ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠠᠴᠠ ᠣᠶ᠋ᠢᠯᠠᠭ᠋ᠠᠭᠰᠠᠨ ᠵᠶ᠋ᠠᠷ᠂ ᠡᠨᠡ ᠵᠢᠯ ᠤᠰᠤᠨ ᠠᠰᠢᠭᠯᠠᠯᠲᠠ ᠵᠢᠨ ᠶᠠᠮᠤᠨ ᠭᠤᠣᠯ ᠮᠦᠷᠡᠨ᠎ᠤ ᠳᠠᠷᠤᠭ᠎ᠠ ᠵᠢᠨ ᠰᠢᠰᠲ᠋ᠧᠮ᠎ᠳᠤ ᠲᠦᠰᠢᠭᠯᠡᠨ ᠭᠤᠣᠯ ᠮᠦᠷᠡᠨ᠎ᠤ 《ᠲᠦᠷᠪᠡᠨ ᠰᠠᠮᠠᠭᠤᠨ᠎ᠢ ᠴᠡᠭᠴᠡᠯᠡᠬᠦ》 ᠵᠢ ᠪᠠᠶ᠋ᠢᠩᠭᠤᠵᠢᠭᠤᠯᠤᠨ ᠵᠢᠷᠤᠮᠵᠢᠭᠤᠯᠬᠤ ᠵᠢ ᠭᠦᠨᠵᠡᠭᠡᠢ ᠠᠬᠢᠭᠤᠯᠵᠤ᠂ ᠭᠤᠣᠯ ᠨᠠᠭᠤᠷ᠎ᠢ ᠳᠤᠷ᠎ᠠ᠎ᠪᠠᠷ ᠵᠶ᠋ᠠᠨ ᠡᠵᠡᠯᠡᠬᠦ᠂ ᠳᠤᠷ᠎ᠠ᠎ᠪᠠᠷ ᠵᠶ᠋ᠠᠨ ᠮᠠᠯᠲᠠᠬᠤ᠂ ᠳᠤᠷ᠎ᠠ᠎ᠪᠠᠷ ᠵᠶ᠋ᠠᠨ ᠪᠠᠶ᠋ᠢᠭᠤᠯᠤᠭᠰᠠᠨ ᠵᠡᠷᠭᠡ 2.89 ᠲᠦᠮᠡᠨ ᠠᠰᠠᠭᠤᠳᠠᠯ᠎ᠢ ᠴᠡᠭᠴᠡᠯᠡᠨ ᠵᠠᠰᠠᠵᠤ᠂ ᠣᠰᠤᠨ ᠬᠠᠰᠢᠯᠭ᠎ᠠ ᠵᠢᠨ ᠰᠣᠯᠪᠢᠴᠠᠭᠰᠠᠨ ᠪᠠᠷᠢᠯᠭ᠎ᠠ ᠵᠢ 10236 ᠴᠡᠭᠴᠡᠯᠡᠨ ᠵᠠᠰᠠᠵᠤ᠂ ᠡᠷᠭᠢ ᠲᠠᠭ᠋ᠠᠤ ᠵᠢᠨ ᠬᠠᠤᠯᠢ ᠪᠤᠰᠤ᠎ᠪᠠᠷ ᠡᠵᠡᠯᠡᠨ ᠬᠡᠷᠡᠭᠯᠡᠭᠰᠡᠨ 1.75 ᠲᠦᠮᠡᠨ ᠺᠢᠯᠣᠮᠧᠳ᠋ᠷᠢ ᠴᠡᠭᠴᠡᠯᠡᠨ ᠵᠠᠰᠠᠪᠠ᠃
ᠤᠳᠤᠬᠠᠨ ᠪᠣᠯᠲᠠᠯ᠎ᠠ᠂ ᠮᠠᠨ᠎ᠤ ᠤᠯᠤᠰ ᠨᠢᠭᠡᠨᠲᠡ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠬᠦᠯᠦᠭᠡᠳ ᠵᠢᠷᠭᠤᠭ᠋ᠠᠨ ᠵᠢᠯ ᠪᠣᠯᠵᠤ᠂ ᠵᠢᠷᠭᠤᠭ᠋ᠠᠨ ᠵᠢᠯ᠎ᠤᠨ ᠲᠤᠷᠰᠢ᠂ ᠪᠥᠬᠦ ᠤᠯᠤᠰ᠎ᠤᠨ 31 ᠮᠤᠵᠢ ᠣᠷᠣᠨ ᠬᠤᠲᠠ ᠵᠢᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠭᠤᠣᠯ ᠬᠠᠷᠢᠭᠤᠴᠠᠯᠭ᠋ᠠᠲᠠᠨ ᠨᠥᠬᠦᠳ ᠮᠤᠵᠢ ᠵᠢᠨ ᠱᠠᠲᠤᠨ᠎ᠤ ᠬᠤᠣᠰ ᠶᠡᠷᠦᠩᠬᠡᠢ ᠭᠤᠣᠯ ᠮᠦᠷᠡᠨ᠎ᠤ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ 30 ᠲᠦᠮᠡᠨ ᠨᠡᠷᠡᠰ ᠮᠤᠵᠢ ᠬᠤᠲᠠ ᠰᠢᠶᠠᠨ ᠰᠢᠶᠠᠩ᠎ᠤᠨ ᠳᠥᠷᠪᠡᠨ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠨᠢ ᠭᠤᠣᠯ ᠮᠥᠷᠡᠨ ᠨᠠᠭᠤᠷ ᠴᠥᠭᠦᠷᠥᠮ᠎ᠢ ᠬᠠᠮᠢᠶᠠᠷᠤᠨ ᠬᠠᠮᠠᠭ᠋ᠠᠯᠠᠬᠤ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠵᠤ᠂ 90 ᠲᠦᠮᠡᠨ ᠨᠡᠷᠡᠰ ᠲᠣᠰᠬᠤᠨ᠎ᠤ ᠲᠠᠰ᠎ᠤᠨ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠨᠢ ᠭᠤᠣᠯ ᠮᠥᠷᠡᠨ ᠨᠠᠭᠤᠷ ᠴᠥᠭᠦᠷᠥᠮ᠎ᠤᠨ 《ᠬᠠᠮᠤᠭ᠎ᠤᠨ ᠡᠮᠦᠨ᠎ᠡ ᠬᠠᠷᠠᠭᠤᠯ》᠎ᠢ ᠰᠠᠬᠢᠨ ᠬᠠᠮᠠᠭ᠋ᠠᠯᠠᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠪᠠᠶ᠋ᠢᠳᠠᠯ ᠲᠡᠦᠬᠡᠲᠦ ᠴᠢᠨᠠᠷᠲᠠᠢ ᠬᠤᠪᠢᠷᠠᠯᠲᠠ ᠭᠠᠷᠬᠤ ᠵᠢ ᠠᠬᠢᠭᠤᠯᠪᠠ᠃
《ᠭᠤᠣᠯ ᠮᠥᠷᠡᠨ ᠨᠠᠭᠤᠷ ᠴᠦᠬᠦᠷᠡᠮ᠎ᠤᠨ ᠳᠠᠷᠤᠭ᠎ᠠ ᠵᠢᠨ ᠳᠦᠷᠢᠮ》᠎ᠢ ᠲᠡᠰ ᠳᠡᠪᠰᠢᠭᠦᠯᠵᠤ᠂ ᠭᠤᠣᠯ ᠮᠥᠷᠡᠨ᠎ᠤ ᠤᠰᠤ ᠲᠤᠩᠭ᠋ᠠᠯᠠᠭ ᠪᠠᠶ᠋ᠢᠬᠤ ᠵᠢ ᠪᠡᠶᠡᠯᠡᠬᠦᠯᠪᠡ᠃
ᠡᠨᠡ ᠬᠡᠳᠦᠨ ᠡᠳᠦᠷ᠂ ᠱᠠᠨᠳᠦ᠋ᠩ᠎ᠤᠨ ᠱᠧᠦ ᠭᠤᠸᠠᠩ᠎ᠤᠨ ᠮᠢ ᠡᠾᠧ ᠭᠤᠣᠯ᠎ᠤᠨ ᠬᠠᠨ ᠴᠢᠶᠣᠤ ᠭᠤᠣᠯ᠎ᠤᠨ ᠬᠠᠰᠢᠯᠭ᠎ᠠ ᠵᠢᠨ ᠣᠷᠴᠢᠮ᠎ᠤᠨ ᠤᠰᠤᠨ ᠣᠷᠣᠨ᠎ᠳᠤ᠂ ᠵᠠᠭᠤ ᠭᠠᠷᠤᠢ ᠴᠠᠭ᠋ᠠᠨ ᠶᠠᠰᠤᠲᠤ ᠲᠠᠬᠢᠶ᠎ᠠ ᠢᠷᠡᠵᠦ᠂ ᠣᠯᠠᠨ᠎ᠤ ᠠᠩᠬᠠᠷᠤᠯ᠎ᠢ ᠲᠠᠲᠠᠵᠤ ᠪᠤᠢ᠃
ᠱᠧᠦ ᠭᠤᠸᠠᠩ᠎ᠤᠨ ᠬᠤᠳᠠ ᠵᠢᠨ ᠠᠷᠠᠳ ᠵᠠᠩ ᠱᠧᠩ ᠯᠦᠩ᠄ ᠤᠳᠤ ᠮᠢ ᠾᠧ ᠭᠤᠣᠯ᠎ᠤᠨ ᠡᠷᠬᠢᠨ ᠲᠣᠭᠤᠷᠢᠨ᠎ᠤ ᠣᠰᠤᠨ᠎ᠤ ᠴᠢᠨᠠᠷ ᠦᠨᠡᠬᠡᠷ ᠰᠠᠶ᠋ᠢᠨ ᠪᠤᠯᠵᠤ᠂ ᠡᠯ᠎ᠡ ᠵᠦᠢ᠍ᠯ᠎ᠤᠨ ᠤᠰᠤᠨ᠎ᠤ ᠰᠢᠪᠠᠭᠤ ᠪᠦᠷ ᠪᠠᠶ᠋ᠢᠨ᠎ᠠ᠃ ᠵᠤᠨ᠎ᠤ ᠪᠣᠯᠬᠤ᠎ᠳᠤ᠂ ᠡᠯ᠎ᠡ ᠵᠦᠢ᠍ᠯ᠎ᠤᠨ ᠣᠰᠤᠨ᠎ᠤ ᠤᠷᠭᠤᠮᠠᠯ ᠣᠷᠭᠤᠳᠠᠭ᠃ ᠭᠤᠤᠯ᠎ᠤᠨ ᠤᠰᠤᠨ᠎ᠳᠤ ᠪᠠᠰᠠ ᠡᠯ᠎ᠡ ᠵᠦᠢ᠍ᠯ᠎ᠤᠨ ᠵᠢᠭ᠋ᠠᠰᠤ ᠤᠮᠪᠠᠵᠤ ᠪᠠᠶ᠋ᠢᠳᠠᠭ᠂ ᠡᠨᠡ ᠪᠣᠯ ᠥᠩᠭᠡᠷᠡᠭᠰᠡᠨ᠎ᠳᠤ ᠪᠠᠶ᠋ᠢᠭ᠎ᠠ ᠦᠭᠡᠢ ᠦᠵᠡᠭᠳᠡᠯ ᠶᠤᠮ᠃
ᠥᠩᠭᠡᠷᠡᠭᠰᠡᠨ᠎ᠳᠤ᠂ ᠬᠢᠨᠠᠯᠲᠠ ᠬᠠᠮᠢᠶᠠᠷᠤᠯᠲᠠ ᠳᠤᠲᠠᠭᠳᠠᠭᠰᠠᠨ᠎ᠠᠴᠠ ᠪᠣᠯᠵᠤ᠂ ᠮᠢ ᠾᠧ ᠭᠤᠣᠯ᠎ᠤᠨ ᠤᠷᠤᠰᠬᠠᠯ ᠲᠠᠰᠤᠷᠠᠬᠤ᠂ ᠴᠢᠭᠢᠭᠯᠢᠭ ᠭᠠᠵᠠᠷ᠎ᠤᠨ ᠲᠠᠯᠠᠪᠠᠢ ᠪᠠᠭ᠋ᠠᠰᠬᠤ ᠵᠡᠷᠭᠡ ᠦᠵᠡᠭᠳᠡᠯ ᠣᠷᠣᠰᠢᠵᠤ ᠪᠠᠶ᠋ᠢᠵᠠᠢ᠃ ᠣᠳᠣᠬᠠᠨ᠎ᠳᠤ ᠠᠳᠡᠬᠢ ᠤᠰᠤᠨ᠎ᠤ ᠣᠷᠴᠢᠨ ᠲᠣᠭᠤᠷᠢᠨ ᠦᠷᠭᠦᠯᠵᠢᠯᠡᠨ ᠰᠠᠶ᠋ᠢᠵᠢᠷᠠᠭᠰᠠᠨ᠎ᠨᠢ ᠱᠧᠦ ᠭᠤᠸᠠᠩ᠎ᠤᠨ ᠣᠶ᠋ᠢᠷ᠎ᠠ ᠵᠢᠨ ᠵᠢᠯ᠎ᠳᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠢ ᠪᠥᠬᠦ ᠲᠠᠯ᠎ᠠ᠎ᠪᠠᠷ ᠬᠡᠷᠡᠭᠵᠢᠭᠦᠯᠵᠤ᠂ ᠮᠢ ᠾᠧ ᠭᠤᠣᠯ ᠵᠡᠷᠭᠡ ᠭᠤᠣᠯ ᠮᠥᠷᠡᠨ ᠨᠠᠭᠤᠷ ᠴᠥᠭᠦᠷᠥᠮ᠎ᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠤᠭᠰᠠᠨ᠎ᠠᠴᠠ ᠪᠣᠯᠵᠠᠢ᠃ ᠮᠢ ᠾᠧ ᠭᠤᠣᠯ᠎ᠤᠨ ᠱᠧᠦ ᠭᠤᠸᠠᠩ ᠬᠤᠳᠠ ᠵᠢᠨ ᠬᠢᠯᠢ ᠳᠣᠲᠣᠷᠠᠬᠢ ᠪᠦᠬᠦ ᠤᠷᠳᠤᠨᠢ 95 ᠺᠢᠯᠣᠮᠧᠳ᠋ᠷ᠎ᠲᠤ ᠪᠠᠶ᠋ᠢᠵᠤ᠂ ᠰᠢᠶᠠᠨ᠂ ᠪᠠᠯᠭ᠋ᠠᠰᠤ᠂ ᠲᠣᠰᠬᠤᠨ ᠭᠤᠷᠪᠠᠨ ᠱᠠᠲᠤᠨ᠎ᠤ ᠭᠤᠣᠯ ᠮᠥᠷᠡᠨ᠎ᠤ ᠲᠠᠷᠤᠭ᠎ᠠ ᠵᠢ ᠨᠡᠶ᠋ᠢᠳᠡ 136 ᠨᠡᠷ᠎ᠡ ᠲᠤᠬᠢᠷᠠᠭᠤᠯᠵᠤ᠂ ᠱᠠᠲᠤ ᠬᠤᠪᠢᠶᠠᠨ ᠬᠡᠰᠡᠭ ᠬᠤᠪᠢᠶᠠᠨ ᠨᠢᠭᠡ ᠭᠤᠣᠯ᠎ᠢ ᠬᠠᠮᠲᠤ᠎ᠪᠠᠷ ᠬᠠᠮᠢᠶᠠᠷᠴᠤ ᠪᠠᠶ᠋ᠢᠳᠠᠭ᠃
ᠱᠧᠦ ᠭᠤᠸᠠᠩ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠯᠢᠦ ᠵᠢᠶᠠᠨ ᠸᠧᠢ᠄ 2017 ᠣᠨ᠎ᠳᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠢ ᠬᠡᠷᠡᠭᠵᠢᠭᠦᠯᠦᠭᠰᠡᠨ᠎ᠠᠴᠠ ᠨᠠᠰᠢ᠂ ᠪᠢᠳᠡ ᠭᠤᠣᠯ ᠮᠥᠷᠡᠨ ᠨᠠᠭᠤᠷ ᠴᠥᠭᠦᠷᠥᠮ᠎ᠤᠨ 《ᠳᠥᠷᠪᠡᠨ ᠰᠠᠮᠠᠭᠤᠨ᠎ᠢ ᠴᠡᠭᠴᠡᠯᠡᠬᠦ》 ᠵᠢ ᠪᠠᠶ᠋ᠢᠩᠭᠤᠵᠢᠭᠤᠯᠬᠤ ᠪᠠ ᠵᠢᠷᠤᠮᠵᠢᠭᠤᠯᠬᠤ ᠵᠢ ᠭᠦᠨᠵᠡᠭᠡᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ᠎ᠲᠠᠢ ᠬᠤᠯᠪᠣᠭᠳᠠᠭᠰᠠᠨ ᠬᠠᠤᠯᠢ ᠵᠢ ᠵᠥᠷᠢᠴᠡᠭᠰᠡᠨ 3937 ᠠᠰᠠᠭᠤᠳᠠᠯ᠎ᠢ ᠢᠯᠡᠷᠡᠭᠦᠯᠦᠨ ᠰᠢᠢ᠍ᠳᠪᠦᠷᠢᠯᠡᠵᠦ᠂ ᠭᠤᠣᠯ᠎ᠤᠨ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠵᠢᠶᠠᠩᠰᠢ ᠮᠤᠵᠢ ᠭᠤᠣᠯ ᠮᠦᠷᠡᠨ᠎ᠤ ᠳᠠᠷᠤᠭ᠎ᠠ ᠪᠣᠯᠣᠨ ᠪᠤᠰᠤᠳ ᠭᠤᠣᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠵᠢᠨ ᠭᠤᠣᠯ ᠴᠣᠭᠴᠠ ᠵᠢᠨ ᠬᠤᠭᠤᠷᠣᠨᠳᠣᠬᠢ ᠬᠠᠮᠵᠢᠯᠴᠠᠭ᠋ᠠᠨ᠎ᠤ ᠲᠣᠭᠲᠠᠴᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠪᠡ᠃ ᠵᠢᠶᠠᠩᠰᠢ ᠵᠢᠨ ᠵᠢᠩ ᠠᠨ᠎ᠳᠤ᠂ ᠲᠤᠬᠠᠢ ᠵᠢᠨ ᠭᠠᠵᠠᠷ᠎ᠤᠨ᠎ᠬᠢᠨ 《ᠠᠮᠢ ᠠᠬᠤᠢ ᠵᠢᠨ ᠬᠠᠮᠠᠭ᠋ᠠᠯᠠᠭᠴᠢ》 ᠭᠡᠬᠦ ᠤᠬᠠᠭᠳᠠᠬᠤᠨ ᠵᠶ᠋ᠠᠷ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ ᠵᠢᠨ ᠰᠢᠨ᠎ᠡ ᠵᠢ ᠡᠭᠦᠳᠬᠦ ᠲᠣᠭᠲᠠᠴᠠ ᠵᠢ ᠪᠣᠶ ᠪᠣᠯᠭ᠋ᠠᠵᠤ᠂ ᠬᠠᠤᠯᠢ ᠬᠡᠷᠡᠭᠵᠢᠭᠦᠯᠬᠦ ᠠᠵᠢᠯᠲᠠᠨ᠎ᠢ ᠲᠥᠪᠯᠡᠷᠡᠭᠦᠯᠦᠨ ᠠᠵᠢᠯᠯᠠᠭᠤᠯᠵᠤ᠂ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯ᠎ᠢ ᠲᠤᠰᠬᠠᠶ᠋ᠢᠯᠠᠨ ᠥᠷᠨᠢᠭᠦᠯᠪᠡ᠃
ᠵᠢᠶᠠᠩᠰᠢ ᠮᠤᠵᠢ ᠵᠢᠨ ᠶᠦᠩ ᠹᠧᠩ ᠰᠢᠶᠠᠨ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠪᠦᠬᠦ ᠮᠤᠵᠢ᠎ᠳᠤ 《ᠮᠤᠵᠢ᠂ ᠬᠤᠲᠠ᠂ ᠰᠢᠶᠠᠨ᠂ ᠰᠢᠶᠠᠩ᠂ ᠲᠣᠰᠬᠤᠨ᠂ ᠳᠤᠭᠤᠶ᠋ᠢᠯᠠᠩ》 ᠭᠡᠬᠦ ᠵᠢᠷᠭᠤᠭ᠋ᠠᠨ ᠳᠡᠰ᠎ᠤᠨ ᠭᠤᠣᠯ ᠮᠦᠷᠡᠨ᠎ᠤ ᠳᠠᠷᠤᠭ᠎ᠠ ᠵᠢᠨ ᠳᠦᠷᠢᠮ᠎ᠢ ᠪᠠᠶ᠋ᠢᠭᠤᠯᠵᠤ᠂ 《ᠭᠤᠣᠯ ᠮᠦᠷᠡᠨ + ᠴᠠᠭᠳᠠᠭ᠋ᠠᠨ ᠳᠠᠷᠤᠭ᠎ᠠ》᠂ 《ᠭᠤᠣᠯ ᠮᠦᠷᠡᠨ + ᠪᠠᠶ᠋ᠢᠴᠠᠭ᠋ᠠᠬᠤ ᠲᠠᠰᠤᠭ》᠂ 《ᠭᠤᠣᠯ ᠮᠦᠷᠡᠨ + ᠠᠵᠤ ᠠᠬᠤᠶ᠋ᠢᠯᠠᠯ᠎ᠤᠨ ᠭᠤᠣᠯ ᠮᠦᠷᠡᠨ᠎ᠤ ᠳᠠᠷᠤᠭ᠎ᠠ᠂ ᠠᠷᠠᠳ᠎ᠤᠨ ᠳᠤᠮᠳᠠᠬᠢ ᠭᠤᠣᠯ ᠮᠦᠷᠡᠨ᠎ᠤ ᠳᠠᠷᠤᠭ᠎ᠠ》 ᠵᠢᠨ ᠵᠠᠭᠪᠤᠷ᠎ᠢ ᠲᠡᠬᠦᠯᠳᠡᠷᠵᠢᠬᠦᠯᠵᠦ᠂ ᠨᠡᠶ᠋ᠢᠭᠡᠮ᠎ᠤᠨ ᠬᠦᠴᠦᠨ᠎ᠢ ᠠᠰᠢᠭᠯᠠᠨ ᠵᠠᠰᠠᠭ ᠵᠠᠬᠢᠷᠭ᠋ᠠᠨ᠎ᠤ ᠭᠤᠣᠯ ᠮᠦᠷᠡᠨ᠎ᠤ ᠳᠠᠷᠤᠭ᠎ᠠ ᠵᠢᠨ ᠤᠰᠤ ᠵᠢ ᠵᠠᠰᠠᠬᠤ᠎ᠳᠤ ᠬᠠᠪᠰᠤᠷᠴᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠢ ᠪᠦᠬᠦ ᠰᠢᠶᠠᠨ᠎ᠳᠤ ᠪᠦᠷᠬᠦᠬᠦᠯᠬᠦ ᠵᠢ ᠪᠡᠶᠡᠯᠡᠬᠦᠯᠪᠡ᠃
《ᠭᠤᠣᠯ ᠮᠦᠷᠡᠨ᠎ᠤ ᠳᠠᠷᠤᠭ᠎ᠠ ᠵᠢᠨ ᠳᠦᠷᠢᠮ》᠎ᠢ ᠣᠶᠤᠨᠯᠢᠭ ᠵᠶ᠋ᠠᠷ ᠬᠠᠮᠢᠶᠠᠷᠤᠨ ᠬᠠᠮᠠᠭ᠋ᠠᠯᠠᠬᠤ ᠵᠢ 《ᠭᠤᠣᠯ᠎ᠤᠨ ᠪᠠᠶ᠋ᠢᠩᠭᠤ ᠵᠢᠨ ᠵᠠᠰᠠᠯᠲᠠ》 ᠪᠣᠯᠭ᠋ᠠᠨ ᠲᠠᠰ ᠲᠡᠪᠰᠢᠬᠦᠯᠪᠡ᠃
ᠵᠧᠵᠢᠶᠠᠩ᠎ᠤᠨ ᠬᠠᠩᠵᠧᠦ ᠣᠶᠤᠨᠴᠢᠯᠠᠭᠰᠠᠨ ᠮᠡᠷᠭᠡᠵᠢᠯ᠎ᠢ ᠬᠡᠷᠡᠭᠯᠡᠬᠦ᠎ᠪᠠᠷ ᠳᠠᠮᠵᠢᠭᠤᠯᠤᠨ᠂ ᠡᠯ᠎ᠡ ᠱᠠᠲᠤᠨ᠎ᠤ ᠭᠤᠣᠯ ᠮᠦᠷᠡᠨ᠎ᠤ ᠳᠠᠷᠤᠭ᠎ᠠ ᠵᠢ ᠬᠠᠪᠰᠤᠷᠤᠨ ᠭᠤᠣᠯ᠎ᠢ ᠵᠠᠰᠠᠵᠤ᠂ ᠤᠰᠤᠨ᠎ᠤ ᠣᠷᠴᠢᠨ ᠲᠣᠭᠤᠷᠢᠨ᠎ᠢ ᠬᠠᠮᠠᠭ᠋ᠠᠯᠠᠵᠤ᠂ 《ᠭᠤᠣᠯ ᠮᠦᠷᠡᠨ᠎ᠤ ᠳᠠᠷᠤᠭ᠎ᠠ ᠵᠢᠨ ᠳᠦᠷᠢᠮ》᠎ᠢ ᠲᠡᠰ ᠳᠡᠪᠰᠢᠭᠦᠯᠦᠭᠡᠳ 《ᠭᠤᠣᠯ᠎ᠤᠨ ᠪᠠᠶ᠋ᠢᠩᠭᠤ ᠵᠢᠨ ᠵᠠᠰᠠᠯᠲᠠ》 ᠪᠣᠯᠭ᠋ᠠᠪᠠ᠃
ᠣᠶ᠋ᠢᠷ᠎ᠠ᠎ᠳᠤ᠂ ᠬᠠᠩᠵᠧᠦ ᠬᠤᠲᠠ ᠵᠢᠨ ᠱᠠᠩ ᠴᠧᠩ ᠲᠣᠭᠤᠷᠢᠭ᠎ᠤᠨ ᠭᠤᠣᠯ ᠮᠦᠷᠡᠨ᠎ᠤ ᠳᠠᠷᠤᠭ᠎ᠠ ᠵᠢᠨ ᠠᠯᠪᠠᠨ ᠭᠡᠷ᠎ᠤᠨ ᠤᠶᠤᠨᠴᠢᠯᠠᠭᠰᠠᠨ ᠲᠠᠪᠴᠠᠩ ᠳᠡᠭᠡᠷ᠎ᠡ ᠬᠠᠷᠢᠶ᠎ᠠ ᠣᠷᠣᠨ᠎ᠤ᠎ᠬᠢᠨ ᠨᠢᠭᠡᠨ ᠭᠤᠣᠯ ᠲᠠᠭ᠋ᠠᠤ ᠵᠢᠨ ᠰᠦᠯᠵᠢᠶᠡᠨ ᠬᠢᠨᠠᠯᠲᠠ ᠵᠢᠨ ᠲᠥᠬᠦᠭᠡᠷᠦᠮᠵᠢ ᠵᠢᠨ ᠲᠤᠭ᠎ᠠ ᠪᠠᠷᠢᠮᠲᠠ ᠬᠡᠪ᠎ᠤᠨ ᠪᠤᠰᠤ ᠪᠠᠶ᠋ᠢᠬᠤ ᠵᠢ ᠢᠯᠡᠷᠡᠭᠦᠯᠪᠡ᠃
ᠬᠠᠩᠵᠧᠦ ᠬᠤᠲᠠ ᠵᠢᠨ ᠱᠠᠩ ᠴᠧᠩ ᠲᠣᠭᠤᠷᠢᠭ᠎ᠤᠨ ᠭᠤᠣᠯ ᠮᠥᠷᠡᠨ᠎ᠤ ᠳᠠᠷᠤᠭ᠎ᠠ ᠵᠢᠨ ᠠᠯᠪᠠᠨ ᠭᠡᠷ᠎ᠤᠨ ᠤᠶᠤᠨᠴᠢᠯᠠᠭᠰᠠᠨ ᠲᠠᠪᠴᠠᠩ᠎ᠤᠨ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ ᠨᠢᠶᠧ ᡁᠢ ᠭᠠᠩ᠄ ᠤᠰᠤᠨ᠎ᠤ ᠴᠢᠨᠠᠷ᠎ᠢ ᠬᠢᠨᠠᠨ ᠬᠡᠮᠵᠢᠬᠦ ᠰᠦᠯᠵᠢᠶᠡᠨ ᠲᠥᠬᠦᠭᠡᠷᠦᠮᠵᠢ ᠵᠢᠨ ᠢᠯᠡᠷᠡᠭᠦᠯᠦᠭᠰᠡᠨ ᠵᠶ᠋ᠠᠷ᠂ ᠮᠠᠨ᠎ᠤ ᠬᠠᠷᠢᠶᠠᠨ᠎ᠳᠠᠬᠢ ᠨᠢᠭᠡ ᠵᠤᠷᠪᠤᠰ ᠭᠤᠣᠯ᠎ᠤᠨ ᠶᠠᠮᠠᠷ ᠨᠢᠭᠡᠨ ᠴᠡᠭ᠎ᠤᠨ ᠠᠭᠤᠰᠤᠭᠳᠠᠮᠠᠯ ᠬᠦᠴᠢᠯᠲᠥ᠋ᠷᠥᠭᠴᠢ ᠵᠢᠨ ᠬᠡᠮᠵᠢᠶ᠎ᠡ ᠲᠦᠷᠭᠡᠨ ᠵᠶ᠋ᠠᠷ ᠪᠠᠭᠤᠷᠠᠪᠠ᠂ ᠡᠨᠡ ᠬᠦ᠌ ᠠᠰᠠᠭᠤᠳᠠᠯ᠎ᠢ ᠣᠯᠵᠤ ᠮᠡᠳᠡᠭᠰᠡᠨ᠎ᠤ ᠳᠠᠷᠠᠭ᠎ᠠ᠂ ᠪᠢᠳᠡ ᠰᠦᠯᠵᠢᠶᠡᠨ ᠬᠢᠨᠠᠨ ᠡᠵᠡᠮᠳᠡᠯ ᠵᠶ᠋ᠠᠷ ᠳᠡᠮᠵᠢᠨ᠂ ᠡᠨᠡ ᠴᠡᠭ᠎ᠤᠨ ᠡᠷᠬᠢᠨ ᠲᠣᠭᠤᠷᠢᠨ᠎ᠤ ᠪᠠᠶ᠋ᠢᠳᠠᠯ᠎ᠢ ᠪᠠᠶ᠋ᠢᠴᠠᠭ᠋ᠠᠨ ᠦᠵᠡᠭᠰᠡᠨ᠎ᠤ ᠳ᠋ᠦᠩ᠎ᠳᠤ᠂ ᠭᠤᠣᠯ᠎ᠤᠨ ᠳᠡᠭᠡᠳᠦ ᠤᠷᠤᠰᠬᠠᠯ᠎ᠳᠤ ᠪᠣᠷᠣᠭ᠋ᠠᠨ᠎ᠤ ᠤᠰᠤ ᠭᠠᠳᠠᠭᠰᠢᠯᠠᠭᠤᠯᠬᠤ ᠬᠤᠭᠤᠯᠠᠢ᠎ᠪᠠᠷ ᠪᠤᠬᠢᠷ ᠤᠰᠤ ᠣᠷᠤᠵᠤ ᠪᠠᠶ᠋ᠢᠬᠤ ᠵᠢ ᠢᠯᠡᠷᠡᠬᠦᠯᠵᠡᠢ᠃
ᠠᠰᠠᠭᠤᠳᠠᠯ᠎ᠢ ᠢᠯᠡᠷᠡᠭᠦᠯᠦᠭᠰᠡᠨ᠎ᠤ ᠳᠠᠷᠠᠭ᠎ᠠ᠂ ᠤᠶᠤᠨᠴᠢᠯᠠᠭᠰᠠᠨ ᠲᠠᠪᠴᠠᠩ᠎ᠨᠢ ᠭᠤᠣᠯ ᠮᠦᠷᠡᠨ᠎ᠤ ᠳᠠᠷᠤᠭ᠎ᠠ᠂ ᠭᠤᠣᠯ ᠮᠦᠷᠡᠨ᠎ᠤ ᠴᠠᠭᠳᠠᠭ᠋ᠠᠨ ᠳᠠᠷᠤᠭ᠎ᠠ᠂ ᠬᠠᠤᠯᠢ ᠬᠡᠷᠡᠭᠵᠢᠭᠦᠯᠬᠦ ᠠᠩᠭᠢ ᠵᠢᠨ ᠭᠡᠰᠢᠭᠦᠳ᠎ᠲᠤ ᠲᠠᠷᠤᠶ᠋ᠢᠬᠠᠨ ᠲᠤᠬᠠᠢ ᠵᠢᠨ ᠲᠠᠯᠠᠪᠤᠷᠲᠤᠨᠢ ᠬᠦᠷᠴᠦ ᠬᠠᠶ᠋ᠢᠨ ᠪᠠᠶ᠋ᠢᠴᠠᠭ᠋ᠠᠬᠤ ᠵᠢ ᠮᠡᠳᠡᠭᠳᠡᠵᠡᠢ᠃ ᠪᠤᠬᠢᠷ ᠣᠰᠤ ᠭᠠᠳᠠᠭᠰᠢᠯᠠᠭᠤᠯᠬᠤ ᠬᠤᠭᠤᠯᠠᠢ ᠵᠢ ᠢᠯᠡᠷᠡᠭᠦᠯᠦᠭᠰᠡᠨ᠎ᠤ ᠳᠠᠷᠠᠭ᠎ᠠ᠂ ᠭᠤᠣᠯ ᠮᠦᠷᠡᠨ᠎ᠤ ᠳᠠᠷᠤᠭ᠎ᠠ ᠭᠠᠷ ᠣᠲᠠᠰᠤ᠎ᠪᠠᠨ ᠠᠰᠢᠭᠯᠠᠨ᠂ ᠤᠰᠤ ᠲᠠᠲᠠᠷᠠᠭᠤᠯᠬᠤ ᠬᠤᠭᠤᠯᠠᠢ ᠵᠢᠨ ᠲᠣᠣᠷ᠎ᠤᠨ ᠬᠠᠨᠳᠤᠰᠢ ᠵᠢ ᠪᠠᠶ᠋ᠢᠴᠠᠭ᠋ᠠᠨ ᠦᠵᠡᠵᠦ᠂ ᠵᠠᠳᠠᠯᠤᠯᠲᠠ ᠬᠢᠵᠡᠢ᠃ ᠤᠳᠠᠯ ᠦᠭᠡᠢ᠂ ᠭᠤᠣᠯ ᠮᠦᠷᠡᠨ᠎ᠤ ᠳᠠᠷᠤᠭ᠎ᠠ ᠪᠣᠯᠣᠨ ᠬᠠᠤᠯᠢ ᠬᠡᠷᠡᠭᠵᠢᠭᠦᠯᠬᠦ ᠠᠩᠭᠢ ᠵᠢᠨ ᠭᠡᠰᠢᠭᠦᠳ ᠲᠣᠭᠲᠠᠭ᠋ᠠᠯ᠎ᠠᠴᠠ ᠵᠥᠷᠢᠴᠡᠨ ᠪᠤᠭᠢᠷ ᠤᠰᠤ ᠭᠠᠳᠠᠭᠰᠢᠯᠠᠭᠤᠯᠵᠤ ᠪᠠᠶ᠋ᠢᠭ᠎ᠠ ᠣᠶ᠋ᠢᠷ᠎ᠠ ᠬᠠᠪᠢ ᠵᠢᠨ ᠨᠢᠭᠡᠨ ᠪᠠᠷᠢᠯᠭ᠎ᠠ ᠵᠢᠨ ᠭᠠᠵᠠᠷ᠎ᠢ ᠢᠯᠡᠷᠡᠬᠦᠯᠵᠡᠢ᠃
ᠬᠠᠩᠵᠧᠦ ᠵᠢᠨ ᠱᠠᠩ ᠴᠧᠩ ᠲᠣᠭᠤᠷᠢᠭ᠎ᠤᠨ ᠭᠤᠤᠯ ᠮᠦᠷᠡᠨ᠎ᠤ ᠳᠠᠷᠤᠭ᠎ᠠ ᠵᠢᠨ ᠡᠷᠬᠢᠯᠡᠭᠰᠡᠨ ᠤᠶᠤᠨᠴᠢᠯᠠᠭᠰᠠᠨ ᠲᠠᠪᠴᠠᠩ᠎ᠤᠨ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ ᠨᠢᠶᠧ ᡁᠢ ᠭᠠᠩ᠄ ᠡᠨᠡᠬᠦ ᠪᠠᠷᠢᠯᠭ᠎ᠠ ᠵᠢᠨ ᠭᠠᠵᠠᠷ᠎ᠨᠢ ᠵᠥᠪᠰᠢᠶᠡᠷᠡᠯ ᠦᠭᠡᠢ᠎ᠪᠠᠷ ᠳᠤᠷ᠎ᠠ᠎ᠪᠠᠷ ᠵᠶ᠋ᠠᠨ ᠪᠣᠷᠣᠭ᠋ᠠᠨ᠎ᠤ ᠣᠰᠤ ᠭᠠᠳᠠᠭᠰᠢᠯᠠᠭᠤᠯᠬᠤ ᠬᠤᠭᠤᠯᠠᠢ ᠵᠢᠨ ᠡᠷᠬᠢᠨ ᠲᠣᠭᠤᠷᠢᠨ᠎ᠳᠤ ᠨᠦᠬᠡ ᠮᠠᠯᠲᠠᠵᠤ᠂ ᠪᠠᠷᠢᠯᠭ᠎ᠠ ᠵᠢᠨ ᠭᠠᠵᠠᠷ᠎ᠤᠨ ᠨᠢᠭᠡ ᠬᠤᠳᠳᠤᠭ (ᠪᠤᠯᠠᠩᠭᠢᠷ)᠎ᠤᠨ ᠤᠰᠤ ᠵᠢ ᠴᠡᠪᠡᠷᠰᠢᠬᠦᠯᠦᠭᠰᠡᠨ ᠦᠭᠡᠢ᠎ᠪᠠᠷ ᠪᠣᠷᠣᠭ᠋ᠠᠨ᠎ᠤ ᠣᠰᠤ ᠭᠠᠳᠠᠭᠰᠢᠯᠠᠭᠤᠯᠬᠤ ᠬᠤᠭᠤᠯᠠᠢ᠎ᠳᠤ ᠣᠷᠤᠭᠤᠯᠵᠤ᠂ ᠪᠤᠬᠢᠷ ᠤᠰᠤ᠎ᠨᠢ ᠪᠣᠷᠣᠭ᠋ᠠᠨ᠎ᠤ ᠤᠰᠤ ᠭᠠᠳᠠᠭᠰᠢᠯᠠᠭᠤᠯᠬᠤ ᠬᠤᠭᠤᠯᠠᠢ᠎ᠪᠠᠷ ᠳᠠᠮᠵᠢᠨ ᠭᠤᠣᠯ᠎ᠳᠤ ᠣᠷᠤᠰ᠎ᠤᠨ ᠣᠷᠣᠵᠠᠢ᠃
ᠲᠣᠭᠲᠠᠭ᠋ᠠᠯ ᠶᠣᠰᠣᠭ᠋ᠠᠷ᠂ ᠬᠠᠤᠯᠢ ᠬᠡᠷᠡᠭᠵᠢᠭᠦᠯᠬᠦ ᠠᠵᠢᠯᠲᠠᠨ ᠪᠠᠷᠢᠯᠭ᠎ᠠ ᠵᠢᠨ ᠭᠠᠵᠠᠷ᠎ᠲᠤ ᠴᠡᠭᠴᠡᠯᠡᠨ ᠵᠠᠰᠠᠬᠤ ᠮᠡᠳᠡᠭᠳᠡᠯ᠎ᠤᠨ ᠬᠠᠭᠤᠳᠠᠰᠤ ᠭᠠᠷᠭ᠋ᠠᠵᠤ᠂ ᠪᠠᠷᠢᠯᠭ᠎ᠠ ᠵᠢᠨ ᠭᠠᠵᠠᠷ᠎ᠢ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠵᠠᠰᠠᠬᠤ ᠵᠢ ᠱᠠᠭ᠋ᠠᠷᠳᠠᠪᠠ᠃ ᠥᠨᠥ ᠵᠢᠯ᠎ᠠᠴᠠ ᠨᠠᠰᠢ᠂ ᠬᠠᠩᠵᠧᠦ ᠬᠤᠲᠠ ᠵᠢᠨ᠎ᠬᠢᠨ ᠭᠤᠣᠯ᠎ᠤᠨ ᠬᠤᠭᠤᠯᠠᠢ ᠵᠢᠨ ᠲᠣᠣᠷ᠎ᠲᠤ ᠤᠰᠤᠨ᠎ᠤ ᠴᠢᠨᠠᠷ᠂ ᠤᠰᠤᠨ᠎ᠤ ᠲᠦᠪᠰᠢᠨ ᠵᠡᠷᠭᠡ 891 ᠤᠶᠤᠯᠢᠭ ᠰᠢᠯᠭ᠋ᠠᠨ ᠬᠡᠮᠵᠢᠬᠦ ᠲᠥᠬᠦᠭᠡᠷᠦᠮᠵᠢ ᠵᠢ ᠤᠭᠰᠠᠷᠠᠬᠤ᠎ᠪᠠᠷ ᠳᠠᠮᠵᠢᠭᠤᠯᠤᠨ᠂ ᠤᠰᠤᠨ᠎ᠤ ᠣᠷᠴᠢᠨ ᠠᠬᠤᠢ ᠵᠢᠨ ᠬᠢᠨᠠᠯᠲᠠ ᠬᠠᠮᠢᠶᠠᠷᠤᠯᠲᠠ ᠵᠢᠨ ᠲᠣᠭ᠋ᠠᠴᠢᠯᠠᠭᠰᠠᠨ ᠰᠦᠯᠵᠢᠶ᠎ᠡ ᠵᠢ ᠪᠠᠶ᠋ᠢᠭᠤᠯᠵᠤ᠂ ᠡᠯ᠎ᠡ ᠱᠠᠲᠤᠨ᠎ᠤ ᠭᠤᠣᠯ ᠮᠦᠷᠡᠨ᠎ᠤ ᠳᠠᠷᠤᠭ᠎ᠠ ᠵᠢ ᠬᠠᠪᠰᠤᠷᠤᠨ ᠤᠰᠤᠨ᠎ᠤ ᠠᠰᠠᠭᠤᠳᠠᠯ᠎ᠢ 1500 ᠭᠠᠷᠤᠢ ᠤᠳᠠᠭ᠎ᠠ ᠰᠢᠢ᠍ᠳᠪᠦᠷᠢᠯᠡᠵᠦ᠂ ᠳᠦᠷᠢᠮ᠎ᠠᠴᠠ ᠵᠥᠷᠢᠴᠡᠨ ᠳᠠᠯᠳᠠᠭᠤᠷ ᠪᠤᠬᠢᠷ ᠣᠰᠤ ᠭᠠᠳᠠᠭᠰᠢᠯᠠᠭᠤᠯᠤᠭᠰᠠᠨ 661 ᠠᠵᠢᠯᠯᠠᠭ᠎ᠠ ᠵᠢ ᠰᠢᠢ᠍ᠳᠪᠦᠷᠢᠯᠡᠪᠡ᠃
ᠬᠠᠩᠵᠧᠦ ᠵᠢᠨ ᠱᠠᠩ ᠴᠧᠩ ᠲᠣᠭᠤᠷᠢᠭ᠎ᠤᠨ ᠭᠤᠤᠯ ᠮᠦᠷᠡᠨ᠎ᠤ ᠳᠠᠷᠤᠭ᠎ᠠ ᠵᠢᠨ ᠤᠶᠤᠨᠴᠢᠯᠠᠭᠰᠠᠨ ᠲᠠᠪᠴᠠᠩ᠎ᠤᠨ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ ᠨᠢᠶᠧ ᡁᠢ ᠭᠠᠩ᠄ ᠪᠢᠳᠡ ᠡᠳᠡᠭᠡᠷ ᠲᠤᠭ᠎ᠠ ᠪᠠᠷᠢᠮᠲᠠ ᠵᠢ ᠴᠤᠭᠯᠠᠭᠤᠯᠤᠭ᠋ᠠᠳ ᠬᠤᠶᠠᠷ ᠵᠢᠭ᠋ᠠᠯᠲᠠ ᠲᠤᠭ᠎ᠠ ᠵᠢ ᠪᠦᠷᠢᠯᠳᠦᠭᠦᠯᠪᠡ᠄ ᠨᠢᠭᠡ᠎ᠨᠢ ᠤᠰᠤᠨ᠎ᠤ ᠡᠷᠡᠭᠦᠯ ᠮᠡᠨᠳᠦ ᠵᠢᠨ ᠵᠢᠭ᠋ᠠᠯᠲᠠ ᠲᠤᠭ᠎ᠠ᠂ ᠨᠦᠭᠦᠭᠡ᠎ᠨᠢ ᠤᠰᠤᠨ᠎ᠤ ᠠᠮᠤᠷ ᠲᠦᠪᠰᠢᠨ᠎ᠤ ᠵᠢᠭ᠋ᠠᠯᠲᠠ ᠲᠤᠭ᠎ᠠ ᠪᠣᠯᠣᠨ᠎ᠠ᠃ ᠤᠶᠤᠨᠴᠢᠯᠠᠭᠰᠠᠨ ᠲᠥᠬᠦᠭᠡᠷᠦᠮᠵᠢ᠎ᠪᠠᠷ ᠴᠤᠭᠯᠠᠭᠤᠯᠤᠭᠰᠠᠨ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠭᠰᠠᠨ᠎ᠤ ᠳᠠᠷᠠᠭ᠎ᠠ᠂ ᠡᠲᠡᠭᠡᠷ ᠲᠤᠭ᠎ᠠ ᠪᠠᠷᠢᠮᠲᠠ ᠵᠢ ᠬᠡᠷᠡᠭᠯᠡᠵᠦ᠂ ᠠᠰᠠᠭᠤᠳᠠᠯ᠎ᠢ ᠴᠠᠭ ᠲᠤᠬᠠᠢᠳᠤᠨᠢ ᠢᠯᠡᠷᠡᠭᠦᠯᠵᠦ᠂ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠨ᠂ ᠡᠳᠦᠷ ᠲᠤᠲᠤᠮ᠎ᠤᠨ ᠬᠠᠮᠢᠶᠠᠷᠤᠯᠲᠠ ᠵᠢᠨ ᠳᠤᠮᠳᠠᠬᠢ ᠦᠢ᠍ᠯᠡᠳᠦᠯ᠎ᠢ᠎ᠨᠢ ᠦᠨᠡᠨ ᠬᠦ᠌ ᠪᠠᠳᠠᠷᠠᠭᠤᠯᠵᠤ ᠪᠠᠶ᠋ᠢᠨ᠎ᠠ᠃