《ᠠᠷᠠᠳ᠎ᠤᠨ ᠡᠳᠦᠷ᠎ᠤᠨ ᠰᠣᠨᠢᠨ》 (2022 ᠣᠨ᠎ᠤ 02 ᠰᠠᠷ᠎ᠠ ᠵᠢᠨ 09᠎ᠤ ᠡᠳᠦᠷ 02 ᠳ᠋ᠤᠭ᠋ᠠᠷ ᠬᠡᠪᠯᠡᠯ)
ᠲᠣᠰ ᠰᠣᠨᠢᠨ᠎ᠤ ᠰᠣᠨᠢᠨ ᠪᠡᠭᠡᠵᠢᠩ᠎ᠤᠨ 2 ᠰᠠᠷ᠎ᠠ ᠵᠢᠨ 8᠎ᠤ ᠡᠳᠦᠷ᠎ᠤᠨ ᠮᠡᠳᠡᠭᠡ (ᠸᠠᠩ ᠬᠤᠤ᠂ ᠰᠢᠤᠢ ᠠᠨ ᠴᠢᠶᠠᠩ) ᠣᠶ᠋ᠢᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ᠎ᠠᠴᠠ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ᠂ ᠡᠳ᠋᠎ᠤᠨ ᠵᠠᠰᠠᠭ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠲᠠᠢ ᠬᠠᠮᠲᠤᠷᠠᠨ ᠵᠣᠬᠢᠶᠠᠨ ᠪᠠᠶ᠋ᠢᠭᠤᠯᠵᠤ ᠥᠷᠨᠢᠭᠦᠯᠦᠭᠰᠡᠨ ᠬᠠᠮᠤᠭ᠎ᠤᠨ ᠰᠢᠨ᠎ᠡ ᠦᠨᠡᠯᠡᠨ ᠵᠢᠱ᠌ᠢᠭᠰᠡᠨ ᠦᠷ᠎ᠡ ᠳ᠋ᠦᠩ᠎ᠠᠴᠠ ᠦᠵᠡᠪᠡᠯ᠄ ᠢᠨᠵᠧᠨᠧᠷᠢᠩ᠎ᠤᠨ ᠤᠰᠤ ᠨᠡᠪᠲᠡᠷᠡᠭᠰᠡᠨ᠎ᠠᠴᠠ 2020 ᠣᠨ᠎ᠤ ᠡᠴᠦᠰ ᠪᠣᠯᠲᠠᠯ᠎ᠠ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠤᠰᠤ ᠲᠠᠲᠠᠬᠤ ᠣᠷᠣᠨ᠎ᠤ ᠬᠣᠲᠠ ᠲᠣᠭᠣᠷᠢᠭ᠎ᠤᠨ ᠭᠠᠵᠠᠷ ᠳᠣᠤᠷᠠᠬᠢ ᠤᠰᠤ ᠵᠢ ᠳᠠᠷᠤᠵᠤ ᠲᠠᠲᠠᠭᠰᠠᠨ ᠬᠡᠮᠵᠢᠶ᠎ᠡ 30 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠠᠴᠠ ᠳᠠᠪᠠᠵᠤ᠂ ᠬᠥᠳᠡᠭᠡ ᠲᠣᠰᠬᠣᠨ᠎ᠤ ᠭᠠᠵᠠᠷ ᠳᠣᠤᠷᠠᠬᠢ ᠤᠰᠤ ᠵᠢ ᠳᠠᠷᠤᠵᠤ ᠲᠠᠲᠠᠭᠰᠠᠨ ᠬᠡᠮᠵᠢᠶ᠎ᠡ ᠴᠦ᠍ ᠵᠣᠬᠢᠬᠤ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃
ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ ᠤᠰᠤ ᠬᠦᠯᠢᠶᠡᠬᠦ ᠣᠷᠣᠨ᠎ᠨᠢ ᠬᠠᠶ᠋ᠢᠾᠤ ᠭᠣᠣᠯ᠎ᠤᠨ ᠰᠠᠪᠠ ᠭᠠᠵᠠᠷ᠂ ᠬᠤᠸᠠᠶ᠋ᠢᠾᠧ ᠭᠣᠣᠯ᠎ᠤᠨ ᠰᠠᠪᠠ ᠭᠠᠵᠠᠷ ᠪᠠ ᠬᠠᠲᠤᠨ ᠭᠣᠣᠯ᠎ᠤᠨ ᠰᠠᠪᠠ ᠭᠠᠵᠠᠷ᠎ᠤᠨ ᠳᠣᠲᠣᠷᠠᠬᠢ ᠪᠡᠭᠡᠵᠢᠩ᠂ ᠲᠢᠶᠠᠨᠵᠢᠨ᠂ ᠾᠧᠪᠧᠢ᠂ ᠵᠢᠶᠠᠩᠰᠦ᠂ ᠱᠠᠨᠳᠦ᠋ᠩ᠂ ᠾᠧᠨᠠᠨ ᠵᠡᠷᠭᠡ 6 ᠮᠤᠵᠢ ᠬᠣᠲᠠ ᠵᠢ ᠬᠠᠮᠤᠷᠴᠤ᠂ ᠣᠷᠣᠨ ᠪᠦᠰᠡ ᠵᠢᠨ ᠲᠠᠯᠠᠪᠠᠶ᠎ᠨᠢ 23 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃ 2018 ᠣᠨ ᠠᠴᠠ 2020 ᠣᠨ ᠪᠣᠯᠲᠠᠯ᠎ᠠ᠂ 6 ᠮᠤᠵᠢ ᠬᠣᠲᠠ ᠵᠢᠨ ᠤᠰᠤ ᠭᠥᠷᠳᠡᠬᠦ ᠣᠷᠣᠨ᠎ᠤ ᠭᠦᠶᠦᠭᠡᠨ ᠳᠠᠪᠬᠤᠷᠭ᠎ᠠ ᠵᠢᠨ ᠭᠠᠵᠠᠷ ᠳᠣᠤᠷᠠᠬᠢ ᠤᠰᠤᠨ᠎ᠤ ᠲᠦᠪᠰᠢᠨ᠎ᠢ ᠦᠨᠳᠦᠰᠦᠨ᠎ᠳᠡᠭᠡᠨ ᠲᠣᠭᠲᠠᠪᠤᠷᠢᠲᠠᠶ ᠪᠠᠶ᠋ᠢᠯᠭ᠋ᠠᠨ᠎ᠠ᠃ 2020 ᠣᠨ ᠪᠣᠯᠬᠤ᠎ᠳᠤ ᠲᠢᠶᠠᠨᠵᠢᠨ᠂ ᠾᠧᠪᠧᠢ᠂ ᠱᠠᠨᠳᠦ᠋ᠩ᠂ ᠾᠧᠨᠠᠨ᠎ᠤ ᠤᠰᠤ ᠭᠥᠷᠳᠡᠬᠦ ᠣᠷᠣᠨ᠎ᠤ ᠭᠦᠨ ᠳᠠᠪᠬᠤᠷᠭ᠎ᠠ ᠵᠢᠨ ᠭᠠᠵᠠᠷ ᠳᠣᠤᠷᠠᠬᠢ ᠤᠰᠤᠨ᠎ᠤ ᠲᠦᠪᠰᠢᠨ ᠳᠤᠮᠳᠠᠴᠢ᠎ᠪᠠᠷ 1.94 ᠮᠧᠲᠷ ᠳᠡᠭᠡᠭᠰᠢᠯᠡᠨ᠎ᠡ᠃
6 ᠮᠤᠵᠢ ᠬᠤᠳᠠ ᠵᠢᠨ ᠤᠰᠤ ᠬᠦᠷᠳᠡᠬᠦ ᠣᠷᠣᠨ᠎ᠨᠢ ᠬᠡᠲᠦᠷᠡᠲᠡᠯ᠎ᠡ ᠮᠠᠯᠲᠠᠭᠰᠠᠨ ᠣᠷᠣᠨ᠎ᠤ ᠬᠤᠳᠠ ᠪᠠᠯᠭ᠋ᠠᠰᠤᠨ᠎ᠤ ᠥᠪᠡᠷ ᠵᠶ᠋ᠡᠨ ᠪᠡᠯᠡᠳᠬᠡᠭᠰᠡᠨ ᠬᠤᠳᠳᠤᠭ᠂ ᠲᠠᠷᠢᠶᠠᠯᠠᠩ᠎ᠤᠨ ᠤᠰᠤᠯᠠᠯᠲᠠ ᠵᠢᠨ ᠮᠠᠰᠢᠨ᠎ᠤ ᠬᠤᠳᠳᠤᠭ᠎ᠢ ᠬᠠᠭ᠋ᠠᠵᠤ ᠵᠣᠭᠰᠣᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠬᠤᠳᠠ ᠵᠢᠨ ᠲᠣᠭᠣᠷᠢᠭ᠎ᠤᠨ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠣᠷ᠎ᠤᠨ ᠪᠦᠷᠬᠦᠴᠡ ᠵᠢᠨ ᠬᠡᠪᠴᠢᠶᠡᠨ ᠳᠣᠲᠣᠷᠠᠬᠢ ᠭᠠᠵᠠᠷ ᠳᠣᠣᠷᠠᠬᠢ ᠤᠰᠤ ᠵᠢ ᠨᠡᠭᠡᠭᠡᠨ ᠮᠠᠯᠲᠠᠬᠤ ᠬᠤᠳᠳᠤᠭ᠎ᠢ ᠪᠢᠲᠡᠭᠦᠮᠵᠢᠯᠡᠵᠦ ᠪᠥᠭᠯᠡᠨ᠎ᠡ᠃ 2020 ᠣᠨ᠎ᠤ ᠰᠡᠭᠦᠯᠴᠢ ᠪᠣᠯᠲᠠᠯ᠎ᠠ᠂ ᠤᠰᠤ ᠬᠦᠷᠲᠡᠭᠰᠡᠨ ᠣᠷᠣᠨ᠎ᠳᠤ ᠨᠡᠢ᠌ᠢ᠍ᠳᠡ 71724 ᠬᠤᠳᠳᠤᠭ᠎ᠢ ᠬᠠᠭ᠋ᠠᠵᠤ ᠵᠣᠭᠰᠣᠭ᠋ᠠᠪᠠ᠃ 2018 ᠣᠨ ᠠᠴᠠ ᠨᠠᠰᠢ᠂ ᠠᠮᠢ ᠠᠬᠤᠶ᠎ᠪᠠᠷ ᠤᠰᠤ ᠨᠥᠬᠥᠪᠥᠷᠢᠯᠡᠬᠦ ᠵᠡᠷᠭᠡ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠳᠡᠮᠵᠢᠨ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠤᠰᠤ ᠭᠥᠷᠳᠡᠬᠦ ᠣᠷᠣᠨ᠎ᠤ ᠤᠰᠤ ᠨᠥᠬᠥᠪᠥᠷᠢᠯᠡᠬᠦ ᠭᠣᠤᠯ ᠮᠥᠷᠡᠨ ᠨᠠᠭᠤᠷ ᠳᠠᠭ᠋ᠠᠤ ᠤᠰᠤᠨ᠎ᠤ ᠣᠷᠳᠣ ᠪᠠ ᠤᠰᠤᠨ᠎ᠤ ᠭᠠᠳᠠᠷᠭᠤ ᠵᠢᠨ ᠲᠠᠯᠠᠪᠠᠶ᠎ᠲᠠᠢ ᠪᠠᠶ᠋ᠢᠵᠤ᠂ ᠤᠰᠤ ᠨᠥᠬᠥᠪᠥᠷᠢᠯᠡᠬᠦ᠎ᠠᠴᠠ ᠡᠮᠦᠨᠡᠬᠢ᠎ᠠᠴᠠ ᠲᠣᠰ ᠲᠣᠰ 967 ᠺᠢᠯᠣᠮᠧᠲᠷ ᠪᠠ 348 ᠲᠡᠭᠰᠢ ᠳᠥᠷᠪᠡᠯᠵᠢᠨ ᠺᠢᠯᠣᠮᠧᠲᠷ ᠨᠡᠮᠡᠭᠳᠡᠵᠦ᠂ ᠤᠰᠤ ᠨᠥᠬᠥᠪᠥᠷᠢᠯᠡᠬᠦ ᠭᠣᠤᠯ᠎ᠤᠨ ᠵᠠᠮ᠎ᠤᠨ ᠡᠷᠬᠢᠨ ᠲᠣᠭᠣᠷᠢᠨ᠎ᠤ 10 ᠺᠢᠯᠣᠮᠧᠲᠷ᠎ᠤᠨ ᠬᠡᠪᠴᠢᠶᠡᠨ᠎ᠳᠠᠬᠢ ᠭᠦᠶᠦᠭᠡᠨ ᠳᠠᠪᠬᠤᠷᠭ᠎ᠠ ᠵᠢᠨ ᠭᠠᠵᠠᠷ ᠳᠣᠤᠷᠠᠬᠢ ᠤᠰᠤᠨ᠎ᠤ ᠲᠦᠪᠰᠢᠨ ᠠᠳᠠᠯᠢ ᠬᠤᠭᠤᠴᠠᠭ᠋ᠠᠨ᠎ᠤ᠎ᠬᠢ᠎ᠠᠴᠠ 0.42 ᠮᠧᠲᠷ ᠳᠡᠭᠡᠭᠰᠢᠯᠡᠵᠦ᠂ ᠭᠠᠵᠠᠷ ᠳᠣᠤᠷᠠᠬᠢ ᠤᠰᠤᠨ᠎ᠤ ᠬᠠᠳᠠᠭ᠋ᠠᠯᠠᠭᠳᠠᠴᠠ ᠵᠢ ᠪᠦᠲᠦᠮᠵᠢᠲᠡᠶ ᠨᠥᠬᠥᠪᠥᠷᠢᠯᠡᠵᠦ᠂ ᠭᠣᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠣᠷᠴᠢᠨ ᠲᠣᠭᠣᠷᠢᠨ᠎ᠤ ᠰᠡᠷᠭᠦᠯᠲᠡ ᠵᠢᠨ ᠦᠷ᠎ᠡ ᠪᠦᠲᠦᠮᠵᠢ ᠢᠯᠡᠳᠲᠡ ᠪᠣᠯᠪᠠ᠃