ᠵᠣᠬᠢᠶᠠᠭᠴᠢ᠄ ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠴᠧᠨ ᠴᠧᠨ 《ᠭᠤᠸᠠᠩ ᠮᠢᠩ ᠡᠳᠦᠷ᠎ᠤᠨ ᠰᠣᠨᠢᠨ》 (2022 ᠣᠨ᠎ᠤ 04 ᠰᠠᠷ᠎ᠠ ᠵᠢᠨ 9᠎ᠤ ᠡᠳᠦᠷ 06 ᠳ᠋ᠤᠭ᠋ᠠᠷ ᠨᠢᠭᠤᠷ)
《ᠪᠢᠳᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠣᠷᠣᠨ ᠨᠤᠲᠤᠭ᠎ᠲᠠᠢ ᠬᠠᠮᠲᠤ᠎ᠪᠠᠷ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠶᠡᠷ᠎ᠢ ᠰᠡᠷᠭᠡᠢ᠌ᠯᠡᠬᠦ ᠠᠮᠤᠷ ᠲᠦᠪᠰᠢᠨ᠂ ᠤᠰᠤ ᠬᠠᠩᠭ᠋ᠠᠬᠤ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠠᠮᠢ ᠠᠬᠤᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠰᠤᠨ᠎ᠤ ᠠᠶᠤᠯᠭᠦᠢ ᠵᠢ ᠪᠠᠲᠤᠯᠠᠬᠤ ᠲᠥᠯᠦᠪᠵᠢᠭᠦᠯᠭᠡ᠎ᠪᠠᠷ ᠦᠨᠳᠦᠰᠦᠯᠡᠯ ᠪᠣᠯᠭ᠋ᠠᠵᠤ᠂ ᠤᠯᠤᠰ᠎ᠤᠨ ᠤᠰᠤᠨ᠎ᠤ ᠲᠣᠣᠷ᠎ᠤᠨ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠬᠦ᠎ᠪᠠᠷ ᠭᠣᠣᠯᠳᠠᠯᠭ᠎ᠠ ᠪᠣᠯᠭ᠋ᠠᠨ᠂ ᠪᠠᠢ᠌ᠭᠤᠯᠵᠤ ᠪᠠᠢ᠌ᠭ᠎ᠠ ᠤᠰᠤᠨ ᠠᠰᠢᠭᠯᠠᠯᠲᠠ ᠵᠢᠨ ᠢᠨᠵᠧᠨᠧᠷᠢᠩ᠎ᠢ ᠲᠦᠷᠭᠡᠪᠴᠢᠯᠡᠨ ᠬᠡᠷᠡᠭᠵᠢᠭᠦᠯᠦᠨ᠎ᠡ᠃》 4 ᠰᠠᠷ᠎ᠠ ᠵᠢᠨ 8᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠢ᠌ᠳ ᠸᠧᠢ ᠱᠠᠨ ᠵᠥᠩ ᠢᠯᠡᠷᠬᠡᠢ᠌ᠯᠡᠬᠦ᠎ᠳᠡᠭᠡᠨ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠨᠡᠢ᠌ᠴᠡᠭᠰᠡᠨ᠂ ᠡᠮᠦᠨᠡᠬᠢ ᠬᠤᠭᠤᠴᠠᠭ᠋ᠠᠨ᠎ᠤ ᠮᠡᠷᠭᠡᠵᠢᠯ᠎ᠤᠨ ᠨᠤᠲᠠᠯᠠᠯᠲᠠ ᠦᠨᠳᠦᠰᠦᠨ᠎ᠳᠡᠭᠡᠨ ᠪᠣᠯᠪᠠᠰᠤᠷᠠᠩᠭᠤᠢ ᠪᠣᠯᠤᠭᠰᠠᠨ᠂ ᠮᠤᠵᠢ ᠵᠢᠨ ᠬᠣᠭᠣᠷᠣᠨᠳᠤ ᠴᠢᠬᠤᠯᠠ ᠶᠡᠬᠡ ᠵᠥᠷᠢᠯᠳᠦᠭᠡᠨ ᠦᠭᠡᠢ᠂ ᠣᠷᠣᠨ ᠨᠤᠲᠤᠭ᠎ᠤᠨ᠎ᠬᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠬᠦᠰᠡᠯ ᠵᠶ᠋ᠡᠷ ᠨᠡᠯᠢᠶᠡᠳ ᠴᠢᠩᠭ᠎ᠠ ᠪᠠᠢ᠌ᠭ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠢ ᠬᠢᠨᠠᠨ ᠪᠠᠢ᠌ᠴᠠᠭ᠋ᠠᠵᠤ ᠬᠢᠨᠠᠨ ᠵᠥᠪᠰᠢᠶᠡᠷᠡᠬᠦ᠎ᠪᠠᠨ ᠲᠦᠷᠭᠡᠳᠬᠡᠵᠦ᠂ ᠢᠨᠵᠧᠨᠧᠷᠢᠩ᠎ᠢ ᠡᠷᠲᠡᠬᠡᠨ ᠡᠬᠢᠯᠡᠭᠦᠯᠦᠨ ᠪᠠᠶ᠋ᠢᠭᠤᠯᠬᠤ ᠵᠢ ᠲᠦᠯᠬᠢᠨ ᠠᠬᠢᠭᠤᠯᠤᠨ᠎ᠠ ᠭᠡᠵᠡᠢ᠃
ᠳᠥᠷᠪᠡᠨ ᠲᠠᠯ᠎ᠠ ᠵᠢᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠲᠣᠪᠤᠢ᠌ᠯᠭ᠋ᠠᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠮᠠᠨ᠎ᠤ ᠤᠯᠤᠰ ᠳᠡᠯᠡᠬᠡᠢ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠬᠡ᠂ ᠬᠠᠮᠤᠭ᠎ᠤᠨ ᠥᠷᠭᠡᠨ᠂ ᠠᠰᠢᠭ ᠬᠦᠷᠳᠡᠬᠦ ᠬᠥᠮᠥᠨ ᠠᠮᠠ ᠵᠢᠨ ᠲᠣᠭ᠎ᠠ ᠬᠠᠮᠤᠭ᠎ᠤᠨ ᠤᠯᠠᠨ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠢ ᠪᠦᠷᠢᠯᠳᠦᠭᠦᠯᠦᠭᠰᠡᠨ ᠪᠣᠯᠪᠠᠴᠤ ᠰᠠᠪᠠ ᠭᠠᠵᠠᠷ᠎ᠤᠨ ᠦᠶᠡᠷ᠎ᠢ ᠰᠡᠷᠭᠡᠢ᠌ᠯᠡᠬᠦ ᠢᠨᠵᠧᠨᠧᠷᠢᠩ᠎ᠤᠨ ᠰᠢᠰᠲ᠋ᠧᠮ ᠲᠡᠭᠦᠯᠳᠡᠷᠵᠢᠭᠡᠳᠦᠢ᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠮᠥᠨ ᠣᠷᠣᠰᠢᠭᠰᠠᠭ᠋ᠠᠷ ᠪᠠᠢ᠌ᠨ᠎ᠠ᠃ ᠤᠰᠤᠨ ᠠᠰᠢᠭᠯᠠᠯᠲᠠ ᠵᠢᠨ ᠶᠠᠮᠤᠨ᠎ᠤ ᠲᠥᠯᠦᠪᠵᠢᠭᠦᠯᠭᠡ ᠲᠥᠯᠥᠪᠯᠡᠭᠡ ᠵᠢᠨ ᠵᠤᠷᠭ᠋ᠠᠨ᠎ᠤ ᠳᠠᠷᠤᠭ᠎ᠠ ᠵᠠᠩ ᠰᠢᠶᠠᠩ ᠸᠧᠢ ᠵᠢᠨ ᠲᠠᠨᠢᠯᠴᠠᠭᠤᠯᠤᠭᠰᠠᠨ ᠵᠶ᠋ᠠᠷ᠂ ᠡᠨᠡ ᠵᠢᠯ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠨᠢ ᠰᠢᠨ᠎ᠡ ᠱᠠᠲᠤᠨ᠎ᠳᠠᠬᠢ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ ᠲᠦᠷᠪᠡᠨ ᠲᠠᠯ᠎ᠠ ᠵᠢᠨ ᠡᠭᠦᠷᠭᠡ ᠵᠢ ᠲᠤᠪᠤᠢ᠍ᠢ᠍ᠯᠭ᠋ᠠᠨᠠ ᠭᠡᠪᠡ᠃
ᠰᠠᠪᠠ ᠭᠠᠵᠠᠷ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ ᠰᠢᠰᠲ᠋ᠧᠮ᠎ᠢ ᠲᠡᠭᠦᠯᠳᠡᠷᠵᠢᠭᠦᠯᠬᠦ ᠲᠠᠯ᠎ᠠ᠎ᠪᠠᠷ᠂ ᠡᠨᠡ ᠵᠢᠯ ᠬᠥᠬᠡᠮᠥ᠋ᠷᠡᠨ᠎ᠤ ᠦ᠋ ᠬᠤ᠌ ᠭᠣᠣᠯ᠎ᠤᠨ ᠬᠡᠰᠡᠭ᠎ᠢ ᠴᠡᠭᠴᠡᠯᠡᠨ ᠵᠠᠰᠠᠬᠤ᠂ ᠬᠠᠳᠤᠨ ᠭᠣᠣᠯ᠎ᠤᠨ ᠳᠣᠣᠷᠠᠳᠤ ᠤᠷᠤᠰᠬᠠᠯ᠎ᠤᠨ ᠦᠶᠡᠷ᠎ᠢ ᠰᠡᠷᠭᠡᠢ᠌ᠯᠡᠨ ᠵᠠᠰᠠᠬᠤ᠂ ᠬᠤᠸᠠᠢ ᠾᠧ ᠭᠣᠣᠯ᠎ᠤᠨ ᠳᠠᠯᠠᠢ᠎ᠳᠤ ᠴᠢᠳᠬᠤᠬᠤ ᠤᠰᠤᠨ ᠵᠠᠮ᠎ᠤᠨ ᠬᠣᠶᠠᠳᠤᠭ᠋ᠠᠷ ᠬᠤᠭᠤᠴᠠᠭ᠎ᠠ᠂ᠲᠠᠢ ᠬᠤ᠌ ᠨᠠᠭᠤᠷ᠎ᠤᠨ ᠦ᠋ ᠰᠦᠩ ᠵᠢᠶᠠᠩ ᠮᠥᠷᠡᠨ᠎ᠢ ᠴᠡᠭᠴᠡᠯᠡᠨ ᠵᠠᠰᠠᠬᠤ ᠢᠨᠵᠧᠨᠧᠷᠢᠩ (ᠵᠢᠶᠠᠩᠰᠤ ᠵᠢᠨ ᠬᠡᠰᠡᠭ) ᠵᠡᠷᠭᠡ ᠰᠠᠪᠠ ᠭᠠᠵᠠᠷ᠎ᠤᠨ ᠦᠶᠡᠷ᠎ᠢ ᠰᠡᠷᠭᠡᠢ᠌ᠯᠡᠬᠦ ᠭᠣᠣᠯᠯᠠᠭᠴᠢ ᠢᠨᠵᠧᠨᠧᠷᠢᠩ᠎ᠢ ᠠᠵᠢᠯ ᠡᠬᠢᠯᠡᠭᠦᠯᠵᠦ᠂ ᠬᠠᠳᠤᠨ ᠭᠣᠣᠯ᠎ᠤᠨ ᠭᠦ᠋ ᠰᠢᠶᠠᠨ ᠵᠡᠷᠭᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠲᠦᠯᠬᠢᠨ ᠠᠬᠢᠭᠤᠯᠵᠤ᠂ ᠶᠡᠬᠡ ᠭᠣᠣᠯ ᠮᠥᠷᠡᠨ ᠶᠡᠬᠡ ᠨᠠᠭᠤᠷ ᠴᠦᠬᠦᠷᠦᠮ ᠵᠢᠨ ᠦᠶᠡᠷ᠎ᠢ ᠵᠠᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ᠂ ᠡᠨᠡ ᠵᠢᠯ ᠤᠯᠤᠰ᠎ᠤᠨ ᠤᠰᠤᠨ᠎ᠤ ᠲᠣᠣᠷ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠴᠢᠬᠤᠯᠠ ᠶᠡᠬᠡ ᠤᠰᠤ ᠲᠠᠲᠠᠬᠤ ᠪᠠ ᠤᠰᠤ ᠲᠠᠲᠠᠬᠤ ᠢᠨᠵᠧᠨᠧᠷᠢᠩ᠎ᠢ ᠲᠦᠯᠬᠢᠨ ᠠᠬᠢᠭᠤᠯᠬᠤ ᠵᠢᠨ ᠬᠠᠮᠲᠤ᠂ ᠭᠦᠢ᠍ᠵᠧᠦ ᠵᠢᠨ ᠬᠤᠸᠠ ᠲᠠᠨ ᠽᠢ᠂ ᠲᠥᠪᠡᠳ᠎ᠤᠨ ᠫᠠᠽᠢ ᠵᠡᠷᠭᠡ ᠭᠣᠣᠯᠳᠠᠯᠭ᠎ᠠ᠎ᠲᠠᠢ ᠤᠰᠤᠨ᠎ᠤ ᠰᠤᠷᠪᠤᠯᠵᠢ ᠵᠢᠨ ᠢᠨᠵᠧᠨᠧᠷᠢᠩ᠎ᠢ ᠪᠦᠲᠦᠭᠡᠨ ᠪᠠᠢ᠌ᠭᠤᠯᠤᠨ᠎ᠠ᠃ ᠪᠠᠷᠠᠭᠤᠨ ᠡᠮᠦᠨᠡᠲᠦ ᠣᠷᠣᠨ ᠵᠡᠷᠭᠡ ᠢᠨᠵᠧᠨᠧᠷᠢᠩ ᠤᠨ ᠴᠢᠨᠠᠷᠲᠠᠢ ᠤᠰᠤ ᠲᠤᠲᠠᠭᠳᠠᠵᠤ ᠪᠠᠢ᠌ᠭ᠎ᠠ ᠭᠠᠵᠠᠷ ᠣᠷᠣᠨ ᠵᠢᠴᠢ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠳᠤ ᠨᠢᠭᠡ ᠪᠦᠯᠦᠭ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ ᠠᠵᠢᠯ᠎ᠢ ᠡᠬᠢᠯᠡᠭᠦᠯᠦᠨ᠎ᠡ᠃ ᠬᠤᠳᠠ ᠬᠥᠳᠡᠭᠡ ᠵᠢᠨ ᠤᠰᠤ ᠬᠠᠩᠭ᠋ᠠᠬᠤ ᠵᠢ ᠨᠢᠭᠡ ᠴᠣᠭᠴᠠᠵᠢᠭᠤᠯᠬᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠵᠢ ᠬᠡᠪᠴᠢᠶᠡᠵᠢᠭᠦᠯᠦᠨ ᠬᠥᠭᠵᠢᠭᠦᠯᠬᠦ ᠵᠢᠴᠢ ᠵᠢᠵᠢᠭ ᠬᠡᠯᠪᠡᠷᠢ ᠵᠢᠨ ᠤᠰᠤ ᠬᠠᠩᠭ᠋ᠠᠬᠤ ᠢᠨᠵᠧᠨᠧᠷᠢᠩ᠎ᠢ ᠪᠠᠷᠢᠮᠵᠢᠶᠠᠵᠢᠭᠤᠯᠤᠨ ᠥᠭᠡᠷᠡᠴᠢᠯᠡᠬᠦ ᠵᠢ ᠲᠦᠯᠬᠢᠨ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠨ᠎ᠡ᠃ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠪᠠ ᠣᠳᠣᠬᠢᠴᠢᠯᠠᠭᠰᠠᠨ ᠥᠭᠡᠷᠡᠴᠢᠯᠡᠯᠲᠡ ᠵᠢ ᠦᠷᠭᠦᠯᠵᠢᠯᠡᠨ ᠲᠦᠯᠬᠢᠨ ᠠᠬᠢᠭᠤᠯᠤᠨ᠎ᠠ᠃
ᠵᠠᠩ ᠰᠢᠶᠠᠩ ᠸᠧᠢ ᠵᠢᠨ ᠵᠠᠳᠠᠷᠠᠭᠤᠯᠤᠭᠰᠠᠨ ᠵᠶ᠋ᠡᠷ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠬᠦ ᠲᠠᠯ᠎ᠠ᠎ᠪᠠᠷ᠂ ᠡᠵᠢ ᠭᠣᠣᠯ᠎ᠢ ᠰᠡᠷᠭᠦᠭᠡᠬᠦ ᠠᠵᠢᠯᠯᠠᠭ᠎ᠠ ᠵᠢ ᠥᠷᠨᠢᠭᠦᠯᠵᠦ᠂ ᠶᠦᠩ ᠳ᠋ᠢᠩ ᠾᠧ ᠭᠣᠣᠯ᠂ ᠴᠤᠤ ᠪᠠᠢ ᠾᠧ ᠭᠣᠣᠯ᠂ ᠪᠠᠷᠠᠭᠤᠨ ᠯᠢᠶᠣᠤ ᠾᠧ ᠭᠣᠣᠯ᠂ ᠮᠦ᠍ ᠯᠠᠨ ᠰᠢ ᠭᠣᠣᠯ ᠵᠡᠷᠭᠡ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠠᠮᠢ ᠠᠬᠤᠢ ᠵᠢ ᠰᠡᠷᠭᠦᠭᠡᠬᠦ ᠪᠠ ᠵᠠᠰᠠᠬᠤ ᠵᠢ ᠠᠬᠢᠭᠤᠯᠵᠤ᠂ ᠤᠮᠠᠷᠠᠲᠤ ᠣᠷᠣᠨ ᠵᠡᠷᠭᠡ ᠭᠠᠵᠠᠷ ᠣᠷᠣᠨ᠎ᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠵᠤ ᠵᠠᠰᠠᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠬᠡᠯᠡᠪᠡ᠃ ᠬᠥᠷᠥᠰᠥ ᠰᠢᠷᠣᠢ ᠵᠢᠨ ᠢᠳᠡᠭᠳᠡᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠬᠥᠬᠡᠮᠥ᠋ᠷᠡᠨ᠎ᠤ ᠳᠡᠭᠡᠳᠦ ᠳᠤᠮᠳᠠᠳᠤ ᠤᠷᠤᠰᠬᠠᠯ᠂ ᠬᠠᠲᠤᠨ ᠭᠣᠣᠯ᠎ᠤᠨ ᠳᠤᠮᠳᠠᠳᠤ ᠳᠡᠭᠡᠳᠦ ᠤᠷᠤᠰᠬᠠᠯ᠂ ᠵᠡᠭᠦᠨ ᠬᠣᠢ᠌ᠲᠤ ᠵᠢᠨ ᠬᠠᠷ᠎ᠠ ᠬᠥᠷᠥᠰᠥᠲᠦ ᠣᠷᠣᠨ ᠵᠡᠷᠭᠡ ᠭᠣᠣᠯᠳᠠᠯᠭ᠎ᠠ᠎ᠲᠠᠢ ᠭᠠᠵᠠᠷ ᠣᠷᠣᠨ᠎ᠢ ᠵᠠᠰᠠᠬᠤ ᠡᠷᠴᠢᠮ᠎ᠢ ᠴᠢᠩᠭ᠋ᠠᠷᠠᠭᠤᠯᠤᠨ᠎ᠠ ᠭᠡᠪᠡ᠃
ᠡᠭᠦᠨ᠎ᠠᠴᠠ ᠭᠠᠳᠠᠨ᠎ᠠ᠂ ᠣᠶᠤᠨᠲᠤ ᠤᠰᠤᠨ ᠠᠰᠢᠭᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ ᠲᠣᠭ᠋ᠠᠴᠢᠯᠠᠭᠰᠠᠨ ᠢᠬᠡᠷ᠎ᠡ ᠰᠠᠪᠠ ᠭᠠᠵᠠᠷ ᠪᠠ ᠲᠣᠭ᠋ᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠤᠰᠤᠨ᠎ᠤ ᠠᠮᠤᠷ ᠲᠦᠪᠰᠢᠨ᠎ᠤ ᠲᠦᠭᠰᠢᠭᠦᠷᠢ ᠵᠢ ᠰᠠᠨᠠᠭ᠋ᠠᠴᠢᠯᠠᠭ᠎ᠠ ᠠᠴᠠ᠎ᠪᠠᠨ ᠠᠷᠭ᠋ᠠᠴᠠᠵᠤ ᠪᠠᠢ᠌ᠭᠰᠠᠨ ᠠᠴᠠ᠎ᠪᠠᠨ ᠰᠠᠨᠠᠭ᠋ᠠᠴᠢᠯᠠᠭ᠎ᠠ ᠠᠴᠠ᠎ᠪᠠᠨ ᠰᠡᠷᠭᠡᠢ᠌ᠯᠡᠨ ᠡᠵᠡᠮᠳᠡᠬᠦ ᠳᠠᠰᠢ ᠬᠤᠪᠢᠷᠠᠭᠤᠯᠬᠤ ᠵᠢ ᠪᠡᠶᠡᠯᠡᠭᠦᠯᠬᠦ ᠬᠡᠷᠡᠭᠲᠡᠢ᠃
ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠨᠢ ᠪᠡᠯᠡ ᠮᠥᠩᠭᠥᠨ᠎ᠤ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ᠃《ᠡᠨᠡ ᠵᠢᠯ ᠪᠢᠳᠡ ᠡᠩ᠎ᠤᠨ ᠨᠡᠶ᠋ᠢᠲᠡ ᠵᠢᠨ ᠦᠢ᠍ᠯᠡᠰ᠎ᠤᠨ ᠲᠥᠰᠥᠪ ᠵᠶ᠋ᠡᠷ ᠳᠠᠮᠵᠢᠭᠤᠯᠤᠨ 1507 ᠳ᠋ᠦᠩᠰᠢᠭᠤᠷ ᠲᠥᠭᠥᠷᠢᠭ ᠲᠣᠬᠢᠷᠠᠭᠤᠯᠵᠠᠢ᠂ ᠡᠭᠦᠨ᠎ᠤ ᠳᠣᠲᠣᠷ᠎ᠠ ᠤᠰᠤᠨ ᠠᠰᠢᠭᠯᠠᠯᠲᠠ ᠵᠢᠨ ᠬᠥᠭᠵᠢᠭᠦᠯᠦᠯᠲᠡ ᠵᠢᠨ ᠪᠡᠯᠡ ᠮᠥᠩᠭᠥ 606 ᠳ᠋ᠦᠩᠰᠢᠭᠤᠷ ᠲᠥᠭᠥᠷᠢᠭ᠎ᠲᠤ ᠬᠦᠷᠴᠡᠢ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ᠎ᠪᠠᠷ ᠳᠠᠮᠵᠢᠭᠤᠯᠤᠨ 572 ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠵᠢ ᠥᠷᠭᠡᠳᠬᠡᠬᠦ᠎ᠳᠤ ᠠᠰᠢᠭᠲᠠᠢ ᠨᠥᠬᠥᠴᠡᠯ ᠢ ᠪᠤᠶ ᠪᠣᠯᠭ᠋ᠠᠵᠤ ᠥᠭᠴᠡᠢ᠃ ᠡᠭᠦᠨ᠎ᠤ ᠵᠡᠷᠭᠡ᠎ᠳᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠴᠦ᠍ ᠤᠰᠤᠨ ᠠᠰᠢᠭᠯᠠᠯᠲᠠ ᠵᠢᠨ ᠵᠦᠢ᠍ᠯᠡᠰ ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠠᠢ》 ᠭᠡᠵᠦ ᠡᠳ᠋᠎ᠤᠨ ᠵᠠᠰᠠᠭ᠎ᠤᠨ ᠶᠠᠮᠤᠨ᠎ᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠵᠤᠷᠭ᠋ᠠᠨ᠎ᠤ ᠬᠠᠷᠢᠭᠤᠴᠠᠯᠭ᠋ᠠᠲᠠᠨ ᠵᠢᠶᠠᠩ ᠳ᠋ᠠ ᠢᠦᠢ ᠬᠡᠯᠡᠪᠡ᠃
ᠪᠡᠯᠡ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ
ᠸᠧᠢ ᠱᠠᠨ ᠵᠥᠩ ᠢᠯᠡᠷᠬᠡᠢ᠌ᠯᠡᠬᠦ᠎ᠳᠡᠭᠡᠨ᠂ ᠡᠨᠡ ᠵᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠠᠯ᠎ᠠ᠎ᠪᠠᠷ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠬᠤ ᠬᠡᠷᠡᠭᠲᠡᠢ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠤᠮᠠᠷᠠᠰᠢ ᠲᠠᠲᠠᠬᠤ ᠤᠰᠤᠨ᠎ᠤ ᠬᠡᠮᠵᠢᠶ᠎ᠡ ᠪᠠ ᠤᠰᠤ ᠬᠠᠩᠭ᠋ᠠᠬᠤ ᠪᠠᠲᠤᠯᠠᠭ᠎ᠠ ᠵᠢᠨ ᠨᠤᠷᠮ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠳᠤᠮᠳᠠ ᠱᠤᠭᠤᠮ᠎ᠤᠨ ᠬᠥᠬᠡᠮᠥ᠋ᠷᠡᠨ᠎ᠢ ᠲᠠᠲᠠᠵᠤ ᠬᠠᠨᠺᠸᠦ ᠵᠢ ᠨᠥᠬᠥᠪᠦᠷᠢᠯᠡᠬᠦ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠭᠣᠣᠯᠳᠠᠯᠭ᠎ᠠ᠎ᠲᠠᠢ᠎ᠪᠠᠷ ᠲᠦᠯᠬᠢᠨ ᠠᠬᠢᠭᠤᠯᠵᠤ᠂ ᠡᠨᠡ ᠵᠢᠯ᠎ᠤᠨ ᠳᠣᠲᠣᠷ᠎ᠠ ᠪᠠᠷᠢᠯᠭ᠎ᠠ ᠡᠬᠢᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠱᠤᠭᠤᠮ᠎ᠤᠨ ᠵᠠᠯᠭ᠋ᠠᠮᠵᠢ ᠢᠨᠵᠧᠨᠧᠷᠢᠩ᠎ᠤᠨ ᠡᠮᠦᠨᠡᠬᠢ ᠬᠤᠭᠤᠴᠠᠭ᠋ᠠᠨ᠎ᠤ ᠨᠤᠲᠠᠯᠠᠯᠲᠠ ᠵᠢ ᠭᠦᠨᠵᠡᠭᠡᠢ᠌ᠷᠡᠭᠦᠯᠵᠦ᠂ ᠢᠨᠵᠧᠨᠧᠷᠢᠩ᠎ᠤᠨ ᠴᠠᠭᠲᠤᠨᠢ ᠲᠣᠬᠢᠷᠠᠭᠰᠠᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠢᠨᠵᠧᠨᠧᠷᠢᠩ᠎ᠤᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠬᠦ᠂ ᠤᠯᠠᠨ ᠲᠦᠮᠡᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠬᠤ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠣᠷᠴᠢᠨ ᠨᠥᠬᠥᠴᠡᠯ᠎ᠢ ᠰᠡᠷᠭᠦᠭᠡᠬᠦ᠂ ᠡᠮᠦᠨᠡᠲᠦ ᠤᠮᠠᠷᠠᠲᠤ ᠵᠢᠨ ᠠᠵᠤ ᠠᠬᠤᠢ ᠵᠢᠨ ᠣᠷᠴᠢᠯ᠎ᠢ ᠰᠠᠭ᠋ᠠᠳ ᠦᠭᠡᠢ ᠨᠡᠪᠲᠡᠷᠡᠭᠦᠯᠬᠦ ᠠᠮᠢᠨ ᠰᠤᠳᠠᠰᠤ ᠪᠣᠯᠬᠤ ᠵᠢ ᠦᠨᠡᠨ ᠬᠦ᠌ ᠪᠠᠲᠤᠯᠠᠨ᠎ᠠ ᠭᠡᠪᠡ᠃
ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ ᠤᠨ ᠪᠦᠲᠦᠭᠡᠨ ᠪᠠᠢ᠌ᠭᠤᠯᠤᠯᠲᠠ ᠵᠢᠨ ᠨᠦᠬᠥᠭᠡ ᠨᠢᠭᠡ ᠡᠭᠦᠷᠭᠡ ᠪᠣᠯ ᠤᠰᠤ ᠲᠠᠲᠠᠵᠤ ᠤᠰᠤ ᠲᠠᠲᠠᠬᠤ ᠪᠤᠰᠤᠳ ᠴᠢᠬᠤᠯᠠ ᠶᠡᠬᠡ ᠪᠠᠷᠢᠯᠭ᠎ᠠ ᠵᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ 《ᠨᠥᠬᠥᠴᠡᠯ᠎ᠨᠢ ᠦᠨᠳᠦᠰᠦᠨ᠎ᠳᠡᠭᠡᠨ ᠪᠣᠯᠪᠠᠰᠤᠷᠠᠩᠭᠤᠢ ᠪᠣᠯᠤᠭᠰᠠᠨ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ ᠢ ᠡᠨᠡ ᠵᠢᠯ ᠲᠦᠷᠭᠡᠪᠴᠢᠯᠡᠨ ᠡᠬᠢᠯᠡᠵᠦ ᠪᠦᠲᠦᠭᠡᠨ ᠪᠠᠶ᠋ᠢᠭᠤᠯᠬᠤ ᠬᠡᠷᠡᠭᠲᠡᠢ᠂ ᠵᠢᠱ᠌ᠢᠶᠡᠯᠡᠪᠡᠯ ᠤᠮᠠᠷᠠᠲᠤ ᠬᠡᠰᠡᠭ᠎ᠤᠨ ᠪᠤᠯᠤᠩ᠎ᠤᠨ ᠭᠤᠸᠠᠩᠳᠦ᠋ᠩ᠎ᠤᠨ ᠤᠰᠤᠨ᠎ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠢ ᠱᠠᠯᠠᠪᠳᠠᠨ ᠪᠦᠲᠦᠭᠡᠨ ᠪᠠᠢ᠌ᠭᠤᠯᠵᠤ᠂ ᠭᠤᠸᠠᠩᠳᠦ᠋ᠩ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ ᠲᠤᠲᠠᠭᠳᠠᠵᠤ ᠪᠠᠢ᠌ᠭ᠎ᠠ ᠠᠰᠠᠭᠤᠳᠠᠯ ᠢ ᠡᠷᠲᠡᠬᠡᠨ ᠰᠢᠢ᠍ᠳᠪᠦᠷᠢᠯᠡᠬᠦ ᠬᠡᠷᠡᠭᠲᠡᠢ》 ᠭᠡᠵᠦ ᠸᠧᠢ ᠱᠠᠨ ᠵᠦᠩ ᠴᠢᠬᠤᠯᠠᠴᠢᠯᠠᠪᠠ᠃
《ᠪᠢᠳᠡ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠡᠯᠡ ᠣᠷᠣᠭᠤᠯᠤᠯᠲᠠ ᠵᠢᠨ ᠡᠷᠴᠢᠮ ᠢ ᠴᠢᠩᠭ᠋ᠠᠷᠠᠭᠤᠯᠵᠤ᠂ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠪᠥᠭᠡᠳ ᠡᠮᠬᠢ ᠵᠢᠷᠤᠮ ᠲᠠᠢ᠎ᠪᠠᠷ ᠲᠦᠯᠬᠢᠨ ᠠᠬᠢᠭᠤᠯᠵᠤ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢ ᠲᠣᠭᠲᠠᠪᠤᠷᠢᠵᠢᠭᠤᠯᠬᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠎ᠳᠤ ᠦᠵᠡᠭᠦᠯᠬᠦ ᠴᠢᠬᠤᠯᠠ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠬᠥᠳᠡᠭᠡ ᠲᠣᠰᠬᠣᠨ᠎ᠤ ᠠᠵᠤ ᠠᠬᠤᠢ ᠵᠢᠨ ᠵᠤᠷᠭ᠋ᠠᠨ᠎ᠤ ᠳᠠᠷᠤᠭ᠎ᠠ ᠦ᠋ ᠰᠢᠶᠣᠣ ᠲᠠᠨᠢᠯᠴᠠᠭᠤᠯᠬᠤ᠎ᠳᠠᠭᠠᠨ᠂ ᠭᠣᠣᠯᠳᠠᠭᠤ ᠭᠤᠷᠪᠠᠨ ᠲᠠᠯ᠎ᠠ ᠵᠢᠨ ᠠᠷᠭ᠎ᠠ ᠬᠡᠮᠵᠢᠶ᠎ᠡ ᠪᠣᠶ᠄ ᠨᠢᠭᠡ᠎ᠳᠤ᠂ 《ᠦᠨᠡᠨᠬᠦ ᠬᠡᠷᠡᠭᠴᠡᠭᠡ᠎ᠲᠠᠢ᠂ ᠠᠮᠢ ᠠᠬᠤᠢ ᠠᠮᠤᠷ ᠲᠦᠪᠰᠢᠨ᠂ ᠦᠷᠭᠦᠯᠵᠢᠯᠡᠵᠦ ᠪᠣᠯᠬᠤ》 ᠨᠤᠲᠠᠯᠠᠯᠲᠠ ᠵᠢᠨ ᠵᠠᠷᠴᠢᠮ ᠶᠣᠰᠣᠭ᠋ᠠᠷ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠲᠦᠷᠭᠡᠳᠬᠡᠨ ᠠᠬᠢᠭᠤᠯᠵᠤ᠂ ᠲᠥᠷᠥᠯ ᠵᠦᠢ᠍ᠯ᠎ᠤᠨ ᠠᠯᠢ ᠲᠦᠷᠭᠡᠨ ᠵᠶ᠋ᠡᠷ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ᠃ ᠬᠣᠶᠠᠷ᠎ᠲᠤ ᠪᠡᠯᠡ ᠣᠷᠣᠭᠤᠯᠤᠯᠲᠠ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠥᠪ᠎ᠤᠨ ᠲᠥᠰᠥᠪ᠎ᠤᠨ ᠳᠣᠲᠣᠷᠠᠬᠢ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠵᠢᠨ ᠵᠦᠢ ᠵᠣᠬᠢᠰᠲᠠᠢ ᠵᠠᠷᠤᠯᠭ᠎ᠠ ᠵᠢᠨ ᠬᠦᠴᠦᠯᠡᠴᠡ ᠵᠢ ᠪᠠᠲᠤᠯᠠᠭᠰᠠᠨ ᠰᠠᠭᠤᠷᠢᠨ ᠳᠡᠭᠡᠷ᠎ᠡ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠎ᠳᠤ ᠤᠯᠠᠮ ᠨᠢᠭᠡ ᠠᠯᠬᠤᠮ ᠬᠡᠯᠪᠡᠢ᠌ᠯᠭᠡᠵᠦ᠂ ᠰᠠᠪᠠ ᠭᠠᠵᠠᠷ ᠠᠯᠤᠰᠯᠠᠭᠰᠠᠨ ᠵᠠᠰᠠᠭ ᠵᠠᠬᠢᠷᠭ᠋ᠠᠨ᠎ᠤ ᠣᠷᠣᠨ ᠪᠦᠰᠡ ᠠᠯᠤᠰᠯᠠᠭᠰᠠᠨ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ ᠵᠢ ᠲᠤᠯᠭ᠋ᠠᠭᠤᠷᠢᠯᠠᠭᠰᠠᠨ᠂ ᠦᠶᠡᠷ᠎ᠢ ᠰᠡᠷᠭᠡᠢ᠌ᠯᠡᠨ ᠭᠠᠮᠰᠢᠭ᠎ᠢ ᠪᠠᠭ᠋ᠠᠰᠬᠠᠬᠤ ᠪᠠ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠡᠷᠭᠡ ᠲᠠᠯ᠎ᠠ ᠵᠢᠨ ᠴᠢᠬᠤᠯᠠ ᠶᠡᠬᠡ ᠵᠦᠢ᠍ᠯᠡᠰ᠎ᠢ ᠭᠣᠣᠯᠳᠠᠯᠭ᠎ᠠ᠎ᠲᠠᠢ᠎ᠪᠠᠷ ᠪᠠᠲᠤᠯᠠᠨ᠎ᠠ᠃ ᠭᠤᠷᠪᠠ᠎ᠳᠤ ᠤᠰᠤᠨ ᠠᠰᠢᠭᠯᠠᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ᠃
ᠤᠰᠤᠯᠠᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠵᠢ ᠲᠦᠯᠬᠢᠨ ᠠᠬᠢᠭᠤᠯᠵᠤ ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠨᠡᠮᠡᠭᠳᠡᠭᠦᠯᠦᠨ᠎ᠡ
ᠣᠳᠣᠬᠠᠨ᠎ᠳᠤ᠂ ᠶᠠᠭ ᠰᠠᠢ᠌ᠬᠠᠨ ᠬᠠᠪᠤᠷ᠎ᠤᠨ ᠲᠠᠷᠢᠶᠠᠯᠠᠭ᠎ᠠ ᠬᠠᠪᠤᠷ᠎ᠤᠨ ᠬᠠᠮᠢᠶᠠᠷᠤᠯᠲᠠ ᠵᠢᠨ ᠵᠠᠩᠭᠢᠯᠠᠭ᠎ᠠ ᠵᠢᠨ ᠴᠠᠭ ᠦᠶ᠎ᠡ ᠪᠠᠢ᠌ᠵᠤ᠂ ᠮᠠᠨ᠎ᠤ ᠤᠯᠤᠰ᠎ᠤᠨ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ ᠴᠤ᠌ ᠬᠠᠪᠤᠷ᠎ᠤᠨ ᠤᠰᠤᠯᠠᠯᠲᠠ ᠵᠢᠨ ᠣᠷᠭᠢᠯ᠎ᠤᠨ ᠬᠤᠭᠤᠴᠠᠭ᠋ᠠᠨ᠎ᠳᠤ ᠣᠷᠣᠭᠰᠠᠨ ᠪᠠᠢ᠌ᠨ᠎ᠠ᠃ ᠣᠳᠣᠬᠠᠨ᠎ᠳᠤ᠂ ᠪᠥᠬᠥ ᠤᠯᠤᠰ᠎ᠤᠨ ᠲᠠᠷᠢᠶᠠᠨ ᠭᠠᠵᠠᠷ᠎ᠤᠨ ᠪᠦᠲᠦᠮᠵᠢᠲᠡᠶ ᠤᠰᠤᠯᠠᠯᠲᠠ ᠵᠢᠨ ᠲᠠᠯᠠᠪᠠᠶ 10.37 ᠳ᠋ᠦᠩᠰᠢᠭᠤᠷ ᠮᠦ᠍ ᠪᠠᠢ᠌ᠵᠤ᠂ ᠲᠠᠷᠢᠶᠠᠨ ᠭᠠᠵᠠᠷ᠎ᠤᠨ ᠲᠠᠯᠠᠪᠠᠶ ᠵᠢᠨ 54% ᠵᠢ ᠡᠵᠡᠯᠡᠵᠦ᠂ ᠪᠥᠬᠥ ᠤᠯᠤᠰ᠎ᠤᠨ 75% ᠵᠢᠨ ᠠᠮᠤ ᠪᠤᠳᠠᠭ᠎ᠠ ᠪᠠ 90% ᠵᠢᠨ ᠠᠵᠤ ᠠᠬᠤᠢ ᠵᠢᠨ ᠲᠠᠷᠢᠮᠠᠯ᠎ᠢ ᠦᠢ᠍ᠯᠡᠳᠪᠦᠷᠢᠯᠡᠵᠦ ᠪᠠᠢ᠌ᠨ᠎ᠠ᠃ ᠡᠭᠦᠨ᠎ᠠᠴᠠ ᠦᠵᠡᠬᠦ᠎ᠳᠤ᠂ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠬᠤ᠎ᠳᠤ ᠤᠰᠤᠯᠠᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠨᠡᠩ ᠴᠢᠬᠤᠯᠠ ᠪᠠᠢ᠌ᠳᠠᠭ᠃
ᠸᠧᠢ ᠱᠠᠨ ᠵᠥᠩ ᠵᠢᠭ᠋ᠠᠵᠤ ᠭᠠᠷᠭ᠋ᠠᠭᠰᠠᠨ᠎ᠨᠢ᠂ ᠣᠲᠣ ᠪᠥᠬᠥ ᠤᠯᠤᠰ᠎ᠤᠨ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ 7000 ᠭᠠᠷᠤᠢ ᠪᠠᠢ᠌ᠵᠤ᠂ ᠪᠦᠲᠦᠮᠵᠢᠲᠡᠶ ᠤᠰᠤᠯᠠᠯᠲᠠ ᠵᠢᠨ ᠲᠠᠯᠠᠪᠠᠶ᠎ᠨᠢ 5.2 ᠳ᠋ᠦᠩᠰᠢᠭᠤᠷ ᠮᠦ᠍ ᠪᠠᠢ᠌ᠵᠤ᠂ ᠮᠠᠨ᠎ᠤ ᠤᠯᠤᠰ᠎ᠤᠨ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠣᠣᠯ ᠭᠠᠷᠤᠯᠲᠠ ᠵᠢᠨ ᠣᠷᠣᠨ ᠮᠥᠨ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠴᠢᠬᠤᠯᠠ ᠪᠠᠲᠤᠯᠠᠭ᠎ᠠ ᠮᠥᠨ᠃ ᠡᠨᠡ ᠵᠢᠯ ᠤᠳᠤ ᠪᠠᠢ᠌ᠭ᠎ᠠ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠦᠷᠭᠦᠯᠵᠢᠯᠡᠨ ᠪᠠᠢ᠌ᠭᠤᠯᠵᠤ ᠢᠵᠢ ᠪᠦᠷᠢᠳᠦᠭᠦᠯᠬᠦ ᠪᠠ ᠥᠭᠡᠷᠡᠴᠢᠯᠡᠨ ᠰᠠᠢ᠌ᠵᠢᠷᠠᠭᠤᠯᠬᠤ ᠠᠵᠢᠯ᠎ᠢ ᠴᠢᠩᠭ᠋ᠠᠳᠬᠠᠵᠤ᠂ ᠪᠠᠷᠤᠭ 90 ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ᠂ 480 ᠭᠠᠷᠤᠢ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠥᠭᠡᠷᠡᠴᠢᠯᠡᠯᠲᠡ ᠵᠢ ᠬᠡᠷᠡᠭᠵᠢᠭᠦᠯᠬᠦ᠎ᠪᠠᠷ ᠲᠥᠯᠥᠪᠯᠡᠵᠦ᠂ ᠤᠰᠤᠯᠠᠯᠲᠠ ᠵᠢᠨ ᠤᠰᠤᠨ᠎ᠤ ᠰᠤᠷᠪᠤᠯᠵᠢ ᠵᠢᠨ ᠢᠨᠵᠧᠨᠧᠷᠢᠩ᠂ ᠰᠤᠪᠠᠭ᠎ᠤᠨ ᠰᠢᠰᠲ᠋ᠧᠮ᠎ᠤᠨ ᠢᠨᠵᠧᠨᠧᠷᠢᠩ ᠪᠠ ᠬᠡᠮᠵᠢᠯᠲᠡ ᠵᠢᠨ ᠬᠢᠨᠠᠨ ᠬᠡᠮᠵᠢᠬᠦ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠪᠠᠷᠢᠮᠵᠢᠶᠠᠵᠢᠭᠤᠯᠤᠭᠰᠠᠨ ᠪᠠ ᠵᠢᠷᠤᠮᠵᠢᠭᠤᠯᠤᠭᠰᠠᠨ ᠬᠠᠮᠢᠶᠠᠷᠤᠯᠲᠠ ᠵᠢ ᠲᠦᠯᠬᠢᠨ ᠠᠬᠢᠭᠤᠯᠵᠤ᠂ ᠤᠰᠤᠯᠠᠯᠲᠠ ᠵᠢᠨ ᠲᠠᠯᠠᠪᠠᠢ ᠵᠢ 2500 ᠭᠠᠷᠤᠢ ᠲᠦᠮᠡᠨ ᠮᠦ᠍ ᠰᠢᠨ᠎ᠡ᠎ᠪᠠᠷ ᠨᠡᠮᠡᠭᠳᠡᠭᠦᠯᠵᠦ ᠰᠡᠷᠭᠦᠭᠡᠨ ᠰᠠᠢ᠌ᠵᠢᠷᠠᠭᠤᠯᠤᠨ᠎ᠠ᠃ ᠡᠭᠦᠨ᠎ᠤ ᠵᠡᠷᠭᠡᠴᠡᠭᠡᠪᠡᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠲᠠᠢ ᠰᠠᠢ᠌ᠲᠤᠷ ᠵᠣᠯᠭ᠋ᠠᠭᠤᠯᠵᠤ᠂ ᠡᠳᠡᠭᠡᠷ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠤᠷᠢᠳᠠᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠢ᠌ᠭᠤᠯᠤᠨ᠎ᠠ᠃
ᠡᠨᠡ ᠵᠢᠯ ᠤᠨ ᠤᠰᠤᠯᠠᠯᠲᠠ ᠵᠢᠨ ᠣᠷᠣᠨ ᠤ ᠪᠦᠲᠦᠭᠡᠨ ᠪᠠᠢ᠌ᠭᠤᠯᠤᠯᠲᠠ ᠪᠣᠯᠣᠨ ᠥᠭᠡᠷᠡᠴᠢᠯᠡᠯᠲᠡ ᠵᠢᠨ ᠪᠠᠰᠠ ᠨᠢᠭᠡ ᠠᠷᠭ᠎ᠠ ᠬᠡᠮᠵᠢᠶ᠎ᠡ ᠪᠣᠯ ᠬᠥᠷᠥᠰᠥ ᠰᠢᠷᠣᠢ ᠵᠢᠨ ᠡᠬᠢ ᠪᠠᠶᠠᠯᠢᠭ᠎ᠤᠨ ᠨᠥᠬᠥᠴᠡᠯ ᠲᠣᠬᠢᠷᠠᠮᠵᠢᠲᠠᠢ᠂ ᠰᠢᠨ᠎ᠡ᠎ᠪᠠᠷ ᠨᠡᠮᠡᠭᠳᠡᠭᠰᠡᠨ ᠤᠰᠤᠯᠠᠯᠲᠠ ᠵᠢᠨ ᠲᠠᠷᠢᠶᠠᠨ ᠭᠠᠵᠠᠷ ᠨᠥᠭᠡᠴᠡᠯᠡᠬᠦ ᠲᠠᠯᠳᠠ ᠬᠦᠴᠦᠨ ᠶᠡᠬᠡ ᠪᠠᠢ᠌ᠭ᠎ᠠ ᠭᠠᠵᠠᠷ ᠣᠷᠣᠨ ᠳᠤ ᠨᠢᠭᠡ ᠪᠦᠯᠦᠭ ᠤᠰᠤᠯᠠᠯᠲᠠ ᠵᠢᠨ ᠣᠷᠣᠨ᠎ᠢ ᠰᠢᠨ᠎ᠡ᠎ᠪᠠᠷ ᠪᠠᠶ᠋ᠢᠭᠤᠯᠬᠤ ᠶᠠᠪᠤᠳᠠᠯ ᠪᠣᠯᠣᠨ᠎ᠠ᠃ ᠵᠠᠷᠢᠮ ᠭᠠᠵᠠᠷ᠎ᠤᠨ ᠬᠥᠷᠥᠰᠥ ᠰᠢᠷᠣᠢ ᠵᠢᠨ ᠡᠬᠢ ᠪᠠᠶᠠᠯᠢᠭ᠎ᠨᠢ ᠨᠡᠯᠢᠶᠡᠳ ᠲᠣᠬᠢᠷᠠᠮᠵᠢᠲᠠᠢ ᠪᠥᠭᠡᠳ ᠪᠠᠰᠠ ᠬᠥᠭᠵᠢᠯᠲᠡ ᠵᠢᠨ ᠳᠠᠯᠳᠠ ᠬᠦᠴᠦᠨ᠎ᠲᠠᠢ ᠪᠠᠢ᠌ᠳᠠᠭ᠂ ᠵᠢᠱ᠌ᠢᠶᠡᠯᠡᠪᠡᠯ ᠭᠤᠸᠠᠩᠰᠢ ᠵᠢᠨ ᠳ᠋ᠠ ᠲᠧᠩ ᠰᠢᠶᠠ᠂ ᠬᠠᠢ᠌ᠨᠠᠨ᠎ᠤ ᠨᠢᠦ ᠯᠦ᠍ ᠯᠢᠩ᠂ ᠵᠢᠶᠠᠩᠰᠢ ᠵᠢᠨ ᠳ᠋ᠠ ᠤᠣ ᠵᠡᠷᠭᠡ ᠨᠢᠭᠡ ᠪᠦᠯᠦᠭ ᠤᠰᠤᠯᠠᠯᠲᠠ ᠵᠢᠨ ᠣᠷᠣᠨ ᠪᠣᠯᠣᠨ᠎ᠠ᠃ ᠡᠲᠡᠭᠡᠷ ᠲᠥᠷᠥᠯ ᠵᠦᠢ᠍ᠯ᠎ᠢ ᠬᠡᠷᠡᠭᠵᠢᠭᠦᠯᠦᠭᠰᠡᠨ᠎ᠤ ᠳᠠᠷᠠᠭ᠎ᠠ᠂ ᠪᠦᠲᠦᠮᠵᠢᠲᠡᠶ ᠤᠰᠤᠯᠠᠯᠲᠠ ᠵᠢᠨ ᠲᠠᠯᠠᠪᠠᠶ ᠵᠢ 2500 ᠲᠦᠮᠡᠨ ᠮᠦ᠍ ᠣᠷᠴᠢᠮ ᠨᠡᠮᠡᠭᠳᠡᠭᠦᠯᠬᠦ ᠪᠠ ᠰᠠᠢ᠌ᠵᠢᠷᠠᠭᠤᠯᠵᠤ ᠪᠣᠯᠣᠨ᠎ᠠ᠃