ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ᠎ᠳᠤ ᠵᠣᠷᠢᠭᠤᠯᠤᠭᠰᠠᠨ ᠬᠡᠪᠯᠡᠯ᠄ ᠳᠤᠮᠳᠠᠳᠤ ᠤᠯᠤᠰ᠎ᠤᠨ ᠪᠠᠶ᠋ᠢᠭᠤᠯᠵᠤ ᠪᠠᠶ᠋ᠢᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠯᠠ ᠣᠷᠣᠭᠤᠯᠤᠯᠲᠠ ᠵᠢᠨ ᠬᠡᠪᠴᠢᠶ᠎ᠡ ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠠᠶ
ᠨᠡᠶ᠋ᠢᠲᠡᠯᠡᠭᠰᠡᠨ ᠴᠠᠭ᠄ 2022-02-14

      ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠸᠠᠩ ᠬᠤᠤ᠂ ᠯᠢ ᠰᠢᠶᠤᠤ ᠴᠢᠩ 《ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ᠎ᠳᠤ ᠵᠣᠷᠢᠭᠤᠯᠤᠭᠰᠠᠨ ᠬᠡᠪᠯᠡᠯ》 (2022 ᠣᠨ᠎ᠤ 02 ᠰᠠᠷ᠎ᠠ ᠵᠢᠨ 11᠎ᠤ ᠡᠳᠦᠷ᠎ᠤᠨ 01 ᠳ᠋ᠦᠭᠡᠷ ᠨᠢᠭᠤᠷ)
      ᠳᠠᠪᠠᠭ᠋ᠠᠨ᠎ᠤ ᠡᠮᠦᠨ᠎ᠡ ᠬᠠᠪᠤᠷ ᠡᠷᠲᠡ ᠢᠷᠡᠯ᠎ᠡ᠃ ᠤᠯᠤᠰ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ –  – ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠤᠰᠤᠨ᠎ᠤ ᠡᠬᠢ ᠪᠠᠶᠠᠯᠢᠭ ᠎ᠢ ᠲᠣᠬᠢᠷᠠᠭᠤᠯᠬᠤ ᠪᠠᠷᠢᠯᠭ᠎ᠠ ᠵᠢᠨ ᠠᠵᠢᠯ᠎ᠤᠨ ᠲᠤᠬᠠᠶ ᠵᠢᠨ ᠭᠠᠵᠠᠷ᠎ᠲᠤ ᠤᠯᠤᠰ᠎ᠲᠠᠭᠠᠨ ᠦᠢ᠍ᠯᠡᠳᠪᠦᠷᠢᠯᠡᠭᠰᠡᠨ ᠬᠡᠳᠦᠨ ᠠᠷᠪᠠᠨ ᠲᠣᠮᠣ ᠬᠡᠯᠪᠡᠷᠢ ᠵᠢᠨ ᠴᠣᠬ᠍ᠴᠠᠯᠠᠬᠤ ᠨᠦᠬᠡᠯᠡᠭᠦᠷ᠎ᠢ   ᠶᠠᠭ ᠰᠠᠢ᠌ᠬᠠᠨ ᠬᠤᠷᠳᠤᠨ ᠮᠠᠯᠲᠠᠵᠤ ᠪᠠᠢ᠌ᠨ᠎ᠠ᠃ 《ᠣᠳᠣᠬᠠᠨ᠎ᠳᠤ ᠮᠠᠨ᠎ᠤ ᠢᠨᠵᠧᠨᠧᠷᠢᠩ ᠬᠠᠭ᠋ᠠᠰ ᠎ᠨᠢ ᠳᠠᠭᠤᠰᠴᠤ᠂ 10 ᠭᠠᠷᠤᠶ ᠬᠡᠰᠡᠭ ᠤᠰᠤ ᠳᠠᠮᠵᠢᠭᠤᠯᠬᠤ ᠨᠦᠬᠡᠨ ᠵᠠᠮ ᠎ᠢ ᠨᠡᠪᠲᠡᠷᠡᠭᠦᠯᠦᠭᠡᠳ᠂ 2023 ᠣᠨ᠎ᠤ ᠡᠴᠦᠰ᠎ᠲᠤ ᠤᠷᠢᠳᠴᠢᠯᠠᠨ ᠤᠰᠤ ᠨᠡᠪᠲᠡᠷᠡᠭᠦᠯᠬᠦ᠎ᠪᠠᠷ ᠴᠢᠷᠮᠠᠶ᠋ᠢᠵᠤ ᠪᠠᠶ᠋ᠢᠨ᠎ᠠ》 ᠭᠡᠵᠦ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠬᠠᠷᠢᠭᠤᠴᠠᠯᠭ᠋ᠠᠲᠠᠨ ᠳ᠋ᠦ᠋ ᠼᠠᠨ ᠶᠠᠩ   ᠲᠠᠨᠢᠯᠴᠠᠭᠤᠯᠪᠠ᠂ ᠢᠨᠵᠧᠨᠧᠷᠢᠩ᠎ᠤᠨ ᠶᠡᠷᠦᠩᠬᠡᠶ ᠪᠠᠯᠠ ᠣᠷᠣᠭᠤᠯᠤᠯᠲᠠ 353.99 ᠳ᠋ᠦᠩᠰᠢᠭᠤᠷ ᠲᠥᠭᠥᠷᠢᠭ᠎ᠲᠤ ᠬᠦᠷᠴᠦ᠂ ᠵᠢᠯ᠎ᠤᠨ ᠤᠰᠤ ᠬᠠᠩᠭ᠋ᠠᠬᠤ ᠬᠡᠮᠵᠢᠶ᠎ᠡ ᠵᠢ 17.08 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠵᠶ᠋ᠠᠷ ᠲᠥᠯᠥᠪᠯᠡᠵᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠤ ᠪᠦᠲᠦᠮᠵᠢᠲᠡᠶ 《  ᠤᠮᠳᠠᠭ᠋ᠠᠰᠠᠯ᠎ᠢ ᠲᠠᠶ᠋ᠢᠯᠬᠤ》   ᠪᠣᠯᠣᠨ᠎ᠠ ᠭ᠋ᠡᠵᠡᠶ᠃
      ᠲᠣᠮᠣ ᠲᠣᠮᠣ ᠶᠡᠬᠡ ᠬᠠᠰᠢᠯᠭ᠎ᠠ᠎ᠨᠤᠭᠤᠳ ᠭᠣᠣᠯ ᠮᠥᠷᠡᠨ᠎ᠢ ᠬᠥᠨᠳᠡᠯᠢᠰᠴᠦ᠂ ᠵᠤᠷᠪᠤᠰ ᠵᠤᠷᠪᠤᠰ   ᠳᠠᠮᠵᠢᠭᠤᠯᠬᠤ ᠬᠣᠭᠣᠯᠠᠶ᠎ᠨᠤᠭᠤᠳ ᠠᠭᠤᠯᠠ ᠳᠠᠪᠠᠭ᠎ᠠ ᠵᠢ ᠳᠠᠪᠠᠵᠤ᠂ ᠤᠰᠤᠨ ᠴᠥᠭᠥᠷᠥᠮ᠎ᠤᠳ ᠠᠭᠤᠯᠠ ᠤᠰᠤ ᠵᠢ ᠬᠦᠷᠢᠶᠡᠯᠡᠵᠦ ᠪᠠᠶ᠋ᠢᠨ᠎ᠠ ᠁   ᠨᠢᠭᠡ   ᠪᠦᠯᠦᠭ ᠰᠠᠭᠤᠷᠢ ᠵᠢᠨ ᠴᠢᠨᠠᠷᠲᠠᠶ᠂ ᠵᠠᠩᠭᠢᠯᠠᠭ᠎ᠠ ᠵᠢᠨ ᠴᠢᠨᠠᠷᠲᠠᠶ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠶ   ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ ᠰᠦᠨᠳᠡᠷᠯᠡᠨ ᠪᠣᠰᠴᠤ᠂ ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠪᠴᠢᠯᠡᠨ ᠲᠦᠯᠬᠢᠨ ᠠᠬᠢᠭᠤᠯᠪᠠ᠃ ᠤᠰᠤᠨ ᠠᠰᠢᠭᠯᠠᠯᠲᠠ ᠵᠢᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ ᠣᠲᠣ ᠪᠣᠯᠲᠠᠯ᠎ᠠ᠂ 2014 ᠣᠨ᠎ᠠᠴᠠ ᠡᠬᠢᠯᠡᠨ ᠬᠡᠷᠡᠭᠵᠢᠭᠦᠯᠦᠭᠰᠡᠨ 172 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ ᠎ᠢ ᠨᠡᠶ᠋ᠢᠲᠡ 149 ᠵᠦᠢᠯ᠎ᠢ᠎ᠨᠢ ᠡᠬᠢᠯᠡᠭᠦᠯᠵᠦ᠂ 49 ᠵᠦᠢᠯ᠎ᠢ᠎ᠨᠢ   ᠳᠠᠭᠤᠰᠬᠠᠵᠤ᠂ 19 ᠵᠦᠢᠯ᠎ᠢ᠎ᠨᠢ   ᠪᠠᠷᠢᠯᠭ᠎ᠠ ᠳᠠᠭᠤᠰᠬᠠᠵᠤ ᠰᠢᠯᠭ᠋ᠠᠨ ᠠᠪᠤᠭᠰᠠᠨ ᠪᠠᠶ᠋ᠢᠨ᠎ᠠ᠃ ᠡᠭᠦᠨ᠎ᠤ ᠬᠠᠮᠲᠤ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠭᠰᠠᠨ 2020 ᠣᠨ ᠵᠢᠴᠢ ᠲᠠᠷᠠᠭ᠋ᠠᠴᠢ ᠵᠢᠨ 150 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠴᠤ᠌ ᠲᠦᠷᠭᠡᠳᠬᠡᠨ ᠬᠡᠷᠡᠭᠵᠢᠭᠦᠯᠵᠦ᠂ 67 ᠵᠦᠢᠯ᠎ᠤᠨ ᠲᠥᠷᠥᠯ ᠵᠦᠢᠯ ᠪᠠᠶ᠋ᠢᠭᠤᠯᠬᠤ ᠵᠢ ᠨᠢᠭᠡᠨᠲᠡ ᠴᠤᠬᠤᠯᠠᠪᠤᠷᠢᠯᠠᠨ ᠬᠠᠷᠢᠭᠤᠯᠵᠤ᠂ 62 ᠵᠦᠢᠯ᠎ᠤᠨ ᠲᠥᠷᠥᠯ ᠵᠦᠢᠯ᠎ᠢ ᠠᠵᠢᠯ ᠡᠬᠢᠯᠡᠭᠦᠯᠪᠡ᠃ ᠣᠳᠣᠬᠠᠨ ᠪᠣᠯᠲᠠᠯ᠎ᠠ᠂ ᠮᠠᠨ᠎ᠤ ᠤᠯᠤᠰ᠎ᠤᠨ ᠪᠠᠶ᠋ᠢᠭᠤᠯᠵᠤ ᠪᠠᠶ᠋ᠢᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠡᠯᠡ ᠣᠷᠣᠭᠤᠯᠤᠯᠲᠠ ᠵᠢᠨ ᠬᠡᠪᠴᠢᠶ᠎ᠡ ᠲᠦᠮᠡᠨ ᠳ᠋ᠦᠩᠰᠢᠭᠤᠷ ᠲᠥᠭᠥᠷᠢᠭ᠎ᠢ ᠳᠠᠪᠠᠪᠠ᠃
      ᠣᠶ᠋ᠢᠯᠠᠭ᠋ᠠᠭᠰᠠᠨ ᠵᠶ᠋ᠠᠷ᠂ ᠣᠳᠣᠬᠠᠨ᠎ᠳᠤ ᠮᠠᠨ᠎ᠤ ᠤᠯᠤᠰ ᠳᠡᠯᠡᠬᠡᠶ ᠳᠡᠭᠡᠷᠡᠬᠢ   ᠬᠡᠮᠵᠢᠶ᠎ᠡ᠎ᠪᠠᠷ ᠬᠠᠮᠤᠭ᠎ᠤᠨ ᠶᠡᠬᠡ᠂ ᠬᠡᠪᠴᠢᠶ᠎ᠡ᠎ᠪᠠᠷ ᠬᠠᠮᠤᠭ᠎ᠤᠨ ᠥᠷᠭᠡᠨ᠂ ᠠᠰᠢᠭ ᠭᠥᠷᠳᠡᠬᠦ ᠬᠥᠮᠦᠨ ᠠᠮᠠ᠎ᠪᠠᠷ ᠬᠠᠮᠤᠭ᠎ᠤᠨ ᠣᠯᠠᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠰᠢᠰᠲ᠋ᠧᠮ᠎ᠢ ᠪᠠᠶ᠋ᠢᠭᠤᠯᠤᠭᠰᠠᠨ ᠪᠠᠶ᠋ᠢᠨ᠎ᠠ᠃ ᠤᠰᠤᠨ ᠠᠰᠢᠭᠯᠠᠯᠲᠠ ᠵᠢᠨ ᠶᠠᠮᠤᠨ᠎ᠠᠴᠠ ᠳᠤᠷᠠᠳᠤᠭᠰᠠᠨ᠎ᠨᠢ᠂ ᠡᠨᠡ ᠵᠢᠯ ᠤᠯᠤᠰ᠎ᠤᠨ ᠤᠰᠤᠨ ᠠᠰᠢᠭᠯᠠᠯᠲᠠ ᠵᠢᠨ ᠲᠣᠤᠷ᠎ᠤᠨ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠴᠢᠳᠠᠪᠤᠷᠢ᠂ ᠤᠰᠤ ᠬᠠᠩᠭ᠋ᠠᠬᠤ ᠵᠢ ᠪᠠᠲᠤᠯᠠᠬᠤ ᠴᠢᠳᠠᠪᠤᠷᠢ᠂ ᠪᠠᠶ᠋ᠢᠯᠳᠤᠬᠤ ᠪᠣᠳᠣᠯᠭ᠎ᠠ ᠵᠢᠨ ᠨᠥᠭᠡᠴᠡᠯᠡᠬᠦ ᠴᠢᠳᠠᠪᠤᠷᠢ ᠵᠢ ᠨᠡᠮᠡᠭᠳᠡᠭᠦᠯᠦᠨ᠎ᠡ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ 2021 ᠣᠨ᠎ᠳᠤ ᠤᠰᠤᠨ ᠠᠰᠢᠭᠯᠠᠯᠲᠠ ᠵᠢᠨ ᠶᠠᠮᠤᠨ ᠨᠡᠶ᠋ᠢᠲᠡ 517 ᠬᠤᠪᠢ ᠰᠠᠨᠠᠯ ᠳᠤᠷᠠᠳᠤᠯᠭ᠎ᠠ ᠵᠢ ᠳᠠᠭ᠋ᠠᠭ᠋ᠠᠨ ᠰᠢᠢ᠍ᠳᠪᠦᠷᠢᠯᠡᠵᠦ᠂ 《ᠭᠤᠷᠪᠠᠨ 100%》 ᠵᠢ ᠪᠡᠶᠡᠯᠡᠭᠦᠯᠪᠡ
ᠭᠤᠸᠠᠩᠮᠢᠩ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠬᠡᠩᠭᠡᠷᠭᠡ ᠳᠡᠯᠡᠳᠴᠦ  ᠳᠠᠬᠢᠨᠲᠠ ᠮᠣᠷᠳᠠᠪᠠ
ᠠᠷᠠᠳ᠎ᠤᠨ ᠡᠳᠦᠷ᠎ᠤᠨ ᠰᠣᠨᠢᠨ᠄ ᠵᠢᠩ ᠬᠠᠩ  ᠲᠠᠲᠠᠮᠠᠯ ᠭᠣᠣᠯ᠎ᠤᠨ ᠪᠥᠬᠥ ᠱᠤᠭᠤᠮ᠎ᠢ ᠨᠠᠪᠲᠠᠷᠡᠭᠦᠯᠵᠦ ᠤᠰᠤ ᠨᠥᠬᠥᠪᠦᠷᠢᠯᠡᠬᠦ ᠠᠵᠢᠯᠯᠠᠭ᠎ᠠ ᠵᠢ ᠡᠬᠢᠯᠡᠭᠦᠯᠪᠡ
ᠠᠷᠠᠳ᠎ᠤᠨ ᠡᠳᠦᠷ᠎ᠤᠨ ᠰᠣᠨᠢᠨ᠄ ᠭᠣᠣᠯᠯᠠᠭᠴᠢ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠪᠠᠢ᠌ᠳᠠᠯ ᠰᠠᠢ᠌ᠵᠢᠷᠠᠵᠤ ᠵᠦᠵᠢᠶᠠᠩ ᠮᠥᠷᠡᠨ᠎ᠤ ᠰᠠᠪᠠ ᠭᠠᠵᠠᠷ᠎ᠤᠨ ᠭᠠᠩ ᠬᠠᠭᠰᠠᠷᠠᠭ᠋ᠠᠨ᠎ᠤ ᠪᠠᠢ᠌ᠳᠠᠯ ᠎ᠢ ᠦᠨᠳᠦᠰᠦᠨ᠎ᠳᠡᠭᠡᠨ ᠠᠷᠢᠯᠪᠠ
ᠠᠷᠠᠳ᠎ᠤᠨ ᠡᠳᠦᠷ᠎ᠤᠨ ᠰᠣᠨᠢᠨ᠄ ᠨᠢᠳᠤᠨᠤᠨ᠎ᠤ ᠵᠢᠯ᠎ᠤᠨ ᠡᠴᠦᠰ ᠪᠣᠯᠲᠠᠯ᠎ᠠ ᠪᠥᠬᠥ ᠤᠯᠤᠰ᠎ᠲᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠢ ᠨᠡᠶ᠋ᠢᠲᠡ 827 ᠲᠦᠮᠡ ᠪᠠᠢ᠌ᠭᠤᠯᠵᠤ ᠳᠠᠭᠤᠰᠬᠠᠪᠠ
 
            