ᠣᠢ᠌ᠷ᠎ᠠ ᠵᠢᠨ ᠡᠳᠦᠷ᠎ᠤᠳ᠎ᠲᠤ ᠮᠠᠨ᠎ᠤ ᠤᠯᠤᠰ᠎ᠤᠨ ᠡᠮᠦᠨᠡᠲᠦ ᠣᠷᠣᠨ ᠵᠡᠷᠭᠡ ᠭᠠᠵᠠᠷ᠎ᠲᠤ ᠰᠢᠷᠦᠭᠦᠨ ᠪᠣᠷᠣᠭ᠋ᠠᠨ ᠣᠷᠣᠵᠤ᠂ ᠭᠤᠸᠠᠩᠳᠦ᠋ᠩ᠂ ᠭᠤᠸᠠᠩᠰᠢ ᠵᠡᠷᠭᠡ ᠭᠠᠵᠠᠷ᠎ᠤᠨ ᠭᠣᠣᠯ ᠮᠥᠷᠡᠨ᠎ᠳᠤ ᠰᠡᠷᠭᠡᠢ᠌ᠯᠡᠯᠲᠡ ᠠᠴᠠ ᠳᠠᠪᠠᠭᠰᠠᠨ ᠦᠶᠡᠷ ᠭᠠᠷᠴᠠᠢ᠃ ᠦᠶᠡᠷ᠎ᠤᠨ ᠪᠠᠢ᠌ᠳᠠᠯ᠎ᠤᠨ ᠡᠮᠦᠨ᠎ᠡ᠂ ᠤᠯᠠᠨ ᠭᠠᠵᠠᠷ ᠤᠯᠠᠨ ᠰᠠᠯᠠᠭ᠎ᠠ ᠮᠥᠴᠢᠷ᠎ᠤᠨ᠎ᠬᠢᠨ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠢ ᠡᠬᠢᠯᠡᠭᠦᠯᠵᠦ᠂ ᠦᠶᠡᠷ᠎ᠢ ᠰᠡᠷᠭᠡᠢ᠌ᠯᠡᠨ ᠭᠠᠮᠰᠢᠭ᠎ᠠᠴᠠ ᠠᠪᠤᠷᠠᠬᠤ ᠠᠵᠢᠯ᠎ᠢ ᠢᠳᠡᠪᠬᠢᠲᠡᠢ ᠪᠠᠢ᠌ᠷᠢᠯᠠᠭᠤᠯᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃
ᠡᠳᠦᠷ ᠳᠠᠷᠠᠭ᠋ᠠᠯᠠᠨ᠂ ᠮᠠᠨ᠎ᠤ ᠤᠯᠤᠰ᠎ᠤᠨ ᠡᠮᠦᠨᠡᠲᠦ ᠣᠷᠣᠨ ᠵᠡᠷᠭᠡ ᠭᠠᠵᠠᠷ᠎ᠲᠤ ᠰᠢᠷᠦᠭᠦᠨ ᠪᠣᠷᠣᠭ᠋ᠠᠨ ᠣᠷᠣᠵᠤ᠂ ᠪᠣᠷᠣᠭ᠋ᠠᠨ᠎ᠤ ᠬᠡᠪᠴᠢᠶ᠎ᠡ᠎ᠨᠢ ᠥᠷᠭᠡᠨ᠂ ᠦᠷᠭᠦᠯᠵᠢᠯᠡᠭᠰᠡᠨ ᠴᠠᠭ᠎ᠨᠢ ᠣᠷᠳᠣ᠂ ᠬᠦᠴᠦᠯᠡᠴᠡ᠎ᠨᠢ ᠶᠡᠬᠡ᠃ 5 ᠰᠠᠷ᠎ᠠ ᠵᠢᠨ 11᠎ᠤ ᠡᠳᠦᠷ᠂ ᠭᠤᠸᠠᠩᠳᠦ᠋ᠩ᠎ᠤᠨ ᠳᠤᠮᠳᠠ ᠬᠡᠰᠡᠭ᠂ ᠭᠦᠢ᠍ᠵᠧᠦ ᠵᠢᠨ ᠬᠣᠢ᠌ᠲᠤ ᠬᠡᠰᠡᠭ᠂ ᠶᠦᠨᠨᠠᠨ᠎ᠤ ᠪᠠᠷᠠᠭᠤᠨ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠶᠡᠬᠡ᠎ᠠᠴᠠ ᠠᠭ᠋ᠠᠳᠠᠷ ᠪᠣᠷᠣᠭ᠋ᠠᠨ ᠣᠷᠣᠵᠤ᠂ ᠭᠤᠸᠠᠩᠳᠦ᠋ᠩ᠎ᠤᠨ ᠴᠢᠩ ᠶᠤᠸᠠᠨ᠎ᠤ ᠹᠥᠸᠧ ᠭᠠᠩ ᠰᠢᠶᠠᠨ᠎ᠳᠤ ᠣᠨᠴᠠ ᠶᠡᠬᠡ ᠠᠭ᠋ᠠᠳᠠᠷ ᠪᠣᠷᠣᠭ᠋ᠠᠨ ᠣᠷᠣᠪᠠ᠃
ᠵᠢᠱ᠌ᠢᠯᠲᠡ᠎ᠪᠠᠷ᠂ ᠡᠮᠦᠨᠡᠲᠦ ᠣᠷᠣᠨ᠎ᠳᠤ ᠰᠢᠷᠦᠭᠦᠨ ᠪᠣᠷᠣᠭ᠋ᠠᠨ ᠦᠷᠭᠦᠯᠵᠢᠯᠡᠨ ᠣᠷᠣᠬᠤ ᠪᠣᠯᠣᠨ᠎ᠠ᠃ 11᠎ᠤ ᠡᠳᠦᠷ᠎ᠤᠨ 18 ᠴᠠᠭ᠎ᠲᠤ᠂ ᠲᠥᠪ᠎ᠤᠨ ᠴᠠᠭ ᠠᠭᠤᠷ᠎ᠤᠨ ᠲᠣᠪᠴᠢᠶ᠎ᠠ ᠡᠨᠡ ᠵᠢᠯ᠎ᠤᠨ ᠠᠩᠬᠠᠳᠠᠭᠴᠢ ᠰᠢᠷᠦᠭᠦᠨ ᠪᠣᠷᠣᠭ᠋ᠠᠨ᠎ᠤ ᠤᠯᠠᠪᠤᠷ ᠥᠩᠭᠡ ᠵᠢᠨ ᠰᠡᠷᠡᠮᠵᠢᠯᠡᠭᠦᠯᠦᠯ᠎ᠤᠨ ᠳᠣᠬᠢᠶ᠎ᠠ ᠨᠡᠢ᠌ᠲᠡᠯᠡᠵᠦ᠂ ᠤᠰᠤᠨ ᠠᠰᠢᠭᠯᠠᠯᠲᠠ ᠵᠢᠨ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠎ᠲᠠᠢ ᠬᠠᠮᠲᠤᠷᠠᠨ ᠤᠯᠠᠪᠤᠷ ᠥᠩᠭᠡ ᠵᠢᠨ ᠠᠭᠤᠯᠠᠨ ᠦᠶᠡᠷ᠎ᠤᠨ ᠭᠠᠮᠰᠢᠭ᠎ᠤᠨ ᠴᠠᠭ ᠠᠭᠤᠷ᠎ᠤᠨ ᠰᠡᠷᠡᠮᠵᠢᠯᠡᠭᠦᠯᠦᠯ᠂ ᠭᠠᠵᠠᠷ ᠰᠢᠨᠵᠢᠯᠡᠭᠡᠨ᠎ᠤ ᠭᠠᠢ ᠭᠠᠮᠰᠢᠭ᠎ᠤᠨ ᠴᠠᠭ ᠠᠭᠤᠷ᠎ᠤᠨ ᠲᠦᠭᠰᠢᠭᠦᠷᠢ ᠵᠢᠨ ᠰᠡᠷᠡᠮᠵᠢᠯᠡᠭᠦᠯᠦᠯ᠎ᠢ ᠨᠡᠢ᠌ᠲᠡᠯᠡᠪᠡ᠃ 《ᠤᠯᠤᠰ᠎ᠤᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ》 ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠪᠡᠯ᠂ ᠤᠯᠤᠰ᠎ᠤᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠢ ᠭᠠᠵᠠᠷ᠎ᠤᠨ᠎ᠬᠢᠨ 11 ᠤ ᠡᠳᠦᠷ᠎ᠤᠨ 9 ᠴᠠᠭ᠎ᠲᠤ ᠦᠶᠡᠷ᠎ᠢ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠢ Ⅳ ᠳᠡᠰ᠎ᠠᠴᠠ Ⅲ ᠳᠡᠰ ᠪᠣᠯᠭ᠋ᠠᠨ ᠳᠡᠭᠡᠭᠰᠢᠯᠡᠭᠦᠯᠵᠡᠢ᠃ ᠤᠯᠤᠰ᠎ᠤᠨ ᠦᠶᠡᠷ᠎ᠢ ᠰᠡᠷᠭᠡᠢ᠌ᠯᠡᠬᠦ ᠠᠵᠢᠯ᠎ᠤᠨ ᠠᠯᠪᠠᠨ ᠭᠡᠷ᠎ᠠᠴᠠ ᠨᠢᠭᠡᠨᠲᠡ ᠬᠣᠶᠠᠷ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠲᠣᠮᠢᠯᠠᠨ ᠭᠤᠸᠠᠩᠳᠦ᠋ᠩ᠂ ᠭᠤᠸᠠᠩᠰᠢ᠎ᠳᠤ ᠣᠴᠢᠭᠤᠯᠵᠤ ᠰᠡᠷᠭᠡᠢ᠌ᠯᠡᠨ ᠠᠷᠭ᠋ᠠᠴᠠᠬᠤ ᠠᠵᠢᠯ᠎ᠢ ᠵᠢᠯᠣᠭᠣᠳᠤᠭᠤᠯᠪᠠ᠃
ᠰᠢᠷᠦᠭᠦᠨ ᠪᠣᠷᠣᠭ᠋ᠠᠨ᠎ᠤ ᠨᠥᠯᠥᠭᠡ᠎ᠪᠠᠷ 18 ᠭᠣᠣᠯ ᠮᠥᠷᠡᠨ᠎ᠳᠤ ᠰᠡᠷᠭᠡᠢ᠌ᠯᠡᠯᠲᠡ᠎ᠠᠴᠠ ᠳᠠᠪᠠᠭᠰᠠᠨ ᠦᠶᠡᠷ ᠭᠠᠷᠪᠠ᠃
ᠲᠥᠪ᠎ᠤᠨ ᠴᠠᠭ ᠠᠭᠤᠷ᠎ᠤᠨ ᠬᠣᠷᠢᠶᠠᠨ᠎ᠤ ᠵᠢᠱ᠌ᠢᠯᠲᠡ᠎ᠪᠠᠷ᠂ 11᠎ᠤ ᠡᠳᠦᠷ᠎ᠤᠨ 20 ᠴᠠᠭ ᠠᠴᠠ 12᠎ᠤᠨ ᠡᠳᠦᠷ᠎ᠤᠨ 20 ᠴᠠᠭ ᠪᠣᠯᠲᠠᠯ᠎ᠠ᠂ ᠭᠤᠸᠠᠩᠰᠢ ᠵᠢᠨ ᠶᠡᠬᠡᠩᠬᠢ ᠬᠡᠰᠡᠭ᠂ ᠭᠤᠸᠠᠩᠳᠦ᠋ᠩ᠂ ᠹᠦᠵᠢᠶᠠᠨ᠎ᠤ ᠪᠠᠷᠠᠭᠤᠨ ᠬᠡᠰᠡᠭ ᠪᠣᠯᠣᠨ ᠳᠤᠮᠳᠠᠳᠤ ᠡᠮᠦᠨᠡᠲᠦ ᠬᠡᠰᠡᠭ ᠵᠢᠴᠢ ᠵᠢᠶᠠᠩᠰᠢ ᠵᠢᠨ ᠡᠮᠦᠨᠡᠲᠦ ᠬᠡᠰᠡᠭ᠂ ᠭᠦᠢ᠍ᠵᠧᠦ ᠵᠢᠨ ᠪᠠᠷᠠᠭᠤᠨ ᠡᠮᠦᠨᠡᠲᠦ ᠬᠡᠰᠡᠭ᠂ ᠶᠦᠨᠨᠠᠨ᠎ᠤ ᠵᠡᠭᠦᠨ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠠᠭ᠋ᠠᠳᠠᠷ ᠪᠣᠷᠣᠭ᠋ᠠᠨ ᠣᠷᠣᠨ᠎ᠠ᠂ ᠡᠭᠦᠨ᠎ᠤ ᠳᠣᠲᠣᠷ᠎ᠠ ᠭᠤᠸᠠᠩᠳᠦ᠋ᠩ᠎ᠤᠨ ᠳᠤᠮᠳᠠ ᠬᠡᠰᠡᠭ᠂ ᠭᠤᠸᠠᠩᠰᠢ ᠵᠢᠨ ᠵᠡᠭᠦᠨ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠠᠭ᠋ᠠᠳᠠᠷ ᠪᠣᠷᠣᠭ᠋ᠠᠨ ᠣᠷᠣᠨ᠎ᠠ᠂ ᠵᠠᠷᠢᠮ ᠭᠠᠵᠠᠷ᠎ᠲᠤ ᠣᠨᠴᠠ ᠶᠡᠬᠡ ᠠᠭ᠋ᠠᠳᠠᠷ ᠪᠣᠷᠣᠭ᠋ᠠᠨ ᠣᠷᠣᠨ᠎ᠠ᠃
ᠰᠢᠷᠦᠭᠦᠨ ᠪᠣᠷᠣᠭ᠋ᠠᠨ᠎ᠤ ᠨᠥᠯᠥᠭᠡ᠎ᠪᠠᠷ᠂ 11᠎ᠤ ᠡᠳᠦᠷ᠎ᠤᠨ 20 ᠴᠠᠭ ᠠᠴᠠ 12᠎ᠤᠨ ᠡᠳᠦᠷ᠎ᠤᠨ 20 ᠴᠠᠭ ᠪᠣᠯᠲᠠᠯ᠎ᠠ᠂ ᠭᠤᠸᠠᠩᠳᠦ᠋ᠩ᠎ᠤᠨ ᠳᠤᠮᠳᠠ ᠪᠠᠷᠠᠭᠤᠨ ᠬᠡᠰᠡᠭ᠂ ᠭᠤᠸᠠᠩᠰᠢ ᠵᠢᠨ ᠵᠡᠭᠦᠨ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠠᠭᠤᠯᠠᠨ ᠦᠶᠡᠷ᠎ᠤᠨ ᠭᠠᠮᠰᠢᠭ ᠭᠠᠷᠬᠤ ᠪᠣᠯᠣᠮᠵᠢ ᠨᠡᠯᠢᠶᠡᠳ ᠶᠡᠬᠡ (ᠰᠢᠷ᠎ᠠ ᠥᠩᠭᠡ ᠵᠢᠨ ᠰᠡᠷᠡᠮᠵᠢᠯᠡᠭᠦᠯᠦᠯ) ᠪᠠᠢ᠌ᠨ᠎ᠠ᠂ ᠡᠭᠦᠨ᠎ᠳᠤ ᠭᠤᠸᠠᠩᠳᠦ᠋ᠩ᠎ᠤᠨ ᠳᠤᠮᠳᠠ ᠬᠡᠰᠡᠭ᠎ᠤᠨ ᠬᠡᠰᠡᠭ ᠭᠠᠵᠠᠷ᠎ᠲᠤ ᠠᠭᠤᠯᠠᠨ ᠦᠶᠡᠷ᠎ᠤᠨ ᠭᠠᠮᠰᠢᠭ ᠭᠠᠷᠬᠤ ᠪᠣᠯᠣᠮᠵᠢ ᠶᠡᠬᠡ (ᠤᠯᠠᠪᠤᠷ ᠥᠩᠭᠡ ᠵᠢᠨ ᠰᠡᠷᠡᠮᠵᠢᠯᠡᠭᠦᠯᠦᠯ); ᠭᠤᠸᠠᠩᠳᠦ᠋ᠩ᠎ᠤᠨ ᠳᠤᠮᠳᠠ ᠬᠡᠰᠡᠭ᠂ ᠭᠤᠸᠠᠩᠰᠢ ᠵᠢᠨ ᠵᠡᠭᠦᠨ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ ᠣᠷᠣᠨ᠎ᠳᠤ ᠭᠠᠵᠠᠷ ᠰᠢᠨᠵᠢᠯᠡᠭᠡᠨ᠎ᠤ ᠭᠠᠢ ᠭᠠᠮᠰᠢᠭ ᠡᠭᠦᠰᠬᠦ ᠴᠠᠭ ᠠᠭᠤᠷ᠎ᠤᠨ ᠠᠶᠤᠯ ᠲᠦᠭᠰᠢᠭᠦᠷᠢ ᠨᠡᠯᠢᠶᠡᠳ ᠥᠨᠳᠥᠷ ᠪᠠᠢ᠌ᠳᠠᠭ (ᠰᠢᠷ᠎ᠠ ᠥᠩᠭᠡ ᠵᠢᠨ ᠰᠡᠷᠡᠮᠵᠢᠯᠡᠭᠦᠯᠦᠯ)᠂ ᠡᠭᠦᠨ᠎ᠳᠤ ᠭᠤᠸᠠᠩᠳᠦ᠋ᠩ᠎ᠤᠨ ᠳᠤᠮᠳᠠ ᠬᠡᠰᠡᠭ᠎ᠤᠨ ᠬᠡᠰᠡᠭ ᠭᠠᠵᠠᠷ ᠣᠷᠣᠨ᠎ᠳᠤ ᠭᠠᠵᠠᠷ ᠰᠢᠨᠵᠢᠯᠡᠭᠡᠨ᠎ᠤ ᠭᠠᠢ ᠭᠠᠮᠰᠢᠭ ᠡᠭᠦᠰᠬᠦ ᠴᠠᠭ ᠠᠭᠤᠷ᠎ᠤᠨ ᠠᠶᠤᠯ ᠲᠦᠭᠰᠢᠭᠦᠷᠢ ᠶᠡᠬᠡ ᠪᠠᠢ᠌ᠳᠠᠭ (ᠤᠯᠠᠪᠤᠷ ᠥᠩᠭᠡ ᠵᠢᠨ ᠰᠡᠷᠡᠮᠵᠢᠯᠡᠭᠦᠯᠦᠯ)᠃
ᠵᠢᠱ᠌ᠢᠯᠲᠡ᠎ᠪᠠᠷ᠂ 11᠎ᠤ ᠰᠥᠨᠢ᠎ᠠᠴᠠ 13᠎ᠤ ᠡᠳᠦᠷ ᠪᠣᠯᠲᠠᠯ᠎ᠠ᠂ ᠡᠮᠦᠨᠡᠲᠦ ᠣᠷᠣᠨ᠎ᠳᠤ ᠮᠥᠨ ᠬᠦ᠌ ᠰᠢᠷᠦᠭᠦᠨ ᠪᠣᠷᠣᠭ᠋ᠠᠨ ᠣᠷᠣᠨ᠎ᠠ᠃ ᠡᠮᠦᠨᠡᠲᠦ ᠣᠷᠣᠨ᠂ ᠶᠦᠨᠨᠠᠨ᠂ ᠭᠦᠢ᠍ᠵᠧᠦ ᠵᠢᠨ ᠡᠮᠦᠨᠡᠲᠦ ᠬᠡᠰᠡᠭ ᠵᠢᠴᠢ ᠵᠢᠶᠠᠩᠨᠠᠨ᠎ᠤ ᠵᠡᠭᠦᠨ ᠡᠮᠦᠨᠡᠲᠦ ᠬᠡᠰᠡᠭ ᠵᠡᠷᠭᠡ ᠭᠠᠵᠠᠷ᠎ᠲᠤ ᠶᠡᠬᠡ᠎ᠠᠴᠠ ᠠᠭ᠋ᠠᠳᠠᠷ ᠪᠣᠷᠣᠭ᠋ᠠᠨ ᠣᠷᠣᠵᠤ᠂ ᠭᠤᠸᠠᠩᠳᠦ᠋ᠩ᠂ ᠭᠤᠸᠠᠩᠰᠢ ᠵᠢᠴᠢ ᠶᠦᠨᠨᠠᠨ᠎ᠤ ᠵᠡᠭᠦᠨ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠠᠭ᠋ᠠᠳᠠᠷ ᠪᠣᠷᠣᠭ᠋ᠠᠨ ᠣᠷᠣᠨ᠎ᠠ᠃ ᠶᠡᠬᠡᠩᠬᠢ ᠭᠠᠵᠠᠷ᠎ᠤᠨ ᠲᠤᠨᠳᠠᠰᠤᠨ᠎ᠤ ᠬᠡᠮᠵᠢᠶ᠎ᠡ᠎ᠨᠢ ᠨᠡᠶ᠋ᠢᠲᠡ 50 – 70 ᠮᠢᠯᠢᠮᠧᠲᠷ᠂ ᠵᠢᠶᠠᠩᠨᠠᠨ᠎ᠤ ᠡᠮᠦᠨᠡᠲᠦ ᠬᠡᠰᠡᠭ᠎ᠠᠴᠠ ᠡᠮᠦᠨᠡᠲᠦ ᠣᠷᠣᠨ ᠬᠦᠷᠲᠡᠯᠡᠬᠢ ᠶᠡᠬᠡᠩᠬᠢ ᠬᠡᠰᠡᠭ᠎ᠨᠢ 100 – 200 ᠮᠢᠯᠢᠮᠧᠲᠷ᠂ ᠭᠤᠸᠠᠩᠰᠢ ᠵᠢᠨ ᠳᠤᠮᠳᠠ ᠬᠣᠢ᠌ᠲᠤ ᠬᠡᠰᠡᠭ᠂ ᠭᠤᠸᠠᠩᠳᠦ᠋ᠩ᠎ᠤᠨ ᠳᠤᠮᠳᠠ ᠬᠣᠢ᠌ᠲᠤ ᠬᠡᠰᠡᠭ ᠪᠠ ᠳᠠᠯᠠᠶ ᠳᠠᠭ᠋ᠠᠤ ᠣᠷᠣᠨ᠎ᠤ ᠬᠡᠰᠡᠭ ᠭᠠᠵᠠᠷ᠎ᠲᠤ 300 ᠮᠢᠯᠢᠮᠧᠲᠷᠢ ᠳᠠᠪᠠᠵᠠᠢ᠃ ᠳᠡᠭᠡᠷ᠎ᠡ ᠳᠤᠷᠠᠳᠤᠭᠰᠠᠨ ᠭᠠᠵᠠᠷ ᠣᠷᠣᠨ᠎ᠳᠤ ᠣᠬᠣᠷᠬᠠᠨ ᠴᠠᠭ᠎ᠤᠨ ᠰᠢᠷᠦᠭᠦᠨ ᠪᠣᠷᠣᠭ᠋ᠠᠨ ᠪᠠ ᠬᠡᠰᠡᠭ ᠭᠠᠵᠠᠷ᠎ᠤᠨ ᠠᠶᠤᠩᠭ᠋ᠠᠲᠤ ᠪᠣᠷᠣᠭ᠋ᠠᠨ ᠶᠡᠬᠡ ᠰᠠᠯᠬᠢ ᠵᠡᠷᠭᠡ ᠬᠦᠴᠦᠲᠡᠢ ᠰᠣᠯᠢᠭ ᠤᠷᠤᠰᠬᠠᠯ᠎ᠤᠨ ᠴᠠᠭ ᠠᠭᠤᠷ ᠡᠭᠦᠰᠦᠨ᠎ᠡ᠃
ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ ᠵᠶ᠋ᠠᠷ᠄ ᠪᠣᠷᠣᠭ᠋ᠠᠨ᠎ᠤ ᠨᠥᠯᠥᠭᠡ᠎ᠪᠠᠷ᠂ 11᠎ᠤ ᠡᠳᠦᠷ᠎ᠤᠨ 16 ᠴᠠᠭ ᠪᠣᠯᠲᠠᠯ᠎ᠠ᠂ ᠭᠤᠸᠠᠩᠰᠢ ᠵᠢᠨ ᠭᠦᠢᠵᠢᠶᠠᠩ ᠮᠥᠷᠡᠨ᠎ᠤ ᠳᠤᠮᠳᠠᠳᠤ ᠤᠷᠤᠰᠬᠠᠯ᠂ ᠬᠤᠨᠠᠨ᠎ᠤ ᠰᠢᠶᠠᠩᠵᠢᠶᠠᠩ ᠮᠥᠷᠡᠨ᠎ᠤ ᠳᠡᠭᠡᠳᠦ ᠳᠤᠮᠳᠠᠳᠤ ᠤᠷᠤᠰᠬᠠᠯ᠂ ᠭᠤᠸᠠᠩᠳᠦ᠋ᠩ᠎ᠤᠨ ᠪᠧᠢ ᠵᠢᠶᠠᠩ ᠮᠥᠷᠡᠨ᠎ᠤ ᠰᠠᠯᠪᠤᠷᠢ ᠤᠷᠤᠰᠬᠠᠯ ᠹᠥᠸᠧ ᠵᠢᠶᠠᠩ᠂ ᠵᠢᠶᠠᠩᠰᠢ ᠵᠢᠨ ᠭᠠᠨᠵᠢᠶᠠᠩ ᠮᠥᠷᠡᠨ᠎ᠤ ᠰᠠᠯᠪᠤᠷᠢ ᠤᠷᠤᠰᠬᠠᠯ ᠹᠥᠸᠧ ᠵᠢᠶᠠᠩ ᠮᠥᠷᠡᠨ᠂ ᠴᠦᠩᠴᠢᠩ᠎ᠤᠨ ᠵᠢᠶᠠ ᠯᠢᠩ ᠵᠢᠶᠠᠩ ᠮᠥᠷᠡᠨ᠎ᠤ ᠰᠠᠯᠪᠤᠷᠢ ᠤᠷᠤᠰᠬᠠᠯ ᠪᠢ ᠪᠧᠢ ᠾᠧ ᠭᠣᠣᠯ᠂ ᠰᠧᠴᠤᠸᠠᠨ᠎ᠤ ᠮᠢᠨᠵᠢᠶᠠᠩ ᠮᠥᠷᠡᠨ᠎ᠤ ᠰᠠᠯᠪᠤᠷᠢ ᠤᠷᠤᠰᠬᠠᠯ ᠮᠥᠸᠧ ᠰᠢ ᠾᠧ ᠭᠣᠣᠯ ᠵᠡᠷᠭᠡ 18 ᠭᠣᠣᠯ ᠮᠥᠷᠡᠨ᠎ᠳᠤ ᠰᠡᠷᠭᠡᠢ᠌ᠯᠡᠯᠲᠡ᠎ᠠᠴᠠ ᠳᠠᠪᠠᠭᠰᠠᠨ ᠦᠶᠡᠷ ᠭᠠᠷᠴᠤ᠂ ᠰᠡᠷᠭᠡᠢ᠌ᠯᠡᠯᠲᠡ᠎ᠠᠴᠠ ᠳᠠᠪᠠᠭᠰᠠᠨ ᠬᠠᠮᠤᠭ᠎ᠤᠨ ᠶᠡᠬᠡ ᠬᠡᠮᠵᠢᠶ᠎ᠡ᠎ᠨᠢ 0.04 –1.04 ᠮᠧᠲᠷ᠃ ᠣᠳᠣᠬᠠᠨ᠎ᠳᠤ ᠰᠢᠶᠠᠩᠵᠢᠶᠠᠩ ᠮᠥᠷᠡᠨ᠎ᠤ ᠳᠡᠭᠡᠳᠦ ᠳᠤᠮᠳᠠᠳᠤ ᠤᠷᠤᠰᠬᠠᠯ ᠬᠢᠭᠡᠳ ᠪᠧᠢ ᠵᠢᠶᠠᠩ ᠮᠥᠷᠡᠨ᠎ᠤ ᠰᠠᠯᠪᠤᠷᠢ ᠤᠷᠤᠰᠬᠠᠯ ᠪᠣᠯᠬᠤ ᠹᠦᠵᠢᠶᠠᠡᠭ ᠮᠥᠷᠡᠨ᠎ᠢ ᠭᠠᠷᠭ᠋ᠠᠪᠠᠯ᠂ ᠪᠤᠰᠤᠳ ᠭᠣᠣᠯ ᠮᠥᠷᠡᠨ᠎ᠨᠢ ᠴᠥᠮ ᠰᠡᠷᠭᠡᠢ᠌ᠯᠡᠯᠲᠡ᠎ᠠᠴᠠ ᠳᠣᠣᠷ᠎ᠠ ᠪᠣᠯᠤᠭᠰᠠᠨ ᠪᠠᠢ᠌ᠨ᠎ᠠ᠃ ᠵᠢᠱ᠌ᠢᠯᠲᠡ᠎ᠪᠠᠷ ᠢᠷᠡᠭᠡᠳᠦᠢ ᠵᠢᠨ 2 –3 ᠡᠳᠦᠷ᠎ᠲᠤ᠂ ᠭᠤᠸᠠᠩᠳᠦ᠋ᠩ᠂ ᠭᠤᠸᠠᠩᠰᠢ ᠵᠢᠨ ᠭᠣᠣᠯ ᠪᠣᠯᠬᠤ ᠭᠣᠣᠯ ᠮᠥᠷᠡᠨ ᠵᠢᠴᠢ ᠬᠤᠨᠠᠨ᠎ᠤ ᠰᠢᠶᠠᠩᠵᠢᠶᠠᠩ ᠮᠥᠷᠡᠨ᠂ ᠵᠢᠶᠠᠩᠰᠢ ᠵᠢᠨ ᠭᠠᠨᠵᠢᠶᠠᠩ ᠮᠥᠷᠡᠨ᠂ ᠹᠦᠵᠢᠶᠠᠨ᠎ᠤ ᠮᠢᠨᠵᠢᠶᠠᠩ ᠮᠥᠷᠡᠨ ᠵᠡᠷᠭᠡ᠎ᠳᠤ ᠢᠯᠡᠳᠲᠡ ᠤᠰᠤ ᠥᠰᠬᠦ ᠶᠠᠪᠤᠴᠠ ᠭᠠᠷᠴᠤ᠂ ᠬᠡᠰᠡᠭ ᠳᠤᠮᠳᠠ ᠵᠢᠵᠢᠭ ᠭᠣᠣᠯ ᠮᠥᠷᠡᠨ᠎ᠳᠤ ᠰᠡᠷᠭᠡᠢ᠌ᠯᠡᠯᠲᠡ᠎ᠠᠴᠠ ᠳᠠᠪᠠᠭᠰᠠᠨ ᠦᠶᠡᠷ᠎ᠤᠨ ᠭᠠᠮᠰᠢᠭ ᠭᠠᠷᠴᠤ ᠮᠡᠳᠡᠨ᠎ᠡ᠃
ᠲᠥᠪ᠎ᠤᠨ ᠴᠠᠭ ᠠᠭᠤᠷ᠎ᠤᠨ ᠲᠣᠪᠴᠢᠶ᠎ᠠ ᠵᠢᠨ ᠲᠡᠷᠢᠭᠦᠨ ᠤᠷᠢᠳᠴᠢᠯᠠᠨ ᠮᠡᠳᠡᠭᠡᠯᠡᠭᠴᠢ ᠵᠠᠩ ᠲᠤᠸ᠋ ᠵᠠᠳᠠᠯᠬᠤ᠎ᠳᠠᠭᠠᠨ᠂ ᠤᠮᠠᠷᠠᠲᠤ ᠣᠷᠣᠨ᠎ᠤ ᠬᠦᠴᠦᠲᠡᠢ ᠬᠦᠢ᠍ᠲᠡᠨ ᠠᠭ᠋ᠠᠷ ᠪᠣᠯᠣᠨ ᠳᠡᠳ᠋ ᠬᠠᠯᠠᠭᠤᠨ ᠪᠦᠰᠡᠨ᠎ᠤ ᠥᠨᠳᠥᠷ ᠳᠠᠷᠤᠯᠲᠠ ᠵᠢᠨ ᠪᠠᠷᠠᠭᠤᠨ ᠬᠡᠰᠡᠭ᠎ᠤᠨ ᠳᠤᠯᠠᠭ᠋ᠠᠨ ᠴᠢᠭᠢᠭᠯᠢᠭ ᠠᠭ᠋ᠠᠷ᠎ᠤᠨ ᠤᠷᠤᠰᠬᠠᠯ ᠬᠠᠷᠢᠯᠴᠠᠨ ᠡᠰᠡᠷᠭᠦᠴᠡᠯᠳᠦᠭᠰᠡᠨ ᠶᠠᠪᠤᠳᠠᠯ ᠪᠣᠯ ᠲᠣᠰ ᠤᠳᠠᠭ᠋ᠠᠨ᠎ᠤ ᠡᠮᠦᠨᠡᠲᠦ ᠣᠷᠣᠨ᠎ᠤ ᠰᠢᠷᠦᠭᠦᠨ ᠪᠣᠷᠣᠭ᠋ᠠᠨ᠎ᠤ ᠪᠣᠶ ᠪᠣᠯᠤᠭᠰᠠᠨ ᠰᠢᠯᠲᠠᠭ᠋ᠠᠨ ᠮᠥᠨ ᠭᠡᠵᠡᠢ᠃ ᠤᠴᠢᠷ᠎ᠨᠢ ᠬᠦᠢ᠍ᠲᠡᠨ ᠠᠭ᠋ᠠᠷ᠎ᠤᠨ ᠬᠦᠴᠦᠨ ᠨᠡᠯᠢᠶᠡᠳ ᠴᠢᠩᠭ᠎ᠠ᠂ ᠬᠦᠢ᠍ᠲᠡᠨ ᠳᠤᠯᠠᠭ᠋ᠠᠨ ᠠᠭ᠋ᠠᠷ᠎ᠤᠨ ᠪᠣᠳᠠᠲᠤ ᠬᠦᠴᠦᠨ᠎ᠨᠢ ᠠᠳᠠᠯᠢ ᠪᠠᠢ᠌ᠵᠤ᠂ ᠰᠢᠷᠦᠭᠦᠨ ᠮᠥᠷᠭᠥᠯᠳᠦᠭᠰᠡᠨᠠᠴᠠ ᠪᠣᠯᠵᠤ᠂ ᠪᠣᠷᠣᠭ᠋ᠠᠨ᠎ᠤ ᠪᠦᠰᠡ ᠵᠢᠨ ᠪᠠᠢ᠌ᠷᠢ᠎ᠨᠢ ᠭᠤᠸᠠᠩᠳᠦ᠋ᠩ᠂ ᠭᠤᠸᠠᠩᠰᠢ᠎ᠠᠴᠠ ᠹᠦᠵᠢᠶᠠᠨ ᠬᠦᠷᠬᠦ ᠡᠨᠡ ᠣᠷᠴᠢᠮ᠎ᠤᠨ ᠭᠠᠵᠠᠷ ᠣᠷᠣᠨ᠎ᠳᠤ ᠲᠣᠭᠲᠠᠪᠤᠷᠢᠵᠢᠵᠤ᠂ ᠪᠣᠷᠣᠭ᠋ᠠᠨ᠎ᠤ ᠶᠠᠪᠤᠴᠠ ᠵᠢᠨ ᠦᠷᠭᠦᠯᠵᠢᠯᠡᠬᠦ ᠴᠠᠭ᠎ᠨᠢ ᠣᠷᠳᠣ᠂ ᠪᠣᠷᠣᠭ᠋ᠠᠨ᠎ᠤ ᠬᠡᠮᠵᠢᠶ᠎ᠡ᠎ᠨᠢ ᠶᠡᠬᠡ᠂ ᠬᠡᠰᠡᠭ ᠭᠠᠵᠠᠷ᠎ᠲᠤ ᠪᠣᠷᠣᠭ᠋ᠠᠨ᠎ᠤ ᠪᠠᠢ᠌ᠳᠠᠯ ᠰᠢᠷᠦᠭᠦᠨ ᠭᠡᠪᠡ᠃ ᠵᠠᠩ ᠲᠤᠸ᠋ ᠣᠯᠠᠨ ᠨᠡᠶ᠋ᠢᠲᠡ᠎ᠳᠤ ᠲᠤᠬᠠᠢ ᠵᠢᠨ ᠭᠠᠵᠠᠷ᠎ᠤᠨ ᠴᠠᠭ ᠠᠭᠤᠷ᠎ᠤᠨ ᠲᠣᠪᠴᠢᠶ᠎ᠠ ᠵᠢᠨ ᠣᠢ᠌ᠷᠠᠳᠬᠤ ᠦᠶ᠎ᠡ ᠵᠢᠨ ᠨᠠᠩ ᠨᠠᠷᠢᠨ ᠣᠨᠣᠪᠴᠢᠲᠠᠶ ᠴᠠᠭ ᠠᠭᠤᠷ᠎ᠤᠨ ᠰᠡᠷᠡᠮᠵᠢ ᠵᠢᠨ ᠮᠡᠳᠡᠭᠡ ᠵᠢ ᠠᠩᠬᠠᠷᠴᠤ᠂ ᠪᠠᠢ᠌ᠳᠠᠯ᠎ᠢ ᠦᠨᠳᠦᠰᠦᠯᠡᠨ ᠵᠣᠬᠢᠴᠠᠩᠭᠤᠢ ᠰᠡᠷᠭᠡᠢ᠌ᠯᠡᠬᠦ ᠠᠷᠭ᠎ᠠ ᠬᠡᠮᠵᠢᠶ᠎ᠡ ᠠᠪᠴᠤ ᠪᠠᠢ᠌ᠭ᠋ᠠᠳ ᠬᠣᠲᠠ ᠬᠥᠳᠡᠭᠡ ᠵᠢᠨ ᠦᠶᠡᠷ ᠤᠰᠤᠲᠤᠯ᠎ᠤᠨ ᠦᠢ᠍ᠯᠡᠳᠪᠦᠷᠢᠯᠡᠯ ᠠᠮᠢᠳᠤᠷᠠᠯ ᠵᠢᠴᠢ ᠵᠠᠮ ᠬᠠᠷᠢᠯᠴᠠᠭ᠋ᠠᠨ᠎ᠤ ᠶᠠᠪᠤᠵᠤ ᠰᠠᠭᠤᠬᠤ᠎ᠳᠤ ᠠᠰᠢᠭ ᠦᠭᠡᠢ ᠨᠥᠯᠥᠭᠡ ᠦᠵᠡᠭᠦᠯᠵᠦ ᠮᠡᠳᠡᠬᠦ ᠵᠢ ᠰᠠᠨᠠᠭᠤᠯᠪᠠ᠃
ᠣᠯᠠᠨ ᠰᠠᠯᠠᠭ᠎ᠠ ᠮᠥᠴᠢᠷ ᠤᠷᠢᠳᠴᠢᠯᠠᠨ ᠰᠡᠷᠡᠮᠵᠢᠯᠡᠭᠦᠯᠬᠦ ᠠᠵᠢᠯ᠎ᠢ ᠡᠬᠢᠯᠡᠭᠦᠯᠵᠦ᠂ ᠦᠶᠡᠷ᠎ᠢ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠢ ᠪᠠᠢ᠌ᠷᠢᠯᠠᠭᠤᠯᠪᠠ
ᠰᠤᠷᠪᠤᠯᠵᠢᠯᠠᠭᠴᠢ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ᠎ᠠᠴᠠ ᠣᠢ᠌ᠯᠠᠭ᠋ᠠᠭᠰᠠᠨ ᠵᠶ᠋ᠠᠷ᠄ 11᠎ᠤ ᠡᠳᠦᠷ᠂ ᠤᠯᠤᠰ᠎ᠤᠨ ᠦᠶᠡᠷ᠎ᠢ ᠰᠡᠷᠭᠡᠢ᠌ᠯᠡᠬᠦ ᠠᠵᠢᠯ᠎ᠤᠨ ᠠᠯᠪᠠᠨ ᠭᠡᠷ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠶᠠᠮᠤᠨ ᠦᠶᠡᠷ᠎ᠢ ᠰᠡᠷᠭᠡᠢ᠌ᠯᠡᠬᠦ ᠬᠠᠷᠠᠭ᠋ᠠᠨ ᠳᠠᠪᠲᠠᠮᠵᠢ᠎ᠪᠠᠷ ᠵᠥᠪᠳᠡᠯᠴᠡᠨ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠲᠠᠢ ᠵᠥᠪᠳᠡᠯᠴᠡᠵᠦ ᠰᠤᠳᠤᠯᠤᠨ ᠮᠠᠭ᠋ᠠᠳᠯᠠᠵᠤ᠂ ᠸᠢᠳᠢᠤ᠋᠎ᠪᠠᠷ ᠹᠦᠵᠢᠶᠠᠨ᠂ ᠵᠢᠶᠠᠩᠰᠢ᠂ ᠬᠤᠨᠠᠨ᠂ ᠭᠤᠸᠠᠩᠳᠦ᠋ᠩ᠂ ᠭᠤᠸᠠᠩᠰᠢ᠂ ᠬᠠᠢ᠌ᠨᠠᠨ᠂ ᠭᠦᠢ᠍ᠵᠧᠦ᠂ ᠶᠦᠨᠨᠠᠨ ᠵᠡᠷᠭᠡ ᠮᠤᠵᠢ ᠵᠢᠨ ᠰᠡᠷᠭᠡᠢ᠌ᠯᠡᠬᠦ ᠵᠢᠭ᠋ᠠᠪᠤᠷᠢ ᠪᠠ ᠭᠠᠯ ᠰᠡᠷᠭᠡᠢ᠌ᠯᠡᠬᠦ ᠠᠪᠤᠷᠠᠨ ᠲᠤᠰᠠᠯᠠᠬᠤ ᠶᠡᠷᠦᠩᠬᠡᠢ ᠠᠩᠭᠢ᠂ ᠤᠢ ᠰᠢᠭᠤᠢ ᠵᠢᠨ ᠭᠠᠯ ᠤᠨᠲᠠᠷᠠᠭ᠋ᠠᠬᠤ ᠶᠡᠷᠦᠩᠬᠡᠢ ᠠᠩᠭᠢ᠎ᠲᠠᠢ ᠬᠣᠯᠪᠣᠵᠤ᠂ ᠭᠣᠣᠯᠳᠠᠯᠭ᠎ᠠ᠎ᠲᠠᠢ ᠭᠠᠵᠠᠷ ᠣᠷᠣᠨ᠎ᠳᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠢ᠌ᠯᠡᠨ ᠠᠷᠭ᠋ᠠᠴᠠᠬᠤ ᠠᠵᠢᠯ᠎ᠢ ᠦᠷᠭᠦᠯᠵᠢᠯᠡᠨ ᠲᠣᠬᠢᠷᠠᠭᠤᠯᠤᠨ ᠪᠠᠢ᠌ᠷᠢᠯᠠᠭᠤᠯᠵᠠᠢ᠃ ᠤᠯᠤᠰ᠎ᠤᠨ ᠦᠶᠡᠷ᠎ᠢ ᠰᠡᠷᠭᠡᠢ᠌ᠯᠡᠬᠦ ᠶᠡᠷᠦᠩᠬᠡᠢ ᠵᠠᠬᠢᠷᠭ᠎ᠠ᠎ᠠᠴᠠ 11᠎ᠤ ᠡᠳᠦᠷ᠎ᠤᠨ 9 ᠴᠠᠭ᠎ᠲᠤ ᠦᠶᠡᠷ᠎ᠢ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠢ Ⅳ ᠲᠠᠰ᠎ᠠᠴᠠ Ⅲ ᠲᠠᠰ ᠪᠣᠯᠭ᠋ᠠᠨ ᠳᠡᠭᠡᠭᠰᠢᠯᠡᠭᠦᠯᠬᠦ᠎ᠪᠠᠷ ᠲᠣᠭᠲᠠᠪᠠ᠃ ᠤᠯᠤᠰ᠎ᠤᠨ ᠦᠶᠡᠷ᠎ᠢ ᠰᠡᠷᠭᠡᠢ᠌ᠯᠡᠬᠦ ᠠᠵᠢᠯ᠎ᠤᠨ ᠠᠯᠪᠠᠨ ᠭᠡᠷ᠎ᠠᠴᠠ ᠨᠢᠭᠡᠨᠲᠡ ᠬᠣᠶᠠᠷ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠲᠣᠮᠢᠯᠠᠨ ᠭᠤᠸᠠᠩᠳᠦ᠋ᠩ᠂ ᠭᠤᠸᠠᠩᠰᠢ᠎ᠳᠤ ᠣᠴᠢᠭᠤᠯᠵᠤ ᠰᠡᠷᠭᠡᠢ᠌ᠯᠡᠨ ᠠᠷᠭ᠋ᠠᠴᠠᠬᠤ ᠠᠵᠢᠯ᠎ᠢ ᠵᠢᠯᠣᠭᠣᠳᠤᠭᠤᠯᠪᠠ᠃
ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ ᠵᠶ᠋ᠠᠷ᠄ ᠲᠣᠰ ᠤᠳᠠᠭ᠋ᠠᠨ᠎ᠤ ᠰᠢᠷᠦᠭᠦᠨ ᠪᠣᠷᠣᠭ᠋ᠠᠨ᠎ᠤ ᠶᠠᠪᠤᠴᠠ᠎ᠳᠤ ᠴᠢᠭᠯᠡᠭᠦᠯᠦᠨ᠂ ᠤᠰᠤᠨ ᠠᠰᠢᠭᠯᠠᠯᠲᠠ ᠵᠢᠨ ᠶᠠᠮᠤᠨ᠎ᠠᠴᠠ ᠬᠢᠵᠢᠭ᠎ᠢ ᠰᠡᠷᠭᠡᠢ᠌ᠯᠡᠬᠦ ᠪᠠ ᠦᠶᠡᠷ᠎ᠢ ᠰᠡᠷᠭᠡᠢ᠌ᠯᠡᠬᠦ ᠵᠢ ᠨᠢᠭᠡᠳᠦᠯᠲᠡᠢ ᠲᠥᠯᠥᠪᠯᠡᠵᠦ᠂ ᠬᠦᠴᠦᠨ ᠵᠶ᠋ᠡᠨ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠤᠨ᠂ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠬᠦᠴᠦᠨ᠎ᠢ ᠰᠤᠯᠠᠷᠠᠭᠤᠯᠬᠤ ᠦᠭᠡᠢ᠂ ᠠᠵᠢᠯ᠎ᠢ ᠲᠠᠰᠤᠷᠠᠯᠲᠠ ᠦᠭᠡᠢ ᠬᠢᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃ ᠤᠰᠤᠨ ᠠᠰᠢᠭᠯᠠᠯᠲᠠ ᠵᠢᠨ ᠶᠠᠮᠤᠨ᠎ᠤ ᠵᠦᠵᠢᠶᠠᠩ ᠮᠥᠷᠡᠨ᠎ᠤ ᠤᠰᠤᠨ ᠠᠰᠢᠭᠯᠠᠯᠲᠠ ᠵᠢᠨ ᠺᠣᠮᠢᠰ᠂ ᠬᠥᠬᠡᠮᠥ᠋ᠷᠡᠨ᠎ᠤ ᠤᠰᠤᠨ ᠠᠰᠢᠭᠯᠠᠯᠲᠠ ᠵᠢᠨ ᠺᠣᠮᠢᠰ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠢ ᠴᠠᠭ ᠲᠤᠬᠠᠢᠳᠤᠨᠢ ᠡᠬᠢᠯᠡᠭᠦᠯᠵᠦ᠂ ᠡᠯ᠎ᠡ ᠵᠦᠢ᠍ᠯ᠎ᠤᠨ ᠰᠡᠷᠭᠡᠢ᠌ᠯᠡᠯᠲᠡ ᠵᠢᠨ ᠭᠤᠸᠠᠩᠳᠦ᠋ᠩ᠂ ᠭᠤᠸᠠᠩᠰᠢ᠂ ᠵᠢᠶᠠᠩᠰᠢ᠂ ᠬᠤᠨᠠᠨ ᠵᠡᠷᠭᠡ 4 ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠴᠥᠮ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠢ ᠴᠠᠭ ᠲᠤᠬᠠᠢᠳᠤᠨᠢ ᠡᠬᠢᠯᠡᠭᠦᠯᠵᠦ᠂ ᠦᠨᠳᠦᠰᠦᠨ ᠱᠠᠲᠤᠨ᠎ᠤ ᠰᠡᠷᠭᠡᠢ᠌ᠯᠡᠯᠲᠡ ᠵᠢᠨ ᠨᠢᠭᠡᠳᠦᠭᠡᠷ ᠹᠷᠣᠨᠲ᠂ ᠬᠣᠯᠪᠣᠭᠳᠠᠯ ᠪᠦᠬᠦᠢ ᠦᠶᠡᠷ᠎ᠢ ᠰᠡᠷᠭᠡᠢ᠌ᠯᠡᠬᠦ ᠬᠠᠷᠢᠭᠤᠴᠠᠯᠭ᠋ᠠᠲᠠᠨ᠎ᠳᠤ ᠭᠣᠣᠯ ᠮᠥᠷᠡᠨ᠎ᠤ ᠦᠶᠡᠷ ᠪᠠ ᠠᠭᠤᠯᠠᠨ ᠦᠶᠡᠷ᠎ᠤᠨ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠷᠭᠡᠵᠦ᠂ ᠠᠵᠢᠯᠯᠠᠬᠤ ᠳᠤᠭᠤᠢ᠌ᠯᠠᠩ᠂ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠲᠣᠮᠢᠯᠠᠨ ᠭᠣᠣᠯᠳᠠᠯᠭ᠎ᠠ᠎ᠲᠠᠢ ᠬᠣᠲᠠ ᠰᠢᠶᠠᠨ᠎ᠳᠤ ᠣᠴᠢᠭᠤᠯᠵᠤ ᠳᠡᠮᠵᠢᠯᠭᠡ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠲᠤᠰᠬᠠᠢ ᠮᠡᠷᠭᠡᠵᠢᠯ᠎ᠤᠨ ᠰᠡᠷᠭᠡᠢ᠌ᠯᠡᠯᠲᠡ ᠵᠢᠨ ᠵᠠᠪᠳᠤᠨ ᠬᠠᠮᠠᠭ᠋ᠠᠯᠠᠬᠤ ᠬᠦᠴᠦᠨ᠎ᠢ ᠳᠣᠷᠣᠭᠰᠢ ᠪᠠᠭᠤᠯᠭ᠋ᠠᠬᠤ ᠨᠢᠭᠡᠳᠦᠭᠡᠷ ᠹᠷᠣᠨᠲ᠎ᠲᠤ ᠤᠷᠢᠳᠴᠢᠯᠠᠨ ᠪᠠᠢ᠌ᠷᠢᠯᠠᠭᠤᠯᠪᠠ᠃ ᠬᠣᠯᠪᠣᠭᠳᠠᠯ ᠪᠦᠬᠦᠢ ᠬᠣᠲᠠ ᠰᠢᠶᠠᠨ᠎ᠤ ᠦᠶᠡᠷ᠎ᠢ ᠰᠡᠷᠭᠡᠢ᠌ᠯᠡᠬᠦ ᠬᠠᠷᠢᠭᠤᠴᠠᠯᠭ᠋ᠠᠲᠠᠨ᠎ᠢ ᠦᠳᠲᠡᠷ ᠲᠦᠷᠭᠡᠨ ᠵᠶ᠋ᠡᠷ ᠠᠵᠢᠯ᠎ᠤᠨ ᠪᠠᠢ᠌ᠷᠢ᠎ᠳᠤ ᠭᠠᠷᠭ᠋ᠠᠵᠤ᠂ ᠵᠢᠵᠢᠭᠦᠷᠯᠡᠨ ᠰᠠᠬᠢᠬᠤ ᠪᠠ ᠤᠰᠤᠨ ᠴᠥᠭᠥᠷᠥᠮ᠎ᠤᠨ ᠬᠠᠰᠢᠯᠭ᠎ᠠ ᠳᠠᠯᠠᠩ᠎ᠢ ᠲᠣᠭᠣᠷᠢᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠵᠢ ᠦᠨᠳᠦᠰᠦᠯᠡᠨ ᠠᠶᠤᠯᠲᠠᠢ ᠣᠷᠣᠨ᠎ᠤ ᠤᠯᠠᠨ ᠲᠦᠮᠡᠨ᠎ᠢ ᠴᠠᠭ ᠲᠤᠬᠠᠢᠳᠤᠨᠢ ᠵᠣᠬᠢᠶᠠᠨ ᠪᠠᠢ᠌ᠭᠤᠯᠵᠤ ᠰᠢᠯᠵᠢᠭᠦᠯᠪᠡ᠃ ᠣᠳᠣᠬᠠᠨ᠎ᠳᠤ᠂ ᠪᠥᠬᠥ ᠤᠯᠤᠰ᠎ᠤᠨ ᠭᠣᠣᠯ ᠪᠣᠯᠬᠤ ᠭᠣᠣᠯ ᠮᠥᠷᠡᠨ᠎ᠤ ᠤᠰᠤᠨ᠎ᠤ ᠪᠠᠢ᠌ᠳᠠᠯ ᠶᠡᠷᠦᠩᠬᠡᠢ᠎ᠳᠡᠭᠡᠨ ᠲᠣᠭᠲᠠᠭᠤᠨ ᠪᠠᠢ᠌ᠨ᠎ᠠ᠃ ᠤᠰᠤᠨ ᠠᠰᠢᠭᠯᠠᠯᠲᠠ ᠵᠢᠨ ᠶᠠᠮᠤᠨ ᠪᠣᠷᠣᠭ᠋ᠠᠨ᠎ᠤ ᠪᠠᠢ᠌ᠳᠠᠯ᠂ ᠤᠰᠤᠨ᠎ᠤ ᠪᠠᠢ᠌ᠳᠠᠯ᠂ ᠦᠶᠡᠷ᠎ᠤᠨ ᠪᠠᠢ᠌ᠳᠠᠯ᠂ ᠪᠠᠷᠢᠯᠭ᠎ᠠ ᠵᠢᠨ ᠪᠠᠢ᠌ᠳᠠᠯ᠎ᠢ ᠨᠢᠭᠲᠠ ᠠᠩᠬᠠᠷᠴᠤ᠂ ᠬᠣᠯᠪᠣᠭᠳᠠᠯ ᠪᠦᠬᠦᠢ ᠭᠠᠵᠠᠷ ᠣᠷᠣᠨ᠎ᠢ ᠦᠷᠭᠦᠯᠵᠢᠯᠡᠨ ᠵᠢᠯᠤᠭᠣᠳᠴᠤ ᠪᠠᠢ᠌ᠭ᠋ᠠᠳ ᠰᠢᠷᠦᠭᠦᠨ ᠪᠣᠷᠣᠭ᠋ᠠᠨ ᠦᠶᠡᠷ᠎ᠤᠨ ᠤᠰᠤ ᠵᠢ ᠰᠡᠷᠭᠡᠢ᠌ᠯᠡᠬᠦ ᠠᠵᠢᠯ᠎ᠢ ᠰᠠᠢ᠌ᠲᠤᠷ ᠬᠢᠨ᠎ᠡ᠃
ᠲᠣᠰ ᠤᠳᠠᠭ᠋ᠠᠨ᠎ᠤ ᠰᠢᠷᠦᠭᠦᠨ ᠪᠣᠷᠣᠭ᠋ᠠᠨ᠎ᠤ ᠶᠠᠪᠤᠴᠠ᠎ᠳᠤ ᠴᠢᠭᠯᠡᠭᠦᠯᠦᠨ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠨᠢᠭᠡᠨᠲᠡ Ⅲ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠢ ᠡᠬᠢᠯᠡᠨ ᠬᠡᠷᠡᠭᠵᠢᠭᠦᠯᠵᠦ᠂ ᠵᠥᠪᠳᠡᠯᠴᠡᠵᠦ ᠰᠤᠳᠤᠯᠤᠨ ᠮᠠᠭ᠋ᠠᠳᠯᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠦᠷᠭᠦᠯᠵᠢᠯᠡᠨ ᠴᠢᠩᠭ᠋ᠠᠳᠬᠠᠵᠤ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠦᠢ᠍ᠯᠡᠴᠢᠯᠡᠭᠡ ᠵᠢ ᠬᠠᠨᠳᠤᠯᠭ᠋ᠠᠲᠤ ᠴᠢᠨᠠᠷᠲᠠᠢ᠎ᠪᠠᠷ ᠰᠠᠢ᠌ᠲᠤᠷ ᠬᠢᠬᠦ ᠵᠢᠨ ᠬᠠᠮᠲᠤ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠪᠥᠬᠥ ᠨᠡᠢ᠌ᠭᠡᠮ᠎ᠳᠤ ᠬᠠᠨᠳᠤᠭᠤᠯᠤᠨ ᠭᠠᠮᠰᠢᠭ᠎ᠢ ᠰᠡᠷᠭᠡᠢ᠌ᠯᠡᠬᠦ ᠰᠠᠨᠠᠭᠤᠯᠤᠮᠵᠢ ᠪᠠ ᠰᠡᠷᠭᠡᠢ᠌ᠯᠡᠯᠲᠡ ᠵᠢᠨ ᠰᠠᠨᠠᠭᠤᠯᠭ᠎ᠠ ᠵᠢ ᠨᠡᠢ᠌ᠲᠡᠯᠡᠪᠡ᠃
ᠬᠠᠰᠢᠭᠳᠠᠭᠰᠠᠨ ᠬᠥᠮᠥᠰ ᠢ ᠠᠪᠤᠷᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ
10᠎ᠤ ᠡᠳᠦᠷ᠎ᠠᠴᠠ ᠡᠬᠢᠯᠡᠨ᠂ ᠭᠤᠸᠠᠩᠳᠦ᠋ᠩ ᠮᠤᠵᠢ ᠵᠢᠨ ᠾᠧ ᠶᠤᠸᠠᠨ᠂ ᠶᠠᠩ ᠵᠢᠶᠠᠩ᠂ ᠵᠦᠩᠱ᠌ᠠᠨ᠂ ᠴᠢᠩ ᠶᠤᠸᠠᠨ ᠵᠡᠷᠭᠡ ᠭᠠᠵᠠᠷ᠎ᠲᠤ ᠨᠡᠢ᠌ᠳᠡᠮ ᠠᠭ᠋ᠠᠳᠠᠷ ᠪᠣᠷᠣᠭ᠋ᠠᠨ ᠣᠷᠣᠵᠤ᠂ ᠴᠥᠭᠡᠨ ᠪᠤᠰᠤ ᠭᠠᠵᠠᠷ᠎ᠲᠤ ᠨᠡᠯᠢᠶᠡᠳ ᠬᠦᠨᠳᠦ ᠨᠣᠴᠢᠲᠠᠢ ᠦᠶᠡᠷ ᠤᠰᠤᠲᠤᠯ ᠡᠭᠦᠰᠴᠦ᠂ ᠤᠯᠠᠨ ᠭᠠᠵᠠᠷ᠎ᠲᠤ ᠵᠠᠮ ᠳᠡᠭᠡᠷ᠎ᠡ ᠤᠰᠤ ᠬᠤᠷᠠᠵᠤ᠂ ᠭᠡᠷ ᠪᠠᠢ᠌ᠰᠢᠩ᠂ ᠲᠡᠷᠭᠡ ᠬᠥᠰᠬᠡ ᠤᠰᠤᠨ᠎ᠳᠤ ᠠᠪᠲᠠᠵᠤ ᠤᠯᠠᠨ ᠲᠦᠮᠡᠨ ᠬᠠᠰᠢᠭᠳᠠᠭᠰᠠᠨ ᠪᠠᠢ᠌ᠳᠠᠯ ᠢᠯᠡᠷᠡᠵᠡᠢ᠃ ᠡᠯ᠎ᠡ ᠭᠠᠵᠠᠷ᠎ᠤᠨ᠎ᠬᠢᠨ᠎ᠤ ᠭᠠᠯ ᠰᠡᠷᠭᠡᠢ᠌ᠯᠡᠵᠦ ᠠᠪᠤᠷᠠᠨ ᠲᠤᠰᠠᠯᠠᠬᠤ ᠠᠩᠭᠢ ᠪᠠᠴᠢᠮ ᠲᠦᠷᠭᠡᠨ ᠵᠶ᠋ᠡᠷ ᠬᠥᠳᠡᠯᠦᠯᠴᠡᠵᠦ᠂ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠥᠷᠨᠢᠭᠦᠯᠪᠡ᠃
ᠭᠤᠸᠠᠩᠳᠦ᠋ᠩ ᠮᠤᠵᠢ ᠵᠢᠨ ᠭᠤᠷᠪᠠᠨ ᠰᠡᠷᠭᠡᠢ᠌ᠯᠡᠯᠲᠡ ᠵᠢᠨ ᠠᠯᠪᠠᠨ ᠭᠡᠷ᠂ ᠮᠤᠵᠢ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ 10᠎ᠤ ᠡᠳᠦᠷ᠎ᠤᠨ 20 ᠴᠠᠭ᠎ᠲᠤ ᠦᠶᠡᠷ᠎ᠢ ᠰᠡᠷᠭᠡᠢ᠌ᠯᠡᠬᠦ Ⅱ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠢ ᠡᠬᠢᠯᠡᠭᠦᠯᠪᠡ᠃ 11᠎ᠤ ᠡᠳᠦᠷ᠎ᠤᠨ 3 ᠴᠠᠭ ᠠᠴᠠ ᠡᠬᠢᠯᠡᠨ ᠭᠤᠸᠠᠩᠳᠦ᠋ᠩ ᠮᠤᠵᠢ ᠵᠢᠨ ᠶᠠᠩ ᠵᠢᠶᠠᠩ ᠬᠣᠲᠠ ᠵᠢᠨ ᠵᠢᠶᠠᠩ ᠴᠧᠩ᠂ ᠶᠠᠩ ᠳ᠋ᠦᠩ᠂ ᠶᠠᠩ ᠰᠢ ᠵᠡᠷᠭᠡ ᠭᠠᠵᠠᠷ᠎ᠲᠤ ᠣᠨᠴᠠ ᠶᠡᠬᠡ ᠰᠢᠷᠦᠭᠦᠨ ᠪᠣᠷᠣᠭ᠋ᠠᠨ ᠣᠷᠣᠵᠤ᠂ ᠣᠯᠠᠨ ᠭᠠᠵᠠᠷ᠎ᠲᠤ ᠦᠶᠡᠷ ᠤᠰᠤᠲᠤᠯ ᠠᠴᠠ ᠪᠣᠯᠵᠤ ᠣᠯᠠᠨ ᠲᠦᠮᠡᠨ ᠬᠠᠰᠢᠭᠳᠠᠭᠰᠠᠨ ᠪᠠᠢ᠌ᠳᠠᠯ ᠭᠠᠷᠴᠤ᠂ ᠭᠠᠯ ᠰᠡᠷᠭᠡᠢ᠌ᠯᠡᠨ ᠠᠪᠤᠷᠠᠨ ᠲᠤᠰᠠᠯᠠᠬᠤ ᠠᠵᠢᠯᠲᠠᠳ ᠦᠳᠲᠡᠷ ᠲᠦᠷᠭᠡᠨ ᠵᠶ᠋ᠡᠷ ᠲᠤᠬᠠᠢ ᠵᠢᠨ ᠲᠠᠯᠠᠪᠤᠷ᠎ᠲᠤ ᠬᠦᠷᠴᠦ ᠠᠪᠤᠷᠠᠨ ᠲᠤᠰᠠᠯᠠᠵᠠᠢ᠃
11᠎ᠤ ᠡᠳᠦᠷ᠎ᠤᠨ 5 ᠴᠠᠭ᠎ᠤᠨ ᠦᠶ᠎ᠡ᠎ᠪᠠᠷ᠂ ᠶᠠᠩ ᠵᠢᠶᠠᠩ ᠬᠣᠲᠠ ᠵᠢᠨ ᠵᠢᠶᠠᠩ ᠴᠧᠩ ᠲᠣᠭᠣᠷᠢᠭ᠎ᠤᠨ ᠧᠦ ᠺᠧᠩ᠎ᠤᠨ ᠵᠠᠬ᠎ᠠ ᠳᠡᠯᠭᠡᠭᠦᠷ᠎ᠲᠤ᠂ ᠲᠤᠬᠠᠢ ᠵᠢᠨ ᠲᠠᠯᠠᠪᠤᠷ᠎ᠲᠤ ᠬᠦᠷᠴᠦ ᠢᠷᠡᠭᠰᠡᠨ ᠭᠠᠯ ᠤᠨᠲᠠᠷᠠᠭ᠋ᠠᠨ ᠠᠪᠤᠷᠠᠨ ᠲᠤᠰᠠᠯᠠᠬᠤ ᠠᠵᠢᠯᠲᠠᠳ ᠤᠰᠤᠨ᠎ᠤ ᠬᠠᠮᠤᠭ᠎ᠤᠨ ᠭᠦᠨᠳᠤ 2 ᠮᠧᠲᠷ ᠰᠢᠬᠠᠮ ᠪᠠᠢ᠌ᠭᠰᠠᠨ᠎ᠢ ᠣᠯᠵᠤ ᠮᠠᠲᠠᠵᠠᠢ᠃ᠭᠠᠯ ᠰᠡᠷᠭᠡᠢ᠌ᠯᠡᠵᠦ ᠠᠪᠤᠷᠠᠨ ᠲᠤᠰᠠᠯᠠᠬᠤ ᠠᠵᠢᠯᠲᠠᠳ ᠭᠣᠮ ᠣᠩᠭᠣᠴᠠ ᠵᠢ ᠵᠢᠯᠣᠭᠣᠳᠤᠨ ᠵᠠᠬ᠎ᠠ ᠳᠡᠯᠭᠡᠭᠦᠷ᠎ᠲᠤ 3 ᠤᠳᠠᠭ᠎ᠠ ᠢᠷᠡᠵᠦ ᠡᠷᠢᠯᠲᠡ ᠬᠢᠵᠦ᠂ ᠤᠷᠢᠳ ᠬᠣᠵᠢᠳ 2 ᠡᠷᠦᠬᠡ ᠬᠠᠰᠢᠭᠳᠠᠭᠰᠠᠨ ᠣᠯᠠᠨ ᠲᠦᠮᠡᠨ᠎ᠢ ᠡᠷᠢᠨ ᠣᠯᠵᠤ᠂ 1 ᠴᠠᠭ ᠣᠷᠴᠢᠮ᠎ᠤᠨ ᠪᠠᠴᠢᠮ ᠠᠪᠤᠷᠠᠯᠲᠠ᠎ᠪᠠᠷ ᠳᠡᠮᠵᠢᠨ11 ᠬᠥᠮᠥᠨ᠎ᠢ ᠵᠠᠬ᠎ᠠ ᠳᠡᠯᠭᠡᠭᠦᠷ᠎ᠤᠨ ᠭᠠᠳᠠᠨ᠎ᠠ ᠰᠢᠯᠵᠢᠭᠦᠯᠵᠡᠢ᠃ 11᠎ᠤ ᠡᠳᠦᠷ᠎ᠤᠨ 17 ᠴᠠᠭ ᠪᠣᠯᠲᠠᠯ᠎ᠠ᠂ ᠭᠤᠸᠠᠩᠳᠦ᠋ᠩ ᠮᠤᠵᠢ ᠵᠢᠨ ᠪᠦᠬᠦ ᠮᠤᠵᠢ ᠵᠢᠨ ᠭᠠᠯ ᠤᠨᠲᠠᠷᠭ᠋ᠠᠵᠤ ᠠᠪᠤᠷᠠᠨ ᠲᠤᠰᠠᠯᠠᠬᠤ ᠠᠩᠭᠢ ᠰᠢᠷᠦᠭᠦᠨ ᠪᠣᠷᠣᠭ᠋ᠠᠨ᠎ᠤ ᠬᠣᠯᠪᠣᠭᠳᠠᠯ ᠪᠦᠬᠦᠢ 75 ᠰᠡᠷᠡᠮᠵᠢᠯᠡᠯ᠎ᠤᠨ ᠪᠠᠢ᠌ᠳᠠᠯ ᠢ ᠭᠥᠯᠢᠶᠡᠨ ᠠᠪᠴᠤ᠂ 477 ᠬᠥᠮᠥᠨ ᠤᠳᠠᠭ᠎ᠠ ᠭᠠᠯ ᠤᠨᠲᠠᠷᠭ᠋ᠠᠵᠤ ᠠᠪᠤᠷᠠᠨ ᠲᠤᠰᠠᠯᠠᠬᠤ᠂ 86 ᠭᠠᠯ ᠤᠨᠲᠠᠷᠠᠭ᠋ᠠᠬᠤ ᠲᠡᠷᠭᠡ ᠵᠢ ᠬᠥᠳᠡᠯᠭᠡᠵᠦ᠂ 423 ᠬᠣᠷᠢᠭᠳᠠᠭᠰᠠᠨ ᠣᠯᠠᠨ ᠲᠦᠮᠡᠨ ᠢ ᠠᠪᠤᠷᠠᠨ ᠭᠠᠷᠭ᠋ᠠᠭᠰᠠᠨ ᠪᠤᠶᠤ ᠲᠠᠷᠬᠠᠭ᠋ᠠᠨ ᠶᠠᠪᠤᠭᠤᠯᠤᠭᠰᠠᠨ ᠪᠠᠢ᠌ᠨ᠎ᠠ᠃
ᠭᠤᠸᠠᠩᠰᠢ ᠵᠢᠨ ᠨᠡᠯᠢᠶᠡᠳ ᠰᠢᠷᠦᠭᠦᠨ ᠪᠣᠷᠣᠭ᠋ᠠᠨ ᠭᠣᠣᠯᠳᠠᠭᠤ ᠭᠤᠸᠠᠩᠰᠢ ᠵᠢᠨ ᠳᠤᠮᠳᠠ ᠬᠡᠰᠡᠭ᠂ ᠭᠤᠸᠠᠩᠰᠢ ᠵᠢᠨ ᠵᠡᠭᠦᠨ ᠬᠡᠰᠡᠭ᠎ᠤᠨ ᠬᠡᠰᠡᠭ ᠭᠠᠵᠠᠷ᠎ᠲᠤ ᠲᠥᠪᠯᠡᠷᠡᠵᠦ᠂ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠣᠷᠣᠪᠠ᠃ 11᠎ᠤ ᠡᠳᠦᠷ᠎ᠤᠨ 17 ᠴᠠᠭ᠎ᠲᠤ ᠭᠤᠸᠠᠩᠰᠢ ᠵᠢᠨ᠎ᠬᠢᠨ ᠠᠭ᠋ᠠᠳᠠᠷ ᠪᠣᠷᠣᠭ᠋ᠠᠨ᠎ᠤ ᠰᠢᠷ᠎ᠠ ᠥᠩᠭᠡ ᠵᠢᠨ ᠰᠡᠷᠡᠮᠵᠢᠯᠡᠭᠦᠯᠦᠯ ᠢ ᠠᠭ᠋ᠠᠳᠠᠷ ᠪᠣᠷᠣᠭ᠋ᠠᠨ᠎ᠤ ᠰᠢᠷ᠎ᠠ ᠥᠩᠭᠡ ᠵᠢᠨ ᠰᠡᠷᠡᠮᠵᠢᠯᠡᠭᠦᠯᠦᠯ ᠪᠣᠯᠭ᠋ᠠᠨ ᠰᠢᠨᠡᠳᠬᠡᠵᠡᠢ᠃ 18 ᠴᠠᠭ ᠠᠴᠠ ᠡᠬᠢᠯᠡᠨ᠂ ᠭᠤᠸᠠᠩᠰᠢ ᠵᠢᠨ ᠬᠦᠨᠳᠦ ᠶᠡᠬᠡ ᠴᠠᠭ ᠠᠭᠤᠷ᠎ᠤᠨ ᠭᠠᠮᠰᠢᠭ (ᠰᠢᠷᠦᠭᠦᠨ ᠪᠣᠷᠣᠭ᠋ᠠᠨ)᠎ᠤᠨ Ⅲ ᠳᠡᠰ᠎ᠤᠨ ᠪᠠᠴᠢᠮ ᠪᠠᠢ᠌ᠳᠠᠯ ᠢ ᠠᠷᠭ᠋ᠠᠴᠠᠬᠤ ᠲᠥᠰᠥᠯ ᠢ ᠬᠦᠨᠳᠦ ᠶᠡᠬᠡ ᠴᠠᠭ ᠠᠭᠤᠷ᠎ᠤᠨ ᠭᠠᠮᠰᠢᠭ (ᠰᠢᠷᠦᠭᠦᠨ ᠪᠣᠷᠣᠭ᠋ᠠᠨ)᠎ᠤᠨ Ⅱ ᠳᠡᠰ᠎ᠤᠨ ᠪᠠᠴᠢᠮ ᠪᠠᠢ᠌ᠳᠠᠯ ᠢ ᠠᠷᠭ᠋ᠠᠴᠠᠬᠤ ᠲᠥᠰᠥᠯ ᠪᠣᠯᠭ᠋ᠠᠨ ᠳᠡᠭᠡᠭᠰᠢᠯᠡᠭᠦᠯᠦᠨ᠎ᠡ᠃ ᠭᠤᠸᠠᠩᠰᠢ ᠵᠢᠨ ᠵᠠᠮ ᠲᠡᠭᠡᠭᠡᠪᠦᠷᠢ ᠵᠢᠨ ᠰᠠᠯᠠᠭ᠎ᠠ ᠮᠥᠴᠢᠷ Ⅲ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠢ ᠡᠬᠢᠯᠡᠨ ᠬᠡᠷᠡᠭᠵᠢᠭᠦᠯᠵᠦ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠢᠷᠦᠭᠦᠨ ᠪᠣᠷᠣᠭ᠋ᠠᠨ᠎ᠤ ᠬᠤᠭᠤᠴᠠᠭ᠋ᠠᠨ᠎ᠳᠠᠬᠢ ᠵᠠᠮ ᠪᠠ ᠤᠰᠤᠨ ᠲᠡᠭᠡᠭᠡᠪᠦᠷᠢ ᠵᠢᠨ ᠠᠮᠤᠷ ᠲᠦᠪᠰᠢᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠪᠠ᠃ ᠭᠤᠸᠠᠩᠰᠢ ᠵᠢᠨ ᠲᠡᠮᠦᠷ ᠵᠠᠮ᠎ᠤᠨ ᠰᠠᠯᠠᠭ᠎ᠠ ᠮᠥᠴᠢᠷ 9᠎ᠤ ᠡᠳᠦᠷ᠎ᠤᠨ 18 ᠴᠠᠭ ᠠᠴᠠ ᠡᠬᠢᠯᠡᠨ ᠣᠯᠠᠨ ᠵᠠᠮ᠎ᠤᠨ ᠬᠡᠰᠡᠭ᠎ᠲᠤ ᠦᠶᠡᠷ ᠢ ᠰᠡᠷᠭᠡᠢ᠌ᠯᠡᠬᠦ Ⅳ ᠳᠡᠰ᠎ᠤᠨ ᠪᠠᠴᠢᠮ ᠪᠠᠢ᠌ᠳᠠᠯ ᠢ ᠠᠷᠭ᠋ᠠᠴᠠᠬᠤ ᠲᠥᠰᠥᠯ ᠢ ᠡᠬᠢᠯᠡᠨ ᠬᠡᠷᠡᠭᠵᠢᠭᠦᠯᠵᠦ᠂ ᠲᠡᠮᠦᠷ ᠵᠠᠮ᠎ᠤᠨ ᠠᠮᠤᠷ ᠲᠦᠪᠰᠢᠨ ᠢ ᠪᠠᠲᠤᠯᠠᠪᠠ᠃
9᠎ᠤ ᠡᠳᠦᠷ᠎ᠠᠴᠠ 10᠎ᠤ ᠡᠳᠦᠷ ᠪᠣᠯᠲᠠᠯ᠎ᠠ᠂ ᠬᠤᠨᠠᠨ᠎ᠳᠤ ᠰᠢᠷᠦᠭᠦᠨ ᠪᠣᠷᠣᠭ᠋ᠠᠨ ᠣᠷᠣᠵᠤ᠂ ᠬᠦᠴᠦᠲᠡᠢ ᠰᠣᠯᠢᠭ ᠤᠷᠤᠰᠬᠠᠯ᠎ᠤᠨ ᠴᠠᠭ ᠠᠭᠤᠷ᠎ᠤᠨ ᠶᠠᠪᠤᠴᠠ᠎ᠳᠤ᠂ ᠪᠣᠷᠣᠭ᠋ᠠᠨ᠎ᠤ ᠬᠡᠮᠵᠢᠶ᠎ᠡ᠎ᠨᠢ ᠨᠡᠶ᠋ᠢᠲᠡ 50 ᠮᠢᠯᠢᠮᠧᠲᠷᠢ ᠳᠠᠪᠠᠭᠰᠠᠨ᠎ᠨᠢ 101 ᠰᠢᠶᠠᠨ ᠬᠣᠲᠠ ᠲᠣᠭᠣᠷᠢᠭ᠎ᠤᠨ 1731 ᠥᠷᠲᠡᠭᠡ ᠪᠠᠢ᠌ᠵᠤ᠂ 100 ᠮᠢᠯᠢᠮᠧᠲᠷᠢ ᠳᠠᠪᠠᠭᠰᠠᠨ᠎ᠨᠢ 37 ᠰᠢᠶᠠᠨ ᠬᠣᠲᠠ ᠲᠣᠭᠣᠷᠢᠭ᠎ᠤᠨ 175 ᠥᠷᠲᠡᠭᠡ ᠪᠠᠢ᠌ᠪᠠ᠃ 10 ᠤ ᠡᠳᠦᠷ᠎ᠤᠨ ᠲᠡᠭ ᠴᠠᠭ᠎ᠠᠴᠠ ᠡᠬᠢᠯᠡᠨ᠂ ᠬᠤᠨᠠᠨ ᠮᠤᠵᠢ ᠵᠢᠨ᠎ᠬᠢᠨ ᠦᠶᠡᠷ᠎ᠢ ᠰᠡᠷᠭᠡᠢ᠌ᠯᠡᠬᠦ Ⅳ ᠳᠡᠰ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠢ ᠬᠡᠷᠡᠭᠵᠢᠭᠦᠯᠪᠡ᠃ ᠬᠤᠨᠠᠨ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ 10᠎ᠤ ᠡᠳᠦᠷ᠎ᠤᠨ 16 ᠴᠠᠭ ᠠᠴᠠ ᠡᠬᠢᠯᠡᠨ ᠤᠰᠤ ᠭᠠᠩ᠎ᠤᠨ ᠭᠠᠮᠰᠢᠭ ᠢ ᠰᠡᠷᠭᠡᠢ᠌ᠯᠡᠬᠦ Ⅳ ᠳᠡᠰ᠎ᠤᠨ ᠪᠠᠴᠢᠮ ᠪᠠᠢ᠌ᠳᠠᠯ ᠢ ᠠᠷᠭ᠋ᠠᠴᠠᠬᠤ ᠲᠥᠰᠥᠯ ᠢ ᠡᠬᠢᠯᠡᠨ ᠬᠡᠷᠡᠭᠵᠢᠭᠦᠯᠵᠦ᠂ ᠬᠣᠯᠪᠣᠭᠳᠠᠯ ᠪᠦᠬᠦᠢ ᠬᠣᠲᠠ ᠰᠢᠶᠠᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠵᠠᠮ ᠳᠠᠭ᠋ᠠᠤ ᠵᠢᠨ ᠬᠠᠰᠢᠯᠭ᠎ᠠ ᠵᠢᠨ ᠬᠡᠰᠡᠭ ᠢ ᠲᠣᠭᠣᠷᠢᠨ ᠪᠠᠢ᠌ᠴᠠᠭ᠋ᠠᠵᠤ ᠵᠢᠵᠢᠭᠦᠷᠯᠡᠨ ᠰᠠᠬᠢᠬᠤ ᠬᠡᠷᠡᠭᠲᠡᠢ᠂ ᠢᠯᠠᠩᠭᠤᠶ᠎ᠠ ᠭᠣᠣᠯᠳᠠᠯᠭ᠎ᠠ᠎ᠲᠠᠢ ᠬᠠᠰᠢᠯᠭ᠎ᠠ ᠵᠢᠨ ᠬᠡᠰᠡᠭ᠂ ᠪᠠᠭᠤᠷᠠᠢ ᠬᠠᠰᠢᠯᠭ᠎ᠠ ᠵᠢᠨ ᠬᠡᠰᠡᠭ᠂ ᠠᠶᠤᠯᠲᠠᠢ ᠪᠠᠷᠢᠯᠭ᠎ᠠ ᠵᠢᠨ ᠠᠶᠤᠯᠲᠠᠢ ᠬᠡᠰᠡᠭ ᠢ ᠭᠣᠣᠯᠳᠠᠯᠭ᠎ᠠ᠎ᠲᠠᠢ᠎ᠪᠠᠷ ᠠᠩᠬᠠᠷᠤᠨ ᠰᠡᠷᠭᠡᠢ᠌ᠯᠡᠬᠦ ᠬᠡᠷᠡᠭᠲᠡᠢ ᠭᠡᠵᠦ ᠱᠠᠭ᠋ᠠᠷᠳᠠᠵᠠᠢ᠃
9᠎ᠤ ᠡᠳᠦᠷ᠎ᠤᠨ ᠥᠷᠯᠥᠭᠡ᠎ᠠᠴᠠ ᠡᠬᠢᠯᠡᠨ᠂ ᠵᠢᠶᠠᠩᠰᠢ ᠮᠤᠵᠢ᠎ᠳᠤ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠣᠷᠣᠭᠰᠠᠨ ᠠᠴᠠ ᠨᠠᠰᠢᠬᠢ ᠬᠠᠮᠤᠭ᠎ᠤᠨ ᠶᠡᠬᠡ ᠪᠣᠷᠣᠭ᠋ᠠᠨ ᠣᠷᠣᠬᠤ ᠶᠠᠪᠤᠴᠠ ᠭᠠᠷᠴᠠᠢ᠂ ᠵᠢᠶᠠᠩᠰᠢ ᠮᠤᠵᠢ ᠵᠢᠨ᠎ᠬᠢᠨ 10᠎ᠤ ᠡᠳᠦᠷ᠎ᠤᠨ 18 ᠴᠠᠭ᠎ᠲᠤ ᠦᠶᠡᠷ ᠢ ᠰᠡᠷᠭᠡᠢ᠌ᠯᠡᠬᠦ Ⅳ ᠳᠡᠰ᠎ᠤᠨ ᠪᠠᠴᠢᠮ ᠪᠠᠢ᠌ᠳᠠᠯ ᠢ ᠠᠷᠭ᠋ᠠᠴᠠᠬᠤ ᠠᠵᠢᠯ ᠢ ᠡᠬᠢᠯᠡᠭᠦᠯᠪᠡ᠃ ᠵᠢᠶᠠᠩᠰᠢ ᠮᠤᠵᠢ ᠵᠢᠨ ᠰᠡᠷᠭᠡᠢ᠌ᠯᠡᠨ ᠬᠠᠮᠠᠭ᠋ᠠᠯᠠᠬᠤ ᠭᠡᠳᠡᠭ᠎ᠨᠢ ᠨᠢᠭᠡᠨᠲᠡ ᠲᠣᠮᠢᠯᠠᠭᠰᠠᠨ ᠠᠵᠢᠯᠯᠠᠬᠤ ᠳᠤᠭᠤᠢ᠌ᠯᠠᠩ᠎ᠢ ᠡᠯ᠎ᠡ ᠭᠠᠵᠠᠷ᠎ᠲᠠᠢ ᠤᠷᠢᠳᠴᠢᠯᠠᠨ ᠵᠣᠯᠭ᠋ᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠬᠤ ᠠᠵᠢᠯ᠎ᠤᠨ ᠳᠤᠭᠤᠢ᠌ᠯᠠᠩ᠎ᠢ ᠡᠬᠢᠯᠡᠭᠦᠯᠦᠨ ᠠᠵᠢᠯᠲᠠᠨ᠎ᠤ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ᠂ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ᠎ᠢ ᠡᠮᠬᠢ ᠵᠢᠷᠤᠮ᠎ᠲᠠᠢ ᠰᠠᠢ᠌ᠲᠤᠷ ᠬᠢᠬᠦ ᠵᠢ ᠡᠬᠢᠯᠡᠭᠦᠯᠪᠡ᠃
9᠎ᠤ ᠡᠳᠦᠷ᠎ᠤᠨ 14 ᠴᠠᠭ᠎ᠲᠤ᠂ ᠭᠦᠢ᠍ᠵᠧᠦ ᠮᠤᠵᠢ ᠵᠢᠨ ᠴᠠᠭ ᠠᠭᠤᠷ᠎ᠤᠨ ᠲᠣᠪᠴᠢᠶ᠎ᠠ ᠰᠢᠷᠦᠭᠦᠨ ᠪᠣᠷᠣᠭ᠋ᠠᠨ᠎ᠤ Ⅳ ᠲᠠᠰ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠢ ᠡᠬᠢᠯᠡᠨ ᠬᠡᠷᠡᠭᠵᠢᠭᠦᠯᠵᠦ᠂ ᠡᠯ᠎ᠡ ᠨᠢᠭᠡᠴᠢ ᠵᠢ ᠳᠠᠷᠤᠢ ᠲᠦᠷᠭᠡᠨ ᠪᠠᠴᠢᠮ ᠪᠠᠢ᠌ᠳᠠᠯ᠎ᠢ ᠠᠷᠭ᠋ᠠᠴᠠᠬᠤ ᠪᠠᠢ᠌ᠳᠠᠯ᠎ᠳᠤ ᠣᠷᠣᠭᠤᠯᠬᠤ ᠬᠡᠷᠡᠭᠲᠡᠢ ᠭᠡᠵᠦ ᠱᠠᠭ᠋ᠠᠷᠳᠠᠪᠠ᠂ ᠪᠤᠰᠤᠳ ᠡᠯ᠎ᠡ ᠬᠣᠯᠪᠣᠭᠳᠠᠯ ᠪᠦᠬᠦᠢ ᠬᠣᠲᠠ ᠵᠧᠦ ᠵᠢᠨ ᠴᠠᠭ ᠠᠭᠤᠷ᠎ᠤᠨ ᠲᠣᠪᠴᠢᠶᠠᠨᠤᠭᠤᠳ ᠴᠠᠭ ᠠᠭᠤᠷ᠎ᠤᠨ ᠬᠤᠪᠢᠷᠠᠯᠲᠠ ᠵᠢ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠪᠠᠢ᠌ᠳᠠᠯ᠎ᠢ ᠦᠨᠳᠦᠰᠦᠯᠡᠨ ᠶᠡᠷᠦᠩᠬᠡᠢ᠌ᠯᠡᠨ ᠰᠤᠳᠤᠯᠤᠨ ᠮᠠᠭ᠋ᠠᠳᠯᠠᠵᠤ᠂ ᠪᠠᠴᠢᠮ ᠪᠠᠢ᠌ᠳᠠᠯ᠎ᠢ ᠠᠷᠭ᠋ᠠᠴᠠᠬᠤ ᠵᠣᠬᠢᠴᠠᠩᠭᠤᠢ ᠲᠥᠰᠥᠯ᠎ᠢ ᠴᠠᠭᠲᠤᠨᠢ ᠲᠣᠬᠢᠷᠠᠭᠤᠯᠤᠨ ᠡᠬᠢᠯᠡᠭᠦᠯᠬᠦ ᠬᠡᠷᠡᠭᠲᠡᠢ᠃ ᠭᠦᠢ᠍ᠵᠧᠦ ᠮᠤᠵᠢ ᠵᠢᠨ ᠰᠡᠷᠭᠡᠢ᠌ᠯᠡᠯᠲᠡ ᠭᠡᠳᠡᠭ᠎ᠨᠢ 9 ᠤ ᠡᠳᠦᠷ᠎ᠤᠨ 17 ᠴᠠᠭ᠎ᠠᠴᠠ ᠡᠬᠢᠯᠡᠨ ᠦᠶᠡᠷ᠎ᠢ ᠰᠡᠷᠭᠡᠢ᠌ᠯᠡᠬᠦ Ⅳ ᠳᠡᠰ᠎ᠤᠨ ᠪᠠᠴᠢᠮ ᠪᠠᠢ᠌ᠳᠠᠯ᠎ᠢ ᠠᠷᠭ᠋ᠠᠴᠠᠬᠤ ᠲᠥᠰᠥᠯ᠎ᠢ ᠵᠢᠭ᠋ᠠᠨ᠎ᠠ᠃