ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠭᠣᠣᠯᠯᠠᠭᠴᠢ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠪᠠᠢ᠌ᠳᠠᠯ ᠰᠠᠢ᠌ᠵᠢᠷᠠᠵᠤ ᠵᠦᠵᠢᠶᠠᠩ ᠮᠥᠷᠡᠨ᠎ᠤ ᠰᠠᠪᠠ ᠭᠠᠵᠠᠷ᠎ᠤᠨ ᠭᠠᠩ ᠬᠠᠭᠰᠠᠷᠠᠭ᠋ᠠᠨ᠎ᠤ ᠪᠠᠢ᠌ᠳᠠᠯ ᠎ᠢ ᠦᠨᠳᠦᠰᠦᠨ᠎ᠳᠡᠭᠡᠨ ᠠᠷᠢᠯᠪᠠ
ᠨᠡᠶ᠋ᠢᠲᠡᠯᠡᠭᠰᠡᠨ ᠴᠠᠭ᠄ 2022-04-20

    《ᠠᠷᠠᠳ᠎ᠤᠨ ᠡᠳᠦᠷ᠎ᠤᠨ ᠰᠣᠨᠢᠨ》 (2022 ᠣᠨ᠎ᠤ 03 ᠰᠠᠷ᠎ᠠ ᠵᠢᠨ 29᠎ᠤ ᠡᠳᠦᠷ)
      ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 3 ᠰᠠᠷ᠎ᠠ ᠵᠢᠨ 28᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠯᠢ ᠰᠢᠶᠣᠣ ᠴᠢᠩ) ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ᠎ᠨᠢ᠄ ᠵᠦᠵᠢᠶᠠᠩ ᠮᠥᠷᠡᠨ᠎ᠤ ᠰᠠᠪᠠ ᠭᠠᠵᠠᠷ᠎ᠤᠨ ᠭᠠᠩ ᠬᠠᠭᠰᠠᠷᠠᠭ᠋ᠠᠨ᠎ᠤ ᠪᠠᠢ᠌ᠳᠠᠯ᠎ᠢ ᠦᠨᠳᠦᠰᠦᠨ᠎ᠳᠡᠭᠡᠨ ᠠᠷᠢᠯᠭ᠋ᠠᠵᠤ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠬᠠᠩᠭ᠋ᠠᠬᠤ ᠵᠢ ᠪᠠᠲᠤᠯᠠᠬᠤ ᠠᠵᠢᠯ ᠪᠥᠬᠥ ᠲᠠᠯ᠎ᠠ ᠵᠢᠨ ᠢᠯᠠᠯᠲᠠ ᠣᠯᠪᠠ᠃ ᠡᠨᠡ ᠵᠢᠯ᠎ᠤᠨ 3 ᠰᠠᠷ᠎ᠠ ᠎ᠠᠴᠠ ᠨᠠᠰᠢ᠂ ᠭᠠᠩᠳᠠᠭᠰᠠᠨ ᠣᠷᠣᠨ᠎ᠳᠤ ᠣᠯᠠᠨ ᠤᠳᠠᠭ᠎ᠠ ᠪᠣᠷᠣᠭ᠋ᠠᠨ ᠣᠷᠣᠵᠤ᠂ ᠭᠣᠣᠯ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠪᠠᠢ᠌ᠳᠠᠯ ᠰᠠᠢ᠌ᠵᠢᠷᠠᠬᠤ ᠬᠠᠨᠳᠤᠰᠢ᠎ᠲᠠᠢ ᠪᠠᠢ᠌ᠨ᠎ᠠ᠃ ᠤᠰᠤᠨ ᠠᠰᠢᠭᠯᠠᠯᠲᠠ ᠵᠢᠨ ᠶᠠᠮᠤᠨ ᠪᠣᠯᠣᠨ ᠬᠣᠯᠪᠣᠭᠳᠠᠯ ᠪᠦᠬᠦᠢ ᠣᠷᠣᠨ ᠨᠤᠲᠤᠭ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠤᠰᠤ ᠵᠢ ᠠᠷᠪᠢᠯᠠᠨ ᠬᠡᠷᠡᠭᠯᠡᠬᠦ᠂ ᠤᠰᠤᠨ᠎ᠤ ᠰᠢᠰᠲ᠋ᠧᠮ᠎ᠢ ᠬᠣᠯᠪᠣᠨ ᠨᠡᠪᠲᠡᠷᠡᠭᠦᠯᠬᠦ᠂ ᠠᠯᠤᠰ᠎ᠠᠴᠠ ᠤᠰᠤ ᠲᠣᠬᠢᠷᠠᠭᠤᠯᠬᠤ᠂ ᠱᠣᠷᠪᠣᠭ᠎ᠢ ᠳᠠᠷᠤᠵᠤ ᠰᠢᠩᠭᠡᠨ᠎ᠢ ᠨᠥᠬᠥᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ ᠵᠢᠴᠢ ᠭᠤᠸᠠᠩᠳᠦ᠋ᠩ᠎ᠤᠨ ᠵᠡᠭᠦᠨ ᠬᠡᠰᠡᠭ ᠹᠦᠵᠢᠶᠠᠨ᠎ᠤ ᠡᠮᠦᠨᠡᠲᠦ ᠬᠡᠰᠡᠭ ᠵᠡᠷᠭᠡ ᠭᠠᠵᠠᠷ᠎ᠤᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃
     2021 ᠣᠨ᠎ᠠᠴᠠ ᠨᠠᠰᠢ᠂ ᠵᠦᠵᠢᠶᠠᠩ ᠮᠥᠷᠡᠨ᠎ᠤ ᠰᠠᠪᠠ ᠭᠠᠵᠠᠷ᠎ᠲᠤ ᠪᠣᠷᠣᠭ᠋ᠠᠨ ᠦᠷᠭᠦᠯᠵᠢᠯᠡᠨ ᠪᠠᠭ᠋ᠠᠰᠴᠤ᠂ ᠭᠣᠣᠯ ᠮᠥᠷᠡᠨ᠎ᠤ ᠢᠷᠡᠬᠦ ᠤᠰᠤ ᠦᠷᠭᠦᠯᠵᠢᠯᠡᠨ ᠬᠠᠳᠠᠵᠤ᠂ ᠬᠡᠰᠡᠭ ᠭᠣᠣᠯ ᠤᠰᠤᠨ ᠴᠥᠭᠥᠷᠥᠮ᠎ᠤᠨ ᠤᠰᠤ ᠬᠠᠳᠠᠭ᠋ᠠᠯᠠᠬᠤ ᠬᠡᠮᠵᠢᠶ᠎ᠡ ᠬᠦᠨᠳᠦ ᠨᠣᠴᠢᠲᠠᠢ ᠲᠤᠲᠠᠭᠳᠠᠵᠤ᠂ ᠭᠤᠸᠠᠩᠳᠦ᠋ᠩ᠂ ᠹᠦᠵᠢᠶᠠᠨ᠂ ᠭᠤᠸᠠᠩᠰᠢ ᠵᠡᠷᠭᠡ ᠮᠤᠵᠢ ᠣᠷᠣᠨ᠎ᠳᠤ ᠠᠳᠠᠯᠢ ᠪᠤᠰᠤ ᠬᠡᠮᠵᠢᠶ᠎ᠡ᠎ᠪᠠᠷ ᠭᠠᠩᠳᠠᠭᠰᠠᠨ ᠪᠠᠢ᠌ᠳᠠᠯ ᠭᠠᠷᠴᠠᠢ᠂ ᠡᠭᠦᠨ᠎ᠤ ᠳᠣᠲᠣᠷ᠎ᠠ ᠭᠤᠸᠠᠩᠳᠦ᠋ᠩ᠎ᠤᠨ ᠵᠡᠭᠦᠨ ᠬᠡᠰᠡᠭ᠎ᠤᠨ ᠳ᠋ᠦᠨᠭᠵᠢᠶᠠᠩ ᠮᠥᠷᠡᠨ ᠪᠣᠯᠣᠨ ᠬᠠᠨᠵᠢᠶᠠᠩ ᠮᠥᠷᠡᠨ᠎ᠤ ᠰᠠᠪᠠ ᠭᠠᠵᠠᠷ᠎ᠲᠤ 60 ᠵᠢᠯ᠎ᠤᠨ ᠲᠤᠷᠰᠢᠬᠢ ᠬᠠᠮᠤᠭ᠎ᠤᠨ ᠬᠦᠨᠳᠦ ᠨᠣᠴᠢᠲᠠᠢ ᠭᠠᠩᠳᠠᠭᠰᠠᠨ ᠪᠠᠢ᠌ᠳᠠᠯ ᠭᠠᠷᠴᠠᠢ᠂ ᠡᠭᠦᠨ᠎ᠤ ᠳᠡᠭᠡᠷ᠎ᠡ ᠵᠦᠵᠢᠶᠠᠩ ᠮᠥᠷᠡᠨ᠎ᠤ ᠠᠳᠠᠭ᠎ᠤᠨ ᠱᠣᠷᠪᠣᠭ ᠲᠦᠯᠬᠢᠭᠡᠨ ᠰᠢᠷᠦᠭᠦᠰᠴᠦ᠂ ᠭᠠᠩ᠎ᠤᠨ ᠪᠠᠢ᠌ᠳᠠᠯ᠎ᠳᠤ 《ᠨᠠᠮᠤᠷ ᠡᠪᠦᠯ ᠬᠠᠪᠤᠷ ᠵᠠᠯᠭ᠋ᠠᠭ᠎ᠠ᠎ᠪᠠᠷ ᠭᠠᠩᠳᠠᠵᠤ᠂ ᠭᠠᠩ ᠳᠡᠭᠡᠷ᠎ᠡ ᠱᠣᠷᠪᠣᠭ ᠨᠡᠮᠡᠭᠰᠡᠨ》 ᠠᠰᠢᠭ ᠦᠭᠡᠢ ᠪᠠᠢ᠌ᠳᠠᠯ ᠢᠯᠡᠷᠡᠵᠡᠢ᠃
      ᠤᠰᠤᠨ ᠠᠰᠢᠭᠯᠠᠯᠲᠠ ᠵᠢᠨ ᠶᠠᠮᠤᠨ ᠵᠦᠵᠢᠶᠠᠩ ᠮᠥᠷᠡᠨ᠎ᠤ ᠰᠠᠪᠠ ᠭᠠᠵᠠᠷ᠎ᠤᠨ ᠭᠠᠩ ᠬᠠᠭᠰᠠᠷᠠᠭ᠋ᠠᠨ᠎ᠲᠠᠢ ᠲᠡᠮᠡᠴᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠤᠯᠠᠨ ᠤᠳᠠᠭ᠎ᠠ ᠸᠢᠳᠢᠤ᠋᠎ᠪᠠᠷ ᠵᠥᠪᠳᠡᠯᠴᠡᠵᠦ ᠪᠠᠢ᠌ᠭ᠋ᠠᠳ ᠭᠠᠩ ᠬᠠᠭᠰᠠᠷᠠᠭ᠋ᠠᠨ᠎ᠤ ᠪᠠᠢ᠌ᠳᠠᠯ᠎ᠤᠨ ᠬᠠᠨᠳᠤᠰᠢ ᠵᠢ ᠰᠤᠳᠤᠯᠤᠨ ᠮᠠᠭ᠋ᠠᠳᠯᠠᠵᠤ᠂ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ ᠪᠠᠢ᠌ᠳᠠᠯ᠎ᠢ ᠠᠷᠭ᠋ᠠᠴᠠᠨ ᠤᠰᠤ ᠲᠠᠲᠠᠬᠤ ᠪᠠ ᠱᠣᠷᠪᠣᠭ᠎ᠢ ᠳᠠᠷᠤᠵᠤ ᠰᠢᠩᠭᠡᠨ᠎ᠢ ᠨᠥᠬᠥᠪᠦᠷᠢᠯᠡᠬᠦ ᠵᠡᠷᠭᠡ ᠠᠵᠢᠯ᠎ᠢ ᠲᠣᠬᠢᠷᠠᠭᠤᠯᠪᠠ᠃ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠺᠣᠮᠢᠰ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠬᠤ᠂ ᠪᠡᠯᠡᠳᠬᠡᠯ ᠲᠥᠰᠥᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠪᠣᠷᠣᠭ᠋ᠠᠨ᠎ᠤ ᠪᠠᠢ᠌ᠳᠠᠯ᠂ ᠤᠰᠤᠨ᠎ᠤ ᠪᠠᠢ᠌ᠳᠠᠯ᠂ ᠱᠣᠷᠪᠣᠭ (ᠲᠦᠯᠬᠢᠭᠡᠨ) ᠪᠠᠢ᠌ᠳᠠᠯ᠂ ᠪᠠᠷᠢᠯᠭ᠎ᠠ ᠵᠢᠨ ᠪᠠᠢ᠌ᠳᠠᠯ᠎ᠢ ᠨᠢᠭᠲᠠ ᠬᠢᠨᠠᠨ ᠠᠵᠢᠭᠯᠠᠬᠤ ᠬᠡᠷᠡᠭᠲᠡᠢ᠃ ᠭᠤᠸᠠᠩᠳᠦ᠋ᠩ᠂ ᠹᠦᠵᠢᠶᠠᠨ᠂ ᠭᠤᠸᠠᠩᠰᠢ ᠵᠡᠷᠭᠡ ᠮᠤᠵᠢ ᠣᠷᠣᠨ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠬᠠᠩᠭ᠋ᠠᠬᠤ ᠵᠢ ᠪᠠᠲᠤᠯᠠᠬᠤ ᠠᠵᠢᠯ᠎ᠤᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠵᠤ ᠤᠰᠤ ᠨᠥᠬᠥᠪᠦᠷᠢᠯᠡᠬᠦ ᠬᠤᠭᠤᠴᠠᠭ᠋ᠠᠨ᠎ᠳᠠᠬᠢ ᠴᠢᠬᠤᠯᠠ ᠣᠭᠲᠣᠯᠣᠭ᠋ᠠᠰᠤ ᠵᠢᠨ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠵᠠᠮ ᠳᠠᠭ᠋ᠠᠤ ᠵᠢᠨ ᠤᠰᠤ ᠲᠠᠲᠠᠬᠤ ᠠᠮᠠᠰᠠᠷ᠎ᠤᠨ ᠬᠢᠨᠠᠨ ᠬᠠᠮᠢᠶᠠᠷᠤᠯᠲᠠ ᠵᠢ ᠴᠢᠩᠭ᠋ᠠᠳᠬᠠᠵᠤ᠂ ᠴᠠᠭ ᠲᠣᠬᠢᠶᠠᠯ᠎ᠢ ᠠᠮᠵᠢᠨ ᠴᠡᠩᠭᠡᠭ ᠤᠰᠤ ᠵᠢ ᠵᠠᠪᠳᠤᠨ ᠬᠠᠳᠠᠭ᠋ᠠᠯᠠᠵᠤ᠂ ᠳᠠᠪᠤᠰᠤ ᠵᠢ ᠳᠠᠷᠤᠵᠤ ᠰᠢᠩᠭᠡᠨ᠎ᠢ ᠨᠥᠬᠥᠪᠦᠷᠢᠯᠡᠬᠦ ᠲᠣᠬᠢᠷᠠᠭᠤᠯᠤᠯᠲᠠ ᠵᠢᠨ ᠲᠠᠯ᠎ᠠ᠎ᠪᠠᠷ ᠬᠠᠮᠤᠭ᠎ᠤᠨ ᠶᠡᠬᠡ ᠦᠷ᠎ᠡ ᠪᠦᠲᠦᠮᠵᠢ ᠣᠯᠬᠤ ᠵᠢ ᠪᠠᠲᠤᠯᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠨᠢᠳᠤᠨᠤᠨ᠎ᠤ ᠵᠢᠯ᠎ᠤᠨ ᠡᠴᠦᠰ ᠪᠣᠯᠲᠠᠯ᠎ᠠ ᠪᠥᠬᠥ ᠤᠯᠤᠰ᠎ᠲᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠢ ᠨᠡᠶ᠋ᠢᠲᠡ 827 ᠲᠦᠮᠡ ᠪᠠᠢ᠌ᠭᠤᠯᠵᠤ ᠳᠠᠭᠤᠰᠬᠠᠪᠠ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠄ ᠤᠰᠤᠨ ᠴᠥᠭᠥᠷᠥᠮ᠎ᠤᠨ ᠦᠶᠡᠷ ᠎ᠢ  ᠠᠶᠤᠯᠭᠦᠢ ᠥᠩᠭᠡᠷᠡᠭᠦᠯᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ ? ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ  ᠪᠠᠲᠤᠯᠠᠨ᠎ᠠ
ᠠᠷᠠᠳ᠎ᠤᠨ ᠡᠳᠦᠷ᠎ᠤᠨ ᠰᠣᠨᠢᠨ᠄ ᠡᠮᠦᠨᠡᠲᠦ ᠣᠷᠣᠨ ᠵᠡᠷᠭᠡ ᠭᠠᠵᠠᠷ᠎ᠲᠤ ᠰᠢᠷᠦᠭᠦᠨ ᠪᠣᠷᠣᠭ᠋ᠠᠨ ᠦᠷᠭᠦᠯᠵᠢᠯᠡᠵᠦ᠂ ᠣᠯᠠᠨ ᠭᠠᠵᠠᠷ ᠣᠯᠠᠨ ᠰᠠᠯᠠᠭ᠎ᠠ ᠮᠥᠴᠢᠷ᠎ᠤᠨ᠎ᠬᠢᠨ ᠢᠳᠡᠪᠬᠢᠲᠡᠢ᠎ᠪᠠᠷ ᠠᠷᠭ᠋ᠠᠴᠠᠭ᠋ᠠᠵᠤ ᠪᠠᠢ᠌ᠨ᠎ᠠ – – ᠦᠶᠡᠷ᠎ᠤᠨ ᠪᠠᠢ᠌ᠳᠠᠯ᠎ᠤᠨ ᠰᠡᠷᠭᠡᠢ᠌ᠯᠡᠯᠲᠡ ᠵᠢ ᠡᠮᠬᠢ ᠵᠢᠷᠤᠮ᠎ᠲᠠᠢ ᠶᠠᠪᠤᠭᠳᠠᠨ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠬᠤᠷᠠᠯᠳᠤᠭᠤᠯᠪᠠ
ᠠᠷᠠᠳ᠎ᠤᠨ ᠡᠳᠦᠷ᠎ᠤᠨ ᠰᠣᠨᠢᠨ᠄ ᠵᠢᠶᠠᠩᠨᠠᠨ ᠪᠠ ᠡᠮᠦᠨᠡᠲᠦ ᠣᠷᠣᠨ᠎ᠳᠤ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠣᠷᠣᠭᠰᠠᠨ᠎ᠠᠴᠠ ᠨᠠᠰᠢᠬᠢ ᠬᠠᠮᠤᠭ᠎ᠤᠨ ᠶᠡᠬᠡ ᠪᠣᠷᠣᠭ᠋ᠠᠨ ᠤᠷᠤᠵᠦ ᠤᠮᠠᠷᠠᠲᠤ ᠣᠷᠣᠨ᠎ᠳᠤ ᠨᠡᠯᠢᠶᠡᠳ ᠴᠢᠩᠭ᠎ᠠ ᠬᠦᠢ᠍ᠲᠡᠨ ᠠᠭᠤᠷ ᠠᠮᠢᠰᠬᠤᠯ ᠪᠤᠯᠤᠨ᠎ᠠ
 
            