《ᠠᠷᠠᠳ᠎ᠤᠨ ᠡᠳᠦᠷ᠎ᠤᠨ ᠰᠣᠨᠢᠨ》 (2022᠎ᠤᠨ 04 ᠰᠠᠷ᠎ᠠ ᠵᠢᠨ 15᠎ᠤ ᠡᠳᠦᠷ᠎ᠤᠨ ᠬᠡᠪᠯᠡᠯ )
ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 4 ᠰᠠᠷ᠎ᠠ ᠵᠢᠨ 14᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠸᠠᠩ ᠬᠤᠸ᠋) 14᠎ᠤ ᠡᠳᠦᠷ᠂ ᠾᠧᠪᠧᠢ ᠮᠤᠵᠢ ᠵᠢᠨ ᠬᠠᠨᠳᠠᠨᠤ ᠶᠤᠸᠠᠢ ᠴᠧᠩ ᠤᠰᠤᠨ ᠴᠥᠭᠥᠷᠥᠮ᠎ᠤᠨ ᠬᠠᠭ᠋ᠠᠯᠲᠠ ᠵᠢ ᠨᠡᠭᠡᠭᠡᠵᠦ᠂ ᠱᠠᠨᠳᠦ᠋ᠩ᠎ᠤᠨ ᠳ᠋ᠧ ᠵᠧᠦ ᠵᠢᠨ ᠫᠠᠨ ᠵᠤᠸᠠᠩ᠎ᠤᠨ ᠬᠠᠲᠤᠨ ᠭᠣᠣᠯ᠎ᠤᠨ ᠤᠰᠤ ᠵᠢ ᠲᠠᠲᠠᠬᠤ ᠰᠤᠪᠠᠭ᠎ᠤᠨ ᠤᠷᠤᠰᠬᠠᠯ᠎ᠤᠨ ᠬᠡᠮᠵᠢᠶ᠎ᠡ ᠵᠢ ᠨᠡᠮᠡᠭᠳᠡᠭᠦᠯᠵᠦ᠂ ᠪᠡᠭᠡᠵᠢᠩ ᠬᠠᠩᠵᠧᠦ ᠵᠢᠨ ᠶᠡᠬᠡ ᠲᠠᠲᠠᠮᠠᠯ ᠭᠣᠣᠯ᠎ᠤᠨ ᠬᠠᠲᠤᠨ ᠭᠣᠣᠯ᠎ᠠᠴᠠ ᠤᠮᠠᠷᠠᠰᠢᠬᠢ ᠬᠡᠰᠡᠭ᠎ᠲᠤ ᠤᠰᠤ ᠨᠥᠬᠥᠪᠦᠷᠢᠯᠡᠪᠡ᠂ ᠡᠨᠡ᠎ᠨᠢ ᠵᠢᠩ ᠬᠠᠩ ᠲᠠᠲᠠᠮᠠᠯ ᠭᠣᠣᠯ᠎ᠤᠨ 2022 ᠣᠨ᠎ᠳᠤ ᠪᠥᠬᠥ ᠱᠤᠭᠤᠮ ᠵᠶ᠋ᠠᠷ ᠤᠰᠤ ᠨᠥᠬᠥᠪᠦᠷᠢᠯᠡᠬᠦ ᠠᠵᠢᠯᠯᠠᠭ᠎ᠠ ᠵᠢᠩᠬᠢᠨᠢ᠎ᠪᠠᠷ ᠡᠬᠢᠯᠡᠭᠰᠡᠨ᠎ᠢ ᠬᠠᠷᠠᠭᠤᠯᠵᠤ ᠪᠠᠢ᠌ᠨ᠎ᠠ᠃
ᠤᠰᠤᠨ ᠠᠰᠢᠭᠯᠠᠯᠲᠠ ᠵᠢᠨ ᠶᠠᠮᠤᠨ᠎ᠤ ᠪᠡᠭᠡᠵᠢᠩ᠂ ᠲᠢᠶᠠᠨᠵᠢᠨ᠂ ᠾᠧᠪᠧᠢ᠂ ᠱᠠᠨᠳᠦ᠋ᠩ ᠵᠡᠷᠭᠡ 4 ᠮᠤᠵᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠲᠣᠭᠲᠠᠭ᠋ᠠᠭᠰᠠᠨ ᠤᠰᠤ ᠨᠥᠬᠥᠪᠦᠷᠢᠯᠡᠬᠦ ᠲᠥᠰᠥᠯ᠎ᠢ ᠦᠨᠳᠦᠰᠦᠯᠡᠨ᠂ ᠲᠣᠰ ᠤᠳᠠᠭ᠎ᠠ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠱᠤᠭᠤᠮ᠎ᠤᠨ ᠤᠮᠠᠷᠠᠰᠢ ᠤᠷᠲᠤᠳᠬᠠᠬᠤ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠤᠰᠤ ᠬᠠᠩᠭ᠋ᠠᠬᠤ ᠢᠨᠵᠧᠨᠧᠷᠢᠩ᠎ᠤᠨ ᠤᠰᠤᠨ᠎ᠤ ᠬᠠᠩᠭ᠋ᠠᠯᠭ᠎ᠠ ᠵᠢ ᠨᠢᠭᠡᠳᠦᠯᠲᠡᠢ ᠲᠥᠯᠥᠪᠯᠡᠵᠦ᠂ 4 ᠮᠤᠵᠢ ᠬᠣᠲᠠ ᠵᠢᠨ ᠲᠣᠰ ᠭᠠᠵᠠᠷ᠎ᠤᠨ ᠤᠰᠤ᠂ ᠬᠠᠲᠤᠨ ᠭᠣᠣᠯ᠎ᠤᠨ ᠤᠰᠤ᠂ ᠳᠠᠬᠢᠯᠲᠠ ᠤᠰᠤ ᠵᠢᠴᠢ ᠪᠣᠷᠣᠭ᠋ᠠᠨ ᠦᠶᠡᠷ ᠵᠡᠷᠭᠡ ᠣᠯᠠᠨ ᠤᠰᠤᠨ᠎ᠤ ᠡᠬᠢ ᠰᠤᠷᠪᠤᠯᠵᠢ ᠵᠢ ᠨᠢᠭᠡᠳᠦᠯᠲᠡᠢ ᠲᠥᠯᠥᠪᠯᠡᠵᠦ᠂ ᠬᠠᠲᠤᠨ ᠭᠣᠣᠯ᠎ᠠᠴᠠ ᠤᠮᠠᠷᠠᠰᠢᠬᠢ 707 ᠺᠢᠯᠣᠮᠧᠲᠷ᠎ᠤᠨ ᠭᠣᠣᠯ᠎ᠤᠨ ᠬᠡᠰᠡᠭ᠎ᠲᠤ ᠤᠰᠤ ᠨᠥᠬᠥᠪᠦᠷᠢᠯᠡᠵᠦ᠂ ᠵᠢᠩ ᠬᠠᠩ ᠲᠠᠲᠠᠮᠠᠯ ᠭᠣᠣᠯ᠎ᠤᠨ ᠪᠥᠬᠥ ᠱᠤᠭᠤᠮ ᠵᠶ᠋ᠠᠷ ᠤᠰᠤ ᠨᠡᠪᠲᠡᠷᠡᠭᠦᠯᠬᠦ ᠵᠢ ᠪᠡᠶᠡᠯᠡᠭᠦᠯᠵᠦ᠂ ᠵᠠᠮ ᠳᠠᠭ᠋ᠠᠤ ᠵᠢᠨ ᠪᠠᠷᠤᠭ 60 ᠲᠦᠮᠡᠨ ᠮᠦ᠍ ᠲᠠᠷᠢᠶᠠᠨ ᠭᠠᠵᠠᠷ᠎ᠤᠨ ᠭᠠᠵᠠᠷ ᠳᠣᠥᠷᠠᠬᠢ ᠤᠰᠤᠨ᠎ᠤ ᠤᠰᠤᠯᠠᠯᠲᠠ᠎ᠳᠤ ᠬᠡᠷᠡᠭᠯᠡᠬᠦ ᠤᠰᠤ ᠵᠢ ᠰᠣᠯᠢᠨ᠎ᠠ᠃ 2021 ᠣᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠪᠠᠯ᠂ ᠵᠢᠱ᠌ᠢᠯᠲᠡ᠎ᠪᠠᠷ ᠤᠰᠤ᠎ᠲᠠᠢ ᠭᠣᠣᠯ᠎ᠤᠨ ᠤᠷᠳᠤ ᠵᠢ ᠪᠠᠷᠤᠭ 112 ᠺᠢᠯᠣᠮᠧᠲᠷ ᠨᠡᠮᠡᠭᠳᠡᠭᠦᠯᠵᠦ᠂ ᠤᠰᠤᠨ᠎ᠤ ᠭᠠᠳᠠᠷᠭᠤ ᠵᠢᠨ ᠲᠠᠯᠠᠪᠠᠢ ᠵᠢ ᠵᠢᠱ᠌ᠢᠯᠲᠡ᠎ᠪᠠᠷ 9.5 ᠲᠡᠭᠰᠢ ᠳᠥᠷᠪᠡᠯᠵᠢᠨ ᠺᠢᠯᠣᠮᠧᠲᠷ ᠨᠡᠮᠡᠭᠳᠡᠭᠦᠯᠵᠦ᠂ ᠤᠰᠤ ᠨᠥᠬᠥᠪᠦᠷᠢᠯᠡᠬᠦ ᠭᠣᠣᠯ᠎ᠤᠨ ᠵᠠᠮ᠎ᠤᠨ ᠡᠷᠬᠢᠨ ᠲᠣᠭᠣᠷᠢᠨ᠎ᠤ ᠭᠠᠵᠠᠷ ᠳᠣᠣᠷᠠᠬᠢ ᠤᠰᠤᠨ᠎ᠤ ᠲᠦᠪᠰᠢᠨ᠎ᠢ ᠳᠡᠭᠡᠭᠰᠢᠯᠡᠭᠦᠯᠬᠦ ᠪᠤᠶᠤ ᠲᠣᠭᠲᠠᠭᠤᠨ ᠪᠠᠢ᠌ᠯᠭ᠋ᠠᠵᠤ᠂ ᠤᠰᠤᠨ᠎ᠤ ᠠᠮᠢ ᠠᠬᠤᠢ ᠵᠢᠨ ᠰᠢᠰᠲ᠋ᠧᠮ᠎ᠢ ᠰᠡᠷᠭᠦᠭᠡᠨ ᠰᠠᠢ᠌ᠵᠢᠷᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠶᠡᠬᠡ ᠲᠠᠲᠠᠮᠠᠯ ᠭᠣᠣᠯ᠎ᠤᠨ ᠭᠣᠣᠯ ᠬᠡᠰᠡᠭ᠎ᠲᠤ ᠦᠨᠳᠦᠰᠦᠨ᠎ᠳᠡᠭᠡᠨ ᠤᠰᠤ᠎ᠲᠠᠢ ᠪᠣᠯᠭ᠋ᠠᠬᠤ ᠵᠢ ᠪᠡᠶᠡᠯᠡᠭᠦᠯᠵᠦ᠂ ᠪᠡᠭᠡᠵᠢᠩ ᠬᠠᠩᠵᠧᠦ ᠵᠢᠨ ᠶᠡᠬᠡ ᠲᠠᠲᠠᠮᠠᠯ ᠭᠣᠣᠯ᠎ᠤᠨ ᠪᠦᠬᠦ ᠵᠢᠯ᠎ᠳᠤ ᠤᠰᠤ᠎ᠲᠠᠢ ᠪᠠᠢ᠌ᠬᠤ ᠵᠢ ᠪᠡᠶᠡᠯᠡᠭᠦᠯᠬᠦ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠎ᠳᠤ ᠲᠤᠷᠰᠢᠯᠭ᠎ᠠ ᠬᠤᠷᠠᠮᠳᠤᠭᠤᠯᠬᠤ ᠪᠣᠯᠣᠨ᠎ᠠ᠃
ᠣᠢ᠌ᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠤᠰᠤ ᠨᠥᠬᠥᠪᠦᠷᠢᠯᠡᠬᠦ᠎ᠳᠤ ᠵᠢᠩ ᠬᠠᠩ ᠲᠠᠲᠠᠮᠠᠯ ᠭᠣᠣᠯ᠎ᠤᠨ ᠬᠠᠲᠤᠨ ᠭᠣᠣᠯ ᠠᠴᠠ ᠤᠮᠠᠷᠠᠰᠢᠬᠢ ᠭᠣᠣᠯ᠎ᠤᠨ ᠬᠡᠰᠡᠭ ᠵᠶ᠋ᠡᠷ ᠭᠣᠣᠯ ᠵᠠᠮ ᠱᠤᠭᠤᠮ ᠪᠣᠯᠭ᠋ᠠᠵᠤ᠂ ᠤᠮᠠᠷᠠᠰᠢ᠎ᠪᠠᠨ ᠪᠡᠭᠡᠵᠢᠩ ᠬᠣᠲᠠ ᠵᠢᠨ ᠳ᠋ᠦᠩ ᠵᠢᠶᠠᠨ ᠮᠧᠨ ᠬᠠᠭ᠋ᠠᠯᠭ᠎ᠠ ᠠᠴᠠ ᠡᠬᠢᠯᠡᠨ᠂ ᠲᠦᠩ ᠬᠣᠶ ᠾᠧ ᠭᠣᠣᠯ᠂ ᠤᠮᠠᠷᠠᠲᠤ ᠲᠠᠲᠠᠮᠠᠯ ᠭᠣᠣᠯ ᠵᠶ᠋ᠠᠷ ᠳᠡᠮᠵᠢᠨ ᠲᠢᠶᠠᠨᠵᠢᠨ ᠬᠣᠲᠠ ᠵᠢᠨ ᠰᠠᠨ ᠴᠠ ᠾᠧ ᠭᠣᠣᠯ᠎ᠤᠨ ᠠᠮᠠ ᠭᠦᠷᠦᠨ᠎ᠡ; ᠡᠮᠦᠨᠡᠰᠢ᠎ᠪᠠᠨ ᠱᠠᠨᠳᠦ᠋ᠩ ᠮᠤᠵᠢ ᠵᠢᠨ ᠯᠢᠶᠤᠤᠴᠸᠡᠭ ᠬᠣᠲᠠ ᠵᠢᠨ ᠪᠠᠶ᠋ᠢᠷᠢᠰᠢᠯ᠎ᠳᠤ ᠠᠭᠤᠯᠠᠨ ᠬᠠᠭ᠋ᠠᠯᠲᠠ᠎ᠠᠴᠠ ᠡᠬᠢᠯᠡᠨ᠂ ᠵᠢᠵᠢᠭ ᠲᠠᠲᠠᠮᠠᠯ ᠭᠣᠣᠯ᠂ ᠸᠧᠢ ᠲᠠᠲᠠᠮᠠᠯ ᠭᠣᠣᠯ᠂ ᠡᠮᠦᠨᠡᠲᠦ ᠲᠠᠲᠠᠮᠠᠯ ᠭᠣᠣᠯ ᠵᠶ᠋ᠠᠷ ᠳᠡᠮᠵᠢᠨ ᠲᠢᠶᠠᠨᠵᠢᠨ ᠬᠣᠲᠠ ᠵᠢᠨ ᠰᠠᠨ ᠴᠠ ᠾᠧ ᠭᠣᠣᠯ᠎ᠤᠨ ᠠᠳᠠᠭ᠎ᠲᠤ ᠬᠦᠷᠴᠦ᠂ 8 ᠲᠤᠰᠬᠠᠢ ᠣᠷᠣᠨ᠎ᠤ ᠳᠡᠰ᠎ᠤᠨ ᠵᠠᠰᠠᠭ ᠵᠠᠬᠢᠷᠭ᠋ᠠᠨ᠎ᠤ ᠣᠷᠣᠨ ᠵᠶ᠋ᠠᠷ ᠤᠷᠤᠰ᠎ᠤᠨ ᠥᠩᠭᠡᠷᠡᠨ᠎ᠡ᠃ ᠵᠢᠱ᠌ᠢᠯᠲᠡ᠎ᠪᠠᠷ ᠤᠰᠤ ᠨᠥᠬᠥᠪᠦᠷᠢᠯᠡᠬᠦ ᠬᠡᠮᠵᠢᠶ᠎ᠡ ᠵᠢ 5.15 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠬᠠᠩᠭ᠋ᠠᠵᠤ᠂ ᠡᠭᠦᠨ᠎ᠳᠤ ᠪᠡᠭᠡᠵᠢᠩ ᠬᠠᠩᠵᠧᠦ᠎ᠳᠤ ᠣᠷᠣᠬᠤ ᠶᠡᠬᠡ ᠲᠠᠲᠠᠮᠠᠯ ᠭᠣᠣᠯ᠎ᠤᠨ ᠤᠰᠤᠨ᠎ᠤ ᠬᠡᠮᠵᠢᠶ᠎ᠡ ᠵᠢ 4.66 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠬᠠᠩᠭ᠋ᠠᠨ᠎ᠠ᠃