ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠰᠦᠯᠵᠢᠶ᠎ᠡ᠄ ᠵᠢᠷᠭᠤᠭ᠋ᠠᠨ ᠰᠠᠯᠠᠭ᠎ᠠ ᠮᠥᠴᠢᠷ᠎ᠤᠨ᠎ᠬᠢᠨ 78 ᠬᠤᠲᠠ᠎ᠲᠠᠢ ᠬᠤᠯᠪᠤᠭ᠋ᠠᠯᠠᠨ ᠨᠡᠶ᠋ᠢᠲᠡᠯᠢᠭ ᠭᠠᠵᠠᠷ ᠤᠷᠤᠨ᠎ᠤ ᠲᠠᠬᠢᠯᠲᠠ ᠤᠰᠤᠨ ᠠᠰᠢᠭᠯᠠᠯᠲᠠ ᠵᠢᠨ ᠲᠤᠬᠢᠷᠠᠭᠤᠯᠤᠯᠲᠠ ᠵᠢᠨ ᠲᠤᠷᠰᠢᠯᠲᠠ ᠵᠢ ᠬᠠᠮᠳᠤᠷᠠᠨ ᠥᠷᠨᠢᠬᠦᠯᠪᠡ
ᠨᠡᠶ᠋ᠢᠲᠡᠯᠡᠭᠰᠡᠨ ᠴᠠᠭ᠄ 2022-12-31

     ᠰᠢᠨᠬᠤᠸᠠ ᠬᠤᠷᠢᠶ᠎ᠠ ᠪᠡᠭᠡᠵᠢᠩ 12 ᠳ᠋ᠤᠭ᠋ᠠᠷ ᠰᠠᠷ᠎ᠠ ᠵᠢᠨ 28᠎ᠤ ᠡᠳᠦᠷ ᠴᠠᠬᠢᠯᠭ᠋ᠠᠨ ᠮᠡᠳᠡᠭᠡ᠂ ᠣᠰᠤᠨ ᠠᠰᠢᠭᠯᠠᠯᠲᠠ ᠵᠢᠨ ᠶᠠᠮᠤᠨ᠎ᠠᠴᠠ ᠤᠶ᠋ᠢᠯᠠᠭ᠋ᠠᠭᠰᠠᠨ ᠵᠶ᠋ᠠᠷ᠂ ᠣᠰᠤᠨ ᠠᠰᠢᠭᠯᠠᠯᠲᠠ ᠵᠢᠨ ᠶᠠᠮᠤᠨ ᠵᠡᠷᠭᠡ ᠵᠢᠷᠭᠤᠭ᠋ᠠᠨ ᠰᠠᠯᠠᠭ᠎ᠠ ᠮᠦᠴᠢᠷ᠎ᠤᠨ᠎ᠬᠢᠨ ᠤᠶ᠋ᠢᠷ᠎ᠠ᠎ᠳᠤ ᠬᠠᠮᠳᠤᠷᠠᠨ ᠮᠡᠳᠡᠭᠳᠡᠯ ᠲᠠᠷᠤᠮᠠᠯᠠᠨ ᠲᠠᠷᠬᠠᠭ᠋ᠠᠵᠤ᠂ ᠨᠡᠶ᠋ᠢᠲᠡᠯᠢᠭ ᠭᠠᠵᠠᠷ ᠤᠷᠤᠨ᠎ᠤ ᠳᠠᠬᠢᠯᠲᠠ ᠤᠰᠤᠨ ᠠᠰᠢᠭᠯᠠᠯᠲᠠ ᠵᠢᠨ ᠲᠤᠬᠢᠷᠠᠭᠤᠯᠤᠯᠲᠠ ᠵᠢᠨ ᠲᠤᠷᠰᠢᠯᠲᠠ ᠵᠢᠨ ᠬᠤᠲᠠ ᠵᠢᠨ ᠨᠡᠷᠡᠰ᠎ᠢ ᠨᠡᠶ᠋ᠢᠲᠡᠯᠡᠵᠦ᠂ 29 ᠮᠤᠵᠢ ᠤᠷᠤᠨ ᠬᠤᠲᠠ ᠵᠢᠨ 78 ᠬᠤᠲᠠ᠎ᠳᠤ ᠨᠡᠶ᠋ᠢᠲᠡᠯᠢᠭ ᠭᠠᠵᠠᠷ ᠣᠷᠤᠨ᠎ᠤ ᠳᠠᠬᠢᠯᠲᠠ ᠣᠰᠤᠨ ᠠᠰᠢᠭᠯᠠᠯᠲᠠ ᠵᠢᠨ ᠲᠤᠬᠢᠷᠠᠭᠤᠯᠤᠯᠲᠠ ᠵᠢᠨ ᠲᠤᠷᠰᠢᠯᠲᠠ ᠵᠢᠨ ᠴᠡᠭ᠎ᠢ ᠥᠷᠨᠢᠬᠦᠯᠬᠦ᠎ᠪᠠᠷ ᠲᠤᠳᠤᠷᠬᠠᠢ ᠲᠤᠭᠲᠠᠭ᠋ᠠᠪᠠ᠃

     ᠲᠠᠬᠢᠯᠲᠠ ᠣᠰᠤᠨ ᠠᠰᠢᠭᠯᠠᠯᠲᠠ ᠵᠢᠨ ᠲᠤᠬᠢᠷᠠᠭᠤᠯᠤᠯᠲᠠ ᠵᠢ ᠴᠢᠩᠭ᠋ᠠᠳᠬᠠᠬᠤ᠎ᠨᠢ ᠪᠤᠬᠢᠷ ᠣᠰᠤᠨ᠎ᠤ ᠲᠠᠬᠢᠯᠲᠠ ᠠᠰᠢᠭᠯᠠᠯᠲᠠ ᠵᠢᠨ ᠨᠤᠷᠮ᠎ᠠ ᠵᠢ ᠲᠡᠭᠡᠭᠰᠢᠯᠡᠬᠦᠯᠦᠨ᠂ ᠣᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠦᠷᠢᠴᠡᠯ᠎ᠢ ᠨᠠᠮᠳᠠᠭᠤᠯᠤᠨ᠂ ᠤᠰᠤᠨ᠎ᠤ ᠠᠮᠢ ᠠᠬᠤᠢ ᠵᠢᠨ ᠤᠷᠴᠢᠨ ᠲᠤᠭᠤᠷᠢᠨ᠎ᠤ ᠴᠢᠨᠠᠷ᠎ᠢ ᠰᠠᠶ᠋ᠢᠵᠢᠷᠠᠭᠤᠯᠤᠨ᠂ ᠠᠵᠤ ᠠᠬᠤᠢ ᠨᠡᠶ᠋ᠢᠭᠡᠮ᠎ᠤᠨ ᠬᠦᠭᠵᠢᠯᠲᠡ ᠵᠢᠨ ᠪᠦᠬᠦ ᠲᠠᠯ᠎ᠠ᠎ᠪᠠᠷ ᠪᠤᠬᠢᠷᠳᠤᠯ ᠦᠭᠡᠢ ᠬᠡᠯᠪᠡᠷᠢ ᠦᠭᠡᠷᠡᠴᠢᠯᠡᠬᠦ ᠵᠢ ᠠᠬᠢᠭᠤᠯᠬᠤ᠎ᠳᠤ ᠠᠰᠢᠭᠲᠠᠢ ᠪᠠᠶ᠋ᠢᠳᠠᠭ᠃ ᠣᠰᠤᠨ ᠠᠰᠢᠭᠯᠠᠯᠲᠠ ᠵᠢᠨ ᠶᠠᠮᠤᠨ᠂ ᠤᠯᠤᠰ᠎ᠤᠨ ᠬᠦᠭᠵᠢᠬᠦᠯᠦᠯᠲᠡ ᠥᠭᠡᠷᠡᠴᠢᠯᠡᠯᠲᠡ ᠵᠢᠨ ᠵᠦᠪᠯᠡᠯ᠂ ᠤᠷᠤᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠡ ᠵᠢᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠠᠮᠢ ᠠᠬᠤᠢ ᠵᠢᠨ ᠤᠷᠴᠢᠨ ᠲᠤᠭᠤᠷᠢᠨ᠎ᠤ ᠶᠠᠮᠤᠨ᠎ᠠᠴᠠ ᠬᠠᠮᠲᠤᠷᠠᠨ ᠲᠠᠷᠤᠮᠠᠯᠠᠨ ᠲᠠᠷᠬᠠᠭ᠋ᠠᠭᠰᠠᠨ ᠮᠡᠳᠡᠭᠳᠡᠯ᠎ᠳᠤ᠂ ᠲᠤᠷᠰᠢᠯᠲᠠ ᠵᠢᠨ ᠴᠡᠭ᠎ᠤᠨ ᠪᠠᠶ᠋ᠢᠭ᠎ᠠ ᠮᠤᠵᠢ ᠤᠷᠤᠨ ᠬᠤᠲᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ᠎ᠤᠳ ᠲᠤᠷᠰᠢᠯᠲᠠ ᠵᠢᠨ ᠴᠡᠭ᠎ᠤᠨ ᠬᠤᠲᠠ ᠵᠢ ᠵᠢᠯᠤᠭᠤᠳᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠱᠠᠯᠠᠪᠳᠠᠨ ᠡᠬᠢᠯᠡᠬᠦᠯᠵᠦ᠂ ᠨᠢᠭᠡᠨᠲᠡ ᠵᠦᠪᠰᠢᠶᠡᠷᠡᠭᠰᠡᠨ ᠲᠤᠷᠰᠢᠯᠲᠠ ᠵᠢᠨ ᠴᠡᠭ᠎ᠤᠨ ᠬᠡᠷᠡᠭᠵᠢᠬᠦᠯᠬᠦ ᠲᠥᠰᠦᠯ᠎ᠢ ᠬᠦᠴᠦᠯᠡᠨ ᠨᠠᠶ᠋ᠢᠳᠠᠪᠤᠷᠢᠵᠢᠭᠤᠯᠵᠤ᠂ ᠲᠤᠷᠰᠢᠯᠲᠠ ᠵᠢᠨ ᠴᠡᠭ᠎ᠤᠨ ᠬᠠᠷᠠᠯᠲᠠᠲᠤ ᠡᠬᠦᠷᠭᠡ ᠵᠢ ᠲᠤᠭᠲᠠᠭᠰᠠᠨ ᠬᠤᠭᠤᠴᠠᠭ᠋ᠠᠨ᠎ᠳᠤ ᠦᠨᠳᠦᠷ ᠪᠦᠲᠦᠮᠵᠢᠲᠡᠢ᠎ᠪᠠᠷ ᠪᠡᠶᠡᠯᠡᠬᠦᠯᠬᠦ ᠬᠡᠷᠡᠭᠲᠡᠢ ᠭᠡᠵᠦ ᠱᠠᠭ᠋ᠠᠷᠳᠠᠪᠠ᠃

     ᠣᠰᠤᠨ ᠠᠰᠢᠭᠯᠠᠯᠲᠠ ᠵᠢᠨ ᠶᠠᠮᠤᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ᠎ᠠᠴᠠ᠄ ᠲᠠᠷᠠᠭ᠋ᠠᠴᠢ ᠵᠢᠨ ᠠᠯᠬᠤᠮ᠎ᠳᠤ᠂ ᠣᠰᠤᠨ ᠠᠰᠢᠭᠯᠠᠯᠲᠠ ᠵᠢᠨ ᠶᠠᠮᠤᠨ ᠬᠤᠯᠪᠤᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠳᠤᠷᠠᠨ ᠡᠯ᠎ᠡ ᠭᠠᠵᠠᠷ ᠤᠷᠤᠨ᠎ᠤ ᠲᠤᠷᠰᠢᠯᠲᠠ ᠵᠢᠨ ᠴᠡᠭ ᠪᠣᠯᠬᠤ ᠬᠤᠲᠠ ᠵᠢᠨ ᠬᠢᠨᠠᠨ ᠵᠦᠪᠰᠢᠶᠡᠷᠡᠵᠦ ᠪᠠᠲᠤᠯᠠᠭᠰᠠᠨ ᠲᠤᠷᠰᠢᠯᠲᠠ ᠵᠢᠨ ᠴᠡᠭ᠎ᠤᠨ ᠬᠡᠷᠡᠭᠵᠢᠬᠦᠯᠬᠦ ᠲᠦᠰᠦᠯ᠎ᠢ ᠴᠢᠩᠭ᠎ᠠ ᠨᠠᠶ᠋ᠢᠳᠠᠪᠤᠷᠢᠵᠢᠭᠤᠯᠬᠤ ᠵᠢ ᠵᠢᠯᠤᠭᠤᠳᠴᠤ᠂ ᠲᠠᠬᠢᠯᠲᠠ ᠤᠰᠤ ᠵᠢ ᠠᠰᠢᠭᠯᠠᠬᠤ ᠲᠥᠯᠦᠪᠵᠢᠬᠦᠯᠭᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠬᠦᠯᠬᠦ᠂ ᠲᠠᠬᠢᠯᠲᠠ ᠤᠰᠤ ᠵᠢ ᠠᠰᠢᠭᠯᠠᠬᠤ ᠲᠤᠬᠢᠷᠠᠭᠤᠯᠤᠯᠲᠠ ᠵᠢᠨ ᠬᠠᠮᠢᠶᠷᠤᠯᠲᠠ ᠵᠢ ᠴᠢᠩᠭ᠋ᠠᠳᠬᠠᠬᠤ᠂ ᠲᠠᠬᠢᠯᠲᠠ ᠣᠰᠤ ᠵᠢ ᠠᠰᠢᠭᠯᠠᠬᠤ ᠬᠦᠷᠢᠶ᠎ᠡ ᠴᠠᠷᠠᠭ᠎ᠠ ᠪᠠ ᠬᠡᠪᠴᠢᠶ᠎ᠡ ᠵᠢ ᠥᠷᠭᠡᠳᠭᠡᠬᠦ᠂ ᠲᠠᠬᠢᠯᠲᠠ ᠤᠰᠤᠨ᠎ᠤ ᠦᠢ᠍ᠯᠡᠳᠪᠦᠷᠢᠯᠡᠯ᠎ᠤᠨ ᠳᠠᠮᠵᠢᠭᠤᠯᠵᠤ ᠲᠤᠬᠢᠷᠠᠭᠤᠯᠬᠤ ᠪᠡᠯᠡᠳᠭᠡᠮᠵᠢ ᠵᠢ ᠲᠡᠬᠦᠯᠳᠡᠷᠵᠢᠬᠦᠯᠬᠦ᠂ ᠲᠠᠬᠢᠯᠲᠠ ᠤᠰᠤ ᠵᠢ ᠠᠰᠢᠭᠯᠠᠬᠤ ᠲᠦᠷᠥ ᠵᠢᠨ ᠪᠤᠳᠤᠯᠭ᠎ᠠ ᠵᠢ ᠪᠠᠶ᠋ᠢᠭᠤᠯᠤᠨ ᠲᠡᠬᠦᠯᠳᠡᠷᠵᠢᠬᠦᠯᠬᠦ ᠵᠡᠷᠭᠡ ᠲᠠᠪᠤᠨ ᠲᠠᠯ᠎ᠠ᠎ᠠᠴᠠ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠲᠤᠷᠰᠢᠯᠲᠠ ᠵᠢᠨ ᠴᠡᠭ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠪᠠ ᠳ᠋ᠦᠩᠨᠡᠨ ᠰᠢᠯᠭ᠋ᠠᠬᠤ ᠵᠢ ᠴᠠᠭ ᠲᠤᠬᠠᠢ᠎ᠳᠤ᠎ᠨᠢ ᠲᠤᠬᠢᠷᠠᠭᠤᠯᠤᠨ ᠥᠷᠨᠢᠬᠦᠯᠵᠦ᠂ ᠲᠤᠷᠰᠢᠯᠲᠠ ᠵᠢᠨ ᠴᠡᠭ᠎ᠤᠨ ᠬᠠᠷᠠᠯᠲᠠ ᠵᠢᠨ ᠡᠬᠦᠷᠭᠡ ᠵᠢ ᠲᠤᠭᠲᠠᠭᠰᠠᠨ ᠬᠤᠭᠤᠴᠠᠭ᠋ᠠᠨ᠎ᠳᠤ ᠪᠡᠶᠡᠯᠡᠬᠦᠯᠬᠦ ᠵᠢ ᠦᠨᠡᠨᠬᠦ ᠪᠠᠲᠤᠯᠠᠨ᠎ᠠ ᠭᠡᠵᠦ ᠢᠯᠡᠷᠬᠡᠶ᠋ᠢᠯᠡᠪᠡ᠃

 

ᠢᠷᠡᠯᠲᠡ᠄ ᠰᠢᠨᠬᠤᠸᠠ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠨᠢᠳᠤᠨᠤᠨ ᠪᠥᠬᠥ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠭᠰᠠᠨ ᠲᠠᠯᠠᠪᠠᠶ 6.3 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠪᠡ
ᠠᠷᠠᠳ᠎ᠤᠨ ᠰᠦᠯᠵᠢᠶ᠎ᠡ᠄ ᠬᠠᠲᠤᠨ ᠭᠣᠤᠯ ᠪᠥᠬᠥ ᠱᠤᠭᠤᠮ ᠵᠶ᠋ᠠᠷ ᠵᠶ᠋ᠠᠨ ᠭᠡᠰᠮᠡᠷ ᠪᠤᠢ᠂ ᠵᠠᠰᠠᠵᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠠᠯᠢᠶ᠎ᠠ ᠵᠢ ᠰᠡᠷᠭᠡᠢ᠌ᠯᠡᠬᠦ ᠡᠯ᠎ᠡ ᠵᠦᠢᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ
ᠰᠢᠨᠬᠤᠸᠠ ᠬᠣᠷᠢᠢ᠎ᠠ᠄ ᠬᠠᠳᠤᠨ ᠭᠣᠣᠯ᠎ᠤᠨ ᠭᠡᠰᠬᠦ ᠬᠤᠷᠳᠤᠴᠠ ᠲᠦᠷᠭᠡᠰᠴᠦ᠂ ᠤᠢ᠍ᠢ᠍ᠷ᠎ᠠ ᠵᠢᠨ ᠬᠤᠭᠤᠴᠠᠭ᠋ᠠᠨ᠎ᠳᠤ ᠪᠦᠬᠦ ᠱᠤᠭᠤᠮ ᠵᠶ᠋ᠠᠷ ᠵᠶ᠋ᠠᠨ ᠭᠣᠣᠯ ᠭᠡᠰᠦᠨ᠎ᠡ
ᠠᠷᠠᠳ᠎ᠤᠨ ᠡᠳᠦᠷ᠎ᠤᠨ ᠰᠣᠨᠢᠨ᠄ ᠡᠨᠡ ᠵᠢᠯ ᠨᠢᠭᠡᠨᠲᠡ 7 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠰᠢᠨ᠎ᠡ᠎ᠪᠠᠷ ᠡᠬᠢᠯᠡᠭᠦᠯᠪᠡ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ 2023 ᠣᠨ᠎ᠤ 《ᠳᠡᠯᠡᠬᠡᠶ ᠵᠢᠨ ᠤᠰᠤᠨ᠎ᠤ ᠡᠳᠦᠷ》 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠭᠣᠤᠯ ᠰᠡᠳᠦᠪᠲᠦ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠪᠡ
 
            