《ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ᠎ᠳᠤ ᠵᠣᠷᠢᠭᠤᠯᠤᠭᠰᠠᠨ ᠬᠡᠪᠯᠡᠯ》 (2022 ᠣᠨ᠎ᠤ 12 ᠳ᠋ᠤᠭ᠋ᠠᠷ ᠰᠠᠷ᠎ᠠ ᠵᠢᠨ 20᠎ᠤ ᠡᠳᠦᠷ 03 ᠳ᠋ᠤᠭ᠋ᠠᠷ ᠬᠡᠪᠯᠡᠯ)
ᠪᠡᠭᠡᠵᠢᠩ 12 ᠳ᠋ᠤᠭ᠋ᠠᠷ ᠰᠠᠷ᠎ᠠ ᠵᠢᠨ 19᠎ᠤ ᠡᠳᠦᠷ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠯᠢ ᠰᠢᠶᠤᠤ ᠴᠢᠩ)
ᠰᠤᠷᠪᠤᠯᠵᠢᠯᠠᠭᠴᠢ ᠣᠰᠤᠨ ᠠᠰᠢᠭᠯᠠᠯᠲᠠ ᠵᠢᠨ ᠶᠠᠮᠤᠨ᠎ᠠᠴᠠ ᠤᠶ᠋ᠢᠯᠠᠭ᠋ᠠᠭᠰᠠᠨ ᠵᠶ᠋ᠠᠷ᠂ 1᠎ᠠᠴᠠ 11 ᠳ᠋ᠦ᠍ᠭᠡᠷ ᠰᠠᠷ᠎ᠠ ᠪᠤᠯᠲᠠᠯ᠎ᠠ᠂ ᠪᠦᠬᠦ ᠣᠯᠤᠰ᠎ᠤᠨ ᠣᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠤᠷᠤᠭᠤᠯᠤᠯᠲᠠ 10085 ᠳ᠋ᠦᠩᠰᠢᠭᠤᠷ ᠲᠥᠬᠦᠷᠢᠭ᠎ᠲᠤ ᠬᠦᠷᠴᠦ᠂ ᠨᠢᠳᠤᠨᠤᠨ᠎ᠤ ᠪᠦᠬᠦ ᠵᠢᠯ᠎ᠤᠨ᠎ᠬᠢ᠎ᠠᠴᠠ 33%᠎ᠪᠠᠷ ᠨᠡᠮᠡᠭᠳᠡᠵᠡᠢ᠃ ᠣᠰᠤᠨ ᠠᠰᠢᠭᠯᠠᠯᠲᠠ ᠵᠢᠨ ᠪᠡᠯᠡ ᠤᠷᠤᠭᠤᠯᠤᠯᠲᠠ᠎ᠨᠢ ᠠᠩᠬᠠᠳᠤᠭ᠋ᠠᠷ ᠤᠳᠠᠭ᠎ᠠ 1 ᠲᠥᠮᠡᠨ ᠳ᠋ᠦᠩᠰᠢᠭᠤᠷ ᠲᠥᠭᠦᠷᠢᠭ᠎ᠢ ᠳᠠᠪᠠᠭᠰᠠᠨ᠎ᠨᠢ ᠰᠢᠨ᠎ᠡ ᠲᠤᠮᠲᠠᠲᠤ ᠣᠯᠤᠰ ᠪᠠᠶ᠋ᠢᠭᠤᠯᠤᠭᠳᠠᠭᠰᠠᠨ᠎ᠠᠴᠠ ᠨᠠᠰᠢ ᠣᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠤᠷᠤᠭᠤᠯᠤᠯᠲᠠ ᠵᠢ ᠬᠠᠮᠤᠭ᠎ᠤᠨ ᠠᠷᠪᠢᠨ ᠪᠡᠶᠡᠯᠡᠬᠦᠯᠦᠭᠰᠡᠨ ᠨᠢᠭᠡ ᠵᠢᠯ ᠪᠤᠯᠤᠨ᠎ᠠ᠃ 10 ᠮᠣᠵᠢ ᠵᠢᠨ ᠪᠡᠯᠡ ᠤᠷᠤᠭᠤᠯᠤᠯᠲᠠ᠎ᠨᠢ 500 ᠳ᠋ᠦᠩᠰᠢᠭᠤᠷ ᠲᠥᠭᠦᠷᠢᠭ᠎ᠢ ᠳᠠᠪᠠᠵᠤ᠂ ᠡᠭᠦᠨ᠎ᠳᠤ ᠭᠤᠸᠠᠩᠳᠦ᠋ᠩ 740 ᠳ᠋ᠦᠩᠰᠢᠭᠤᠷ ᠲᠥᠭᠦᠷᠢᠭ᠎ᠤᠨ ᠪᠡᠯᠡ ᠤᠷᠤᠭᠤᠯᠤᠯᠲᠠ ᠵᠢ ᠪᠡᠶᠡᠯᠡᠬᠦᠯᠵᠦ᠂ ᠶᠦᠨᠨᠠᠨ 652 ᠳ᠋ᠦᠩᠰᠢᠭᠤᠷ ᠲᠥᠭᠦᠷᠢᠭ᠎ᠤᠨ ᠪᠡᠯᠡ ᠤᠷᠤᠭᠤᠯᠤᠯᠲᠠ ᠵᠢ ᠪᠡᠶᠡᠯᠡᠬᠦᠯᠵᠡᠢ᠃ ᠣᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠨᠢ ᠪᠡᠯᠡ ᠤᠷᠤᠭᠤᠯᠤᠯᠲᠠ ᠵᠢ ᠲᠤᠭᠲᠠᠪᠤᠷᠢᠵᠢᠭᠤᠯᠬᠤ᠂ ᠠᠵᠢᠯ ᠤᠯᠭᠤᠯᠲᠠ ᠵᠢ ᠠᠬᠢᠭᠤᠯᠬᠤ ᠦᠢ᠍ᠯᠡᠳᠦᠯ ᠵᠶ᠋ᠠᠨ ᠬᠦᠢ᠍ᠴᠡᠳ ᠪᠠᠳᠠᠷᠠᠭᠤᠯᠵᠤ᠂ 236 ᠲᠦᠮᠡᠨ ᠬᠦᠮᠦᠨ᠎ᠳᠤ ᠠᠵᠢᠯ ᠤᠯᠭᠤᠵᠤ᠂ ᠡᠭᠦᠨ᠎ᠳᠤ 192 ᠲᠦᠮᠡᠨ ᠬᠦᠯᠦᠰᠦᠨ ᠠᠵᠢᠯᠴᠢᠨ ᠪᠤᠢ᠃
11 ᠳ᠋ᠦ᠍ᠭᠡᠷ ᠰᠠᠷ᠎ᠠ ᠵᠢᠨ ᠰᠡᠭᠦᠯᠴᠢ ᠪᠤᠯᠲᠠᠯ᠎ᠠ᠂ ᠪᠦᠬᠦ ᠣᠯᠤᠰ᠎ᠲᠤ ᠰᠢᠨ᠎ᠡ᠎ᠪᠠᠷ ᠠᠵᠢᠯ ᠡᠬᠢᠯᠡᠬᠦᠯᠦᠭᠰᠡᠨ ᠣᠰᠤᠨ ᠠᠰᠢᠭᠯᠠᠯᠲᠠ ᠵᠢᠨ ᠲᠥᠷᠦᠯ ᠵᠦᠢ᠍ᠯ 2.5 ᠲᠦᠮᠡ ᠪᠠᠶ᠋ᠢᠵᠤ᠂ ᠰᠢᠨ᠎ᠡ᠎ᠪᠠᠷ ᠨᠡᠮᠡᠭᠳᠡᠭᠰᠡᠨ ᠪᠡᠯᠡ ᠤᠷᠤᠭᠤᠯᠤᠯᠲᠠ ᠵᠢᠨ ᠬᠡᠪᠴᠢᠶ᠎ᠡ 1.18 ᠳᠦᠮᠡᠨ ᠳ᠋ᠦᠩᠰᠢᠭᠤᠷ ᠲᠦᠬᠦᠷᠢᠭ᠎ᠲᠤ ᠬᠦᠷᠴᠦ᠂ ᠨᠢᠳᠦᠨᠤᠨᠤ ᠪᠦᠬᠦ ᠵᠢᠯ᠎ᠤᠨ᠎ᠬᠢ᠎ᠠᠴᠠ 3767 ᠵᠦᠢ᠍ᠯ ᠢᠯᠡᠬᠦᠦ ᠪᠠᠶ᠋ᠢᠵᠤ᠂ ᠪᠡᠯᠡ ᠤᠷᠤᠭᠤᠯᠤᠯᠲᠠ ᠵᠢᠨ ᠬᠡᠪᠴᠢᠶ᠎ᠡ 6511 ᠳ᠋ᠦᠩᠰᠢᠭᠤᠷ ᠲᠥᠭᠦᠷᠢᠭ ᠢᠯᠡᠬᠦᠦ ᠨᠡᠮᠡᠭᠳᠡᠵᠡᠢ᠃