ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 10᠎ᠤ ᠴᠠᠬᠢᠯᠭ᠋ᠠᠨ ᠮᠡᠳᠡᠭᠡ (ᠡᠸᠤ ᠶᠠᠩ ᠢ ᠵᠢᠶᠠ) ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ 3 ᠳ᠋ᠤᠭ᠋ᠠᠷ ᠰᠠᠷ᠎ᠠ ᠵᠢᠨ 10᠎ᠤ ᠡᠳᠦᠷ ᠠᠭ᠋ᠠᠷ᠎ᠤᠨ ᠳᠤᠯᠠᠭ᠋ᠠᠨ ᠦᠳᠲᠡᠷ ᠲᠦᠷᠭᠡᠨ ᠳᠡᠭᠡᠭᠰᠢᠯᠡᠭᠰᠡᠨᠤ ᠨᠥᠯᠥᠭᠡ᠎ᠪᠠᠷ ᠬᠠᠲᠤᠨ ᠭᠣᠤᠯ᠎ᠤᠨ ᠥᠪᠥᠷ ᠮᠣᠩᠭᠣᠯ᠎ᠤᠨ ᠪᠠᠶᠠᠨᠨᠠᠭᠤᠷ ᠬᠣᠲᠠ ᠵᠢᠨ ᠰᠠᠨ ᠬᠤ᠌ ᠡᠾᠸ ᠭᠣᠤᠯ᠎ᠤᠨ ᠠᠳᠠᠭ᠎ᠤᠨ ᠤᠰᠤᠨ ᠵᠦᠢ ᠵᠢᠨ ᠬᠡᠰᠡᠭ ᠭᠡᠰᠴᠦ᠂ ᠭᠣᠤᠯ ᠭᠡᠰᠦᠭᠰᠡᠨ ᠡᠳᠦᠷ ᠬᠤᠭᠤᠴᠠᠭ᠎ᠠ᠎ᠨᠢ ᠡᠩ᠎ᠤᠨ ᠵᠢᠯ᠎ᠤᠨ᠎ᠬᠢ᠎ᠠᠴᠠ 11 ᠡᠳᠦᠷ ᠡᠷᠲᠡ ᠪᠣᠯᠪᠠ; ᠣᠳᠣᠬᠠᠨ᠎ᠳᠤ ᠬᠠᠲᠤᠨ ᠭᠣᠤᠯ ᠨᠢᠭᠡᠨᠲᠡ 794 ᠺᠢᠯᠣᠮᠧᠲᠷ ᠭᠡᠰᠴᠦ᠂ ᠦᠯᠡᠳᠡᠵᠦ ᠪᠠᠢ᠌ᠭ᠎ᠠ ᠬᠦᠯᠳᠡᠭᠦᠦ ᠬᠡᠰᠡᠭ᠎ᠤᠨ ᠣᠷᠳᠣᠨ᠎ᠢ 192 ᠺᠢᠯᠣᠮᠧᠲᠷ ᠪᠣᠯᠵᠠᠶ᠃ ᠵᠢᠱ᠌ᠢᠯᠲᠡ ᠵᠢ ᠦᠨᠳᠦᠰᠦᠯᠡᠪᠡᠯ᠂ ᠣᠢ᠌ᠷ᠎ᠠ ᠵᠢᠨ ᠬᠤᠭᠤᠴᠠᠭ᠋ᠠᠨ᠎ᠳᠤ ᠠᠭ᠋ᠠᠷ᠎ᠤᠨ ᠳᠤᠯᠠᠭ᠋ᠠᠨ ᠪᠠᠬᠠᠨ ᠥᠨᠳᠥᠷ ᠪᠠᠢ᠌ᠭᠰᠠᠨᠤ ᠨᠥᠯᠥᠭᠡ᠎ᠪᠠᠷ ᠬᠠᠲᠤᠨ ᠭᠣᠤᠯ᠎ᠤᠨ ᠥᠪᠥᠷ ᠮᠣᠩᠭᠣᠯ᠎ᠤᠨ ᠬᠡᠰᠡᠭ3 ᠳ᠋ᠤᠭ᠋ᠠᠷ ᠰᠠᠷ᠎ᠠ ᠵᠢᠨ 15᠎ᠤ ᠤᠷᠢᠳ ᠬᠣᠵᠢᠳ ᠵᠶ᠋ᠠᠷ ᠪᠥᠬᠥ ᠱᠤᠭᠤᠮ ᠵᠶ᠋ᠠᠷ ᠵᠶ᠋ᠡᠨ ᠨᠡᠪᠲᠡᠷᠡᠪᠡ᠂ ᠲᠡᠷᠡ ᠦᠶ᠎ᠡ᠎ᠳᠤ ᠬᠠᠲᠤᠨ ᠭᠣᠤᠯ᠎ᠤᠨ ᠪᠥᠬᠥ ᠱᠤᠭᠤᠮ ᠭᠡᠰᠴᠦ᠂ ᠡᠩ᠎ᠤᠨ ᠵᠢᠯ᠎ᠤᠨ᠎ᠬᠢ᠎ᠠᠴᠠ 10 ᠡᠳᠦᠷ ᠣᠷᠴᠢᠮ ᠡᠷᠲᠡ ᠪᠣᠯᠬᠤ ᠪᠣᠯᠤᠨ᠎ᠠ᠃
ᠣᠢ᠌ᠯᠠᠭ᠋ᠠᠭᠰᠠᠨ ᠵᠶ᠋ᠠᠷ᠂ ᠤᠰᠤᠨ ᠠᠰᠢᠭᠯᠠᠯᠲᠠ ᠵᠢᠨ ᠶᠠᠮᠤᠨ ᠬᠠᠲᠤᠨ ᠭᠣᠤᠯ᠎ᠤᠨ ᠬᠠᠯᠢᠶ᠎ᠠ ᠵᠢᠨ ᠪᠠᠢ᠌ᠳᠠᠯ᠎ᠢ ᠨᠢᠭᠲᠠ ᠠᠩᠬᠠᠷᠴᠤ᠂ ᠤᠯᠤᠰ᠎ᠤᠨ ᠦᠶᠡᠷ᠎ᠢ ᠰᠡᠷᠭᠡᠢ᠌ᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠣᠭᠣᠳᠬᠤ ᠭᠠᠵᠠᠷ᠎ᠤᠨ ᠳᠡᠳ᠋ ᠶᠡᠷᠦᠩᠬᠡᠶ ᠵᠢᠯᠣᠭᠣᠳᠣᠭᠴᠢ᠂ ᠤᠰᠤᠨ ᠠᠰᠢᠭᠯᠠᠯᠲᠠ ᠵᠢᠨ ᠶᠠᠮᠤᠨ᠎ᠤ ᠰᠠᠢ᠌ᠳ ᠯᠢ ᠭᠦᠸᠧ ᠶᠢᠩ ᠣᠯᠠᠨ ᠤᠳᠠᠭ᠎ᠠ ᠲᠤᠰᠬᠠᠶ ᠰᠡᠳᠦᠪ ᠵᠶ᠋ᠡᠷ ᠵᠦᠪᠳᠡᠯᠴᠡᠨ ᠶᠠᠷᠢᠯᠴᠠᠵᠦ᠂ ᠬᠠᠯᠢᠶ᠎ᠠ ᠵᠢ ᠰᠡᠷᠭᠡᠢ᠌ᠯᠡᠬᠦ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠠ᠃ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠢ᠌ᠳ ᠯᠢᠦ ᠸᠧᠶ ᠫᠢᠩ 2 ᠳ᠋ᠤᠭ᠋ᠠᠷ ᠰᠠᠷ᠎ᠠ ᠵᠢᠨ ᠡᠬᠢ᠎ᠪᠠᠷ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠦᠷᠴᠦ᠂ ᠬᠠᠲᠤᠨ ᠭᠣᠣᠯ᠎ᠤᠨ ᠬᠠᠯᠢᠶ᠎ᠠ ᠦᠶᠡᠷ᠎ᠤᠨ ᠰᠡᠷᠭᠡᠢ᠌ᠯᠡᠯᠲᠡ ᠵᠢᠨ ᠠᠵᠢᠯ᠎ᠢ ᠪᠠᠢ᠌ᠴᠠᠭ᠋ᠠᠨ ᠵᠢᠯᠣᠭᠣᠳᠪᠠ᠃ ᠤᠰᠤᠨ ᠠᠰᠢᠭᠯᠠᠯᠲᠠ ᠵᠢᠨ ᠶᠠᠮᠤᠨ ᠪᠤᠯᠤᠨ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ᠎ᠬᠢᠨ ᠬᠠᠯᠢᠶ᠎ᠠ ᠵᠢᠨ ᠪᠠᠢ᠌ᠳᠠᠯ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠠᠵᠢᠯ ᠵᠶ᠋ᠠᠨ ᠴᠢᠩᠭ᠋ᠠᠳᠬᠠᠵᠤ᠂ ᠬᠠᠯᠢᠶ᠎ᠠ ᠵᠢᠨ ᠪᠠᠢ᠌ᠳᠠᠯ ᠤᠨ ᠲᠤᠬᠠᠢ ᠵᠦᠪᠳᠡᠯᠴᠡᠭᠡ ᠮᠠᠭ᠋ᠠᠳᠯᠠᠯᠲᠠ᠎ᠪᠠᠨ ᠴᠢᠩᠭ᠋ᠠᠳᠬᠠᠵᠤ᠂ ᠬᠣᠯᠪᠣᠭᠳᠠᠯ ᠪᠥᠬᠥᠶ ᠮᠤᠵᠢ ᠣᠷᠣᠨ ᠪᠤᠯᠤᠨ ᠰᠠᠯᠠᠭ᠎ᠠ ᠮᠥᠴᠢᠷ᠎ᠢ ᠵᠢᠯᠣᠭᠣᠳᠤᠨ ᠰᠢᠮᠳᠠᠭᠤᠯᠵᠤ ᠬᠠᠷᠢᠭᠤᠴᠠᠯᠭ᠎ᠠ ᠪᠠᠨ ᠨᠠᠢ᠌ᠳᠠᠪᠤᠷᠢᠵᠢᠭᠤᠯᠬᠤ᠂ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ᠂ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ᠂ ᠪᠠᠷᠢᠯᠭ᠎ᠠ ᠵᠢ ᠲᠣᠭᠣᠷᠢᠨ ᠪᠠᠢ᠌ᠴᠠᠭ᠋ᠠᠵᠤ ᠰᠡᠷᠭᠡᠢ᠌ᠯᠡᠨ ᠬᠠᠮᠠᠭ᠋ᠠᠯᠠᠬᠤ ᠪᠠ ᠭᠣᠣᠯ᠎ᠤᠨ ᠲᠠᠩ᠎ᠠᠴᠠ ᠨᠡᠭᠦᠯᠭᠡᠨ ᠲᠥᠪᠬᠢᠨᠡᠭᠦᠯᠬᠦ ᠪᠡᠯᠡᠳᠬᠡᠯ ᠵᠡᠷᠭᠡ ᠠᠵᠢᠯ᠎ᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠪᠤᠲᠠᠲᠠᠢ᠌ᠵᠢᠭᠤᠯᠵᠦ ᠪᠤᠢ᠃ ᠭᠣᠤᠯ ᠭᠡᠰᠬᠦ ᠬᠤᠭᠤᠴᠠᠭ᠋ᠠᠨ᠎ᠤ ᠲᠦᠭᠰᠢᠭᠦᠷᠢ ᠵᠢᠨ ᠳᠠᠯᠳᠠ ᠭᠡᠮ᠎ᠤᠨ ᠴᠢᠭ ᠵᠢᠴᠢ ᠰᠡᠷᠭᠡᠢ᠌ᠯᠡᠬᠦ ᠠᠵᠢᠯ᠎ᠤᠨ ᠳᠠᠩᠰᠠ ᠪᠠᠢ᠌ᠭᠤᠯᠵᠤ᠂ ᠠᠵᠢᠯ᠎ᠤᠨ ᠠᠬᠢᠴᠠ ᠵᠢ ᠮᠥᠷᠳᠡᠨ ᠡᠵᠡᠮᠰᠢᠨ᠎ᠡ᠃ ᠬᠠᠯᠢᠶ᠎ᠠ ᠵᠢ ᠰᠡᠷᠭᠡᠢ᠌ᠯᠡᠬᠦ ᠭᠣᠤᠯᠯᠠᠭᠴᠢ ᠤᠰᠤᠨ ᠴᠥᠭᠥᠷᠥᠮ᠎ᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠲᠣᠬᠢᠷᠠᠭᠤᠯᠵᠤ᠂ ᠯᠢᠦ ᠵᠢᠶᠠ ᠰᠢᠶᠠ ᠤᠰᠤᠨ ᠴᠥᠭᠥᠷᠥᠮ᠎ᠤᠨ ᠤᠰᠤ ᠭᠠᠷᠭ᠋ᠠᠬᠤ ᠤᠷᠤᠰᠬᠠᠯ᠎ᠤᠨ ᠬᠡᠮᠵᠢᠶ᠎ᠡ ᠵᠢ ᠤᠷᠢᠳᠴᠢᠯᠠᠨ ᠪᠠᠭ᠋ᠠᠰᠬᠠᠵᠤ᠂ ᠬᠠᠢ᠌ᠷᠤᠪ᠎ᠤᠨ ᠲᠣᠬᠣᠶ᠂ ᠸᠠᠨ ᠵᠢᠶᠠ ᠵᠠᠶ ᠤᠰᠤᠨ ᠴᠥᠭᠥᠷᠥᠮ᠎ᠤᠨ ᠤᠰᠤᠨ ᠲᠦᠪᠰᠢᠨ᠎ᠢ ᠪᠠᠭᠤᠷᠠᠭᠤᠯᠵᠤ᠂ ᠥᠪᠥᠷ ᠮᠣᠩᠭᠣᠯ᠎ᠤᠨ ᠬᠠᠳᠤᠨ ᠭᠣᠤᠯ᠎ᠤᠨ ᠬᠡᠰᠡᠭ ᠲᠣᠭᠲᠠᠭᠤᠨ ᠵᠶ᠋ᠠᠷ ᠭᠡᠰᠬᠦ᠎ᠳᠤ ᠠᠰᠢᠭᠲᠠᠶ ᠨᠥᠬᠥᠴᠡᠯ᠎ᠢ ᠪᠦᠷᠢᠯᠳᠦᠭᠦᠯᠵᠦ ᠥᠭᠭᠦᠨ᠎ᠡ; ᠥᠪᠥᠷ ᠮᠣᠩᠭᠣᠯ᠎ᠤᠨ ᠤᠯᠠᠭ᠋ᠠᠨᠪᠤᠬ᠎ᠠ ᠵᠡᠷᠭᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠦᠶᠡᠷ ᠰᠠᠯᠭ᠋ᠠᠬᠤ ᠣᠷᠣᠨ᠎ᠤ ᠬᠠᠯᠢᠶ᠎ᠠ ᠵᠢᠨ ᠤᠰᠤ ᠵᠢ ᠬᠤᠪᠢᠶᠠᠷᠢᠯᠠᠵᠤ᠂ ᠨᠢᠭᠡᠨᠲᠡ 1.67 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠠᠯᠭ᠋ᠠᠵᠦ᠂ ᠬᠠᠯᠢᠶ᠎ᠠ ᠰᠡᠷᠭᠡᠢ᠌ᠯᠡᠬᠦ ᠳᠠᠷᠤᠯᠲᠠ ᠵᠢ ᠪᠦᠲᠦᠮᠵᠢᠲᠡᠢ ᠬᠦᠩᠭᠡᠷᠡᠭᠦᠯᠦᠨ᠂ ᠬᠠᠯᠢᠶ᠎ᠠ ᠦᠶᠡᠷ᠎ᠤᠨ ᠲᠦᠭᠰᠢᠭᠦᠷᠢ ᠵᠢ ᠪᠠᠭ᠋ᠠᠰᠬᠠᠪᠠ᠃ ᠣᠯᠠᠨ ᠤᠳᠠᠭ᠎ᠠ ᠠᠵᠢᠯᠯᠠᠬᠤ ᠳᠤᠭᠤᠢ᠌ᠯᠠᠩ ᠲᠣᠮᠢᠯᠠᠵᠤ ᠥᠪᠥᠷ ᠮᠣᠩᠭᠣᠯ ᠬᠠᠲᠤᠨ ᠭᠣᠤᠯ᠎ᠤᠨ ᠬᠡᠰᠡᠭ᠎ᠤᠨ ᠲᠤᠬᠠᠶ ᠵᠢᠨ ᠳᠠᠯᠠᠪᠤᠷ᠎ᠲᠤ ᠬᠦᠷᠴᠦ ᠭᠣᠤᠯ ᠭᠡᠰᠬᠦ ᠬᠤᠭᠤᠴᠠᠭ᠋ᠠᠨ᠎ᠤ ᠬᠠᠯᠢᠶ᠎ᠠ ᠵᠢ ᠰᠡᠷᠭᠡᠢ᠌ᠯᠡᠬᠦ ᠠᠵᠢᠯ᠎ᠢ ᠱᠠᠯᠠᠪᠳᠠᠨ ᠵᠢᠯᠤᠭᠤᠳᠤᠭᠰᠠᠨ ᠪᠠᠢ᠌ᠨ᠎ᠠ᠃
ᠣᠳᠣᠬᠠᠨ᠎ᠳᠤ ᠬᠠᠲᠤᠨ ᠭᠣᠣᠯ᠎ᠤᠨ ᠬᠠᠯᠢᠶ᠎ᠠ ᠵᠢᠨ ᠪᠠᠢ᠌ᠳᠠᠯ ᠲᠣᠭᠲᠠᠭᠤᠨ ᠪᠠᠢ᠌ᠨ᠎ᠠ᠃ ᠲᠠᠨᠢᠯᠴᠠᠭᠤᠯᠤᠭᠰᠠᠨ ᠵᠶ᠋ᠠᠷ ᠲᠠᠷᠠᠭ᠋ᠠᠴᠢ ᠵᠢᠨ ᠠᠯᠬᠤᠮ᠎ᠳᠤ ᠤᠰᠤᠨ ᠠᠰᠢᠭᠯᠠᠯᠲᠠ ᠵᠢᠨ ᠶᠠᠮᠤᠨ ᠬᠠᠲᠤᠨ ᠭᠣᠤᠯ᠎ᠤᠨ ᠥᠪᠥᠷ ᠮᠣᠩᠭᠣᠯ᠎ᠤᠨ ᠬᠡᠰᠡᠭ᠎ᠤᠨ ᠠᠭ᠋ᠠᠷ᠎ᠤᠨ ᠳᠤᠯᠠᠭ᠋ᠠᠨ᠂ ᠬᠠᠯᠢᠶ᠎ᠠ ᠵᠢᠨ ᠪᠠᠢ᠌ᠳᠠᠯ ᠪᠠ ᠭᠣᠤᠯ ᠭᠡᠰᠦᠭᠰᠡᠨ ᠪᠠᠢ᠌ᠳᠠᠯ᠎ᠢ ᠦᠷᠭᠦᠯᠵᠢᠯᠡᠨ ᠴᠢᠩᠭ᠎ᠠ ᠠᠩᠬᠠᠷᠴᠤ᠂ ᠯᠢᠦ ᠵᠢᠶᠠ ᠰᠢᠶᠠ᠂ ᠬᠠᠢ᠌ᠷᠤᠪ᠎ᠤᠨ ᠲᠣᠬᠣᠶ᠂ ᠸᠠᠨ ᠵᠢᠶᠠ ᠵᠠᠶ ᠵᠡᠷᠭᠡ ᠭᠣᠤᠯᠳᠠᠯᠭ᠎ᠠ᠎ᠲᠠᠢ ᠤᠰᠤᠨ ᠴᠥᠭᠥᠷᠥᠮ᠎ᠢ ᠴᠠᠭ ᠲᠤᠬᠠᠶ᠎ᠳᠤᠨᠢ ᠲᠣᠬᠢᠷᠠᠭᠤᠯᠬᠤ ᠪᠠ ᠪᠠᠴᠢᠮ ᠪᠠᠢ᠌ᠳᠠᠯ᠎ᠢ ᠠᠷᠭ᠋ᠠᠴᠠᠬᠤ ᠦᠶᠡᠷ ᠰᠠᠯᠭ᠋ᠠᠬᠤ ᠣᠷᠣᠨ᠎ᠤ ᠬᠡᠷᠡᠭᠯᠡᠭᠡ ᠵᠢ ᠴᠢᠩᠭ᠋ᠠᠳᠬᠠᠵᠤ᠂ ᠬᠣᠯᠪᠣᠭᠳᠠᠯ ᠪᠥᠬᠥᠶ ᠭᠠᠵᠠᠷ ᠣᠷᠣᠨ᠎ᠢ ᠵᠢᠯᠣᠭᠣᠳᠤᠨ ᠪᠠᠷᠢᠯᠭ᠎ᠠ ᠵᠢ ᠲᠣᠭᠣᠷᠢᠨ ᠪᠠᠢ᠌ᠴᠠᠭ᠋ᠠᠵᠤ ᠰᠡᠷᠭᠡᠢ᠌ᠯᠡᠨ ᠬᠠᠮᠠᠭ᠋ᠠᠯᠠᠬᠤ ᠵᠢ ᠴᠢᠩᠭ᠋ᠠᠳᠬᠠᠵᠤ᠂ ᠭᠣᠣᠯ᠎ᠤᠨ ᠲᠠᠩ᠎ᠤᠨ ᠣᠷᠴᠢᠨ ᠲᠤᠭᠤᠷᠢᠨ᠎ᠤ ᠬᠥᠮᠦᠰ᠎ᠢ ᠰᠢᠯᠵᠢᠭᠦᠯᠦᠨ ᠲᠥᠪᠬᠢᠨᠡᠭᠦᠯᠬᠦ ᠪᠡᠯᠡᠳᠬᠡᠯ᠎ᠢ ᠤᠷᠢᠳᠴᠢᠯᠠᠨ ᠰᠠᠢ᠌ᠲᠤᠷ ᠬᠢᠵᠦ᠂ ᠬᠠᠲᠤᠨ ᠭᠣᠤᠯ᠎ᠤᠨ ᠬᠠᠯᠢᠶ᠎ᠠ ᠵᠢᠨ ᠠᠮᠤᠷ ᠲᠦᠪᠰᠢᠨ᠎ᠢ ᠪᠠᠲᠤᠯᠠᠬᠤ ᠪᠤᠯᠤᠨ᠎ᠠ᠃