60 ᠵᠢᠯ᠎ᠤᠨ ᠡᠮᠦᠨ᠎ᠡ᠂ ᠤᠰᠤ ᠢᠳᠡᠬᠦ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ᠂ ᠾᠧᠨᠠᠨ ᠮᠤᠵᠢ ᠵᠢᠨ ᠯᠢᠨᠵᠸᠤ ᠬᠤᠳᠠ ᠵᠢᠨ ᠠᠷᠠᠳ ᠲᠦᠮᠡᠨ 10 ᠵᠢᠯ ᠰᠢᠬᠠᠮ᠎ᠤᠨ ᠴᠠᠭ ᠬᠤᠭᠤᠴᠠᠭ᠎ᠠ ᠬᠡᠷᠡᠭᠯᠡᠵᠦ᠂ ᠠᠰᠬ᠎ᠠ ᠬᠠᠳᠠ ᠴᠢᠯᠠᠭᠤ ᠵᠢ ᠴᠤᠭᠤᠯᠵᠤ᠂ ᠮᠢᠩᠭ᠋ᠠᠨ ᠭᠠᠵᠠᠷ᠎ᠤᠨ ᠤᠷᠳᠤ ᠰᠤᠪᠠᠭ ᠮᠠᠯᠲᠠᠵᠤ᠂ᠲᠠᠢ ᠬᠠᠩ ᠱᠠᠨ ᠠᠭᠤᠯᠠᠨ᠎ᠳᠤ ᠪᠠᠯᠠᠷᠠᠰᠢ ᠦᠭᠡᠢ ᠤᠶᠤᠨ ᠰᠠᠨᠠᠭ᠋ᠠᠨ᠎ᠤ ᠥᠷᠯᠥᠭ ᠬᠥᠰᠢᠶ᠎ᠡ ᠵᠢ ᠪᠤᠰᠬᠠᠪᠠ᠃ 2022 ᠣᠨ᠎ᠤ 12 ᠳ᠋ᠤᠭ᠋ᠠᠷ ᠰᠠᠷ᠎ᠠ᠎ᠳᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠢᠵᠢ ᠪᠦᠷᠢᠳᠦᠭᠦᠯᠦᠭᠰᠡᠨ ᠠᠨ ᠶᠠᠩ ᠬᠤᠲᠠ ᠵᠢᠨ ᠪᠠᠷᠠᠭᠤᠨ ᠬᠡᠰᠡᠭ᠎ᠤᠨ ᠤᠰᠤ ᠲᠠᠲᠠᠬᠤ ᠢᠨᠵᠧᠨᠧᠷᠢᠩ᠎ᠨᠢ ᠨᠢᠭᠡᠳᠦᠭᠡᠷ ᠰᠤᠪᠠᠭ᠎ᠤᠨ ᠳ᠋ᠠᠨᠵᠢᠶᠠᠩ ᠮᠥᠷᠡᠨ᠎ᠤ ᠤᠰᠤ ᠵᠢᠲᠠᠢ ᠬᠠᠩ ᠱᠠᠨ᠎ᠳᠤ ᠭᠠᠷᠭ᠋ᠠᠵᠤ᠂ ᠤᠯᠠᠭ᠋ᠠᠨ ᠲᠤᠭ ᠰᠤᠪᠠᠭ᠎ᠤᠨ ᠡᠬᠡ ᠨᠤᠲᠤᠭ᠎ᠢ ᠦᠷᠭᠦᠯᠵᠢᠯᠡᠨ ᠤᠮᠳᠠᠯᠠᠪᠠ᠃
ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ ᠪᠦᠬᠦ ᠲᠠᠯ᠎ᠠ᠎ᠪᠠᠷ ᠤᠰᠤ ᠨᠡᠪᠲᠡᠷᠡᠭᠰᠡᠨ 8 ᠵᠢᠯ᠎ᠤᠨ ᠲᠤᠷᠰᠢ᠂ ᠤᠮᠠᠷᠠᠲᠤ ᠣᠷᠣᠨ᠎ᠤ ᠡᠬᠡ ᠭᠠᠵᠠᠷ ᠳᠡᠭᠡᠷ᠎ᠡ ᠶᠡᠭᠡ ᠪᠠᠭ᠎ᠠ᠎ᠨᠢ ᠠᠳᠠᠯᠢ ᠪᠤᠰᠤ ᠣᠷᠣᠨ ᠪᠦᠰᠡ ᠵᠢᠨ ᠤᠰᠤᠨ ᠲᠣᠣᠷ ᠪᠦᠷᠢᠯᠳᠦᠵᠦ᠂ ᠤᠰᠤ ᠬᠦᠷᠲᠡᠬᠦ ᠣᠷᠣᠨ᠎ᠤ ᠤᠰᠤᠨ᠎ᠤ ᠡᠬᠢ ᠰᠤᠷᠪᠤᠯᠵᠢ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠴᠢᠳᠠᠪᠤᠷᠢ᠂ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ᠂ ᠪᠠᠶ᠋ᠢᠯᠳᠤᠬᠤ ᠪᠣᠳᠣᠯᠭ᠎ᠠ ᠵᠢᠨ ᠨᠥᠭᠡᠴᠡᠯᠡᠬᠦ ᠴᠢᠳᠠᠪᠤᠷᠢ ᠤᠯᠠᠮ ᠨᠢᠭᠡ ᠠᠯᠬᠤᠮ ᠴᠢᠩᠭ᠋ᠠᠷᠠᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ ᠨᠢᠭᠡᠨᠲᠡ ᠵᠠᠮ ᠳᠠᠭ᠋ᠠᠤ ᠵᠢᠨ 42 ᠶᠡᠭᠡ ᠳᠤᠮᠳᠠ ᠬᠤᠲᠠ ᠵᠢᠨ 280 ᠭᠠᠷᠤᠶ ᠰᠢᠶᠠᠨ ᠬᠤᠲᠠ ᠲᠣᠭᠤᠷᠢᠭ᠎ᠤᠨ ᠠᠮᠢᠨ ᠰᠤᠳᠠᠰᠤ ᠪᠣᠯᠵᠠᠶ᠃
1.5 ᠳ᠋ᠦᠩᠰᠢᠭᠤᠷ ᠭᠠᠷᠤᠶ ᠬᠥᠮᠦᠨ ᠰᠢᠭᠤᠳ ᠠᠰᠢᠭ ᠭᠥᠷᠳᠡᠪᠡ
《ᠥᠩᠭᠡᠷᠡᠭᠰᠡᠨ᠎ᠳᠤ ᠱᠠᠭ᠋ᠠᠵᠠᠩ ᠰᠠᠪᠠ ᠬᠢᠬᠦ᠎ᠳᠤ ᠤᠰᠤ ᠬᠡᠷᠡᠭᠯᠡᠬᠦ᠎ᠳᠡᠭᠡᠨ ᠪᠦᠷ ᠽᠧᠦ ᠢᠦ᠋ᠶ ᠾᠧ ᠭᠣᠣᠯ᠎ᠠᠴᠠ ᠤᠰᠤ ᠲᠠᠲᠠᠵᠤ ᠪᠠᠶ᠋ᠢᠪᠠ᠃ ᠭᠤᠤᠯ᠎ᠤᠨ ᠤᠰᠤ ᠬᠠᠳᠠᠭᠰᠠᠨᠤ ᠳᠠᠷᠠᠭ᠎ᠠ᠂ ᠵᠥᠪᠬᠡᠨ ᠭᠦᠨ ᠬᠤᠳᠳᠤᠭ ᠮᠠᠯᠲᠠᠨ᠎ᠠ᠂ ᠴᠠᠬᠢᠯᠭ᠋ᠠᠨ᠎ᠤ ᠰᠦᠶᠳᠬᠡᠯ ᠥᠨᠳᠥᠷ᠂ ᠤᠰᠤᠨ᠎ᠤ ᠴᠢᠨᠠᠷ ᠮᠠᠭᠤ᠂ ᠵᠥᠪᠬᠡᠨ ᠤᠰᠤᠨ ᠵᠣᠭᠤᠷᠢ᠎ᠪᠠᠷ ᠪᠣᠷᠣᠭ᠋ᠠᠨ᠎ᠤ ᠤᠰᠤ ᠵᠢ ᠲᠤᠰᠴᠤ ᠬᠡᠷᠡᠭᠡᠯᠳᠡᠭ᠃ ᠾᠧᠨᠠᠨ᠎ᠤ ᠢᠦ᠋ᠢ ᠵᠧᠦ ᠤᠰᠤ ᠬᠠᠩᠭ᠋ᠠᠬᠤ ᠺᠣᠮᠫᠠᠨᠢ ᠵᠢᠨ ᠱᠧᠨ ᠾᠧᠦ ᠤᠰᠤᠨ᠎ᠤ ᠦᠢ᠍ᠯᠡᠳᠪᠦᠷᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠸᠠᠩ ᠮᠢᠨ ᠰᠢᠶᠠ᠂ ᠪᠣᠷᠣᠭ᠋ᠠᠨ᠎ᠤ ᠤᠰᠤ ᠬᠦᠷᠦᠯᠴᠡᠬᠦ ᠦᠭᠡᠢ ᠪᠣᠯᠬᠤᠷ ᠱᠠᠭ᠋ᠠᠵᠠᠩ ᠰᠠᠪᠠ ᠦᠢ᠍ᠯᠡᠳᠪᠦᠷᠢᠯᠡᠬᠦ ᠠᠵᠤ ᠠᠬᠤᠶ᠋ᠢᠯᠠᠯ 30 ᠺᠢᠯᠣᠮᠧᠳ᠋ᠷ᠎ᠠᠴᠠ ᠤᠰᠤ ᠲᠠᠲᠠᠵᠤ᠂ ᠲᠣᠨ ᠪᠦᠷᠢ ᠵᠢᠨ ᠤᠰᠤᠨ᠎ᠤ ᠥᠪᠡᠷ᠎ᠤᠨ ᠦᠷᠳᠡᠭ᠎ᠨᠢ 40 ᠲᠥᠭᠦᠷᠢᠭ ᠰᠢᠬᠠᠮ ᠪᠠᠶ᠋ᠢᠵᠤ᠂ ᠮᠠᠰᠢ ᠤᠯᠠᠨ ᠠᠵᠤ ᠠᠬᠤᠶ᠋ᠢᠯᠠᠯ ᠳᠠᠭ᠋ᠠᠭ᠋ᠠᠵᠤ ᠳᠡᠶ᠋ᠢᠯᠬᠦ ᠦᠭᠡᠢ ᠪᠠᠢ᠍ᠨ᠎ᠠ ᠭᠡᠪᠡ᠃
ᠢᠦ᠋ᠶ ᠵᠧᠦ ᠬᠤᠲᠠ ᠵᠢᠨ ᠱᠧᠨ ᠾᠧᠦ ᠪᠠᠯᠭ᠋ᠠᠰᠤ ᠪᠣᠯ 《ᠵᠢᠶᠦ᠋ᠨ᠎ᠤ ᠱᠠᠵᠠᠩ᠎ᠤᠨ ᠬᠤᠲᠠ》 ᠪᠣᠯᠣᠨ᠎ᠠ᠃ 2015 ᠣᠨ᠎ᠤ 1 ᠳ᠋ᠦ᠍ᠭᠡᠷ ᠰᠠᠷ᠎ᠠ ᠵᠢᠨ 12᠎ᠤᠨ ᠡᠳᠦᠷ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ ᠢᠦ᠋ᠶ ᠵᠧᠦ ᠬᠤᠲᠠ᠎ᠳᠤ ᠵᠢᠩᠬᠢᠨᠢ᠎ᠪᠠᠷ ᠤᠰᠤ ᠬᠠᠩᠭ᠋ᠠᠵᠤ᠂ ᠵᠢᠯ᠎ᠳᠤ ᠳᠤᠮᠳᠠᠴᠢ᠎ᠪᠠᠷ 396 ᠲᠦᠮᠡᠨ ᠺᠦᠪ ᠮᠧᠳ᠋ᠷ ᠤᠰᠤ ᠬᠠᠩᠭ᠋ᠠᠵᠤ᠂ ᠤᠰᠤ ᠳᠤᠲᠠᠭᠳᠠᠬᠤ ᠠᠰᠠᠭᠤᠳᠠᠯ᠎ᠢ ᠲᠤᠶ᠋ᠢᠯᠪᠤᠷᠢᠲᠠᠶ ᠰᠢᠶᠳᠪᠦᠷᠢᠯᠡᠪᠡ᠃ 2022 ᠣᠨ᠎ᠤ 11 ᠳ᠋ᠦ᠍ᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠱᠧᠨ ᠾᠧᠦ ᠪᠠᠯᠭ᠋ᠠᠰᠤ ᠡᠮᠦᠨᠡᠲᠦ ᠵᠢᠨ ᠤᠰᠤ ᠵᠢ ᠨᠡᠶ᠋ᠢᠲᠡ 2004.48 ᠲᠦᠮᠡᠨ ᠺᠦᠪ ᠮᠧᠳ᠋ᠷ ᠬᠡᠷᠡᠭᠯᠡᠵᠦ᠂ ᠬᠦᠷᠦᠯᠴᠡᠬᠦᠶ᠋ᠢᠴᠡ ᠡᠮᠦᠨᠡᠲᠦ ᠵᠢᠨ ᠤᠰᠤ ᠵᠢ ᠬᠡᠷᠡᠭᠯᠡᠭᠰᠡᠨ ᠵᠶ᠋ᠠᠷ ᠱᠧᠨ ᠾᠧᠦ ᠪᠠᠯᠭ᠋ᠠᠰᠤᠨ᠎ᠤ ᠵᠢᠶᠦ᠋ᠨ᠎ᠤ ᠱᠠᠭ᠋ᠠᠵᠠᠩ᠎ᠤᠨ ᠠᠵᠤ ᠦᠶᠯᠡᠰ ᠬᠡᠪᠴᠢᠶᠡᠵᠢᠨ ᠬᠥᠭᠵᠢᠪᠡ᠃ ᠱᠧᠨ ᠾᠧᠦ᠎ᠳᠤ ᠣᠳᠣᠬᠠᠨ᠎ᠳᠤ 260 ᠵᠢᠶᠦ᠋ᠨ᠎ᠤ ᠱᠠᠭ᠋ᠠᠵᠠᠩ᠎ᠤᠨ ᠠᠵᠤ ᠠᠬᠤᠶ᠋ᠢᠯᠠᠯ᠎ᠲᠠᠢ ᠪᠠᠶ᠋ᠢᠵᠤ᠂ ᠵᠢᠯ᠎ᠳᠤ 150 ᠲᠦᠮᠡᠨ ᠰᠢᠷᠬᠡᠭ᠎ᠠᠴᠠ ᠳᠡᠭᠡᠭᠰᠢ ᠱᠠᠭ᠋ᠠᠵᠠᠩ ᠦᠢ᠍ᠯᠡᠳᠪᠦᠷᠢᠯᠡᠵᠦ᠂ ᠡᠯ᠎ᠡ ᠲᠥᠷᠥᠯ᠎ᠤᠨ ᠱᠠᠭ᠋ᠠᠵᠠᠩ᠎ᠤᠨ ᠡᠭᠦᠰᠦᠮᠡᠯ ᠦᠢ᠍ᠯᠡᠳᠬᠦᠨ᠎ᠤ ᠵᠢᠯ᠎ᠤᠨ ᠦᠢ᠍ᠯᠡᠳᠬᠦᠨ᠎ᠤ ᠥᠷᠲᠡᠭ᠎ᠨᠢ 28 ᠳ᠋ᠦᠩᠰᠢᠭᠤᠷ ᠲᠥᠭᠦᠷᠢᠭ᠎ᠲᠤ ᠬᠦᠷᠴᠦ ᠪᠠᠶ᠋ᠢᠨ᠎ᠠ᠃
ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠨᠢ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠤᠬᠢᠷᠠᠭᠤᠯᠬᠤ ᠵᠢ ᠠᠬᠢᠭᠤᠯᠵᠤ᠂ ᠵᠠᠮ ᠳᠠᠭ᠋ᠠᠤ ᠵᠢᠨ ᠠᠵᠤ ᠠᠬᠤᠢ ᠨᠡᠶ᠋ᠢᠭᠡᠮ ᠴᠦ᠍ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠪᠡ᠃ ᠵᠢᠱ᠌ᠢᠶᠡᠯᠡᠪᠡᠯ᠂ ᠵᠢᠶᠠᠩᠰᠦ ᠮᠤᠵᠢ ᠵᠢᠨ ᠶᠠᠩᠵᠸᠦ ᠬᠤᠲᠠ ᠵᠢᠨ ᠵᠢᠶᠠᠩᠳᠦ᠋ ᠲᠣᠭᠤᠷᠢᠭ ᠠᠮᠢ ᠠᠬᠤᠶ ᠵᠢᠨ ᠭᠡᠳᠡᠷᠭᠦ ᠰᠢᠬᠠᠯᠲᠠ᠎ᠪᠠᠷ ᠳᠠᠮᠵᠢᠭᠤᠯᠤᠨ᠂ ᠤᠯᠠᠮᠵᠢᠯᠠᠯᠲᠤ ᠦᠶᠯᠡᠳᠬᠦ ᠦᠶᠯᠡᠰ᠎ᠤᠨ ᠠᠵᠤ ᠠᠬᠤᠶ᠋ᠢᠯᠠᠯ ᠰᠠᠨᠠᠭ᠋ᠠᠴᠢᠯᠠᠭ᠎ᠠ᠎ᠠᠴᠠ᠎ᠪᠠᠨ ᠬᠡᠯᠪᠡᠷᠢ᠎ᠪᠠᠨ ᠬᠤᠪᠢᠷᠠᠭᠤᠯᠪᠠ; ᠾᠧᠨᠠᠨ ᠮᠤᠵᠢ᠂ ᠾᠧᠪᠸᠢ ᠮᠤᠵᠢ ᠵᠢᠨ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ ᠪᠣᠬᠢᠷᠲᠤᠯ᠎ᠳᠤ ᠠᠵᠤ ᠠᠬᠤᠶ᠋ᠢᠯᠠᠯ ᠪᠠ ᠲᠡᠵᠢᠭᠡᠨ ᠦᠷᠡᠵᠢᠭᠦᠯᠬᠦ ᠵᠦᠢ᠍ᠯᠡᠰ᠎ᠢ ᠬᠠᠭ᠋ᠠᠵᠤ ᠵᠣᠭᠰᠣᠭ᠋ᠠᠬᠤ ᠪᠤᠶᠤ ᠬᠤᠪᠢᠷᠠᠭᠤᠯᠵᠤ᠂ ᠪᠣᠬᠢᠷᠲᠤᠯ ᠦᠭᠡᠢ᠂ ᠣᠷᠴᠢᠯᠲᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠳᠪᠦᠷᠢ ᠵᠢ ᠶᠡᠭᠡ᠎ᠪᠠᠷ ᠬᠥᠭᠵᠢᠭᠦᠯᠪᠡ᠃ ᠬᠠᠨᠳᠠᠨᠤ ᠪᠣᠯᠣᠳ ᠲᠡᠮᠦᠷ᠂ ᠮᠠ ᠲᠧᠦ ᠴᠠᠬᠢᠯᠭ᠋ᠠᠨ ᠦᠶᠯᠡᠳᠪᠦᠷᠢ᠂ ᠳ᠋ᠢᠩ ᠵᠧᠦ ᠵᠢᠨ ᠬᠤᠸᠠ ᠳ᠋ᠢᠶᠠᠨ ᠴᠠᠬᠢᠯᠭ᠋ᠠᠨ᠂ ᠪᠣᠣ ᠳ᠋ᠢᠩ᠎ᠤᠨ ᠴᠠᠩ ᠴᠧᠩ ᠵᠡᠷᠭᠡ ᠭᠤᠤᠯᠯᠠᠭᠴᠢ ᠠᠵᠤ ᠠᠬᠤᠶ᠋ᠢᠯᠠᠯ᠎ᠤᠨ ᠦᠶᠯᠡᠳᠬᠦᠨ᠎ᠤ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠵᠦ᠂ ᠪᠦᠲᠦᠴᠡ ᠵᠢ ᠲᠣᠬᠢᠷᠠᠭᠤᠯᠬᠤ᠂ ᠠᠷᠭ᠎ᠠ ᠬᠡᠯᠪᠡᠷᠢ᠎ᠪᠠᠨ ᠬᠤᠪᠢᠷᠠᠭᠤᠯᠬᠤ᠂ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠎ᠳᠤ ᠣᠷᠣᠨ ᠵᠠᠶ ᠡᠭᠦᠳᠴᠦ ᠥᠭᠴᠡᠶ᠃
ᠡᠮᠦᠨᠡᠲᠦ ᠣᠷᠣᠨ᠎ᠤ ᠤᠰᠤ ᠤᠮᠠᠷᠠᠰᠢᠯᠠᠵᠤ᠂ ᠵᠠᠮ ᠳᠠᠭ᠋ᠠᠤ ᠵᠢᠨ ᠠᠮᠢ ᠠᠬᠤᠢ ᠵᠢᠨ ᠣᠷᠴᠢᠨ ᠲᠣᠭᠤᠷᠢᠨ ᠶᠡᠭᠡ᠎ᠪᠠᠷ ᠰᠠᠶ᠋ᠢᠵᠢᠷᠠᠬᠤ ᠵᠢ ᠳᠠᠭ᠋ᠠᠯᠳᠤᠨ᠂ ᠤᠰᠤᠨ᠎ᠳᠤ ᠬᠢᠵᠠᠭ᠋ᠠᠷᠯᠠᠭᠳᠠᠬᠤ ᠵᠤᠭ᠋ᠠᠴᠠᠯ᠎ᠤᠨ ᠦᠢ᠍ᠯᠡᠰ ᠴᠦ᠍ ᠤᠯᠠᠮ ᠴᠢᠨᠠᠭᠰᠢᠳᠠ ᠠᠮᠢᠯᠠᠭᠰᠠᠨ ᠪᠠᠶ᠋ᠢᠨ᠎ᠠ᠃ ᠨᠠᠨ ᠰᠧ ᠬᠤ᠌ ᠨᠠᠭᠤᠷ᠎ᠲᠤ ᠣᠯᠠᠨ ᠵᠢᠯ ᠬᠠᠷᠠᠭᠳᠠᠭ᠎ᠠ ᠥᠬᠡᠶ ᠵᠢᠭ᠋ᠠᠰᠤᠨ᠎ᠤ ᠵᠦᠢ᠍ᠯ ᠴᠤ᠌ ᠪᠤᠴᠠᠵᠤ ᠢᠷᠡᠪᠡ᠂ ᠵᠢᠨᠠᠨ ᠬᠤᠲᠠ ᠵᠢᠨ ᠪᠣᠣ ᠲᠥ᠋ ᠴᠢᠤᠸᠠᠨ ᠵᠡᠷᠭᠡ ᠪᠤᠯᠠᠭ᠎ᠤᠨ ᠰᠦᠪᠡ ᠵᠢᠯ᠎ᠤᠨ ᠳᠥᠷᠪᠡᠨ ᠤᠯᠠᠷᠢᠯ᠎ᠳᠤ ᠣᠷᠭᠢᠯ᠎ᠤᠨ ᠪᠤᠷᠭᠢᠯᠬᠤ ᠪᠣᠯᠪᠠ᠃ ᠪᠦᠷᠢᠳᠬᠡᠯ᠎ᠢ ᠦᠨᠳᠦᠰᠦᠯᠡᠪᠡᠯ᠂ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠨᠢ ᠨᠡᠶ᠋ᠢᠲᠡ 50 ᠭᠠᠷᠤᠶ ᠭᠤᠤᠯ ᠮᠥᠷᠡᠨ᠎ᠳᠤ ᠠᠮᠢ ᠠᠬᠤᠶ ᠵᠢᠨ ᠤᠰᠤ ᠨᠥᠬᠥᠪᠦᠷᠢᠯᠡᠵᠦ᠂ ᠤᠰᠤ ᠨᠥᠬᠦᠪᠥᠷᠢᠯᠡᠭᠰᠡᠨ ᠶᠡᠷᠦᠩᠬᠡᠶ ᠬᠡᠮᠵᠢᠶ᠎ᠡ᠎ᠨᠢ 89.54 ᠳ᠋ᠦᠩᠰᠢᠭᠤᠷ ᠺᠦᠪ ᠮᠧᠳ᠋ᠷ ᠬᠦᠷᠴᠡᠢ᠃ ᠪᠡᠭᠡᠵᠢᠩ ᠬᠣᠲᠠ ᠵᠢᠨ ᠶᠦᠩ ᠳ᠋ᠢᠩ ᠾᠧ ᠭᠤᠣᠯ᠂ ᠱ᠌ᠢ ᠵᠢᠶᠠ ᠵᠤᠸᠠᠩ ᠬᠣᠲᠠ ᠵᠢᠨ ᠬᠡᠦ ᠲᠦᠸᠧ ᠾᠧ ᠭᠤᠣᠯ᠂ ᠰᠢᠩ᠎ᠲᠠᠢ ᠬᠣᠲᠠ ᠵᠢᠨ ᠴᠢ ᠯᠢ ᠾᠧ ᠭᠤᠣᠯ᠎ᠨᠢ ᠲᠤᠬᠠᠢ ᠵᠢᠨ ᠭᠠᠵᠠᠷ᠎ᠤᠨ ᠠᠷᠠᠳ ᠲᠦᠮᠡᠨ᠎ᠤ ᠵᠤᠭ᠎ᠠ ᠴᠡᠩᠭᠡᠯ᠎ᠤᠨ ᠭᠠᠵᠠᠷ ᠪᠣᠯᠪᠠ᠃
ᠡᠮᠦᠨᠡᠲᠦ ᠣᠷᠣᠨ᠎ᠤ ᠤᠰᠤ ᠢᠷᠡᠭᠰᠡᠨ᠎ᠠᠴᠠ᠂ ᠵᠠᠮ ᠳᠠᠭ᠋ᠠᠤ ᠵᠢᠨ ᠡᠯ᠎ᠡ ᠭᠠᠵᠠᠷ᠎ᠤᠨ᠎ᠬᠢᠨ ᠶᠡᠭᠡ ᠬᠡᠮᠵᠢᠶᠡᠨ᠎ᠤ ᠭᠠᠵᠠᠷ ᠳᠣᠤᠷᠠᠬᠢ ᠤᠰᠤ ᠪᠠ ᠭᠠᠵᠠᠷ ᠳᠡᠭᠡᠷᠡᠬᠢ ᠤᠰᠤ ᠵᠢ ᠰᠣᠯᠢᠵᠤ᠂ ᠲᠦᠷᠢᠨ ᠡᠵᠡᠯᠡᠭᠳᠡᠭᠰᠡᠨ ᠲᠠᠷᠢᠶᠠᠯᠠᠩ᠎ᠤᠨ ᠬᠡᠷᠡᠭᠯᠡᠬᠦ ᠤᠰᠤ ᠵᠢ ᠲᠠᠷᠢᠶᠠᠯᠠᠩ᠎ᠳᠤ ᠪᠤᠴᠠᠭ᠋ᠠᠨ ᠥᠭᠴᠦ᠂ ᠵᠠᠮ ᠳᠠᠭ᠋ᠠᠤ ᠵᠢᠨ ᠭᠠᠵᠠᠷ ᠣᠷᠣᠨ᠎ᠤ ᠲᠠᠷᠢᠶᠠᠨ ᠭᠠᠵᠠᠷ᠎ᠤᠨ ᠤᠰᠤᠯᠠᠯᠲᠠ ᠵᠢᠨ ᠪᠠᠲᠤᠯᠠᠭ᠎ᠠ ᠵᠢᠨ ᠨᠣᠷᠮ᠎ᠠ ᠵᠢ ᠳᠡᠭᠡᠭᠰᠢᠯᠡᠭᠦᠯᠪᠡ᠃ ᠾᠧᠪᠧᠶ ᠮᠤᠵᠢ ᠵᠢᠨ ᠸᠧᠶ ᠰᠢᠶᠠᠨ᠎ᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠦᠶᠯᠡᠳᠪᠦᠷᠢ ᠵᠢᠨ ᠳᠠᠭ᠋ᠠᠭ᠋ᠠᠮᠠᠯ ᠰᠢᠶᠦ᠋ᠩ ᡁᠢ ᠵᠢᠶᠦ᠋ᠨ᠎ᠤ ᠲᠠᠨᠢᠯᠴᠠᠭᠤᠯᠤᠭᠰᠠᠨ ᠵᠶ᠋ᠠᠷ᠂ 2016 ᠣᠨ᠎ᠤ 6 ᠳ᠋ᠤᠭ᠋ᠠᠷ ᠰᠠᠷ᠎ᠠ᠎ᠳᠤ᠂ ᠸᠧᠶ ᠰᠢᠶᠠᠨ᠎ᠤ ᠢᠵᠢ ᠪᠦᠷᠢᠳᠦᠭᠦᠯᠬᠦ ᠢᠨᠵᠧᠨᠧᠷᠢᠩ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠦᠶᠯᠡᠳᠪᠦᠷᠢ ᠵᠢᠩᠬᠢᠨᠢ᠎ᠪᠠᠷ ᠡᠮᠦᠨᠡᠲᠦ ᠵᠢᠨ ᠤᠰᠤ ᠵᠢ ᠰᠣᠯᠢᠵᠤ᠂ ᠡᠯ᠎ᠡ ᠵᠦᠶᠯ᠎ᠤᠨ ᠤᠰᠤᠨ᠎ᠤ ᠡᠬᠢ ᠰᠤᠷᠪᠤᠯᠵᠢ ᠵᠢ ᠰᠢᠯᠢᠳᠡᠭᠵᠢᠭᠦᠯᠦᠨ ᠲᠣᠬᠢᠷᠠᠭᠤᠯᠬᠤ᠎ᠪᠠᠷ ᠳᠠᠮᠵᠢᠭᠤᠯᠤᠨ᠂ ᠸᠧᠶ ᠰᠢᠶᠠᠨ᠎ᠨᠢ ᠬᠠᠲᠤᠨ ᠭᠤᠤᠯ᠎ᠤᠨ ᠤᠰᠤ᠂ ᠸᠧᠶ ᠾᠧ ᠭᠤᠤᠯ᠎ᠤᠨ ᠤᠰᠤ ᠪᠠ ᠶᠤᠸᠠᠢ ᠴᠧᠩ ᠤᠰᠤᠨ ᠴᠥᠭᠦᠷᠥᠮ᠎ᠤᠨ ᠤᠰᠤ ᠵᠢ ᠭᠦᠶᠴᠡᠳ ᠠᠰᠢᠭᠯᠠᠨ᠂ ᠪᠥᠬᠦ ᠴᠠᠷᠠᠭ᠋ᠠᠨ᠎ᠤ ᠤᠰᠤᠨ ᠲᠣᠤᠷ᠎ᠢ ᠪᠠᠶ᠋ᠢᠭᠤᠯᠵᠤ᠂ ᠪᠥᠬᠦ ᠰᠢᠶᠠᠨ᠎ᠤ ᠬᠡᠳᠦᠨ ᠵᠠᠭᠤᠨ ᠲᠣᠰᠬᠤᠨ᠎ᠢ ᠬᠤᠯᠪᠣᠵᠤ᠂ ᠲᠠᠷᠢᠮᠠᠯ᠎ᠤᠨ ᠠᠵᠤ ᠠᠬᠤᠶ ᠵᠢ ᠶᠡᠭᠡ᠎ᠪᠠᠷ ᠬᠥᠭᠵᠢᠭᠦᠯᠪᠡ᠃ ᠣᠳᠣᠬᠠᠨ᠎ᠳᠤ᠂ ᠸᠧᠢ ᠰᠢᠶᠠᠨ ᠲᠤᠷᠰᠢᠨ ᠲᠠᠷᠢᠭᠰᠠᠨ ᠰᠠᠭᠤᠷᠢᠨ ᠳᠡᠭᠡᠷ᠎ᠡ ᠴᠢᠨᠠᠷ ᠰᠠᠶ᠋ᠢᠲᠠᠢ ᠥᠨᠳᠥᠷ ᠤᠨᠠᠯᠲᠠ᠎ᠲᠠᠢ ᠤᠰᠤᠨ ᠲᠤᠲᠤᠷᠭ᠎ᠠ ᠵᠢ 5000 ᠭᠠᠷᠤᠢ ᠮᠦ᠍᠎ᠳᠤ ᠬᠦᠷᠲᠡᠯ᠎ᠡ ᠥᠷᠭᠡᠳᠬᠡᠭᠰᠡᠨᠤ ᠬᠠᠮᠲᠤ ᠾᠧᠪᠸᠢ ᠵᠢᠨ ᠳ᠋ᠠ ᠶᠠ ᠯᠢ ᠠᠯᠢᠮ᠎ᠠ ᠵᠢᠨ ᠨᠤᠲᠤᠭ ᠭᠡᠬᠦ ᠰᠠᠶ᠋ᠢᠬᠠᠨ ᠠᠯᠳᠠᠷ᠎ᠢ ᠤᠯᠠᠮᠵᠢᠯᠠᠵᠤ᠂ ᠵᠢᠮᠢᠰ᠎ᠤᠨ ᠮᠣᠳᠣᠨ᠎ᠤ ᠲᠠᠯᠠᠪᠠᠢ ᠵᠢ 20 ᠲᠦᠮᠡᠨ ᠮᠦ᠍ ᠬᠦᠷᠲᠡᠯ᠎ᠡ ᠥᠷᠭᠡᠳᠬᠡᠵᠦ᠂ ᠢᠳᠡᠰᠢᠨ ᠨᠣᠭᠤᠭ᠎ᠠ ᠵᠢᠨ ᠬᠦᠯᠡᠮᠵᠢ ᠵᠡᠷᠭᠡᠯᠡᠨ ᠵᠠᠯᠭ᠋ᠠᠯᠳᠤᠭᠰᠠᠨ ᠪᠠᠢ᠍ᠨ᠎ᠠ᠃
ᠳᠤᠮᠳᠠᠳᠤ ᠤᠯᠤᠰ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠤᠯᠤᠰ᠎ᠤᠨ ᠤᠰᠤᠨ ᠲᠣᠤᠷ᠎ᠤᠨ ᠭᠤᠤᠯ ᠨᠢᠷᠤᠭᠤᠪᠴᠢ ᠪᠠ ᠲᠣᠮᠣ ᠯᠤᠭᠰᠢᠭᠤᠨ ᠰᠤᠳᠠᠯ ᠪᠣᠯᠤᠭᠰᠠᠨ᠎ᠤ ᠬᠤᠪᠢ᠎ᠳᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ ᠣᠳᠣᠬᠠᠨ᠎ᠳᠤ ᠨᠡᠶ᠋ᠢᠲᠡ 586 ᠳ᠋ᠦᠩᠰᠢᠭᠤᠷ ᠺᠦᠪ ᠮᠧᠳ᠋ᠷ ᠤᠰᠤ ᠳᠠᠮᠵᠢᠭᠤᠯᠵᠤ᠂ 1.5 ᠳ᠋ᠦᠩᠰᠢᠭᠤᠷ ᠬᠥᠮᠦᠨ ᠰᠢᠭᠤᠳ ᠠᠰᠢᠭ ᠭᠥᠷᠳᠡᠵᠦ᠂ ᠮᠠᠨ᠎ᠤ ᠤᠯᠤᠰ᠎ᠤᠨ 《ᠳᠥᠷᠪᠡᠨ ᠬᠥᠨᠳᠡᠯᠡᠨ ᠭᠤᠷᠪᠠᠨ ᠭᠤᠯᠳᠤ᠂ ᠡᠮᠦᠨ᠎ᠡ ᠤᠮᠠᠷ᠎ᠠ ᠵᠢᠨ ᠲᠣᠬᠢᠷᠠᠭᠤᠯᠤᠯᠲᠠ᠂ ᠵᠡᠭᠦᠨ ᠪᠠᠷᠠᠭᠤᠨ ᠣᠷᠣᠨ᠎ᠤ ᠬᠠᠷᠢᠯᠴᠠᠨ ᠲᠤᠰᠠᠯᠠᠯᠴᠠᠬᠤ》 ᠤᠰᠤᠨ ᠲᠣᠤᠷ᠎ᠤᠨ ᠪᠠᠶ᠋ᠢᠷᠢᠰᠢᠯ᠎ᠢ ᠠᠩᠬ᠎ᠠ ᠠᠯᠬᠤᠮ ᠪᠣᠶ ᠪᠣᠯᠭ᠋ᠠᠪᠠ ᠭᠡᠵᠡᠶ᠃
ᠵᠠᠯᠭ᠋ᠠᠮᠵᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ
ᠲᠦᠮᠡᠨ ᠮᠧᠳ᠋ᠷ᠎ᠤᠨ ᠥᠨᠳᠥᠷ ᠣᠭᠲᠠᠷᠭᠤᠶ᠎ᠠᠴᠠ ᠬᠠᠷᠠᠬᠤ᠎ᠳᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ᠎ᠨᠢ ᠬᠤᠶᠠᠷ ᠠᠪᠤᠷᠭᠤ ᠯᠣᠤ ᠮᠡᠲᠦ ᠬᠠᠷᠠᠭᠳᠠᠨ᠎ᠠ᠃ ᠤᠰᠤᠨ ᠠᠰᠢᠭᠯᠠᠯᠲᠠ ᠵᠢᠨ ᠶᠠᠮᠤᠨ᠎ᠤ ᠵᠢᠯᠤᠭᠤᠳᠤᠯᠭ᠎ᠠ ᠳᠣᠣᠷ᠎ᠠ᠂ ᠢᠨᠵᠧᠨᠧᠷᠢᠩ ᠳᠠᠭ᠋ᠠᠤ ᠣᠷᠣᠨ ᠨᠤᠲᠤᠭ᠎ᠤᠨ ᠵᠠᠰᠠᠭ᠎ᠤᠨ ᠣᠷᠳᠣᠨ ᠵᠡᠭᠦᠨ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ᠎ᠤᠨ 《ᠬᠥᠲᠥᠯᠪᠦᠷᠢ》᠎ᠳᠤ ᠲᠦᠰᠢᠭᠯᠡᠨ᠂ ᠤᠰᠤᠨ᠎ᠤ ᠡᠬᠢ ᠰᠤᠷᠪᠤᠯᠵᠢ ᠵᠢᠨ ᠲᠤᠬᠢᠷᠠᠭᠤᠯᠤᠯᠲᠠ ᠵᠢ ᠰᠢᠯᠢᠳᠡᠭᠵᠢᠭᠦᠯᠬᠦ ᠣᠷᠣᠨ ᠪᠦᠰᠡ ᠵᠢᠨ ᠭᠤᠣᠯᠯᠠᠬᠤ ᠤᠰᠤᠨ ᠲᠣᠣᠷ᠎ᠤᠨ 《ᠭᠠᠷᠴᠠᠭ》᠎ᠢ ᠠᠩᠬ᠎ᠠ ᠠᠯᠬᠤᠮ ᠪᠠᠶ᠋ᠢᠭᠤᠯᠵᠤ᠂ ᠭᠤᠣᠯᠳᠠᠯᠭ᠎ᠠ᠎ᠲᠠᠢ ᠰᠢᠯᠵᠢᠭᠦᠯᠦᠨ ᠬᠠᠳᠠᠭ᠋ᠠᠯᠠᠬᠤ ᠢᠨᠵᠧᠨᠧᠷᠢᠩ ᠪᠣᠯᠤᠨ ᠤᠰᠤᠨ ᠰᠤᠷᠪᠤᠯᠵᠢ ᠵᠢᠨ ᠢᠨᠵᠧᠨᠧᠷᠢᠩ ᠵᠶ᠋ᠠᠷ ᠵᠠᠩᠭᠢᠯᠠᠭ᠎ᠠ ᠪᠣᠯᠭ᠋ᠠᠵᠤ᠂ ᠮᠠᠨ᠎ᠤ ᠤᠯᠤᠰ᠎ᠤᠨ ᠡᠮᠦᠨ᠎ᠡ᠎ᠠᠴᠠ ᠤᠮᠠᠷᠠᠰᠢ᠂ ᠬᠤᠲᠠ᠎ᠠᠴᠠ ᠬᠥᠳᠡᠭᠡ ᠲᠣᠰᠬᠤᠨ᠎ᠢ ᠨᠥᠯᠥᠭᠡᠯᠡᠬᠦ ᠪᠦᠰᠡᠯᠢᠭ ᠤᠰᠤᠨ ᠲᠣᠣᠷ᠎ᠢ ᠲᠠᠰᠤᠷᠠᠯᠲᠠ ᠦᠭᠡᠢ ᠪᠠᠶ᠋ᠢᠭᠤᠯᠪᠠ᠃
ᠭᠤᠯᠳᠤ ᠴᠢᠭᠯᠡᠯ᠎ᠤᠨ ᠵᠡᠭᠦᠨ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠧᠨᠧᠷᠢᠩ (ᠵᠢᠩ ᠬᠠᠩ ᠶᠡᠭᠡ ᠲᠠᠲᠠᠮᠠᠯ ᠭᠤᠣᠯ) ᠪᠣᠯᠤᠨ ᠬᠥᠨᠳᠡᠯᠡᠨ ᠴᠢᠭᠯᠡᠯ᠎ᠤᠨ ᠬᠥᠬᠡᠮᠥ᠋ᠷᠡᠨ᠂ ᠬᠠᠲᠤᠨ ᠭᠤᠣᠯ᠂ ᠬᠤᠸᠠᠶ᠋ᠢᠾᠧ ᠭᠤᠣᠯ᠎ᠨᠢ ᠪᠠᠷᠠᠭᠤᠨ᠎ᠠᠴᠠ ᠵᠡᠭᠦᠨᠰᠢ ᠰᠣᠯᠪᠢᠴᠠᠵᠤ᠂ ᠶᠠᠭ 《丰》 ᠦᠰᠦᠭ ᠮᠡᠲᠦ ᠪᠠᠢ᠍ᠳᠠᠭ᠃ 2022 ᠣᠨ᠎ᠳᠤ᠂ ᠵᠡᠭᠦᠨ ᠱᠤᠭᠤᠮ᠎ᠤᠨ ᠤᠮᠠᠷᠠᠰᠢ ᠦᠷᠭᠦᠯᠵᠢᠯᠡᠭᠰᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠰᠤ ᠬᠠᠩᠭ᠋ᠠᠬᠤ ᠢᠨᠵᠧᠨᠧᠷᠢᠩ᠎ᠨᠢ ᠪᠡᠭᠡᠵᠢᠩ ᠬᠠᠩᠵᠧᠦ ᠵᠢᠨ ᠶᠡᠭᠡ ᠲᠠᠲᠠᠮᠠᠯ ᠭᠣᠣᠯ᠎ᠤᠨ ᠪᠦᠬᠦ ᠱᠤᠭᠤᠮ᠎ᠤᠨ ᠤᠷᠤᠰᠬᠠᠯ᠎ᠢ ᠨᠡᠪᠲᠡᠷᠡᠭᠦᠯᠪᠡ᠃ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠪᠠᠷᠢᠯᠭ᠎ᠠ᠎ᠨᠢ ᠳ᠋ᠠᠨ ᠵᠢᠶᠠᠩ ᠺᠧᠦ ᠤᠰᠤᠨ ᠴᠥᠭᠦᠷᠥᠮ᠎ᠠᠴᠠ ᠭᠠᠷᠴᠤ᠂ ᠡᠮᠦᠨ᠎ᠡ᠎ᠠᠴᠠ ᠤᠮᠠᠷᠠᠰᠢ᠂ ᠵᠠᠮ ᠲᠤᠷᠰᠢ ᠬᠥᠬᠡ ᠮᠥᠷᠡᠨ᠂ ᠬᠤᠸᠠᠶ᠋ᠢᠾᠧ ᠭᠤᠣᠯ᠂ ᠬᠠᠲᠤᠨ ᠭᠤᠣᠯ ᠪᠠ ᠬᠠᠶ᠋ᠢᠾᠧ ᠭᠤᠣᠯ᠎ᠤᠨ ᠰᠠᠪᠠ ᠭᠠᠵᠠᠷ ᠵᠶ᠋ᠠᠷ ᠨᠡᠪᠲᠡᠷᠡᠵᠦ᠂ ᠨᠢᠭᠡ ᠬᠥᠨᠳᠡᠯᠡᠨ 《丰》 ᠦᠰᠦᠭ ᠮᠡᠲᠦ ᠪᠣᠯᠪᠠ᠃ 2021 ᠣᠨ᠎ᠠᠴᠠ 2022 ᠣᠨ ᠪᠣᠯᠲᠠᠯ᠎ᠠ᠂ ᠳᠤᠮᠳᠠ ᠱᠤᠭᠤᠮ᠎ᠤᠨ ᠤᠰᠤ ᠲᠠᠲᠠᠬᠤ ᠠᠵᠢᠯ ᠳᠠᠬᠢᠨᠲᠠ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ 92 ᠳ᠋ᠦᠩᠰᠢᠭᠤᠷ ᠺᠦᠪ ᠮᠧᠳ᠋ᠷ᠎ᠢ ᠳᠠᠪᠠᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ᠎ᠳᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ᠎ᠤᠨ ᠵᠠᠯᠭ᠋ᠠᠮᠵᠢ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠠᠷᠠᠭᠤᠨ ᠱᠤᠭᠤᠮ᠎ᠤᠨ ᠢᠨᠵᠧᠨᠧᠷᠢᠩ᠎ᠤᠨ ᠲᠥᠰᠦᠯ᠎ᠢ ᠬᠠᠷᠢᠴᠠᠭᠤᠯᠤᠨ ᠰᠣᠩᠭᠤᠵᠤ ᠨᠤᠲᠠᠯᠠᠬᠤ ᠵᠢ ᠭᠦᠨᠵᠡᠭᠡᠶ᠋ᠢᠷᠡᠭᠦᠯᠦᠨ᠎ᠡ ᠭᠡᠵᠦ ᠲᠣᠳᠣᠷᠬᠠᠶ ᠳᠤᠷᠠᠳᠴᠠᠶ᠃ ᠣᠳᠣᠬᠠᠨ᠎ᠳᠤ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ ᠵᠡᠭᠦᠨ᠂ ᠳᠤᠮᠳᠠ ᠱᠤᠭᠤᠮ᠎ᠤᠨ ᠵᠠᠯᠭ᠋ᠠᠮᠵᠢ ᠢᠨᠵᠧᠨᠧᠷᠢᠩ᠎ᠤᠨ ᠲᠥᠯᠥᠪᠵᠢᠭᠦᠯᠭᠡ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠵᠢᠨ ᠬᠠᠮᠲᠤ ᠪᠠᠷᠠᠭᠤᠨ ᠱᠤᠭᠤᠮ᠎ᠤᠨ ᠢᠨᠵᠧᠨᠧᠷᠢᠩ᠎ᠤᠨ ᠲᠥᠯᠥᠪᠵᠢᠭᠦᠯᠭᠡ ᠵᠢᠨ ᠲᠥᠰᠦᠯ᠎ᠢ ᠠᠳᠠᠯᠢᠳᠬᠠᠨ ᠰᠣᠩᠭᠤᠵᠤ ᠨᠤᠲᠠᠯᠠᠬᠤ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠵᠦ ᠪᠠᠶ᠋ᠢᠨ᠎ᠠ᠃
《ᠮᠥᠷᠡᠨ᠎ᠢ ᠲᠠᠲᠠᠵᠤ ᠦᠬᠠᠨ᠎ᠢ ᠨᠥᠬᠦᠪᠥᠷᠢᠯᠡᠬᠦ ᠢᠨᠵᠧᠨᠧᠷᠢᠩ ᠪᠣᠯ ᠤᠯᠤᠰ᠎ᠤᠨ ᠤᠰᠤᠨ ᠲᠣᠣᠷ᠎ᠤᠨ ᠭᠤᠣᠯ ᠪᠦᠲᠦᠴᠡ ᠪᠠ ᠲᠤᠮᠤ ᠯᠤᠭᠰᠢᠭᠤᠨ ᠰᠤᠳᠠᠯ᠎ᠤᠨ ᠴᠢᠬᠤᠯᠠ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠣᠯᠤᠨ᠎ᠠ᠃》 ᠳᠤᠮᠳᠠᠳᠤ ᠤᠯᠤᠰ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠠᠮᠢᠶ᠎ᠠ ᠪᠥᠬᠦᠶ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠢᠨᠵᠧᠨᠧᠷᠢᠩ᠎ᠤᠨ ᠠᠩᠬᠠᠳᠠᠭᠴᠢ ᠠᠵᠢᠯ ᠡᠬᠢᠯᠡᠭᠦᠯᠬᠦ ᠲᠥᠷᠥᠯ ᠵᠦᠶᠯ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠦᠯᠦᠭᠯᠡᠯ᠎ᠤᠨ᠎ᠬᠢᠨ ᠪᠥᠬᠦ ᠪᠦᠯᠦᠭᠯᠡᠯ᠎ᠤᠨ ᠬᠦᠴᠦᠨ᠎ᠢ ᠳᠠᠶ᠋ᠢᠴᠢᠯᠠᠨ ᠲᠥᠯᠥᠪᠵᠢᠭᠦᠯᠭᠡ ᠵᠢᠷᠤᠭ ᠲᠥᠯᠥᠪᠯᠡᠭᠡ᠂ ᠴᠢᠬᠤᠯᠠ ᠪᠢᠴᠢᠭ ᠮᠠᠲ᠋ᠧᠷᠢᠶᠠᠯ᠎ᠢ ᠭᠦᠶᠴᠡᠳᠬᠡᠬᠦ᠂ ᠰᠤᠳᠤᠯᠵᠤ ᠪᠣᠯᠬᠤ ᠵᠢᠴᠢ ᠠᠩᠬ᠎ᠠ ᠪᠠᠶ᠋ᠢᠭᠤᠯᠵᠤ ᠮᠡᠳᠡᠭᠦᠯᠦᠨ ᠵᠥᠪᠰᠢᠶᠡᠷᠡᠭᠦᠯᠬᠦ ᠪᠠ ᠠᠵᠢᠯ ᠡᠬᠢᠯᠡᠭᠦᠯᠬᠦ ᠪᠡᠯᠡᠳᠬᠡᠯ ᠵᠡᠷᠭᠡ ᠡᠯ᠎ᠡ ᠵᠦᠶᠯ᠎ᠤᠨ ᠠᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠲᠣᠭᠲᠠᠴᠠ ᠵᠢᠨ ᠰᠢᠨ᠎ᠡ ᠵᠢ ᠡᠭᠦᠳᠴᠦ᠂ ᠵᠢᠷᠤᠭ ᠡᠯᠭᠦᠨ ᠪᠠᠶ᠋ᠢᠯᠳᠤᠵᠤ᠂ ᠡᠮᠦᠨᠡᠬᠢ ᠬᠤᠭᠤᠴᠠᠭ᠋ᠠᠨ᠎ᠤ ᠠᠵᠢᠯ᠎ᠤᠨ 《ᠵᠠᠭᠤᠨ ᠡᠳᠦᠷ᠎ᠤᠨ ᠬᠠᠮᠲᠤᠷᠠᠭᠰᠠᠨ ᠳᠠᠶ᠋ᠢᠯᠠᠯᠳᠤᠭ᠋ᠠᠨ》᠎ᠢ ᠥᠷᠨᠢᠭᠦᠯᠪᠡ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠣᠯ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠠᠯᠭ᠋ᠠᠮᠵᠢ ᠢᠨᠵᠧᠨᠧᠷᠢᠩ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ᠃ ᠤᠰᠤᠨ ᠠᠰᠢᠭᠯᠠᠯᠲᠠ ᠵᠢᠨ ᠶᠠᠮᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠤᠭ᠋ᠠᠯ ᠡᠭᠦᠳᠦᠯᠲᠡ ᠵᠢᠨ ᠮᠡᠷᠭᠡᠵᠢᠯ᠎ᠤᠨ ᠭᠤᠯᠤᠮᠳᠠ ᠵᠢ ᠲᠦᠷᠭᠡᠨ ᠪᠠᠶ᠋ᠢᠭᠤᠯᠵᠤ᠂ ᠤᠯᠤᠰ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠠ ᠤᠯᠤᠰ᠎ᠤᠨ ᠤᠰᠤᠨ᠎ᠤ ᠲᠣᠣᠷ᠎ᠢ ᠲᠥᠯᠥᠪᠵᠢᠭᠦᠯᠦᠨ ᠪᠦᠳᠦᠬᠡᠨ ᠪᠠᠶ᠋ᠢᠭᠤᠯᠵᠤ ᠡᠵᠡᠩᠨᠡᠬᠦ ᠴᠢᠬᠤᠯᠠ ᠶᠡᠭᠡ ᠬᠡᠷᠡᠭᠴᠡᠭᠡ᠂ ᠤᠰᠤᠨ᠎ᠤ ᠠᠵᠤ ᠦᠢ᠍ᠯᠡᠰ᠎ᠤᠨ ᠬᠡᠯᠬᠢᠶ᠎ᠡ ᠵᠢᠨ ᠠᠮᠤᠷ ᠲᠦᠪᠰᠢᠨ ᠪᠠ ᠠᠵᠤ ᠠᠬᠤᠶ᠋ᠢᠯᠠᠯ᠎ᠤᠨ ᠠᠯᠤᠰ ᠬᠡᠳᠤ ᠵᠢᠨ ᠬᠥᠭᠵᠢᠯᠲᠡ᠎ᠲᠠᠢ ᠨᠢᠭᠲᠠ ᠤᠶᠠᠯᠳᠤᠭᠤᠯᠵᠤ᠂ ᠮᠡᠷᠭᠡᠵᠢᠯ᠎ᠤᠨ ᠪᠣᠭᠤᠮᠲᠠ ᠰᠢᠪᠲᠤᠯᠬᠤ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠣᠨᠳᠣᠣᠰᠢᠭᠤᠯᠬᠤ ᠠᠵᠢᠯ᠎ᠢ ᠥᠷᠨᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃ ᠣᠶ᠋ᠢᠯᠠᠭ᠋ᠠᠭᠰᠠᠨ ᠵᠶ᠋ᠠᠷ᠂ ᠮᠥᠷᠡᠨ᠎ᠢ ᠲᠠᠲᠠᠵᠤ ᠦᠬᠠᠨ᠎ᠢ ᠨᠥᠬᠦᠪᠥᠷᠢᠯᠡᠬᠦ ᠢᠨᠵᠧᠨᠧᠷᠢᠩ᠎ᠨᠢ ᠭᠦᠨ ᠪᠤᠯᠠᠮᠠᠯ ᠬᠤᠯᠠ ᠵᠠᠢ᠍ᠲᠠᠢ ᠶᠡᠭᠡ ᠠᠮᠠᠰᠠᠷ᠎ᠲᠤ ᠨᠦᠬᠡᠨ ᠵᠠᠮ ᠵᠶ᠋ᠠᠷ ᠤᠰᠤ ᠳᠠᠮᠵᠢᠭᠤᠯᠤᠨ᠎ᠠ᠂ ᠲᠣᠰ ᠢᠨᠵᠧᠨᠧᠷᠢᠩ ᠪᠣᠯ ᠮᠠᠨ᠎ᠤ ᠤᠯᠤᠰ᠎ᠤᠨ ᠪᠠᠶ᠋ᠢᠭᠤᠯᠵᠤ ᠪᠠᠶ᠋ᠢᠭ᠎ᠠ ᠬᠠᠮᠤᠭ᠎ᠤᠨ ᠣᠷᠳᠣ᠂ ᠬᠠᠮᠤᠭ᠎ᠤᠨ ᠶᠡᠭᠡ ᠠᠭᠤᠶ ᠵᠢᠨ ᠳ᠋ᠢᠶᠠᠮᠧᠳ᠋ᠷ᠎ᠲᠠᠢ᠂ ᠨᠢᠭᠡ ᠯᠡ ᠤᠳᠠᠭ᠎ᠠ᠎ᠳᠤ ᠬᠡᠲᠦ ᠶᠡᠭᠡ ᠳ᠋ᠢᠶᠠᠮᠧᠳ᠋ᠷ ᠪᠦᠬᠦᠢ ᠪᠥᠬᠦ ᠣᠭᠲᠣᠯᠤᠭ᠋ᠠᠰᠤ ᠵᠢᠨ ᠬᠠᠲᠠᠭᠤ ᠴᠢᠯᠠᠭᠤᠯᠢᠭ ᠨᠦᠬᠡᠨ ᠵᠠᠮ᠎ᠳᠤ ᠮᠠᠯᠲᠠᠭᠤᠷ ᠮᠠᠰᠢᠨ ᠲᠥᠬᠦᠭᠡᠷᠦᠮᠵᠢ ᠵᠢ ᠬᠠᠮᠤᠭ᠎ᠤᠨ ᠣᠯᠠᠨ ᠣᠷᠣᠭᠤᠯᠤᠭᠰᠠᠨ᠂ ᠨᠦᠬᠡ ᠮᠠᠯᠲᠠᠬᠤ ᠢᠨᠵᠧᠨᠧᠷᠢᠩ᠎ᠤᠨ ᠬᠡᠮᠵᠢᠶ᠎ᠡ ᠬᠠᠮᠤᠭ᠎ᠤᠨ ᠶᠡᠭᠡ᠂ ᠤᠰᠤ ᠲᠠᠲᠠᠬᠤ ᠬᠡᠮᠵᠢᠶ᠎ᠡ ᠬᠠᠮᠤᠭ᠎ᠤᠨ ᠶᠡᠭᠡ᠂ ᠶᠡᠷᠦᠩᠬᠡᠶ᠋ᠢᠯᠡᠭᠰᠡᠨ ᠬᠦᠴᠢᠷᠳᠡᠯ ᠬᠠᠮᠤᠭ᠎ᠤᠨ ᠶᠡᠭᠡ ᠪᠣᠯᠬᠤ ᠬᠤᠯᠠ ᠵᠠᠢ᠍ᠲᠠᠢ ᠳᠠᠷᠤᠯᠲᠠᠲᠤ ᠤᠰᠤ ᠲᠠᠲᠠᠬᠤ ᠨᠦᠬᠡᠨ ᠵᠠᠮ ᠪᠣᠯᠤᠨ᠎ᠠ᠃ ᠣᠳᠣᠬᠠᠨ᠎ᠳᠤ᠂ ᠮᠥᠷᠡᠨ᠎ᠢ ᠲᠠᠲᠠᠵᠤ ᠦᠬᠠᠨ᠎ᠢ ᠨᠥᠬᠦᠪᠥᠷᠢᠯᠡᠬᠦ ᠢᠨᠵᠧᠨᠧᠷᠢᠩ᠎ᠤᠨ ᠭᠠᠷᠬᠤ ᠬᠡᠰᠡᠭ᠎ᠤᠨ ᠪᠦᠲᠦᠭᠡᠨ ᠪᠠᠶ᠋ᠢᠭᠤᠯᠤᠯᠲᠠ ᠤᠳᠠᠯ ᠦᠭᠡᠢ ᠨᠦᠬᠡᠨ ᠵᠠᠮ ᠮᠠᠯᠲᠠᠬᠤ ᠰᠢᠨ᠎ᠡ ᠱᠠᠲᠤᠨ᠎ᠳᠤ ᠣᠷᠣᠬᠤ ᠪᠣᠯᠤᠨ᠎ᠠ᠃
ᠳᠤᠮᠳᠠᠳᠤ ᠤᠯᠤᠰ᠎ᠤᠨ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠠᠷᠠᠭᠤᠨ ᠱᠤᠭᠤᠮ᠎ᠤᠨ ᠢᠨᠵᠧᠨᠧᠷᠢᠩ᠎ᠤᠨ ᠲᠥᠰᠦᠯ᠎ᠤᠨ ᠰᠣᠩᠭᠤᠯᠲᠠ ᠨᠤᠲᠠᠯᠠᠯᠲᠠ ᠬᠢᠬᠦ ᠠᠯᠬᠤᠴᠠ ᠲᠦᠷᠭᠡᠰᠬᠦ ᠵᠢ ᠳᠠᠭ᠋ᠠᠯᠳᠤᠨ᠂ ᠪᠠᠷᠠᠭᠤᠨ ᠱᠤᠭᠤᠮ᠎ᠤᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠡᠳᠦᠷ ᠲᠤᠲᠤᠮ᠎ᠤᠨ ᠵᠥᠪᠯᠡᠬᠦ ᠵᠦᠶᠯ᠎ᠳᠡᠭᠡᠨ ᠣᠷᠣᠵᠤ᠂ ᠪᠠᠷᠠᠭᠤᠨ ᠬᠤᠶ᠋ᠢᠲᠤ ᠣᠷᠣᠨ᠎ᠢ ᠢᠷᠡᠭᠡᠳᠦᠶ᠎ᠳᠤ ᠠᠭᠤᠯᠠ ᠤᠰᠤ ᠦᠵᠡᠰᠬᠦᠯᠡᠩᠲᠦ ᠰᠠᠶ᠋ᠢᠬᠠᠨ 《ᠪᠣᠭᠤᠮᠲᠠ ᠵᠢᠨ ᠭᠠᠳᠠᠨᠠᠬᠢ ᠵᠢᠶᠠᠩᠨᠠᠨ》 ᠪᠣᠯᠭ᠋ᠠᠨ ᠪᠥᠲᠥᠭᠡᠨ ᠪᠠᠶ᠋ᠢᠭᠤᠯᠬᠤ ᠪᠣᠯᠤᠮᠵᠢ᠎ᠲᠠᠢ ᠪᠣᠯᠤᠨ᠎ᠠ ᠭᠡᠵᠡᠶ᠃