ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 7᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠸᠠᠩ ᠬᠤᠸ᠋) ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ᠎ᠨᠢ᠄ ᠡᠨᠡ ᠵᠢᠯ᠎ᠤᠨ ᠨᠢᠭᠡᠳᠦᠭᠡᠷ ᠤᠯᠠᠷᠢᠯ᠎ᠳᠤ᠂ ᠮᠠᠨ᠎ᠤ ᠤᠯᠤᠰ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢ 154 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠬᠥᠳᠡᠭᠡ ᠲᠣᠰᠬᠣᠨ᠎ᠤ 429 ᠲᠦᠮᠡᠨ ᠬᠥᠮᠥᠨ ᠠᠮᠠ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠡᠨᠡ ᠵᠢᠯ᠎ᠤᠨ ᠡᠴᠦᠰ᠎ᠲᠤ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠯᠲᠡ ᠵᠢᠨ ᠨᠣᠷᠮ᠎ᠠ ᠵᠢᠱ᠌ᠢᠯᠲᠡ᠎ᠪᠠᠷ 85%᠎ᠳᠤ ᠬᠦᠷᠴᠦ᠂ ᠬᠡᠪᠴᠢᠶᠡᠵᠢᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠬᠥᠳᠡᠭᠡ ᠲᠣᠰᠬᠣᠨ᠎ᠤ ᠬᠥᠮᠥᠨ ᠠᠮᠠ ᠵᠢ ᠬᠠᠮᠤᠷᠬᠤ ᠬᠠᠷᠢᠴᠠᠯ ᠵᠢᠱ᠌ᠢᠯᠲᠡ᠎ᠪᠠᠷ 54%᠎ᠳᠤ ᠬᠦᠷᠬᠦ ᠪᠣᠯᠣᠨ᠎ᠠ᠃
ᠨᠢᠭᠡᠳᠦᠭᠡᠷ ᠤᠯᠠᠷᠢᠯ᠎ᠳᠤ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠪᠡ᠃ ᠡᠨᠡ ᠵᠢᠯ ᠤᠰᠤᠨ ᠠᠰᠢᠭᠯᠠᠯᠲᠠ ᠵᠢᠨ ᠶᠠᠮᠤᠨ ᠡᠳ᠋᠎ᠤᠨ ᠵᠠᠰᠠᠭ᠎ᠤᠨ ᠶᠠᠮᠤᠨ᠎ᠲᠠᠢ ᠬᠠᠮᠲᠤᠷᠠᠨ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠲᠥᠪ᠎ᠤᠨ ᠨᠥᠬᠥᠪᠦᠷᠢ ᠪᠡᠯᠡ ᠮᠥᠩᠭᠥ ᠵᠢ 30᠂ 69 ᠳ᠋ᠦᠩᠰᠢᠭᠤᠷ ᠲᠥᠭᠥᠷᠢᠭ ᠲᠣᠬᠢᠷᠠᠭᠤᠯᠵᠤ᠂ 2021 ᠣᠨ᠎ᠤ᠎ᠬᠢ᠎ᠠᠴᠠ 9᠂ 6%᠎ᠪᠠᠷ ᠨᠡᠮᠡᠭᠳᠡᠭᠦᠯᠪᠡ᠃ ᠡᠬᠢᠨ᠎ᠤ ᠬᠤᠭᠤᠴᠠᠭ᠋ᠠᠨ᠎ᠳᠤ ᠬᠠᠭᠤᠴᠢᠷᠠᠵᠤ ᠰᠡᠯᠪᠢᠨ ᠵᠠᠰᠠᠭᠰᠠᠨ ᠦᠭᠡᠢ᠂ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠳᠣᠣᠷ᠎ᠠ᠂ ᠬᠣᠭᠣᠯᠠᠢ ᠲᠣᠣᠷ᠎ᠤᠨ ᠭᠣᠭᠣᠵᠢᠵᠤ ᠬᠣᠬᠢᠷᠠᠭᠰᠠᠨ ᠨᠣᠷᠮ᠎ᠠ᠎ᠪᠠᠷ ᠥᠨᠳᠥᠷ᠂ ᠡᠪᠦᠯ᠎ᠤᠨ ᠤᠯᠠᠷᠢᠯ᠎ᠳᠤ ᠬᠣᠭᠣᠯᠠᠢ ᠲᠣᠣᠷ᠎ᠤᠨ ᠠᠮᠠᠷᠬᠠᠨ ᠬᠥᠯᠳᠡᠵᠦ ᠬᠣᠬᠢᠷᠠᠬᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ ᠬᠢᠭᠡᠳ ᠬᠣᠭᠣᠯᠠᠢ ᠲᠣᠣᠷ ᠵᠢᠴᠢ ᠡᠯ᠎ᠡ ᠠᠷᠭ᠎ᠠ ᠵᠠᠮ ᠵᠶ᠋ᠠᠷ ᠲᠤᠰᠬᠠᠭᠰᠠᠨ ᠬᠥᠳᠡᠭᠡ ᠲᠣᠰᠬᠣᠨ᠎ᠤ ᠤᠰᠤ ᠬᠠᠩᠭ᠋ᠠᠬᠤ ᠠᠰᠠᠭᠤᠳᠠᠯ᠎ᠳᠤ ᠴᠢᠭᠯᠡᠭᠦᠯᠦᠨ᠂ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠤᠷᠢᠳᠠᠪᠠᠷ ᠲᠣᠬᠢᠷᠠᠭᠤᠯᠤᠨ ᠬᠡᠷᠡᠭᠵᠢᠭᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠦᠷ᠎ᠡ ᠠᠰᠢᠭ᠎ᠢ ᠣᠷᠳᠣ ᠬᠤᠭᠤᠴᠠᠭ᠎ᠠ᠎ᠪᠠᠷ ᠪᠦᠲᠦᠮᠵᠢᠲᠡᠶ ᠪᠥᠭᠡᠳ ᠲᠣᠭᠲᠠᠭᠤᠨ ᠵᠶ᠋ᠠᠷ ᠪᠠᠳᠠᠷᠠᠭᠤᠯᠬᠤ ᠵᠢ ᠦᠨᠡᠨᠬᠦ ᠪᠠᠳᠤᠯᠠᠪᠠ᠃ ᠪᠦᠷᠢᠳᠬᠡᠯ᠎ᠢ ᠦᠨᠳᠦᠰᠦᠯᠡᠪᠡᠯ᠂ ᠡᠨᠡ ᠵᠢᠯ᠎ᠤᠨ ᠨᠢᠭᠡᠳᠦᠭᠡᠷ ᠤᠯᠠᠷᠢᠯ᠎ᠳᠤ᠂ ᠡᠯ᠎ᠡ ᠭᠠᠵᠠᠷ᠎ᠤᠨ᠎ᠬᠢᠨ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠡᠯᠡ ᠮᠥᠩᠭᠥ ᠵᠢ ᠨᠡᠶ᠋ᠢᠲᠡ 3.69 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠢ 0.94 ᠲᠦᠮᠡ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠵᠤ᠂ ᠬᠥᠳᠡᠭᠡ ᠲᠣᠰᠬᠣᠨ᠎ᠤ 1958 ᠲᠦᠮᠡᠨ ᠬᠥᠮᠥᠨ ᠠᠮᠠ᠎ᠳᠤ ᠦᠢ᠍ᠯᠡᠴᠢᠯᠡᠭᠰᠡᠨ ᠪᠠᠢ᠌ᠨ᠎ᠠ᠃
ᠡᠭᠦᠨ᠎ᠠᠴᠠ ᠭᠠᠳᠠᠨ᠎ᠠ᠂ ᠤᠰᠤᠨ ᠠᠰᠢᠭᠯᠠᠯᠲᠠ ᠵᠢᠨ ᠶᠠᠮᠤᠨ᠎ᠨᠢ ᠠᠮᠢ ᠠᠬᠤᠢ ᠵᠢᠨ ᠣᠷᠴᠢᠨ ᠲᠤᠭᠤᠷᠢᠨ᠎ᠤ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠲᠤᠷᠠᠨ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ᠂ ᠴᠡᠪᠡᠷᠰᠢᠭᠦᠯᠦᠨ ᠠᠷᠢᠭᠤᠳᠬᠠᠬᠤ ᠪᠠ ᠤᠰᠤᠨ᠎ᠤ ᠴᠢᠨᠠᠷ᠎ᠢ ᠰᠢᠯᠭ᠋ᠠᠨ ᠪᠠᠢ᠌ᠴᠠᠭ᠋ᠠᠵᠤ ᠬᠢᠨᠠᠨ ᠬᠡᠮᠵᠢᠬᠦ ᠵᠢ ᠦᠷᠭᠦᠯᠵᠢᠯᠡᠨ ᠠᠬᠢᠭᠤᠯᠵᠤ᠂ ᠤᠰᠤᠨ᠎ᠤ ᠴᠢᠨᠠᠷ᠎ᠤᠨ ᠪᠠᠲᠤᠯᠠᠭ᠎ᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠲᠡᠭᠡᠭᠰᠢᠯᠡᠭᠦᠯᠬᠦ ᠪᠤᠯᠤᠨ᠎ᠠ᠃