ᠠᠷᠠᠳ᠎ᠤᠨ ᠰᠦᠯᠵᠢᠶᠡᠨ᠎ᠤ ᠪᠡᠭᠡᠵᠢᠩ᠎ᠤᠨ 4 ᠰᠠᠷ᠎ᠠ ᠵᠢᠨ 19᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠢᠦᠢ ᠯᠦ᠍) 《ᠤᠰᠤᠨ ᠴᠥᠭᠥᠷᠥᠮ᠎ᠤᠨ ᠠᠮᠤᠷ ᠲᠦᠪᠰᠢᠨ ᠪᠣᠯ ᠠᠮᠢ ᠨᠠᠰᠤᠨ᠎ᠤ ᠠᠮᠤᠷ ᠲᠦᠪᠰᠢᠨ᠂ ᠦᠶᠡᠷ ᠢ ᠰᠡᠷᠭᠡᠢ᠌ᠯᠡᠬᠦ ᠠᠮᠤᠷ ᠲᠦᠪᠰᠢᠨ᠂ ᠤᠰᠤ ᠬᠠᠩᠭ᠋ᠠᠬᠤ ᠠᠮᠤᠷ ᠲᠦᠪᠰᠢᠨ᠎ᠳᠤ ᠬᠣᠯᠪᠣᠭᠳᠠᠵᠤ ᠪᠠᠢ᠌ᠳᠠᠭ ᠪᠣᠯᠬᠣᠷ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠴᠥᠬᠥᠷᠡᠰᠢ ᠦᠭᠡᠢ ᠠᠳᠬᠤᠵᠤ᠂ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ》᠃ ᠣᠢ᠌ᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ᠎ᠤ ᠬᠤᠷᠠᠯᠳᠤᠭᠤᠯᠤᠭᠰᠠᠨ ᠤᠰᠤᠨ ᠴᠥᠭᠥᠷᠥᠮ᠎ᠤᠨ ᠦᠶᠡᠷ᠎ᠢ ᠠᠮᠤᠷ ᠲᠦᠪᠰᠢᠨ ᠵᠶ᠋ᠡᠷ ᠥᠩᠭᠡᠷᠡᠭᠦᠯᠬᠦ ᠬᠠᠷᠠᠭ᠋ᠠᠨ ᠳᠠᠪᠲᠠᠮᠵᠢ ᠵᠢᠨ ᠬᠤᠷᠠᠯ ᠳᠡᠭᠡᠷ᠎ᠡ᠂ ᠤᠯᠤᠰ᠎ᠤᠨ ᠦᠶᠡᠷ᠎ᠢ ᠰᠡᠷᠭᠡᠢ᠌ᠯᠡᠬᠦ ᠶᠡᠷᠦᠩᠬᠡᠢ ᠬᠡᠯᠲᠡᠰ᠎ᠤᠨ ᠳᠡᠳ᠋ ᠶᠡᠷᠦᠩᠬᠡᠢ ᠵᠢᠯᠣᠭᠣᠳᠤᠭᠴᠢ᠂ ᠤᠰᠤᠨ ᠠᠰᠢᠭᠯᠠᠯᠲᠠ ᠵᠢᠨ ᠶᠠᠮᠤᠨ᠎ᠤ ᠰᠠᠢ᠌ᠳ ᠯᠢ ᠭᠦᠸᠧ ᠶᠢᠩ ᠢᠯᠡᠷᠬᠡᠢ᠌ᠯᠡᠬᠦ᠎ᠳᠡᠭᠡᠨ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠳᠬᠤᠨ᠂ ᠤᠰᠤᠨ ᠴᠥᠭᠥᠷᠥᠮ᠎ᠤᠨ ᠦᠶᠡᠷ᠎ᠢ ᠠᠮᠤᠷ ᠲᠦᠪᠰᠢᠨ ᠵᠶ᠋ᠡᠷ ᠥᠩᠭᠡᠷᠡᠭᠦᠯᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠤᠰᠤᠨ ᠴᠥᠭᠥᠷᠥᠮ᠎ᠤᠨ ᠬᠠᠰᠢᠯᠭ᠎ᠠ ᠵᠢ ᠨᠤᠷᠠᠭ᠋ᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃
ᠯᠢ ᠭᠥᠸᠧ ᠢᠩ ᠬᠡᠯᠡᠬᠦ᠎ᠳᠡᠭᠡᠨ᠂ 2021 ᠣᠨ᠎ᠳᠤ᠂ ᠮᠠᠨ᠎ᠤ ᠤᠯᠤᠰ᠎ᠤᠨ ᠬᠡᠰᠡᠭ ᠭᠠᠵᠠᠷ ᠣᠷᠣᠨ᠎ᠳᠤ ᠬᠦᠨᠳᠦ ᠨᠣᠴᠢᠲᠠᠢ ᠦᠶᠡᠷ ᠤᠰᠤᠲᠤᠯ᠎ᠤᠨ ᠭᠠᠮᠰᠢᠭ ᠭᠠᠷᠴᠤ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠰᠤᠨ ᠴᠥᠭᠥᠷᠥᠮ᠎ᠤᠨ ᠦᠶᠡᠷ᠎ᠢ ᠠᠶᠤᠯᠭᠦᠢ ᠥᠩᠭᠡᠷᠡᠭᠦᠯᠬᠦ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂ ᠤᠰᠤᠨ ᠴᠥᠭᠥᠷᠥᠮ᠎ᠤᠨ ᠦᠶᠡᠷ᠎ᠢ ᠠᠶᠤᠯᠭᠦᠢ ᠥᠩᠭᠡᠷᠡᠭᠦᠯᠬᠦ ᠠᠷᠭ᠎ᠠ ᠬᠡᠮᠵᠢᠶ᠎ᠡ ᠵᠢ ᠪᠦᠬᠦ ᠶᠠᠪᠤᠴᠠ ᠪᠦᠬᠦ ᠬᠡᠯᠬᠢᠶ᠎ᠡ᠎ᠪᠠᠷ ᠤᠰᠤᠨ ᠴᠥᠭᠥᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠤᠰᠤᠨ ᠴᠥᠭᠥᠷᠥᠮ᠎ᠤᠨ ᠭᠡᠨᠡᠳᠲᠡ ᠵᠢᠨ ᠲᠦᠭᠰᠢᠭᠦᠷᠢᠲᠦ ᠪᠠᠢ᠌ᠳᠠᠯ᠎ᠢ ᠦᠳᠲᠡᠷ ᠲᠦᠷᠭᠡᠨ ᠰᠢᠢ᠍ᠳᠪᠦᠷᠢᠯᠡᠵᠦ᠂ ᠬᠠᠤᠯᠢ ᠶᠣᠰᠣᠭ᠋ᠠᠷ᠂ ᠰᠢᠨᠵᠢᠯᠡᠬᠦ ᠤᠬᠠᠭ᠋ᠠᠨᠴᠢ᠎ᠪᠠᠷ ᠰᠡᠷᠭᠡᠢ᠌ᠯᠡᠨ ᠡᠵᠡᠮᠳᠡᠵᠦ᠂ ᠪᠦᠬᠦ ᠤᠯᠤᠰ᠎ᠤᠨ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠣᠷᠣᠭᠤᠯᠤᠯᠲᠠ ᠵᠢ ᠲᠣᠬᠢᠷᠠᠭᠤᠯᠤᠨ ᠬᠡᠷᠡᠭᠯᠡᠵᠦ᠂ 1390 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠦᠶᠡᠷ᠎ᠤᠨ ᠤᠰᠤ ᠵᠢ ᠬᠠᠰᠢᠨ ᠬᠠᠳᠠᠭ᠋ᠠᠯᠠᠵᠤ᠂ ᠤᠰᠤᠨ᠎ᠳᠤ ᠠᠪᠲᠠᠭᠰᠠᠨ ᠬᠣᠲᠠ ᠪᠠᠯᠭ᠋ᠠᠰᠤ ᠵᠢ 1494 ᠤᠳᠠᠭ᠎ᠠ ᠪᠠᠭ᠋ᠠᠰᠬᠠᠨ᠂ 2534 ᠲᠦᠮᠡᠨ ᠮᠦ᠍ ᠤᠰᠤᠨ᠎ᠳᠤ ᠠᠪᠲᠠᠭᠰᠠᠨ ᠲᠠᠷᠢᠶᠠᠨ ᠭᠠᠵᠠᠷ᠎ᠤᠨ ᠲᠠᠯᠠᠪᠠᠢ ᠵᠢ ᠪᠠᠭ᠋ᠠᠰᠬᠠᠵᠤ᠂ 1525 ᠲᠦᠮᠡᠨ ᠬᠥᠮᠥᠨ᠎ᠢ ᠰᠢᠯᠵᠢᠭᠦᠯᠬᠦ᠎ᠠᠴᠠ ᠵᠠᠢ᠌ᠯᠠᠰᠬᠢᠵᠦ᠂ ᠤᠰᠤᠨ ᠴᠥᠭᠥᠷᠥᠮ᠎ᠤᠨ ᠠᠶᠤᠯ ᠭᠠᠷᠤᠭᠰᠠᠨ᠎ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠭᠰᠠᠨ ᠬᠡᠷᠡᠭ ᠭᠠᠷᠤᠭᠰᠠᠨ ᠦᠭᠡᠢ᠂ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠬᠦ ᠬᠠᠲᠠᠭᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠎ᠳᠤ ᠬᠦᠴᠦᠲᠡᠢ ᠲᠦᠰᠢᠭ ᠲᠤᠯᠭ᠋ᠠᠭᠤᠷᠢ ᠬᠠᠩᠭ᠋ᠠᠭᠰᠠᠨ ᠪᠠᠢ᠌ᠨ᠎ᠠ᠃
ᠵᠢᠱ᠌ᠢᠯᠲᠡ ᠵᠢ ᠦᠨᠳᠦᠰᠦᠯᠡᠪᠡᠯ᠂ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠮᠠᠨ᠎ᠤ ᠤᠯᠤᠰ᠎ᠤᠨ ᠴᠠᠭ ᠠᠭᠤᠷ ᠤᠰᠤᠨ ᠵᠦᠢ ᠵᠢᠨ ᠵᠢᠯ᠎ᠤᠨ ᠥᠩᠭᠡ ᠶᠡᠷᠦᠩᠬᠡᠢ᠎ᠳᠡᠭᠡᠨ ᠵᠥᠷᠢᠶ᠎ᠡ᠎ᠲᠠᠢ ᠪᠠᠢ᠌ᠵᠤ᠂ ᠤᠰᠤᠨ ᠴᠥᠭᠥᠷᠥᠮ᠎ᠤᠨ ᠦᠶᠡᠷ᠎ᠤᠨ ᠬᠤᠭᠤᠴᠠᠭ᠎ᠠ ᠵᠢ ᠠᠶᠤᠯᠭᠦᠢ ᠥᠩᠭᠡᠷᠡᠭᠡᠬᠦ᠎ᠳᠤ ᠬᠠᠲᠠᠭᠤ ᠴᠢᠩᠭ᠎ᠠ ᠰᠢᠯᠭ᠋ᠠᠯᠲᠠ᠎ᠳᠤ ᠲᠤᠯᠭ᠋ᠠᠷᠠᠨᠠ ᠡᠭᠦᠨ᠎ᠳᠤ᠂ ᠯᠢ ᠭᠦᠸᠧ ᠶᠢᠩ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠠᠶᠤᠯ ᠲᠦᠭᠰᠢᠭᠦᠷᠢ ᠵᠢᠨ ᠤᠬᠠᠮᠰᠠᠷ᠂ ᠰᠠᠨᠠᠭ᠋ᠠᠰᠢᠷᠠᠨ ᠵᠣᠪᠠᠨᠢᠬᠤ ᠤᠬᠠᠮᠰᠠᠷ᠂ ᠬᠣᠷᠢᠭ᠎ᠠ ᠱᠤᠭᠤᠮ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠤᠰᠤᠨ ᠴᠥᠭᠥᠷᠥᠮ᠎ᠤᠨ ᠦᠶᠡᠷ᠎ᠢ ᠠᠶᠤᠯᠭᠦᠢ ᠥᠩᠭᠡᠷᠡᠭᠦᠯᠬᠦ ᠵᠢᠨ ᠳᠤᠲᠠᠭᠤᠳᠠᠯ ᠪᠠᠭᠤᠷᠠᠢ ᠵᠦᠢ᠍ᠯ᠎ᠳᠤ ᠤᠨᠢᠨ ᠳᠡᠭᠡᠷ᠎ᠡ᠎ᠨᠢ ᠲᠥᠪᠯᠡᠷᠡᠭᠦᠯᠵᠦ᠂ ᠤᠰᠤᠨ ᠴᠥᠭᠥᠷᠥᠮ᠎ᠤᠨ ᠠᠮᠤᠷ ᠲᠦᠪᠰᠢᠨ᠎ᠤ ᠬᠠᠮᠢᠶᠠᠷᠤᠯᠲᠠ ᠪᠣᠯᠣᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠤᠰᠤᠨ ᠴᠥᠭᠥᠷᠥᠮ᠎ᠤᠨ ᠦᠶᠡᠷ᠎ᠢ ᠠᠶᠤᠯᠭᠦᠢ ᠥᠩᠭᠡᠷᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠨᠢᠭᠡ᠎ᠳᠤ ᠤᠰᠤᠨ ᠴᠥᠭᠥᠷᠥᠮ᠎ᠤᠨ ᠬᠠᠰᠢᠯᠭ᠎ᠠ ᠵᠢᠨ ᠠᠶᠤᠯᠭᠦᠢ ᠵᠢᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠤᠰᠤᠨ ᠴᠥᠭᠥᠷᠥᠮ ᠨᠢᠭᠡᠪᠦᠷᠢ ᠴᠥᠮ ᠡᠷᠬᠡᠪᠰᠢ ᠠᠶᠤᠯᠭᠦᠢ ᠠᠵᠢᠯᠯᠠᠭ᠋ᠠᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠦᠶᠡᠷ᠎ᠠᠴᠠ ᠡᠮᠦᠨᠡᠬᠢ ᠪᠡᠯᠡᠳᠬᠡᠯ᠂ ᠦᠶᠡᠷ᠎ᠤᠨ ᠬᠤᠭᠤᠴᠠᠭ᠋ᠠᠨ᠎ᠤ ᠠᠷᠭ᠋ᠠᠴᠠᠬᠤ ᠵᠡᠷᠭᠡ ᠡᠯ᠎ᠡ ᠵᠦᠢ᠍ᠯ᠎ᠤᠨ ᠰᠡᠷᠭᠡᠢ᠌ᠯᠡᠯᠲᠡ ᠵᠢᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠬᠤ ᠬᠡᠷᠡᠭᠲᠡᠢ᠃
ᠬᠣᠶᠠᠷ᠎ᠲᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠪᠡᠯᠡᠳᠬᠡᠯ ᠰᠣᠷᠢᠯᠲᠠ᠂ ᠪᠡᠯᠡᠳᠬᠡᠯ ᠲᠥᠰᠥᠯ᠎ᠤᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠨᠡᠢ᠌ᠲᠡᠯᠡᠬᠦ᠎ᠳᠡᠭᠡᠨ ᠰᠢᠭᠤᠳ ᠨᠢᠭᠡᠳᠦᠭᠡᠷ ᠹᠷᠣᠨᠲ᠎ᠲᠤ ᠬᠦᠷᠭᠡᠵᠦ᠂ ᠰᠢᠭᠤᠳ ᠢᠨᠵᠧᠨᠧᠷᠢᠩ᠎ᠤᠨ ᠬᠠᠮᠢᠶᠠᠷᠤᠯᠲᠠ ᠵᠢᠨ ᠨᠢᠭᠡᠴᠢ᠎ᠳᠤ ᠬᠦᠷᠭᠡᠵᠦ᠂ ᠰᠢᠭᠤᠳ ᠤᠰᠤᠨ ᠴᠥᠭᠥᠷᠥᠮ᠎ᠤᠨ 《ᠭᠤᠷᠪᠠᠨ ᠬᠠᠷᠢᠭᠤᠴᠠᠯᠭ᠋ᠠᠲᠠᠨ》᠎ᠳᠤ ᠬᠦᠷᠭᠡᠵᠦ᠂ ᠲᠣᠭ᠎ᠠ ᠵᠢ ᠬᠣᠣᠰᠯᠠᠭᠤᠯᠬᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠤᠰᠤᠨ ᠴᠥᠭᠥᠷᠥᠮ᠎ᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠲᠣᠬᠢᠷᠠᠭᠤᠯᠤᠨ ᠬᠡᠷᠡᠭᠯᠡᠬᠦ ᠬᠡᠷᠡᠭᠲᠡᠢ᠃
ᠭᠤᠷᠪᠠ᠎ᠳᠤ ᠡᠮᠵᠡᠭ ᠠᠶᠤᠯᠲᠠᠢ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠲᠦᠷᠭᠡᠳᠬᠡᠵᠦ᠂ ᠡᠨᠡ ᠵᠢᠯ 100 ᠭᠠᠷᠤᠢ ᠲᠣᠮᠣ ᠳᠤᠮᠳᠠ ᠬᠡᠯᠪᠡᠷᠢ ᠵᠢᠨ᠂ 3400 ᠭᠠᠷᠤᠢ ᠵᠢᠵᠢᠭ ᠬᠡᠯᠪᠡᠷᠢ ᠵᠢᠨ ᠡᠮᠵᠡᠭ ᠠᠶᠤᠯᠲᠠᠢ ᠴᠥᠭᠥᠷᠥᠮ᠎ᠤᠨ ᠠᠶᠤᠯ᠎ᠢ ᠠᠷᠢᠯᠭ᠋ᠠᠨ ᠪᠡᠬᠢᠯᠡᠬᠦ ᠠᠵᠢᠯ᠎ᠢ ᠶᠡᠬᠡ᠎ᠪᠠᠷ ᠲᠦᠯᠬᠢᠨ ᠠᠬᠢᠭᠤᠯᠵᠤ᠂ ᠠᠮᠤᠷ ᠲᠦᠪᠰᠢᠨ᠎ᠤ ᠳᠠᠯᠳᠠ ᠭᠡᠮ᠎ᠢ ᠴᠠᠭ ᠲᠤᠬᠠᠢᠳᠤᠨᠢ ᠠᠷᠢᠯᠭ᠋ᠠᠵᠤ᠂ ᠣᠨ᠎ᠤ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠬᠡᠷᠡᠭᠲᠡᠢ᠃ ᠬᠡᠷᠡᠭᠯᠡᠬᠦ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠬᠥᠮᠥᠷᠭᠡ ᠳᠠᠷᠠᠭ᠋ᠠᠯᠠᠨ ᠨᠠᠢ᠌ᠳᠠᠪᠤᠷᠢᠵᠢᠭᠤᠯᠵᠤ᠂ ᠭᠣᠣᠯ ᠦᠶᠡᠷ᠎ᠤᠨ ᠬᠤᠭᠤᠴᠠᠭ᠋ᠠᠨ᠎ᠤ ᠡᠮᠵᠡᠭ ᠠᠶᠤᠯᠲᠠᠢ ᠤᠰᠤᠨ ᠴᠥᠭᠥᠷᠥᠮ᠎ᠢ ᠵᠠᠷᠴᠢᠮ ᠳᠡᠭᠡᠷ᠎ᠡ᠎ᠪᠠᠨ ᠴᠥᠮ ᠬᠣᠭᠣᠰᠤᠨ ᠬᠥᠮᠥᠷᠭᠡ᠎ᠪᠠᠷ ᠠᠵᠢᠯᠯᠠᠭᠤᠯᠬᠤ ᠬᠡᠷᠡᠭᠲᠡᠢ᠃
ᠳᠥᠷᠪᠡ᠎ᠳᠤ᠂ ᠤᠰᠤᠨ ᠴᠥᠭᠥᠷᠥᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠵᠦ᠂ ᠤᠰᠤᠨ ᠴᠥᠭᠥᠷᠥᠮ᠎ᠤᠨ ᠭᠡᠮ ᠰᠣᠭᠣᠭ᠎ᠢ ᠪᠠᠢ᠌ᠴᠠᠭ᠋ᠠᠬᠤ ᠪᠠ ᠴᠡᠭᠴᠡᠯᠡᠨ ᠰᠠᠢ᠌ᠵᠢᠷᠠᠭᠤᠯᠬᠤ ᠵᠢ ᠴᠢᠩᠭ᠋ᠠᠳᠬᠠᠵᠤ᠂ ᠦᠶᠡᠷ᠎ᠢ ᠰᠡᠷᠭᠡᠢ᠌ᠯᠡᠬᠦ ᠲᠣᠬᠢᠷᠠᠭᠤᠯᠤᠯᠲᠠ ᠵᠢᠨ ᠲᠥᠰᠥᠯ᠎ᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠪᠣᠳᠠᠲᠠᠢ ᠬᠡᠷᠡᠭᠴᠡᠭᠡ ᠵᠢ ᠬᠠᠩᠭ᠋ᠠᠬᠤ ᠬᠡᠷᠡᠭᠲᠡᠢ᠃
ᠲᠠᠪᠤ᠎ᠳᠤ᠂ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠢ ᠲᠡᠭᠦᠯᠳᠡᠷᠵᠢᠭᠦᠯᠵᠦ᠂ ᠲᠣᠭᠣᠷᠢᠨ ᠪᠠᠢ᠌ᠴᠠᠭ᠋ᠠᠵᠤ ᠬᠣᠷᠢᠭᠯᠠᠬᠤ ᠵᠢ ᠴᠢᠩᠭ᠋ᠠᠳᠬᠠᠵᠤ᠂ ᠠᠶᠤᠯ᠎ᠠᠴᠠ ᠠᠪᠤᠷᠠᠬᠤ ᠡᠩᠨᠡᠭᠡ᠂ ᠮᠠᠲ᠋ᠧᠷᠢᠶᠠᠯ ᠪᠣᠳᠠᠰ ᠪᠠ ᠲᠥᠬᠦᠭᠡᠷᠦᠮᠵᠢ ᠵᠢ ᠤᠷᠢᠳᠴᠢᠯᠠᠨ ᠪᠠᠢ᠌ᠷᠢᠯᠠᠭᠤᠯᠵᠤ᠂ ᠤᠰᠤᠨ ᠴᠥᠭᠥᠷᠥᠮ᠎ᠤᠨ ᠲᠦᠭᠰᠢᠭᠦᠷᠢᠲᠦ ᠪᠠᠢ᠌ᠳᠠᠯ᠎ᠤᠨ ᠨᠥᠯᠥᠭᠡᠯᠡᠬᠦ ᠬᠡᠪᠴᠢᠶᠡᠨ᠎ᠳᠠᠬᠢ ᠬᠥᠮᠥᠰ᠎ᠢ ᠰᠢᠯᠵᠢᠭᠦᠯᠦᠨ ᠠᠶᠤᠯ᠎ᠠᠴᠠ ᠵᠠᠢ᠌ᠯᠠᠭᠤᠯᠬᠤ ᠵᠢ ᠤᠷᠢᠳᠴᠢᠯᠠᠨ ᠵᠣᠬᠢᠶᠠᠨ ᠪᠠᠢ᠌ᠭᠤᠯᠤᠨ ᠰᠠᠢ᠌ᠲᠤᠷ ᠬᠢᠵᠦ᠂ ᠬᠠᠰᠤᠬᠤ ᠶᠣᠰᠣᠲᠠᠢ ᠵᠢ᠎ᠨᠢ ᠪᠦᠬᠦᠨ᠎ᠢ ᠬᠠᠰᠤᠵᠤ᠂ ᠰᠢᠯᠵᠢᠭᠦᠯᠬᠦ ᠶᠣᠰᠣᠲᠠᠢ ᠵᠢ᠎ᠨᠢ ᠡᠷᠲᠡ᠎ᠠᠴᠠ ᠰᠢᠯᠵᠢᠭᠦᠯᠵᠦ᠂ ᠨᠢᠭᠡ ᠬᠥᠮᠥᠨ᠎ᠢ ᠴᠦ᠍ ᠬᠣᠴᠣᠷᠭ᠋ᠠᠬᠤ ᠦᠭᠡᠢ ᠪᠠᠢ᠌ᠬᠤ ᠵᠢ ᠪᠡᠶᠡᠯᠡᠭᠦᠯᠬᠦ ᠬᠡᠷᠡᠭᠲᠡᠢ᠃
ᠡᠭᠦᠨ᠎ᠠᠴᠠ ᠭᠠᠳᠠᠨ᠎ᠠ᠂ ᠦᠶᠡᠷ᠎ᠢ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠪᠠᠢ᠌ᠭᠤᠯᠵᠤ ᠪᠠᠢ᠌ᠭ᠎ᠠ ᠢᠨᠵᠧᠨᠧᠷᠢᠩ᠂ ᠨᠦᠯᠦᠮᠡᠯ ᠭᠠᠵᠠᠷ᠎ᠤᠨ ᠬᠠᠰᠢᠯᠭ᠎ᠠ ᠵᠢᠨ ᠦᠶᠡᠷ᠎ᠢ ᠠᠮᠤᠷ ᠲᠦᠪᠰᠢᠨ ᠵᠶ᠋ᠡᠷ ᠥᠩᠭᠡᠷᠡᠭᠦᠯᠬᠦ ᠵᠢ ᠴᠢᠩᠭ᠋ᠠᠳᠬᠠᠬᠤ ᠬᠡᠷᠡᠭᠲᠡᠢ᠃ ᠵᠢᠵᠢᠭ ᠬᠡᠯᠪᠡᠷᠢ ᠵᠢᠨ ᠤᠰᠤᠨ ᠴᠥᠭᠥᠷᠥᠮ᠎ᠤᠨ 〈ᠭᠤᠷᠪᠠᠨ ᠬᠠᠷᠢᠭᠤᠴᠠᠯᠭ᠋ᠠᠲᠠᠨ〉᠎ᠤ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠ 〈ᠭᠤᠷᠪᠠᠨ ᠭᠣᠣᠯᠳᠠᠯᠭ᠎ᠠ᠎ᠲᠠᠢ ᠭᠣᠭᠴᠣᠭ᠎ᠠ〉 ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ᠂ ᠲᠣᠮᠣ ᠳᠤᠮᠳᠠ ᠬᠡᠯᠪᠡᠷᠢ ᠵᠢᠨ ᠤᠰᠤᠨ ᠴᠥᠭᠥᠷᠥᠮ᠎ᠤᠨ ᠦᠶᠡᠷ᠎ᠢ ᠰᠡᠷᠭᠡᠢ᠌ᠯᠡᠬᠦ ᠲᠣᠬᠢᠷᠠᠭᠤᠯᠤᠯᠲᠠ ᠬᠡᠷᠡᠭᠯᠡᠯᠲᠡ ᠪᠠ ᠦᠶᠡᠷ᠎ᠤᠨ ᠬᠢᠵᠠᠭ᠋ᠠᠷ᠎ᠤᠨ ᠤᠰᠤᠨ ᠲᠦᠪᠰᠢᠨ᠎ᠢ ᠬᠡᠷᠡᠭᠵᠢᠭᠦᠯᠬᠦ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠭᠰᠠᠨ ᠦᠭᠡᠢ᠂ ᠲᠣᠬᠢᠷᠠᠭᠤᠯᠤᠯᠲᠠ ᠵᠢ ᠬᠡᠷᠡᠭᠵᠢᠭᠦᠯᠦᠭᠰᠡᠨ ᠦᠭᠡᠢ᠂ ᠴᠠᠭ ᠲᠤᠬᠠᠢᠳᠤᠨᠢ ᠰᠢᠢ᠍ᠳᠪᠦᠷᠢᠯᠡᠭᠰᠡᠨ ᠦᠭᠡᠢ ᠵᠡᠷᠭᠡ ᠠᠰᠠᠭᠤᠳᠠᠯ᠎ᠠᠴᠠ ᠪᠣᠯᠵᠤ ᠤᠰᠤᠨ ᠴᠥᠭᠥᠷᠥᠮ᠎ᠳᠤ ᠬᠦᠨᠳᠦ ᠶᠡᠬᠡ ᠠᠶᠤᠯ ᠲᠦᠭᠰᠢᠭᠦᠷᠢ ᠤᠴᠠᠷᠠᠭᠤᠯᠤᠭᠰᠠᠨ ᠪᠠᠢ᠌ᠪᠠᠯ᠂ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ》 ᠭᠡᠵᠦ ᠯᠢ ᠭᠦᠸᠧ ᠶᠢᠩ ᠬᠡᠯᠡᠪᠡ᠃