ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠵᠤ ᠠᠬᠤᠶ ᠵᠢᠨ ᠡᠳᠦᠷ᠎ᠤᠨ ᠰᠣᠨᠢᠨ᠄ ᠬᠠᠮᠵᠢᠯᠴᠠᠨ ᠤᠰᠤ ᠵᠠᠰᠠᠬᠤ ᠪᠠᠶ᠋ᠢᠳᠠᠯ᠎ᠢ ᠲᠦᠷᠭᠡᠪᠴᠢᠯᠡᠨ ᠪᠣᠶ ᠪᠣᠯᠭ᠋ᠠᠨ᠎ᠠ
ᠨᠡᠶ᠋ᠢᠲᠡᠯᠡᠭᠰᠡᠨ ᠴᠠᠭ᠄ 2022-12-31

     ᠣᠳᠣᠬᠢᠴᠢᠯᠠᠭᠰᠠᠨ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠢ ᠲᠦᠷᠭᠡᠨ ᠪᠠᠶ᠋ᠢᠭᠤᠯᠵᠤ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠪᠣᠯ ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠬᠥᠭᠵᠢᠯᠲᠡ ᠵᠢᠨ ᠬᠠᠷᠠᠯᠲᠠ ᠪᠣᠯᠤᠨ᠎ᠠ᠃ ᠤᠰᠤᠨ ᠠᠰᠢᠭᠯᠠᠯᠲᠠ ᠵᠢᠨ ᠶᠠᠮᠤᠨ ᠣᠷᠴᠢᠮᠬᠠᠨ᠎ᠳᠤ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠪᠣᠯᠤᠨ ᠦᠷ᠎ᠡ ᠪᠦᠲᠦᠮᠵᠢ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠨᠡᠶ᠋ᠢᠲᠡᠯᠡᠪᠡ᠂ ᠤᠰᠤᠨ ᠠᠰᠢᠭᠯᠠᠯᠲᠠ ᠵᠢᠨ ᠶᠠᠮᠤᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠬᠡᠯᠡᠭᠰᠡᠨ᠎ᠨᠢ᠂ ᠡᠨᠡ ᠵᠢᠯ᠎ᠤᠨ 11 ᠳ᠋ᠦ᠍ᠭᠡᠷ ᠰᠠᠷ᠎ᠠ ᠵᠢᠨ ᠡᠴᠦᠰ ᠪᠣᠯᠲᠠᠯ᠎ᠠ᠂ ᠪᠦᠬᠦ ᠤᠯᠤᠰ᠎ᠲᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ 10085 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠨᠢᠳᠤᠨᠤᠨ᠎ᠤ᠎ᠬᠢ᠎ᠠᠴᠠ 33% ᠨᠡᠮᠡᠭᠳᠡᠵᠡᠶ᠃ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ᠎ᠳᠤ 1 ᠲᠦᠮᠡᠨ ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠦ᠂ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ᠎ᠠᠴᠠ ᠨᠠᠭ᠋ᠠᠰᠢᠬᠢ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ᠎ᠳᠤ ᠬᠠᠮᠤᠭ᠎ᠤᠨ ᠤᠯᠠᠨ ᠪᠡᠯᠡ ᠣᠷᠣᠭᠤᠯᠤᠯᠲᠠ ᠵᠢ ᠪᠡᠶᠡᠯᠡᠭᠦᠯᠦᠭᠰᠡᠨ ᠨᠢᠭᠡ ᠵᠢᠯ ᠪᠣᠯᠪᠠ᠃ ᠡᠯ᠎ᠡ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠤᠰᠤᠨ ᠠᠰᠢᠭᠯᠠᠯᠲᠠ ᠵᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ᠂ ᠤᠰᠤᠨ ᠠᠰᠢᠭᠯᠠᠯᠲᠠ ᠵᠢᠨ ᠣᠨ᠎ᠤ ᠬᠠᠷᠠᠯᠲᠠ ᠵᠢᠨ ᠡᠭᠦᠷᠭᠡ᠎ᠪᠠᠨ ᠪᠡᠶᠡᠯᠡᠭᠦᠯᠬᠦ ᠵᠢ ᠪᠦᠲᠦᠮᠵᠢᠲᠡᠶ ᠲᠦᠯᠬᠢᠨ ᠠᠬᠢᠭᠤᠯᠪᠠ᠃

     ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠰᠢ᠂ ᠲᠥᠪ ᠬᠤᠷᠢᠶ᠎ᠠ ᠪᠦᠬᠦ ᠲᠠᠯ᠎ᠠ ᠪᠠ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠮᠠᠨ᠎ᠤ ᠤᠯᠤᠰ᠎ᠤᠨ ᠤᠯᠤᠰ᠎ᠤᠨ ᠪᠠᠶ᠋ᠢᠳᠠᠯ ᠤᠰᠤᠨ᠎ᠤ ᠪᠠᠶ᠋ᠢᠳᠠᠯ᠎ᠢ ᠭᠦᠨᠵᠡᠭᠡᠢ ᠨᠡᠪᠲᠡ ᠠᠵᠢᠭᠯᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠭᠡ ᠬᠠᠨᠳᠤᠰᠢ ᠵᠢ ᠭᠦᠨᠵᠡᠭᠡᠢ ᠵᠠᠳᠠᠯᠵᠤ᠂ ᠤᠰᠤᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠬᠤ ᠬᠡᠷᠡᠭᠲᠡᠢ ᠭᠡᠵᠦ ᠳᠤᠷᠠᠳᠪᠠ᠃ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠰᠠᠭᠤᠷᠢ ᠨᠥᠬᠦᠴᠡᠯ ᠮᠥᠨ᠃ ᠡᠨᠡ ᠵᠢᠯ᠎ᠤᠨ 4 ᠳ᠋ᠦ᠍ᠭᠡᠷ ᠰᠠᠷ᠎ᠠ᠎ᠳᠤ ᠬᠤᠷᠠᠯᠳᠤᠭᠰᠠᠨ ᠲᠥᠪ᠎ᠤᠨ ᠡᠳ᠋᠎ᠤᠨ ᠵᠠᠰᠠᠭ ᠠᠵᠤ ᠠᠬᠤᠶ ᠵᠢᠨ ᠵᠥᠪᠯᠡᠯ᠎ᠤᠨ ᠠᠷᠪᠠᠨ ᠨᠢᠭᠡᠳᠦᠭᠡᠷ ᠬᠤᠷᠠᠯ᠎ᠠᠴᠠ ᠤᠰᠤᠨ ᠠᠰᠢᠭᠯᠠᠯᠲᠠ ᠵᠡᠷᠭᠡ ᠰᠦᠯᠵᠢᠶᠡᠨ᠎ᠤ ᠬᠡᠯᠪᠡᠷᠢ ᠵᠢᠨ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠪᠠᠶ᠋ᠢᠷᠢᠯᠠᠭᠤᠯᠤᠯᠲᠠ ᠬᠢᠵᠦ᠂ ᠣᠯᠠᠨ ᠬᠦᠷᠳᠦ᠎ᠪᠠᠷ ᠬᠥᠳᠡᠯᠭᠡᠭᠦᠷ ᠪᠣᠯᠭ᠋ᠠᠵᠤ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠂ ᠲᠥᠪ ᠪᠠ ᠣᠷᠣᠨ ᠨᠤᠲᠤᠭ᠂ ᠤᠯᠤᠰ᠎ᠤᠨ ᠥᠮᠴᠢᠯᠡᠯ᠎ᠤᠨ ᠬᠥᠷᠥᠩᠭᠡ ᠪᠠ ᠨᠡᠶ᠋ᠢᠭᠡᠮ᠎ᠤᠨ ᠬᠥᠷᠥᠩᠭᠡ ᠵᠡᠷᠭᠡ ᠣᠯᠠᠨ ᠲᠠᠯ᠎ᠠ ᠵᠢᠨ ᠦᠶᠯᠡᠳᠦᠯ᠎ᠢ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠᠰᠠ ᠮᠥᠩᠭᠦᠨ ᠭᠦᠶᠯᠭᠡᠭᠡᠨ᠎ᠤ ᠪᠠᠶ᠋ᠢᠭᠤᠯᠤᠮᠵᠢ᠎ᠲᠠᠢ ᠬᠠᠮᠲᠤᠷᠠᠨ ᠤᠰᠤᠨ ᠠᠰᠢᠭᠯᠠᠯᠲᠠ ᠵᠢᠨ ᠳᠤᠮᠳᠠ ᠣᠷᠳᠣ ᠬᠤᠭᠤᠴᠠᠭ᠋ᠠᠨ᠎ᠤ ᠵᠢᠭᠡᠯᠡᠯᠭᠡ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠵᠠᠭᠪᠤᠷ᠎ᠤᠨ ᠬᠥᠭᠵᠢᠯᠲᠡ᠂ ᠪᠠᠯᠠ ᠣᠷᠣᠭᠤᠯᠤᠯᠲᠠ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠰᠠᠭᠤᠷᠢ ᠮᠥᠩᠭᠦ (REITs) ᠵᠢᠨ ᠲᠤᠷᠰᠢᠯᠲᠠ ᠵᠢᠨ ᠴᠡᠭ᠎ᠤᠨ ᠵᠢᠯᠣᠭᠤᠳᠬᠤ ᠰᠠᠨᠠᠯ᠎ᠢ ᠲᠣᠭᠲᠠᠭ᠋ᠠᠵᠤ᠂ ᠤᠰᠤᠨ ᠠᠰᠢᠭᠯᠠᠯᠲᠠ ᠵᠢᠨ ᠣᠷᠳᠣ ᠬᠤᠭᠤᠴᠠᠭ᠋ᠠᠨ᠎ᠤ ᠪᠠᠯᠠ ᠮᠥᠩᠭᠦ ᠴᠤᠭᠯᠠᠭᠤᠯᠬᠤ ᠠᠷᠭ᠎ᠠ ᠵᠠᠮ᠎ᠢ ᠥᠷᠭᠡᠳᠬᠡᠪᠡ᠃ ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ ᠡᠨᠡ ᠵᠢᠯ᠎ᠤᠨ 11 ᠳ᠋ᠦ᠍ᠭᠡᠷ ᠰᠠᠷ᠎ᠠ ᠵᠢᠨ ᠡᠴᠦᠰ ᠪᠣᠯᠲᠠᠯ᠎ᠠ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ ᠨᠡᠶ᠋ᠢᠲᠡ 11465 ᠳ᠋ᠦᠩᠰᠢᠭᠤᠷ ᠲᠥᠭᠦᠷᠢᠭ ᠨᠠᠶ᠋ᠢᠳᠠᠪᠤᠷᠢᠵᠢᠭᠤᠯᠵᠤ᠂ ᠨᠢᠳᠤᠨᠤᠨ᠎ᠤ ᠪᠥᠬᠦ ᠵᠢᠯ᠎ᠤᠨ᠎ᠬᠢ᠎ᠠᠴᠠ 43%᠎ᠪᠠᠷ ᠨᠡᠮᠡᠭᠳᠡᠵᠦ᠂ ᠳᠡᠭᠡᠳᠦ ᠳᠣᠤᠷᠠᠳᠤ ᠤᠷᠤᠰᠬᠠᠯ᠎ᠤᠨ ᠬᠠᠮᠢᠶ᠎ᠠ ᠪᠥᠬᠦᠶ ᠠᠵᠤ ᠦᠶᠯᠡᠰ᠎ᠤᠨ ᠬᠥᠭᠵᠢᠯᠲᠡ ᠵᠢ ᠬᠦᠴᠦᠲᠡᠶ ᠳᠠᠶ᠋ᠢᠴᠢᠯᠠᠭᠰᠠᠨ ᠪᠠᠶ᠋ᠢᠨ᠎ᠠ᠃

     ᠡᠭᠦᠨ᠎ᠤ ᠬᠠᠮᠲᠤ᠂ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ᠎ᠳᠠᠬᠢ ᠪᠡᠯᠡ ᠣᠷᠣᠭᠤᠯᠤᠯᠲᠠ ᠵᠢᠨ ᠬᠡᠷᠡᠭᠴᠡᠭᠡ ᠨᠡᠯᠢᠶᠡᠳ ᠶᠡᠭᠡ ᠪᠠᠶ᠋ᠢᠭ᠎ᠠ ᠪᠣᠯᠬᠤᠷ᠂ ᠣᠳᠣᠬᠠᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠡᠵᠡᠩᠨᠡᠯᠲᠡ᠎ᠳᠤ ᠠᠰᠠᠭᠤᠳᠠᠯ ᠪᠣᠯᠤᠨ ᠰᠢᠯᠭ᠋ᠠᠯᠲᠠ ᠪᠣᠯᠣᠭᠰᠠᠨ ᠪᠠᠶ᠋ᠢᠨ᠎ᠠ᠃ ᠤᠰᠤᠨ ᠠᠰᠢᠭᠯᠠᠯᠲᠠ᠎ᠨᠢ ᠨᠡᠯᠢᠶᠡᠳ ᠴᠢᠩᠭ᠎ᠠ ᠨᠡᠶ᠋ᠢᠲᠡ ᠵᠢᠨ ᠠᠰᠠᠷᠠᠮᠵᠢ ᠵᠢᠨ ᠴᠢᠨᠠᠷ᠎ᠲᠠᠢ ᠪᠠᠶ᠋ᠢᠵᠤ᠂ ᠤᠰᠤᠨ ᠠᠰᠢᠭᠯᠠᠯᠲᠠ ᠵᠢᠨ ᠠᠵᠢᠯ᠎ᠢ ᠣᠷᠳᠣ ᠬᠤᠭᠤᠴᠠᠭ᠎ᠠ᠎ᠪᠠᠷ ᠵᠠᠰᠠᠭ᠎ᠤᠨ ᠣᠷᠳᠣᠨ ᠵᠶ᠋ᠠᠷ ᠭᠤᠤᠯ ᠤᠳᠤᠷᠢᠳᠤᠮᠵᠢ ᠪᠣᠯᠭ᠋ᠠᠨ ᠥᠷᠨᠢᠭᠦᠯᠵᠦ᠂ ᠤᠰᠤᠨ ᠠᠰᠢᠭᠯᠠᠯᠲᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠪᠣᠶ᠋ᠢᠵᠢᠭᠤᠯᠤᠭ᠋ᠠᠳᠤᠶ᠂ ᠪᠠᠯᠠ ᠣᠷᠣᠭᠤᠯᠤᠯᠲᠠ ᠵᠢ ᠴᠢᠬᠤᠯᠠᠴᠢᠯᠠᠵᠤ᠂ ᠡᠵᠡᠩᠨᠡᠯᠲᠡ ᠵᠢ ᠬᠥᠩᠭᠡᠪᠴᠢᠯᠡᠬᠦ ᠵᠡᠷᠭᠡ ᠠᠰᠠᠭᠤᠳᠠᠯ ᠵᠣᠬᠢᠬᠤ ᠬᠡᠮᠵᠢᠶ᠎ᠡ᠎ᠪᠠᠷ ᠣᠷᠣᠰᠢᠵᠤ ᠪᠠᠶ᠋ᠢᠨ᠎ᠠ᠃ ᠡᠭᠦᠨ᠎ᠤ ᠲᠤᠯᠠᠳᠠ᠂ ᠡᠷᠬᠡᠪᠰᠢ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠤᠯᠠᠮ ᠨᠢᠭᠡ ᠠᠯᠬᠤᠮ ᠰᠢᠯᠤᠭᠤᠳᠬᠠᠵᠤ᠂ ᠵᠠᠰᠠᠭ᠎ᠤᠨ ᠣᠷᠳᠣᠨ᠎ᠤ ᠭᠤᠣᠯᠯᠠᠬᠤ ᠦᠢ᠍ᠯᠡᠳᠦᠯ ᠵᠶ᠋ᠠᠨ ᠨᠡᠩ ᠰᠠᠶ᠋ᠢᠨ ᠪᠠᠳᠠᠷᠠᠭᠤᠯᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠳᠤ ᠵᠠᠬ᠎ᠠ ᠳᠡᠯᠭᠡᠭᠦᠷ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ ᠵᠶ᠋ᠠᠨ ᠪᠠᠳᠠᠷᠠᠭᠤᠯᠬᠤ ᠵᠢ ᠦᠨᠡᠨᠬᠦ ᠪᠠᠲᠤᠯᠠᠵᠤ᠂ ᠦᠢ᠍ᠯᠡᠳᠦᠯ ᠴᠢᠳᠠᠪᠬᠢ ᠪᠦᠬᠦᠢ ᠵᠠᠰᠠᠭ᠎ᠤᠨ ᠣᠷᠳᠣᠨ ᠪᠠ ᠪᠦᠲᠦᠮᠵᠢᠲᠡᠢ ᠵᠠᠬ᠎ᠠ ᠳᠡᠯᠭᠡᠭᠦᠷ᠎ᠤᠨ ᠬᠠᠮᠵᠢᠯᠴᠠᠨ ᠬᠦᠴᠦᠯᠡᠬᠦ ᠤᠰᠤ ᠵᠠᠰᠠᠬᠤ ᠪᠠᠶ᠋ᠢᠳᠠᠯ᠎ᠢ ᠪᠤᠢ ᠪᠣᠯᠭ᠋ᠠᠵᠤ᠂ ᠰᠤᠯᠠᠷᠠᠭᠤᠯᠤᠯ ᠦᠭᠡᠢ ᠪᠠᠶ᠋ᠢᠩᠭᠤ ᠠᠳᠬᠤᠵᠤ᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ᠃

     ᠨᠢᠭᠡᠳᠦᠭᠡᠷ᠎ᠲᠤ᠂ ᠰᠡᠳᠬᠢᠮᠵᠢ᠎ᠪᠠᠨ ᠬᠤᠪᠢᠷᠠᠭᠤᠯᠵᠤ᠂ 《ᠬᠤᠶᠠᠷ ᠲᠠᠯ᠎ᠠ᠎ᠪᠠᠷ ᠬᠦᠴᠦᠯᠡᠬᠦ》 ᠵᠢ ᠦᠨᠡᠨᠬᠦ ᠲᠤᠭᠤᠰᠢᠯᠠᠭᠤᠯᠬᠤ ᠬᠡᠷᠡᠭᠲᠡᠢ᠃ ᠵᠠᠰᠠᠭ᠎ᠤᠨ ᠣᠷᠳᠣᠨ ᠪᠣᠯᠤᠨ ᠵᠠᠬ᠎ᠠ ᠳᠡᠯᠭᠡᠭᠦᠷ᠎ᠤᠨ ᠬᠠᠮᠵᠢᠯᠴᠠᠨ ᠬᠦᠴᠦᠯᠡᠬᠦ ᠵᠢ ᠠᠬᠢᠭᠤᠯᠵᠤ᠂ ᠡᠯ᠎ᠡ ᠮᠤᠵᠢ ᠬᠤᠳᠠ ᠵᠢᠨ ᠤᠰᠤᠨ ᠠᠰᠢᠭᠯᠠᠯᠲᠠ ᠵᠢ ᠵᠠᠬ᠎ᠠ ᠳᠡᠯᠭᠡᠭᠦᠷᠴᠢᠯᠡᠬᠦ ᠲᠠᠯ᠎ᠠ᠎ᠪᠠᠷ᠎ᠬᠢ ᠲᠤᠷᠰᠢᠯᠭ᠎ᠠ ᠰᠤᠷᠭ᠋ᠠᠮᠵᠢ ᠵᠢ ᠭᠦᠢ᠍ᠴᠡᠳ ᠰᠢᠩᠭᠡᠭᠡᠨ ᠠᠪᠴᠤ᠂ ᠵᠠᠰᠠᠭ᠎ᠤᠨ ᠣᠷᠳᠣᠨ᠎ᠤ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠵᠢ ᠴᠢᠩᠭ᠋ᠠᠳᠬᠠᠨ᠂ ᠵᠠᠬ᠎ᠠ ᠳᠡᠯᠭᠡᠭᠦᠷ᠎ᠤᠨ ᠡᠵᠡᠩᠨᠡᠯᠲᠡ ᠵᠢ ᠵᠢᠷᠤᠮᠵᠢᠭᠤᠯᠵᠤ᠂ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠵᠢᠨ ᠡᠷᠴᠢᠮ᠎ᠢ ᠴᠢᠩᠭ᠋ᠠᠷᠠᠭᠤᠯᠤᠨ᠂ 《ᠬᠤᠶᠠᠷ ᠲᠠᠯ᠎ᠠ᠎ᠪᠠᠷ ᠬᠦᠴᠦᠯᠡᠬᠦ》 ᠱᠠᠭ᠋ᠠᠷᠳᠠᠯᠭ᠎ᠠ ᠵᠢ ᠦᠨᠡᠨᠬᠦ ᠴᠤᠤᠷᠢᠶᠠᠲᠤᠨ ᠲᠠᠭ᠋ᠠᠵᠤ᠂ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃

     ᠬᠤᠶᠠᠳᠤᠭ᠋ᠠᠷ᠎ᠲᠤ᠂ ᠤᠰᠤᠨ ᠠᠰᠢᠭᠯᠠᠯᠲᠠ ᠵᠢᠨ ᠬᠠᠮᠢᠶᠠᠷᠤᠯᠲᠠ ᠡᠵᠡᠩᠨᠡᠯᠲᠡ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠶ᠋ᠢᠨ ᠪᠠᠳᠠᠷᠠᠭᠤᠯᠬᠤ ᠬᠡᠷᠡᠭᠲᠡᠢ᠃ ᠤᠰᠤᠨ ᠠᠰᠢᠭᠯᠠᠯᠲᠠ ᠵᠢᠨ ᠬᠤᠷᠸ᠎ᠠ ᠲᠤᠬᠢᠷᠠᠭᠤᠯᠤᠯ ᠡᠵᠡᠮᠳᠡᠯ᠎ᠤᠨ ᠰᠢᠰᠲ᠋ᠧᠮ᠎ᠢ ᠪᠦᠷᠢᠨᠰᠢᠬᠦᠯᠬᠦ᠂ ᠤᠰᠤᠨ ᠠᠰᠢᠭᠯᠠᠯᠲᠠ ᠵᠢᠨ ᠨᠡᠶ᠋ᠢᠭᠡᠮ᠎ᠤᠨ ᠬᠠᠮᠢᠶᠠᠷᠤᠯᠲᠠ ᠵᠢᠨ ᠠᠷᠭ᠎ᠠ ᠪᠠᠷᠢᠯ᠎ᠤᠨ ᠰᠢᠨ᠎ᠡ ᠵᠢ ᠡᠭᠦᠳᠬᠦ᠂ ᠤᠰᠤᠨ ᠠᠰᠢᠭᠯᠠᠯᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠤᠰᠤᠨ ᠠᠰᠢᠭᠯᠠᠯᠲᠠ ᠵᠢᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠲᠠᠯ᠎ᠠ᠎ᠠᠴᠠ ᠭᠠᠷᠳᠠᠵᠤ᠂ ᠤᠰᠤᠨ ᠠᠰᠢᠭᠯᠠᠯᠲᠠ ᠵᠢᠨ ᠬᠠᠤᠯᠢ ᠲᠣᠭᠲᠠᠭ᠋ᠠᠯ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠦᠨ᠂ ᠤᠰᠤᠨ᠎ᠤ ᠡᠬᠢ ᠰᠤᠷᠪᠤᠯᠵᠢ ᠵᠢᠨ ᠡᠳ᠋ ᠬᠦᠷᠦᠩᠭᠡ ᠵᠢᠨ ᠥᠮᠴᠢᠯᠡᠬᠦ ᠡᠷᠬᠡ ᠵᠢᠨ ᠲᠦᠷᠢᠮ᠂ ᠤᠰᠤᠨ᠎ᠤ ᠡᠬᠢ ᠰᠤᠷᠪᠤᠯᠵᠢ ᠵᠢ ᠦᠨ᠎ᠡ ᠲᠥᠯᠥᠪᠦᠷᠢ᠎ᠲᠠᠢ᠎ᠪᠠᠷ ᠬᠡᠷᠡᠭᠯᠡᠬᠦ᠂ ᠨᠥᠬᠦᠪᠥᠷᠢᠯᠡᠬᠦ ᠲᠦᠷᠢᠮ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠤᠭ᠎ᠠ ᠵᠢᠨ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ ᠬᠡᠷᠡᠭᠲᠡᠢ᠃ ᠤᠰᠤᠨ᠎ᠤ ᠡᠷᠬᠡ᠂ ᠤᠰᠤᠨ᠎ᠤ ᠦᠨ᠎ᠡ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠢᠨᠵᠧᠨᠧᠷᠢᠩ᠎ᠤᠨ ᠬᠠᠮᠢᠶᠠᠷᠤᠯᠲᠠ ᠪᠣᠯᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠯ᠎ᠠ᠎ᠪᠠᠷ ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠎ᠢ ᠪᠣᠶ ᠪᠣᠯᠭ᠋ᠠᠬᠤ ᠪᠠ ᠡᠷᠬᠡ ᠲᠡᠭᠰᠢ᠂ ᠨᠡᠭᠡᠭᠡᠯᠲᠡ᠎ᠲᠠᠢ᠂ ᠢᠯᠡ ᠲᠣᠳᠣ ᠤᠰᠤᠨ ᠠᠰᠢᠭᠯᠠᠯᠲᠠ ᠵᠢᠨ ᠵᠠᠬ᠎ᠠ ᠳᠡᠯᠭᠡᠭᠦᠷ᠎ᠤᠨ ᠳᠦᠷᠢᠮ᠎ᠢ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ ᠵᠠᠬ᠎ᠠ ᠳᠡᠯᠭᠡᠭᠦᠷᠴᠢᠯᠡᠬᠦ ᠵᠢ ᠶᠠᠪᠤᠭᠤᠯᠬᠤ ᠬᠡᠷᠡᠭᠲᠡᠶ᠃

     ᠭᠤᠷᠪᠠᠳᠤᠭ᠋ᠠᠷ᠎ᠲᠤ᠂ ᠵᠠᠬ᠎ᠠ ᠳᠡᠯᠭᠡᠭᠦᠷ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠢ ᠲᠤᠬᠢᠷᠠᠭᠤᠯᠬᠤ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ᠎ᠤᠨ ᠲᠣᠭᠲᠠᠴᠠ ᠵᠢᠨ ᠤᠰᠤᠨ᠎ᠤ ᠡᠬᠢ ᠰᠤᠷᠪᠤᠯᠵᠢ ᠵᠢ ᠲᠣᠬᠢᠷᠠᠭᠤᠯᠬᠤ ᠦᠷ᠎ᠡ ᠪᠦᠲᠦᠮᠵᠢ ᠪᠣᠯᠤᠨ ᠦᠷ᠎ᠡ ᠠᠰᠢᠭ᠎ᠢ ᠳᠡᠭᠡᠭᠰᠢᠯᠡᠭᠦᠯᠵᠦ᠂ ᠤᠰᠤᠨ ᠠᠰᠢᠭᠯᠠᠯᠲᠠ ᠵᠢᠨ ᠵᠠᠬ᠎ᠠ ᠳᠡᠯᠭᠡᠭᠦᠷᠴᠢᠯᠡᠭᠰᠡᠨ ᠪᠡᠯᠡ ᠣᠷᠣᠭᠤᠯᠤᠯᠲᠠ ᠵᠢᠨ ᠡᠵᠡᠩᠨᠡᠯᠲᠡ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃ ᠣᠯᠠᠨ ᠡᠰᠢᠵᠢᠭᠰᠡᠨ ᠪᠡᠯᠡ ᠲᠣᠬᠢᠷᠠᠭᠤᠯᠭ᠎ᠠ ᠵᠢᠨ ᠵᠠᠭᠪᠤᠷ ᠵᠶ᠋ᠠᠷ ᠳᠠᠮᠵᠢᠨ᠂ ᠤᠰᠤᠨ ᠠᠰᠢᠭᠯᠠᠯᠲᠠ ᠵᠢᠨ ᠡᠳ᠋ ᠬᠥᠷᠥᠩᠭᠡ ᠵᠢ ᠪᠡᠶᠡᠯᠡᠭᠦᠯᠵᠦ᠂ ᠪᠡᠯᠡ ᠮᠥᠩᠭᠦ ᠵᠢᠨ ᠠᠷᠭ᠎ᠠ ᠵᠠᠮ᠎ᠢ ᠥᠷᠭᠡᠳᠬᠡᠨ᠂ ᠨᠡᠶ᠋ᠢᠭᠡᠮ᠎ᠤᠨ ᠬᠦᠴᠦᠨ᠎ᠢ ᠲᠠᠲᠠᠵᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠡᠯᠡ ᠣᠷᠣᠭᠤᠯᠤᠨ ᠪᠠᠶ᠋ᠢᠭᠤᠯᠵᠤ ᠠᠵᠢᠯᠯᠠᠭᠤᠯᠬᠤ ᠬᠠᠮᠢᠶᠠᠷᠤᠯᠲᠠ᠎ᠳᠤ ᠣᠷᠣᠯᠴᠠᠭᠤᠯᠬᠤ ᠬᠡᠷᠡᠭᠲᠡᠶ; ᠪᠦᠬᠦᠨ᠎ᠢ ᠬᠠᠮᠤᠷᠤᠭᠰᠠᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠬᠡᠷᠡᠭᠵᠢᠭᠦᠯᠵᠦ᠂ ᠵᠠᠬ᠎ᠠ ᠳᠡᠯᠭᠡᠭᠦᠷ᠎ᠤᠨ ᠤᠳᠤᠷᠢᠳᠤᠮᠵᠢ᠎ᠳᠤ ᠨᠡᠶ᠋ᠢᠴᠡᠭᠰᠡᠨ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠪᠠᠶ᠋ᠢᠭᠤᠯᠤᠨ᠎ᠠ; ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠰᠤᠨ᠎ᠤ ᠡᠬᠢ ᠰᠤᠷᠪᠤᠯᠵᠢ ᠵᠢᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ; ᠤᠰᠤᠨ᠎ᠤ ᠡᠷᠬᠡ ᠵᠢᠨ ᠡᠷᠬᠡ ᠵᠢ ᠨᠤᠲᠠᠯᠠᠨ ᠲᠣᠭᠲᠠᠭ᠋ᠠᠬᠤ ᠠᠵᠢᠯ᠎ᠢ ᠲᠦᠯᠬᠢᠨ ᠠᠬᠢᠭᠤᠯᠵᠤ᠂ ᠤᠰᠤᠨ᠎ᠤ ᠵᠠᠬ᠎ᠠ ᠳᠡᠯᠭᠡᠭᠦᠷ᠎ᠢ ᠪᠣᠶ᠋ᠢᠵᠢᠭᠤᠯᠤᠨ ᠬᠥᠭᠵᠢᠭᠦᠯᠵᠦ᠂ ᠣᠯᠠᠨ ᠵᠦᠢ᠍ᠯ᠎ᠤᠨ ᠬᠡᠯᠪᠡᠷᠢ ᠪᠦᠬᠦᠢ ᠤᠰᠤᠨ᠎ᠤ ᠡᠷᠬᠡ ᠵᠢᠨ ᠠᠷᠠᠯᠵᠢᠶ᠎ᠠ ᠵᠢ ᠬᠠᠶ᠋ᠢᠨ ᠰᠦᠪᠡᠭᠴᠢᠯᠡᠵᠦ᠂ ᠤᠰᠤᠨ᠎ᠤ ᠡᠬᠢ ᠰᠤᠷᠪᠤᠯᠵᠢ ᠵᠢ ᠦᠷ᠎ᠡ ᠠᠰᠢᠭ ᠳᠣᠣᠷ᠎ᠠ ᠬᠦᠷᠢᠶ᠎ᠡ᠎ᠠᠴᠠ ᠦᠷ᠎ᠡ ᠠᠰᠢᠭ ᠥᠨᠳᠥᠷ ᠬᠦᠷᠢᠶ᠎ᠡ ᠲᠡᠰᠢ ᠡᠷᠭᠢᠯᠳᠦᠭᠦᠯᠬᠦ ᠵᠢ ᠠᠬᠢᠭᠤᠯᠤᠨ᠎ᠠ᠃

 

ᠢᠷᠡᠯᠲᠡ᠄ ᠠᠵᠤ ᠠᠬᠤᠶ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢᠨᠬᠤᠸᠠ ᠰᠦᠯᠵᠢᠶ᠎ᠡ᠄ ᠵᠢᠷᠭᠤᠭ᠋ᠠᠨ ᠰᠠᠯᠠᠭ᠎ᠠ ᠮᠥᠴᠢᠷ᠎ᠤᠨ᠎ᠬᠢᠨ 78 ᠬᠤᠲᠠ᠎ᠲᠠᠢ ᠬᠤᠯᠪᠤᠭ᠋ᠠᠯᠠᠨ ᠨᠡᠶ᠋ᠢᠲᠡᠯᠢᠭ ᠭᠠᠵᠠᠷ ᠤᠷᠤᠨ᠎ᠤ ᠲᠠᠬᠢᠯᠲᠠ ᠤᠰᠤᠨ ᠠᠰᠢᠭᠯᠠᠯᠲᠠ ᠵᠢᠨ ᠲᠤᠬᠢᠷᠠᠭᠤᠯᠤᠯᠲᠠ ᠵᠢᠨ ᠲᠤᠷᠰᠢᠯᠲᠠ ᠵᠢ ᠬᠠᠮᠳᠤᠷᠠᠨ ᠥᠷᠨᠢᠬᠦᠯᠪᠡ
ᠠᠷᠠᠳ᠎ᠤᠨ ᠡᠳᠦᠷ᠎ᠤᠨ ᠰᠣᠨᠢᠨ᠄ ᠨᠢᠳᠤᠨᠤᠨ ᠪᠥᠬᠥ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠭᠰᠠᠨ ᠲᠠᠯᠠᠪᠠᠶ 6.3 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠪᠡ
ᠠᠷᠠᠳ᠎ᠤᠨ ᠰᠦᠯᠵᠢᠶ᠎ᠡ᠄ ᠬᠠᠲᠤᠨ ᠭᠣᠤᠯ ᠪᠥᠬᠥ ᠱᠤᠭᠤᠮ ᠵᠶ᠋ᠠᠷ ᠵᠶ᠋ᠠᠨ ᠭᠡᠰᠮᠡᠷ ᠪᠤᠢ᠂ ᠵᠠᠰᠠᠵᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠠᠯᠢᠶ᠎ᠠ ᠵᠢ ᠰᠡᠷᠭᠡᠢ᠌ᠯᠡᠬᠦ ᠡᠯ᠎ᠡ ᠵᠦᠢᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ
ᠰᠢᠨᠬᠤᠸᠠ ᠬᠣᠷᠢᠢ᠎ᠠ᠄ ᠬᠠᠳᠤᠨ ᠭᠣᠣᠯ᠎ᠤᠨ ᠭᠡᠰᠬᠦ ᠬᠤᠷᠳᠤᠴᠠ ᠲᠦᠷᠭᠡᠰᠴᠦ᠂ ᠤᠢ᠍ᠢ᠍ᠷ᠎ᠠ ᠵᠢᠨ ᠬᠤᠭᠤᠴᠠᠭ᠋ᠠᠨ᠎ᠳᠤ ᠪᠦᠬᠦ ᠱᠤᠭᠤᠮ ᠵᠶ᠋ᠠᠷ ᠵᠶ᠋ᠠᠨ ᠭᠣᠣᠯ ᠭᠡᠰᠦᠨ᠎ᠡ
ᠠᠷᠠᠳ᠎ᠤᠨ ᠡᠳᠦᠷ᠎ᠤᠨ ᠰᠣᠨᠢᠨ᠄ ᠡᠨᠡ ᠵᠢᠯ ᠨᠢᠭᠡᠨᠲᠡ 7 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠰᠢᠨ᠎ᠡ᠎ᠪᠠᠷ ᠡᠬᠢᠯᠡᠭᠦᠯᠪᠡ
 
            