ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠲᠥᠪ ᠷᠠᠳᠢᠣ᠋ ᠵᠢᠨ ᠰᠦᠯᠵᠢᠶ᠎ᠡ᠄ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠢᠬᠦᠯᠦᠭᠰᠡᠨ᠎ᠠᠴᠠ ᠥᠨᠥ ᠵᠢᠯ ᠡᠨᠡ ᠵᠢᠯ ᠪᠥᠬᠦ ᠤᠯᠤᠰ᠎ᠲᠤ ᠣᠶ᠋ᠢᠷ᠎ᠠ ᠵᠢᠨ ᠵᠢᠯ᠎ᠤᠳ᠎ᠲᠤ ᠠᠩᠬ᠎ᠠ ᠤᠳᠠᠭ᠎ᠠ ᠤᠰᠤᠨ ᠴᠥᠭᠦᠷᠥᠮ᠎ᠤᠨ 《ᠬᠠᠰᠢᠯᠭ᠎ᠠ ᠵᠢ ᠰᠡᠲᠡᠯᠦᠭᠰᠡᠨ ᠦᠭᠡᠢ》 ᠪᠠᠶ᠋ᠢᠳᠠᠯ᠎ᠢ ᠪᠡᠶᠡᠯᠡᠬᠦᠯᠦᠭᠰᠡᠨ
ᠨᠡᠶ᠋ᠢᠲᠡᠯᠡᠭᠰᠡᠨ ᠴᠠᠭ᠄ 2022-12-21

     ᠤᠰᠤᠨ ᠠᠰᠢᠭᠯᠠᠯᠲᠠ ᠵᠢᠨ ᠶᠠᠮᠤᠨ᠎ᠤ ᠬᠠᠮᠤᠭ᠎ᠤᠨ ᠰᠢᠨ᠎ᠡ ᠮᠡᠳᠡᠭᠡ ᠵᠢ ᠦᠨᠳᠦᠰᠦᠯᠡᠪᠡᠯ᠂ ᠥᠨᠥ ᠵᠢᠯ ᠤᠰᠤᠨ ᠴᠥᠭᠦᠷᠥᠮ᠎ᠤᠨ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠪᠠ ᠬᠢᠨᠠᠨ ᠬᠡᠮᠵᠢᠬᠦ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠦ ᠵᠢ ᠨᠡᠶ᠋ᠢᠲᠡ 222.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠡᠯᠡ ᠣᠷᠣᠭᠤᠯᠤᠯᠲᠠ ᠵᠢ ᠪᠡᠶᠡᠯᠡᠭᠦᠯᠦᠭᠰᠡᠨ ᠨᠣᠷᠮ᠎ᠠ 90%᠎ᠠᠴᠠ ᠳᠡᠭᠡᠭᠰᠢ ᠪᠠᠶ᠋ᠢᠵᠤ᠂ ᠤᠰᠤᠨ ᠴᠥᠭᠦᠷᠥᠮ᠎ᠤᠨ ᠠᠮᠤᠷ ᠲᠦᠪᠰᠢᠨ᠎ᠤ ᠳᠠᠯᠳᠠ ᠬᠡᠮ᠎ᠢ ᠪᠦᠲᠦᠮᠵᠢᠲᠡᠶ ᠠᠷᠢᠯᠭ᠋ᠠᠭᠰᠠᠨ ᠪᠠᠶ᠋ᠢᠨ᠎ᠠ᠃ ᠣᠳᠣᠬᠠᠨ᠎ᠳᠤ ᠤᠰᠤᠨ ᠠᠰᠢᠭᠯᠠᠯᠲᠠ ᠵᠢᠨ ᠶᠠᠮᠤᠨ ᠨᠢᠭᠡᠨᠲᠡ 3.1 ᠲᠦᠮᠡᠨ ᠰᠠᠤᠷᠢ ᠤᠰᠤᠨ ᠴᠥᠭᠦᠷᠥᠮ᠎ᠤᠨ ᠠᠶᠤᠯᠭᠦᠢ ᠵᠢᠨ ᠬᠢᠨᠠᠨ ᠲᠣᠭᠲᠠᠭ᠋ᠠᠯᠲᠠ ᠵᠢ ᠪᠡᠶᠡᠯᠡᠭᠦᠯᠵᠦ᠂ 2022 ᠣᠨ᠎ᠳᠤ ᠲᠣᠬᠢᠷᠠᠭᠤᠯᠤᠭᠰᠠᠨ 141 ᠲᠣᠮᠣ ᠳᠤᠮᠳᠠ ᠬᠡᠯᠪᠡᠷᠢ ᠵᠢᠨ ᠤᠰᠤᠨ ᠴᠥᠭᠦᠷᠥᠮ ᠪᠠ 3400 ᠵᠢᠵᠢᠭ ᠬᠡᠯᠪᠡᠷᠢ ᠵᠢᠨ ᠤᠰᠤᠨ ᠴᠥᠭᠦᠷᠥᠮ᠎ᠤᠨ ᠠᠶᠤᠯᠬᠦᠢ ᠪᠠᠶ᠋ᠢᠳᠠᠯ᠎ᠢ ᠪᠠᠬᠢᠵᠢᠬᠦᠯᠬᠦ ᠠᠵᠢᠯ᠎ᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠵᠢᠵᠢᠭ ᠬᠡᠯᠪᠡᠷᠢ ᠵᠢᠨ ᠤᠰᠤᠨ ᠴᠥᠭᠦᠷᠥᠮ᠎ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠬᠦᠯᠪᠡ᠃ ᠤᠰᠤᠨ ᠠᠰᠢᠭᠯᠠᠯᠲᠠ ᠵᠢᠨ ᠶᠠᠮᠤᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ᠂ ᠤᠰᠤᠨ ᠴᠥᠭᠦᠷᠥᠮ᠎ᠤᠨ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠪᠠ ᠠᠵᠢᠯᠯᠠᠭ᠋ᠠᠨ᠎ᠢ ᠬᠠᠮᠢᠶᠠᠷᠤᠨ ᠬᠠᠮᠠᠭ᠋ᠠᠯᠠᠬᠤ ᠵᠡᠷᠭᠡ ᠠᠷᠭ᠎ᠠ ᠬᠡᠮᠵᠢᠶ᠎ᠡ ᠵᠢ ᠴᠢᠩᠭ᠋ᠠᠳᠬᠠᠭᠰᠠᠨ᠎ᠤ ᠳᠠᠷᠠᠭ᠎ᠠ᠂ ᠡᠨᠡ ᠵᠢᠯ ᠪᠥᠬᠦ ᠤᠯᠤᠰ᠎ᠲᠤ ᠣᠶ᠋ᠢᠷ᠎ᠠ ᠵᠢᠨ ᠵᠢᠯ᠎ᠤᠳ᠎ᠲᠤ ᠠᠩᠬ᠎ᠠ ᠤᠳᠠᠭ᠎ᠠ ᠤᠰᠤᠨ ᠴᠥᠭᠦᠷᠥᠮ᠎ᠤᠨ 《ᠬᠠᠰᠢᠯᠭ᠎ᠠ ᠵᠢ ᠰᠡᠲᠡᠯᠦᠭᠰᠡᠨ ᠦᠭᠡᠢ》 ᠪᠠᠶ᠋ᠢᠳᠠᠯ᠎ᠢ ᠪᠡᠶᠡᠯᠡᠭᠦᠯᠵᠦ᠂ ᠵᠤᠨ ᠨᠠᠮᠤᠷ᠎ᠤᠨ ᠦᠶᠡᠷ᠎ᠤᠨ ᠪᠠᠶ᠋ᠢᠳᠠᠯ᠂ ᠭᠠᠩ ᠬᠠᠭᠰᠠᠷᠠᠭ᠋ᠠᠨ᠎ᠤ ᠪᠠᠶ᠋ᠢᠳᠠᠯ᠎ᠢ ᠪᠦᠲᠦᠮᠵᠢᠲᠡᠶ ᠠᠷᠭ᠋ᠠᠴᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠭᠰᠠᠨ ᠪᠠᠶ᠋ᠢᠨ᠎ᠠ ᠭᠡᠵᠦ ᠲᠠᠨᠢᠯᠴᠠᠭᠤᠯᠪᠠ᠃

     ᠵᠢᠵᠢᠭ ᠤᠰᠤᠨ ᠴᠥᠭᠦᠷᠥᠮ᠎ᠤᠨ 《ᠶᠡᠭᠡ ᠶᠠᠪᠤᠳᠠᠯ》᠎ᠢ ᠰᠠᠶ᠋ᠢᠲᠤᠷ ᠬᠢᠬᠦ ᠬᠡᠷᠡᠭᠲᠡᠢ᠃

     ᠬᠤᠨᠠᠨ᠎ᠳᠤ ᠣᠳᠣ ᠡᠯ᠎ᠡ ᠲᠥᠷᠥᠯ᠎ᠤᠨ ᠤᠰᠤᠨ ᠴᠥᠭᠦᠷᠥᠮ 13833 ᠪᠠᠶ᠋ᠢᠵᠤ᠂ ᠪᠦᠬᠦ ᠤᠯᠤᠰ᠎ᠤᠨ ᠤᠰᠤᠨ ᠴᠥᠭᠦᠷᠥᠮ᠎ᠤᠨ ᠨᠢᠭᠡᠳᠦᠭᠡᠷ ᠲᠣᠮᠣ ᠮᠤᠵᠢ ᠪᠣᠯᠬᠤ ᠪᠥᠭᠡᠳ ᠡᠭᠦᠨ᠎ᠤ ᠲᠤᠳᠤᠷ᠎ᠠ 90%᠎ᠠᠴᠠ ᠳᠡᠭᠡᠭᠰᠢᠬᠢ᠎ᠨᠢ ᠵᠢᠵᠢᠭ ᠬᠡᠯᠪᠡᠷᠢ ᠵᠢᠨ ᠤᠰᠤᠨ ᠴᠥᠭᠦᠷᠥᠮ ᠪᠣᠯᠣᠨ᠎ᠠ᠃ ᠣᠳᠣᠬᠠᠨ᠎ᠳᠤ᠂ ᠬᠤᠨᠠᠨ᠎ᠤ ᠡᠯ᠎ᠡ ᠭᠠᠵᠠᠷ᠎ᠤᠨ᠎ᠬᠢᠨ ᠶᠠᠭ ᠵᠢᠵᠢᠭ ᠬᠡᠯᠪᠡᠷᠢ ᠵᠢᠨ ᠤᠰᠤᠨ ᠴᠥᠭᠦᠷᠥᠮ᠎ᠤᠨ ᠠᠶᠤᠯᠬᠦᠢ ᠪᠠᠶ᠋ᠢᠳᠠᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ ᠪᠠᠶ᠋ᠢᠨ᠎ᠠ᠃

     ᠬᠤᠨᠠᠨ ᠮᠤᠵᠢ ᠬᠥᠬᠡ ᠮᠥᠷᠡᠨ᠎ᠠᠴᠠ ᠡᠮᠦᠨᠡᠰᠢ ᠪᠠᠶ᠋ᠢᠷᠢᠰᠢᠵᠤ᠂ ᠭᠠᠵᠠᠷ᠎ᠤᠨ ᠭᠠᠳᠠᠷᠭᠤ ᠪᠤᠳᠤᠯᠢᠶᠠᠨᠲᠠᠢ᠂ ᠣᠰᠤᠨ ᠰᠢᠰᠲ᠋ᠧᠮ ᠬᠦᠭᠵᠢᠵᠦ᠂ ᠬᠤᠷ᠎ᠠ ᠲᠤᠨᠤᠳᠠᠰᠤ ᠡᠯᠪᠡᠭ ᠪᠠᠶ᠋ᠢᠵᠤ᠂ ᠦᠶᠡᠷ᠎ᠤᠨ ᠭᠠᠮᠰᠢᠭ ᠠᠮᠠᠷᠬᠠᠨ ᠡᠭᠦᠰᠳᠡᠭ ᠶᠤᠮ᠃ ᠦᠶᠡᠷ᠎ᠤᠨ ᠬᠤᠭᠤᠴᠠᠭ᠋ᠠᠨ᠎ᠳᠤ ᠬᠤᠷ᠎ᠠ ᠲᠤᠨᠳᠠᠰᠤᠨ᠎ᠤ ᠬᠡᠮᠵᠢᠶ᠎ᠡ ᠨᠡᠮᠡᠭᠳᠡᠬᠦ ᠪᠦᠷᠢ ᠵᠢᠵᠢᠭ ᠤᠰᠤᠨ ᠴᠥᠭᠦᠷᠥᠮ᠎ᠳᠤ ᠠᠮᠠᠷᠬᠠᠨ ᠠᠰᠠᠭᠤᠳᠠᠯ ᠡᠭᠦᠰᠳᠡᠭ᠃ ᠡᠭᠦᠨ᠎ᠠᠴᠠ ᠡᠮᠦᠨ᠎ᠡ᠂ ᠬᠠᠰᠢᠯᠭ᠎ᠠ ᠵᠢᠨ ᠠᠩ ᠴᠠᠪᠠ᠂ ᠪᠠᠶ᠋ᠢᠷᠢ ᠰᠢᠯᠵᠢᠬᠦ ᠵᠡᠷᠭᠡ ᠳᠠᠯᠳᠠ ᠬᠡᠮ᠎ᠢ ᠡᠷᠲᠡᠬᠡᠨ 《ᠢᠯᠡᠷᠡᠬᠦᠯᠬᠦ》᠎ᠨᠢ ᠲᠤᠶ᠋ᠢᠯ᠎ᠤᠨ ᠴᠢᠬᠤᠯᠠ ᠶᠤᠮ᠃

     ᠬᠤᠨᠠᠨ᠎ᠤ ᠲᠤᠤ ᠵᠢᠶᠠᠩ ᠰᠢᠶᠠᠨ᠎ᠤ ᠯᠢᠩ ᠱᠠᠨ ᠤᠰᠤᠨ ᠴᠥᠭᠦᠷᠥᠮ ᠪᠣᠯ ᠨᠢᠭᠡ ᠵᠢᠵᠢᠭ ᠬᠡᠯᠪᠡᠷᠢ ᠵᠢᠨ ᠤᠰᠤᠨ ᠴᠥᠭᠦᠷᠥᠮ ᠪᠣᠯᠣᠨ᠎ᠠ᠃ ᠶᠡᠷᠦᠩᠬᠡᠢ ᠴᠥᠭᠦᠷᠥᠮ᠎ᠤᠨ ᠪᠠᠭᠲᠠᠭ᠋ᠠᠮᠵᠢ᠎ᠨᠢ 120 ᠲᠦᠮᠡᠨ ᠪᠣᠰᠤᠭ᠎ᠠ ᠲᠡᠭᠰᠢ ᠳᠥᠷᠪᠡᠯᠵᠢᠨ ᠮᠧᠳ᠋ᠷ ᠪᠠᠶ᠋ᠢᠵᠤ᠂ ᠳᠣᠣᠷᠠᠳᠤ ᠤᠷᠤᠰᠬᠠᠯ᠎ᠤᠨ 5000 ᠮᠦ᠍ ᠲᠤᠲᠤᠷᠭ᠎ᠠ ᠵᠢᠨ ᠲᠠᠷᠢᠶ᠎ᠠ ᠵᠢ ᠤᠰᠤᠯᠠᠬᠤ᠎ᠠᠴᠠ ᠭᠠᠳᠠᠨ᠎ᠠ᠂ ᠪᠠᠰᠠ ᠲᠤᠬᠠᠢ ᠵᠢᠨ ᠭᠠᠵᠠᠷ᠎ᠤᠨ 1000 ᠭᠠᠷᠤᠢ ᠡᠷᠦᠬᠡ᠎ᠲᠠᠢ ᠲᠣᠰᠬᠤᠨ᠎ᠤ ᠠᠷᠠᠳ᠎ᠤᠨ ᠠᠮᠢᠳᠤᠷᠠᠯ᠎ᠤᠨ ᠤᠤᠭᠤᠬᠤ ᠤᠰᠤᠨ᠎ᠤ ᠬᠡᠷᠡᠭᠴᠡᠭᠡ ᠵᠢ ᠬᠠᠩᠭ᠋ᠠᠵᠤ ᠪᠠᠶ᠋ᠢᠳᠠᠭ᠃

     ᠤᠳᠠᠭ᠋ᠠᠨ ᠵᠢᠯ ᠵᠠᠰᠠᠭᠰᠠᠨ ᠦᠭᠡᠢ᠎ᠠᠴᠠ ᠪᠣᠯᠵᠤ᠂ ᠤᠰᠤᠨ ᠴᠥᠭᠦᠷᠥᠮ᠎ᠤᠨ ᠶᠡᠭᠡ ᠬᠠᠰᠢᠯᠭ᠎ᠠ ᠵᠢᠨ ᠨᠡᠪᠴᠢᠵᠦ ᠭᠤᠭᠤᠵᠢᠭᠰᠠᠨ᠎ᠨᠢ ᠬᠦᠨᠳᠦ ᠨᠣᠴᠢᠲᠠᠢ ᠪᠠᠶ᠋ᠢᠪᠠ᠃ ᠣᠶ᠋ᠢᠷ᠎ᠠ ᠵᠢᠨ ᠡᠳᠦᠷ᠎ᠤᠳ᠎ᠲᠤ᠂ ᠲᠤᠬᠠᠢ ᠵᠢᠨ ᠭᠠᠵᠠᠷ᠎ᠤᠨ᠎ᠬᠢᠨ ᠪᠡᠯᠡ ᠣᠷᠣᠭᠤᠯᠤᠯᠲᠠ᠎ᠪᠠᠨ ᠨᠡᠮᠡᠭᠳᠡᠭᠦᠯᠵᠦ᠂ ᠲᠤᠩᠭ᠋ᠠᠯᠠᠭ ᠰᠠᠶ᠋ᠢᠬᠠᠨ ᠴᠠᠭ ᠠᠭᠤᠷ᠎ᠢ ᠠᠮᠵᠢᠨ᠂ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠪᠦᠲᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠨ ᠠᠬᠢᠭᠤᠯᠪᠠ᠃

     ᠬᠤᠨᠠᠨ᠎ᠤ ᠲᠤᠤ ᠵᠢᠶᠠᠩ ᠰᠢᠶᠠᠨ᠎ᠤ ᠯᠢᠩ ᠱᠠᠨ ᠤᠰᠤ ᠬᠠᠩᠭ᠋ᠠᠬᠤ ᠦᠢ᠍ᠯᠡᠳᠪᠦᠷᠢ ᠵᠢᠨ ᠬᠠᠷᠢᠭᠤᠴᠠᠯᠭ᠋ᠠᠲᠠᠨ ᠵᠠᠩ ᠠᠢ ᠵᠢᠶᠦ᠋ᠨ᠄ ᠥᠩᠭᠡᠷᠡᠭᠰᠡᠨ᠎ᠳᠤ ᠯᠢᠩ ᠱᠠᠨ ᠤᠰᠤᠨ ᠴᠥᠭᠦᠷᠥᠮ᠎ᠤᠨ ᠶᠡᠭᠡ ᠬᠠᠰᠢᠯᠭ᠎ᠠ᠎ᠳᠤ ᠤᠰᠤ ᠨᠡᠪᠴᠢᠬᠦ ᠦᠵᠡᠭᠳᠡᠯ ᠲᠤᠶ᠋ᠢᠯ᠎ᠤᠨ ᠬᠦᠨᠳᠦ ᠨᠣᠴᠢᠲᠠᠢ ᠪᠠᠶ᠋ᠢᠵᠤ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠠᠴᠠ ᠶᠡᠭᠡ ᠬᠠᠰᠢᠯᠭ᠎ᠠ᠎ᠳᠤ ᠤᠰᠤ ᠨᠡᠪᠴᠢᠬᠦ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠤᠭᠰᠠᠨ᠎ᠤ ᠲᠠᠷᠠᠭ᠎ᠠ᠂ ᠤᠰᠤᠨ ᠴᠥᠭᠦᠷᠥᠮ᠎ᠤᠨ ᠤᠰᠤ ᠨᠡᠪᠴᠢᠬᠦ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠵᠦ᠂ ᠳᠣᠣᠷᠠᠳᠤ ᠤᠷᠤᠰᠬᠠᠯ᠎ᠤᠨ 1800 ᠭᠠᠷᠤᠢ ᠡᠷᠦᠬᠡ ᠵᠢᠨ ᠠᠮᠢᠳᠤᠷᠠᠯ᠎ᠳᠤ ᠬᠡᠷᠡᠭᠯᠡᠬᠦ ᠤᠰᠤᠨ᠎ᠤ ᠬᠡᠷᠡᠭᠴᠡᠭᠡ ᠵᠢ ᠪᠠᠲᠤᠯᠠᠵᠤ ᠴᠢᠳᠠᠵᠠᠢ᠃

     ᠥᠨᠥ ᠵᠢᠯ ᠬᠤᠨᠠᠨ ᠮᠤᠵᠢ ᠵᠢᠨ᠎ᠬᠢᠨ ᠲᠤᠤ ᠵᠢᠶᠠᠩ ᠰᠢᠶᠠᠨ᠎ᠳᠤ 42 ᠤᠰᠤᠨ ᠴᠥᠭᠦᠷᠥᠮ᠎ᠤᠨ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠡᠭᠦᠷᠭᠡ ᠵᠢ ᠪᠠᠭᠤᠯᠭ᠋ᠠᠵᠤ᠂ 1.077 ᠳ᠋ᠦᠩᠰᠢᠭᠤᠷ ᠲᠥᠭᠦᠷᠢᠭ᠎ᠤᠨ ᠪᠡᠯᠡ ᠣᠷᠤᠭᠤᠯᠪᠠ᠃ ᠣᠳᠤᠬᠠᠨ ᠪᠣᠯᠲᠠᠯ᠎ᠠ᠂ ᠲᠤᠬᠠᠢ ᠵᠢᠨ ᠭᠠᠵᠠᠷ᠎ᠤᠨ᠎ᠬᠢᠨ ᠡᠯ᠎ᠡ ᠤᠰᠤᠨ ᠴᠥᠭᠦᠷᠥᠮ᠎ᠤᠨ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠡᠭᠦᠷᠭᠡ᠎ᠪᠠᠨ ᠦᠨᠳᠦᠰᠦᠨ᠎ᠳᠡᠭᠡᠨ ᠪᠡᠶᠡᠯᠡᠭᠦᠯᠵᠡᠢ᠃

     ᠬᠤᠨᠠᠨ᠎ᠤ ᠲᠤᠤ ᠵᠢᠶᠠᠩ ᠰᠢᠶᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠶᠡᠷᠦᠩᠬᠡᠢ ᠢᠨᠵᠧᠨᠧᠷ ᠬᠤ᠌ ᠵᠢᠨ ᠹᠦ᠋᠄ ᠥᠨᠥ ᠵᠢᠯ ᠡᠳᠡᠭᠡᠷ ᠠᠶᠤᠯ᠎ᠲᠠᠢ ᠤᠰᠤᠨ ᠴᠥᠭᠦᠷᠥᠮ᠎ᠢ ᠵᠠᠰᠠᠬᠤ᠎ᠠᠴᠠ ᠡᠮᠦᠨ᠎ᠡ᠂ ᠬᠠᠳᠠᠭ᠋ᠠᠯᠠᠮᠵᠢ ᠵᠢ ᠬᠢᠵᠠᠭ᠋ᠠᠷᠯᠠᠬᠤ ᠪᠤᠶᠤ ᠬᠤᠭᠤᠰᠤᠨ ᠬᠥᠮᠥᠷᠭᠡ᠎ᠪᠠᠷ ᠠᠵᠢᠯᠯᠠᠵᠤ ᠪᠠᠶ᠋ᠢᠭᠰᠠᠨ᠎ᠠᠴᠠ ᠤᠰᠤᠨ ᠴᠥᠭᠦᠷᠥᠮ᠎ᠤᠨ ᠬᠡᠪ᠎ᠤᠨ ᠦᠷ᠎ᠡ ᠠᠰᠢᠭ᠎ᠢ ᠪᠠᠳᠠᠷᠠᠭᠤᠯᠵᠤ ᠴᠢᠳᠠᠭᠰᠠᠨ ᠦᠭᠡᠢ᠃ ᠠᠶᠤᠯᠭᠦᠢ ᠪᠠᠶ᠋ᠢᠳᠠᠯ᠎ᠢ ᠪᠠᠬᠢᠵᠢᠬᠦᠯᠦᠭᠰᠡᠨ᠎ᠤ ᠳᠠᠷᠠᠭ᠎ᠠ᠂ ᠡᠲᠡᠭᠡᠷ ᠤᠰᠤᠨ ᠴᠥᠭᠦᠷᠥᠮ᠎ᠨᠢ ᠴᠥᠮ ᠵᠢᠷᠤᠵᠤ ᠲᠥᠯᠥᠪᠯᠡᠭᠰᠡᠨ ᠴᠥᠭᠦᠷᠥᠮ᠎ᠤᠨ ᠪᠠᠭᠲᠠᠭ᠋ᠠᠮᠵᠢ ᠵᠢᠨ ᠬᠡᠪ᠎ᠤᠨ ᠶᠣᠰᠣᠭ᠋ᠠᠷ ᠤᠰᠤ ᠬᠠᠳᠠᠭ᠋ᠠᠯᠠᠵᠤ᠂ ᠲᠤᠤ ᠵᠢᠶᠠᠩ ᠮᠥᠷᠡᠨ᠎ᠤ ᠲᠠᠷᠢᠶᠠᠯᠠᠩ᠎ᠤᠨ ᠦᠢ᠍ᠯᠡᠳᠪᠦᠷᠢᠯᠡᠯ ᠪᠠ ᠬᠥᠳᠡᠭᠡ ᠲᠣᠰᠬᠤᠨ᠎ᠤ ᠠᠮᠤᠷ ᠲᠦᠪᠰᠢᠨ ᠵᠶ᠋ᠠᠷ ᠤᠰᠤ ᠬᠡᠷᠡᠭᠯᠡᠬᠦ᠎ᠳᠤ ᠨᠠᠶ᠋ᠢᠳᠠᠪᠤᠷᠢᠲᠠᠢ ᠪᠠᠲᠤᠯᠠᠭ᠎ᠠ ᠬᠠᠩᠭ᠋ᠠᠵᠤ᠂ ᠪᠠᠲᠠᠷᠠᠭᠤᠯᠪᠠᠰᠤ ᠵᠣᠬᠢᠬᠤ ᠦᠷ᠎ᠡ ᠠᠰᠢᠭ ᠵᠶ᠋ᠠᠨ ᠪᠠᠳᠠᠷᠠᠭᠤᠯᠵᠤ ᠪᠠᠶ᠋ᠢᠨ᠎ᠠ᠃

     ᠣᠳᠣᠬᠠᠨ ᠪᠣᠯᠲᠠᠯ᠎ᠠ᠂ ᠬᠤᠨᠠᠨ ᠮᠤᠵᠢ ᠵᠢᠨ᠎ᠬᠢᠨ ᠠᠭᠤᠯᠠᠨ ᠦᠶᠡᠷ᠎ᠤᠨ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠦᠷᠳᠡᠭᠡ ᠵᠢ 3869 ᠪᠠᠶ᠋ᠢᠭᠤᠯᠵᠤ᠂ ᠪᠠᠭ᠎ᠠ ᠬᠡᠯᠪᠡᠷᠢ ᠵᠢᠨ ᠤᠰᠤᠨ ᠴᠥᠭᠦᠷᠥᠮ᠎ᠤᠨ ᠪᠣᠷᠣᠭ᠋ᠠᠨ᠎ᠤ ᠪᠠᠶ᠋ᠢᠳᠠᠯ᠎ᠢ ᠬᠡᠮᠵᠢᠨ ᠮᠡᠳᠡᠬᠦᠯᠬᠦ ᠥᠷᠲᠡᠭᠡ 2430᠂ ᠶᠡᠭᠡ ᠬᠠᠰᠢᠯᠭ᠎ᠠ ᠵᠢᠨ ᠠᠮᠤᠷ ᠲᠦᠪᠰᠢᠨ᠎ᠤ ᠬᠢᠨᠠᠨ ᠬᠡᠮᠵᠢᠬᠦ ᠥᠷᠲᠡᠭᠡ 627 ᠪᠠᠶ᠋ᠢᠭᠤᠯᠵᠤ᠂ ᠪᠠᠭ᠎ᠠ ᠬᠡᠯᠪᠡᠷᠢ ᠵᠢᠨ ᠤᠰᠤᠨ ᠴᠥᠭᠦᠷᠥᠮ᠎ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠲᠠᠰᠤᠷᠠᠯᠳᠡ ᠦᠭᠡᠢ ᠲᠡᠭᠡᠭᠰᠢᠯᠡᠬᠦᠯᠵᠦ ᠪᠠᠶ᠋ᠢᠨ᠎ᠠ᠃ ᠡᠭᠦᠨ᠎ᠤ ᠬᠠᠮᠲᠤ᠂ ᠲᠣᠰ ᠵᠢᠯ᠎ᠳᠤ ᠪᠡᠶᠡᠯᠡᠭᠦᠯᠬᠦ᠎ᠪᠠᠷ ᠲᠥᠯᠥᠪᠯᠡᠵᠦ ᠪᠠᠶ᠋ᠢᠭ᠎ᠠ 4584 ᠪᠣᠷᠣᠭ᠋ᠠᠨ᠎ᠤ ᠤᠰᠤᠨ᠎ᠤ ᠪᠠᠶ᠋ᠢᠳᠠᠯ᠎ᠢ ᠬᠡᠮᠵᠢᠨ ᠮᠡᠳᠡᠭᠦᠯᠬᠦ ᠥᠷᠲᠡᠭᠡ ᠪᠠ 1700 ᠶᠡᠭᠡ ᠬᠠᠰᠢᠯᠭ᠎ᠠ ᠵᠢᠨ ᠠᠮᠤᠷ ᠲᠦᠪᠰᠢᠨ᠎ᠢ ᠬᠢᠨᠠᠨ ᠬᠡᠮᠵᠢᠬᠦ ᠥᠷᠲᠡᠭᠡ ᠴᠢᠭ᠎ᠢ ᠪᠦᠲᠦᠭᠡᠨ ᠪᠠᠶ᠋ᠢᠭᠤᠯᠬᠤ ᠠᠵᠢᠯ ᠢᠳᠡ ᠬᠦᠭ᠎ᠲᠠᠢ ᠶᠠᠪᠤᠭᠳᠠᠵᠤ᠂ ᠵᠢᠯ᠎ᠤᠨ ᠡᠴᠦᠰ᠎ᠲᠤ ᠦᠨᠳᠦᠰᠦᠨ᠎ᠳᠡᠭᠡᠨ ᠪᠠᠷᠢᠯᠭ᠎ᠠ ᠲᠠᠭᠤᠰᠴᠤ᠂ ᠢᠷᠡᠬᠦ ᠵᠢᠯ᠎ᠤᠨ ᠦᠶᠡᠷ᠎ᠠᠴᠠ ᠡᠮᠦᠨ᠎ᠡ ᠠᠰᠢᠭᠯᠠᠯᠲᠠ᠎ᠳᠤ ᠣᠷᠣᠭᠤᠯᠬᠤ᠎ᠪᠠᠷ ᠲᠥᠯᠥᠪᠯᠡᠵᠦ ᠪᠠᠶ᠋ᠢᠨ᠎ᠠ᠃

     ᠤᠰᠤᠨ ᠴᠥᠭᠦᠷᠥᠮ᠎ᠤᠨ 《ᠣᠶᠤᠨᠴᠢᠯᠠᠭᠰᠠᠨ》 ᠬᠢᠷᠢ ᠲᠦᠪᠰᠢᠨ᠎ᠢ ᠳᠡᠭᠡᠭᠰᠢᠯᠡᠭᠦᠯᠵᠦ ᠤᠰᠤᠯᠠᠯᠲᠠ ᠵᠢᠨ ᠤᠰᠤ ᠬᠡᠷᠡᠭᠯᠡᠬᠦ ᠵᠢ ᠪᠠᠲᠤᠯᠠᠪᠠ᠃

     ᠵᠢᠶᠠᠩᠰᠢ᠎ᠳᠤ᠂ ᠲᠤᠬᠠᠢ ᠵᠢᠨ ᠭᠠᠵᠠᠷ᠎ᠤᠨ᠎ᠬᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠤᠰᠤᠨ ᠴᠥᠭᠦᠷᠥᠮ᠎ᠤᠨ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠵᠢ ᠲᠦᠷᠭᠡᠳᠬᠡᠨ ᠠᠬᠢᠭᠤᠯᠵᠤ᠂ ᠤᠰᠤ ᠵᠠᠰᠠᠬᠤ ᠵᠢ ᠨᠠᠩ ᠰᠢᠨᠵᠢᠯᠡᠬᠦ ᠤᠬᠠᠭ᠋ᠠᠨᠴᠢ᠂ ᠨᠠᠩ ᠣᠶᠤᠨᠯᠢᠭ᠂ ᠨᠠᠩ ᠥᠨᠳᠥᠷ ᠪᠦᠲᠦᠮᠵᠢᠲᠡᠶ ᠪᠣᠯᠭ᠋ᠠᠵᠤ᠂ ᠪᠥᠬᠦ ᠲᠠᠯ᠎ᠠ᠎ᠪᠠᠷ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢ ᠵᠢ ᠪᠠᠬᠢᠵᠢᠭᠦᠯᠪᠡ᠃

     ᠵᠢᠶᠠᠩᠰᠢ ᠪᠣᠯ ᠪᠦᠬᠦ ᠤᠯᠤᠰ᠎ᠤᠨ ᠤᠰᠤᠨ ᠴᠥᠭᠦᠷᠥᠮ᠎ᠤᠨ ᠲᠣᠮᠣ ᠮᠤᠵᠢ ᠮᠥᠨ᠂ ᠬᠡᠳᠦᠨ ᠲᠦᠮᠡᠨ ᠵᠢᠵᠢᠭ ᠬᠡᠯᠪᠡᠷᠢ ᠵᠢᠨ ᠤᠰᠤᠨ ᠴᠥᠭᠦᠷᠥᠮ ᠪᠠᠶ᠋ᠢᠵᠤ᠂ ᠰᠠᠭᠤᠷᠢ ᠲᠤᠭ᠎ᠠ᠎ᠨᠢ ᠶᠡᠭᠡ᠂ ᠡᠮᠵᠡᠭ ᠠᠶᠤᠯ᠎ᠨᠢ ᠠᠷᠪᠢᠨ᠂ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠡᠭᠦᠷᠭᠡ ᠬᠦᠨᠳᠦ᠂ ᠬᠠᠮᠢᠶᠠᠷᠤᠯᠲᠠ᠎ᠨᠢ ᠬᠦᠴᠢᠷᠲᠡᠢ ᠪᠥᠭᠡᠳ ᠪᠠᠰᠠ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠲᠠᠷᠢᠶᠠᠯᠠᠩ᠎ᠤᠨ ᠦᠢ᠍ᠯᠡᠳᠪᠦᠷᠢᠯᠡᠯ ᠤᠰᠤᠯᠠᠯᠲᠠ ᠵᠢ ᠪᠠᠲᠤᠯᠠᠬᠤ ᠵᠡᠷᠭᠡ ᠲᠤᠲᠠᠭᠳᠠᠵᠤ ᠪᠣᠯᠣᠰᠢ ᠦᠭᠡᠢ ᠴᠢᠳᠠᠪᠤᠷᠢ ᠵᠢ ᠡᠭᠦᠷᠭᠡᠯᠡᠵᠦ ᠪᠠᠶ᠋ᠢᠳᠠᠭ᠃

     ᠶᠡᠷᠦᠩᠬᠡᠢ ᠬᠤᠷᠢᠶᠠᠨ᠎ᠤ ᠰᠤᠷᠪᠤᠯᠵᠢᠯᠠᠭᠴᠢ ᠹᠠᠨ ᠼᠦᠨ ᠪᠦᠦ᠄ ᠵᠢᠶᠠᠩᠰᠢ ᠮᠤᠵᠢ ᠵᠢᠨ ᠰᠢᠨ ᠢᠦᠢ ᠬᠤᠲᠠ ᠵᠢᠨ ᠯᠦᠩ ᠮᠧᠨ ᠺᠸᠦ ᠤᠰᠤᠨ ᠴᠥᠭᠦᠷᠥᠮ᠎ᠤᠨ ᠮᠡᠳᠡᠭᠡ ᠵᠠᠩᠭᠢᠵᠢᠯᠲᠠ ᠵᠢᠨ ᠲᠣᠬᠢᠷᠠᠭᠤᠯᠤᠯᠲᠠ ᠵᠢᠨ ᠲᠠᠰᠤᠭ᠎ᠲᠤ᠂ ᠤᠰᠤᠨ ᠴᠥᠭᠦᠷᠥᠮ᠎ᠤᠨ ᠡᠷᠭᠢᠨ ᠲᠣᠭᠤᠷᠢᠨ᠎ᠳᠤ ᠪᠤᠯᠠᠵᠤ ᠲᠠᠭ᠋ᠠᠷᠠᠭᠤᠯᠤᠭᠰᠠᠨ 60 ᠭᠠᠷᠤᠢ ᠵᠦᠢ᠍ᠯ᠎ᠤᠨ ᠣᠶᠤᠨᠴᠢᠯᠠᠭᠰᠠᠨ ᠬᠢᠨᠠᠨ ᠬᠡᠮᠵᠢᠬᠦ ᠲᠥᠬᠦᠭᠡᠷᠦᠮᠵᠢ᠂ ᠤᠰᠤᠨ ᠴᠥᠭᠦᠷᠥᠮ᠎ᠤᠨ ᠤᠰᠤᠨ ᠲᠦᠪᠰᠢᠨ᠂ ᠪᠠᠭᠲᠠᠭ᠋ᠠᠮᠵᠢ᠂ ᠬᠥᠮᠥᠷᠭᠡ᠎ᠳᠤ ᠣᠷᠣᠭᠤᠯᠬᠤ ᠤᠷᠤᠰᠬᠠᠯ᠎ᠤᠨ ᠬᠡᠮᠵᠢᠶ᠎ᠡ ᠵᠡᠷᠭᠡ ᠮᠡᠳᠡᠭᠡ ᠵᠠᠩᠭᠢ ᠵᠢ ᠴᠥᠮ ᠮᠡᠳᠡᠭᠡ ᠵᠠᠩᠭᠢᠵᠢᠯᠲᠠ ᠵᠢᠨ ᠲᠠᠪᠴᠠᠩ᠎ᠳᠤ ᠲᠥᠪᠯᠡᠷᠡᠬᠦᠯᠪᠡ᠃ ᠠᠵᠢᠯᠲᠠᠳ ᠵᠥᠪᠬᠡᠨ ᠬᠤᠯᠤᠭ᠋ᠠᠨᠠᠴᠢᠷ ᠵᠶ᠋ᠠᠨ ᠲᠠᠷᠤᠪᠠᠯ᠂ ᠲᠠᠪᠴᠠᠩ᠎ᠨᠢ ᠤᠰᠤᠨ ᠴᠥᠭᠦᠷᠥᠮ᠎ᠤᠨ ᠬᠠᠭ᠋ᠠᠯᠭ᠎ᠠ ᠵᠢ ᠠᠤᠳ᠋ᠴᠢᠯᠠᠨ᠂ ᠤᠰᠤᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠢ᠎ᠪᠠᠷ ᠲᠤᠬᠢᠷᠠᠭᠤᠯᠳᠠᠭ᠃

     ᠯᠦᠩ ᠮᠧᠨ ᠺᠸᠦ ᠤᠰᠤᠨ ᠴᠥᠭᠦᠷᠥᠮ ᠪᠣᠯ ᠤᠰᠤᠯᠠᠯᠲᠠ᠎ᠪᠠᠷ ᠭᠤᠣᠯ ᠪᠣᠯᠭ᠋ᠠᠵᠤ᠂ ᠦᠶᠡᠷ᠎ᠢ ᠰᠡᠷᠭᠡᠶ᠋ᠢᠯᠡᠬᠦ ᠵᠡᠷᠭᠡ ᠶᠡᠷᠦᠩᠬᠡᠶ᠋ᠢᠯᠡᠭᠰᠡᠨ ᠦᠷ᠎ᠡ ᠠᠰᠢᠭ᠎ᠢ ᠬᠠᠮᠲᠤ᠎ᠳᠤᠨᠢ ᠬᠠᠷᠠᠭ᠋ᠠᠯᠵᠠᠭᠰᠠᠨ ᠳᠤᠮᠳᠠ ᠬᠡᠯᠪᠡᠷᠢ ᠵᠢᠨ ᠤᠰᠤᠨ ᠴᠥᠭᠦᠷᠥᠮ ᠪᠣᠯᠣᠨ᠎ᠠ᠃ ᠡᠨᠡ ᠬᠦ᠌ ᠤᠰᠤᠨ ᠴᠥᠭᠦᠷᠥᠮ᠎ᠳᠤ ᠬᠠᠰᠢᠯᠭ᠎ᠠ ᠵᠢᠨ ᠪᠠᠯ ᠵᠢᠴᠢ ᠬᠠᠰᠢᠯᠭ᠎ᠠ ᠵᠢᠨ ᠴᠣᠭᠴᠠ᠂ ᠬᠠᠰᠢᠯᠭ᠎ᠠ ᠵᠢᠨ ᠰᠠᠭᠤᠷᠢ ᠵᠢᠨ ᠨᠡᠪᠴᠢᠯᠲᠡ ᠵᠢ ᠰᠡᠷᠭᠡᠶ᠋ᠢᠯᠡᠨ ᠪᠠᠬᠢᠯᠡᠬᠦ ᠪᠠ ᠦᠶᠡᠷ ᠪᠢᠯᠬᠠᠬᠤ ᠵᠠᠮ᠂ ᠦᠶᠡᠷ ᠵᠠᠯᠠᠬᠤ ᠰᠤᠪᠠᠭ᠂ ᠤᠰᠤ ᠲᠠᠲᠠᠬᠤ ᠨᠦᠬᠡᠨ ᠵᠠᠮ᠎ᠢ ᠵᠠᠰᠠᠭᠰᠠᠨ᠎ᠤ ᠬᠠᠮᠲᠤ ᠪᠠᠰᠠ ᠤᠰᠤᠨ ᠴᠥᠭᠦᠷᠥᠮ ᠪᠠ ᠢᠵᠢ ᠪᠦᠷᠢᠳᠦᠭᠦᠯᠬᠦ ᠤᠰᠤᠯᠠᠯᠲᠠ ᠵᠢᠨ ᠰᠤᠪᠠᠭ᠎ᠤᠨ ᠮᠡᠳᠡᠭᠡ ᠵᠠᠩᠭᠢᠵᠢᠯᠲᠠ ᠵᠢᠨ ᠥᠭᠡᠷᠡᠴᠢᠯᠡᠯᠲᠡ ᠬᠢᠭᠰᠡᠨ ᠪᠠᠶ᠋ᠢᠨ᠎ᠠ᠃ ᠳᠡᠭᠡᠳᠦ ᠤᠷᠤᠰᠬᠠᠯ᠎ᠤᠨ 《ᠤᠰᠤᠨ ᠭᠠᠩ》 ᠳᠦᠭᠦᠷᠴᠦ᠂ ᠳᠣᠣᠷᠠᠳᠤ ᠤᠷᠤᠰᠬᠠᠯ᠎ᠤᠨ ᠤᠰᠤᠯᠠᠯᠲᠠ ᠵᠢᠨ ᠣᠷᠣᠨ᠎ᠤ ᠢᠷᠤᠭ᠋ᠠᠷ᠎ᠤᠨ ᠬᠡᠢ ᠴᠦ᠍ ᠭᠦᠢ᠍ᠴᠡᠳ ᠪᠣᠯᠪᠠ᠃ ᠵᠤᠨ ᠨᠠᠮᠤᠷ ᠡᠪᠦᠯ ᠵᠠᠯᠭ᠋ᠠᠯᠳᠤᠨ ᠭᠠᠩᠳᠠᠭᠰᠠᠨ᠎ᠤ ᠳᠠᠷᠠᠭ᠎ᠠ᠂ ᠤᠰᠤᠨ ᠴᠥᠭᠦᠷᠥᠮ᠎ᠨᠢ ᠪᠣᠷᠣᠭ᠋ᠠᠨ᠎ᠤ ᠤᠰᠤᠨ᠎ᠤ ᠪᠠᠶ᠋ᠢᠳᠠᠯ᠎ᠢ ᠲᠥᠰᠥᠭᠡᠯᠡᠬᠦ ᠰᠢᠰᠲ᠋ᠧᠮ᠎ᠳᠤ ᠲᠦᠰᠢᠭᠯᠡᠨ᠂ ᠢᠯᠡᠭᠦᠦ ᠵᠠᠭᠤᠨ ᠲᠦᠮᠡᠨ ᠪᠣᠰᠤᠭ᠎ᠠ ᠳᠥᠷᠪᠡᠯᠵᠢᠨ ᠮᠧᠳ᠋ᠷ ᠤᠰᠤ ᠬᠠᠳᠠᠭ᠋ᠠᠯᠠᠵᠤ᠂ ᠳᠣᠣᠷᠠᠳᠤ ᠤᠷᠤᠰᠬᠠᠯ᠎ᠤᠨ 2 ᠲᠦᠮᠡᠨ ᠮᠦ᠍ ᠲᠠᠷᠢᠶᠠᠨ ᠭᠠᠵᠠᠷ᠎ᠤᠨ ᠪᠦᠲᠦᠮᠵᠢᠲᠡᠶ ᠤᠰᠤᠯᠠᠯᠲᠠ ᠵᠢᠨ ᠤᠰᠤ ᠬᠡᠷᠡᠭᠯᠡᠬᠦ ᠵᠢ ᠪᠠᠲᠤᠯᠠᠭᠰᠠᠨ ᠪᠠᠶ᠋ᠢᠨ᠎ᠠ᠃

     ᠥᠨᠥ ᠵᠢᠯ᠎ᠠᠴᠠ ᠨᠠᠰᠢ᠂ ᠵᠢᠶᠠᠩᠰᠢ ᠵᠢᠨ ᠮᠤᠵᠢ ᠵᠢᠨ ᠱᠠᠲᠤᠨ᠎ᠠᠴᠠ ᠳᠡᠭᠡᠭᠰᠢᠬᠢ ᠤᠰᠤᠨ ᠴᠥᠭᠦᠷᠥᠮ᠎ᠤᠨ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠪᠡᠯᠡ ᠮᠥᠩᠭᠦ ᠵᠢ 29.47 ᠳ᠋ᠦᠩᠰᠢᠭᠤᠷ ᠲᠥᠭᠦᠷᠢᠭ ᠪᠤᠲᠠᠲᠠᠶ᠋ᠢᠵᠢᠭᠤᠯᠬᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ 1664 ᠤᠰᠤᠨ ᠴᠥᠭᠦᠷᠥᠮ᠎ᠤᠨ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠥᠷᠨᠢᠭᠦᠯᠪᠡ᠃

     ᠵᠢᠶᠠᠩᠰᠢ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠎ᠤᠨ ᠪᠦᠲᠦᠭᠡᠨ ᠪᠠᠶ᠋ᠢᠭᠤᠯᠤᠯᠲᠠ ᠪᠣᠯᠣᠨ ᠬᠠᠮᠢᠶᠠᠷᠤᠯᠲᠠ ᠵᠢᠨ ᠭᠠᠵᠠᠷ᠎ᠤᠨ ᠳᠡᠳ᠋ ᠳᠠᠷᠤᠭ᠎ᠠ ᠫᠧᠩ ᠰᠢᠶᠣᠣ ᠪᠢᠨ᠄ ᠡᠨᠡ ᠤᠳᠠᠭ᠋ᠠᠨ᠎ᠤ ᠠᠶᠤᠯᠬᠦᠢ ᠵᠢᠨ ᠭᠡᠮ ᠰᠤᠭᠤᠭ᠎ᠢ ᠠᠷᠢᠯᠭ᠋ᠠᠨ ᠪᠠᠬᠢᠵᠬᠦᠯᠬᠦ᠎ᠪᠠᠷ ᠳᠠᠮᠵᠢᠭᠤᠯᠤᠨ᠂ ᠪᠦᠬᠦ ᠮᠤᠵᠢ ᠵᠢᠨ ᠤᠰᠤᠨ ᠴᠥᠭᠦᠷᠥᠮ᠎ᠤᠨ ᠰᠢᠩ ᠯᠢ ᠴᠥᠭᠦᠷᠥᠮ᠎ᠤᠨ ᠪᠠᠭᠲᠠᠭ᠋ᠠᠮᠵᠢ ᠵᠢ 8.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠰᠡᠷᠭᠦᠭᠡᠵᠦ᠂ ᠤᠰᠤᠯᠠᠯᠲᠠ ᠵᠢᠨ ᠲᠠᠯᠠᠪᠠᠶ ᠵᠢ 80 ᠲᠦᠮᠡ ᠰᠢᠬᠠᠮ ᠮᠦ᠍ ᠰᠠᠶ᠋ᠢᠵᠢᠷᠠᠭᠤᠯᠵᠤ᠂ ᠤᠰᠤᠨ ᠴᠥᠭᠦᠷᠥᠮ᠎ᠤᠨ ᠤᠰᠤ ᠬᠠᠳᠠᠭ᠋ᠠᠯᠠᠬᠤ ᠴᠢᠳᠠᠪᠤᠷᠢ ᠵᠢ ᠪᠦᠲᠦᠮᠵᠢᠲᠡᠶ᠎ᠪᠠᠷ ᠳᠡᠭᠡᠭᠰᠢᠯᠡᠭᠦᠯᠵᠦ᠂ ᠤᠤᠯ᠎ᠤᠨ ᠠᠶᠤᠯ ᠭᠡᠮ᠎ᠲᠠᠢ ᠤᠰᠤᠨ ᠴᠥᠭᠦᠷᠥᠮ᠎ᠨᠢ ᠴᠦ᠍ 《ᠰᠡᠳᠬᠢᠯ᠎ᠤᠨ ᠵᠣᠪᠠᠯᠠᠩ》᠎ᠠᠴᠠ᠎ᠪᠠᠨ ᠭᠠᠩ ᠬᠠᠭᠰᠠᠷᠠᠭ᠋ᠠᠨ᠎ᠢ ᠡᠰᠡᠷᠭᠦᠴᠡᠬᠦ ᠪᠠᠲᠤᠯᠠᠭ᠎ᠠ ᠪᠣᠯᠤᠭᠰᠠᠨ ᠪᠠᠶ᠋ᠢᠨ᠎ᠠ᠃

     ᠪᠦᠷᠢᠳᠬᠡᠯ᠎ᠢ ᠦᠨᠳᠦᠰᠦᠯᠡᠪᠡᠯ᠂ ᠵᠢᠶᠠᠩᠰᠢ ᠮᠤᠵᠢ ᠡᠨᠡ ᠵᠢᠯ ᠫᠦᠸᠧ ᠶᠠᠩ ᠬᠤ᠌ ᠨᠠᠭᠤᠷ᠎ᠤᠨ ᠤᠰᠤᠨ ᠴᠥᠭᠦᠷᠥᠮ᠎ᠤᠨ ᠰᠦᠷᠦᠭᠵᠢᠯ᠎ᠤᠨ ᠭᠠᠩ ᠬᠠᠭᠰᠠᠷᠠᠭ᠋ᠠᠨ᠎ᠲᠠᠢ ᠲᠡᠮᠡᠴᠡᠵᠦ ᠤᠰᠤ ᠬᠠᠩᠭ᠋ᠠᠬᠤ ᠵᠢ ᠪᠠᠲᠤᠯᠠᠬᠤ ᠬᠠᠮᠲᠤᠷᠠᠭᠰᠠᠨ ᠲᠤᠰᠬᠠᠢ ᠠᠵᠢᠯᠯᠠᠭ᠎ᠠ ᠵᠢᠨ ᠳᠤᠮᠳᠠ᠂ 36 ᠲᠣᠮᠣ ᠳᠤᠮᠳᠠ ᠬᠡᠯᠪᠡᠷᠢ ᠵᠢᠨ ᠤᠰᠤᠨ ᠴᠥᠭᠦᠷᠥᠮ᠎ᠨᠢ ᠳᠣᠣᠷᠠᠳᠤ ᠤᠷᠤᠰᠬᠠᠯ᠎ᠳᠤ 27.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠤᠰᠤ ᠨᠥᠬᠦᠪᠦᠷᠢᠯᠡᠵᠦ᠂ ᠭᠤᠣᠯ ᠳᠠᠭ᠋ᠠᠤ ᠵᠢᠨ ᠬᠤᠶᠠᠷ ᠡᠷᠭᠢ ᠵᠢᠴᠢ ᠨᠠᠭᠤᠷ᠎ᠤᠨ ᠣᠷᠣᠨ᠎ᠤ 950 ᠲᠦᠮᠡᠨ ᠬᠥᠮᠥᠨ᠂ 650 ᠲᠦᠮᠡᠨ ᠮᠦ᠍ ᠲᠠᠷᠢᠶᠠᠨ ᠭᠠᠵᠠᠷ᠎ᠤᠨ ᠤᠰᠤ ᠬᠡᠷᠡᠭᠯᠡᠬᠦ ᠬᠡᠷᠡᠭᠴᠡᠭᠡ ᠵᠢ ᠬᠦᠴᠦᠲᠡᠢ ᠪᠠᠲᠤᠯᠠᠵᠤ᠂ ᠵᠢᠶᠠᠩᠰᠢ ᠵᠢᠨ ᠠᠮᠤ ᠪᠤᠳᠠᠭ᠋ᠠᠨ᠎ᠤ ᠶᠡᠷᠦᠩᠬᠡᠢ ᠤᠨᠠᠯᠲᠠ ᠵᠢ 430 ᠳ᠋ᠦᠩᠰᠢᠭᠤᠷ ᠵᠢᠩ᠎ᠠᠴᠠ ᠳᠡᠭᠡᠭᠰᠢ ᠬᠡᠮᠵᠢᠶᠡᠨ᠎ᠳᠤ ᠲᠣᠭᠲᠠᠭᠤᠨ ᠪᠠᠶ᠋ᠢᠯᠭ᠋ᠠᠬᠤ ᠵᠢ ᠦᠨᠡᠨ ᠬᠦ᠌ ᠪᠠᠲᠤᠯᠠᠭᠰᠠᠨ ᠪᠠᠶ᠋ᠢᠨ᠎ᠠ᠃

     ᠣᠳᠣᠬᠠᠨ ᠪᠣᠯᠲᠠᠯ᠎ᠠ᠂ ᠵᠢᠶᠠᠩᠰᠢ ᠵᠢᠨ ᠨᠢᠭᠡᠨᠲᠡ ᠪᠠᠷᠢᠯᠭ᠎ᠠ ᠡᠬᠢᠯᠡᠭᠦᠯᠦᠨ ᠪᠠᠶ᠋ᠢᠭᠤᠯᠤᠭᠰᠠᠨ 1664 ᠠᠶᠤᠯ ᠭᠡᠮ᠎ᠲᠠᠢ ᠤᠰᠤᠨ ᠴᠥᠭᠦᠷᠥᠮ᠎ᠤᠨ ᠳᠣᠲᠣᠷ᠎ᠠ᠂ 34 ᠲᠣᠮᠣ ᠳᠤᠮᠳᠠ ᠬᠡᠯᠪᠡᠷᠢ ᠵᠢᠨ ᠤᠰᠤᠨ ᠴᠥᠭᠦᠷᠥᠮ ᠪᠠᠶ᠋ᠢᠵᠤ᠂ 1617 ᠵᠢᠵᠢᠭ ᠬᠡᠯᠪᠡᠷᠢ ᠵᠢᠨ ᠤᠰᠤᠨ ᠴᠥᠭᠦᠷᠥᠮ᠎ᠤᠨ ᠭᠤᠣᠯ ᠴᠣᠭᠴᠠ ᠵᠢ ᠨᠢᠭᠡᠨᠲᠡ ᠪᠠᠷᠢᠵᠤ ᠳᠠᠭᠤᠰᠬᠠᠪᠠ᠃

 

ᠢᠷᠡᠯᠲᠡ᠄ ᠲᠥᠪ ᠷᠠᠳᠢᠤ᠋ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ ᠵᠢᠨ ᠲᠥᠪ ᠲᠧᠯᠸᠢᠰ᠄ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠦᠭᠰᠡᠨ ᠵᠢᠷᠭᠤᠭ᠋ᠠᠨ ᠵᠢᠯ᠎ᠳᠤ ᠮᠠᠨ᠎ᠤ ᠤᠯᠤᠰ᠎ᠤᠨ ᠭᠤᠣᠯ ᠮᠥᠷᠡᠨ ᠨᠠᠭᠤᠷ ᠴᠥᠭᠦᠷᠥᠮ᠎ᠤᠨ ᠪᠠᠶ᠋ᠢᠳᠠᠯ ᠲᠡᠦᠬᠡᠲᠦ ᠴᠢᠨᠠᠷᠲᠠᠢ ᠬᠤᠪᠢᠷᠠᠯᠲᠠ ᠭᠠᠷᠪᠠ
ᠤᠯᠤᠰ᠎ᠤᠨ ᠣᠣᠭᠤᠬᠤ ᠤᠰᠤᠨ᠎ᠤ ᠠᠶᠦᠯᠬᠦᠢ ᠵᠢᠨ ᠪᠠᠲᠤᠯᠠᠭ᠎ᠠ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠵᠢ ᠯᠠᠪᠳᠠᠭᠤᠨ ᠵᠶ᠋ᠠᠷ ᠠᠬᠢᠭᠤᠯᠬᠤ᠎ᠳᠤ ᠬᠦᠴᠦᠨ ᠨᠡᠮᠡᠷᠢᠯᠡᠬᠦ᠎ᠪᠠᠷ ᠪᠠᠶ᠋ᠢᠨ᠎ᠠ
ᠠᠵᠤ ᠠᠬᠤᠶ ᠵᠢᠨ ᠡᠳᠦᠷ᠎ᠤᠨ ᠰᠣᠨᠢᠨ᠄ ᠬᠠᠮᠵᠢᠯᠴᠠᠨ ᠤᠰᠤ ᠵᠠᠰᠠᠬᠤ ᠪᠠᠶ᠋ᠢᠳᠠᠯ᠎ᠢ ᠲᠦᠷᠭᠡᠪᠴᠢᠯᠡᠨ ᠪᠣᠶ ᠪᠣᠯᠭ᠋ᠠᠨ᠎ᠠ
ᠰᠢᠨᠬᠤᠸᠠ ᠰᠦᠯᠵᠢᠶ᠎ᠡ᠄ ᠵᠢᠷᠭᠤᠭ᠋ᠠᠨ ᠰᠠᠯᠠᠭ᠎ᠠ ᠮᠥᠴᠢᠷ᠎ᠤᠨ᠎ᠬᠢᠨ 78 ᠬᠤᠲᠠ᠎ᠲᠠᠢ ᠬᠤᠯᠪᠤᠭ᠋ᠠᠯᠠᠨ ᠨᠡᠶ᠋ᠢᠲᠡᠯᠢᠭ ᠭᠠᠵᠠᠷ ᠤᠷᠤᠨ᠎ᠤ ᠲᠠᠬᠢᠯᠲᠠ ᠤᠰᠤᠨ ᠠᠰᠢᠭᠯᠠᠯᠲᠠ ᠵᠢᠨ ᠲᠤᠬᠢᠷᠠᠭᠤᠯᠤᠯᠲᠠ ᠵᠢᠨ ᠲᠤᠷᠰᠢᠯᠲᠠ ᠵᠢ ᠬᠠᠮᠳᠤᠷᠠᠨ ᠥᠷᠨᠢᠬᠦᠯᠪᠡ
ᠠᠷᠠᠳ᠎ᠤᠨ ᠡᠳᠦᠷ᠎ᠤᠨ ᠰᠣᠨᠢᠨ᠄ ᠨᠢᠳᠤᠨᠤᠨ ᠪᠥᠬᠥ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠭᠰᠠᠨ ᠲᠠᠯᠠᠪᠠᠶ 6.3 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠪᠡ
 
            