ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠤᠷᠢᠶ᠎ᠡ᠄ ᠤᠰᠤᠨ ᠠᠰᠢᠭᠯᠠᠯᠲᠠ ᠵᠢᠨ ᠶᠠᠮᠤᠨ᠄ ᠭᠣᠣᠯ ᠮᠥᠷᠡᠨ ᠨᠠᠭᠤᠷ ᠴᠥᠭᠥᠷᠥᠮ᠎ᠤᠨ ᠲᠤᠪᠤᠢ᠍ᠢ᠍ᠮ᠎ᠠ ᠠᠰᠠᠭᠤᠳᠠᠯ᠎ᠢ 22.3 ᠲᠦᠮᠡ ᠴᠡᠭᠴᠡᠯᠡᠨ ᠵᠠᠰᠠᠨ᠎ᠠ
ᠨᠡᠶ᠋ᠢᠲᠡᠯᠡᠭᠰᠡᠨ ᠴᠠᠭ᠄ 2023-10-17

   ᠰᠢᠨᠬᠤᠸᠠ ᠬᠣᠷᠢᠶᠠᠨ᠎ᠤ ᠨᠠᠨᠵᠢᠩ᠎ᠤᠨ 9  ᠳ᠋ᠦ᠍ᠭᠡᠷ  ᠰᠠᠷ᠎ᠠ ᠵᠢᠨ 21᠎ᠤ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠴᠢᠨ ᠬᠤᠸᠠ ᠵᠢᠶᠠᠩ)

   ᠰᠤᠷᠪᠤᠯᠵᠢᠯᠠᠭᠴᠢ 21᠎ᠤ ᠡᠳᠦᠷ ᠰᠦᠵᠧᠦ᠎ᠳᠤ ᠬᠤᠷᠠᠯᠳᠤᠭᠰᠠᠨ ᠬᠣᠶᠠᠳᠤᠭ᠋ᠠᠷ ᠬᠤᠭᠤᠴᠠᠭ᠋ᠠᠨ᠎ᠤ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ ᠪᠣᠯᠤᠨ ᠭᠤᠤᠯ ᠮᠥᠷᠡᠨ ᠨᠠᠭᠤᠷ ᠴᠥᠭᠥᠷᠥᠮ᠎ᠤᠨ ᠬᠠᠮᠠᠭ᠋ᠠᠯᠠᠯᠲᠠ ᠵᠢᠨ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠠᠴᠠ ᠣᠶ᠋ᠢᠯᠠᠭ᠋ᠠᠭᠰᠠᠨ ᠵᠶ᠋ᠠᠷ᠂ ᠤᠰᠤᠨ ᠠᠰᠢᠭᠯᠠᠯᠲᠠ ᠵᠢᠨ ᠶᠠᠮᠤᠨ ᠡᠯ᠎ᠡ ᠭᠠᠵᠠᠷ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠭᠤᠤᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠰᠠᠮᠠᠭᠤᠨ᠎ᠢ ᠴᠡᠪᠡᠷᠯᠡᠬᠦ》᠂ ᠬᠦᠬᠡᠮᠦ᠋ᠷᠡᠨ  ᠬᠠᠲᠤᠨ ᠭᠤᠤᠯ᠎ᠤᠨ ᠡᠷᠭᠢ ᠳᠠᠭ᠋ᠠᠤ ᠵᠢᠨ ᠠᠰᠢᠭᠯᠠᠯᠲᠠ ᠵᠢᠨ ᠲᠤᠰᠬᠠᠶ ᠴᠡᠭᠴᠡᠯᠡᠨ ᠵᠠᠰᠠᠬᠤ᠂ ᠭᠤᠤᠯ ᠮᠥᠷᠡᠨ᠎ᠤ ᠦᠶᠡᠷ᠎ᠤᠨ ᠠᠶᠠᠯᠠᠯ᠎ᠢ ᠬᠠᠷᠰᠢᠯᠠᠬᠤ ᠲᠣᠪᠣᠶ᠋ᠢᠮ᠎ᠠ ᠠᠰᠠᠭᠤᠳᠠᠯ᠎ᠢ ᠴᠡᠪᠡᠷᠯᠡᠬᠦ ᠵᠡᠷᠭᠡ ᠲᠤᠰᠬᠠᠶ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 22.3  ᠲᠦᠮᠡᠨ ᠭᠤᠤᠯ ᠮᠥᠷᠡᠨ ᠨᠠᠭᠤᠷ ᠴᠥᠭᠥᠷᠥᠮ᠎ᠤᠨ ᠲᠣᠪᠣᠶ᠋ᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠪᠥᠬᠥ ᠤᠯᠤᠰ᠎ᠤᠨ ᠭᠤᠤᠯ ᠮᠥᠷᠡᠨ ᠨᠠᠭᠤᠷ ᠴᠥᠭᠥᠷᠥᠮ᠎ᠤᠨ ᠳᠦᠷᠰᠦ ᠪᠠᠶ᠋ᠢᠳᠠᠯ᠎ᠳᠤ ᠲᠡᠦᠬᠡᠲᠦ ᠴᠢᠨᠠᠷᠲᠠᠶ ᠬᠤᠪᠢᠷᠠᠯᠲᠠ ᠭᠠᠷᠴᠠᠶ᠃

   ᠣᠶ᠋ᠢᠯᠠᠭ᠋ᠠᠭᠰᠠᠨ ᠵᠶ᠋ᠠᠷ᠂ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠤᠨ ᠬᠠᠷᠢᠭᠤᠴᠠᠯᠭ᠎ᠠ ᠵᠢᠨ ᠰᠢᠰᠲ᠋ᠧᠮ᠎ᠢ ᠪᠥᠬᠥ ᠲᠠᠯ᠎ᠠ᠎ᠪᠠᠷ ᠪᠠᠶ᠋ᠢᠭᠤᠯᠬᠤ ᠵᠢ ᠳᠠᠭ᠋ᠠᠯᠳᠤᠨ᠂ 123 ᠲᠦᠮᠡᠨ ᠺᠢᠯᠣᠮᠧᠲᠷ᠎ᠤᠨ ᠭᠤᠤᠯ ᠮᠥᠷᠡᠨ᠂ 2057 ᠨᠠᠭᠤᠷ ᠴᠥᠭᠥᠷᠥᠮ᠎ᠤᠨ ᠬᠠᠮᠢᠶᠠᠷᠤᠨ ᠡᠵᠡᠮᠳᠡᠬᠦ ᠵᠠᠭ᠋ᠠᠭ ᠬᠢᠵᠠᠭ᠋ᠠᠷ᠎ᠢ ᠲᠣᠳᠣᠷᠬᠠᠶ ᠲᠣᠭᠲᠠᠭ᠋ᠠᠪᠠ᠃  ᠤᠰᠤᠨ᠎ᠤ ᠠᠮᠢ ᠠᠬᠤᠶ ᠵᠢᠨ ᠣᠷᠴᠢᠨ ᠨᠥᠬᠥᠴᠡᠯ ᠲᠠᠰᠤᠷᠠᠯᠲᠠ ᠥᠬᠡᠶ ᠰᠠᠶ᠋ᠢᠵᠢᠷᠠᠵᠤ᠂ ᠪᠥᠬᠥ ᠤᠯᠤᠰ᠎ᠤᠨ ᠭᠠᠵᠠᠷ ᠳᠡᠭᠡᠷᠡᠬᠢ ᠤᠰᠤᠨ᠎ᠤ I ᠲᠥᠷᠥᠯ᠎ᠤᠨ ᠤᠰᠤᠨ᠎ᠤ ᠴᠢᠨᠠᠷ᠎ᠤᠨ ᠣᠭᠲᠣᠯᠤᠭ᠋ᠠᠰᠤ ᠵᠢᠨ ᠬᠠᠷᠢᠴᠠᠯ 2016 ᠣᠨ᠎ᠤ᠎ᠬᠢ᠎ᠠᠴᠠ 20.1 ᠵᠠᠭᠤᠨ᠎ᠤ ᠨᠢᠭᠡᠴᠢ ᠳᠡᠭᠡᠭᠰᠢᠯᠡᠪᠡ᠃ ᠨᠡᠶ᠋ᠢᠭᠡᠮ᠎ᠤᠨ ᠣᠷᠣᠯᠴᠠᠬᠤ ᠤᠬᠠᠮᠰᠠᠷ ᠢᠯᠡᠳᠲᠡ ᠴᠢᠩᠭ᠋ᠠᠷᠠᠪᠠ᠃ ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠠᠵᠤ ᠠᠬᠤᠶ᠋ᠢᠯᠠᠯ᠎ᠳᠤ ᠣᠷᠣᠭᠤᠯᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠨᠡᠶ᠋ᠢᠭᠡᠮ ᠲᠣᠭᠣᠷᠢᠭ᠎ᠲᠤ ᠣᠷᠣᠭᠤᠯᠬᠤ᠂ ᠬᠥᠳᠡᠭᠡ ᠲᠣᠰᠬᠣᠨ᠎ᠳᠤ ᠣᠷᠣᠭᠤᠯᠬᠤ ᠵᠢ ᠠᠬᠢᠭᠤᠯᠬᠤ᠎ᠪᠠᠷ ᠳᠠᠮᠵᠢᠨ᠂ ᠭᠣᠣᠯ ᠮᠥᠷᠡᠨ᠎ᠢ ᠬᠠᠮᠠᠭ᠋ᠠᠯᠠᠬᠤ ᠰᠠᠢ᠍ᠢ᠍ᠨ ᠲᠤᠷᠠᠴᠤᠳ᠎ᠤᠨ ᠲᠣᠭ᠎ᠠ 700 ᠭᠠᠷᠤᠢ ᠲᠦᠮᠡ᠎ᠳᠤ ᠬᠦᠷᠴᠦ᠂ ᠪᠦᠬᠦ ᠨᠡᠶ᠋ᠢᠭᠡᠮ ᠵᠶ᠋ᠠᠷ ᠵᠶ᠋ᠠᠨ ᠭᠣᠣᠯ ᠮᠥᠷᠡᠨ ᠨᠠᠭᠤᠷ ᠴᠥᠭᠥᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ᠎ᠳᠤ ᠣᠷᠣᠯᠴᠠᠬᠤ ᠵᠢ ᠬᠠᠯᠠᠮᠵᠢᠯᠠᠬᠤ ᠠᠭᠤᠷ ᠠᠮᠢᠰᠬᠤᠯ ᠡᠳᠦᠷ ᠢᠷᠡᠬᠦᠶ᠎ᠡ ᠥᠳᠬᠡᠨ ᠵᠤᠵᠠᠭ᠋ᠠᠨ ᠪᠣᠯᠪᠠ᠃

   ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠵᠦ᠍ ᠴᠧᠩ ᠴᠢᠩ ᠵᠢᠭ᠋ᠠᠵᠤ ᠭᠠᠷᠭ᠋ᠠᠭᠰᠠᠨ᠎ᠨᠢ᠂ ᠭᠤᠤᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ᠎ᠨᠢ ᠮᠠᠨ᠎ᠤ ᠤᠯᠤᠰ᠎ᠤᠨ ᠤᠯᠤᠰ᠎ᠤᠨ ᠪᠠᠶ᠋ᠢᠳᠠᠯ ᠤᠰᠤᠨ᠎ᠤ ᠪᠠᠶ᠋ᠢᠳᠠᠯ᠎ᠲᠠᠢ ᠪᠦᠷᠢᠮᠦᠰᠦᠨ ᠨᠡᠶ᠋ᠢᠴᠡᠵᠦ᠂ ᠮᠠᠨ᠎ᠤ ᠤᠯᠤᠰ᠎ᠤᠨ ᠭᠤᠤᠯ ᠮᠥᠷᠡᠨ ᠨᠠᠭᠤᠷ ᠴᠥᠭᠥᠷᠥᠮ᠎ᠢ ᠬᠠᠮᠠᠭ᠋ᠠᠯᠠᠨ ᠵᠠᠰᠠᠬᠤ ᠬᠦᠷᠢᠶᠡᠨ᠎ᠳᠠᠬᠢ ᠦᠨᠳᠦᠰᠦᠨ ᠴᠢᠨᠠᠷᠲᠠᠶ᠂ ᠪᠦᠲᠦᠭᠡᠯᠴᠢ ᠴᠢᠨᠠᠷᠲᠠᠶ ᠴᠢᠬᠤᠯᠠ ᠶᠡᠬᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠮᠥᠨ᠂ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠲᠠᠢ ᠴᠢᠬᠤᠯᠠ ᠶᠡᠬᠡ ᠲᠦᠷᠢᠮ᠎ᠤᠨ ᠰᠢᠨ᠎ᠡ ᠡᠭᠦᠳᠦᠯᠲᠡ ᠮᠥᠨ ᠭᠡᠵᠡᠢ᠃

 

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
ᠰᠢᠨᠬᠤᠸᠠ ᠬᠣᠷᠢᠶ᠎ᠠ᠄ ᠡᠨᠡ ᠵᠢᠯ ᠬᠠᠶ᠋ᠢᠾᠧ ᠭᠣᠣᠯ᠎ᠤᠨ ᠰᠠᠪᠠ ᠭᠠᠵᠠᠷ᠎ᠤᠨ ᠴᠢᠨᠠᠷᠲᠠᠶ ᠣᠨᠴᠠ ᠶᠡᠬᠡ ᠦᠶᠡᠷ ᠤᠰᠤᠲᠤᠯ᠎ᠤᠨ ᠶᠠᠪᠤᠴᠠ ᠳᠠᠭᠤᠰᠪᠠ
ᠠᠷᠠᠳ᠎ᠤᠨ ᠡᠳᠦᠷ᠎ᠤᠨ ᠰᠣᠨᠢᠨ᠄ ᠵᠢᠶᠠᠩᠰᠢ ᠮᠤᠵᠢ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠣᠶᠤᠨᠴᠢ ᠤᠰᠤᠨ ᠠᠰᠢᠭᠯᠠᠯᠲᠠ ᠡᠯᠪᠡᠭ ᠬᠤᠷᠢᠶᠠᠯᠲᠠ ᠵᠢ ᠪᠠᠲᠤᠯᠠᠵᠤ ᠪᠠᠶ᠋ᠢᠨ᠎ᠠ (ᠨᠠᠮᠤᠷ᠎ᠤᠨ ᠠᠮᠤ ᠪᠤᠳᠠᠭ᠎ᠠ ᠡᠯᠪᠡᠭ ᠬᠤᠷᠢᠶᠠᠯᠲᠠ ᠤᠯᠬᠤ ᠬᠠᠲᠠᠭᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠨ᠎ᠠ)
ᠠᠷᠠᠳ᠎ᠤᠨ ᠰᠦᠯᠵᠢᠶ᠎ᠡ᠄ ᠭᠤᠷᠪᠠᠨ ᠬᠠᠪᠴᠢᠯ᠎ᠤᠨ ᠤᠰᠤᠨ ᠴᠥᠭᠥᠷᠥᠮ 175 ᠮᠧᠲᠷ᠎ᠢ ᠳᠦᠭᠦᠷᠲᠡᠯ᠎ᠡ ᠬᠠᠳᠠᠭ᠋ᠠᠯᠠᠬᠤ ᠬᠠᠷᠠᠯᠲᠠ ᠵᠢ ᠪᠡᠶᠡᠯᠡᠭᠦᠯᠵᠦ ᠡᠨᠡ ᠡᠪᠦᠯ ᠢᠷᠡᠬᠦ ᠬᠠᠪᠤᠷ᠎ᠤᠨ ᠤᠰᠤ ᠰᠢᠷᠭᠢᠬᠦ ᠬᠤᠭᠤᠴᠠᠭ᠋ᠠᠨ᠎ᠳᠤ ᠤᠰᠤ ᠨᠥᠬᠥᠪᠥᠷᠢᠯᠡᠬᠦ᠎ᠳᠤ ᠪᠦᠲᠦᠮᠵᠢᠲᠡᠶ ᠪᠠᠲᠤᠯᠠᠭ᠎ᠠ ᠬᠠᠩᠭ᠋ᠠᠬᠤ ᠪᠣᠯᠤᠨ᠎ᠠ
ᠠᠷᠠᠳ᠎ᠤᠨ ᠡᠳᠦᠷ᠎ᠤᠨ ᠰᠣᠨᠢᠨ᠄ ᠳᠣᠯᠣᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠤᠰᠤᠨ ᠰᠢᠨᠵᠢᠯᠡᠭᠡᠨ᠎ᠤ ᠬᠠᠶ᠋ᠢᠨ ᠬᠡᠮᠵᠢᠯᠲᠡ ᠵᠢᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ ᠭᠤᠸᠠᠩᠳᠦ᠋ᠩ᠎ᠳᠤ ᠶᠠᠪᠤᠭᠳᠠᠪᠠ
ᠠᠷᠠᠳ᠎ᠤᠨ ᠡᠳᠦᠷ᠎ᠤᠨ ᠰᠣᠨᠢᠨ᠄ ᠢᠷᠡᠬᠦ ᠨᠢᠭᠡ ᠭᠠᠷᠠᠭ᠎ᠲᠤ ᠮᠠᠨ᠎ᠤ ᠤᠯᠤᠰ᠎ᠤᠨ ᠶᠡᠬᠡᠩᠬᠢ ᠭᠠᠵᠠᠷ ᠣᠷᠣᠨ᠎ᠤ ᠠᠭ᠋ᠠᠷ᠎ᠤᠨ ᠳᠤᠯᠠᠭ᠋ᠠᠨ ᠦᠷᠭᠦᠯᠵᠢᠯᠡᠨ ᠳᠤᠤᠷ᠎ᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠣᠯᠠᠨ ᠠᠷᠭ᠎ᠠ ᠬᠡᠮᠵᠢᠶ᠎ᠡ ᠠᠪᠴᠤ ᠭᠠᠮᠰᠢᠭ᠎ᠢ ᠰᠡᠷᠭᠡᠶ᠋ᠢᠯᠡᠨ ᠭᠠᠮᠰᠢᠭ᠎ᠠᠴᠠ ᠠᠪᠤᠷᠬᠠᠤ ᠠᠵᠢᠯ᠎ᠢ ᠵᠡᠷᠭᠡᠪᠡᠷ ᠬᠢᠨ᠎ᠠ
 
            