ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠣᠯᠠᠨ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠦᠷᠨᠢᠭᠦᠯᠬᠦ ᠪᠤᠯᠤᠨ᠎ᠠ
ᠨᠡᠶ᠋ᠢᠲᠡᠯᠡᠭᠰᠡᠨ ᠴᠠᠭ᠄ 2022-05-06

  [ᠬᠠᠯᠠᠭᠤᠷᠠᠯ ᠴᠡᠭ᠎ᠤᠨ ᠮᠥᠷᠳᠡᠯᠲᠡ]

   ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ᠎ᠤ ᠮᠡᠳᠡᠭᠡ (ᠰᠤᠷᠪᠤᠯᠵᠢᠯᠠᠭᠴᠢ ᠲᠠᠩ ᠹᠠᠩ) 4 ᠳ᠋ᠤᠭᠡᠷ ᠰᠠᠷ᠎ᠠ ᠵᠢᠨ 22᠎ᠤᠨ ᠡᠳᠦᠷ᠂ ᠤᠰᠤᠨ ᠠᠰᠢᠭᠯᠠᠯᠲᠠ ᠵᠢᠨ ᠶᠠᠮᠤᠨ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠤᠨ ᠬᠤᠷᠠᠯ ᠬᠤᠷᠠᠯᠳᠤᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠣᠢ᠌ᠯᠠᠭ᠋ᠠᠭᠰᠠᠨ ᠵᠶ᠋ᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠂ ᠤᠰᠤᠨ ᠠᠰᠢᠭᠯᠠᠯᠲᠠ ᠵᠢᠨ ᠶᠠᠮᠤᠨ 300 ᠵᠦᠢ᠍ᠯ᠎ᠤᠨ ᠤᠰᠤᠨ᠎ᠤ ᠠᠮᠤᠷ ᠲᠦᠪᠰᠢᠨ᠎ᠤ ᠴᠢᠬᠤᠯᠠ ᠶᠡᠬᠡ ᠵᠠᠩᠭᠢᠯᠠᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠰᠠᠭᠤᠳᠠᠯ᠎ᠤᠨ ᠰᠤᠳᠤᠯᠭ᠋ᠠᠨ᠎ᠢ ᠥᠷᠨᠢᠭᠦᠯᠵᠦ᠂ ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠲᠡᠭᠡᠭᠰᠢᠯᠡᠭᠦᠯᠬᠦ ᠪᠤᠯᠤᠨ᠎ᠠ᠃

   ᠤᠰᠤᠨ ᠠᠰᠢᠭᠯᠠᠯᠲᠠ ᠵᠢᠨ ᠶᠠᠮᠤᠨ᠎ᠤ ᠰᠠᠢ᠌ᠳ ᠯᠢ ᠭᠦᠸᠧ ᠶᠢᠩ ᠬᠤᠷᠠᠯ ᠳᠡᠭᠡᠷ᠎ᠡ ᠢᠯᠡᠷᠬᠡᠢ᠌ᠯᠡᠬᠦ᠎ᠳᠡᠭᠡᠨ᠂ ᠣᠯᠠᠨ ᠵᠢᠯ᠎ᠤᠨ ᠴᠢᠷᠮᠠᠢ᠌ᠯᠭ᠎ᠠ᠎ᠪᠠᠷ ᠳᠡᠮᠵᠢᠨ᠂ ᠮᠠᠨ᠎ᠤ ᠤᠯᠤᠰ᠎ᠤᠨ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠨᠢᠭᠡᠨᠲᠡ ᠲᠦᠷᠭᠡᠨ ᠬᠥᠭᠵᠢᠯᠲᠡ᠎ᠲᠠᠢ ᠪᠣᠯᠵᠠᠢ᠃ ᠭᠡᠪᠡᠴᠦ᠂ ᠠᠩᠬᠠᠨ᠎ᠤ ᠰᠢᠨ᠎ᠡ ᠵᠢ ᠡᠭᠦᠳᠬᠦ ᠴᠢᠳᠠᠪᠤᠷᠢ᠂ ᠰᠠᠭᠤᠷᠢ ᠰᠤᠳᠤᠯᠭ᠋ᠠᠨ ᠪᠠ ᠬᠣᠰᠢᠭᠤᠷᠠᠯ ᠮᠡᠷᠭᠡᠵᠢᠯ᠂ ᠰᠢᠨ᠎ᠡ ᠵᠢ ᠡᠭᠦᠳᠬᠦ ᠰᠢᠰᠲ᠋ᠧᠮ᠎ᠤᠨ ᠦᠢ᠍ᠯᠡᠳᠦᠯ ᠴᠢᠳᠠᠪᠤᠷᠢ ᠵᠢᠨ ᠲᠠᠯ᠎ᠠ᠎ᠪᠠᠷ ᠮᠥᠨ ᠬᠦ᠌ ᠳᠤᠲᠠᠭᠤᠳᠠᠯ ᠣᠷᠣᠰᠢᠵᠤ ᠪᠠᠢ᠌ᠨ᠎ᠠ᠃ 《ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠥᠩᠭᠡᠷᠡᠭᠰᠡᠨ᠎ᠤ ᠠᠯᠢ ᠴᠤ᠌ ᠦᠶ᠎ᠡ᠎ᠠᠴᠠ ᠢᠯᠡᠭᠦᠦ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠲᠤᠯᠭ᠋ᠠᠭᠤᠷᠢᠯᠠᠯ ᠪᠠ ᠵᠢᠯᠣᠭᠣᠳᠤᠯᠭ᠎ᠠ ᠵᠢ ᠱᠠᠭ᠋ᠠᠷᠳᠠᠨ᠎ᠠ》 ᠭᠡᠵᠦ ᠯᠢ ᠭᠦᠸᠧ ᠶᠢᠩ ᠴᠢᠬᠤᠯᠠᠴᠢᠯᠠᠪᠠ᠃

  《ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠳᠤᠯᠠᠭ᠎ᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠠᠷᠠᠯᠲᠠ ᠵᠢ ᠲᠤᠭᠳᠠᠭ᠋ᠠᠵᠤ᠂ ᠤᠰᠤᠨ ᠠᠰᠢᠭᠯᠠᠯᠲᠠ ᠵᠢᠨ ᠴᠢᠬᠤᠯᠠ ᠶᠡᠬᠡ ᠠᠰᠠᠭᠤᠳᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠲᠦᠷᠭᠡᠳᠬᠡᠬᠦ᠎ᠳᠤ᠂ ᠮᠠᠨ᠎ᠤ ᠤᠯᠤᠰ᠎ᠤᠨ ᠤᠯᠤᠰ᠎ᠤᠨ ᠪᠠᠢ᠌ᠳᠠᠯ ᠤᠰᠤᠨ᠎ᠤ ᠪᠠᠢ᠌ᠳᠠᠯ᠎ᠳᠤ ᠰᠠᠭᠤᠷᠢᠯᠠᠬᠤ ᠬᠡᠷᠡᠭᠲᠡᠢ》᠃ ᠯᠢ ᠭᠦᠸᠧ ᠶᠢᠩ ᠶᠠᠷᠢᠶᠠᠨ᠎ᠳᠠᠭᠠᠨ᠂ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠲᠠᠯ᠎ᠠ᠎ᠪᠠᠷ᠂ ᠦᠶᠡᠷ᠎ᠤᠨ ᠤᠰᠤᠨ᠎ᠤ ᠪᠦᠷᠢᠯᠳᠦᠨ ᠬᠤᠪᠢᠷᠠᠬᠤ ᠵᠢᠮ᠎ᠡ ᠶᠣᠰᠣ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠠᠬᠤᠢ ᠪᠠᠢ᠌ᠳᠠᠯ ᠳᠣᠣᠷᠠᠬᠢ ᠣᠨᠴᠠ ᠶᠡᠬᠡ ᠦᠶᠡᠷ ᠤᠰᠤᠲᠤᠯ ᠭᠠᠩ ᠬᠠᠭᠰᠠᠷᠠᠭ᠋ᠠᠨ᠎ᠤ ᠠᠶᠤᠯ ᠲᠦᠭᠰᠢᠭᠦᠷᠢ ᠵᠢ ᠢᠯᠭ᠋ᠠᠨ ᠲᠠᠨᠢᠬᠤ ᠪᠠ ᠠᠷᠭ᠋ᠠᠴᠠᠬᠤ ᠠᠷᠭ᠎ᠠ ᠪᠣᠳᠣᠯᠭ᠎ᠠ ᠵᠡᠷᠭᠡ ᠰᠤᠳᠤᠯᠭ᠋ᠠᠨ᠎ᠢ ᠭᠣᠣᠯᠳᠠᠯᠭ᠎ᠠ᠎ᠲᠠᠢ ᠥᠷᠨᠢᠭᠦᠯᠬᠦ ᠬᠡᠷᠡᠭᠲᠡᠢ; ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠬᠤ ᠪᠠ ᠰᠢᠯᠢᠳᠡᠭᠵᠢᠭᠦᠯᠦᠨ ᠲᠣᠬᠢᠷᠠᠭᠤᠯᠬᠤ ᠲᠠᠯ᠎ᠠ᠎ᠪᠠᠷ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ᠎ᠤᠨ ᠬᠤᠪᠢᠷᠠᠯᠲᠠ ᠵᠢᠴᠢ ᠵᠢᠮ᠎ᠡ ᠶᠣᠰᠣ᠂ ᠬᠠᠳᠤᠨ ᠭᠣᠣᠯ ᠬᠤᠸᠠᠢ ᠾᠧ ᠭᠣᠣᠯ ᠬᠠᠢ ᠾᠧ ᠭᠣᠣᠯ᠎ᠤᠨ ᠰᠠᠪᠠ ᠭᠠᠵᠠᠷ᠎ᠤᠨ ᠤᠰᠤ ᠠᠷᠪᠢᠯᠠᠬᠤ ᠳᠠᠯᠳᠠ ᠬᠦᠴᠦᠨ ᠪᠠ ᠬᠡᠷᠡᠭᠴᠡᠭᠡ ᠵᠢ ᠲᠥᠰᠥᠭᠡᠯᠡᠬᠦ᠂ ᠬᠠᠳᠤᠨ ᠭᠣᠣᠯ᠎ᠤᠨ ᠰᠠᠪᠠ ᠭᠠᠵᠠᠷ᠎ᠤᠨ ᠡᠯᠡᠰᠦ ᠰᠢᠪᠠᠷ᠎ᠢ ᠬᠥᠳᠡᠯᠦᠩᠭᠦᠢ᠎ᠪᠠᠷ ᠲᠣᠬᠢᠷᠠᠭᠤᠯᠤᠨ ᠡᠵᠡᠮᠳᠡᠬᠦ ᠵᠡᠷᠭᠡ ᠰᠤᠳᠤᠯᠭ᠋ᠠᠨ᠎ᠢ ᠭᠣᠣᠯᠳᠠᠯᠭ᠎ᠠ᠎ᠲᠠᠢ᠎ᠪᠠᠷ ᠥᠷᠨᠢᠭᠦᠯᠬᠦ ᠬᠡᠷᠡᠭᠲᠡᠢ; ᠭᠣᠣᠯ ᠮᠥᠷᠡᠨ ᠨᠠᠭᠤᠷ ᠴᠥᠭᠥᠷᠥᠮ᠎ᠢ ᠬᠠᠮᠠᠭ᠋ᠠᠯᠠᠨ ᠵᠠᠰᠠᠬᠤ ᠲᠠᠯ᠎ᠠ᠎ᠪᠠᠷ᠂ ᠭᠠᠵᠠᠷ ᠳᠣᠣᠷᠠᠬᠢ ᠤᠰᠤᠨ᠎ᠤ ᠬᠥᠳᠡᠯᠭᠡᠭᠡᠨ᠎ᠤ ᠵᠢᠮ᠎ᠡ ᠶᠣᠰᠣ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠬᠣᠩᠭᠢᠯ ᠵᠠᠮ᠎ᠤᠨ ᠮᠠᠭᠤᠳᠠᠯᠲᠠ ᠪᠠ ᠰᠡᠷᠭᠦᠯᠲᠡ ᠵᠢᠨ ᠵᠢᠮ᠎ᠡ ᠶᠣᠰᠣ᠂ ᠰᠢᠪᠠᠷ ᠰᠢᠷᠣᠢ ᠵᠢᠨ ᠬᠥᠳᠡᠯᠭᠡᠭᠡᠨ ᠪᠠ ᠭᠤᠯᠳᠤᠷᠢᠯ᠎ᠤᠨ ᠬᠤᠪᠢᠰᠤᠯᠲᠠ ᠵᠢᠨ ᠰᠠᠭᠤᠷᠢ ᠤᠨᠤᠯ᠂ ᠬᠦᠨᠳᠦ ᠵᠢᠨ ᠬᠦᠴᠦᠨ᠎ᠤ ᠢᠳᠡᠭᠳᠡᠯ ᠪᠠ ᠬᠥᠷᠥᠰᠥ ᠰᠢᠷᠣᠢ ᠵᠢᠨ ᠬᠠᠮᠠᠭ᠋ᠠᠯᠠᠯᠲᠠ ᠵᠢᠨ ᠨᠡᠭᠦᠷᠡᠰᠦᠲᠥ᠋ᠷᠥᠭᠴᠢ ᠵᠢ ᠬᠤᠷᠠᠭᠤᠯᠬᠤ ᠵᠢᠮ᠎ᠡ ᠬᠠᠤᠯᠢ ᠵᠡᠷᠭᠡ ᠰᠤᠳᠤᠯᠭ᠋ᠠᠨ᠎ᠢ ᠭᠣᠣᠯᠳᠠᠯᠭ᠎ᠠ᠎ᠲᠠᠢ ᠥᠷᠨᠢᠭᠦᠯᠬᠦ ᠬᠡᠷᠡᠭᠲᠡᠢ; ᠤᠰᠤᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠠᠯ᠎ᠠ᠎ᠪᠠᠷ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠴᠢᠳᠠᠮᠵᠢ ᠵᠢᠨ ᠤᠯᠠᠷᠢᠯᠲᠠ ᠵᠢᠨ ᠵᠢᠮ᠎ᠡ ᠶᠣᠰᠣ ᠬᠢᠭᠡᠳ ᠠᠮᠤᠷ ᠲᠦᠪᠰᠢᠨ᠎ᠤ ᠲᠣᠬᠢᠷᠠᠭᠤᠯᠤᠯ ᠡᠵᠡᠮᠳᠡᠯ᠎ᠤᠨ ᠣᠨᠣᠯ᠂ ᠱᠠᠲᠤᠯᠢᠭ ᠤᠰᠤᠨ ᠴᠥᠭᠥᠷᠥᠮ᠎ᠤᠨ ᠲᠦᠭᠰᠢᠭᠦᠷᠢ ᠵᠢ ᠪᠣᠢ᠌ᠵᠢᠭᠤᠯᠬᠤ ᠲᠣᠭᠲᠠᠴᠠ ᠵᠢᠴᠢ ᠠᠮᠤᠷ ᠲᠦᠪᠰᠢᠨ᠎ᠤ ᠲᠣᠬᠢᠷᠠᠭᠤᠯᠤᠯ ᠡᠵᠡᠮᠳᠡᠯ᠎ᠤᠨ ᠣᠨᠣᠯ ᠵᠡᠷᠭᠡ ᠰᠤᠳᠤᠯᠭ᠋ᠠᠨ᠎ᠢ ᠭᠣᠣᠯᠳᠠᠯᠭ᠎ᠠ᠎ᠲᠠᠢ ᠥᠷᠨᠢᠭᠦᠯᠬᠦ ᠬᠡᠷᠡᠭᠳᠡᠢ ᠭᠡᠵᠡᠢ᠃

  《ᠣᠶᠤᠨᠲᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠬᠤ ᠬᠡᠷᠡᠭᠲᠡᠢ》᠃ ᠯᠢ ᠭᠦᠸᠧ ᠶᠢᠩ᠂ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠭᠣᠣᠯ ᠰᠢᠪᠲᠤᠯᠤᠯᠲᠠ ᠵᠢᠨ ᠴᠢᠭᠯᠡᠯ᠎ᠢ ᠪᠠᠷᠢᠮᠲᠠᠯᠠᠵᠤ᠂ ᠲᠣᠭ᠋ᠠᠴᠢᠯᠠᠭᠰᠠᠨ ᠢᠬᠡᠷ᠎ᠡ ᠰᠠᠪᠠ ᠭᠠᠵᠠᠷ᠂ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠶᠤᠨᠲᠤ ᠤᠰᠤᠨ ᠠᠰᠢᠭᠯᠠᠯᠲᠠ ᠵᠢᠨ ᠤᠨᠤᠯ᠎ᠤᠨ ᠰᠠᠭᠤᠷᠢ ᠪᠣᠯᠣᠨ ᠮᠡᠷᠭᠡᠵᠢᠯ᠎ᠤᠨ ᠪᠦᠲᠦᠴᠡ ᠵᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠵᠢᠭ᠋ᠠᠨ ᠭᠠᠷᠭ᠋ᠠᠪᠠ᠃

   ᠤᠰᠤᠨ ᠠᠰᠢᠭᠯᠠᠯᠲᠠ ᠵᠢᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《2022 ᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ ᠪᠠ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠭᠣᠣᠯᠳᠠᠯᠭ᠎ᠠ》᠎ᠳᠤ ᠢᠯᠡᠷᠡᠭᠦᠯᠦᠭᠰᠡᠨ ᠵᠶ᠋ᠡᠷ᠂ 2022 ᠣᠨ᠎ᠳᠤ 42 ᠵᠦᠢ᠍ᠯ᠎ᠤᠨ ᠤᠰᠤᠨ ᠠᠰᠢᠭᠯᠠᠯᠲᠠ ᠵᠢᠨ ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠭ᠋ᠠᠨ ᠪᠠ 12 ᠵᠦᠢ᠍ᠯ᠎ᠤᠨ ᠰᠠᠪᠠ ᠭᠠᠵᠠᠷ᠎ᠤᠨ ᠤᠰᠤᠨ᠎ᠤ ᠵᠠᠰᠠᠯᠲᠠ ᠵᠢᠨ ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠭ᠋ᠠᠨ᠎ᠢ ᠲᠦᠯᠬᠢᠨ ᠠᠬᠢᠭᠤᠯᠬᠤ ᠪᠣᠯᠣᠨ᠎ᠠ᠃ ᠡᠭᠦᠨ᠎ᠤ       ᠬᠠᠮᠲᠤ᠂ 2022 ᠣᠨ᠎ᠤ 100 ᠰᠢᠬᠠᠮ ᠵᠦᠢ᠍ᠯ᠎ᠤᠨ ᠪᠣᠯᠪᠠᠰᠤᠷᠠᠩᠭᠤᠢ ᠪᠥᠭᠡᠳ ᠲᠤᠬᠢᠷᠠᠮᠵᠢᠳᠠᠢ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠳᠡᠯᠭᠡᠷᠡᠭᠦᠯᠦᠯᠲᠡ ᠵᠢᠨ ᠨᠠᠷᠢᠨ ᠲᠠᠩᠰᠠ ᠵᠢ ᠨᠡᠢ᠌ᠳᠡᠯᠡᠨ᠎ᠡ ᠭᠡᠵᠡᠢ᠃

  

  

  

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠨᠢᠭᠡᠳᠦᠭᠡᠷ ᠤᠯᠠᠷᠢᠯ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢ 154 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠵᠢᠯ᠎ᠤᠨ ᠳᠣᠲᠣᠷ᠎ᠠ ᠬᠡᠪᠴᠢᠶᠡᠵᠢᠭᠦᠯᠦᠨ ᠤᠰᠤ ᠬᠠᠩᠭ᠋ᠠᠬᠤ ᠢᠨᠵᠧᠨᠧᠷᠢᠩ᠎ᠢ ᠬᠥᠳᠡᠭᠡ ᠲᠣᠰᠬᠣᠨ᠎ᠤ 54% ᠵᠢᠨ ᠬᠥᠮᠥᠨ ᠠᠮᠠ ᠵᠢ ᠬᠠᠮᠤᠷᠬᠤ᠎ᠪᠠᠷ ᠵᠢᠱ᠌ᠢᠵᠦ ᠪᠠᠢ᠌ᠨ᠎ᠠ
ᠠᠷᠠᠳ᠎ᠤᠨ ᠡᠳᠦᠷ᠎ᠤᠨ ᠰᠣᠨᠢᠨ᠄ ᠬᠠᠲᠤᠨ ᠭᠤᠤᠯ᠎ᠤᠨ ᠵᠠᠰᠠᠯᠲᠠ ᠵᠢᠨ ᠲᠡᠦᠬᠡ ᠵᠢ ᠪᠣᠳᠠᠲᠤ ᠲᠡᠮᠳᠡᠭᠯᠡᠯ᠎ᠤᠨ ᠳᠦᠷᠰᠦ᠎ᠪᠠᠷ᠎ᠨᠢ ᠰᠡᠷᠭᠦᠭᠡᠵᠡᠢ
ᠠᠷᠠᠳ᠎ᠤᠨ ᠡᠳᠦᠷ᠎ᠤᠨ ᠰᠣᠨᠢᠨ᠄ ᠰᠢᠨᠵᠢᠯᠡᠬᠦ ᠤᠬᠠᠭ᠋ᠠᠨ ᠮᠡᠷᠭᠡᠵᠢᠯ᠎ᠨᠢ ᠭᠤᠤᠯ ᠮᠥᠷᠡᠨ᠎ᠤ ᠠᠮᠤᠷ ᠠᠮᠤᠭᠤᠯᠠᠩ᠎ᠢ ᠬᠠᠮᠠᠭ᠋ᠠᠯᠠᠵᠤ ᠴᠢᠳᠠᠨ᠎ᠠ
ᠤᠯᠠᠨ ᠭᠠᠵᠠᠷ᠎ᠤᠨ᠎ᠬᠢᠨ ᠴᠠᠭ᠎ᠤᠨ ᠰᠠᠶ᠋ᠢᠬᠠᠨ᠎ᠳᠤ ᠠᠮᠵᠢᠵᠦ ᠡᠪᠦᠯ᠎ᠤᠨ ᠤᠰᠤᠨ ᠠᠰᠢᠭᠯᠠᠯᠲᠠ ᠵᠢᠨ ᠪᠠᠷᠢᠯᠭ᠎ᠠ᠎ᠪᠠᠨ ᠠᠬᠢᠭᠤᠯᠵᠦ ᠪᠠᠶ᠋ᠢᠨ᠎ᠠ
ᠰᠢᠨᠬᠤᠸᠠ ᠬᠤᠷᠢᠶ᠎ᠠ 《ᠠᠵᠤ ᠠᠬᠤᠢ ᠵᠢᠨ ᠯᠠᠪᠯᠠᠯᠲᠠ ᠵᠢᠨ ᠰᠦᠯᠵᠢᠶ᠎ᠡ》᠄ ᠪᠦᠬᠦ ᠣᠯᠤᠰ᠎ᠲᠤ ᠨᠡᠶ᠋ᠢᠲᠡ ᠵᠢᠨ 9614 ᠳ᠋ᠦᠩᠰᠢᠭᠤᠷ ᠲᠥᠭᠦᠷᠢᠭ᠎ᠤᠨ ᠣᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠤᠭᠤᠯᠤᠯᠲᠠ ᠵᠢ ᠪᠡᠶᠡᠯᠡᠬᠦᠯᠵᠦ ᠲᠡᠦᠭᠡ ᠵᠢᠨ ᠰᠢᠨ᠎ᠡ ᠲᠡᠮᠳᠡᠭᠯᠡᠯ᠎ᠢ ᠡᠭᠦᠳᠪᠡ
 
            