ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠵᠢᠶᠠᠩᠨᠠᠨ ᠪᠠ ᠡᠮᠦᠨᠡᠲᠦ ᠣᠷᠣᠨ᠎ᠳᠤ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠣᠷᠣᠭᠰᠠᠨ᠎ᠠᠴᠠ ᠨᠠᠰᠢᠬᠢ ᠬᠠᠮᠤᠭ᠎ᠤᠨ ᠶᠡᠬᠡ ᠪᠣᠷᠣᠭ᠋ᠠᠨ ᠤᠷᠤᠵᠦ ᠤᠮᠠᠷᠠᠲᠤ ᠣᠷᠣᠨ᠎ᠳᠤ ᠨᠡᠯᠢᠶᠡᠳ ᠴᠢᠩᠭ᠎ᠠ ᠬᠦᠢ᠍ᠲᠡᠨ ᠠᠭᠤᠷ ᠠᠮᠢᠰᠬᠤᠯ ᠪᠤᠯᠤᠨ᠎ᠠ
ᠨᠡᠶ᠋ᠢᠲᠡᠯᠡᠭᠰᠡᠨ ᠴᠠᠭ᠄ 2022-05-10

   ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 8᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠯᠢ ᠾᠦᠩ ᠮᠧᠶ᠂ ᠸᠠᠩ ᠬᠤᠤ᠂ ᠴᠢᠦ ᠴᠤᠤ ᠢ) ᠲᠥᠪ᠎ᠤᠨ ᠴᠠᠭ ᠠᠭᠤᠷ᠎ᠤᠨ ᠲᠤᠪᠴᠢᠶ᠎ᠠ ᠵᠢᠨ ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂ 5 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ 13᠎ᠤ ᠡᠳᠦᠷ ᠪᠣᠯᠲᠠᠯ᠎ᠠ᠂ ᠵᠢᠶᠠᠩᠨᠠᠨ᠎ᠤ ᠡᠮᠦᠨᠡᠲᠦ ᠬᠡᠰᠡᠭ ᠪᠣᠯᠣᠨ ᠡᠮᠦᠨᠡᠲᠦ ᠣᠷᠣᠨ᠎ᠳᠤ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠣᠷᠣᠭᠰᠠᠨ᠎ᠠᠴᠠ ᠨᠠᠰᠢᠬᠢ ᠬᠠᠮᠤᠭ᠎ᠤᠨ ᠶᠡᠬᠡ ᠪᠣᠷᠣᠭ᠋ᠠᠨ ᠣᠷᠣᠬᠤ ᠪᠣᠯᠣᠨ᠎ᠠ᠂ ᠦᠷᠭᠦᠯᠵᠢᠯᠡᠬᠦ ᠴᠠᠭ᠎ᠨᠢ ᠤᠷᠲᠤ᠂ ᠬᠤᠷ᠎ᠠ ᠲᠤᠨᠳᠠᠰᠤᠨ᠎ᠤ ᠬᠡᠮᠵᠢᠶ᠎ᠡ᠎ᠨᠢ ᠡᠩ᠎ᠤᠨ ᠵᠢᠯ᠎ᠤᠨ᠎ᠬᠢ᠎ᠠᠴᠠ ᠢᠯᠡᠭᠦᠦ ᠰᠢᠭ ᠪᠠᠢ᠌ᠵᠤ᠂ ᠬᠡᠰᠡᠭ ᠭᠠᠵᠠᠷ᠎ᠲᠤ ᠶᠡᠬᠡ ᠰᠢᠷᠦᠭᠦᠨ ᠪᠣᠷᠣᠭ᠋ᠠᠨ᠂ ᠣᠨᠴᠠ ᠶᠡᠬᠡ ᠰᠢᠷᠦᠭᠦᠨ ᠪᠣᠷᠣᠭ᠋ᠠᠨ ᠣᠷᠣᠬᠤ ᠪᠥᠭᠡᠳ ᠬᠦᠴᠦᠲᠡᠢ ᠰᠣᠯᠢᠭ ᠤᠷᠤᠰᠬᠠᠯ᠎ᠤᠨ ᠴᠠᠭ ᠠᠭᠤᠷ ᠳᠠᠭ᠋ᠠᠯᠳᠤᠬᠤ ᠪᠣᠯᠣᠨ᠎ᠠ᠃ ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ᠎ᠨᠢ᠄ ᠰᠢᠷᠦᠭᠦᠨ ᠪᠣᠷᠣᠭ᠋ᠠᠨ᠎ᠤ ᠣᠷᠣᠨ᠎ᠤ ᠭᠣᠣᠯ ᠪᠣᠯᠬᠤ ᠭᠣᠣᠯ ᠮᠥᠷᠡᠨ᠎ᠳᠤ ᠤᠰᠤ ᠢᠯᠡᠳᠲᠡ ᠥᠰᠬᠦ ᠶᠠᠪᠤᠴᠠ ᠭᠠᠷᠴᠤ᠂ ᠬᠡᠰᠡᠭ ᠭᠣᠣᠯ ᠮᠥᠷᠡᠨ᠎ᠳᠤ ᠰᠡᠷᠡᠮᠵᠢᠯᠡᠯ᠎ᠤᠨ ᠬᠡᠮᠵᠢᠶ᠎ᠡ᠎ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃ ᠤᠯᠤᠰ᠎ᠤᠨ ᠦᠶᠡᠷ᠎ᠢ ᠰᠡᠷᠭᠡᠢ᠌ᠯᠡᠬᠦ ᠠᠵᠢᠯ᠎ᠤᠨ ᠠᠯᠪᠠᠨ ᠭᠡᠷ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠎ᠠᠴᠠ ᠭᠣᠣᠯᠳᠠᠯᠭ᠎ᠠ᠎ᠲᠠᠢ ᠭᠠᠵᠠᠷ ᠣᠷᠣᠨ᠎ᠳᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠢ᠌ᠯᠡᠨ ᠠᠷᠭ᠋ᠠᠴᠠᠬᠤ ᠠᠵᠢᠯ᠎ᠢ ᠲᠤᠬᠢᠷᠠᠭᠤᠯᠤᠨ ᠪᠠᠢ᠌ᠷᠢᠯᠠᠭᠤᠯᠪᠠ᠃

   ᠵᠢᠱ᠌ᠢᠯᠲᠡ᠎ᠪᠠᠷ 9᠎ᠤ ᠡᠳᠦᠷ᠎ᠠᠴᠠ ᠡᠬᠢᠯᠡᠨ᠂ ᠭᠤᠸᠠᠩᠰᠢ᠂ ᠭᠤᠸᠠᠩᠳᠦ᠋ᠩ᠂ ᠹᠦᠵᠢᠶᠠᠨ᠂ ᠬᠤᠨᠠᠨ᠎ᠤ ᠡᠮᠦᠨᠡᠲᠦ ᠬᠡᠰᠡᠭ᠂ ᠵᠢᠶᠠᠩᠰᠢ ᠵᠢᠨ ᠡᠮᠦᠨᠡᠲᠦ ᠬᠡᠰᠡᠭ ᠵᠡᠷᠭᠡ ᠭᠠᠵᠠᠷ᠎ᠲᠤ 4—5 ᠡᠳᠦᠷ᠎ᠤᠨ ᠪᠣᠷᠣᠭ᠋ᠠᠨ ᠣᠷᠣᠨ᠎ᠠ᠃ 9᠎ᠤ ᠡᠳᠦᠷ᠎ᠠᠴᠠ 13᠎ᠤ ᠡᠳᠦᠷ ᠪᠣᠯᠲᠠᠯ᠎ᠠ᠂ ᠬᠥᠬᠡᠮᠥ᠋ᠷᠡᠨ᠎ᠠᠴᠠ ᠡᠮᠦᠨᠡᠰᠢᠬᠢ ᠶᠡᠬᠡᠩᠬᠢ ᠭᠠᠵᠠᠷ ᠣᠷᠣᠨ᠎ᠤ ᠡᠳᠦᠷ᠎ᠤᠨ ᠬᠠᠮᠤᠭ᠎ᠤᠨ ᠶᠡᠬᠡ ᠪᠣᠷᠣᠭ᠋ᠠᠨ᠎ᠤ ᠬᠡᠮᠵᠢᠶ᠎ᠡ᠎ᠨᠢ ᠠᠭ᠋ᠠᠳᠠᠷ ᠪᠣᠷᠣᠭ᠋ᠠᠨ ᠣᠷᠣᠵᠤ᠂ ᠡᠮᠦᠨᠡᠲᠦ ᠣᠷᠣᠨ᠎ᠤ ᠶᠡᠬᠡᠩᠬᠢ ᠭᠠᠵᠠᠷ ᠣᠷᠣᠨ᠂ ᠵᠢᠶᠠᠩᠨᠠᠨ᠎ᠤ ᠡᠮᠦᠨᠡᠲᠦ ᠬᠡᠰᠡᠭ᠎ᠤᠨ ᠬᠡᠰᠡᠭ ᠭᠠᠵᠠᠷ ᠣᠷᠣᠨ᠎ᠳᠤ ᠠᠭ᠋ᠠᠳᠠᠷ ᠪᠣᠷᠣᠭ᠋ᠠᠨ ᠣᠷᠣᠵᠤ᠂ ᠭᠤᠸᠠᠩᠳᠦ᠋ᠩ᠂ ᠭᠤᠸᠠᠩᠰᠢ ᠵᠢᠨ ᠬᠡᠰᠡᠭ ᠭᠠᠵᠠᠷ᠎ᠲᠤ ᠣᠨᠴᠠ ᠶᠡᠬᠡ ᠠᠭ᠋ᠠᠳᠠᠷ ᠪᠣᠷᠣᠭ᠋ᠠᠨ ᠤᠷᠤᠨ᠎ᠠ᠂ ᠳᠡᠭᠡᠷ᠎ᠡ ᠳᠤᠷᠠᠳᠤᠭᠰᠠᠨ ᠭᠠᠵᠠᠷ ᠣᠷᠣᠨ᠎ᠳᠤ ᠣᠬᠣᠷ ᠴᠠᠭ᠎ᠤᠨ ᠰᠢᠷᠦᠭᠦᠨ ᠪᠣᠷᠣᠭ᠋ᠠᠨ᠂ ᠠᠶᠤᠩᠭ᠋ᠠᠲᠤ ᠪᠣᠷᠣᠭ᠋ᠠᠨ ᠶᠡᠬᠡ ᠰᠠᠯᠬᠢ ᠪᠤᠶᠤ ᠮᠥᠨᠳᠥᠷ ᠵᠡᠷᠭᠡ ᠬᠦᠴᠦᠲᠡᠢ ᠰᠣᠯᠢᠭ ᠤᠷᠤᠰᠬᠠᠯ᠎ᠤᠨ ᠴᠠᠭ ᠠᠭᠤᠷ ᠳᠠᠭ᠋ᠠᠯᠳᠤᠵᠤ ᠮᠡᠳᠡᠨ᠎ᠡ᠃ ᠵᠢᠶᠠᠩᠨᠠᠨ᠎ᠤ ᠡᠮᠦᠨᠡᠲᠦ ᠬᠡᠰᠡᠭ᠂ ᠡᠮᠦᠨᠡᠲᠦ ᠣᠷᠣᠨ᠎ᠤ ᠶᠡᠬᠡᠩᠬᠢ ᠬᠡᠰᠡᠭ᠂ ᠪᠠᠷᠠᠭᠤᠨ ᠡᠮᠦᠨᠡᠲᠦ ᠣᠷᠣᠨ ᠵᠡᠷᠭᠡ ᠭᠠᠵᠠᠷ᠎ᠤᠨ 9᠎ᠤ ᠡᠳᠦᠷ᠎ᠠᠴᠠ 13᠎ᠤ ᠡᠳᠦᠷ ᠪᠣᠯᠲᠠᠯᠠᠬᠢ ᠬᠤᠷ᠎ᠠ ᠲᠤᠨᠳᠠᠰᠤᠨ᠎ᠤ ᠬᠡᠮᠵᠢᠶ᠎ᠡ᠎ᠨᠢ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠢᠯᠡᠳᠲᠡ ᠢᠯᠡᠭᠦᠦ ᠪᠠᠢ᠌ᠵᠤ᠂ ᠶᠡᠬᠡᠩᠬᠢ ᠬᠡᠰᠡᠭ ᠭᠠᠵᠠᠷ ᠣᠷᠣᠨ᠎ᠤ ᠬᠤᠷ᠎ᠠ ᠲᠤᠨᠳᠠᠰᠤᠨ᠎ᠤ ᠬᠡᠮᠵᠢᠶ᠎ᠡ᠎ᠨᠢ ᠬᠠᠭ᠋ᠠᠰ᠎ᠠᠴᠠ ᠨᠢᠭᠡ ᠳᠠᠬᠢᠨ ᠢᠯᠡᠭᠦᠦ ᠪᠠᠢ᠌ᠵᠤ᠂ ᠬᠡᠰᠡᠭ ᠭᠠᠵᠠᠷ ᠣᠷᠣᠨ᠎ᠤ ᠬᠤᠷ᠎ᠠ ᠲᠤᠨᠳᠠᠰᠤᠨ᠎ᠤ ᠬᠡᠮᠵᠢᠶ᠎ᠡ᠎ᠨᠢ 3 ᠳᠠᠬᠢᠨ᠎ᠠᠴᠠ ᠳᠡᠭᠡᠭᠰᠢ ᠬᠦᠷᠦᠨ᠎ᠡ᠃

   ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ᠎ᠨᠢ᠄ ᠰᠢᠷᠦᠭᠦᠨ ᠪᠣᠷᠣᠭ᠋ᠠᠨ᠎ᠲᠠᠢ ᠣᠷᠣᠨ᠎ᠤ ᠭᠣᠣᠯ ᠪᠣᠯᠬᠤ ᠭᠣᠣᠯ ᠮᠥᠷᠡᠨ᠎ᠳᠤ ᠢᠯᠡᠳᠲᠡ ᠤᠰᠤ ᠥᠰᠬᠦ ᠶᠠᠪᠤᠴᠠ ᠭᠠᠷᠴᠤ᠂ ᠭᠤᠸᠠᠩᠰᠢ ᠵᠢᠨ ᠯᠢᠦᠵᠢᠶᠠᠩ ᠮᠥᠷᠡᠨ᠎ᠤ ᠳᠡᠭᠡᠳᠦ ᠤᠷᠤᠰᠬᠠᠯ ᠵᠢᠴᠢ ᠮᠧᠩ ᠵᠢᠶᠠᠩ ᠮᠥᠷᠡᠨ᠂ ᠪᠧᠢ ᠯᠢᠦ ᠾᠧ ᠭᠣᠣᠯ᠂ ᠭᠦᠢᠵᠢᠶᠠᠩ ᠮᠥᠷᠡᠨ᠂ ᠭᠤᠸᠠᠩᠳᠦ᠋ᠩ᠎ᠤᠨ ᠾᠧ ᠵᠢᠶᠠᠩ ᠮᠥᠷᠡᠨ᠂ ᠪᠧᠢ ᠵᠢᠶᠠᠩ ᠮᠥᠷᠡᠨ᠎ᠤ ᠳᠡᠭᠡᠳᠦ ᠤᠷᠤᠰᠬᠠᠯ᠂ ᠬᠠᠨᠵᠢᠶᠠᠩ ᠮᠥᠷᠡᠨ᠎ᠤ ᠳᠡᠭᠡᠳᠦ ᠤᠷᠤᠰᠬᠠᠯ᠂ ᠬᠤᠨᠠᠨ᠎ᠤ ᠰᠢᠶᠠᠩᠵᠢᠶᠠᠩ ᠮᠥᠷᠡᠨ᠂ ᠵᠢᠶᠠᠩᠰᠢ ᠵᠢᠨ ᠭᠠᠨᠵᠢᠶᠠᠩ ᠮᠥᠷᠡᠨ᠎ᠤ ᠳᠡᠭᠡᠳᠦ ᠤᠷᠤᠰᠬᠠᠯ᠂ ᠹᠦᠵᠢᠶᠠᠨ᠎ᠤ ᠪᠦᠳᠦᠨ ᠭᠤᠷᠤᠬ᠎ᠠ ᠵᠡᠷᠭᠡ ᠭᠣᠣᠯ ᠮᠥᠷᠡᠨ᠎ᠳᠤ ᠰᠡᠷᠡᠮᠵᠢᠯᠡᠯ᠎ᠠᠴᠠ ᠳᠠᠪᠠᠭᠰᠠᠨ ᠦᠶᠡᠷ ᠭᠠᠷᠴᠤ ᠮᠡᠳᠡᠨ᠎ᠡ᠃ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠪᠣᠷᠣᠭ᠋ᠠᠨ᠎ᠤ ᠤᠰᠤᠨ᠎ᠤ ᠪᠠᠢ᠌ᠳᠠᠯ᠎ᠢ ᠨᠢᠭᠲᠠ ᠬᠢᠨᠠᠨ ᠠᠵᠢᠭᠯᠠᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢ ᠦᠷᠭᠦᠯᠵᠢᠯᠡᠨ ᠥᠷᠨᠢᠭᠦᠯᠵᠦ᠂ ᠳᠤᠮᠳᠠ ᠵᠢᠵᠢᠭ ᠭᠣᠣᠯ ᠮᠥᠷᠡᠨ᠎ᠤ ᠦᠶᠡᠷ᠂ ᠠᠭᠤᠯᠠᠨ ᠦᠶᠡᠷ᠎ᠤᠨ ᠭᠠᠮᠰᠢᠭ᠎ᠢ ᠰᠡᠷᠭᠡᠢ᠌ᠯᠡᠬᠦ ᠵᠢ ᠴᠢᠩᠭ᠋ᠠᠳᠬᠠᠨ᠂ ᠤᠰᠤᠨ ᠴᠥᠭᠥᠷᠥᠮ ᠤᠰᠤᠨ ᠴᠠᠬᠢᠯᠭ᠋ᠠᠨ᠎ᠤ ᠥᠷᠲᠡᠭᠡ ᠵᠢᠨ ᠲᠣᠭᠣᠷᠢᠨ ᠪᠠᠢ᠌ᠴᠠᠭ᠋ᠠᠬᠤ ᠪᠠ ᠶᠡᠬᠡ ᠬᠠᠰᠢᠯᠭ᠎ᠠ᠂ ᠦᠶᠡᠷ ᠵᠠᠯᠠᠬᠤ ᠲᠦᠭᠦᠭᠡᠷᠦᠮᠵᠢ ᠵᠡᠷᠭᠡ ᠭᠣᠣᠯᠳᠠᠯᠭ᠎ᠠ᠎ᠲᠠᠢ ᠣᠷᠣᠨ ᠪᠠᠢ᠌ᠷᠢ ᠵᠢᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠰᠢᠷᠦᠭᠦᠨ ᠪᠣᠷᠣᠭ᠋ᠠᠨ᠎ᠤ ᠣᠷᠣᠨ᠎ᠤ ᠳᠣᠲᠣᠷᠠᠬᠢ ᠡᠮᠵᠡᠭ ᠠᠶᠤᠯᠲᠠᠢ ᠤᠰᠤᠨ ᠴᠥᠭᠥᠷᠥᠮ᠎ᠢ ᠵᠠᠷᠴᠢᠮ ᠳᠡᠭᠡᠷ᠎ᠡ᠎ᠪᠠᠨ ᠴᠥᠮ ᠬᠣᠭᠣᠰᠤᠨ ᠬᠥᠮᠥᠷᠭᠡ᠎ᠪᠠᠷ ᠠᠵᠢᠯᠯᠠᠭᠤᠯᠬᠤ ᠵᠢ ᠦᠨᠡᠨᠬᠦ ᠪᠠᠳᠤᠯᠠᠨ᠎ᠠ᠃ ᠡᠭᠦᠨ᠎ᠠᠴᠠ ᠭᠠᠳᠠᠨ᠎ᠠ᠂ ᠭᠣᠣᠯ ᠳᠠᠭ᠋ᠠᠤ ᠵᠢᠨ ᠬᠣᠲᠣᠭᠣᠷ ᠭᠠᠵᠠᠷ ᠣᠷᠣᠨ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠠᠭᠤᠯᠠᠨ ᠦᠶᠡᠷ᠎ᠤᠨ ᠲᠦᠭᠰᠢᠭᠦᠷᠢᠲᠦ ᠣᠷᠣᠨ ᠵᠡᠷᠭᠡ᠎ᠳᠤ ᠴᠢᠭᠯᠡᠭᠦᠯᠦᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢ᠎ᠳᠤᠨᠢ ᠨᠡᠢ᠌ᠲᠡᠯᠡᠵᠦ᠂ ᠦᠨᠳᠦᠰᠦᠨ ᠱᠠᠲᠤᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠵᠢᠯᠣᠭᠣᠳᠤᠨ ᠠᠶᠤᠯᠲᠠᠢ ᠭᠠᠵᠠᠷ ᠣᠷᠣᠨ᠎ᠤ ᠣᠯᠠᠨ ᠲᠦᠮᠡᠨ᠎ᠢ ᠴᠠᠭ ᠲᠤᠬᠠᠢ᠎ᠳᠤᠨᠢ ᠵᠣᠬᠢᠶᠠᠨ ᠪᠠᠢ᠌ᠭᠤᠯᠵᠤ ᠠᠶᠤᠯ᠎ᠠᠴᠠ ᠵᠠᠢ᠌ᠯᠠᠭᠤᠯᠤᠨ᠎ᠠ᠃

   ᠤᠯᠤᠰ᠎ᠤᠨ ᠦᠶᠡᠷ᠎ᠢ ᠰᠡᠷᠭᠡᠢ᠌ᠯᠡᠵᠦ ᠭᠠᠩ᠎ᠢ ᠰᠡᠷᠭᠡᠢ᠌ᠯᠡᠬᠦ ᠶᠡᠷᠦᠩᠬᠡᠢ ᠵᠢᠯᠤᠭᠣᠳᠬᠤ ᠭᠠᠵᠠᠷ᠎ᠤᠨ ᠲᠡᠳ᠋ ᠶᠡᠷᠦᠩᠬᠡᠢ ᠵᠢᠯᠣᠭᠣᠳᠤᠭᠴᠢ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠎ᠤ ᠰᠠᠢ᠌ᠳ ᠬᠤᠸᠠᠩ ᠮᠢᠩ ᠰᠢᠷᠦᠭᠦᠨ ᠪᠣᠷᠣᠭ᠋ᠠᠨ᠎ᠢ ᠰᠡᠷᠭᠡᠢ᠌ᠯᠡᠨ ᠠᠷᠭ᠋ᠠᠴᠠᠬᠤ ᠠᠵᠢᠯ᠎ᠢ ᠪᠦᠭᠦ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ ᠭᠡᠵᠦ ᠱᠠᠭ᠋ᠠᠷᠳᠠᠵᠠᠢ᠃ 5 ᠳ᠋ᠤᠭ᠋ᠠᠷ ᠰᠠᠷ᠎ᠠ ᠵᠢᠨ 8᠎ᠤ ᠡᠳᠦᠷ᠂ ᠤᠯᠤᠰ᠎ᠤᠨ ᠦᠶᠡᠷ᠎ᠢ ᠰᠡᠷᠭᠡᠢ᠌ᠯᠡᠵᠦ ᠭᠠᠩ᠎ᠢ ᠰᠡᠷᠭᠡᠢ᠌ᠯᠡᠬᠦ ᠶᠡᠷᠦᠩᠬᠡᠢ ᠵᠠᠬᠢᠷᠭ᠎ᠠ ᠵᠢᠨ ᠨᠠᠷᠢᠨ ᠪᠢᠴᠢᠭ᠎ᠤᠨ ᠳᠠᠷᠤᠭ᠎ᠠ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠎ᠤ ᠳᠡᠳ᠋ ᠰᠠᠢ᠌ᠳ ᠪᠥᠭᠡᠳ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠢ᠌ᠳ ᠵᠧᠦ ᠰᠢᠤᠸᠠᠢ ᠸᠸᠨ ᠦᠶᠡᠷ᠎ᠢ ᠰᠡᠷᠭᠡᠢ᠌ᠯᠡᠬᠦ ᠠᠵᠢᠯ᠎ᠢ ᠸᠢᠳᠢᠤ᠋ ᠬᠤᠷᠠᠯ ᠲᠡᠭᠡᠷ᠎ᠡ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠲᠠᠢ ᠵᠥᠪᠳᠡᠯᠴᠡᠨ ᠰᠤᠳᠤᠯᠤᠨ ᠮᠠᠭ᠋ᠠᠳᠯᠠᠵᠤ᠂ ᠵᠢᠶᠠᠩᠰᠤ᠂ ᠵᠧᠵᠢᠶᠠᠩ ᠵᠡᠷᠭᠡ ᠮᠤᠵᠢ ᠵᠢᠨ ᠰᠡᠷᠭᠡᠢ᠌ᠯᠡᠯᠲᠡ ᠵᠢᠨ ᠵᠢᠭ᠋ᠠᠨ ᠵᠢᠯᠤᠭᠣᠳᠬᠤ ᠠᠩᠭᠢ ᠪᠠ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠣᠶ ᠰᠢᠭᠤᠢ ᠵᠢᠨ ᠭᠠᠯ ᠤᠨᠲᠠᠷᠠᠭ᠋ᠠᠬᠤ ᠶᠡᠷᠦᠩᠬᠡᠢ ᠠᠩᠭᠢ᠎ᠲᠠᠢ ᠸᠢᠳᠢᠤ᠋᠎ᠪᠠᠷ ᠶᠠᠷᠢᠯᠴᠠᠵᠦ᠂ ᠭᠣᠣᠯᠳᠠᠯᠭ᠎ᠠ᠎ᠲᠠᠢ ᠭᠠᠵᠠᠷ ᠣᠷᠣᠨ᠎ᠤ ᠰᠢᠷᠦᠭᠦᠨ ᠪᠣᠷᠣᠭ᠋ᠠᠨ᠎ᠢ ᠰᠡᠷᠭᠡᠢ᠌ᠯᠡᠨ ᠠᠷᠭ᠋ᠠᠴᠠᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠵᠠᠢ᠃

   ᠴᠠᠭ ᠠᠭᠤᠷ᠎ᠤᠨ ᠲᠤᠰᠬᠠᠢ ᠮᠡᠷᠭᠡᠵᠢᠯᠲᠡᠨ᠎ᠤ ᠰᠠᠨᠠᠭᠤᠯᠤᠭᠰᠠᠨ ᠵᠶ᠋ᠠᠷ᠂ ᠡᠮᠦᠨᠡᠲᠦ ᠣᠷᠣᠨ᠎ᠤ᠎ᠬᠢᠨ ᠪᠣᠷᠣᠭ᠋ᠠᠨ ᠶᠡᠬᠡᠲᠡᠢ ᠬᠤᠭᠤᠴᠠᠭ᠋ᠠᠨ᠎ᠳᠤ ᠣᠷᠣᠵᠤ᠂ ᠭᠠᠮᠰᠢᠭ᠎ᠤᠨ ᠠᠶᠤᠯ ᠲᠦᠭᠰᠢᠭᠦᠷᠢ ᠨᠡᠮᠡᠭᠳᠡᠵᠦ ᠪᠠᠢ᠌ᠬᠤ ᠪᠥᠭᠡᠳ ᠣᠨᠴᠠᠭ᠋ᠠᠶ ᠴᠠᠭ ᠠᠭᠤᠷ ᠭᠠᠷᠴᠤ ᠮᠡᠳᠡᠨ᠎ᠡ᠂ ᠡᠢ᠌ᠮᠦ᠎ᠠᠴᠠ ᠭᠠᠮᠰᠢᠭ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠪᠡᠯᠡᠳᠬᠡᠯ ᠠᠵᠢᠯ᠎ᠢ ᠤᠷᠢᠳᠴᠢᠯᠠᠨ ᠰᠠᠢ᠌ᠲᠤᠷ ᠬᠢᠬᠦ ᠬᠡᠷᠡᠭᠲᠡᠢ᠃ ᠡᠮᠦᠨᠡᠲᠦ ᠣᠷᠣᠨ᠎ᠤ ᠰᠢᠷᠦᠭᠦᠨ ᠪᠣᠷᠣᠭ᠋ᠠᠨ ᠪᠠ ᠰᠢᠷᠦᠭᠦᠨ ᠰᠣᠯᠢᠭ ᠤᠷᠤᠰᠬᠠᠯ᠎ᠤᠨ ᠴᠠᠭ ᠠᠭᠤᠷ᠎ᠨᠢ ᠤᠰᠤᠨ ᠲᠤᠲᠤᠷᠭ᠎ᠠ ᠵᠢᠨ ᠨᠤᠷᠠᠯᠲᠠ᠂ ᠲᠠᠷᠢᠶᠠᠨ ᠭᠠᠵᠠᠷ᠎ᠤᠨ ᠣᠬᠣᠷᠬᠠᠨ ᠬᠤᠭᠤᠴᠠᠭ᠋ᠠᠨ᠎ᠳᠤ ᠤᠰᠤᠲᠤᠯ ᠵᠡᠷᠭᠡ ᠵᠢ ᠠᠮᠠᠷᠬᠠᠨ ᠪᠣᠶ ᠪᠣᠯᠭ᠋ᠠᠳᠠᠭ ᠪᠣᠯᠬᠣᠷ ᠡᠯ᠎ᠡ ᠭᠠᠵᠠᠷ᠎ᠤᠨ᠎ᠬᠢᠨ ᠴᠠᠭ ᠲᠤᠬᠠᠢ᠎ᠳᠤᠨᠢ ᠭᠣᠸ᠋ ᠰᠤᠪᠠᠭ ᠵᠶ᠋ᠠᠨ ᠴᠡᠪᠡᠷᠯᠡᠵᠦ᠂ ᠤᠰᠤ ᠵᠠᠯᠠᠬᠤ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠨ᠂ ᠦᠶᠡᠷ ᠤᠰᠤᠲᠤᠯ᠎ᠤᠨ ᠨᠥᠯᠥᠭᠡ ᠵᠢ ᠪᠠᠭ᠋ᠠᠰᠬᠠᠬᠤ ᠬᠡᠷᠡᠭᠲᠡᠢ᠃ ᠣᠯᠠᠨ ᠨᠡᠶ᠋ᠢᠲᠡ᠎ᠪᠠᠷ ᠵᠶ᠋ᠡᠨ ᠡᠯ᠎ᠡ ᠭᠠᠵᠠᠷ᠎ᠤᠨ ᠦᠷᠭᠦᠯᠵᠢᠯᠡᠨ ᠨᠡᠢ᠌ᠲᠡᠯᠡᠭᠰᠡᠨ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠪᠠ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠠᠩᠬᠠᠷᠴᠤ᠂ ᠰᠢᠷᠦᠭᠦᠨ ᠪᠣᠷᠣᠭ᠋ᠠᠨ ᠪᠠ ᠰᠢᠷᠦᠭᠦᠨ ᠰᠣᠯᠢᠭ ᠤᠷᠤᠰᠬᠠᠯ᠎ᠤᠨ ᠴᠠᠭ ᠠᠭᠤᠷ᠎ᠤᠨ ᠦᠶ᠎ᠡ᠎ᠳᠤ ᠭᠠᠳᠠᠭᠰᠢ ᠭᠠᠷᠬᠤ᠎ᠠᠴᠠ ᠠᠯᠢ ᠴᠢᠳᠠᠬᠤ᠎ᠪᠠᠷ ᠵᠠᠢ᠌ᠯᠠᠰᠬᠢᠬᠦ ᠬᠡᠷᠡᠭᠲᠡᠢ᠃ ᠤᠮᠠᠷᠠᠲᠤ ᠣᠷᠣᠨ᠎ᠤ᠎ᠬᠢᠨ 10᠎ᠤ ᠡᠳᠦᠷ᠎ᠠᠴᠠ 12᠎ᠤᠨ ᠡᠳᠦᠷ ᠪᠣᠯᠲᠠᠯᠠᠬᠢ ᠨᠢᠭᠡ ᠤᠳᠠᠭ᠋ᠠᠨ᠎ᠤ ᠨᠡᠯᠢᠶᠡᠳ ᠴᠢᠩᠭ᠎ᠠ ᠬᠦᠢ᠍ᠲᠡᠨ ᠠᠭ᠋ᠠᠷ᠎ᠤᠨ ᠠᠵᠢᠯᠯᠠᠭ᠎ᠠ ᠵᠢ ᠠᠩᠬᠠᠷᠬᠤ ᠴᠢᠬᠤᠯᠠᠲᠠᠢ᠂ ᠳᠤᠯᠠᠭ᠋ᠠᠨ ᠪᠠᠭᠤᠷᠠᠬᠤ ᠪᠠ ᠪᠣᠷᠣᠭ᠋ᠠᠨ ᠶᠡᠬᠡ ᠰᠠᠯᠬᠢᠨ᠎ᠤ ᠴᠠᠭ ᠠᠭᠤᠷ᠎ᠢ ᠴᠠᠭ ᠲᠤᠬᠠᠢ᠎ᠳᠤᠨᠢ ᠠᠩᠬᠠᠷᠤᠨ᠎ᠠ᠂ ᠵᠢᠱ᠌ᠢᠯᠲᠡ᠎ᠪᠠᠷ ᠪᠠᠷᠠᠭᠤᠨ ᠬᠣᠢ᠌ᠲᠤ ᠣᠷᠣᠨ᠂ ᠥᠪᠥᠷ ᠮᠣᠩᠭᠣᠯ᠂ ᠵᠡᠭᠦᠨ ᠬᠣᠢ᠌ᠲᠤ ᠣᠷᠣᠨ᠂ ᠤᠮᠠᠷᠠᠲᠤ ᠣᠷᠣᠨ᠎ᠤ ᠶᠡᠬᠡᠩᠬᠢ ᠭᠠᠵᠠᠷ ᠣᠷᠣᠨ᠎ᠳᠤ ᠳᠤᠯᠠᠭ᠋ᠠᠨ ᠬᠡᠮᠵᠢᠶ᠎ᠡ 4—8 ᠭ᠋ᠷᠡᠳᠦ᠋ᠰ ᠪᠠᠭᠤᠷᠠᠬᠤ ᠪᠣᠯᠬᠣᠷ ᠬᠥᠮᠥᠰ ᠠᠭ᠋ᠠᠷ᠎ᠤᠨ ᠳᠤᠯᠠᠭ᠋ᠠᠨ᠎ᠤ ᠤᠷᠢᠳᠴᠢᠯᠠᠭᠰᠠᠨ ᠮᠡᠳᠡᠭᠡ ᠵᠢ ᠦᠨᠳᠦᠰᠦᠯᠡᠨ ᠬᠤᠪᠴᠠᠰᠤ ᠬᠤᠨᠠᠷ ᠵᠶ᠋ᠠᠨ ᠵᠣᠬᠢᠰᠲᠠᠢ᠎ᠪᠠᠷ ᠨᠡᠮᠡᠭᠳᠡᠭᠦᠯᠬᠦ ᠴᠢᠬᠤᠯᠠᠲᠠᠢ ᠪᠠᠢ᠌ᠨ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠣᠯᠠᠨ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠦᠷᠨᠢᠭᠦᠯᠬᠦ ᠪᠤᠯᠤᠨ᠎ᠠ
ᠠᠷᠠᠳ᠎ᠤᠨ ᠡᠳᠦᠷ᠎ᠤᠨ ᠰᠣᠨᠢᠨ᠄ ᠨᠢᠭᠡᠳᠦᠭᠡᠷ ᠤᠯᠠᠷᠢᠯ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢ 154 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠵᠢᠯ᠎ᠤᠨ ᠳᠣᠲᠣᠷ᠎ᠠ ᠬᠡᠪᠴᠢᠶᠡᠵᠢᠭᠦᠯᠦᠨ ᠤᠰᠤ ᠬᠠᠩᠭ᠋ᠠᠬᠤ ᠢᠨᠵᠧᠨᠧᠷᠢᠩ᠎ᠢ ᠬᠥᠳᠡᠭᠡ ᠲᠣᠰᠬᠣᠨ᠎ᠤ 54% ᠵᠢᠨ ᠬᠥᠮᠥᠨ ᠠᠮᠠ ᠵᠢ ᠬᠠᠮᠤᠷᠬᠤ᠎ᠪᠠᠷ ᠵᠢᠱ᠌ᠢᠵᠦ ᠪᠠᠢ᠌ᠨ᠎ᠠ
ᠠᠷᠠᠳ᠎ᠤᠨ ᠡᠳᠦᠷ᠎ᠤᠨ ᠰᠣᠨᠢᠨ᠄ ᠬᠠᠲᠤᠨ ᠭᠤᠤᠯ᠎ᠤᠨ ᠵᠠᠰᠠᠯᠲᠠ ᠵᠢᠨ ᠲᠡᠦᠬᠡ ᠵᠢ ᠪᠣᠳᠠᠲᠤ ᠲᠡᠮᠳᠡᠭᠯᠡᠯ᠎ᠤᠨ ᠳᠦᠷᠰᠦ᠎ᠪᠠᠷ᠎ᠨᠢ ᠰᠡᠷᠭᠦᠭᠡᠵᠡᠢ
ᠠᠷᠠᠳ᠎ᠤᠨ ᠡᠳᠦᠷ᠎ᠤᠨ ᠰᠣᠨᠢᠨ᠄ ᠰᠢᠨᠵᠢᠯᠡᠬᠦ ᠤᠬᠠᠭ᠋ᠠᠨ ᠮᠡᠷᠭᠡᠵᠢᠯ᠎ᠨᠢ ᠭᠤᠤᠯ ᠮᠥᠷᠡᠨ᠎ᠤ ᠠᠮᠤᠷ ᠠᠮᠤᠭᠤᠯᠠᠩ᠎ᠢ ᠬᠠᠮᠠᠭ᠋ᠠᠯᠠᠵᠤ ᠴᠢᠳᠠᠨ᠎ᠠ
ᠤᠯᠠᠨ ᠭᠠᠵᠠᠷ᠎ᠤᠨ᠎ᠬᠢᠨ ᠴᠠᠭ᠎ᠤᠨ ᠰᠠᠶ᠋ᠢᠬᠠᠨ᠎ᠳᠤ ᠠᠮᠵᠢᠵᠦ ᠡᠪᠦᠯ᠎ᠤᠨ ᠤᠰᠤᠨ ᠠᠰᠢᠭᠯᠠᠯᠲᠠ ᠵᠢᠨ ᠪᠠᠷᠢᠯᠭ᠎ᠠ᠎ᠪᠠᠨ ᠠᠬᠢᠭᠤᠯᠵᠦ ᠪᠠᠶ᠋ᠢᠨ᠎ᠠ
 
            