ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠨᠢᠳᠤᠨᠤᠨ᠎ᠤ ᠵᠢᠯ᠎ᠤᠨ ᠡᠴᠦᠰ ᠪᠣᠯᠲᠠᠯ᠎ᠠ ᠪᠥᠬᠥ ᠤᠯᠤᠰ᠎ᠲᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠢ ᠨᠡᠶ᠋ᠢᠲᠡ 827 ᠲᠦᠮᠡ ᠪᠠᠢ᠌ᠭᠤᠯᠵᠤ ᠳᠠᠭᠤᠰᠬᠠᠪᠠ
ᠨᠡᠶ᠋ᠢᠲᠡᠯᠡᠭᠰᠡᠨ ᠴᠠᠭ᠄ 2022-04-22

    《ᠠᠷᠠᠳ᠎ᠤᠨ ᠡᠳᠦᠷ᠎ᠤᠨ ᠰᠣᠨᠢᠨ》(2022 ᠣᠨ᠎ᠤ 04 ᠰᠠᠷ᠎ᠠ ᠵᠢᠨ 20᠎ᠤ ᠡᠳᠦᠷ 07 ᠳ᠋ᠤᠭ᠋ᠠᠷ   ᠬᠡᠪᠯᠡᠯ)
      ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 4 ᠰᠠᠷ᠎ᠠ ᠵᠢᠨ 19᠎ᠤ ᠡᠳᠦᠷ᠎ᠤᠨ ᠮᠡᠳᠡᠭᠡ  (ᠰᠤᠷᠪᠤᠯᠵᠢᠯᠠᠭᠴᠢ ᠯᠢ ᠰᠢᠶᠣᠣ ᠴᠢᠩ) ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ ᠵᠶ᠋ᠡᠷ᠄ 2021 ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠲᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠢ ᠨᠡᠶ᠋ᠢᠲᠡ 827 ᠲᠦᠮᠡ ᠪᠠᠢ᠌ᠭᠤᠯᠵᠤ᠂ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠭᠰᠡᠨ ᠨᠣᠷᠮ᠎ᠠ 84% ᠬᠦᠷᠴᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠠᠵᠢᠯ ᠲᠣᠪᠣᠢ᠌ᠮ᠎ᠠ ᠦᠷ᠎ᠡ ᠪᠦᠲᠦᠮᠵᠢ ᠣᠯᠪᠠ᠃ ᠣᠢ᠌ᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠠᠮᠲᠤᠷᠠᠨ 《ᠬᠥᠳᠡᠭᠡ ᠲᠣᠰᠬᠣᠨ᠎ᠤ ᠤᠰᠤ ᠬᠠᠩᠭ᠋ᠠᠵᠤ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠳᠡᠮᠵᠢᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠬᠥᠳᠡᠭᠡ ᠲᠣᠰᠬᠣᠨ᠎ᠤ ᠤᠰᠤ ᠬᠠᠩᠭ᠋ᠠᠵᠤ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠨ᠎ᠡ   ᠭᠡᠪᠡ᠃
      ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ ᠪᠣᠯ ᠬᠥᠳᠡᠭᠡ ᠲᠣᠰᠬᠣᠨ᠎ᠤ ᠴᠢᠬᠤᠯᠠ ᠰᠠᠭᠤᠷᠢ ᠲᠥᠬᠦᠭᠡᠷᠦᠮᠵᠢ ᠮᠥᠨ᠂ ᠬᠥᠳᠡᠭᠡ ᠲᠣᠰᠬᠣᠨ᠎ᠤ ᠪᠦᠬᠦ ᠬᠥᠮᠥᠨ ᠠᠮᠠ᠎ᠳᠤ ᠬᠣᠯᠪᠣᠭᠳᠠᠬᠤ ᠨᠢᠭᠡᠨ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠃ ᠭᠡᠪᠡᠴᠦ ᠮᠠᠨ᠎ᠤ ᠤᠯᠤᠰ᠎ᠤᠨ ᠤᠯᠤᠰ᠎ᠤᠨ ᠪᠠᠢ᠌ᠳᠠᠯ ᠤᠰᠤᠨ᠎ᠤ ᠪᠠᠢ᠌ᠳᠠᠯ ᠨᠠᠷᠢᠨ ᠪᠤᠳᠤᠯᠢᠶᠠᠨᠲᠠᠢ᠂ ᠣᠷᠣᠨ ᠪᠦᠰᠡ ᠵᠢᠨ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ᠎ᠠᠴᠠ ᠪᠣᠯᠵᠤ᠂ ᠬᠡᠰᠡᠭ ᠭᠠᠵᠠᠷ ᠣᠷᠣᠨ᠎ᠳᠤ ᠮᠥᠨ ᠯᠡ ᠡᠳᠦᠢ ᠲᠡᠳᠦᠢ ᠪᠠᠭᠤᠷᠠᠢ ᠲᠠᠯ᠎ᠠ ᠣᠷᠣᠰᠢᠵᠤ ᠪᠠᠢ᠌ᠨ᠎ᠠ᠃ 《ᠮᠡᠳᠡᠭᠳᠡᠯ》᠎ᠳᠤ᠂ ᠮᠤᠵᠢ ᠵᠢᠨ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠤᠤᠭᠤᠬᠤ ᠤᠰᠤᠨ᠎ᠤ ᠪᠠᠢ᠌ᠳᠠᠯ᠎ᠳᠤ ᠪᠥᠬᠥ ᠲᠠᠯ᠎ᠠ ᠵᠢᠨ ᠪᠠᠢ᠌ᠴᠠᠭ᠋ᠠᠯᠲᠠ ᠪᠠ ᠬᠥᠳᠡᠯᠦᠩᠭᠦᠢ ᠬᠢᠨᠠᠨ ᠬᠡᠮᠵᠢᠯᠲᠡ ᠬᠢᠬᠦ ᠵᠢ ᠵᠣᠬᠢᠶᠠᠨ ᠪᠠᠢ᠌ᠭᠤᠯᠵᠤ᠂ ᠡᠷᠲᠡ ᠢᠯᠡᠷᠡᠭᠦᠯᠬᠦ᠂ ᠡᠷᠲᠡ ᠬᠠᠮᠢᠶᠠᠷᠬᠤ᠂ ᠡᠷᠲᠡ ᠲᠡᠳᠬᠦᠬᠦ ᠵᠢ ᠦᠨᠡᠨ ᠬᠦ᠌ ᠪᠡᠶᠡᠯᠡᠭᠦᠯᠵᠦ᠂ ᠠᠰᠠᠭᠤᠳᠠᠯ᠎ᠢ ᠴᠠᠭ ᠲᠤᠬᠠᠢ᠎ᠳᠤᠨᠢ ᠢᠯᠡᠷᠡᠭᠦᠯᠬᠦ ᠪᠠ ᠰᠢᠢ᠍ᠳᠪᠦᠷᠢᠯᠡᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠰᠢᠶᠠᠨ ᠵᠶ᠋ᠠᠷ ᠨᠢᠭᠡᠴᠢ ᠪᠣᠯᠭ᠋ᠠᠨ᠂ ᠪᠠᠢ᠌ᠭᠤᠯᠵᠤ ᠪᠠᠢ᠌ᠭ᠎ᠠ ᠬᠥᠳᠡᠭᠡ ᠲᠣᠰᠬᠣᠨ᠎ᠤ ᠵᠢᠵᠢᠭ ᠬᠡᠯᠪᠡᠷᠢ ᠵᠢᠨ ᠤᠰᠤᠨ᠎ᠤ ᠰᠤᠷᠪᠤᠯᠵᠢ ᠪᠠ ᠤᠰᠤ ᠬᠠᠩᠭ᠋ᠠᠬᠤ ᠢᠨᠵᠧᠨᠧᠷᠢᠩ᠎ᠤᠨ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢᠨ ᠡᠬᠡ ᠲᠠᠨᠭ᠌ᠰᠠ ᠵᠢ ᠪᠠᠢ᠌ᠭᠤᠯᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠠᠷᠢᠮᠵᠢᠶᠠᠵᠢᠭᠤᠯᠬᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠢᠨᠵᠧᠨᠧᠷᠢᠩ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠨᠢᠭᠡ ᠭᠠᠵᠠᠷ ᠪᠠᠢ᠌ᠭᠤᠯᠵᠤ᠂ ᠨᠢᠭᠡ ᠭᠠᠵᠠᠷ ᠪᠣᠯᠭ᠋ᠠᠵᠤ᠂ ᠨᠢᠭᠡ ᠭᠠᠵᠠᠷ ᠦᠷ᠎ᠡ ᠠᠰᠢᠭ᠎ᠢ ᠪᠠᠳᠠᠷᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
     《ᠮᠡᠳᠡᠭᠳᠡᠯ》᠎ᠳᠤ  ᠂ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ᠎ᠬᠢᠨ ᠲᠠᠷᠢᠶᠠᠯᠠᠩ᠎ᠳᠤ ᠬᠣᠯᠪᠣᠭᠳᠠᠬᠤ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠡᠮᠬᠢᠯᠡᠨ ᠨᠡᠶ᠋ᠢᠯᠡᠭᠦᠯᠬᠦ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠨᠥᠬᠥᠪᠦᠷᠢ ᠪᠡᠯᠡ ᠮᠥᠩᠭᠥ ᠵᠡᠷᠭᠡ ᠤᠰᠤᠨ ᠠᠰᠢᠭᠯᠠᠯᠲᠠ ᠵᠢᠨ ᠬᠥᠭᠵᠢᠯᠲᠡ ᠵᠢᠨ ᠪᠡᠯᠡ ᠮᠥᠩᠭᠥ ᠵᠢ ᠬᠠᠤᠯᠢ ᠲᠣᠭᠲᠠᠭ᠋ᠠᠯ ᠶᠣᠰᠣᠭ᠋ᠠᠷ ᠠᠰᠢᠭᠯᠠᠵᠤ᠂ ᠬᠥᠳᠡᠭᠡ ᠲᠣᠰᠬᠣᠨ᠎ᠤ ᠵᠢᠵᠢᠭ ᠬᠡᠯᠪᠡᠷᠢ ᠵᠢᠨ ᠤᠰᠤᠨ᠎ᠤ ᠰᠤᠷᠪᠤᠯᠵᠢ ᠪᠠ ᠤᠰᠤ ᠬᠠᠩᠭ᠋ᠠᠬᠤ ᠢᠨᠵᠧᠨᠧᠷᠢᠩ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠲᠥᠪ᠎ᠤᠨ ᠡᠳ᠋᠎ᠤᠨ ᠵᠠᠰᠠᠭ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠵᠣᠯᠭ᠋ᠠᠭᠤᠯᠤᠨ ᠠᠬᠢᠭᠤᠯᠬᠤ ᠨᠥᠬᠥᠪᠦᠷᠢ ᠵᠢᠨ ᠪᠡᠯᠡ ᠮᠥᠩᠭᠥ ᠵᠢ ᠬᠥᠳᠡᠭᠡ ᠲᠣᠰᠬᠣᠨ᠎ᠤ ᠤᠰᠤ ᠬᠠᠩᠭ᠋ᠠᠬᠤ ᠴᠢᠬᠤᠯᠠ ᠪᠦᠬᠦᠢ ᠰᠠᠭᠤᠷᠢ ᠲᠥᠬᠦᠭᠡᠷᠦᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ ᠵᠢ ᠳᠡᠮᠵᠢᠬᠦ᠎ᠳᠤ ᠬᠡᠷᠡᠭᠯᠡᠬᠦ ᠵᠢ ᠲᠣᠳᠣᠷᠬᠠᠢ᠌ᠯᠠᠪᠠ᠃ ᠣᠲᠣ ᠵᠢᠨ ᠪᠠᠢ᠌ᠭ᠎ᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢ ᠨᠢᠭᠡᠳᠦᠯᠲᠡᠢ ᠲᠥᠯᠥᠪᠯᠡᠨ ᠠᠰᠢᠭᠯᠠᠵᠤ᠂ ᠳᠠᠬᠢᠨ ᠶᠠᠳᠠᠭᠤᠷᠠᠬᠤ ᠵᠢ ᠰᠡᠷᠭᠡᠢ᠌ᠯᠡᠨ ᠬᠣᠷᠢᠭᠯᠠᠬᠤ ᠬᠢᠨᠠᠨ ᠬᠡᠮᠵᠢᠬᠦ ᠡᠲᠡᠭᠡᠳ ᠪᠠ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ᠎ᠳᠤ ᠣᠷᠤᠯᠴᠠᠬᠤ ᠵᠢ ᠤᠷᠢᠳᠠᠪᠠᠷ ᠳᠡᠮᠵᠢᠨ᠎ᠡ᠃ ᠤᠰᠤ ᠬᠠᠩᠭ᠋ᠠᠬᠤ ᠦᠢ᠍ᠯᠡᠴᠢᠯᠡᠭᠡᠨ ᠎ᠤ ᠬᠥᠮᠥᠨ ᠠᠮᠠ ᠴᠥᠭᠡᠨ᠂ ᠠᠵᠢᠯᠯᠠᠭ᠋ᠠᠨ ᠎ᠤ ᠥᠪᠡᠷ ᠎ᠤᠨ ᠥᠷᠳᠡᠭ᠎ᠨᠢ ᠥᠨᠳᠥᠷ᠂ ᠤᠰᠤᠨ ᠎ᠤ ᠰᠦᠢ᠍ᠳᠬᠡᠯ ᠵᠡᠷᠭᠡ ᠣᠷᠣᠯᠭ᠎ᠠ᠎ᠨᠢ ᠥᠪᠡᠷ ᠎ᠤᠨ ᠥᠷᠳᠡᠭ᠎ᠢ ᠬᠠᠮᠤᠷᠬᠤ᠎ᠳᠤ ᠬᠦᠴᠢᠷᠲᠡᠢ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠷᠢᠯᠭ᠎ᠠ ᠎ᠳᠤ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠨᠥᠬᠥᠪᠦᠷᠢ ᠵᠡᠷᠭᠡ ᠪᠡᠯᠡ ᠮᠥᠩᠭᠥ ᠲᠣᠬᠢᠷᠠᠭᠤᠯᠤᠨ ᠳᠡᠮᠵᠢᠯᠭᠡ ᠦᠵᠡᠭᠦᠯᠵᠦ᠂ ᠪᠠᠷᠢᠯᠭ᠎ᠠ ᠵᠢᠨ ᠵᠢᠷᠤᠭᠯᠠᠨ ᠲᠥᠯᠥᠪᠯᠡᠭᠰᠡᠨ ᠣᠨ ᠵᠢᠯ ᠎ᠤᠨ ᠳᠣᠲᠣᠷ᠎ᠠ ᠬᠡᠪ ᠎ᠤᠨ ᠶᠣᠰᠣᠭ᠋ᠠᠷ ᠠᠵᠢᠯᠯᠠᠬᠤ ᠵᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
     

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠄ ᠤᠰᠤᠨ ᠴᠥᠭᠥᠷᠥᠮ᠎ᠤᠨ ᠦᠶᠡᠷ ᠎ᠢ  ᠠᠶᠤᠯᠭᠦᠢ ᠥᠩᠭᠡᠷᠡᠭᠦᠯᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠨ᠎ᠡ ? ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ  ᠪᠠᠲᠤᠯᠠᠨ᠎ᠠ
ᠠᠷᠠᠳ᠎ᠤᠨ ᠡᠳᠦᠷ᠎ᠤᠨ ᠰᠣᠨᠢᠨ᠄ ᠡᠮᠦᠨᠡᠲᠦ ᠣᠷᠣᠨ ᠵᠡᠷᠭᠡ ᠭᠠᠵᠠᠷ᠎ᠲᠤ ᠰᠢᠷᠦᠭᠦᠨ ᠪᠣᠷᠣᠭ᠋ᠠᠨ ᠦᠷᠭᠦᠯᠵᠢᠯᠡᠵᠦ᠂ ᠣᠯᠠᠨ ᠭᠠᠵᠠᠷ ᠣᠯᠠᠨ ᠰᠠᠯᠠᠭ᠎ᠠ ᠮᠥᠴᠢᠷ᠎ᠤᠨ᠎ᠬᠢᠨ ᠢᠳᠡᠪᠬᠢᠲᠡᠢ᠎ᠪᠠᠷ ᠠᠷᠭ᠋ᠠᠴᠠᠭ᠋ᠠᠵᠤ ᠪᠠᠢ᠌ᠨ᠎ᠠ – – ᠦᠶᠡᠷ᠎ᠤᠨ ᠪᠠᠢ᠌ᠳᠠᠯ᠎ᠤᠨ ᠰᠡᠷᠭᠡᠢ᠌ᠯᠡᠯᠲᠡ ᠵᠢ ᠡᠮᠬᠢ ᠵᠢᠷᠤᠮ᠎ᠲᠠᠢ ᠶᠠᠪᠤᠭᠳᠠᠨ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠬᠤᠷᠠᠯᠳᠤᠭᠤᠯᠪᠠ
ᠠᠷᠠᠳ᠎ᠤᠨ ᠡᠳᠦᠷ᠎ᠤᠨ ᠰᠣᠨᠢᠨ᠄ ᠵᠢᠶᠠᠩᠨᠠᠨ ᠪᠠ ᠡᠮᠦᠨᠡᠲᠦ ᠣᠷᠣᠨ᠎ᠳᠤ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠣᠷᠣᠭᠰᠠᠨ᠎ᠠᠴᠠ ᠨᠠᠰᠢᠬᠢ ᠬᠠᠮᠤᠭ᠎ᠤᠨ ᠶᠡᠬᠡ ᠪᠣᠷᠣᠭ᠋ᠠᠨ ᠤᠷᠤᠵᠦ ᠤᠮᠠᠷᠠᠲᠤ ᠣᠷᠣᠨ᠎ᠳᠤ ᠨᠡᠯᠢᠶᠡᠳ ᠴᠢᠩᠭ᠎ᠠ ᠬᠦᠢ᠍ᠲᠡᠨ ᠠᠭᠤᠷ ᠠᠮᠢᠰᠬᠤᠯ ᠪᠤᠯᠤᠨ᠎ᠠ
ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠣᠯᠠᠨ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠦᠷᠨᠢᠭᠦᠯᠬᠦ ᠪᠤᠯᠤᠨ᠎ᠠ
 
            