ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2022-06-08

      2 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠬᠤᠷᠠᠯᠳᠤᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠢᠩᠬᠢᠮ᠎ᠤᠨ ᠳᠠᠷᠤᠭ᠎ᠠ ᠵᠠᠩ ᠾᠧ ᠭᠣᠣᠯ ᠰᠡᠳᠦᠪᠲᠦ ᠢᠯᠡᠳᠬᠡᠯ ᠬᠢᠪᠡ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠰᠠᠭᠤᠭ᠋ᠠᠯᠢ ᠲᠣᠭᠣᠷᠢᠭ ᠬᠢᠭᠡᠳ ᠠᠳᠠᠯ ᠠᠬᠤᠢ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠯᠧᠢ ᠵᠧᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢ ᠲᠣᠭᠲᠠᠭ᠋ᠠᠬᠤ ᠬᠣᠶᠠᠳᠤᠭ᠋ᠠᠷ ᠭᠠᠵᠠᠷ᠎ᠤᠨ ᠳᠡᠳ᠋ ᠳᠠᠷᠤᠭ᠎ᠠ ᠶᠤᠸᠠᠨ ᠮᠧᠶ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠣᠷᠪᠤᠯᠵᠢᠯᠠᠭᠴᠢᠳ᠎ᠤᠨ ᠠᠰᠠᠭᠤᠯᠲᠠ᠎ᠨᠤᠭᠤᠳ᠎ᠢ ᠬᠠᠷᠢᠭᠤᠯᠵᠠᠢ᠃
     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠳᠡᠭᠡᠷᠡᠬᠢ ᠨᠡᠶ᠋ᠢᠲᠡᠯᠡᠯᠲᠡ ᠵᠢᠨ ᠦᠭᠡ  
      ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠢᠩᠬᠢᠮ᠎ᠤᠨ ᠳᠠᠷᠤᠭ᠎ᠠ ᠵᠠᠩ ᠾᠧ  
      ᠣᠷᠣᠨ ᠰᠠᠭᠤᠴᠠ ᠵᠢᠨ ᠠᠳᠠᠯ ᠠᠬᠤᠢ᠎ᠨᠢ ᠪᠥᠬᠦ ᠣᠷᠣᠨ᠎ᠤ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠢ ᠠᠬᠢᠭᠤᠯᠬᠤ᠎ᠯᠤᠭ᠎ᠠ ᠬᠣᠯᠪᠣᠭᠳᠠᠳᠠᠭ᠂ ᠣᠷᠣᠨ ᠰᠠᠭᠤᠴᠠ ᠵᠢᠨ ᠠᠳᠠᠯ ᠠᠬᠤᠢ ᠵᠢᠨ ᠬᠠᠮᠢᠶᠠᠷᠤᠯᠲᠠ ᠵᠢᠨ ᠴᠢᠳᠠᠪᠤᠷᠢ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠨᠢ ᠪᠥᠬᠦ ᠣᠷᠣᠨ᠎ᠤ ᠠᠳᠠᠯ ᠠᠬᠤᠢ ᠵᠢᠨ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠪᠥᠬᠦ ᠣᠷᠣᠨ᠎ᠤ ᠠᠳᠠᠯ ᠠᠬᠤᠢ ᠵᠢᠨ ᠵᠠᠰᠠᠯᠲᠠ ᠵᠢᠨ ᠲᠤᠰᠬᠠᠢ ᠠᠵᠢᠯ᠎ᠢ ᠠᠬᠢᠭᠤᠯᠬᠤ᠂ ᠠᠳᠠᠯ ᠠᠬᠤᠢ ᠵᠢᠨ ᠠᠵᠢᠯ ᠲᠥᠷᠥᠯ ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
      ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠪᠠ ᠠᠷᠠᠳ ᠣᠯᠠᠨ᠎ᠤ ᠠᠳᠠᠯ ᠠᠬᠤᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠲᠠᠰᠤᠷᠠᠯᠲᠠ ᠦᠭᠡᠢ ᠳᠡᠭᠡᠭᠰᠢᠯᠡᠬᠦ ᠵᠢ ᠳᠠᠭ᠋ᠠᠯᠳᠤᠨ᠂ ᠠᠳᠠᠯ ᠠᠬᠤᠢ ᠵᠢᠨ ᠬᠠᠮᠢᠶᠠᠷᠤᠯᠲᠠ᠎ᠳᠤ ᠵᠠᠷᠢᠮ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠎ᠤᠳ ᠢᠯᠡᠷᠡᠵᠦ᠂ ᠵᠠᠷᠢᠮ ᠡᠬᠢ ᠡᠭᠦᠰᠦᠯ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠤᠳ ᠲᠠᠰᠤᠷᠠᠯᠲᠠ ᠦᠭᠡᠢ ᠲᠣᠪᠣᠢ᠌ᠮ᠎ᠠ ᠢᠯᠡᠷᠡᠵᠦ᠂ ᠬᠡᠰᠡᠭ ᠣᠷᠣᠨ ᠰᠠᠭᠤᠴᠠ ᠵᠢᠨ ᠵᠢᠵᠢᠭ ᠲᠣᠭᠣᠷᠢᠭ᠎ᠤᠨ ᠥᠮᠴᠢᠲᠠᠳ᠎ᠤᠨ ᠺᠣᠮᠢᠰ ᠪᠠᠶ᠋ᠢᠭᠤᠯᠬᠤ᠎ᠳᠤ ᠬᠦᠴᠢᠷᠲᠡᠢ᠂ ᠦᠢ᠍ᠯᠡᠳᠦᠯ᠎ᠢ᠎ᠨᠢ ᠪᠠᠳᠠᠷᠠᠭᠤᠯᠬᠤ᠎ᠳᠤ ᠬᠦᠴᠢᠷᠲᠡᠢ ᠪᠠᠢ᠌ᠨ᠎ᠠ; ᠬᠡᠰᠡᠭ ᠡᠷᠲᠡᠨ᠎ᠤ ᠪᠠ ᠬᠠᠭᠤᠴᠢᠨ ᠰᠠᠭᠤᠭ᠋ᠠᠯᠢ ᠲᠣᠭᠣᠷᠢᠭ᠎ᠤᠨ ᠪᠡᠯᠡᠳᠬᠡᠮᠵᠢ᠎ᠨᠦᠭᠦᠳ᠎ᠨᠢ ᠬᠠᠭᠤᠴᠢᠷᠠᠵᠤ᠂ ᠰᠡᠯᠪᠢᠨ ᠵᠠᠰᠠᠬᠤ᠎ᠳᠤ ᠬᠦᠴᠢᠷᠲᠡᠢ᠎ᠠᠴᠠ ᠪᠣᠯᠵᠤ ᠵᠥᠷᠢᠴᠡᠯ ᠵᠢᠭᠤᠷᠠᠯᠳᠤᠭ᠋ᠠᠨ ᠠᠮᠠᠷᠬᠠᠨ ᠡᠭᠦᠰᠴᠦ ᠪᠠᠢ᠌ᠨ᠎ᠠ; ᠬᠡᠰᠡᠭ ᠰᠠᠭᠤᠭ᠋ᠠᠯᠢ ᠲᠣᠭᠣᠷᠢᠭ᠎ᠤᠨ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ ᠲᠣᠳᠣᠷᠬᠠᠢ ᠦᠭᠡᠢ᠂ ᠠᠳᠠᠯ ᠠᠬᠤᠢ ᠵᠢᠨ ᠦᠢ᠍ᠯᠡᠴᠢᠯᠡᠭᠡ ᠡᠮᠬᠢ ᠳᠢᠭᠯᠢᠮ ᠦᠭᠡᠢ᠂ ᠬᠠᠮᠢᠶᠠᠷᠤᠯᠲᠠ ᠬᠦᠴᠢᠷᠲᠡᠢ ᠵᠡᠷᠭᠡ ᠠᠰᠠᠭᠤᠳᠠᠯ᠎ᠤᠳ ᠡᠳᠦᠷ ᠢᠷᠡᠬᠦᠶ᠎ᠡ ᠲᠣᠪᠣᠢ᠌ᠮ᠎ᠠ ᠪᠣᠯᠵᠤ ᠪᠠᠢ᠌ᠨ᠎ᠠ᠃
    2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠭᠰᠡᠨ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ ᠎ᠤᠨ ᠢᠷᠭᠡᠨ᠎ᠤ ᠬᠠᠤᠯᠢ ᠵᠢᠨ ᠪᠢᠴᠢᠭ》᠎ᠳᠤ ᠠᠳᠠᠯᠢ ᠪᠤᠰᠤ ᠬᠠᠷᠠᠭ᠋ᠠᠰᠤ᠎ᠠᠴᠠ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯᠯᠠᠭ᠎ᠠ᠎ᠳᠤ ᠠᠯᠢ ᠣᠯᠠᠨ ᠵᠢᠷᠤᠮᠵᠢᠯ ᠪᠠ ᠲᠣᠬᠢᠷᠠᠭᠤᠯᠤᠯᠲᠠ ᠬᠢᠭᠰᠡᠨ ᠪᠠᠢ᠌ᠯ᠎ᠠ᠃ ᠤᠯᠤᠰ᠎ᠤᠨ ᠬᠠᠤᠯᠢ ᠳᠦᠷᠢᠮ ᠨᠢᠭᠡᠳᠦᠯᠲᠡᠢ ᠪᠠᠢ᠌ᠬᠤ ᠵᠢ ᠦᠨᠡᠨ ᠬᠦ᠌ ᠪᠠᠲᠤᠯᠠᠵᠤ᠂ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯᠯᠠᠭ᠎ᠠ ᠵᠢ ᠵᠢᠷᠤᠮᠵᠢᠭᠤᠯᠤᠨ᠂ ᠥᠮᠴᠢᠲᠡᠨ ᠪᠠ ᠠᠳᠠᠯ ᠠᠬᠤᠢ ᠵᠢᠨ ᠦᠢ᠍ᠯᠡᠴᠢᠯᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠰᠠᠢ᠌ᠨ ᠰᠠᠢ᠌ᠬᠠᠨ ᠠᠮᠢᠳᠤᠷᠠᠯ ᠪᠠ ᠠᠵᠢᠯᠯᠠᠬᠤ ᠣᠷᠴᠢᠨ ᠲᠣᠭᠣᠷᠢᠨ᠎ᠢ ᠪᠣᠶ ᠪᠣᠯᠭ᠋ᠠᠬᠤ ᠵᠢᠨ ᠲᠤᠰᠠᠳᠠ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠡᠮᠦᠨᠡᠬᠢ ᠬᠤᠭᠤᠴᠠᠭ᠋ᠠᠨ᠎ᠳᠤ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠭᠦᠢ᠍ᠴᠡᠳ ᠨᠤᠲᠠᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢ ᠲᠥᠯᠥᠭᠡᠯᠡᠨ 《ᠳᠦᠷᠢᠮ (ᠵᠠᠰᠠᠪᠤᠷᠢ ᠣᠷᠤᠭᠤᠯᠬᠤ ᠲᠥᠰᠥᠯ)》᠎ᠤᠨ ᠬᠢᠨᠠᠭᠤᠯᠬᠤ ᠨᠣᠣᠷᠠᠭ ᠎ᠢ ᠲᠤᠭᠤᠷᠪᠢᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠬᠢᠨᠠᠭᠤᠯᠬᠤ ᠨᠣᠣᠷᠠᠭ᠎ᠢ ᠨᠠᠷᠢᠨ ᠬᠢᠨᠠᠮᠠᠭ᠋ᠠᠢ ᠬᠢᠨᠠᠨ ᠪᠠᠢ᠌ᠴᠠᠭ᠋ᠠᠵᠤ᠂ ᠵᠣᠬᠢᠴᠠᠭᠤᠯᠭ᠎ᠠ ᠪᠠ ᠵᠠᠰᠠᠪᠤᠷᠢ ᠣᠷᠣᠭᠤᠯᠵᠤ᠂ ᠡᠯ᠎ᠡ ᠠᠢ᠌ᠮᠠᠭ ᠬᠤᠲᠠ᠂ ᠬᠣᠰᠢᠭᠤ ᠰᠢᠶᠠᠨ (ᠬᠤᠲᠠ᠂ ᠲᠣᠭᠣᠷᠢᠭ)᠂ ᠡᠯ᠎ᠡ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠵᠢᠴᠢ ᠨᠡᠢ᠌ᠭᠡᠮ᠎ᠤᠨ ᠡᠯ᠎ᠡ ᠡᠲᠡᠭᠡᠳ᠎ᠤᠨ ᠰᠠᠨᠠᠯ᠎ᠢ ᠥᠷᠭᠡᠨ ᠵᠶ᠋ᠠᠷ ᠬᠤᠷᠢᠶᠠᠵᠤ᠂ ᠳᠠᠬᠢᠨ ᠳᠠᠪᠲᠠᠨ ᠰᠤᠳᠤᠯᠤᠨ ᠨᠤᠲᠠᠯᠠᠬᠤ᠎ᠪᠠᠷ ᠳᠠᠮᠵᠢᠭ᠋ᠠᠳ 2021 ᠣᠨ ᠎ᠤ 9 ᠳ᠋ᠦ᠍ᠭᠡᠷ ᠰᠠᠷ᠎ᠠ ᠵᠢᠨ 16᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 19 ᠳ᠋ᠦ᠍ᠭᠡᠷ ᠤᠳᠠᠭ᠎ᠠ ᠵᠢᠨ ᠪᠠᠢ᠌ᠩᠭᠤ ᠵᠢᠨ ᠬᠤᠷᠠᠯ ᠶᠠᠷᠢᠯᠴᠠᠭᠤᠯᠤᠨ ᠪᠠᠲᠤᠯᠠᠭᠤᠯᠤᠭ᠋ᠠᠳ 2021 ᠣᠨ᠎ᠤ 11 ᠳ᠋ᠦ᠍ᠭᠡᠷ ᠰᠠᠷ᠎ᠠ ᠵᠢᠨ 16᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠭᠤᠴᠢᠨ ᠨᠢᠭᠡᠳᠦᠭᠡᠷ ᠤᠳᠠᠭ᠎ᠠ ᠵᠢᠨ ᠬᠤᠷᠠᠯ ᠳᠡᠭᠡᠷ᠎ᠡ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠢ ᠪᠠᠲᠤᠯᠠᠭᠤᠯᠪᠠ᠃  
      ᠰᠢᠨ᠎ᠡ 《ᠳᠦᠷᠢᠮ》᠎ᠳᠤ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢ ᠬᠤᠪᠢᠶᠠᠷᠢᠯᠠᠬᠤ᠂ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ ᠪᠠᠶ᠋ᠢᠭᠤᠯᠬᠤ᠂ ᠠᠳᠠᠯ ᠠᠬᠤᠢ ᠵᠢᠨ ᠡᠮᠦᠨᠡᠬᠢ ᠬᠤᠭᠤᠴᠠᠭ᠋ᠠᠨ᠎ᠤ ᠬᠠᠮᠢᠶᠠᠷᠤᠯᠲᠠ᠂ ᠭᠡᠷ ᠪᠠᠢ᠌ᠰᠢᠩ᠎ᠢ ᠵᠠᠰᠠᠨ ᠴᠢᠮᠡᠭᠯᠡᠬᠦ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠲᠥᠬᠦᠭᠡᠷᠦᠮᠵᠢ ᠵᠢ ᠬᠠᠮᠠᠭ᠋ᠠᠯᠠᠬᠤ᠂ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠯᠠᠨ ᠲᠠᠯ᠎ᠠ᠎ᠠᠴᠠ ᠠᠳᠠᠯ ᠠᠬᠤᠢ ᠵᠢᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠠᠭᠤᠯᠭ᠎ᠠ᠎ᠳᠤ ᠵᠠᠰᠠᠪᠤᠷᠢ ᠣᠷᠣᠭᠤᠯᠵᠠᠢ᠃
      ᠨᠢᠭᠡ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠤᠨ ᠲᠤᠬᠠᠢ᠃ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ ᠪᠣᠯ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠵᠢᠨ ᠰᠠᠭᠤᠷᠢ ᠪᠠ ᠤᠷᠢᠲᠠᠯ ᠮᠥᠨ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠤᠨ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠲᠣᠭᠲᠠᠭ᠋ᠠᠨ᠎ᠠ ᠭᠡᠵᠦ ᠲᠦᠷᠦ ᠵᠢᠨ ᠶᠠᠪᠤᠳᠠᠯ ᠎ᠤᠨ ᠬᠣᠷᠢᠶᠠᠨ᠎ᠤ 《ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠳᠤ ᠲᠣᠳᠣᠷᠬᠠᠢ ᠲᠣᠭᠲᠠᠭ᠋ᠠᠵᠠᠢ᠃ ᠲᠣᠰ ᠤᠳᠠᠭ᠋ᠠᠨ᠎ᠤ ᠵᠠᠰᠠᠪᠤᠷᠢ ᠣᠷᠤᠭᠤᠯᠬᠤ ᠲᠣᠬᠢᠶᠠᠯ᠎ᠢ ᠠᠰᠢᠭᠯᠠᠨ᠂ ᠪᠢᠳᠡ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠳᠤ ᠲᠣᠭᠲᠠᠭ᠋ᠠᠯ ᠭᠠᠷᠭ᠋ᠠᠯ᠎ᠠ᠂ ᠡᠭᠦᠨ᠎ᠳᠤ ᠭᠣᠣᠯᠳᠠᠭᠤ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠤᠨ ᠵᠠᠷᠴᠢᠮ᠂ ᠰᠢᠨ᠎ᠡ᠎ᠪᠠᠷ ᠪᠠᠢ᠌ᠭᠤᠯᠤᠭᠳᠠᠭᠰᠠᠨ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠂ ᠨᠢᠭᠡᠨᠲᠡ ᠠᠰᠢᠭᠯᠠᠯᠲᠠ᠎ᠳᠤ ᠣᠷᠣᠭᠤᠯᠤᠭᠰᠠᠨ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ ᠪᠠ ᠲᠣᠬᠢᠷᠠᠭᠤᠯᠤᠯᠲᠠ ᠭᠡᠬᠦ ᠭᠤᠷᠪᠠᠨ ᠬᠡᠰᠡᠭ᠎ᠢ ᠪᠠᠭᠲᠠᠭ᠋ᠠᠪᠠ᠃ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠨᠢ ᠠᠳᠠᠯ ᠠᠬᠤᠢ ᠵᠢᠨ ᠬᠠᠮᠢᠶᠠᠷᠤᠯᠲᠠ ᠵᠢ ᠬᠡᠷᠡᠭᠵᠢᠭᠦᠯᠬᠦ᠎ᠳᠤ ᠠᠰᠢᠭᠲᠠᠢ ᠪᠠᠢ᠌ᠯᠭ᠋ᠠᠬᠤ᠎ᠪᠠᠷ ᠵᠠᠷᠴᠢᠮ ᠪᠣᠯᠭ᠋ᠠᠵᠤ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠦᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ᠎ᠳᠤ ᠲᠣᠭᠲᠠᠭ᠋ᠠᠭᠰᠠᠨ ᠬᠡᠷᠡᠭᠯᠡᠬᠦ ᠭᠠᠵᠠᠷ᠎ᠤᠨ ᠬᠡᠪᠴᠢᠶ᠎ᠡ᠎ᠪᠠᠷ ᠰᠠᠭᠤᠷᠢ ᠪᠣᠯᠭ᠋ᠠᠵᠤ᠂ ᠭᠠᠵᠠᠷ ᠰᠢᠷᠣᠢ ᠬᠡᠷᠡᠭᠯᠡᠬᠦ ᠡᠷᠬᠡ ᠵᠢᠨ ᠬᠠᠷᠢᠶᠠᠯᠠᠭᠳᠠᠬᠤ ᠬᠡᠪᠴᠢᠶ᠎ᠡ᠂ ᠪᠠᠷᠢᠯᠭ᠎ᠠ ᠵᠢᠨ ᠵᠦᠢ᠍ᠯᠡᠰ᠎ᠤᠨ ᠬᠡᠪᠴᠢᠶ᠎ᠡ᠂ ᠨᠡᠶ᠋ᠢᠲᠡ ᠵᠢᠨ ᠬᠡᠷᠡᠭᠯᠡᠭᠡᠨ᠎ᠤ ᠪᠡᠯᠡᠳᠬᠡᠮᠵᠢ ᠲᠥᠬᠦᠭᠡᠷᠦᠮᠵᠢ᠂ ᠪᠠᠢ᠌ᠭ᠋ᠠᠯᠢ ᠵᠢᠨ ᠵᠠᠭ᠋ᠠᠭ ᠬᠢᠵᠠᠭ᠋ᠠᠷ᠂ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠠᠢ; ᠠᠳᠠᠯ ᠠᠬᠤᠢ ᠵᠢᠨ ᠬᠠᠮᠢᠶᠠᠷᠤᠯᠲᠠ᠎ᠳᠤ ᠬᠡᠷᠡᠭᠯᠡᠬᠦ ᠭᠡᠷ ᠪᠠᠢ᠌ᠰᠢᠩ᠂ ᠤᠰᠤ᠂ ᠴᠠᠬᠢᠯᠭ᠋ᠠᠨ᠂ ᠢᠯᠴᠢ ᠬᠠᠩᠭ᠋ᠠᠬᠤ᠂ ᠭᠠᠯ ᠤᠨᠲᠠᠷᠠᠭ᠋ᠠᠬᠤ ᠵᠡᠷᠭᠡ ᠢᠵᠢ ᠪᠦᠷᠢᠳᠦᠭᠰᠡᠨ ᠪᠡᠯᠡᠳᠬᠡᠮᠵᠢ ᠪᠠ ᠬᠠᠮᠢᠶ᠎ᠠ ᠪᠦᠬᠦᠢ ᠲᠠᠯᠠᠪᠤᠷ ᠭᠠᠵᠠᠷ᠎ᠤᠨ ᠬᠠᠮᠲᠤ᠎ᠪᠠᠷ ᠬᠡᠷᠡᠭᠯᠡᠬᠦ ᠵᠢ ᠰᠠᠯᠭ᠋ᠠᠵᠤ ᠪᠣᠯᠬᠤ ᠦᠭᠡᠢ ᠪᠣᠯ᠂ ᠠᠳᠠᠯ ᠠᠬᠤᠢ ᠵᠢᠨ ᠬᠠᠮᠢᠶᠠᠷᠤᠯᠲᠠ ᠵᠢᠨ ᠨᠢᠭᠡ ᠣᠷᠣᠨ ᠪᠦᠰᠡ᠎ᠳᠤ ᠬᠤᠪᠢᠶᠠᠷᠢᠯᠠᠵᠤ ᠥᠭᠭᠦᠨ᠎ᠡ; ᠲᠤᠰᠠᠭ᠋ᠠᠷᠯᠠᠨ ᠬᠡᠷᠡᠭᠯᠡᠵᠦ ᠪᠣᠯᠬᠤ ᠵᠢ᠎ᠨᠢ ᠠᠳᠠᠯ ᠠᠬᠤᠢ ᠵᠢᠨ ᠬᠠᠮᠢᠶᠠᠷᠤᠯᠲᠠ ᠵᠢᠨ ᠠᠳᠠᠯᠢ ᠪᠤᠰᠤ ᠣᠷᠣᠨ ᠪᠦᠰᠡ᠎ᠳᠤ ᠬᠤᠪᠢᠶᠠᠷᠢᠯᠠᠨ ᠥᠭᠴᠦ ᠪᠣᠯᠣᠨ᠎ᠠ᠃ ᠰᠢᠨ᠎ᠡ᠎ᠪᠠᠷ ᠪᠠᠢ᠌ᠭᠤᠯᠤᠭᠳᠠᠭᠰᠠᠨ ᠠᠳᠠᠯ ᠠᠬᠤᠢ ᠵᠢᠨ ᠣᠷᠣᠨ ᠪᠦᠰᠡ ᠵᠢ ᠬᠤᠪᠢᠶᠠᠷᠢᠯᠠᠬᠤ ᠭᠣᠣᠯ ᠴᠣᠭᠴᠠ ᠪᠣᠯ ᠪᠦᠲᠦᠭᠡᠨ ᠪᠠᠢ᠌ᠭᠤᠯᠤᠭᠰᠠᠨ ᠨᠢᠭᠡᠴᠡ ᠪᠣᠯᠣᠨ᠎ᠠ᠂ ᠪᠦᠲᠦᠭᠡᠨ ᠪᠠᠢ᠌ᠭᠤᠯᠤᠭᠰᠠᠨ ᠨᠢᠭᠡᠴᠡ᠎ᠨᠢ ᠬᠤᠪᠢᠶᠠᠷᠢᠯᠠᠬᠤ ᠵᠠᠷᠴᠢᠮ᠎ᠤᠨ ᠰᠠᠭᠤᠷᠢᠨ ᠳᠡᠭᠡᠷ᠎ᠡ᠂ ᠲᠠᠸᠠᠷ᠎ᠤᠨ ᠭᠡᠷ ᠪᠠᠢ᠌ᠰᠢᠩ᠎ᠢ ᠤᠷᠢᠳᠴᠢᠯᠠᠨ ᠬᠤᠳᠠᠯᠳᠤᠬᠤ ᠵᠥᠪᠰᠢᠶᠡᠷᠡᠯ᠎ᠤᠨ ᠦᠨᠡᠮᠯᠡᠯ ᠪᠤᠶᠤ ᠲᠠᠸᠠᠷ᠎ᠤᠨ ᠭᠡᠷ ᠪᠠᠢ᠌ᠰᠢᠩ᠎ᠤᠨ ᠪᠡᠯᠡᠨ ᠭᠡᠷ ᠪᠠᠢ᠌ᠰᠢᠩ᠎ᠢ ᠪᠣᠷᠣᠯᠠᠭᠤᠯᠬᠤ᠎ᠠᠴᠠ ᠡᠮᠦᠨ᠎ᠡ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢ ᠬᠤᠪᠢᠶᠠᠷᠢᠯᠠᠨ ᠲᠣᠭᠲᠠᠭ᠋ᠠᠭᠰᠠᠨ ᠮᠠᠲ᠋ᠧᠷᠢᠶᠠᠯ ᠵᠶ᠋ᠠᠨ ᠠᠳᠠᠯ ᠠᠬᠤᠢ ᠵᠢᠨ ᠲᠥᠷᠥᠯ ᠵᠦᠢ᠍ᠯ᠎ᠤᠨ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠳᠠᠯ ᠠᠬᠤᠢ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃ ᠠᠳᠠᠯ ᠠᠬᠤᠢ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠠᠩᠰᠠᠯᠠᠭᠤᠯᠤᠭᠰᠠᠨ ᠪᠠᠢ᠌ᠳᠠᠯ᠎ᠢ ᠲᠥᠷᠥᠯ ᠵᠦᠢ᠍ᠯ᠎ᠤᠨ ᠪᠠᠢ᠌ᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠪᠢᠴᠢᠭ ᠵᠶ᠋ᠠᠷ ᠮᠡᠳᠡᠭᠳᠡᠬᠦ ᠬᠡᠷᠡᠭᠲᠡᠢ᠃ ᠨᠢᠭᠡᠨᠲᠡ ᠠᠰᠢᠭᠯᠠᠯᠲᠠ᠎ᠳᠤ ᠣᠷᠣᠭᠤᠯᠤᠭᠰᠠᠨ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ ᠪᠠ ᠲᠣᠬᠢᠷᠠᠭᠤᠯᠤᠯᠲᠠ ᠬᠢᠬᠦ᠎ᠳᠤ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠤᠨ ᠭᠣᠣᠯ ᠴᠣᠭᠴᠠ ᠪᠣᠯ ᠬᠣᠰᠢᠭᠤ ᠰᠢᠶᠠᠨ᠎ᠤ ᠱᠠᠲᠤᠨ᠎ᠤ ᠠᠳᠠᠯ ᠠᠬᠤᠢ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠣᠨ᠎ᠠ᠂ ᠮᠥᠨ ᠬᠦ᠌ ᠬᠤᠪᠢᠶᠠᠷᠢᠯᠠᠬᠤ ᠵᠠᠷᠴᠢᠮ᠎ᠤᠨ ᠰᠠᠭᠤᠷᠢᠨ ᠳᠡᠭᠡᠷ᠎ᠡ᠂ ᠥᠮᠴᠢᠲᠠᠳ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠬᠤᠪᠢᠶᠠᠷᠢᠯᠠᠬᠤ ᠪᠤᠶᠤ ᠲᠣᠬᠢᠷᠠᠭᠤᠯᠤᠯᠲᠠ ᠬᠢᠨ᠎ᠡ᠃  
      ᠬᠣᠶᠠᠷ᠂ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠲᠤᠬᠠᠢ᠃ ᠵᠠᠷᠢᠮ ᠣᠷᠣᠨ ᠰᠠᠭᠤᠴᠠ ᠵᠢᠨ ᠲᠣᠭᠣᠷᠢᠭ᠎ᠤᠨ ᠥᠮᠴᠢᠲᠠᠳ᠎ᠤᠨ ᠥᠪᠡᠷᠲᠡᠭᠡᠨ ᠵᠠᠰᠠᠬᠤ ᠤᠬᠠᠮᠰᠠᠷ ᠳᠣᠷᠤᠢ᠂ ᠢᠳᠡᠪᠬᠢᠵᠢᠯ ᠦᠭᠡᠢ᠂ ᠥᠮᠴᠢᠲᠠᠳ᠎ᠤᠨ ᠶᠡᠬᠡ ᠬᠤᠷᠠᠯ᠎ᠢ ᠬᠤᠷᠠᠯᠳᠤᠭᠤᠯᠬᠤ᠎ᠳᠤ ᠬᠦᠴᠢᠷ᠂ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠢ ᠰᠣᠩᠭᠣᠨ ᠤᠷᠢᠬᠤ ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠬᠡᠪ᠎ᠤᠨ ᠶᠣᠰᠣᠭ᠋ᠠᠷ ᠪᠡᠶᠡᠯᠡᠭᠦᠯᠬᠦ᠎ᠳᠤ ᠬᠦᠴᠢᠷ ᠪᠠᠢ᠌ᠬᠤ ᠵᠡᠷᠭᠡ ᠪᠠᠢ᠌ᠳᠠᠯ᠎ᠤᠳ᠎ᠢ ᠪᠦᠲᠦᠮᠵᠢᠲᠡᠶ ᠰᠢᠢ᠍ᠳᠪᠦᠷᠢᠯᠡᠬᠦ ᠵᠢᠨ ᠲᠤᠯᠠᠳᠠ᠂ 《ᠣᠷᠣᠨ ᠰᠠᠭᠤᠴᠠ ᠵᠢᠨ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠵᠡᠷᠭᠡ ᠰᠠᠯᠠᠭ᠎ᠠ ᠮᠥᠴᠢᠷ᠎ᠤᠨ ᠮᠡᠳᠡᠭᠳᠡᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠡᠭᠡᠵᠢᠩ᠂ ᠭᠤᠸᠠᠩᠵᠧᠦ ᠵᠡᠷᠭᠡ ᠭᠠᠵᠠᠷ᠎ᠤᠳ᠎ᠤᠨ ᠠᠮᠵᠢᠯᠲᠠ᠎ᠲᠠᠢ ᠲᠤᠷᠰᠢᠯᠭ᠎ᠠ᠎ᠪᠠᠷ ᠲᠣᠯᠢᠯᠠᠵᠤ ᠰᠢᠨ᠎ᠡ 《ᠳᠦᠷᠢᠮ》᠎ᠳᠤ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠢ ᠪᠠᠶ᠋ᠢᠭᠤᠯᠬᠤ ᠬᠣᠯᠪᠣᠭᠳᠠᠯ ᠪᠦᠬᠦᠢ ᠲᠣᠭᠲᠠᠭ᠋ᠠᠯ᠎ᠢ ᠨᠡᠮᠡᠭᠰᠡᠨ ᠪᠠᠢ᠌ᠨ᠎ᠠ᠂ ᠡᠭᠦᠨ᠎ᠳᠤ ᠭᠣᠣᠯᠴᠠᠭᠤ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠢ ᠪᠠᠶ᠋ᠢᠭᠤᠯᠬᠤ ᠪᠠᠢ᠌ᠳᠠᠯ ᠵᠢᠴᠢ ᠡᠭᠦᠷᠭᠡ ᠬᠠᠷᠢᠭᠤᠴᠠᠯᠭ᠎ᠠ᠂ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠠᠵᠢᠯᠲᠠᠳ᠎ᠤᠨ ᠪᠦᠷᠢᠯᠳᠦᠴᠡ ᠪᠠ ᠲᠤᠰᠢᠶᠠᠯ ᠡᠭᠦᠷᠭᠡᠯᠡᠬᠦ ᠬᠢᠷᠢ ᠬᠡᠮ᠂ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠠᠵᠢᠯᠯᠠᠬᠤ ᠬᠤᠭᠤᠴᠠᠭ᠎ᠠ ᠪᠠ ᠲᠠᠷᠬᠠᠭ᠋ᠠᠬᠤ ᠵᠡᠷᠭᠡ ᠠᠭᠤᠯᠭ᠎ᠠ ᠵᠢ ᠪᠠᠭᠲᠠᠭ᠋ᠠᠵᠠᠢ᠃ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ ᠪᠣᠯ ᠨᠢᠭᠡᠨ ᠲᠦᠷ ᠴᠠᠭ᠎ᠤᠨ ᠪᠠᠢ᠌ᠭᠤᠯᠤᠮᠵᠢ ᠶᠤᠮ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠪᠣᠯ᠂ ᠥᠮᠴᠢᠲᠡᠨ᠎ᠢ ᠵᠣᠬᠢᠶᠠᠨ ᠪᠠᠢ᠌ᠭᠤᠯᠵᠤ ᠥᠮᠴᠢᠲᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠤᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ; ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠢ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠂ ᠥᠮᠴᠢᠲᠡᠨ᠂ ᠠᠳᠠᠯ ᠠᠬᠤᠢ ᠵᠢᠨ ᠬᠡᠷᠡᠭᠯᠡᠭᠴᠢ ᠵᠢᠨ ᠲᠥᠯᠥᠭᠡᠯᠡᠭᠴᠢ ᠵᠡᠷᠭᠡ ᠭᠤᠷᠪᠠ᠎ᠠᠴᠠ ᠳᠡᠭᠡᠭᠰᠢᠬᠢ ᠰᠣᠨᠳᠣᠭᠣᠢ ᠲᠣᠭ᠎ᠠ᠎ᠪᠠᠷ ᠪᠦᠷᠢᠯᠳᠦᠭᠦᠯᠵᠦ᠂ ᠡᠭᠦᠨ᠎ᠳᠤ ᠥᠮᠴᠢᠲᠠᠳ᠎ᠤᠨ ᠲᠥᠯᠥᠭᠡᠯᠡᠭᠴᠢ᠎ᠨᠢ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠭᠡᠰᠢᠭᠦᠨ᠎ᠤ ᠬᠥᠮᠥᠨ᠎ᠤ ᠲᠣᠭ᠎ᠠ ᠵᠢᠨ ᠬᠣᠶᠠᠷ᠎ᠤᠨ ᠨᠢᠭᠡ ᠬᠤᠪᠢ᠎ᠠᠴᠠ ᠳᠤᠲᠠᠭᠤ ᠪᠠᠢ᠌ᠵᠤ ᠪᠣᠯᠬᠤ ᠦᠭᠡᠢ᠂ ᠥᠮᠴᠢᠲᠠᠳ᠎ᠤᠨ ᠲᠥᠯᠥᠭᠡᠯᠡᠭᠴᠢ ᠵᠢ ᠰᠣᠩᠭᠣᠬᠤ ᠪᠠ ᠬᠢᠷᠢ ᠬᠡᠮ᠎ᠢ ᠬᠢᠨᠠᠨ ᠪᠠᠢ᠌ᠴᠠᠭ᠋ᠠᠬᠤ ᠵᠢ ᠥᠮᠴᠢᠲᠠᠳ᠎ᠤᠨ ᠺᠣᠮᠢᠰ᠎ᠤᠨ ᠵᠢᠱ᠌ᠢᠭᠳᠡᠭᠴᠢ ᠵᠢᠨ ᠬᠣᠯᠪᠣᠭᠳᠠᠯ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ᠂ ᠡᠷᠬᠢᠯᠡᠭᠴᠢ ᠵᠢᠨ ᠲᠤᠰᠢᠶᠠᠯ᠎ᠢ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠵᠢᠨ ᠲᠤᠰᠢᠶᠠᠯ᠎ᠢ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠠᠴᠠ ᠨᠢᠭᠡ ᠥᠮᠴᠢᠲᠠᠳ᠎ᠤᠨ ᠲᠥᠯᠥᠭᠡᠯᠡᠭᠴᠢ ᠵᠢ ᠵᠢᠭ᠋ᠠᠨ ᠲᠣᠭᠲᠠᠭ᠋ᠠᠵᠤ ᠡᠭᠦᠷᠭᠡᠯᠡᠭᠦᠯᠦᠨ᠎ᠡ; ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠠᠵᠢᠯᠯᠠᠬᠤ ᠬᠤᠭᠤᠴᠠᠭ᠎ᠠ᠎ᠨᠢ ᠡᠩ᠎ᠤᠨ ᠪᠠᠢ᠌ᠳᠠᠯ᠎ᠳᠤ ᠭᠤᠷᠪᠠᠨ ᠵᠢᠯ᠎ᠠᠴᠠ ᠬᠡᠲᠦᠷᠡᠵᠦ ᠪᠣᠯᠬᠤ ᠦᠭᠡᠢ᠂ ᠥᠮᠴᠢᠲᠠᠳ᠎ᠤᠨ ᠶᠡᠬᠡ ᠬᠤᠷᠠᠯ ᠨᠢᠭᠡᠨᠲᠡ ᠪᠠᠢ᠌ᠭᠤᠯᠤᠭᠳᠠᠭᠰᠠᠨ᠂ ᠥᠮᠴᠢᠲᠠᠳ᠎ᠤᠨ ᠺᠣᠮᠢᠰ᠎ᠢ ᠰᠣᠩᠭᠣᠨ ᠭᠠᠷᠭ᠋ᠠᠬᠤ ᠪᠤᠶᠤ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢ ᠲᠣᠬᠢᠷᠠᠭᠤᠯᠬᠤ᠂ ᠭᠡᠷ ᠪᠠᠢ᠌ᠰᠢᠩ ᠰᠦᠢ᠍ᠳᠬᠡᠭᠳᠡᠭᠰᠡᠨ ᠵᠡᠷᠭᠡ ᠪᠤᠰᠤᠳ ᠪᠤᠰᠤᠳᠴᠢ ᠰᠢᠯᠲᠠᠭ᠋ᠠᠨ᠎ᠠᠴᠠ ᠪᠣᠯᠵᠤ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ ᠣᠷᠣᠰᠢᠨ ᠲᠣᠭᠲᠠᠨᠢᠬᠤ ᠠᠷᠭ᠎ᠠ ᠦᠭᠡᠢ ᠪᠣᠯᠤᠭᠰᠠᠨ ᠪᠠᠢ᠌ᠪᠠᠯ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠭᠤᠴᠢᠨ ᠡᠳᠦᠷ᠎ᠤᠨ ᠳᠣᠲᠣᠷ᠎ᠠ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠢ ᠲᠠᠷᠬᠠᠭ᠋ᠠᠬᠤ ᠬᠡᠷᠡᠭᠲᠡᠢ᠃  
      ᠭᠤᠷᠪᠠ᠎ᠳᠤ ᠠᠳᠠᠯ ᠠᠬᠤᠢ ᠵᠢᠨ ᠡᠮᠦᠨᠡᠬᠢ ᠬᠤᠭᠤᠴᠠᠭ᠋ᠠᠨ᠎ᠤ ᠬᠠᠮᠢᠶᠠᠷᠤᠯᠲᠠ ᠵᠢᠨ ᠲᠤᠬᠠᠢ᠃ ᠪᠦᠲᠦᠭᠡᠨ ᠪᠠᠢ᠌ᠭᠤᠯᠤᠭᠰᠠᠨ ᠨᠢᠭᠡᠴᠡ᠎ᠨᠢ ᠡᠷᠬᠡ᠎ᠪᠠᠨ ᠳᠠᠪᠠᠭᠤᠯᠤᠨ ᠥᠮᠴᠢᠲᠡᠨ᠎ᠤ ᠡᠷᠬᠡ ᠵᠢ ᠬᠡᠷᠡᠭᠵᠢᠭᠦᠯᠬᠦ᠂ ᠠᠳᠠᠯ ᠠᠬᠤᠢ ᠵᠢᠨ ᠦᠢ᠍ᠯᠡᠴᠢᠯᠡᠭᠡ᠎ᠳᠤ ᠬᠡᠷᠡᠭᠯᠡᠬᠦ ᠭᠡᠷ ᠪᠠᠢ᠌ᠰᠢᠩ᠎ᠢ ᠵᠢᠷᠤᠮᠵᠢᠯ ᠦᠭᠡᠢ ᠲᠣᠬᠢᠷᠠᠭᠤᠯᠬᠤ᠂ ᠵᠠᠰᠠᠵᠤ ᠰᠡᠯᠪᠢᠬᠦ ᠶᠣᠰᠣᠲᠠᠢ ᠬᠠᠷᠢᠭᠤᠴᠠᠯᠭ᠎ᠠ ᠵᠢ ᠢᠳᠡᠪᠬᠢᠲᠡᠢ ᠡᠭᠦᠷᠭᠡᠯᠡᠬᠦ ᠦᠭᠡᠢ ᠪᠠᠢ᠌ᠬᠤ ᠠᠰᠠᠭᠤᠳᠠᠯ᠎ᠤᠳ᠎ᠲᠤ ᠴᠢᠭᠯᠡᠭᠦᠯᠦᠨ᠂ ᠰᠢᠨ᠎ᠡ 《ᠳᠦᠷᠢᠮ》᠎ᠳᠤ ᠡᠶ᠋ᠢᠨ ᠬᠦ᠌ ᠲᠣᠭᠲᠠᠭ᠋ᠠᠪᠠ᠄ ᠠᠳᠠᠯ ᠠᠬᠤᠢ ᠵᠢᠨ ᠡᠮᠦᠨᠡᠬᠢ ᠬᠤᠭᠤᠴᠠᠭ᠋ᠠᠨ᠎ᠤ ᠦᠢ᠍ᠯᠡᠴᠢᠯᠡᠭᠡᠨ᠎ᠤ ᠭᠡᠷ᠎ᠡ ᠵᠢᠨ ᠬᠤᠭᠤᠴᠠᠭ᠎ᠠ ᠵᠢ ᠠᠳᠠᠯ ᠠᠬᠤᠢ ᠵᠢᠨ ᠲᠥᠷᠥᠯ ᠵᠦᠢ᠍ᠯ᠎ᠢ ᠲᠤᠰᠢᠶᠠᠨ ᠥᠭᠴᠦ ᠬᠡᠷᠡᠭᠯᠡᠭᠦᠯᠦᠭᠰᠡᠨ ᠡᠳᠦᠷ᠎ᠠᠴᠠ ᠡᠬᠢᠯᠡᠨ ᠪᠣᠳᠤᠵᠤ ᠬᠠᠮᠤᠭ᠎ᠤᠨ ᠣᠷᠳᠣ᠎ᠳᠤ᠎ᠪᠠᠨ ᠬᠣᠶᠠᠷ ᠵᠢᠯ᠎ᠠᠴᠠ ᠬᠡᠲᠦᠷᠡᠭᠦᠯᠵᠦ ᠪᠣᠯᠬᠤ ᠦᠭᠡᠢ; ᠰᠢᠨ᠎ᠡ᠎ᠪᠠᠷ ᠪᠠᠶ᠋ᠢᠭᠤᠯᠬᠤ ᠣᠷᠣᠨ ᠰᠠᠭᠤᠴᠠ ᠵᠢ ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ᠎ᠳᠤ ᠠᠳᠠᠯ ᠠᠬᠤᠢ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠡᠷ ᠪᠠᠢ᠌ᠰᠢᠩ᠎ᠢ ᠬᠠᠷᠠᠬᠠᠨ ᠲᠤᠰᠢᠶᠠᠵᠤ ᠥᠭᠭᠦᠭᠡᠳᠦᠢ ᠪᠣᠯ᠂ ᠪᠦᠲᠦᠭᠡᠨ ᠪᠠᠢ᠌ᠭᠤᠯᠤᠭᠰᠠᠨ ᠨᠢᠭᠡᠴᠡ᠎ᠨᠢ ᠵᠠᠭᠤᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢᠬᠢ ᠲᠠᠯᠠᠪᠠᠢ᠎ᠲᠠᠢ ᠠᠳᠠᠯ ᠠᠬᠤᠢ ᠵᠢᠨ ᠦᠢ᠍ᠯᠡᠴᠢᠯᠡᠭᠡᠨ᠎ᠳᠤ ᠬᠡᠷᠡᠭᠯᠡᠬᠦ ᠲᠦᠷ ᠴᠠᠭ᠎ᠤᠨ ᠭᠡᠷ ᠪᠠᠢ᠌ᠰᠢᠩ ᠬᠠᠩᠭ᠋ᠠᠬᠤ ᠬᠡᠷᠡᠭᠲᠡᠢ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠤᠲᠠ ᠬᠥᠳᠡᠭᠡ ᠵᠢᠨ ᠲᠥᠯᠦᠪᠵᠢᠭᠦᠯᠭᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠦᠲᠦᠭᠡᠨ ᠪᠠᠶ᠋ᠢᠭᠤᠯᠬᠤ ᠪᠠᠷᠢᠯᠭ᠎ᠠ ᠵᠢᠨ ᠲᠥᠯᠦᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ ᠦᠶᠡᠰ᠂ ᠵᠥᠪᠰᠢᠶᠡᠷᠡᠯ᠎ᠤᠨ ᠦᠨᠡᠮᠯᠡᠯ ᠵᠢᠴᠢ ᠳᠠᠭ᠋ᠠᠯᠳᠤᠭᠤᠯᠤᠯ ᠵᠢᠷᠤᠭ ᠳᠡᠭᠡᠷ᠎ᠡ ᠲᠥᠬᠦᠷᠵᠢᠭᠦᠯᠦᠨ ᠪᠦᠲᠦᠭᠡᠨ ᠪᠠᠶ᠋ᠢᠭᠤᠯᠬᠤ ᠠᠳᠠᠯ ᠠᠬᠤᠢ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠡᠷ ᠪᠠᠢ᠌ᠰᠢᠩ᠎ᠤᠨ ᠪᠠᠷᠢᠯᠭ᠎ᠠ ᠵᠢᠨ ᠲᠠᠯᠠᠪᠠᠶ ᠪᠠ ᠣᠷᠣᠨ ᠪᠠᠢ᠌ᠷᠢ ᠵᠢ ᠲᠣᠳᠣᠷᠬᠠᠢ᠌ᠯᠠᠬᠤ ᠬᠡᠷᠡᠭᠲᠡᠢ; ᠠᠳᠠᠯ ᠠᠬᠤᠢ ᠵᠢᠨ ᠵᠠᠰᠠᠬᠤ ᠵᠢ ᠪᠠᠲᠤᠯᠠᠬᠤ ᠬᠤᠭᠤᠴᠠᠭ᠎ᠠ ᠪᠠ ᠬᠡᠪᠴᠢᠶᠡᠨ᠎ᠳᠤ ᠶᠠᠰᠤ ᠴᠢᠨᠠᠷ᠎ᠤᠨ ᠠᠰᠠᠭᠤᠳᠠᠯ ᠭᠠᠷᠪᠠᠯ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠰ ᠪᠦᠲᠦᠭᠡᠨ ᠪᠠᠢ᠌ᠭᠤᠯᠤᠭᠰᠠᠨ ᠨᠢᠭᠡᠴᠡ᠎ᠳᠤ ᠳᠠᠷᠤᠢ᠌ᠬᠠᠨ ᠮᠡᠳᠡᠭᠳᠡᠵᠦ᠂ ᠪᠦᠲᠦᠭᠡᠨ ᠪᠠᠢ᠌ᠭᠤᠯᠤᠭᠰᠠᠨ ᠨᠢᠭᠡᠴᠡ ᠵᠢ ᠰᠢᠮᠳᠠᠭᠤᠯᠵᠤ ᠪᠠᠢ᠌ᠭ᠋ᠠᠳ ᠴᠠᠭ ᠲᠤᠬᠠᠢ᠎ᠳᠤ᠎ᠨᠢ ᠰᠡᠯᠪᠢᠨ ᠵᠠᠰᠠᠭᠤᠯᠬᠤ ᠬᠡᠷᠡᠭᠲᠡᠢ᠃  
      ᠳᠥᠷᠪᠡ᠎ᠳᠤ ᠭᠡᠷ ᠪᠠᠢ᠌ᠰᠢᠩ᠎ᠢ ᠵᠠᠰᠠᠵᠤ ᠴᠢᠮᠡᠭᠯᠡᠬᠦ ᠲᠤᠬᠠᠢ᠃ ᠵᠠᠰᠠᠯ ᠴᠢᠮᠡᠭᠯᠡᠯ᠎ᠤᠨ ᠠᠵᠢᠯ ᠥᠷᠭᠡᠨ ᠣᠯᠠᠨ ᠥᠮᠴᠢᠲᠠᠳ᠎ᠤᠨ ᠡᠳᠦᠷ ᠲᠣᠳᠣᠮ᠎ᠤᠨ ᠠᠮᠢᠳᠤᠷᠠᠯ ᠎ᠲᠠᠢ ᠨᠢᠭᠲᠠ ᠬᠤᠯᠪᠣᠭ᠎ᠠ᠎ᠲᠠᠢ᠂ ᠵᠢᠷᠤᠮᠵᠢᠯ ᠦᠭᠡᠢ ᠵᠠᠰᠠᠯ ᠴᠢᠮᠡᠭᠯᠡᠯ᠎ᠤᠨ ᠠᠵᠢᠯᠯᠠᠭ᠎ᠠ᠎ᠨᠢ ᠥᠮᠴᠢᠲᠠᠳ᠎ᠤᠨ ᠬᠠᠮᠲᠤ᠎ᠪᠠᠷ ᠥᠮᠴᠢᠯᠡᠬᠦ ᠪᠡᠯᠡᠳᠬᠡᠮᠵᠢ ᠲᠥᠬᠦᠭᠡᠷᠦᠮᠵᠢ ᠵᠢ ᠡᠪᠳᠡᠬᠦ᠂ ᠥᠮᠴᠢᠲᠠᠳ᠎ᠤᠨ ᠬᠠᠮᠲᠤ᠎ᠪᠠᠷ ᠬᠡᠷᠡᠭᠯᠡᠬᠦ ᠭᠠᠵᠠᠷ᠎ᠢ ᠡᠪᠳᠡᠬᠦ ᠵᠡᠷᠭᠡ ᠲᠠᠯᠳᠠ ᠭᠡᠮ᠎ᠤᠳ᠎ᠲᠠᠢ ᠪᠤᠶᠤ ᠥᠮᠴᠢᠲᠠᠳ᠎ᠤᠨ ᠬᠡᠪ᠎ᠤᠨ ᠠᠮᠢᠳᠤᠷᠠᠯ ᠪᠠ ᠠᠮᠢᠳᠤᠷᠠᠯ ᠎ᠤᠨ ᠣᠷᠴᠢᠨ ᠨᠥᠬᠥᠴᠡᠯ᠎ᠢ ᠨᠥᠯᠥᠭᠡᠯᠡᠬᠦ᠂ ᠴᠢᠨᠠᠭᠰᠢᠯᠠᠪᠠᠯ ᠪᠠᠰᠠ ᠭᠡᠷ ᠪᠠᠢ᠌ᠰᠢᠩ᠎ᠤᠨ ᠠᠮᠤᠷ ᠲᠦᠪᠰᠢᠨ ᠪᠠ ᠥᠮᠴᠢᠲᠠᠳ᠎ᠤᠨ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠰᠦᠷᠳᠡᠭᠦᠯᠳᠡᠭ᠃ ᠰᠢᠨ᠎ᠡ 《ᠳᠦᠷᠢᠮ》᠎ᠳᠤ ᠳᠡᠭᠡᠷᠡᠬᠢ ᠠᠰᠠᠭᠤᠳᠠᠯ᠎ᠤᠳ᠎ᠲᠤ ᠴᠢᠭᠯᠡᠭᠦᠯᠦᠨ᠂ ᠥᠮᠴᠢᠲᠡᠨ᠂ ᠠᠳᠠᠯ ᠠᠬᠤᠢ ᠵᠢᠨ ᠬᠡᠷᠡᠭᠯᠡᠭᠴᠢ ᠭᠡᠷ ᠪᠠᠢ᠌ᠰᠢᠩ ᠵᠶ᠋ᠠᠨ ᠵᠠᠰᠠᠵᠤ ᠴᠢᠮᠡᠭᠯᠡᠬᠦ᠎ᠳᠤ᠎ᠪᠠᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠬᠠᠮᠢᠶᠠᠷᠤᠯᠲᠠ ᠵᠢᠨ ᠭᠡᠷ᠎ᠡ ᠪᠤᠶᠤ ᠲᠦᠷ ᠴᠠᠭ᠎ᠤᠨ ᠬᠠᠮᠢᠶᠠᠷᠤᠯᠲᠠ ᠵᠢᠨ ᠭᠡᠷ᠎ᠡ ᠵᠢ ᠵᠢᠷᠤᠮᠯᠠᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠰ᠎ᠲᠤ ᠤᠷᠢᠳᠠᠪᠠᠷ ᠮᠡᠳᠡᠭᠳᠡᠵᠦ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠰ᠎ᠤᠨ ᠰᠠᠨᠠᠭᠤᠯᠤᠭᠰᠠᠨ ᠵᠦᠢ ᠵᠣᠬᠢᠰᠲᠠᠢ ᠠᠩᠬᠠᠷᠬᠤ ᠵᠦᠢ᠍ᠯᠡᠰ᠎ᠢ ᠵᠢᠷᠤᠮᠯᠠᠬᠤ ᠵᠢᠨ ᠬᠠᠮᠲᠤ ᠲᠡᠳᠡᠨ᠎ᠲᠠᠢ ᠬᠠᠮᠵᠢᠯᠴᠠᠨ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠬᠦ ᠬᠡᠷᠡᠭᠲᠡᠢ᠃ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠰ ᠲᠤᠬᠠᠢ ᠵᠢᠨ ᠲᠠᠯᠠᠪᠠᠶ ᠵᠢ ᠲᠣᠭᠣᠷᠢᠨ ᠪᠠᠢ᠌ᠴᠠᠭ᠋ᠠᠬᠤ ᠪᠠ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠳᠡᠭᠡᠷ᠎ᠡ ᠳᠤᠷᠠᠳᠤᠭᠰᠠᠨ ᠠᠰᠠᠭᠤᠳᠠᠯ᠎ᠤᠳ᠎ᠢ ᠣᠯᠵᠤ ᠮᠡᠳᠡᠪᠡᠯ᠂ ᠴᠠᠭ ᠲᠤᠬᠠᠢ᠎ᠳᠤ᠎ᠨᠢ ᠢᠳᠬᠠᠨ ᠬᠣᠷᠢᠭᠯᠠᠨ ᠵᠣᠭᠰᠤᠭ᠋ᠠᠬᠤ ᠬᠡᠷᠡᠭᠲᠡᠢ; ᠢᠳᠬᠠᠨ ᠬᠣᠷᠢᠭᠯᠠᠭ᠋ᠠᠳ ᠵᠣᠭᠰᠣᠭ᠋ᠠᠵᠤ ᠡᠰᠡ ᠴᠢᠳᠠᠭᠰᠠᠨ ᠪᠠᠢ᠌ᠪᠠᠯ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠮᠴᠢᠲᠠᠳ᠎ᠤᠨ ᠺᠣᠮᠢᠰ᠎ᠲᠤ ᠳᠠᠷᠤᠢ᠌ᠬᠠᠨ ᠮᠡᠳᠡᠭᠦᠯᠬᠦ ᠬᠡᠷᠡᠭᠲᠡᠢ ᠭᠡᠵᠦ᠃
      ᠲᠠᠪᠤ᠎ᠳᠤ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ᠎ᠤ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠲᠥᠬᠦᠭᠡᠷᠦᠮᠵᠢ ᠵᠢᠨ ᠬᠠᠮᠠᠭ᠋ᠠᠯᠠᠯᠲᠠ ᠵᠢᠨ ᠲᠤᠬᠠᠢ᠃ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ᠎ᠤ ᠳᠣᠲᠣᠷᠠᠬᠢ ᠬᠠᠮᠢᠶ᠎ᠠ ᠪᠦᠬᠦᠢ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠢ ᠤᠲᠠᠰᠤ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ ᠪᠠ ᠰᠢᠨᠡᠳᠬᠡᠬᠦ ᠶᠠᠪᠤᠴᠠ ᠳᠤᠮᠳᠠ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ ᠪᠠ ᠤᠰᠤ᠂ ᠴᠠᠬᠢᠯᠭ᠋ᠠᠨ᠂ ᠢᠯᠴᠢ᠂ ᠰᠢᠲᠠᠮᠠᠬᠠᠢ ᠬᠡᠢ ᠬᠠᠩᠭ᠋ᠠᠬᠤ ᠵᠡᠷᠭᠡ ᠨᠢᠭᠡᠴᠡ ᠵᠢᠨ ᠬᠠᠷᠢᠭᠤᠴᠠᠯᠭ᠎ᠠ ᠲᠣᠳᠣᠷᠬᠠᠢ ᠦᠭᠡᠢ᠂ ᠬᠠᠷᠢᠯᠴᠠᠨ ᠲᠦᠯᠬᠢᠯᠴᠡᠬᠦ ᠵᠡᠷᠭᠡ ᠠᠰᠠᠭᠤᠳᠠᠯ᠎ᠤᠳ᠎ᠲᠤ ᠴᠢᠭᠯᠡᠭᠦᠯᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠤᠯᠠᠮᠵᠢᠯᠠᠨ ᠲᠠᠷᠬᠠᠭ᠋ᠠᠭᠰᠠᠨ 《ᠬᠤᠲᠠ ᠪᠠᠯᠭ᠋ᠠᠰᠤᠨ᠎ᠤ ᠤᠰᠤ ᠴᠠᠬᠢᠯᠭ᠋ᠠᠨ ᠰᠢᠲᠠᠮᠠᠬᠠᠢ ᠬᠡᠢ ᠳᠤᠯᠠᠭ᠋ᠠᠯᠠᠭ᠎ᠠ ᠬᠠᠩᠭ᠋ᠠᠬᠤ ᠠᠵᠢᠯ ᠲᠥᠷᠥᠯ᠎ᠤᠨ ᠰᠦᠢ᠍ᠳᠬᠡᠯ ᠬᠤᠷᠢᠶᠠᠬᠤ ᠵᠢ ᠴᠡᠭᠴᠡᠯᠡᠨ ᠵᠢᠷᠤᠮᠵᠢᠭᠤᠯᠵᠤ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠂ ᠤᠯᠤᠰ᠎ᠤᠨ ᠡᠨᠧᠷᠭᠢ ᠵᠢᠨ ᠲᠣᠪᠴᠢᠶ᠎ᠠ ᠵᠢᠨ ᠰᠠᠨᠠᠯ》᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠬᠡᠰᠡᠭ ᠮᠤᠵᠢ ᠬᠤᠳᠠ ᠵᠢᠨ ᠬᠠᠤᠯᠢ ᠲᠣᠭᠲᠠᠭ᠋ᠠᠭᠰᠠᠨ ᠲᠤᠷᠰᠢᠯᠭ᠎ᠠ᠎ᠪᠠᠷ ᠯᠠᠪᠯᠠᠯᠲᠠ ᠪᠣᠯᠭ᠋ᠠᠵᠤ᠂ ᠰᠢᠨ᠎ᠡ 《ᠳᠦᠷᠢᠮ》 ᠎ᠳᠤ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ᠎ᠤ ᠤᠰᠤ᠂ ᠴᠠᠬᠢᠯᠭ᠋ᠠᠨ᠂ ᠢᠯᠴᠢ᠂ ᠰᠢᠲᠠᠮᠠᠬᠠᠢ ᠬᠡᠢ ᠵᠡᠷᠭᠡ ᠵᠢ ᠬᠠᠩᠭ᠋ᠠᠬᠤ ᠨᠢᠭᠡᠴᠡ᠎ᠨᠦᠭᠦᠳ᠎ᠤᠨ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠢ ᠤᠲᠠᠰᠤ ᠵᠢ ᠰᠢᠯᠭ᠋ᠠᠨ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ᠂ ᠬᠠᠤᠯᠢ ᠲᠣᠭᠲᠠᠭ᠋ᠠᠯ ᠶᠣᠰᠣᠭ᠋ᠠᠷ ᠲᠤᠰᠬᠠᠢ ᠡᠵᠡᠩᠨᠡᠯᠲᠡ ᠵᠢᠨ ᠨᠢᠭᠡᠴᠡ᠎ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠬᠡᠷᠡᠭᠲᠡᠢ᠂ ᠲᠡᠷᠡᠴᠢᠯᠡᠨ ᠡᠷᠦᠬᠡᠴᠢᠯᠡᠨ ᠬᠤᠪᠢᠶᠠᠭᠰᠠᠨ ᠦᠵᠦᠭᠦᠷ ᠬᠡᠮᠵᠢᠯᠲᠡ ᠵᠢᠨ ᠲᠣᠨᠣᠭᠯᠠᠯ ᠵᠢᠴᠢ ᠲᠡᠭᠦᠨ᠎ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠪᠤᠶᠤ ᠡᠷᠦᠬᠡ᠎ᠳᠤ ᠣᠷᠣᠭᠤᠯᠬᠤ ᠵᠠᠯᠭ᠋ᠠᠭ᠋ᠠᠰᠤ᠎ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠠᠵᠢᠯ᠎ᠢ ᠬᠠᠷᠢᠭᠤᠴᠠᠭᠤᠯᠬᠤ ᠵᠢᠨ ᠬᠠᠮᠲᠤ ᠬᠠᠮᠢᠶ᠎ᠠ ᠪᠦᠬᠦᠢ ᠵᠠᠷᠤᠳᠠᠯ᠎ᠢ᠎ᠨᠢ ᠡᠭᠦᠷᠭᠡᠯᠡᠭᠦᠯᠬᠦ ᠬᠡᠷᠡᠭᠲᠡᠢ ᠭᠡᠵᠦ ᠲᠣᠭᠲᠠᠭ᠋ᠠᠵᠠᠢ᠃  
      ᠵᠢᠷᠭᠤᠭ᠎ᠠ᠎ᠳᠤ ᠬᠠᠤᠯᠢ ᠵᠢᠨ ᠬᠠᠷᠢᠭᠤᠴᠠᠯᠭ᠎ᠠ ᠵᠢᠨ ᠲᠤᠬᠠᠢ᠃ ᠰᠢᠨ᠎ᠡ 《ᠳᠦᠷᠢᠮ》᠎ᠳᠤ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯ ᠲᠥᠷᠥᠯ᠎ᠢ ᠡᠷᠡᠭᠦᠯ ᠪᠥᠭᠡᠳ ᠲᠣᠭᠲᠠᠭᠤᠨ ᠵᠶ᠋ᠠᠷ ᠬᠥᠭᠵᠢᠭᠦᠯᠬᠦ ᠲᠤᠬᠠᠢ ᠭᠣᠣᠯᠳᠠᠯᠭ᠎ᠠ᠎ᠲᠠᠢ ᠠᠰᠠᠭᠤᠳᠠᠯ᠎ᠤᠳ᠎ᠲᠤ ᠴᠢᠭᠯᠡᠭᠦᠯᠦᠨ᠂ ᠬᠠᠮᠢᠶ᠎ᠠ ᠪᠦᠬᠦᠢ ᠲᠣᠷᠭ᠋ᠠᠭᠤᠯᠢ ᠰᠢᠢ᠍ᠳᠬᠡᠯ᠎ᠤᠨ ᠳᠦᠷᠢᠮ᠎ᠢ ᠲᠣᠭᠲᠠᠭ᠋ᠠᠪᠠ᠂ ᠡᠭᠦᠨ᠎ᠳᠤ ᠭᠣᠣᠯᠴᠠᠭᠤ ᠪᠦᠲᠦᠭᠡᠨ ᠪᠠᠢ᠌ᠭᠤᠯᠤᠯᠲᠠ ᠵᠢᠨ ᠨᠢᠭᠡᠴᠡ ᠵᠢᠨ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ᠂ ᠠᠳᠠᠯ ᠠᠬᠤᠢ ᠵᠢᠨ ᠡᠮᠦᠨᠡᠬᠢ ᠬᠤᠭᠤᠴᠠᠭ᠋ᠠᠨ᠎ᠤ ᠦᠢ᠍ᠯᠡᠴᠢᠯᠡᠭᠡᠨ᠎ᠤ ᠭᠡᠷ᠎ᠡ᠂ ᠲᠦᠷ ᠴᠠᠭ᠎ᠤᠨ ᠬᠠᠮᠢᠶᠠᠷᠤᠯᠲᠠ ᠵᠢᠨ ᠭᠡᠷ᠎ᠡ ᠵᠢ ᠳᠠᠩᠰᠠᠯᠠᠭᠤᠯᠬᠤ ᠪᠠ ᠵᠠᠰᠠᠯᠲᠠ ᠰᠡᠯᠪᠢᠯᠲᠡ ᠬᠢᠬᠦ ᠵᠢ ᠪᠠᠲᠤᠯᠠᠬᠤ ᠡᠭᠦᠷᠭᠡ ᠬᠠᠷᠢᠭᠤᠴᠠᠯᠭ᠎ᠠ ᠵᠢᠨ ᠲᠣᠷᠭ᠋ᠠᠭᠤᠯᠢ ᠵᠢᠨ ᠳᠦᠷᠢᠮ; ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠭᠡᠷ᠎ᠡ᠂ ᠠᠳᠠᠯ ᠠᠬᠤᠢ ᠵᠢᠨ ᠲᠥᠷᠥᠯ ᠵᠦᠢ᠍ᠯ᠎ᠢ ᠲᠤᠰᠢᠶᠠᠬᠤ ᠪᠠ ᠭᠥᠯᠢᠶᠡᠨ ᠠᠪᠬᠤ ᠵᠢ ᠪᠦᠷᠢᠳᠬᠡᠨ ᠳᠠᠩᠰᠠᠯᠠᠬᠤ᠂ ᠮᠡᠳᠡᠭᠡ ᠵᠠᠩᠭᠢ ᠵᠢ ᠢᠯᠡ ᠨᠡᠢ᠌ᠲᠡᠯᠡᠬᠦ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ᠎ᠠᠴᠠ ᠳᠤᠷ᠎ᠠ᠎ᠪᠠᠷ ᠵᠶ᠋ᠠᠨ ᠰᠠᠯᠵᠤ ᠭᠠᠷᠬᠤ᠂ ᠠᠳᠠᠯ ᠠᠬᠤᠢ ᠵᠢᠨ ᠦᠢ᠍ᠯᠡᠴᠢᠯᠡᠭᠡ᠎ᠪᠠᠨ ᠵᠣᠭᠰᠤᠭ᠋ᠠᠬᠤ᠂ ᠥᠮᠴᠢᠲᠡᠨ ᠠᠳᠠᠯ ᠠᠬᠤᠢ ᠵᠢᠨ ᠦᠢ᠍ᠯᠡᠴᠢᠯᠡᠭᠡᠨ᠎ᠤ ᠰᠦᠢ᠍ᠳᠬᠡᠯ᠎ᠢ ᠦᠯᠦ ᠲᠤᠰᠢᠶᠠᠭᠰᠠᠨ ᠵᠡᠷᠭᠡ᠎ᠪᠠᠷ ᠰᠢᠯᠲᠠᠭ ᠪᠣᠯᠭ᠋ᠠᠵᠤ ᠲᠤᠰᠢᠶᠠᠬᠤ ᠪᠠ ᠭᠥᠯᠢᠶᠡᠨ ᠠᠪᠬᠤ ᠵᠢ ᠲᠡᠪᠴᠢᠬᠦ᠂ ᠰᠢᠨ᠎ᠡ᠎ᠪᠠᠷ ᠰᠣᠩᠭᠣᠭᠳᠠᠨ ᠤᠷᠢᠭᠰᠠᠨ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ᠎ᠤ ᠦᠢ᠍ᠯᠡᠴᠢᠯᠡᠬᠦ ᠵᠢ ᠬᠣᠷᠢᠭᠯᠠᠬᠤ ᠲᠣᠷᠭ᠋ᠠᠭᠤᠯᠢ ᠵᠢᠨ ᠳᠦᠷᠢᠮ; ᠤᠰᠤ᠂ ᠴᠠᠬᠢᠯᠭ᠋ᠠᠨ᠂ ᠢᠯᠴᠢ᠂ ᠰᠢᠲᠠᠮᠠᠬᠠᠢ ᠬᠡᠢ ᠬᠠᠩᠭ᠋ᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠡ᠎ᠨᠦᠭᠦᠳ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠢ ᠤᠲᠠᠰᠤ ᠵᠢ ᠭᠥᠯᠢᠶᠡᠨ ᠠᠪᠬᠤ ᠵᠢ ᠲᠡᠪᠴᠢᠬᠦ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ᠎ᠤ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ ᠪᠤᠶᠤ ᠰᠢᠨᠡᠳᠬᠡᠬᠦ ᠵᠢ ᠲᠡᠪᠴᠢᠬᠦ ᠬᠠᠷᠢᠭᠤᠴᠠᠯᠭ᠎ᠠ ᠵᠢᠨ ᠲᠣᠷᠭ᠋ᠠᠭᠤᠯᠢ ᠵᠢᠨ ᠳᠦᠷᠢᠮ ᠵᠡᠷᠭᠡ ᠪᠤᠢ; ᠲᠣᠷᠭ᠋ᠠᠭᠤᠯᠢ ᠵᠢᠨ ᠳᠦᠷᠢᠮ᠎ᠨᠢ ᠵᠢᠷᠤᠮᠵᠢᠭᠤᠯᠬᠤ᠎ᠪᠠᠷ ᠭᠣᠣᠯ ᠪᠣᠯᠭ᠋ᠠᠵᠤ᠂ ᠰᠢᠢ᠍ᠳᠬᠡᠬᠦ᠎ᠪᠠᠷ ᠬᠠᠪᠰᠤᠷᠤᠮᠵᠢ ᠪᠣᠯᠭ᠋ᠠᠨ᠎ᠠ᠃ ᠡᠭᠦᠨ᠎ᠤ ᠬᠠᠮᠲᠤ ᠲᠣᠷᠭ᠋ᠠᠬᠤ ᠭᠣᠣᠯ ᠴᠣᠭᠴᠠ᠂ ᠬᠠᠤᠯᠢ ᠬᠡᠷᠡᠭᠵᠢᠭᠦᠯᠬᠦ ᠭᠣᠣᠯ ᠴᠣᠭᠴᠠ᠂ ᠲᠣᠷᠭ᠋ᠠᠭᠤᠯᠢ ᠵᠢᠨ ᠵᠣᠭᠣᠰ᠎ᠤᠨ ᠲᠣᠭ᠎ᠠ᠂ ᠳᠥᠯᠥᠬᠦ ᠬᠠᠷᠢᠭᠤᠴᠠᠯᠭ᠎ᠠ ᠵᠢᠴᠢ ᠠᠳᠠᠯ ᠠᠬᠤᠢ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠡᠭᠦᠨ᠎ᠤ ᠠᠵᠢᠯᠲᠠᠳ᠎ᠤᠨ ᠲᠣᠭᠲᠠᠭ᠋ᠠᠯ᠎ᠢ ᠵᠥᠷᠢᠴᠡᠭᠰᠡᠨ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠤᠳᠤᠷᠢᠳᠬᠤ ᠳᠤᠭᠤᠢ᠌ᠯᠠᠩ ᠪᠠᠢ᠌ᠭᠤᠯᠵᠤ᠂ ᠰᠢᠨ᠎ᠡ 《ᠳᠦᠷᠢᠮ》᠎ᠢ ᠤᠬᠠᠭᠤᠯᠤᠨ ᠲᠤᠭᠤᠰᠢᠯᠠᠭᠤᠯᠵᠤ ᠬᠡᠷᠡᠭᠵᠢᠭᠦᠯᠬᠦ ᠠᠵᠢᠯ᠎ᠢ ᠠᠬᠢᠭᠤᠯᠬᠤ ᠵᠢᠨ ᠬᠠᠮᠲᠤ ᠬᠣᠢ᠌ᠰᠢᠳᠠ ᠵᠢᠨ ᠢᠵᠢ ᠪᠦᠷᠢᠳᠦᠭᠦᠯᠦᠭᠰᠡᠨ ᠳᠦᠷᠢᠮ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ᠎ᠢ ᠰᠤᠳᠤᠯᠤᠨ ᠲᠣᠭᠲᠠᠭ᠋ᠠᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠳᠦᠷᠢᠮ᠎ᠤᠨ ᠲᠣᠭᠲᠠᠯᠴᠠᠭ᠎ᠠ ᠵᠢ ᠪᠦᠷᠢᠨᠰᠢᠭᠦᠯᠦᠨ᠂ ᠠᠳᠠᠯ ᠠᠬᠤᠢ ᠵᠢᠨ ᠦᠢ᠍ᠯᠡᠴᠢᠯᠡᠭᠡᠨ᠎ᠤ ᠳᠦᠷᠢᠮᠵᠢᠭᠦᠯᠦᠯᠲᠡ᠂ ᠬᠠᠤᠯᠢᠵᠢᠭᠤᠯᠤᠯᠲᠠ᠂ ᠪᠠᠷᠢᠮᠵᠢᠶᠠᠵᠢᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠣᠷᠣᠨ᠎ᠤ ᠠᠳᠠᠯ ᠠᠬᠤᠢ ᠵᠢᠨ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠤᠨ ᠲᠥᠷᠥ ᠵᠢᠨ ᠪᠣᠳᠣᠯᠭ᠎ᠠ ᠵᠢᠨ ᠲᠤᠬᠠᠢ ᠰᠣᠨᠢᠨ ᠮᠡᠳᠡᠭᠡ ᠨᠡᠢ᠌ᠲᠡᠯᠡᠬᠦ ᠵᠤᠷᠰᠢᠯᠲᠤ ᠬᠤᠷᠠᠯ ᠳᠡᠭᠡᠷᠡᠬᠢ ᠠᠰᠠᠭᠤᠯᠲᠠ ᠬᠠᠷᠢᠭᠤᠯᠲᠠ᠎ᠨᠤᠭᠤᠳ  
      ᠥᠪᠥᠷ ᠮᠣᠩᠭᠣᠯ᠎ᠤᠨ ᠬᠠᠤᠯᠢ ᠳᠦᠷᠢᠮ᠎ᠤᠨ ᠰᠣᠨᠢᠨ᠎ᠤ ᠰᠤᠷᠪᠤᠯᠵᠢᠯᠠᠭᠴᠢ᠄ ᠪᠢ ᠵᠠᠰᠠᠪᠤᠷᠢ ᠣᠷᠣᠭᠤᠯᠬᠤ᠎ᠠᠴᠠ ᠡᠮᠦᠨ᠎ᠡ ᠬᠣᠢ᠌ᠨᠠᠬᠢ ᠳᠦᠷᠢᠮ᠎ᠤᠨ ᠠᠭᠤᠯᠭ᠎ᠠ ᠵᠢ ᠬᠠᠷᠢᠴᠠᠭᠤᠯᠤᠭ᠋ᠠᠳ ᠡᠨᠡ ᠤᠳᠠᠭ᠎ᠠ ᠵᠢᠨ ᠵᠠᠰᠠᠪᠤᠷᠢ ᠣᠷᠣᠭᠤᠯᠤᠭᠰᠠᠨ ᠳᠦᠷᠢᠮ᠎ᠨᠢ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ ᠡᠳᠦᠢ ᠲᠡᠳᠦᠢ ᠨᠡᠮᠡᠭᠳᠡᠭᠰᠡᠨ ᠪᠥᠭᠡᠳ ᠨᠠᠩ ᠬᠠᠨᠳᠤᠯᠭ᠋ᠠᠲᠤ ᠴᠢᠨᠠᠷᠲᠠᠢ ᠪᠠᠢ᠌ᠬᠤ ᠵᠢ ᠣᠯᠵᠤ ᠮᠠᠲᠠᠵᠠᠢ᠂ ᠡᠨᠡ ᠲᠠᠯ᠎ᠠ ᠵᠢᠨ ᠪᠠᠢ᠌ᠳᠠᠯ᠎ᠢ ᠲᠠᠨᠢᠯᠴᠠᠭᠤᠯᠤᠭ᠋ᠠᠳ ᠥᠭᠭᠦᠨ᠎ᠡ ᠤᠤ?
      ᠶᠤᠸᠠᠨ ᠮᠧᠶ᠄ ᠰᠠᠢ᠌ᠨ ᠤᠤ᠂ ᠲᠠᠨ᠎ᠤ ᠳᠤᠷᠠᠳᠤᠭᠰᠠᠨ ᠠᠰᠠᠭᠤᠯᠲᠠ ᠮᠠᠰᠢ ᠴᠢᠬᠤᠯᠠ᠂ ᠳᠦᠷᠢᠮ ᠲᠣᠭᠲᠠᠭ᠋ᠠᠯ᠎ᠤᠨ ᠵᠢᠷᠤᠮᠵᠢᠯᠠᠯ᠎ᠤᠨ ᠲᠠᠯ᠎ᠠ᠎ᠪᠠᠷ ᠴᠤ᠌ ᠲᠡᠷᠡ᠂ ᠠᠮᠢᠳᠤᠷᠠᠯ᠎ᠤᠨ ᠦᠢ᠍ᠯᠡᠳᠦᠯᠭᠡ ᠵᠢᠨ ᠲᠠᠯ᠎ᠠ᠎ᠪᠠᠷ ᠴᠤ᠌ ᠲᠡᠷᠡ ᠴᠥᠮ ᠤᠯᠠᠨ᠎ᠤ ᠠᠩᠬᠠᠷᠤᠯ᠎ᠢ ᠲᠠᠲᠠᠵᠤ ᠪᠤᠢ᠂ ᠲᠠᠨ᠎ᠤ ᠠᠰᠠᠭᠤᠯᠲᠠ᠎ᠳᠤ ᠬᠢᠯᠠᠶ᠋ᠢᠯ᠎ᠠ᠃ ᠲᠤᠰ ᠤᠳᠠᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠳᠦᠷᠢᠮ》᠎ᠳᠤ ᠵᠠᠰᠠᠪᠤᠷᠢ ᠣᠷᠣᠭᠤᠯᠬᠤ᠎ᠳᠤ᠎ᠪᠠᠨ ᠬᠠᠤᠯᠢ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ ᠨᠡᠶ᠋ᠢᠲᠡ 3 ᠵᠦᠢ᠍ᠯ᠎ᠢ ᠨᠡᠮᠡᠪᠡ᠄ ᠳᠠᠯᠠᠨ ᠳᠥᠷᠪᠡᠳᠦᠭᠡᠷ ᠵᠦᠢ᠍ᠯ᠂ ᠳᠠᠯᠠᠨ ᠲᠠᠪᠤᠳᠤᠭ᠋ᠠᠷ ᠵᠦᠢ᠍ᠯ᠂ ᠳᠠᠯᠠ ᠶᠢᠰᠦᠳᠦᠭᠡᠷ ᠵᠦᠢ᠍ᠯ ᠪᠣᠯᠣᠨ᠎ᠠ᠃ ᠡᠭᠦᠨ᠎ᠳᠤ ᠳᠠᠯᠠ ᠶᠢᠰᠦᠳᠦᠭᠡᠷ ᠵᠦᠢ᠍ᠯ᠎ᠳᠤ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠳᠠᠯ ᠠᠬᠤᠢ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠡᠷᠡᠭᠵᠢᠭᠦᠯᠬᠦ ᠲᠣᠷᠭ᠋ᠠᠭᠤᠯᠢ ᠵᠢᠨ ᠡᠷᠬᠡ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠤᠲᠠ ᠵᠢᠨ ᠬᠠᠮᠢᠶᠠᠷᠤᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠡᠷᠬᠡ ᠵᠢ ᠬᠠᠷᠢᠴᠠᠩᠭᠤᠢ᠎ᠪᠠᠷ ᠲᠥᠪᠯᠡᠷᠡᠭᠦᠯᠦᠨ ᠲᠥᠷᠥᠯ ᠵᠦᠢ᠍ᠯ᠎ᠳᠤ ᠣᠷᠣᠭᠤᠯᠤᠨ ᠶᠡᠷᠦᠩᠬᠡᠢ᠌ᠯᠡᠨ ᠬᠠᠤᠯᠢ ᠬᠡᠷᠡᠭᠵᠢᠭᠦᠯᠬᠦ᠎ᠳᠤ ᠬᠦᠷᠪᠡᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ ᠭᠡᠵᠦ ᠳᠤᠷᠠᠳᠤᠭᠰᠠᠨ ᠶᠠᠪᠤᠳᠠᠯ ᠪᠣᠯ ᠬᠠᠤᠯᠢ ᠬᠡᠷᠡᠭᠵᠢᠭᠦᠯᠬᠦ ᠭᠣᠣᠯ ᠴᠣᠭᠴᠠ ᠵᠢ ᠲᠣᠭᠲᠠᠭ᠋ᠠᠭᠰᠠᠨ ᠨᠢᠭᠡᠨ ᠵᠣᠯᠭ᠋ᠠᠯᠳᠤᠭᠤᠯᠬᠤ ᠴᠢᠨᠠᠷᠲᠠᠢ ᠵᠤᠷᠪᠤᠰ ᠶᠤᠮ᠃ ᠭᠣᠣᠯᠳᠠᠯᠭ᠎ᠠ᠎ᠨᠢ ᠳᠠᠯᠠᠨ ᠳᠥᠷᠪᠡᠳᠦᠭᠡᠷ ᠵᠦᠢ᠍ᠯ᠂ ᠳᠠᠯᠠᠨ ᠲᠠᠪᠤᠳᠤᠭ᠋ᠠᠷ ᠵᠦᠢ᠍ᠯ ᠪᠣᠯᠣᠨ᠎ᠠ᠃  
      ᠳᠠᠯᠠᠨ ᠳᠥᠷᠪᠡᠳᠦᠭᠡᠷ ᠵᠦᠢ᠍ᠯ ᠪᠦᠲᠦᠭᠡᠨ ᠪᠠᠶ᠋ᠢᠭᠤᠯᠬᠤ ᠨᠢᠭᠡᠴᠡ ᠵᠢᠨ ᠠᠳᠠᠯ ᠠᠬᠤᠢ ᠵᠢᠨ ᠬᠠᠮᠢᠶᠠᠷᠤᠯᠲᠠ ᠵᠢᠨ ᠳᠤᠮᠳᠠᠬᠢ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢ᠍ᠳᠬᠡᠨ ᠲᠣᠷᠭ᠋ᠠᠬᠤ᠎ᠳᠤ ᠬᠠᠤᠯᠢ ᠬᠡᠷᠡᠭᠵᠢᠭᠦᠯᠬᠦ ᠭᠣᠣᠯ ᠴᠣᠭᠴᠠ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠳᠠᠯ ᠠᠬᠤᠢ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠠᠳᠠᠯ ᠠᠬᠤᠢ ᠵᠢᠨ ᠬᠠᠮᠢᠶᠠᠷᠤᠯᠲᠠ ᠵᠢᠨ ᠦᠢ᠍ᠯᠡᠳᠦᠯᠭᠡ ᠳᠤᠮᠳᠠ ᠲᠤᠯᠭ᠋ᠠᠷᠠᠳᠠᠭ ᠬᠦᠴᠢᠷᠲᠡᠢ᠂ ᠬᠠᠯᠠᠮᠰᠢᠯ ᠠᠰᠠᠭᠤᠳᠠᠯ᠎ᠤᠳ᠎ᠲᠠᠢ ᠤᠶᠠᠯᠳᠤᠭᠤᠯᠤᠨ᠂ ᠲᠤᠰ ᠵᠤᠷᠪᠤᠰ᠎ᠢ ᠬᠣᠶᠠᠷ ᠲᠥᠷᠦᠯ ᠬᠤᠪᠢᠶᠠᠨ ᠪᠦᠲᠦᠭᠡᠨ ᠪᠠᠢ᠌ᠭᠤᠯᠤᠯᠲᠠ ᠵᠢᠨ ᠨᠢᠭᠡᠴᠡ ᠵᠢᠨ ᠬᠠᠤᠯᠢ ᠵᠥᠷᠢᠴᠡᠭᠰᠡᠨ ᠬᠣᠶᠠᠷ ᠵᠦᠢ᠍ᠯ᠎ᠤᠨ ᠲᠦᠷᠪᠡᠨ ᠠᠵᠢᠯᠯᠠᠭ᠎ᠠ ᠵᠢ ᠲᠣᠷᠭ᠋ᠠᠬᠤ ᠪᠣᠯᠪᠠ᠃ ᠡᠭᠦᠨ᠎ᠳᠤ ᠨᠢᠭᠡᠳᠦᠭᠡᠷ ᠵᠦᠢ᠍ᠯ᠎ᠤᠨ ᠦᠢᠯᠡ ᠠᠵᠢᠯᠯᠠᠭ᠎ᠠ ᠭᠡᠳᠡᠭ᠎ᠨᠢ ᠪᠦᠲᠦᠭᠡᠨ ᠪᠠᠶ᠋ᠢᠭᠤᠯᠬᠤ ᠨᠢᠭᠡᠴᠡ ᠳᠦᠷᠢᠮ᠎ᠤᠨ ᠠᠷᠪᠠᠨ ᠲᠠᠪᠤᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠂ ᠳᠥᠴᠢᠨ ᠨᠢᠭᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ᠎ᠢ ᠵᠥᠷᠢᠴᠡᠵᠦ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ᠂ ᠠᠳᠠᠯ ᠠᠬᠤᠢ ᠵᠢᠨ ᠡᠮᠦᠨᠡᠬᠢ ᠬᠤᠭᠤᠴᠠᠭ᠋ᠠᠨ᠎ᠤ ᠦᠢ᠍ᠯᠡᠴᠢᠯᠡᠭᠡᠨ᠎ᠤ ᠭᠡᠷ᠎ᠡ᠂ ᠲᠦᠷ ᠴᠠᠭ᠎ᠤᠨ ᠬᠠᠮᠢᠶᠠᠷᠤᠯᠲᠠ ᠵᠢᠨ ᠭᠡᠷ᠎ᠡ ᠵᠢ ᠥᠯᠥ ᠳᠠᠩᠰᠠᠯᠠᠭᠤᠯᠬᠤ 3 ᠦᠢᠯᠡ ᠠᠵᠢᠯᠯᠠᠭ᠎ᠠ ᠵᠢ ᠵᠢᠭ᠋ᠠᠵᠤ ᠪᠣᠶ᠃ ᠬᠡᠳᠦᠢ᠌ᠪᠡᠷ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠪᠦᠰᠡ ᠵᠢᠨ ᠬᠤᠪᠢᠶᠠᠷᠢᠯᠠᠯ᠎ᠢ ᠳᠠᠩᠰᠠᠯᠠᠬᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠡᠮᠦᠨᠡᠬᠢ ᠬᠤᠭᠤᠴᠠᠭ᠋ᠠᠨ᠎ᠤ ᠭᠡᠷ᠎ᠡ ᠵᠢ ᠳᠠᠩᠰᠠᠯᠠᠬᠤ᠂ ᠲᠦᠷ ᠴᠠᠭ᠎ᠤᠨ ᠬᠠᠮᠢᠶᠠᠷᠤᠯᠲᠠ ᠵᠢᠨ ᠭᠡᠷ᠎ᠡ ᠭᠤᠷᠪᠠ ᠵᠢ ᠳᠠᠩᠰᠠᠯᠠᠬᠤ ᠠᠵᠢᠯᠯᠠᠭ᠎ᠠ᠎ᠨᠢ ᠮᠡᠳᠡᠭᠳᠡᠬᠦ ᠴᠢᠨᠠᠷᠲᠠᠢ ᠳᠠᠩᠰᠠᠯᠠᠭᠤᠯᠤᠯᠲᠠ ᠭᠡᠳᠡᠭ ᠪᠣᠯᠪᠠᠴᠤ ᠠᠳᠠᠯ ᠠᠬᠤᠢ ᠵᠢᠨ ᠬᠠᠮᠢᠶᠠᠷᠤᠯᠲᠠ᠎ᠨᠢ ᠠᠷᠠᠳ᠎ᠤᠨ ᠠᠮᠢᠳᠤᠷᠠᠯ᠂ ᠬᠤᠲᠠ ᠵᠢᠨ ᠠᠮᠤᠷ ᠲᠦᠪᠰᠢᠨ ᠪᠠ ᠨᠡᠢ᠌ᠭᠡᠮ᠎ᠤᠨ ᠲᠣᠭᠲᠠᠭᠤᠨ᠎ᠲᠠᠢ ᠬᠣᠯᠪᠣᠭᠳᠠᠳᠠᠭ ᠤᠴᠢᠷ᠎ᠠᠴᠠ ᠠᠵᠢᠯ᠎ᠤᠨ ᠳᠤᠮᠳᠠ ᠪᠦᠲᠦᠭᠡᠨ ᠪᠠᠢ᠌ᠭᠤᠯᠤᠯᠲᠠ ᠵᠢᠨ ᠨᠢᠭᠡᠴᠡ ᠵᠢᠨ ᠡᠮᠦᠨᠡᠬᠢ ᠬᠤᠭᠤᠴᠠᠭ᠋ᠠᠨ᠎ᠤ ᠠᠳᠠᠯ ᠠᠬᠤᠢ ᠵᠢᠨ ᠦᠢ᠍ᠯᠡᠴᠢᠯᠡᠭᠡᠨ᠎ᠤ ᠳᠤᠮᠳᠠᠬᠢ ᠦᠯᠦ ᠳᠠᠩᠰᠠᠯᠠᠭᠤᠯᠬᠤ ᠠᠵᠢᠯᠯᠠᠭ᠎ᠠ᠎ᠨᠢ ᠠᠳᠠᠯ ᠠᠬᠤᠢ ᠵᠢᠨ ᠬᠠᠮᠢᠶᠠᠷᠤᠯᠲᠠ ᠵᠢᠨ ᠡᠮᠬᠢ ᠵᠢᠷᠤᠮ ᠪᠠ ᠥᠮᠴᠢᠲᠠᠳ᠎ᠤᠨ ᠠᠮᠢᠳᠤᠷᠠᠯ᠎ᠢ ᠨᠥᠯᠥᠭᠡᠯᠡᠳᠡᠭ᠂ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠪᠠᠲᠤᠯᠠᠬᠤ ᠵᠢᠨ ᠲᠤᠯᠠᠳᠠ᠂ ᠲᠤᠰ ᠲᠣᠭᠲᠠᠭ᠋ᠠᠯ ᠵᠶ᠋ᠠᠷ ᠳᠠᠮᠵᠢᠭᠤᠯᠤᠨ ᠭᠦᠨᠵᠡᠭᠡᠢ ᠰᠤᠳᠤᠯᠤᠨ ᠨᠤᠲᠠᠯᠠᠵᠤ᠂ ᠪᠦᠲᠦᠭᠡᠨ ᠪᠠᠶ᠋ᠢᠭᠤᠯᠬᠤ ᠨᠢᠭᠡᠴᠡ ᠵᠢᠨ ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠦᠭᠡᠢ ᠦᠢ᠍ᠯᠡ ᠠᠵᠢᠯᠯᠠᠭ᠎ᠠ ᠵᠢ ᠵᠠᠷᠯᠢᠭᠳᠠᠨ ᠪᠠᠢ᠌ᠵᠤ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠬᠤ᠎ᠪᠠᠷ ᠲᠣᠭᠲᠠᠭ᠋ᠠᠵᠠᠢ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠡᠰᠡ ᠵᠠᠯᠠᠷᠠᠭᠤᠯᠤᠭᠰᠠᠨ᠎ᠢ᠎ᠨᠢ 5000 ᠲᠥᠭᠥᠷᠢᠭ᠎ᠠᠴᠠ ᠳᠡᠭᠡᠭᠰᠢ 1 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠪᠣᠯᠪᠠ᠃ ᠡᠭᠦᠨ᠎ᠤ ᠵᠡᠷᠭᠡ᠎ᠳᠤ᠂ 《ᠣᠷᠣᠨ ᠰᠠᠭᠤᠴᠠ ᠵᠢᠨ ᠠᠳᠠᠯ ᠠᠬᠤᠢ ᠵᠢᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠵᠡᠷᠭᠡ ᠰᠠᠯᠠᠭ᠎ᠠ ᠮᠥᠴᠢᠷ᠎ᠤᠳ᠎ᠤᠨ ᠮᠡᠳᠡᠭᠳᠡᠯ》 (ᠪᠠᠢ᠌ᠭᠤᠯᠤᠯᠲᠠ ᠲᠣᠭᠲᠠᠭ᠋ᠠᠯ [2020] 10 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠶᠣᠰᠣᠭ᠋ᠠᠷ᠂ ᠠᠳᠠᠯ ᠠᠬᠤᠢ ᠵᠢᠨ ᠬᠠᠮᠢᠶᠠᠷᠤᠯᠲᠠ ᠵᠢᠨ ᠠᠳᠠᠯ ᠠᠬᠤᠢ ᠵᠢᠨ ᠲᠥᠷᠥᠯ ᠵᠦᠢ᠍ᠯ᠎ᠢ ᠲᠤᠰᠢᠶᠠᠬᠤ ᠪᠠ ᠭᠥᠯᠢᠶᠡᠨ ᠠᠪᠬᠤ ᠵᠢ ᠪᠦᠷᠢᠳᠬᠡᠨ ᠳᠠᠩᠰᠠᠯᠠᠬᠤ ᠬᠠᠤᠯᠢ ᠲᠣᠭᠲᠠᠭ᠋ᠠᠯ᠎ᠳᠠᠬᠢ ᠬᠠᠮᠢᠶ᠎ᠠ ᠪᠦᠬᠦᠢ ᠲᠣᠭᠲᠠᠭ᠋ᠠᠯ᠎ᠲᠠᠢ ᠤᠶᠠᠯᠳᠤᠭᠤᠯᠤᠨ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠲᠣᠭᠲᠠᠭ᠋ᠠᠭᠰᠠᠨ ᠦᠭᠡᠢ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ ᠨᠠᠢ᠌ᠳᠠᠪᠤᠷᠢᠵᠢᠭᠤᠯᠤᠭᠰᠠᠨ ᠦᠭᠡᠢ ᠪᠠᠢ᠌ᠬᠤ ᠪᠣᠳᠠᠲᠠᠢ ᠪᠠᠢ᠌ᠳᠠᠯ ᠎ᠤᠨ ᠲᠠᠯ᠎ᠠ᠎ᠪᠠᠷ ᠠᠷᠪᠠᠨ ᠲᠠᠪᠤᠳᠤᠭ᠋ᠠᠷ ᠵᠦᠢ᠍ᠯ᠎ᠳᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ᠎ᠤ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠭᠯᠡᠭᠦᠯᠦᠨ ᠰᠢᠢ᠍ᠳᠬᠡᠨ ᠲᠣᠷᠭ᠋ᠠᠬᠤ᠎ᠳᠤ᠎ᠪᠠᠨ᠂ ᠲᠣᠭᠲᠠᠭ᠋ᠠᠯ ᠶᠣᠰᠣᠭ᠋ᠠᠷ ᠪᠦᠷᠢᠳᠬᠡᠨ ᠳᠠᠩᠰᠠᠯᠠᠭᠤᠯᠤᠭᠰᠠᠨ ᠦᠭᠡᠢ ᠪᠠᠢ᠌ᠪᠠᠯ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ᠎ᠢ ᠰᠢᠢ᠍ᠳᠬᠡᠨ ᠲᠣᠷᠭ᠋ᠠᠬᠤ᠂ ᠬᠠᠤᠯᠢ ᠬᠡᠷᠡᠭᠵᠢᠭᠦᠯᠬᠦ ᠭᠣᠣᠯ ᠴᠣᠭᠴᠠ ᠪᠠ ᠰᠢᠢ᠍ᠳᠬᠡᠨ ᠲᠣᠷᠭ᠋ᠠᠬᠤ ᠬᠡᠮᠵᠢᠶ᠎ᠡ ᠵᠢ ᠨᠢᠭᠡᠳᠦᠭᠡᠷ ᠵᠤᠷᠪᠤᠰ᠎ᠲᠤ ᠪᠠᠰᠠ ᠵᠣᠬᠢᠬᠤ ᠬᠡᠮᠵᠢᠶ᠎ᠡ᠎ᠪᠠᠷ ᠲᠣᠭᠲᠠᠭ᠋ᠠᠭᠰᠠᠨ ᠪᠥᠭᠡᠳ ᠪᠦᠲᠦᠭᠡᠨ ᠪᠠᠶ᠋ᠢᠭᠤᠯᠬᠤ ᠨᠢᠭᠡᠴᠡ ᠵᠢᠨ ᠰᠢᠢ᠍ᠳᠬᠡᠨ ᠲᠣᠷᠭ᠋ᠠᠬᠤ ᠲᠣᠭᠲᠠᠭ᠋ᠠᠯ᠎ᠲᠠᠢ ᠨᠢᠭᠡᠳᠦᠯᠲᠡᠢ ᠪᠣᠯᠭ᠋ᠠᠪᠠ᠃ ᠲᠠᠪᠢᠨ ᠨᠢᠭᠡᠳᠦᠭᠡᠷ ᠵᠦᠢ᠍ᠯ᠎ᠤᠨ ᠳᠥᠷᠪᠡᠳᠦᠭᠡᠷ ᠵᠤᠷᠪᠤᠰ᠂ ᠲᠠᠪᠢᠨ ᠳᠣᠯᠣᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ ᠶᠣᠰᠣᠭ᠋ᠠᠷ ᠠᠳᠠᠯ ᠠᠬᠤᠢ ᠵᠢᠨ ᠦᠢ᠍ᠯᠡᠴᠢᠯᠡᠭᠡᠨ᠎ᠤ ᠭᠡᠷ᠎ᠡ ᠬᠢᠭᠰᠡᠨ ᠦᠭᠡᠢ᠂ ᠠᠳᠠᠯ ᠠᠬᠤᠢ ᠵᠢᠨ ᠵᠦᠢ᠍ᠯᠡᠰ᠎ᠢ ᠲᠤᠰᠢᠶᠠᠬᠤ ᠪᠠ ᠭᠥᠯᠢᠶᠡᠨ ᠠᠪᠬᠤ᠎ᠪᠠᠨ ᠳᠠᠩᠰᠠᠯᠠᠭᠤᠯᠤᠭᠰᠠᠨ ᠦᠭᠡᠢ ᠪᠠᠢ᠌ᠪᠠᠯ᠂ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠦᠭᠡᠢ ᠪᠠᠢ᠌ᠪᠠᠯ᠂ 5000 ᠲᠥᠭᠥᠷᠢᠭ᠎ᠠᠴᠠ ᠳᠡᠭᠡᠭᠰᠢ 1 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ ᠰᠢᠢ᠍ᠳᠬᠡᠨ ᠭᠡᠵᠦ ᠲᠣᠭᠲᠠᠭ᠋ᠠᠵᠠᠢ᠃ ᠳᠡᠭᠡᠷᠡᠬᠢ ᠬᠣᠶᠠᠷ ᠵᠦᠢ᠍ᠯ᠎ᠳᠤ᠂ ᠲᠣᠭᠲᠠᠭ᠋ᠠᠯ ᠶᠣᠰᠣᠭ᠋ᠠᠷ ᠳᠠᠩᠰᠠᠯᠠᠭᠤᠯᠤᠭᠰᠠᠨ ᠦᠭᠡᠢ ᠲᠠᠪᠤᠨ ᠠᠵᠢᠯᠯᠠᠭ᠎ᠠ᠎ᠳᠤ ᠬᠠᠤᠯᠢ ᠵᠢᠨ ᠬᠠᠷᠢᠭᠤᠴᠠᠯᠭ᠎ᠠ ᠲᠣᠭᠲᠠᠭ᠋ᠠᠵᠠᠢ᠃  
      ᠲᠠᠯᠠᠨ ᠳᠥᠷᠪᠡᠳᠦᠭᠡᠷ ᠵᠦᠢ᠍ᠯ᠎ᠳᠠᠬᠢ ᠬᠣᠶᠠᠳᠤᠭ᠋ᠠᠷ ᠵᠦᠢ᠍ᠯ᠎ᠤᠨ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠭᠡᠳᠡᠭ᠎ᠨᠢ ᠪᠦᠲᠦᠭᠡᠨ ᠪᠠᠶ᠋ᠢᠭᠤᠯᠬᠤ ᠨᠢᠭᠡᠴᠡ ᠠᠳᠠᠯ ᠠᠬᠤᠢ ᠵᠢᠨ ᠬᠠᠮᠢᠶᠠᠷᠤᠯᠲᠠ ᠳᠤᠮᠳᠠ᠎ᠳᠤ ᠵᠠᠰᠠᠬᠤ ᠵᠢ ᠪᠠᠲᠤᠯᠠᠬᠤ ᠬᠤᠭᠤᠴᠠᠭ᠎ᠠ ᠪᠠ ᠬᠡᠪᠴᠢᠶᠡᠨ ᠳᠣᠲᠣᠷ᠎ᠠ ᠲᠣᠭᠲᠠᠭ᠋ᠠᠯ ᠶᠣᠰᠣᠭ᠋ᠠᠷ ᠵᠠᠰᠠᠬᠤ ᠬᠠᠷᠢᠭᠤᠴᠠᠯᠭ᠎ᠠ ᠵᠢ ᠡᠭᠦᠷᠭᠡᠯᠡᠭᠰᠡᠨ ᠦᠭᠡᠢ ᠪᠠᠢ᠌ᠳᠠᠯ᠎ᠳᠤ ᠴᠢᠭᠯᠡᠭᠦᠯᠦᠭᠰᠡᠨ ᠲᠣᠷᠭ᠋ᠠᠭᠤᠯᠢ ᠵᠢ ᠵᠢᠭ᠋ᠠᠵᠤ ᠪᠠᠢ᠌ᠨ᠎ᠠ᠃ ᠪᠦᠲᠦᠭᠡᠨ ᠪᠠᠢ᠌ᠭᠤᠯᠤᠯᠲᠠ ᠵᠢᠨ ᠨᠢᠭᠡᠴᠡ ᠵᠢᠨ ᠡᠨᠡ ᠬᠦ᠌ ᠥᠮᠴᠢᠲᠡᠨ᠎ᠤ ᠡᠷᠬᠡ ᠠᠰᠢᠭ᠎ᠢ ᠬᠣᠬᠢᠷᠠᠭᠤᠯᠤᠭᠰᠠᠨ ᠡᠰᠡ ᠬᠢᠵᠦ ᠪᠣᠯᠬᠤ ᠠᠵᠢᠯᠯᠠᠭ᠎ᠠ ᠵᠢᠨ ᠲᠤᠬᠠᠢ᠂ ᠤᠯᠤᠰ᠎ᠤᠨ 《ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠬᠣᠯᠪᠣᠭᠳᠠᠯ ᠪᠦᠬᠦᠢ ᠲᠣᠷᠭ᠋ᠠᠭᠤᠯᠢ ᠵᠢᠨ ᠲᠣᠭᠲᠠᠭ᠋ᠠᠯ ᠪᠠᠢ᠌ᠬᠤ ᠦᠭᠡᠢ᠂ ᠬᠠᠤᠯᠢ ᠴᠠᠭ᠋ᠠᠵᠠ ᠵᠢᠨ ᠬᠣᠭᠣᠰᠤᠨ᠎ᠢ ᠨᠥᠬᠥᠪᠦᠷᠢᠯᠡᠬᠦ ᠵᠢᠨ ᠲᠤᠯᠠᠳᠠ 《ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ》᠎ᠳᠠᠬᠢ ᠪᠠᠷᠢᠯᠭ᠎ᠠ ᠪᠠᠷᠢᠬᠤ ᠨᠢᠭᠡᠴᠡ ᠵᠢ ᠲᠣᠷᠭ᠋ᠠᠬᠤ ᠲᠤᠬᠠᠢ ᠲᠣᠭᠲᠠᠭ᠋ᠠᠯ᠂ ᠳᠠᠷᠤᠢ ᠳᠠᠯᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠎ᠤᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ᠂ ᠳᠦᠷᠢᠮ᠎ᠤᠨ ᠳᠥᠴᠢ ᠶᠢᠰᠦᠳᠦᠭᠡᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ ᠶᠣᠰᠣᠭ᠋ᠠᠷ ᠠᠳᠠᠯ ᠠᠬᠤᠢ ᠵᠢᠨ ᠵᠠᠰᠠᠬᠤ ᠵᠢ ᠪᠠᠲᠤᠯᠠᠬᠤ ᠬᠠᠷᠢᠭᠤᠴᠠᠯᠭ᠎ᠠ ᠦᠯᠦ ᠡᠭᠦᠷᠭᠡᠯᠡᠭᠰᠡᠳ᠎ᠢ᠂ ᠵᠠᠷᠯᠢᠭᠳᠠᠵᠤ ᠪᠠᠢ᠌ᠭ᠋ᠠᠳ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠦᠭᠡᠢ ᠪᠠᠢ᠌ᠪᠠᠯ᠂ 10 ᠲᠦᠮᠡᠨ ᠲᠥᠭᠥᠷᠢᠭ᠎ᠠᠴᠠ ᠳᠡᠭᠡᠭᠰᠢ 20 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ᠎ᠠ; ᠥᠮᠴᠢᠲᠠᠳ᠎ᠲᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠭᠲᠠᠭ᠋ᠠᠵᠠᠢ᠃
      ᠳᠦᠷᠢᠮ᠎ᠤᠨ ᠲᠠᠯᠠᠨ ᠲᠠᠪᠤᠳᠤᠭ᠋ᠠᠷ ᠵᠦᠢ᠍ᠯ ᠪᠣᠯ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ᠎ᠤ ᠬᠢᠵᠦ ᠦᠯᠦ ᠪᠣᠯᠬᠤ ᠰᠢᠨᠵᠢ ᠴᠢᠨᠠᠷ᠎ᠲᠠᠢ ᠬᠠᠤᠯᠢ᠎ᠠᠴᠠ ᠵᠥᠷᠢᠴᠡᠭᠰᠡᠨ ᠭᠤᠷᠪᠠᠨ ᠵᠦᠢ᠍ᠯ᠎ᠤᠨ ᠠᠵᠢᠯᠯᠠᠭ᠎ᠠ᠂ ᠳᠤᠷ᠎ᠠ᠎ᠪᠠᠷ ᠵᠶ᠋ᠠᠨ ᠦᠢ᠍ᠯᠡᠳᠦᠭᠰᠡᠨ ᠰᠢᠨᠵᠢ ᠴᠢᠨᠠᠷ᠎ᠲᠠᠢ ᠲᠦᠷᠪᠡᠨ ᠵᠦᠢ᠍ᠯ᠎ᠤᠨ ᠠᠵᠢᠯᠯᠠᠭ᠎ᠠ᠎ᠳᠤ ᠴᠢᠭᠯᠡᠭᠦᠯᠦᠨ ᠲᠣᠭᠲᠠᠭ᠋ᠠᠭᠰᠠᠨ ᠬᠠᠤᠯᠢ ᠵᠢᠨ ᠬᠠᠷᠢᠭᠤᠴᠠᠯᠭ᠎ᠠ ᠮᠥᠨ᠃ ᠡᠭᠦᠨ᠎ᠳᠤ ᠨᠢᠭᠡᠳᠦᠭᠡᠷ ᠵᠤᠷᠪᠤᠰ᠎ᠲᠠᠬᠢ ᠲᠣᠭᠲᠠᠭ᠋ᠠᠯ ᠶᠣᠰᠣᠭ᠋ᠠᠷ ᠥᠯᠥ ᠳᠠᠩᠰᠠᠯᠠᠭᠤᠯᠤᠭᠰᠠᠨ ᠬᠣᠶᠠᠷ ᠦᠢᠯᠡ ᠠᠵᠢᠯᠯᠠᠭ᠎ᠠ ᠵᠢ ᠡᠮᠦᠨ᠎ᠡ ᠨᠢᠭᠡᠨᠲᠡ ᠲᠠᠢ᠌ᠯᠪᠤᠷᠢᠯᠠᠪᠠ᠂ ᠨᠥᠭᠦᠭᠡ ᠨᠢᠭᠡ ᠬᠢᠵᠦ ᠦᠯᠦ ᠪᠣᠯᠬᠤ ᠦᠢᠯᠡ ᠠᠵᠢᠯᠯᠠᠭ᠎ᠠ ᠪᠣᠯ ᠬᠣᠶᠠᠳᠤᠭ᠋ᠠᠷ ᠵᠤᠷᠪᠤᠰ᠎ᠲᠠᠬᠢ ᠳᠦᠷᠢᠮ ᠲᠣᠭᠲᠠᠭ᠋ᠠᠯ᠎ᠤᠨ ᠶᠣᠰᠣᠭ᠋ᠠᠷ ᠬᠠᠮᠢᠶ᠎ᠠ ᠪᠦᠬᠦᠢ ᠮᠡᠳᠡᠭᠡ ᠵᠠᠩᠭᠢ ᠵᠢ ᠥᠯᠥ ᠵᠠᠷᠯᠠᠨ ᠨᠡᠢ᠌ᠲᠡᠯᠡᠭᠰᠡᠨ ᠦᠢᠯᠡ ᠠᠵᠢᠯᠯᠠᠭ᠎ᠠ ᠪᠣᠯᠣᠨ᠎ᠠ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠰ᠎ᠢ ᠰᠢᠪᠠᠳᠠᠭᠤᠯᠤᠨ ᠪᠠᠢ᠌ᠵᠤ ᠠᠳᠠᠯ ᠠᠬᠤᠢ ᠵᠢᠨ ᠦᠢ᠍ᠯᠡᠴᠢᠯᠡᠭᠡᠨ᠎ᠤ ᠬᠢᠷᠢ ᠲᠦᠪᠰᠢᠨ ᠪᠠ ᠶᠠᠰᠤ ᠴᠢᠨᠠᠷ᠎ᠢ ᠳᠡᠭᠡᠭᠰᠢᠯᠡᠭᠦᠯᠦᠨ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ ᠪᠠ ᠥᠮᠴᠢᠲᠡᠨ᠎ᠤ ᠡᠶ᠎ᠡ ᠵᠣᠬᠢᠴᠠᠩᠭᠤᠢ ᠪᠠᠢ᠌ᠬᠤ ᠵᠢ ᠠᠬᠢᠭᠤᠯᠵᠤ᠂ ᠠᠳᠠᠯ ᠠᠬᠤᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠠᠳᠡ ᠬᠥᠷᠰᠢ ᠵᠡᠷᠭᠡᠯᠡᠳᠡᠭᠡ ᠮᠤᠵᠢ ᠣᠷᠣᠨ᠎ᠤ ᠬᠠᠤᠯᠢ ᠲᠣᠭᠲᠠᠭ᠋ᠠᠭᠰᠠᠨ ᠲᠤᠷᠰᠢᠯᠭ᠎ᠠ᠎ᠪᠠᠷ ᠲᠣᠯᠢ ᠪᠣᠯᠭ᠋ᠠᠵᠤ᠂ ᠲᠣᠭᠲᠠᠭ᠋ᠠᠯ ᠶᠣᠰᠣᠭ᠋ᠠᠷ ᠮᠡᠳᠡᠭᠳᠡᠬᠦ ᠴᠢᠨᠠᠷᠲᠠᠢ ᠳᠠᠩᠰᠠᠯᠠᠭᠤᠯᠤᠯᠲᠠ ᠬᠢᠭᠰᠡᠨ ᠦᠭᠡᠢ ᠵᠢ ᠲᠣᠷᠭ᠋ᠠᠨ ᠰᠢᠢ᠍ᠳᠬᠡᠬᠦ᠎ᠯᠤᠭ᠎ᠠ ᠠᠳᠠᠯᠢᠪᠲᠤᠷ ᠨᠡᠯᠢᠶᠡᠳ ᠬᠥᠩᠭᠡᠨ ᠲᠣᠷᠭ᠋ᠠᠭᠤᠯᠢ ᠰᠢᠢ᠍ᠳᠬᠡᠯ᠎ᠤᠨ ᠲᠣᠭᠲᠠᠭ᠋ᠠᠯ᠎ᠢ ᠵᠣᠬᠢᠴᠠᠩᠭᠤᠢ ᠲᠣᠭᠲᠠᠭ᠋ᠠᠪᠠ᠃ ᠲᠠᠪᠢᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ ᠢᠯᠡ ᠲᠣᠳᠣ ᠪᠠᠢ᠌ᠷᠢᠨ᠎ᠳᠤ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠨᠡᠢ᠌ᠲᠡᠯᠡᠭᠰᠡᠨ ᠦᠭᠡᠢ ᠪᠠᠢ᠌ᠪᠠᠯ ᠵᠠᠷᠯᠢᠭᠳᠠᠨ ᠪᠠᠢ᠌ᠵᠤ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠦᠭᠡᠢ ᠪᠣᠯ 1000 ᠲᠥᠭᠥᠷᠢᠭ᠎ᠠᠴᠠ ᠳᠡᠭᠡᠭᠰᠢ 5000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ ᠭᠡᠵᠦ ᠲᠣᠭᠲᠠᠭ᠋ᠠᠵᠠᠢ᠃
      ᠲᠠᠯᠠᠨ ᠲᠠᠪᠤᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠂ ᠳᠥᠷᠪᠡᠳᠦᠭᠡᠷ ᠵᠤᠷᠪᠤᠰ᠎ᠨᠢ ᠭᠣᠣᠯᠳᠠᠭᠤ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ᠎ᠤ ᠠᠳᠠᠯ ᠠᠬᠤᠢ ᠵᠢᠨ ᠵᠦᠢ᠍ᠯᠡᠰ᠎ᠢ ᠲᠤᠰᠢᠶᠠᠬᠤ ᠪᠠ ᠭᠥᠯᠢᠶᠡᠨ ᠠᠪᠬᠤ ᠶᠠᠪᠤᠴᠠ᠎ᠳᠠᠬᠢ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ ᠲᠣᠷᠭ᠋ᠠᠭᠤᠯᠢ ᠰᠢᠢ᠍ᠳᠬᠡᠯ ᠪᠣᠯᠣᠨ᠎ᠠ᠃ ᠠᠳᠠᠯ ᠠᠬᠤᠢ ᠵᠢᠨ ᠲᠥᠷᠥᠯ ᠵᠦᠢ᠍ᠯ᠎ᠢ ᠵᠢᠷᠤᠮᠵᠢᠭᠤᠯᠤᠨ ᠲᠤᠰᠢᠶᠠᠬᠤ ᠪᠠ ᠲᠦᠷᠦᠯ ᠵᠦᠢ᠍ᠯ᠎ᠠᠴᠠ ᠪᠤᠴᠠᠨ ᠭᠠᠷᠭ᠋ᠠᠵᠤ ᠪᠣᠯᠬᠤ᠂ ᠥᠮᠴᠢᠲᠠᠳ᠎ᠤᠨ ᠬᠠᠮᠲᠤ᠎ᠪᠠᠷ ᠥᠮᠴᠢᠯᠡᠬᠦ ᠪᠡᠯᠡᠳᠬᠡᠮᠵᠢ ᠲᠥᠬᠦᠭᠡᠷᠦᠮᠵᠢ ᠪᠠ ᠬᠠᠮᠢᠶ᠎ᠠ ᠪᠦᠬᠦᠢ ᠲᠠᠯᠠᠪᠤᠷ ᠭᠠᠵᠠᠷ᠎ᠤᠨ ᠬᠡᠪ᠎ᠤᠨ ᠬᠡᠷᠡᠭᠯᠡᠯᠲᠡ ᠵᠢ ᠪᠠᠲᠤᠯᠠᠬᠤ᠂ ᠠᠳᠠᠯ ᠠᠬᠤᠢ ᠵᠢᠨ ᠬᠠᠮᠢᠶᠠᠷᠤᠯᠲᠠ ᠵᠢᠨ ᠬᠠᠮᠢᠶ᠎ᠠ ᠪᠦᠬᠦᠢ ᠮᠠᠲ᠋ᠧᠷᠢᠶᠠᠯ᠎ᠢ ᠬᠠᠮᠠᠭ᠋ᠠᠯᠠᠨ ᠬᠠᠳᠠᠭ᠋ᠠᠯᠠᠬᠤ᠂ ᠥᠮᠴᠢᠲᠠᠳ᠎ᠤᠨ ᠬᠠᠮᠲᠤ ᠵᠢᠨ ᠡᠳ᠋ ᠬᠥᠷᠥᠩᠭᠡ ᠪᠠ ᠠᠰᠢᠭ ᠲᠤᠰᠠ ᠵᠢ ᠬᠠᠮᠠᠭ᠋ᠠᠯᠠᠨ ᠬᠣᠬᠢᠷᠠᠯ᠎ᠳᠤ ᠤᠴᠠᠷᠠᠭᠤᠯᠬᠤ ᠦᠭᠡᠢ ᠵᠢᠨ ᠲᠤᠰᠠᠳᠠ᠂ ᠠᠳᠠᠯ ᠠᠬᠤᠢ ᠵᠢᠨ ᠬᠠᠮᠢᠶᠠᠷᠤᠯᠲᠠ ᠵᠢᠨ ᠡᠮᠬᠢ ᠳᠢᠭᠯᠢᠮ᠎ᠢ ᠪᠠᠲᠤᠯᠠᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ ᠪᠠ ᠥᠮᠴᠢᠲᠡᠨ᠎ᠤ ᠬᠠᠷᠢᠭᠤᠴᠠᠯᠭ᠎ᠠ ᠪᠠ ᠡᠭᠦᠷᠭᠡ ᠵᠢ ᠲᠣᠳᠣᠷᠬᠠᠢ᠌ᠯᠠᠵᠤ᠂ ᠢᠲᠡᠭᠡᠯ ᠠᠯᠳᠠᠭᠰᠠᠨ᠂ ᠬᠠᠷᠢᠭᠤᠴᠠᠯᠭ᠎ᠠ ᠠᠯᠳᠠᠭᠰᠠᠨ ᠦᠢ᠍ᠯᠡ ᠠᠵᠢᠯᠯᠠᠭ᠎ᠠ᠎ᠢ ᠴᠢᠩᠭ᠎ᠠ ᠰᠢᠢ᠍ᠳᠬᠡᠬᠦ ᠲᠤᠬᠠᠢ ᠪᠤᠰᠤᠳ ᠮᠤᠵᠢ ᠣᠷᠣᠨ᠎ᠤ ᠬᠠᠤᠯᠢ ᠲᠣᠭᠲᠠᠭ᠋ᠠᠭᠰᠠᠨ ᠲᠤᠷᠰᠢᠯᠭ᠎ᠠ᠎ᠪᠠᠷ ᠲᠣᠯᠢ ᠪᠣᠯᠭ᠋ᠠᠭ᠋ᠠᠳ ᠰᠢᠢ᠍ᠳᠬᠡᠯ ᠲᠣᠷᠭ᠋ᠠᠭᠤᠯᠢ ᠵᠢᠨ ᠲᠣᠭᠲᠠᠭ᠋ᠠᠯ ᠨᠡᠮᠡᠪᠡ᠂ ᠲᠤᠬᠠᠢ᠌ᠯᠠᠪᠠᠯ᠄ ᠲᠠᠪᠢᠨ ᠵᠢᠷᠭᠤᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠎ᠤᠨ ᠲᠣᠭᠲᠠᠭ᠋ᠠᠯ᠎ᠢ ᠵᠥᠷᠢᠴᠡᠵᠦ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ᠎ᠠᠴᠠ ᠳᠤᠷ᠎ᠠ᠎ᠪᠠᠷ ᠵᠶ᠋ᠠᠨ ᠰᠠᠯᠵᠤ ᠭᠠᠷᠬᠤ᠂ ᠠᠳᠠᠯ ᠠᠬᠤᠢ ᠵᠢᠨ ᠦᠢ᠍ᠯᠡᠴᠢᠯᠡᠭᠡ᠎ᠪᠠᠨ ᠵᠣᠭᠰᠤᠭ᠋ᠠᠬᠤ ᠵᠢ ᠵᠠᠷᠯᠢᠭᠳᠠᠨ ᠪᠠᠢ᠌ᠵᠤ ᠲᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠡᠰᠡ ᠵᠠᠯᠠᠷᠠᠭᠤᠯᠤᠭᠰᠠᠨ ᠪᠠᠢ᠌ᠪᠠᠯ 1 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ᠎ᠠ᠃ ᠲᠠᠪᠢᠨ ᠳᠣᠯᠣᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠎ᠤᠨ ᠲᠣᠭᠲᠠᠭ᠋ᠠᠯ᠎ᠢ ᠵᠥᠷᠢᠴᠡᠵᠦ᠂ ᠥᠮᠴᠢᠲᠡᠨ ᠠᠳᠠᠯ ᠠᠬᠤᠢ ᠵᠢᠨ ᠦᠢ᠍ᠯᠡᠴᠢᠯᠡᠭᠡᠨ᠎ᠤ ᠰᠦᠢ᠍ᠳᠬᠡᠯ ᠵᠡᠷᠭᠡ ᠵᠢ ᠦᠯᠦ ᠲᠤᠰᠢᠶᠠᠭᠰᠠᠨ ᠵᠡᠷᠭᠡ᠎ᠪᠠᠷ ᠰᠢᠯᠲᠠᠭ ᠪᠣᠯᠭ᠋ᠠᠵᠤ ᠲᠤᠰᠢᠶᠠᠬᠤ ᠪᠠ ᠭᠥᠯᠢᠶᠡᠨ ᠠᠪᠬᠤ ᠵᠢ ᠲᠡᠪᠴᠢᠵᠦ᠂ ᠰᠢᠨ᠎ᠡ᠎ᠪᠠᠷ ᠰᠣᠩᠭᠣᠭᠳᠠᠨ ᠤᠷᠢᠭᠳᠠᠭᠰᠠᠨ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠨ᠎ᠤ ᠲᠠᠯᠠᠪᠤᠷ᠎ᠲᠤ ᠣᠷᠣᠵᠤ ᠦᠢ᠍ᠯᠡᠴᠢᠯᠡᠬᠦ ᠵᠢ ᠬᠠᠷᠰᠢᠯᠠᠭᠰᠠᠨ ᠪᠠᠢ᠌ᠪᠠᠯ᠂ ᠵᠠᠷᠯᠢᠭᠳᠠᠵᠤ ᠪᠠᠢ᠌ᠭ᠋ᠠᠳ ᠲ᠋ᠣᠭᠲᠠᠭᠰᠠᠨ ᠬᠤᠭᠤᠴᠠᠭ᠋ᠠᠨ᠎ᠳᠤ ᠵᠠᠯᠠᠷᠠᠭᠤᠯᠤᠭᠤᠯᠤᠨ᠎ᠠ᠂ ᠬᠤᠭᠤᠴᠠᠭ᠎ᠠ ᠬᠡᠲᠦᠷᠡᠭᠰᠡᠨ ᠪᠠᠢ᠌ᠲᠠᠯ᠎ᠠ ᠵᠠᠯᠠᠷᠠᠭᠤᠯᠤᠭᠰᠠᠨ ᠦᠭᠡᠢ ᠪᠣᠯ᠂ 1 ᠲᠦᠮᠡᠨ ᠲᠥᠭᠥᠷᠢᠭ᠎ᠠᠴᠠ ᠲ᠋ᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠨ᠎ᠠ᠃ ᠥᠮᠴᠢᠲᠡᠨ᠎ᠳᠤ ᠬᠣᠬᠢᠷᠠᠯ ᠤᠴᠠᠷᠠᠭᠤᠯᠤᠭᠰᠠᠨ ᠪᠠᠢ᠌ᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ ᠭᠡᠵᠦ ᠲᠣᠭᠲᠠᠭ᠋ᠠᠵᠠᠢ᠃ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠪᠣᠯ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠭᠡᠪᠡᠴᠦ ᠵᠠᠯᠬᠠᠭ᠋ᠠᠨ ᠰᠢᠢ᠍ᠳᠬᠡᠬᠦ ᠪᠣᠯ ᠬᠠᠤᠯᠢ ᠲᠣᠭᠲᠠᠭ᠋ᠠᠬᠤ ᠵᠣᠷᠢᠯᠭ᠎ᠠ ᠪᠠ ᠠᠷᠭ᠎ᠠ ᠪᠠᠷᠢᠯ ᠪᠢᠰᠢ ᠶᠤᠮ᠂ ᠬᠠᠤᠯᠢ ᠴᠠᠭ᠋ᠠᠵᠠ ᠵᠢᠨ ᠴᠢᠳᠠᠮᠵᠢ᠎ᠨᠢ ᠨᠡᠩ ᠢᠯᠡᠭᠦᠦ ᠬᠥᠲᠥᠯᠥᠨ ᠳᠠᠭ᠋ᠠᠭᠤᠯᠬᠤ᠂ ᠵᠢᠱ᠌ᠢᠶ᠎ᠡ ᠦᠵᠡᠭᠦᠯᠬᠦ᠂ ᠡᠭᠦᠷᠭᠡ ᠴᠢᠳᠠᠪᠤᠷᠢ ᠵᠢᠨ ᠴᠢᠳᠠᠮᠵᠢ ᠵᠢ ᠪᠠᠳᠠᠷᠠᠭᠤᠯᠬᠤ᠎ᠪᠠᠷ ᠳᠠᠮᠵᠢᠭᠤᠯᠤᠨ ᠨᠡᠢ᠌ᠭᠡᠮ ᠳᠠᠶᠠᠭ᠋ᠠᠷ᠎ᠤᠨ ᠬᠠᠤᠯᠢ ᠶᠣᠰᠣᠭ᠋ᠠᠷ ᠠᠵᠢᠯᠯᠠᠵᠤ ᠬᠠᠤᠯᠢ ᠵᠢ ᠰᠠᠬᠢᠬᠤ ᠤᠬᠠᠮᠰᠠᠷ᠎ᠢ ᠠᠭ᠋ᠠᠵᠢᠮ ᠵᠶ᠋ᠠᠷ ᠪᠤᠢ ᠪᠣᠯᠭ᠋ᠠᠬᠤ᠎ᠳᠤ ᠪᠠᠢ᠌ᠳᠠᠭ᠂ ᠮᠢᠨᠤ ᠲᠠᠨᠢᠯᠴᠠᠭᠤᠯᠭ᠎ᠠ ᠤᠯᠠᠨ ᠎ᠳᠤ ᠬᠠᠪᠰᠤᠷᠤᠯᠭ᠎ᠠ ᠪᠣᠯᠬᠤ ᠪᠣᠯᠲᠤᠭ᠋ᠠᠢ᠃ ᠪᠠᠶᠠᠷᠯᠠᠯ᠎ᠠ!
      ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠰᠤᠷᠪᠤᠯᠵᠢᠯᠠᠭᠴᠢ᠄ ᠣᠳᠣᠬᠠᠨ᠎ᠳᠤ᠂ ᠮᠠᠰᠢ ᠣᠯᠠᠨ ᠣᠷᠣᠨ ᠰᠠᠭᠤᠴᠠ ᠵᠢᠨ ᠲᠣᠭᠣᠷᠢᠭ᠎ᠲᠤ ᠥᠮᠴᠢᠲᠠᠳ᠎ᠤᠨ ᠺᠣᠮᠢᠰ ᠪᠠᠶ᠋ᠢᠭᠤᠯᠬᠤ᠎ᠳᠤ ᠬᠦᠴᠢᠷ᠂ ᠵᠠᠷᠤᠳᠠᠯ ᠳᠤᠲᠠᠮᠠᠭ᠂ ᠦᠢ᠍ᠯᠡᠳᠦᠯ ᠵᠶ᠋ᠠᠨ ᠪᠠᠳᠠᠷᠠᠭᠤᠯᠬᠤ᠎ᠳᠤ ᠬᠦᠴᠢᠷ ᠪᠠᠢ᠌ᠬᠤ ᠵᠡᠷᠭᠡ ᠠᠰᠠᠭᠤᠳᠠᠯ᠎ᠤᠳ ᠣᠷᠣᠰᠢᠵᠤ ᠪᠠᠢ᠌ᠨ᠎ᠠ᠂ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠳᠤ ᠶᠠᠮᠠᠷ ᠶᠠᠮᠠᠷ ᠲᠣᠭᠲᠠᠭ᠋ᠠᠯ ᠵᠶ᠋ᠠᠷ ᠡᠲᠡᠭᠡᠷ ᠠᠰᠠᠭᠤᠳᠠᠯ᠎ᠤᠳ᠎ᠢ ᠰᠢᠢ᠍ᠳᠪᠦᠷᠢᠯᠡᠭᠰᠡᠨ ᠪᠣᠶ? ᠯᠧᠢ ᠵᠧᠨ ᠬᠤᠸᠠ᠄ (ᠨᠢᠭᠡ) ᠥᠮᠴᠢᠲᠡᠨ᠎ᠤ ᠳᠤᠮᠳᠠᠬᠢ ᠨᠥᠬᠥᠴᠡᠯ᠎ᠳᠤ ᠨᠡᠢ᠌ᠴᠡᠭᠰᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠎ᠤ ᠬᠠᠤᠯᠢ ᠎ᠳᠤ ᠲᠣᠭᠲᠠᠭ᠋ᠠᠭᠰᠠᠨ ᠵᠢᠷᠤᠮ ᠵᠶ᠋ᠠᠷ ᠳᠠᠮᠵᠢᠭᠤᠯᠤᠨ ᠥᠮᠴᠢᠲᠠᠳ᠎ᠤᠨ ᠺᠣᠮᠢᠰ᠎ᠤᠨ ᠭᠡᠰᠢᠭᠦᠨ ᠪᠣᠯᠬᠤ ᠵᠢ ᠵᠣᠷᠢᠭᠵᠢᠭᠤᠯᠤᠨ ᠳᠡᠮᠵᠢᠨ᠎ᠡ᠃ ᠥᠮᠴᠢᠲᠠᠳ᠎ᠤᠨ ᠺᠣᠮᠢᠰ ᠪᠠᠢ᠌ᠭᠤᠯᠤᠭᠳᠠᠬᠤ ᠶᠠᠪᠤᠴᠠ᠎ᠳᠤ᠂ ᠥᠮᠴᠢᠲᠠᠳ᠎ᠤᠨ ᠺᠣᠮᠢᠰ᠎ᠤᠨ ᠭᠡᠰᠢᠭᠦᠨ᠎ᠢ ᠰᠣᠩᠭᠣᠬᠤ ᠪᠠ ᠲᠤᠰᠢᠶᠠᠯ ᠡᠭᠦᠷᠭᠡᠯᠡᠬᠦ ᠬᠥᠮᠥᠨ᠎ᠢ ᠲᠣᠭᠲᠠᠭ᠋ᠠᠬᠤ᠎ᠳᠤ ᠨᠡᠯᠢᠶᠡᠳ ᠬᠦᠴᠢᠷᠲᠡᠢ ᠪᠠᠢ᠌ᠳᠠᠭ᠂ ᠡᠭᠦᠨ᠎ᠤ ᠭᠣᠣᠯ ᠰᠢᠯᠲᠠᠭ᠋ᠠᠨ᠎ᠨᠢ᠄ ᠨᠢᠭᠡ᠎ᠳᠤ᠂ ᠥᠮᠴᠢᠲᠠᠳ᠎ᠤᠨ ᠺᠣᠮᠢᠰ᠎ᠤᠨ ᠠᠵᠢᠯ᠎ᠢ ᠥᠷᠨᠢᠭᠦᠯᠬᠦ᠎ᠳᠤ ᠵᠠᠷᠤᠳᠠᠯ᠎ᠤᠨ ᠪᠠᠲᠤᠯᠠᠭ᠎ᠠ ᠦᠭᠡᠢ᠂ ᠵᠥᠪᠬᠡᠨ ᠲᠤᠰᠢᠶᠠᠯ ᠬᠠᠪᠰᠤᠷᠭ᠋ᠠᠬᠤ ᠪᠠ ᠰᠠᠢ᠌ᠨ ᠳᠤᠷ᠎ᠠ᠎ᠠᠴᠠ᠎ᠪᠠᠨ ᠣᠷᠤᠯᠴᠠᠬᠤ᠎ᠳᠤ ᠲᠦᠰᠢᠭᠯᠡᠨ᠂ ᠲᠤᠰᠢᠶᠠᠯ ᠡᠭᠦᠷᠭᠡᠯᠡᠬᠦ ᠴᠢᠳᠠᠪᠤᠷᠢ᠎ᠲᠠᠢ ᠥᠮᠴᠢᠲᠡᠨ᠎ᠨᠢ ᠠᠵᠢᠯ ᠬᠢᠬᠦ ᠳᠤᠷ᠎ᠠ ᠦᠭᠡᠢ᠂ ᠬᠢᠬᠦ ᠰᠠᠨᠠᠭ᠎ᠠ᠎ᠲᠠᠢ᠎ᠳᠤ᠎ᠨᠢ ᠡᠷᠬᠡ᠎ᠪᠠᠨ ᠠᠰᠢᠭᠯᠠᠨ ᠠᠮᠢ᠎ᠪᠠᠨ ᠪᠣᠷᠳᠣᠬᠤ ᠦᠢᠯᠡ ᠠᠵᠢᠯᠯᠠᠭ᠎ᠠ ᠴᠥᠭᠡᠨ ᠪᠤᠰᠤ᠎ᠨᠢ ᠣᠷᠣᠰᠢᠵᠤ᠂ ᠥᠮᠴᠢᠲᠠᠳ᠎ᠤᠨ ᠺᠣᠮᠢᠰ ᠪᠠᠶ᠋ᠢᠭᠤᠯᠬᠤ᠎ᠳᠤ ᠬᠦᠴᠢᠷᠲᠡᠢ᠂ ᠠᠵᠢᠯᠠᠭᠤᠯᠬᠤ᠎ᠳᠤ ᠬᠦᠴᠢᠷᠲᠡᠢ᠂ ᠪᠠᠢ᠌ᠭᠤᠯᠤᠭᠳᠠᠭᠰᠠᠨ᠎ᠤ ᠳᠠᠷᠠᠭ᠎ᠠ ᠠᠵᠢᠯ ᠶᠠᠪᠤᠭᠳᠠᠬᠤ ᠦᠭᠡᠢ ᠪᠤᠶᠤ ᠳᠤᠷ᠎ᠠ᠎ᠪᠠᠷ ᠵᠶ᠋ᠠᠨ ᠦᠢᠯᠡᠳᠬᠦ ᠪᠠᠢ᠌ᠳᠠᠯ ᠪᠣᠶ ᠪᠣᠯᠭ᠋ᠠᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠢᠯ ᠬᠡᠪ ᠵᠶ᠋ᠠᠷ ᠶᠠᠪᠤᠭᠳᠠᠬᠤ ᠵᠢ ᠨᠥᠯᠥᠭᠡᠯᠡᠵᠦ ᠪᠠᠢ᠌ᠨ᠎ᠠ᠃ ᠬᠣᠶᠠᠷ᠎ᠲᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠤ ᠬᠠᠯᠠᠭᠤᠨ ᠰᠡᠳᠬᠢᠯ᠎ᠲᠠᠢ᠂ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂ ᠲᠥᠪ ᠭᠤᠣᠯᠴᠢ ᠠᠷᠢᠭᠤᠨ ᠴᠢᠬᠡᠴᠢ ᠥᠮᠴᠢᠲᠠᠳ ᠪᠠᠢ᠌ᠪᠠᠴᠤ ᠥᠮᠴᠢᠲᠠᠳ᠎ᠤᠨ ᠺᠣᠮᠢᠰ᠎ᠤᠨ ᠠᠵᠢᠯ᠎ᠨᠢ ᠥᠷᠨᠢᠭᠦᠯᠬᠦ᠎ᠳᠤ ᠨᠡᠯᠢᠶᠡᠳ ᠬᠦᠴᠢᠷᠲᠡᠢ ᠪᠠᠢ᠌ᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ᠂ ᠭᠡᠷ᠎ᠡ ᠵᠢᠨ ᠪᠣᠯᠵᠣᠭ᠎ᠠ᠎ᠪᠠᠨ ᠭᠦᠢ᠍ᠴᠡᠳᠬᠡᠬᠦ᠎ᠳᠤ ᠬᠢᠨᠠᠯᠲᠠ ᠲᠠᠯᠪᠢᠬᠤ᠎ᠪᠠᠷ ᠦᠯᠦ ᠪᠠᠷᠠᠮ᠂ ᠪᠠᠰᠠ ᠥᠮᠴᠢᠲᠠᠳ᠎ᠢ ᠰᠢᠮᠳᠠᠭᠤᠯᠵᠤ ᠪᠠᠢ᠌ᠭ᠋ᠠᠳ ᠠᠳᠠᠯ ᠠᠬᠤᠢ ᠵᠢᠨ ᠦᠢ᠍ᠯᠡᠴᠢᠯᠡᠭᠡᠨ᠎ᠤ ᠰᠦᠢ᠍ᠳᠬᠡᠯ᠎ᠢ ᠲᠣᠭᠲᠠᠭᠰᠠᠨ ᠴᠠᠭ᠎ᠲᠤ᠎ᠨᠢ ᠲᠤᠰᠢᠶᠠᠯᠭ᠋ᠠᠵᠤ᠂ ᠠᠳᠠᠯ ᠠᠬᠤᠢ ᠵᠢᠨ ᠦᠢ᠍ᠯᠡᠴᠢᠯᠡᠭᠡᠨ᠎ᠤ ᠬᠥᠮᠥᠰ᠎ᠲᠠᠢ ᠬᠠᠮᠵᠢᠯᠴᠠᠨ ᠠᠳᠠᠯ ᠠᠬᠤᠢ ᠵᠢᠨ ᠬᠠᠮᠢᠶᠠᠷᠤᠯᠲᠠ ᠵᠢ ᠬᠡᠷᠡᠭᠵᠢᠭᠦᠯᠳᠡᠭ ᠨᠢᠭᠡ ᠵᠦᠢ᠍ᠯ᠎ᠤᠨ ᠴᠢᠳᠠᠯ ᠵᠶ᠋ᠠᠨ ᠰᠢᠪᠬᠠᠪᠠᠴᠤ ᠴᠢᠷᠠᠢ ᠣᠯᠬᠤ ᠦᠭᠡᠢ ᠶᠠᠪᠤᠳᠠᠯ ᠪᠣᠯᠬᠣᠷ᠂ ᠨᠡᠷ᠎ᠡ ᠮᠡᠳᠡᠭᠦᠯᠦᠨ ᠰᠣᠩᠭᠣᠭᠤᠯᠢ᠎ᠳᠤ ᠣᠷᠤᠯᠴᠠᠬᠤ ᠳᠤᠷ᠎ᠠ ᠦᠭᠡᠢ ᠪᠠᠢ᠌ᠳᠠᠭ᠃ ᠳᠡᠭᠡᠷᠡᠬᠢ ᠪᠠᠢ᠌ᠳᠠᠯ᠎ᠳᠤ ᠬᠠᠨᠳᠤᠭᠤᠯᠤᠨ᠂ ᠡᠨᠡ ᠤᠳᠠᠭ᠎ᠠ ᠳᠦᠷᠢᠮ᠎ᠳᠤ 《ᠥᠮᠴᠢᠲᠠᠳ᠎ᠤᠨ ᠳᠣᠲᠣᠷᠠᠬᠢ ᠨᠥᠬᠥᠴᠡᠯ᠎ᠳᠤ ᠨᠡᠶ᠋ᠢᠴᠡᠬᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠎ᠤ ᠬᠠᠤᠯᠢ᠎ᠪᠠᠷ ᠲᠣᠭᠲᠠᠭ᠋ᠠᠭᠰᠠᠨ ᠵᠢᠷᠤᠮ ᠵᠶ᠋ᠠᠷ ᠥᠮᠴᠢᠲᠠᠳ᠎ᠤᠨ ᠺᠣᠮᠢᠰ᠎ᠤᠨ ᠭᠡᠰᠢᠭᠦᠨ ᠪᠣᠯᠬᠤ ᠵᠢ ᠵᠣᠷᠢᠭᠵᠢᠭᠤᠯᠤᠨ ᠳᠡᠮᠵᠢᠨ᠎ᠡ᠃ ᠥᠮᠴᠢᠲᠠᠳ᠎ᠤᠨ ᠺᠣᠮᠢᠰ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠪᠠᠶ᠋ᠢᠭᠤᠯᠬᠤ ᠵᠢ ᠠᠬᠢᠭᠤᠯᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠳ᠎ᠤᠨ ᠳᠠᠶ᠋ᠢᠴᠢᠨ ᠪᠡᠬᠢᠯᠡᠯᠲᠡ ᠪᠠ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠳᠠᠯ ᠠᠬᠤᠢ ᠵᠢᠨ ᠬᠠᠮᠢᠶᠠᠷᠤᠯᠲᠠ ᠵᠢᠨ ᠡᠷᠡᠭᠦᠯ ᠵᠶ᠋ᠠᠷ ᠬᠥᠭᠵᠢᠬᠦ ᠵᠢ ᠪᠠᠲᠤᠯᠠᠨ᠎ᠠ᠃》 ᠭᠡᠬᠦ ᠵᠦᠢ᠍ᠯ ᠵᠤᠷᠪᠤᠰ᠎ᠢ ᠨᠡᠮᠡᠯ᠎ᠡ᠃  
     (ᠬᠣᠶᠠᠷ) ᠥᠮᠴᠢᠲᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠤᠨ ᠠᠵᠢᠯ ᠥᠷᠨᠢᠭᠦᠯᠬᠦ ᠵᠠᠷᠤᠳᠠᠯ ᠪᠠ ᠥᠮᠴᠢᠲᠠᠳ᠎ᠤᠨ ᠺᠣᠮᠢᠰ᠎ᠤᠨ ᠭᠡᠰᠢᠭᠦᠳ᠎ᠤᠨ ᠠᠵᠢᠯ᠎ᠤᠨ ᠨᠥᠬᠥᠪᠦᠷᠢ ᠵᠢ ᠴᠤᠭᠯᠠᠭᠤᠯᠬᠤ ᠠᠷᠭ᠎ᠠ ᠵᠠᠮ ᠨᠡᠮᠡᠪᠡ ᠨᠢᠭᠡᠳᠦᠭᠡᠷ᠎ᠲᠤ ᠦᠮᠴᠢᠳᠠᠳ᠎ᠤᠨ ᠶᠡᠬᠡ ᠬᠤᠷᠠᠯ᠂ ᠦᠮᠴᠢᠳᠠᠳ᠎ᠤᠨ ᠺᠣᠮᠢᠰ᠎ᠤᠨ ᠠᠵᠢᠯ ᠥᠷᠨᠢᠭᠦᠯᠬᠦ ᠵᠠᠷᠤᠳᠠᠯ᠎ᠢ ᠪᠦᠬᠦ ᠦᠮᠴᠢᠳᠠᠳ ᠡᠭᠦᠷᠭᠡᠯᠡᠬᠦ ᠤᠤᠯ ᠰᠠᠭᠤᠷᠢᠨ ᠳᠡᠭᠡᠷ᠎ᠡ᠂ ᠦᠮᠴᠢᠳᠠᠳ᠎ᠤᠨ ᠬᠠᠮᠲᠤ᠎ᠪᠠᠷ ᠥᠮᠴᠢᠯᠡᠵᠦ ᠪᠠᠢ᠌ᠭ᠎ᠠ ᠡᠵᠡᠩᠨᠡᠯᠲᠡ ᠵᠢᠨ ᠠᠰᠢᠭ ᠣᠷᠣᠯᠭ᠎ᠠ ᠳᠣᠲᠣᠷ᠎ᠠ᠎ᠠᠴᠠ ᠬᠡᠰᠡᠭ ᠵᠢ᠎ᠨᠢ ᠵᠠᠷᠤᠴᠠᠭᠤᠯᠵᠤ ᠪᠣᠯᠬᠤ ᠠᠷᠭ᠎ᠠ ᠵᠠᠮ᠎ᠢ ᠨᠡᠮᠡᠵᠦ᠂ ᠦᠮᠴᠢᠳᠠᠳ᠎ᠤᠨ ᠶᠡᠬᠡ ᠬᠤᠷᠠᠯ ᠥᠮᠴᠢᠲᠠᠳ᠎ᠤᠨ ᠺᠣᠮᠢᠰ᠎ᠤᠨ ᠠᠵᠢᠯ᠎ᠤᠨ ᠵᠠᠷᠤᠳᠠᠯ᠎ᠢ ᠴᠤᠭᠯᠠᠭᠤᠯᠬᠤ ᠠᠷᠭ᠎ᠠ ᠵᠠᠮ᠎ᠢ᠎ᠨᠢ ᠥᠷᠭᠡᠳᠬᠡᠵᠦ᠂ ᠦᠮᠴᠢᠳᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠤᠨ ᠠᠵᠢᠯ᠎ᠢ ᠥᠷᠨᠢᠭᠦᠯᠬᠦ ᠵᠠᠷᠤᠳᠠᠯ᠎ᠤᠨ ᠪᠠᠲᠤᠯᠠᠭ᠎ᠠ᠎ᠳᠤ ᠬᠦᠴᠦᠨ ᠨᠡᠮᠡᠵᠡᠢ᠃ ᠬᠣᠶᠠᠳᠤᠭ᠋ᠠᠷ᠎ᠲᠤ᠂ ᠥᠮᠴᠢᠲᠠᠳ᠎ᠤᠨ ᠺᠣᠮᠢᠰ᠎ᠤᠨ ᠭᠡᠰᠢᠭᠦᠳ᠎ᠤᠨ ᠠᠵᠢᠯ᠎ᠤᠨ ᠨᠥᠬᠥᠪᠦᠷᠢ ᠵᠢᠨ ᠰᠢᠨ᠎ᠡ ᠠᠭᠤᠯᠭ᠎ᠠ ᠨᠡᠮᠡᠵᠦ᠂ ᠦᠮᠴᠢᠳᠠᠳ᠎ᠤᠨ ᠶᠡᠬᠡ ᠬᠤᠷᠠᠯ᠎ᠠᠴᠠ ᠦᠮᠴᠢᠳᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠲᠤ ᠲᠤᠰᠢᠶᠠᠭᠰᠠᠨ ᠵᠠᠷᠤᠳᠠᠯ᠎ᠤᠨ ᠪᠠᠢ᠌ᠳᠠᠯ ᠪᠠ ᠦᠮᠴᠢᠳᠠᠳ᠎ᠤᠨ ᠬᠠᠮᠲᠤ᠎ᠪᠠᠷ ᠥᠮᠴᠢᠯᠡᠬᠦ ᠬᠡᠰᠡᠭ ᠡᠵᠡᠩᠨᠡᠯᠲᠡ ᠵᠢᠨ ᠠᠰᠢᠭ ᠣᠷᠣᠯᠭ᠎ᠠ ᠵᠢᠨ ᠪᠠᠢ᠌ᠳᠠᠯ᠎ᠢ ᠦᠨᠳᠦᠰᠦᠯᠡᠨ ᠥᠮᠴᠢᠲᠠᠳ᠎ᠤᠨ ᠺᠣᠮᠢᠰ᠎ᠤᠨ ᠭᠡᠰᠢᠭᠦᠳ᠎ᠤᠨ ᠠᠵᠢᠯ᠎ᠤᠨ ᠨᠥᠬᠥᠪᠦᠷᠢ ᠵᠢᠴᠢ ᠪᠠᠷᠢᠮᠵᠢᠶ᠎ᠠ ᠵᠢ ᠲᠣᠭᠲᠠᠭ᠋ᠠᠵᠤ᠂ ᠨᠥᠬᠥᠴᠡᠯ᠎ᠳᠤ ᠨᠡᠢ᠌ᠴᠡᠭᠰᠡᠨ ᠦᠮᠴᠢᠳᠠᠳ᠎ᠤᠨ ᠥᠮᠴᠢᠲᠠᠳ᠎ᠤᠨ ᠺᠣᠮᠢᠰ᠎ᠤᠨ ᠰᠣᠩᠭᠣᠭᠤᠯᠢ᠎ᠳᠤ ᠣᠷᠤᠯᠴᠠᠬᠤ ᠲᠣᠬᠢᠶᠠᠯᠳᠤᠮᠵᠢ ᠵᠢ ᠳᠡᠭᠡᠭᠰᠢᠯᠡᠭᠦᠯᠵᠦ᠂ ᠥᠮᠴᠢᠲᠠᠳ᠎ᠤᠨ ᠺᠣᠮᠢᠰ᠎ᠤᠨ ᠭᠡᠰᠢᠭᠦᠳ᠎ᠤᠨ ᠠᠵᠢᠯ᠎ᠤᠨ ᠢᠳᠡᠪᠬᠢᠵᠢᠯ᠎ᠢ ᠲᠠᠶ᠋ᠢᠴᠢᠯᠠᠵᠦ᠂ ᠠᠳᠠᠯ ᠠᠬᠤᠢ ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠠᠵᠢᠯ᠎ᠤᠨ ᠡᠮᠬᠢ ᠵᠢᠷᠤᠮ᠎ᠲᠠᠢ ᠥᠷᠨᠢᠬᠦ ᠵᠢ ᠠᠬᠢᠭᠤᠯᠵᠤ᠂ ᠨᠡᠢ᠌ᠭᠡᠮ ᠲᠣᠭᠣᠷᠢᠭ᠎ᠤᠨ ᠡᠶ᠎ᠡ ᠵᠣᠬᠢᠴᠠᠩᠭᠤᠢ ᠲᠣᠭᠲᠠᠭᠤᠨ ᠪᠠᠢ᠌ᠳᠠᠯ᠎ᠢ ᠠᠬᠢᠭᠤᠯᠪᠠ᠃
     (ᠭᠤᠷᠪᠠ) ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠵᠦᠢ᠍ᠯ ᠵᠤᠷᠪᠤᠰ᠎ᠢ ᠨᠡᠮᠡᠵᠦ᠂ ᠥᠮᠴᠢᠲᠡᠨ᠎ᠤ ᠺᠣᠮᠢᠰ᠎ᠤᠨ ᠦᠢ᠍ᠯᠡᠳᠦᠯ ᠵᠶ᠋ᠠᠨ ᠪᠠᠳᠠᠷᠠᠭᠤᠯᠬᠤ ᠎ᠳᠤ ᠨᠥᠬᠥᠪᠦᠷᠢ ᠬᠠᠩᠭ᠋ᠠᠵᠠᠢ᠃ ᠳᠦᠷᠢᠮ᠎ᠳᠤ 《ᠥᠮᠴᠢᠲᠠᠳ᠎ᠤᠨ ᠶᠡᠬᠡ ᠬᠤᠷᠠᠯ᠎ᠢ ᠪᠠᠶ᠋ᠢᠭᠤᠯᠬᠤ ᠨᠥᠬᠥᠴᠡᠯ ᠦᠭᠡᠢ᠂ ᠡᠰᠡᠬᠦᠯ᠎ᠡ ᠥᠮᠴᠢᠲᠠᠳ᠎ᠤᠨ ᠶᠡᠬᠡ ᠬᠤᠷᠠᠯ᠎ᠢ ᠪᠠᠶ᠋ᠢᠭᠤᠯᠬᠤ ᠨᠥᠬᠥᠴᠡᠯ᠎ᠢ ᠪᠦᠷᠢᠯᠳᠦᠭᠦᠯᠦᠭᠰᠡᠨ ᠪᠣᠯᠪᠠᠴᠤ ᠥᠮᠴᠢᠲᠠᠳ᠎ᠤᠨ ᠶᠡᠬᠡ ᠬᠤᠷᠠᠯ᠎ᠢ ᠪᠠᠢ᠌ᠭᠤᠯᠤᠭ᠋ᠠᠳᠤᠢ᠂ ᠥᠮᠴᠢᠲᠠᠳ᠎ᠤᠨ ᠶᠡᠬᠡ ᠬᠤᠷᠠᠯ ᠪᠠᠢ᠌ᠭᠤᠯᠤᠭᠳᠠᠭᠰᠠᠨ᠎ᠤ ᠳᠠᠷᠠᠭ᠎ᠠ ᠥᠮᠴᠢᠲᠠᠳ᠎ᠤᠨ ᠺᠣᠮᠢᠰ᠎ᠤᠨ ᠣᠷᠣᠨ ᠰᠠᠭᠤᠴᠠ ᠵᠢᠨ ᠲᠣᠭᠣᠷᠢᠭ ᠰᠣᠩᠭᠣᠭ᠋ᠠᠳᠤᠢ᠂ ᠠᠳᠠᠯ ᠠᠬᠤᠢ ᠵᠢᠨ ᠲᠥᠷᠥᠯ ᠵᠦᠢ᠍ᠯ᠎ᠤᠨ ᠪᠠᠢ᠌ᠭ᠎ᠠ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠲᠠᠷᠠᠭ᠎ᠠ ᠮᠥᠨ ᠯᠡ ᠥᠮᠴᠢᠲᠠᠳ᠎ᠤᠨ ᠶᠡᠬᠡ ᠬᠤᠷᠠᠯ ᠪᠠᠶ᠋ᠢᠭᠤᠯᠬᠤ ᠪᠠ ᠥᠮᠴᠢᠲᠠᠳ᠎ᠤᠨ ᠺᠣᠮᠢᠰ᠎ᠢ ᠰᠣᠩᠭᠣᠨ ᠭᠠᠷᠭ᠋ᠠᠵᠤ ᠳᠡᠶ᠋ᠢᠯᠬᠦ ᠦᠭᠡᠢ ᠪᠣᠯ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠺᠣᠮᠢᠰ᠎ᠢ ᠵᠣᠬᠢᠶᠠᠨ ᠪᠠᠢ᠌ᠭᠤᠯᠤᠨ᠂ ᠥᠮᠴᠢᠲᠠᠳ ᠵᠶ᠋ᠠᠷ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠢ ᠵᠣᠬᠢᠶᠠᠨ ᠪᠠᠢ᠌ᠭᠤᠯᠵᠤ᠂ ᠥᠮᠴᠢᠲᠠᠳ᠎ᠤᠨ ᠶᠡᠬᠡ ᠬᠤᠷᠠᠯ᠂ ᠥᠮᠴᠢᠲᠠᠳ᠎ᠤᠨ ᠺᠣᠮᠢᠰ᠎ᠤᠨ ᠡᠭᠦᠷᠭᠡ ᠬᠠᠷᠢᠭᠤᠴᠠᠯᠭ᠎ᠠ ᠵᠢ ᠲᠦᠷ ᠴᠠᠭ ᠭᠦᠢ᠍ᠴᠡᠳᠬᠡᠯᠭᠡᠵᠦ᠂ ᠨᠥᠬᠥᠴᠡᠯ᠎ᠳᠤ ᠨᠡᠶ᠋ᠢᠴᠡᠬᠦ ᠣᠷᠣᠨ ᠰᠠᠭᠤᠴᠠ ᠵᠢᠨ ᠲᠣᠭᠣᠷᠢᠭ᠎ᠲᠤ ᠥᠮᠴᠢᠲᠠᠳ᠎ᠤᠨ ᠶᠡᠬᠡ ᠬᠤᠷᠠᠯ᠎ᠢ ᠪᠠᠢ᠌ᠭᠤᠯᠵᠤ᠂ ᠥᠮᠴᠢᠲᠠᠳ᠎ᠤᠨ ᠺᠣᠮᠢᠰ ᠰᠣᠩᠭᠣᠬᠤ ᠵᠢ ᠠᠬᠢᠭᠤᠯᠬᠤ ᠬᠡᠷᠡᠭᠲᠡᠢ᠃》 ᠬᠡᠮᠡᠨ ᠲᠣᠭᠲᠠᠭ᠋ᠠᠪᠠ᠃ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠨᠢ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠂ ᠥᠮᠴᠢᠲᠡᠨ᠂ ᠠᠳᠠᠯ ᠠᠬᠤᠢ ᠵᠢᠨ ᠬᠡᠷᠡᠭᠯᠡᠭᠴᠢ ᠵᠢᠨ ᠲᠥᠯᠥᠭᠡᠯᠡᠭᠴᠢ ᠵᠡᠷᠭᠡ ᠭᠤᠷᠪᠠ᠎ᠠᠴᠠ ᠳᠡᠭᠡᠭᠰᠢᠬᠢ ᠰᠣᠨᠳᠣᠭᠣᠢ ᠲᠣᠭ᠎ᠠ᠎ᠪᠠᠷ ᠪᠦᠷᠢᠯᠳᠦᠵᠦ᠂ ᠡᠭᠦᠨ᠎ᠳᠤ ᠥᠮᠴᠢᠲᠡᠨ᠎ᠤ ᠲᠥᠯᠥᠭᠡᠯᠡᠭᠴᠢ  ᠎ᠨᠢ ᠠᠳᠠᠯ ᠠᠬᠤᠢ ᠵᠢᠨ ᠬᠠᠮᠢᠶᠠᠷᠤᠯᠲᠠ ᠵᠢᠨ ᠺᠣᠮᠢᠰ᠎ᠤᠨ ᠭᠡᠰᠢᠭᠦᠳ᠎ᠤᠨ ᠲᠣᠭ᠎ᠠ ᠵᠢᠨ ᠬᠠᠭ᠋ᠠᠰ᠎ᠠᠴᠠ ᠳᠤᠲᠠᠭᠤ ᠪᠠᠢ᠌ᠵᠤ ᠪᠣᠯᠬᠤ ᠦᠭᠡᠢ᠃ ᠥᠮᠴᠢᠲᠡᠨ᠎ᠤ ᠲᠥᠯᠥᠭᠡᠯᠡᠭᠴᠢ ᠵᠢ ᠰᠣᠩᠭᠣᠨ ᠭᠠᠷᠭ᠋ᠠᠬᠤ ᠪᠠ ᠬᠢᠷᠢ ᠬᠡᠮ᠎ᠢ ᠬᠢᠨᠠᠨ ᠪᠠᠢ᠌ᠴᠠᠭ᠋ᠠᠬᠤ ᠵᠢ ᠥᠮᠴᠢᠲᠠᠳ᠎ᠤᠨ ᠺᠣᠮᠢᠰ᠎ᠤᠨ ᠵᠢᠱ᠌ᠢᠭᠳᠡᠭᠴᠢ ᠵᠢᠨ ᠬᠣᠯᠪᠣᠭᠳᠠᠯ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠵᠤ ᠬᠡᠷᠡᠭᠵᠢᠭᠦᠯᠦᠨ᠎ᠡ᠃ ᠡᠷᠬᠢᠯᠡᠭᠴᠢ ᠵᠢ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠤᠨ ᠲᠥᠯᠥᠭᠡᠯᠡᠭᠴᠢ ᠡᠭᠦᠷᠭᠡᠯᠡᠵᠦ᠂ ᠳᠡᠳ᠋ ᠡᠷᠬᠢᠯᠡᠭᠴᠢ ᠵᠢ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠂ ᠰᠠᠭᠤᠭ᠋ᠠᠯᠢ ᠠᠷᠠᠳ᠎ᠤᠨ ᠵᠥᠪᠯᠡᠯ᠎ᠠᠴᠠ ᠨᠢᠭᠡ ᠥᠮᠴᠢᠲᠡᠨ᠎ᠤ ᠲᠥᠯᠥᠭᠡᠯᠡᠭᠴᠢ ᠲᠣᠭᠲᠠᠭ᠋ᠠᠨ ᠡᠭᠦᠷᠭᠡᠯᠡᠭᠦᠯᠦᠨ᠎ᠡ᠃ ᠳᠡᠭᠡᠷᠡᠬᠢ ᠭᠤᠷᠪᠠᠨ ᠵᠦᠢ᠍ᠯ᠎ᠤᠨ ᠠᠷᠭ᠎ᠠ ᠬᠡᠮᠵᠢᠶ᠎ᠡ ᠵᠢ ᠳᠦᠷᠢᠮ᠎ᠳᠤ ᠪᠢᠴᠢᠵᠦ ᠣᠷᠣᠭᠤᠯᠬᠤ᠎ᠪᠠᠷ ᠳᠠᠮᠵᠢᠨ᠂ ᠣᠷᠣᠨ ᠰᠠᠭᠤᠴᠠ ᠵᠢᠨ ᠲᠣᠭᠣᠷᠢᠭ᠎ᠤᠨ ᠥᠮᠴᠢᠲᠠᠳ᠎ᠤᠨ ᠺᠣᠮᠢᠰ᠎ᠢ ᠪᠠᠶ᠋ᠢᠭᠤᠯᠬᠤ᠎ᠳᠤ ᠬᠦᠴᠢᠷ᠂ ᠵᠠᠷᠤᠳᠠᠯ ᠳᠤᠲᠠᠮᠠᠭ᠂ ᠦᠢ᠍ᠯᠡᠳᠦᠯ ᠵᠶ᠋ᠠᠨ ᠪᠠᠳᠠᠷᠠᠭᠤᠯᠬᠤ᠎ᠳᠤ ᠬᠦᠴᠢᠷ ᠵᠡᠷᠭᠡ ᠠᠰᠠᠭᠤᠳᠠᠯ᠎ᠤᠳ᠎ᠢ ᠤᠯᠠᠮ ᠨᠢᠭᠡ ᠠᠯᠬᠤᠮ ᠰᠢᠢ᠍ᠳᠪᠦᠷᠢᠯᠡᠪᠡ᠃
      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠮᠠᠰᠢ ᠣᠯᠠᠨ ᠥᠮᠴᠢᠲᠠ᠊᠎ᠤᠨ ᠴᠥᠮ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠬᠣᠭᠣᠯᠠᠢ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠵᠢᠯ᠎ᠢ ᠶᠡᠬᠡ ᠠᠩᠬᠠᠷᠴᠤ ᠪᠤᠢ᠂ ᠠᠮᠢᠳᠤᠷᠠᠯ ᠳᠤᠮᠳᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠵᠢᠯ᠎ᠢ ᠬᠠᠷᠢᠯᠴᠠᠨ ᠲᠦᠯᠬᠢᠯᠴᠡᠬᠦ ᠦᠵᠡᠭᠳᠡᠯ ᠣᠷᠣᠰᠢᠵᠤ ᠪᠠᠢ᠌ᠨ᠎ᠠ᠂ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠳᠤ ᠡᠨᠡ ᠲᠤᠬᠠᠢ ᠬᠡᠷᠬᠢᠨ ᠲᠣᠭᠲᠠᠭ᠋ᠠᠭᠰᠠᠨ ᠪᠣᠶ?  
      ᠯᠧᠢ ᠵᠧᠨ ᠬᠤᠸᠠ᠄ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ᠎ᠨᠢ ᠥᠮᠴᠢᠲᠠᠳ᠎ᠤᠨ ᠠᠮᠤᠷ ᠲᠣᠭᠲᠠᠭᠤᠨ ᠠᠮᠢᠳᠤᠷᠠᠯ᠎ᠳᠤ ᠬᠣᠯᠪᠣᠭᠳᠠᠬᠤ ᠪᠥᠭᠡᠳ ᠪᠠᠰᠠ ᠳᠡᠭᠡᠷ᠎ᠡ ᠳᠤᠷᠠᠳᠤᠭᠰᠠᠨ ᠠᠵᠤ ᠠᠬᠤᠢ᠌ᠯᠠᠯ᠎ᠤᠳ ᠬᠢᠭᠡᠳ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠠᠵᠤ ᠠᠬᠤᠢ ᠵᠢᠨ ᠠᠰᠢᠭ ᠲᠤᠰᠠ ᠵᠢᠴᠢ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠬᠣᠯᠪᠣᠭᠳᠠᠨ᠎ᠠ᠂ ᠠᠮᠢᠳᠤᠷᠠᠯ ᠳᠤᠮᠳᠠ᠂ ᠬᠠᠷᠢᠯᠴᠠᠨ ᠲᠦᠯᠬᠢᠯᠴᠡᠬᠦ ᠪᠠ ᠵᠥᠷᠢᠴᠡᠯ ᠮᠠᠷᠭᠤᠭ᠋ᠠᠨ᠎ᠲᠠᠢ ᠦᠵᠡᠭᠳᠡᠯ ᠦᠨᠡᠨ ᠬᠦ᠌ ᠣᠷᠣᠰᠢᠵᠤ᠂ ᠨᠢᠭᠡᠨ ᠨᠡᠯᠢᠶᠡᠳ ᠲᠣᠪᠣᠢ᠌ᠮ᠎ᠠ ᠠᠰᠠᠭᠤᠳᠠᠯ ᠪᠣᠯᠪᠠ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠨᠢ ᠳᠡᠭᠡᠷᠡᠬᠢ ᠠᠰᠠᠭᠤᠳᠠᠯ᠎ᠳᠤ ᠨᠢᠭᠡᠨᠲᠡ ᠲᠣᠳᠣᠷᠬᠠᠢ ᠲᠣᠭᠲᠠᠭ᠋ᠠᠯ᠎ᠲᠠᠢ ᠪᠣᠯᠤᠭᠰᠠᠨ ᠪᠠᠢ᠌ᠨ᠎ᠠ᠃  
      ᠨᠢᠭᠡᠳᠦᠭᠡᠷ᠎ᠲᠤ᠂ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠵᠡᠷᠭᠡ ᠨᠢᠭᠡᠴᠡ ᠵᠢᠨ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠢ ᠤᠲᠠᠰᠤ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢᠴᠢ ᠥᠮᠴᠢᠯᠡᠬᠦ ᠡᠷᠬᠡ ᠵᠢᠨ ᠬᠠᠷᠢᠶᠠᠯᠠᠯ᠎ᠢ ᠡᠬᠢ ᠡᠭᠦᠰᠦᠯ᠎ᠠᠴᠠ᠎ᠨᠢ ᠰᠢᠢ᠍ᠳᠪᠦᠷᠢᠯᠡᠪᠡ᠃ ᠪᠠᠷᠢᠯᠭ᠎ᠠ ᠪᠠᠷᠢᠭᠤᠯᠬᠤ ᠨᠢᠭᠡᠴᠡ ᠲᠥᠷᠥᠯ ᠵᠦᠢ᠍ᠯ᠎ᠢ ᠪᠦᠲᠦᠭᠡᠨ ᠪᠠᠶ᠋ᠢᠭᠤᠯᠬᠤ᠎ᠳᠤ᠎ᠪᠠᠨ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠵᠡᠷᠭᠡ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠢ ᠤᠲᠠᠰᠤ ᠵᠢᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠲᠣᠭᠲᠠᠭ᠋ᠠᠵᠤ ᠪᠣᠯᠬᠤ ᠦᠭᠡᠢ᠂ ᠤᠯᠤᠰ᠎ᠤᠨ ᠮᠡᠷᠭᠡᠵᠢᠯ᠎ᠤᠨ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ ᠰᠢᠨ᠎ᠡ᠎ᠪᠠᠷ ᠪᠠᠢ᠌ᠭᠤᠯᠤᠭᠳᠠᠭᠰᠠᠨ ᠣᠷᠣᠨ ᠰᠠᠭᠤᠴᠠ ᠵᠢᠨ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ᠎ᠤ ᠳᠣᠲᠣᠷᠠᠬᠢ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠵᠢ ᠭᠣᠣᠯ ᠴᠣᠭᠴᠠᠲᠤ ᠪᠠᠷᠢᠯᠭ᠎ᠠ᠎ᠯᠤᠭ᠎ᠠ ᠬᠠᠮᠲᠤ᠎ᠳᠤ᠎ᠨᠢ ᠵᠢᠷᠤᠭᠯᠠᠨ ᠲᠥᠯᠥᠪᠯᠡᠵᠦ᠂ ᠬᠠᠮᠲᠤ᠎ᠳᠤ᠎ᠨᠢ ᠪᠠᠢ᠌ᠭᠤᠯᠵᠤ᠂ ᠬᠠᠮᠲᠤ᠎ᠳᠤ᠎ᠨᠢ ᠲᠤᠰᠢᠶᠠᠨ ᠥᠭᠬᠦ ᠬᠡᠷᠡᠭᠲᠡᠢ᠃ ᠪᠦᠲᠦᠭᠡᠨ ᠪᠠᠶ᠋ᠢᠭᠤᠯᠬᠤ ᠨᠢᠭᠡᠴᠡ᠎ᠨᠢ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠠᠵᠢᠯ ᠵᠣᠬᠢᠶᠠᠨ ᠪᠠᠶ᠋ᠢᠭᠤᠯᠬᠤ᠎ᠳᠤ᠎ᠪᠠᠨ ᠤᠰᠤ᠂ ᠴᠠᠬᠢᠯᠭ᠋ᠠᠨ᠂ ᠢᠯᠴᠢ᠂ ᠰᠢᠲᠠᠮᠠᠬᠠᠢ ᠬᠡᠢ ᠬᠠᠩᠭ᠋ᠠᠬᠤ ᠵᠡᠷᠭᠡ ᠬᠣᠯᠪᠣᠭᠳᠠᠯ ᠪᠦᠬᠦᠢ ᠲᠤᠰᠬᠠᠢ ᠡᠵᠡᠩᠨᠡᠯᠲᠡ ᠵᠢᠨ ᠨᠢᠭᠡᠴᠡ᠎ᠳᠤ ᠮᠡᠳᠡᠭᠳᠡᠵᠦ ᠣᠷᠣᠯᠴᠠᠭᠤᠯᠬᠤ ᠬᠡᠷᠡᠭᠲᠡᠢ; ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠎ᠤ ᠳᠠᠷᠠᠭ᠎ᠠ᠂ ᠪᠦᠲᠦᠭᠡᠨ ᠪᠠᠢ᠌ᠭᠤᠯᠤᠭᠰᠠᠨ ᠨᠢᠭᠡᠴᠡ ᠲᠤᠰᠬᠠᠢ ᠡᠵᠡᠩᠨᠡᠯᠲᠡ ᠵᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠢ ᠤᠲᠠᠰᠤ ᠵᠢ ᠲᠤᠰᠬᠠᠢ ᠡᠵᠡᠩᠨᠡᠯᠲᠡ ᠵᠢᠨ ᠨᠢᠭᠡᠴᠡ᠎ᠳᠤ ᠰᠢᠯᠵᠢᠭᠦᠯᠦᠨ ᠲᠤᠰᠢᠶᠠᠵᠤ ᠬᠠᠮᠠᠭ᠋ᠠᠯᠠᠨ ᠬᠠᠮᠢᠶᠠᠷᠤᠭᠤᠯᠬᠤ ᠬᠡᠷᠡᠭᠲᠡᠢ᠂ ᠲᠤᠰᠬᠠᠢ ᠡᠵᠡᠩᠨᠡᠯᠲᠡ ᠵᠢᠨ ᠨᠢᠭᠡᠴᠡ᠎ᠨᠢ ᠭᠥᠯᠢᠶᠡᠨ ᠠᠪᠬᠤ ᠬᠡᠷᠡᠭᠲᠡᠢ᠃
      ᠬᠣᠶᠠᠳᠤᠭ᠋ᠠᠷ᠎ᠲᠤ᠂ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠵᠡᠷᠭᠡ ᠨᠢᠭᠡᠴᠡ ᠵᠢᠨ ᠲᠤᠰᠬᠠᠢ ᠡᠵᠡᠩᠨᠡᠯᠲᠡ ᠵᠢᠨ ᠲᠥᠬᠦᠭᠡᠷᠦᠮᠵᠢ ᠲᠥᠬᠦᠭᠡᠷᠦᠮᠵᠢ ᠵᠢᠴᠢ ᠬᠣᠯᠪᠣᠭᠳᠠᠯ ᠪᠦᠬᠦᠢ ᠬᠣᠭᠣᠯᠠᠢ ᠤᠲᠠᠰᠤ ᠵᠢᠨ ᠥᠮᠴᠢᠯᠡᠯ᠎ᠤᠨ ᠡᠷᠬᠡ ᠵᠢᠨ ᠬᠠᠷᠢᠶᠠᠯᠠᠯ᠎ᠢ ᠴᠦ᠍ ᠨᠢᠭᠡᠨᠲᠡ ᠲᠣᠳᠣᠷᠬᠠᠢ᠌ᠯᠠᠪᠠ᠃ ᠠᠳᠠᠯ ᠠᠬᠤᠢ ᠵᠢᠨ ᠪᠠᠢ᠌ᠭ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠤᠰᠬᠠᠢ ᠡᠵᠡᠩᠨᠡᠯᠲᠡ ᠵᠢᠨ ᠨᠢᠭᠡᠴᠡ ᠵᠢ ᠵᠣᠬᠢᠶᠠᠨ ᠪᠠᠢ᠌ᠭᠤᠯᠵᠤ ᠰᠢᠯᠭ᠋ᠠᠨ ᠠᠪᠬᠤ ᠬᠡᠷᠡᠭᠲᠡᠢ᠃ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠪᠠᠢ᠌ᠪᠠᠯ ᠲᠤᠰᠬᠠᠢ ᠮᠡᠷᠭᠡᠵᠢᠯ᠎ᠤᠨ ᠡᠵᠡᠩᠨᠡᠯᠲᠡ ᠵᠢᠨ ᠨᠢᠭᠡᠴᠡ ᠭᠥᠯᠢᠶᠡᠨ ᠠᠪᠤᠨ᠎ᠠ; ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠵᠢ᠎ᠨᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠮᠢᠶ᠎ᠠ ᠪᠦᠬᠦᠢ ᠨᠢᠭᠡᠴᠡ ᠵᠢ ᠵᠣᠬᠢᠶᠠᠨ ᠪᠠᠢ᠌ᠭᠤᠯᠤᠨ ᠴᠡᠭᠴᠡᠯᠡᠨ ᠰᠠᠢ᠌ᠵᠢᠷᠠᠭᠤᠯᠵᠤ᠂ ᠴᠡᠭᠴᠡᠯᠡᠨ ᠰᠠᠢ᠌ᠵᠢᠷᠠᠭᠤᠯᠤᠭ᠋ᠠᠳ ᠬᠢᠷᠢ ᠲᠡᠩᠴᠡᠭᠰᠡᠨ᠎ᠤ ᠳᠠᠷᠠᠭ᠎ᠠ᠂ ᠲᠤᠰᠬᠠᠢ ᠡᠵᠡᠩᠨᠡᠯᠲᠡ ᠵᠢᠨ ᠨᠢᠭᠡᠴᠡ᠎ᠨᠢ ᠭᠥᠯᠢᠶᠡᠨ ᠠᠪᠤᠨ᠎ᠠ᠃  
      ᠭᠤᠷᠪᠠᠳᠤᠭ᠋ᠠᠷ᠎ᠲᠤ᠂ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠵᠡᠷᠭᠡ ᠵᠠᠷᠤᠳᠠᠯ᠎ᠢ ᠡᠭᠦᠷᠭᠡᠯᠡᠬᠦ ᠰᠠᠯᠠᠭ᠎ᠠ ᠮᠥᠴᠢᠷ᠎ᠢ ᠤᠯᠠᠮ ᠨᠢᠭᠡ ᠠᠯᠬᠤᠮ ᠲᠣᠳᠣᠷᠬᠠᠢ ᠪᠣᠯᠭ᠋ᠠᠪᠠ᠂ ᠳᠦᠷᠢᠮ᠎ᠳᠤ᠂ ᠲᠤᠰᠬᠠᠢ ᠡᠵᠡᠩᠨᠡᠯᠲᠡ ᠵᠢᠨ ᠨᠢᠭᠡᠴᠡ᠎ᠳᠤ ᠰᠢᠯᠵᠢᠭᠦᠯᠦᠨ ᠥᠭᠭᠦᠭᠰᠡᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠣᠭᠣᠯᠠᠢ ᠤᠲᠠᠰᠤ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠵᠡᠷᠭᠡ ᠵᠠᠷᠤᠳᠠᠯ᠎ᠢ ᠲᠤᠰᠬᠠᠢ ᠡᠵᠡᠩᠨᠡᠯᠲᠡ ᠵᠢᠨ ᠨᠢᠭᠡᠴᠡ ᠬᠠᠤᠯᠢ ᠶᠣᠰᠣᠭ᠋ᠠᠷ ᠡᠭᠦᠷᠭᠡᠯᠡᠨ᠎ᠡ ᠭᠡᠵᠦ ᠲᠣᠳᠣᠷᠬᠠᠢ ᠲᠣᠭᠲᠠᠭ᠋ᠠᠵᠠᠢ᠃ ᠵᠠᠰᠠᠬᠤ ᠵᠢ ᠪᠠᠲᠤᠯᠠᠬᠤ ᠬᠤᠭᠤᠴᠠᠭ᠋ᠠᠨ᠎ᠳᠤ ᠪᠠᠢ᠌ᠭ᠎ᠠ ᠪᠣᠯ ᠵᠠᠷᠤᠳᠠᠯ᠎ᠢ᠎ᠨᠢ ᠪᠦᠲᠦᠭᠡᠨ ᠪᠠᠷᠢᠭᠤᠯᠤᠭᠰᠠᠨ ᠨᠢᠭᠡᠴᠡ ᠡᠭᠦᠷᠭᠡᠯᠡᠨ᠎ᠡ᠃  
    ᠳᠥᠷᠪᠡᠳᠦᠭᠡᠷ᠎ᠲᠤ᠂ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠵᠡᠷᠭᠡ ᠨᠢᠭᠡᠴᠡ ᠵᠢᠨ ᠲᠤᠰᠬᠠᠢ ᠰᠡᠯᠪᠢᠨ ᠵᠠᠰᠠᠬᠤ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠠᠳᠠᠯ ᠠᠬᠤᠢ ᠵᠢᠨ ᠬᠠᠮᠢᠶᠠᠷᠤᠯᠲᠠ ᠵᠢᠨ ᠣᠷᠣᠨ᠎ᠤ ᠳᠣᠲᠣᠷᠠᠬᠢ ᠡᠷᠦᠬᠡᠴᠢᠯᠡᠨ ᠬᠤᠪᠢᠶᠠᠭᠰᠠᠨ ᠦᠵᠦᠭᠦᠷ ᠬᠡᠮᠵᠢᠯᠲᠡ ᠵᠢᠨ ᠲᠣᠨᠣᠭᠯᠠᠯ ᠵᠢᠴᠢ ᠲᠡᠭᠦᠨ᠎ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠪᠤᠶᠤ ᠡᠷᠦᠬᠡ᠎ᠳᠤ ᠣᠷᠣᠭᠤᠯᠬᠤ ᠵᠠᠯᠭ᠋ᠠᠭ᠋ᠠᠰᠤ᠎ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠵᠢ ᠰᠡᠯᠪᠢᠨ ᠵᠠᠰᠠᠬᠤ᠂ ᠠᠷᠠᠴᠢᠯᠠᠨ ᠬᠠᠮᠠᠭ᠋ᠠᠯᠠᠬᠤ᠂ ᠰᠢᠨᠡᠳᠬᠡᠬᠦ ᠵᠢ ᠬᠠᠷᠢᠭᠤᠴᠠᠬᠤ ᠵᠢᠨ ᠬᠠᠮᠲᠤ ᠬᠠᠮᠢᠶ᠎ᠠ ᠪᠦᠬᠦᠢ ᠵᠠᠷᠤᠳᠠᠯ᠎ᠢ ᠡᠭᠦᠷᠭᠡᠯᠡᠭᠦᠯᠦᠨ᠎ᠡ᠃
      ᠳᠡᠭᠡᠷᠡᠬᠢ ᠪᠣᠯ ᠳᠠᠷᠤᠢ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠢ ᠵᠢᠨ ᠬᠠᠮᠢᠶᠠᠷᠤᠯᠲᠠ ᠵᠢᠨ ᠳᠦᠷᠢᠮ》᠎ᠤᠨ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠬᠣᠭᠣᠯᠠᠢ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠠᠰᠠᠭᠤᠳᠠᠯ᠎ᠤᠳ᠎ᠤᠨ ᠲᠤᠬᠠᠢ ᠲᠣᠭᠲᠠᠭ᠋ᠠᠯ ᠪᠣᠯᠣᠨ᠎ᠠ᠂ ᠡᠨᠡ᠎ᠨᠢ ᠡᠲᠡᠭᠡᠷ ᠲᠣᠭᠲᠠᠭ᠋ᠠᠯ᠎ᠳᠤ ᠬᠣᠯᠪᠣᠭᠳᠠᠬᠤ ᠪᠦᠲᠦᠭᠡᠨ ᠪᠠᠶ᠋ᠢᠭᠤᠯᠬᠤ ᠨᠢᠭᠡᠴᠡ᠂ ᠤᠰᠤ᠂ ᠴᠠᠬᠢᠯᠭ᠋ᠠᠨ᠂ ᠰᠢᠲᠠᠮᠠᠬᠠᠢ ᠬᠡᠢ᠂ ᠢᠯᠴᠢ ᠬᠠᠩᠭ᠋ᠠᠬᠤ ᠵᠡᠷᠭᠡ ᠲᠤᠰᠬᠠᠢ ᠡᠵᠡᠩᠨᠡᠯᠲᠡ ᠵᠢᠨ ᠨᠢᠭᠡᠴᠡ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠤᠨ ᠬᠠᠮᠲᠤ᠎ᠪᠠᠷ ᠴᠢᠷᠮᠠᠢ᠌ᠵᠤ ᠨᠠᠢ᠌ᠳᠠᠪᠤᠷᠢᠵᠢᠭᠤᠯᠬᠤ ᠵᠢ ᠱᠠᠭ᠋ᠠᠷᠳᠠᠨ᠎ᠠ᠃  

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠵᠢᠶᠠᠩᠨᠠᠨ ᠪᠠ ᠡᠮᠦᠨᠡᠲᠦ ᠣᠷᠣᠨ᠎ᠳᠤ ᠡᠨᠡ ᠵᠢᠯ᠎ᠤᠨ ᠦᠶᠡᠷ᠎ᠤᠨ ᠬᠤᠭᠤᠴᠠᠭ᠋ᠠᠨ᠎ᠳᠤ ᠣᠷᠣᠭᠰᠠᠨ᠎ᠠᠴᠠ ᠨᠠᠰᠢᠬᠢ ᠬᠠᠮᠤᠭ᠎ᠤᠨ ᠶᠡᠬᠡ ᠪᠣᠷᠣᠭ᠋ᠠᠨ ᠤᠷᠤᠵᠦ ᠤᠮᠠᠷᠠᠲᠤ ᠣᠷᠣᠨ᠎ᠳᠤ ᠨᠡᠯᠢᠶᠡᠳ ᠴᠢᠩᠭ᠎ᠠ ᠬᠦᠢ᠍ᠲᠡᠨ ᠠᠭᠤᠷ ᠠᠮᠢᠰᠬᠤᠯ ᠪᠤᠯᠤᠨ᠎ᠠ
ᠤᠯᠤᠰ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠣᠯᠠᠨ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ ᠦᠷᠨᠢᠭᠦᠯᠬᠦ ᠪᠤᠯᠤᠨ᠎ᠠ
ᠠᠷᠠᠳ᠎ᠤᠨ ᠡᠳᠦᠷ᠎ᠤᠨ ᠰᠣᠨᠢᠨ᠄ ᠨᠢᠭᠡᠳᠦᠭᠡᠷ ᠤᠯᠠᠷᠢᠯ᠎ᠳᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠵᠢ 154 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠵᠢᠯ᠎ᠤᠨ ᠳᠣᠲᠣᠷ᠎ᠠ ᠬᠡᠪᠴᠢᠶᠡᠵᠢᠭᠦᠯᠦᠨ ᠤᠰᠤ ᠬᠠᠩᠭ᠋ᠠᠬᠤ ᠢᠨᠵᠧᠨᠧᠷᠢᠩ᠎ᠢ ᠬᠥᠳᠡᠭᠡ ᠲᠣᠰᠬᠣᠨ᠎ᠤ 54% ᠵᠢᠨ ᠬᠥᠮᠥᠨ ᠠᠮᠠ ᠵᠢ ᠬᠠᠮᠤᠷᠬᠤ᠎ᠪᠠᠷ ᠵᠢᠱ᠌ᠢᠵᠦ ᠪᠠᠢ᠌ᠨ᠎ᠠ
ᠠᠷᠠᠳ᠎ᠤᠨ ᠡᠳᠦᠷ᠎ᠤᠨ ᠰᠣᠨᠢᠨ᠄ ᠬᠠᠲᠤᠨ ᠭᠤᠤᠯ᠎ᠤᠨ ᠵᠠᠰᠠᠯᠲᠠ ᠵᠢᠨ ᠲᠡᠦᠬᠡ ᠵᠢ ᠪᠣᠳᠠᠲᠤ ᠲᠡᠮᠳᠡᠭᠯᠡᠯ᠎ᠤᠨ ᠳᠦᠷᠰᠦ᠎ᠪᠠᠷ᠎ᠨᠢ ᠰᠡᠷᠭᠦᠭᠡᠵᠡᠢ
ᠠᠷᠠᠳ᠎ᠤᠨ ᠡᠳᠦᠷ᠎ᠤᠨ ᠰᠣᠨᠢᠨ᠄ ᠰᠢᠨᠵᠢᠯᠡᠬᠦ ᠤᠬᠠᠭ᠋ᠠᠨ ᠮᠡᠷᠭᠡᠵᠢᠯ᠎ᠨᠢ ᠭᠤᠤᠯ ᠮᠥᠷᠡᠨ᠎ᠤ ᠠᠮᠤᠷ ᠠᠮᠤᠭᠤᠯᠠᠩ᠎ᠢ ᠬᠠᠮᠠᠭ᠋ᠠᠯᠠᠵᠤ ᠴᠢᠳᠠᠨ᠎ᠠ
 
            