤᠨ ᠴᠥᠭᠥᠷᠥᠮ᠎ᠤᠨ ᠪᠥᠭᠡᠮᠨᠡᠷᠡᠯ᠎ᠢ ᠬᠠᠮᠲᠤᠷᠠᠨ ᠲᠣᠬᠢᠷᠠᠭᠤᠯᠬᠤ᠎ᠪᠠᠷ ᠳᠡᠮᠵᠢᠨ᠂ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠦᠶᠡᠷ᠎ᠢ ᠰᠡᠷᠭᠡᠶ᠋ᠢᠯᠡᠬᠦ ᠪᠠᠷᠢᠮᠵᠢᠶ᠎ᠠ ᠵᠢ ᠣᠩᠭᠣᠴᠠᠨ᠎ᠤ ᠬᠠᠭ᠋ᠠᠴᠠ ᠵᠢᠨ ᠠᠶᠠᠯᠠᠯ ᠨᠡᠪᠲᠡᠷᠡᠬᠦ ᠬᠡᠪᠴᠢᠶ᠎ᠡ ᠵᠢ ᠥᠷᠭᠡᠳᠬᠡᠵᠦ᠂ ᠵᠢᠯ᠎ᠳᠤ 5189 ᠲᠦᠮᠡᠨ ᠲᠣᠨ ᠪᠠᠷᠠᠭ᠎ᠠ ᠲᠡᠭᠡᠭᠡᠪᠦᠷᠢᠯᠡᠨ᠎ᠡ; ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ᠎ᠨᠢ 60.55 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠪᠠᠷᠢᠮᠵᠢᠶᠠᠲᠤ ᠨᠡᠭᠦᠷᠡᠰᠦ ᠵᠢ 200 ᠲᠦᠮᠡᠨ ᠲᠣᠨ ᠠᠷᠪᠢᠯᠠᠭᠰᠠᠨ᠎ᠲᠠᠢ ᠲᠡᠩᠴᠡᠨ᠎ᠡ; ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠵᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠤ 7000 ᠲᠦᠮᠡᠨ ᠬᠥᠮᠦᠨ᠎ᠤ ᠤᠰᠤ ᠬᠠᠩᠭ᠋ᠠᠬᠤ ᠠᠮᠤᠷ ᠲᠦᠪᠰᠢᠨ᠎ᠢ ᠪᠠᠲᠤᠯᠠᠨ᠎ᠠ᠃ ᠢᠨᠵᠧᠨᠧᠷᠢᠩ᠎ᠨᠢ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠤ ᠤᠰᠤᠨ᠎ᠤ ᠠᠮᠤᠷ ᠲᠦᠪᠰᠢᠨ ᠪᠣᠯᠤᠨ ᠣᠷᠣᠨ ᠪᠦᠰᠡ ᠵᠢᠨ ᠴᠠᠬᠢᠯᠭ᠋ᠠᠨ ᠬᠦᠴᠦᠨ᠎ᠤ ᠠᠮᠤᠷ ᠲᠦᠪᠰᠢᠨ᠎ᠤ ᠴᠢᠬᠤᠯᠠ ᠪᠠᠲᠤᠯᠠᠭ᠎ᠠ ᠪᠤᠯᠵᠤ᠂ ᠣᠷᠣᠨ ᠨᠤᠲᠤᠭ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠰᠠᠪᠠ ᠭᠠᠵᠠᠷ᠎ᠤᠨ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠣᠯᠤᠨ᠎ᠠ᠃
      ᠣᠳᠣᠬᠠᠨ᠎ᠳᠤ᠂ ᠵᠡᠭᠦᠨ ᠡᠷᠭᠢ ᠵᠢᠨ ᠢᠨᠵᠧᠨᠧᠷᠢᠩ ᠨᠢᠭᠡᠨᠲᠡ ᠶᠡᠷᠦᠩᠬᠡᠶ᠋ᠢᠯᠡᠭᠰᠡᠨ ᠦᠷ᠎ᠡ ᠠᠰᠢᠭ ᠵᠶ᠋ᠠᠨ ᠪᠥᠬᠥ ᠲᠠᠯ᠎ᠠ᠎ᠪᠠᠷ ᠪᠠᠳᠠᠷᠠᠭᠤᠯᠵᠤ᠂ ᠪᠠᠷᠠᠭᠤᠨ ᠡᠷᠭᠢ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠶᠠᠭ ᠲᠦᠷᠭᠡᠨ ᠵᠶ᠋ᠡᠷ ᠠᠭᠢᠵᠤ ᠪᠠᠶ᠋ᠢᠨ᠎ᠠ᠃ ᠡᠪᠦᠯ᠎ᠤᠨ ᠡᠳᠦᠷ᠎ᠤᠨ ᠳᠤᠯᠠᠭ᠋ᠠᠨ ᠨᠡᠷᠡᠨ᠎ᠤ ᠳᠣᠣᠷ᠎ᠠ᠂ ᠠᠵᠢᠯᠴᠢᠳ ᠪᠦᠳᠦᠭᠡᠨ ᠪᠠᠶ᠋ᠢᠭᠤᠯᠤᠯᠲᠠ ᠵᠢᠨ ᠲᠤᠬᠠᠢ ᠵᠢᠨ ᠲᠠᠯᠠᠪᠠᠢ᠎ᠳᠤ ᠠᠵᠢᠯ ᠵᠶ᠋ᠠᠨ ᠱᠠᠯᠠᠪᠳᠠᠨ ᠬᠢᠵᠦ᠂ ᠰᠤᠪᠤᠷᠭ᠋ᠠᠨ ᠳᠡᠭᠦᠵᠢᠩ ᠰᠡᠬᠦᠶ᠋ᠢᠨ ᠰᠦᠨᠳᠡᠷᠯᠡᠵᠦ᠂ ᠮᠠᠰᠢᠨ ᠲᠡᠷᠭᠡ ᠰᠦᠯᠵᠢᠯᠳᠦᠵᠦ᠂ ᠬᠦᠷ ᠬᠥᠭᠵᠢᠶᠡᠨ᠎ᠲᠠᠢ ᠬᠥᠳᠡᠯᠮᠦᠷᠢ ᠵᠢᠨ ᠵᠢᠷᠤᠭ᠎ᠢ ᠪᠦᠷᠢᠯᠳᠦᠭᠦᠯᠪᠡ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠤᠰᠤ ᠭᠥᠷᠳᠡᠬᠦ ᠣᠷᠣᠨ᠎ᠤ ᠭᠠᠵᠠᠷ ᠳᠣᠤᠷᠠᠬᠢ ᠤᠰᠤᠨ᠎ᠤ ᠲᠦᠪᠰᠢᠨ ᠳᠡᠭᠡᠭᠰᠢᠯᠡᠪᠡ
ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ᠎ᠳᠤ ᠵᠣᠷᠢᠭᠤᠯᠤᠭᠰᠠᠨ ᠬᠡᠪᠯᠡᠯ᠄ ᠳᠤᠮᠳᠠᠳᠤ ᠤᠯᠤᠰ᠎ᠤᠨ ᠪᠠᠶ᠋ᠢᠭᠤᠯᠵᠤ ᠪᠠᠶ᠋ᠢᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠯᠠ ᠣᠷᠣᠭᠤᠯᠤᠯᠲᠠ ᠵᠢᠨ ᠬᠡᠪᠴᠢᠶ᠎ᠡ ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠠᠶ
ᠠᠷᠠᠳ᠎ᠤᠨ ᠰᠦᠯᠵᠢᠶ᠎ᠡ᠄ 2021 ᠣᠨ᠎ᠳᠤ ᠤᠰᠤᠨ ᠠᠰᠢᠭᠯᠠᠯᠲᠠ ᠵᠢᠨ ᠶᠠᠮᠤᠨ ᠨᠡᠶ᠋ᠢᠲᠡ 517 ᠬᠤᠪᠢ ᠰᠠᠨᠠᠯ ᠳᠤᠷᠠᠳᠤᠯᠭ᠎ᠠ ᠵᠢ ᠳᠠᠭ᠋ᠠᠭ᠋ᠠᠨ ᠰᠢᠢ᠍ᠳᠪᠦᠷᠢᠯᠡᠵᠦ᠂ 《ᠭᠤᠷᠪᠠᠨ 100%》 ᠵᠢ ᠪᠡᠶᠡᠯᠡᠭᠦᠯᠪᠡ
ᠭᠤᠸᠠᠩᠮᠢᠩ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠬᠡᠩᠭᠡᠷᠭᠡ ᠳᠡᠯᠡᠳᠴᠦ  ᠳᠠᠬᠢᠨᠲᠠ ᠮᠣᠷᠳᠠᠪᠠ
ᠠᠷᠠᠳ᠎ᠤᠨ ᠡᠳᠦᠷ᠎ᠤᠨ ᠰᠣᠨᠢᠨ᠄ ᠵᠢᠩ ᠬᠠᠩ  ᠲᠠᠲᠠᠮᠠᠯ ᠭᠣᠣᠯ᠎ᠤᠨ ᠪᠥᠬᠥ ᠱᠤᠭᠤᠮ᠎ᠢ ᠨᠠᠪᠲᠠᠷᠡᠭᠦᠯᠵᠦ ᠤᠰᠤ ᠨᠥᠬᠥᠪᠦᠷᠢᠯᠡᠬᠦ ᠠᠵᠢᠯᠯᠠᠭ᠎ᠠ ᠵᠢ ᠡᠬᠢᠯᠡᠭᠦᠯᠪᠡ
 
            