ᠰᠢᠨᠬᠤᠸᠠ ᠬᠣᠷᠢᠶᠠᠨ᠎ᠤ ᠪᠡᠭᠡᠵᠢᠩ᠎ᠤᠨ 9 ᠳ᠋ᠦ᠍ᠭᠡᠷ ᠰᠠᠷ᠎ᠠ ᠵᠢᠨ 27᠎ᠤ ᠡᠳᠦᠷ᠎ᠤᠨ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠯᠢᠦ ᠱ᠌ᠢ ᠫᠢᠩ)
ᠰᠤᠷᠪᠤᠯᠵᠢᠯᠠᠭᠴᠢ 27᠎ᠤ ᠡᠳᠦᠷ ᠤᠰᠤᠨ ᠠᠰᠢᠭᠯᠠᠯᠲᠠ ᠵᠢᠨ ᠶᠠᠮᠤᠨ᠎ᠠᠴᠠ ᠣᠶ᠋ᠢᠯᠠᠭ᠋ᠠᠭᠰᠠᠨ ᠵᠶ᠋ᠠᠷ᠂ ᠬᠠᠶ᠋ᠢᠾᠧ ᠭᠣᠣᠯ᠎ᠤᠨ ᠰᠠᠪᠠ ᠭᠠᠵᠠᠷ᠎ᠤᠨ ᠳ᠋ᠦᠩ ᠳ᠋ᠢᠶᠠᠨ᠎ᠤ ᠦᠶᠡᠷ ᠬᠤᠷᠠᠭᠤᠯᠵᠤ ᠲᠣᠭᠲᠠᠭ᠋ᠠᠬᠤ ᠣᠷᠣᠨ 9 ᠳ᠋ᠦ᠍ᠭᠡᠷ ᠰᠠᠷ᠎ᠠ ᠵᠢᠨ 26᠎ᠤ ᠡᠳᠦᠷ ᠤᠰᠤ ᠲᠠᠲᠠᠷᠠᠭᠤᠯᠬᠤ ᠠᠵᠢᠯ ᠵᠶ᠋ᠠᠨ ᠳᠠᠭᠤᠰᠬᠠᠵᠤ᠂ ᠡᠨᠡ ᠵᠢᠯ᠎ᠤᠨ ᠬᠠᠶ᠋ᠢᠾᠧ ᠭᠣᠣᠯ᠎ᠤᠨ 《23 ·7》᠎ᠤ ᠰᠠᠪᠠ ᠭᠠᠵᠠᠷ᠎ᠤᠨ ᠣᠨᠴᠠ ᠶᠡᠬᠡ ᠦᠶᠡᠷ᠎ᠤᠨ ᠶᠠᠪᠤᠴᠠ ᠳᠠᠭᠤᠰᠪᠠ᠃
ᠡᠨᠡ ᠵᠢᠯ᠎ᠤᠨ ᠣᠨᠴᠠ ᠶᠡᠬᠡ ᠦᠶᠡᠷ᠎ᠢ ᠰᠡᠷᠭᠡᠶ᠋ᠢᠯᠡᠬᠦ ᠶᠠᠪᠤᠴᠠ᠎ᠳᠤ᠂ ᠬᠠᠶ᠋ᠢᠾᠧ ᠭᠣᠣᠯ᠎ᠤᠨ ᠰᠠᠪᠠ ᠭᠠᠵᠠᠷ᠎ᠲᠤ ᠳ᠋ᠦᠩ ᠳ᠋ᠢᠶᠠᠨ ᠵᠡᠷᠭᠡ ᠦᠶᠡᠷ᠎ᠢ ᠲᠣᠭᠲᠠᠭ᠋ᠠᠨ ᠬᠤᠷᠠᠭᠤᠯᠬᠤ 8 ᠣᠷᠣᠨ᠎ᠢ ᠡᠬᠢᠯᠡᠨ ᠬᠡᠷᠡᠭᠯᠡᠵᠦ᠂ ᠬᠠᠮᠤᠭ᠎ᠤᠨ ᠶᠡᠬᠡ ᠦᠶᠡᠷ᠎ᠤᠨ ᠤᠰᠤ ᠵᠢ 25.3 ᠳ᠋ᠦᠩᠰᠢᠭᠤᠷ ᠪᠣᠰᠣᠭ᠎ᠠ ᠳᠥᠷᠪᠡᠯᠵᠢᠨ ᠮᠸᠲᠷ᠎ᠲᠤ ᠬᠦᠷᠭᠡᠵᠦ᠂ ᠾᠸᠪᠸᠢ᠂ ᠲᠢᠶᠠᠨᠵᠢᠨ᠂ ᠾᠧᠨᠠᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠢ ᠬᠡᠷᠡᠭᠯᠡᠬᠦ ᠪᠡᠯᠡᠳᠬᠡᠯ ᠲᠥᠰᠦᠯ᠎ᠢ ᠦᠨᠳᠦᠰᠦᠯᠡᠵᠦ᠂ ᠣᠷᠣᠨ ᠨᠤᠲᠤᠭ᠎ᠢ ᠵᠢᠯᠣᠭᠣᠳᠤᠨ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠤᠯᠠᠨ ᠲᠦᠮᠡᠨ᠎ᠢ ᠵᠠᠭᠤᠨ ᠲᠦᠮᠡ ᠰᠢᠬᠠᠮ ᠬᠥᠮᠦᠨ᠎ᠢ ᠤᠷᠢᠳᠴᠢᠯᠠᠨ ᠰᠢᠯᠵᠢᠭᠦᠯᠪᠡ᠃
ᠳ᠋ᠦᠩ ᠳ᠋ᠢᠶᠠᠨ᠎ᠠᠴᠠ ᠭᠠᠳᠠᠨᠠᠬᠢ ᠦᠶᠡᠷ᠎ᠢ ᠲᠣᠭᠲᠠᠭ᠋ᠠᠨ ᠬᠤᠷᠠᠭᠤᠯᠬᠤ 7 ᠣᠷᠣᠨ᠎ᠤ᠎ᠬᠢᠨ ᠨᠢᠭᠡᠨᠲᠡ 8 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠤᠰᠤ ᠵᠢ ᠤᠬᠤᠷᠢᠭᠤᠯᠵᠤ᠂ ᠡᠯ᠎ᠡ ᠭᠠᠵᠠᠷ᠎ᠤᠨ᠎ᠬᠢᠨ ᠵᠠᠯᠭ᠋ᠠᠭ᠎ᠠ᠎ᠪᠠᠷ ᠭᠠᠮᠰᠢᠭ᠎ᠤᠨ ᠳᠠᠷᠠᠭ᠋ᠠᠬᠢ ᠳᠠᠬᠢᠨ ᠪᠥᠲᠥᠭᠡᠨ ᠪᠠᠶ᠋ᠢᠭᠤᠯᠬᠤ ᠱᠠᠲᠤᠨ᠎ᠳᠤ ᠣᠷᠣᠵᠤ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠬᠡᠷᠡᠭᠯᠡᠯᠲᠡ᠎ᠳᠤ ᠨᠥᠬᠥᠪᠥᠷᠢ ᠥᠭᠬᠦ ᠬᠠᠮᠢᠶ᠎ᠠ ᠪᠥᠬᠥᠶ ᠠᠵᠢᠯ᠎ᠢ ᠥᠷᠨᠢᠭᠦᠯᠪᠡ᠃
ᠤᠰᠤᠨ ᠠᠰᠢᠭᠯᠠᠯᠲᠠ ᠵᠢᠨ ᠶᠠᠮᠤᠨ᠎ᠤ ᠬᠠᠮᠢᠶ᠎ᠠ ᠪᠥᠬᠥᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠤᠰᠤᠨ ᠠᠰᠢᠭᠯᠠᠯᠲᠠ ᠵᠢᠨ ᠶᠠᠮᠤᠨ ᠲᠤᠬᠠᠶ ᠵᠢᠨ ᠡᠳᠦᠷ ᠵᠥᠪᠳᠡᠯᠴᠡᠬᠦ ᠬᠤᠷᠠᠯ ᠬᠤᠷᠠᠯᠳᠤᠭᠤᠯᠵᠤ᠂ ᠳ᠋ᠦᠩ ᠳ᠋ᠢᠶᠠᠨ ᠵᠡᠷᠭᠡ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠤᠰᠤ ᠵᠢ ᠵᠣᠭᠰᠣᠭ᠋ᠠᠭᠰᠠᠨ᠎ᠤ ᠳᠠᠷᠠᠭ᠋ᠠᠬᠢ ᠬᠣᠯᠪᠣᠭᠳᠠᠯ ᠪᠥᠬᠥᠶ ᠠᠵᠢᠯ᠎ᠢ ᠪᠠᠶ᠋ᠢᠷᠢᠯᠠᠭᠤᠯᠵᠤ᠂ ᠣᠷᠣᠨ ᠨᠤᠲᠤᠭ᠎ᠤᠨ ᠭᠠᠮᠰᠢᠭ᠎ᠤᠨ ᠳᠠᠷᠠᠭ᠎ᠠ ᠳᠠᠬᠢᠨ ᠪᠥᠲᠥᠭᠡᠨ ᠪᠠᠶ᠋ᠢᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠵᠢ ᠦᠷᠭᠦᠯᠵᠢᠯᠡᠨ ᠳᠡᠮᠵᠢᠵᠦ᠂ ᠦᠶᠡᠷ᠎ᠢ ᠲᠣᠭᠲᠠᠭ᠋ᠠᠨ ᠬᠤᠷᠠᠭᠤᠯᠬᠤ ᠣᠷᠣᠨ᠎ᠤ ᠣᠯᠠᠨ ᠲᠦᠮᠡᠨ᠎ᠢ ᠬᠠᠪᠰᠤᠷᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ᠎ᠨᠢ ᠲᠦᠷᠭᠡᠬᠡᠨ ᠰᠡᠷᠭᠦᠭᠡᠨ᠎ᠡ ᠭᠡᠵᠡᠶ᠃