ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠯᠢ ᠭᠦᠸᠧ ᠶᠢᠩ᠄ ᠳᠡᠯᠭᠡᠴᠡ ᠳᠡᠭᠡᠷᠡᠬᠢ ᠦᠭᠡ ᠵᠢ ᠰᠡᠳᠬᠢᠯ ᠳᠡᠯᠪᠢᠨ ᠰᠣᠨᠣᠰᠴᠤ᠂ ᠦᠨᠡᠨ ᠪᠤᠲᠠᠲᠠᠢ᠎ᠪᠠᠷ ᠰᠢᠢ᠍ᠳᠪᠦᠷᠢᠯᠡᠵᠦ᠂ ᠰᠦᠯᠵᠢᠶᠡᠨ᠎ᠳᠤ ᠢᠷᠭᠡᠳ᠎ᠤᠨ ᠦᠯᠡᠳᠡᠭᠡᠭᠰᠡᠨ ᠦᠭᠡ ᠵᠢ ᠰᠡᠳᠭᠢᠯ ᠲᠠᠯᠪᠢᠨ ᠦᠨᠡᠨ ᠰᠡᠳᠭᠢᠯ᠎ᠠᠴᠠ᠎ᠪᠠᠨ ᠭᠦᠢ᠍ᠴᠡᠳᠭᠡᠨ᠎ᠡ
ᠨᠡᠶ᠋ᠢᠲᠡᠯᠡᠭᠰᠡᠨ ᠴᠠᠭ᠄ 2023-03-10

  2023 《ᠪᠢ ᠬᠣᠶᠠᠷ ᠬᠤᠷᠠᠯ᠎ᠳᠤ ᠨᠢᠭᠡ ᠦᠭᠡ ᠳᠠᠮᠵᠢᠭᠤᠯᠤᠶ᠎ᠠ》 ᠬᠡᠯᠲᠡᠰ᠎ᠤᠨ ᠳᠠᠷᠤᠭ᠎ᠠ ᠬᠠᠷᠢᠭᠤ ᠵᠠᠬᠢᠳᠠᠯ ᠢᠯᠡᠭᠡᠪᠡ  

   ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠢ ᠭᠦᠸᠧ ᠶᠢᠩ᠄ ᠳᠡᠯᠭᠡᠴᠡ ᠳᠡᠭᠡᠷᠡᠬᠢ ᠦᠭᠡ ᠵᠢ ᠰᠡᠳᠬᠢᠯ ᠳᠡᠯᠪᠢᠨ ᠰᠣᠨᠣᠰᠴᠤ᠂ ᠦᠨᠡᠨ ᠪᠤᠳᠠᠳᠠᠢ᠎ᠪᠠᠷ ᠰᠢᠢ᠍ᠳᠪᠦᠷᠢᠯᠡᠵᠦ᠂ ᠰᠦᠯᠵᠢᠶᠡᠨ᠎ᠤ ᠢᠷᠭᠡᠳ᠎ᠤᠨ ᠦᠯᠡᠳᠡᠭᠡᠭᠰᠡᠨ ᠦᠭᠡ ᠵᠢ ᠰᠡᠳᠭᠢᠯ ᠲᠠᠯᠪᠢᠨ ᠦᠨᠡᠨ ᠰᠡᠳᠭᠢᠯ᠎ᠠᠴᠠ᠎ᠪᠠᠨ ᠭᠦᠢ᠍ᠴᠡᠳᠭᠡᠨ᠎ᠡ᠃


   ᠨᠠᠢ᠌ᠷᠠᠭᠤᠯᠤᠭᠴᠢ ᠵᠢᠨ ᠬᠡᠰᠡᠭ

   ᠠᠷᠠᠳ᠎ᠤᠨ ᠰᠦᠯᠵᠢᠶᠡᠨ᠎ᠤ 2023 ᠣᠨ᠎ᠤ 《ᠪᠢ ᠬᠣᠶᠠᠷ ᠬᠤᠷᠠᠯ᠎ᠳᠤ ᠨᠢᠭᠡ ᠦᠭᠡ ᠳᠠᠮᠵᠢᠭᠤᠯᠤᠶ᠎ᠠ》 ᠰᠠᠨᠠᠯ ᠵᠥᠪᠯᠡᠯᠭᠡ ᠬᠤᠷᠢᠶᠠᠬᠤ ᠠᠵᠢᠯᠯᠠᠭ᠎ᠠ ᠣᠲᠣ ᠶᠠᠭ ᠶᠠᠪᠤᠭᠳᠠᠵᠤ ᠪᠠᠢ᠌ᠨ᠎ᠠ᠂ ᠥᠷᠭᠡᠨ ᠣᠯᠠᠨ ᠰᠦᠯᠵᠢᠶᠡᠨ᠎ᠤ ᠠᠨᠳᠠ ᠡᠭᠦᠨ᠎ᠢ ᠠᠩᠬᠠᠷᠴᠤ ᠢᠳᠡᠪᠬᠢᠲᠡᠶ ᠣᠷᠣᠯᠴᠠᠵᠤ ᠪᠠᠢ᠌ᠨ᠎ᠠ᠃ ᠣᠢ᠌ᠷ᠎ᠠ᠎ᠳᠤ᠂ ᠬᠡᠰᠡᠭ ᠲᠥᠪ᠎ᠤᠨ ᠶᠠᠮᠤᠨ ᠵᠦᠪᠯᠡᠯ᠎ᠤᠨ ᠤᠳᠤᠷᠢᠳᠤᠯᠭ᠎ᠠ᠂ ᠣᠷᠣᠨ ᠨᠤᠲᠤᠭ᠎ᠤᠨ ᠮᠤᠵᠢ ᠵᠢᠨ ᠨᠠᠮ᠎ᠤᠨ ᠬᠤᠷᠢᠶᠠᠨ᠎ᠤ ᠱᠦᠵᠢ᠂ ᠮᠤᠵᠢ ᠵᠢᠨ ᠳᠠᠷᠤᠭ᠎ᠠ ᠵᠠᠯᠭ᠋ᠠᠭ᠎ᠠ᠎ᠪᠠᠷ ᠠᠷᠠᠳ᠎ᠤᠨ ᠰᠦᠯᠵᠢᠶ᠎ᠡ᠎ᠪᠠᠷ ᠳᠠᠮᠵᠢᠭᠤᠯᠤᠨ ᠰᠦᠯᠵᠢᠶᠡᠨ᠎ᠤ ᠠᠨᠳᠠ ᠨᠠᠷ᠎ᠲᠤ ᠵᠠᠬᠢᠳᠠᠯ ᠢᠯᠡᠭᠡᠵᠦ᠂ ᠣᠯᠠᠨ ᠲᠦᠮᠡᠨ᠎ᠤ ᠠᠩᠬᠠᠷᠴᠤ ᠪᠠᠢ᠌ᠭ᠎ᠠ ᠠᠰᠠᠭᠤᠳᠠᠯ᠎ᠳᠤ ᠬᠠᠷᠢᠭᠤ ᠲᠤᠰᠬᠠᠪᠠ᠃ ᠠᠷᠠᠳ᠎ᠤᠨ ᠰᠦᠯᠵᠢᠶ᠎ᠡ ᠦᠷᠭᠦᠯᠵᠢᠯᠡᠨ ᠨᠡᠢ᠌ᠲᠡᠯᠡᠬᠦ ᠪᠣᠯᠤᠨ᠎ᠠ᠃

   ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠯᠢ ᠭᠦᠸᠧ ᠶᠢᠩ


部长.jpg


   ᠰᠦᠯᠵᠢᠶᠡᠨ᠎ᠤ ᠠᠨᠳᠠ ᠨᠠᠷ ᠡ᠄

   ᠰᠠᠢ᠌ᠨ ᠪᠠᠢ᠌ᠵᠠᠭ᠋ᠠᠨ᠎ᠠ ᠦᠦ! ᠪᠥᠬᠥ ᠤᠯᠤᠰ᠎ᠤᠨ ᠬᠣᠶᠠᠷ ᠬᠤᠷᠠᠯ ᠬᠤᠷᠠᠯᠳᠤᠵᠤ ᠪᠠᠢ᠌ᠭ᠎ᠠ ᠲᠠᠰᠢᠷᠠᠮ᠎ᠳᠤ᠂ ᠠᠷᠠᠳ᠎ᠤᠨ ᠰᠦᠯᠵᠢᠶ᠎ᠡ᠎ᠪᠠᠷ ᠳᠠᠮᠵᠢᠭᠤᠯᠤᠨ ᠣᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷᠲᠠᠶ ᠪᠠᠢ᠌ᠨ᠎ᠠ᠃ ᠥᠩᠭᠡᠷᠡᠭᠰᠡᠨ ᠨᠢᠭᠡ ᠵᠢᠯ᠎ᠳᠤ ᠣᠯᠠᠨ ᠵᠶ᠋ᠠᠷ ᠵᠶ᠋ᠠᠨ ᠠᠷᠠᠳ᠎ᠤᠨ ᠰᠦᠯᠵᠢᠶᠡᠨ᠎ᠤ 《ᠤᠳᠤᠷᠢᠳᠤᠯᠭ᠎ᠠ ᠵᠢᠨ ᠦᠭᠡ ᠦᠯᠡᠳᠡᠭᠡᠬᠦ ᠰᠠᠮᠪᠠᠷ᠎ᠠ》᠎ᠪᠠᠷ ᠳᠠᠮᠵᠢᠭᠤᠯᠤᠨ ᠨᠠᠳᠠ᠎ᠳᠤ ᠮᠠᠰᠢ ᠣᠯᠠᠨ ᠦᠭᠡ ᠦᠯᠡᠳᠡᠭᠡᠵᠦ᠂ ᠮᠠᠰᠢ ᠣᠯᠠᠨ ᠦᠨ᠎ᠡ ᠥᠷᠲᠡᠭ᠎ᠲᠠᠢ ᠰᠠᠨᠠᠯ ᠰᠠᠨᠠᠭᠤᠯᠭ᠎ᠠ ᠬᠠᠩᠭ᠋ᠠᠭᠰᠠᠨ ᠪᠠᠢ᠌ᠨ᠎ᠠ᠃ ᠡᠨᠡ ᠬᠦ᠌ ᠲᠣᠬᠢᠶᠠᠯ ᠵᠶ᠋ᠠᠷ ᠰᠦᠯᠵᠢᠶᠡᠨ᠎ᠤ ᠠᠨᠳᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠳᠡᠪᠰᠢᠭᠦᠯᠦᠶ᠎ᠡ!

   ᠤᠯᠠᠨ᠎ᠤ ᠰᠠᠨᠠᠯ ᠰᠠᠨᠠᠭᠤᠯᠭ᠎ᠠ᠎ᠳᠤ ᠡᠬᠡ ᠤᠯᠤᠰ᠎ᠤᠨ ᠵᠶ᠋ᠠᠨ ᠭᠣᠣᠯ ᠮᠥᠷᠡᠨ᠎ᠢ ᠴᠢᠩ ᠰᠡᠳᠬᠢᠯ᠎ᠠᠴᠠ᠎ᠪᠠᠨ ᠬᠠᠯᠠᠮᠵᠢᠯᠠᠵᠤ᠂ ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠤᠬᠠᠢ ᠭᠦᠨ ᠵᠤᠵᠠᠭ᠋ᠠᠨ ᠬᠠᠢ᠌ᠷ᠎ᠠ ᠰᠡᠳᠬᠢᠯᠭᠡ᠎ᠪᠠᠨ ᠢᠯᠡᠳᠬᠡᠵᠡᠢ᠃ ᠪᠢᠳᠡ ᠡᠳᠡᠭᠡᠷ ᠡᠷᠬᠢᠮ ᠨᠠᠨᠳᠢᠨ ᠰᠠᠨᠠᠯ ᠰᠠᠨᠠᠭᠤᠯᠭ᠎ᠠ ᠵᠢ ᠲᠤᠢ᠌ᠯ ᠵᠶ᠋ᠠᠷ ᠴᠢᠬᠤᠯᠠᠴᠢᠯᠠᠵᠤ᠂ ᠵᠤᠷᠪᠤᠰ ᠨᠢᠭᠡᠪᠦᠷᠢ ᠵᠢ ᠨᠠᠷᠢᠨ ᠬᠢᠨᠠᠮᠠᠭ᠋ᠠᠢ ᠰᠤᠳᠤᠯᠵᠦ᠂ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂ ᠤᠯᠠᠨ᠎ᠤ ᠪᠤᠳᠤᠵᠤ ᠰᠠᠨᠠᠭᠰᠠᠨ ᠵᠦᠢ᠍ᠯ᠎ᠢ ᠠᠵᠢᠯ᠎ᠤᠨ ᠲᠤᠬᠢᠷᠠᠭᠤᠯᠤᠯᠳᠠ᠎ᠳᠠᠭᠠᠨ ᠠᠭᠤᠰᠬᠠᠵᠤ ᠤᠷᠤᠭᠤᠯᠵᠦ᠂ ᠠᠵᠢᠯ᠎ᠤᠨ ᠪᠣᠳᠠᠲᠤ ᠦᠷ᠎ᠡ ᠪᠦᠲᠦᠮᠵᠢ᠎ᠳᠡᠭᠡᠨ ᠢᠯᠡᠷᠡᠭᠦᠯᠬᠦ᠎ᠪᠠᠷ ᠴᠢᠷᠮᠠᠢ᠌ᠪᠠ᠃

   ᠰᠢᠨ᠎ᠡ ᠨᠢᠭᠡᠨ ᠵᠢᠯ᠎ᠳᠤ ᠪᠢᠳᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠰᠦᠯᠵᠢᠶᠡᠨ ᠳᠡᠭᠡᠷᠡᠬᠢ ᠣᠯᠠᠨ ᠲᠦᠮᠡᠨᠴᠢ ᠱᠤᠭᠤᠮ᠎ᠢ ᠦᠷᠭᠦᠯᠵᠢᠯᠡᠨ ᠨᠠᠷᠢᠨ ᠬᠢᠨᠠᠮᠠᠭ᠋ᠠᠶ ᠦᠢᠯᠡᠳᠦᠯᠭᠡᠵᠢᠭᠦᠯᠵᠦ᠂ 《ᠳᠡᠯᠭᠡᠴᠡ ᠳᠡᠭᠡᠷᠡᠬᠢ ᠦᠭᠡ》 ᠵᠢ ᠰᠡᠳᠬᠢᠯ ᠳᠡᠯᠪᠢᠨ ᠰᠣᠨᠣᠰᠴᠤ᠂ ᠦᠨᠡᠨ ᠪᠣᠳᠠᠲᠠᠶ᠎ᠪᠠᠷ ᠰᠢᠢᠳᠪᠦᠷᠢᠯᠡᠵᠦ᠂ ᠰᠦᠯᠵᠢᠶᠡᠨ᠎ᠤ ᠢᠷᠭᠡᠳ᠎ᠤᠨ ᠦᠯᠡᠳᠡᠭᠡᠭᠰᠡᠨ ᠦᠭᠡ ᠵᠢ ᠰᠡᠳᠬᠢᠯ ᠳᠡᠯᠪᠢᠨ ᠦᠨᠡᠨ ᠰᠡᠳᠬᠢᠯ᠎ᠠᠴᠠ᠎ᠪᠠᠨ ᠭᠦᠢᠴᠡᠳᠬᠡᠵᠦ᠂ ᠤᠰᠤᠨ ᠠᠰᠢᠭᠯᠠᠯᠲᠠ ᠵᠢᠨ ᠠᠵᠢᠯ᠎ᠢ ᠰᠠᠢ᠌ᠲᠤᠷ ᠬᠢᠬᠦ᠎ᠪᠠᠷ ᠤᠯᠠᠮ ᠢᠯᠡᠭᠦᠦ ᠴᠢᠷᠮᠠᠢ᠌ᠵᠤ᠂ ᠨᠢᠭᠡ ᠵᠢ ᠬᠢᠪᠡᠯ ᠨᠢᠭᠡ ᠵᠢ ᠪᠦᠲᠦᠭᠡᠵᠦ᠂ ᠠᠷᠠᠳ ᠣᠯᠠᠨ᠎ᠤ ᠠᠩᠬᠠᠷᠴᠤ ᠪᠠᠢ᠌ᠭ᠎ᠠ ᠤᠰᠤᠨ᠎ᠤ ᠭᠠᠮᠰᠢᠭ᠂ ᠤᠰᠤᠨ᠎ᠤ ᠡᠬᠢ ᠪᠠᠶᠠᠯᠢᠭ᠂ ᠤᠰᠤᠨ᠎ᠤ ᠠᠮᠢ ᠠᠬᠤᠶ ᠵᠡᠷᠭᠡ ᠠᠰᠠᠭᠤᠳᠠᠯ᠎ᠢ ᠦᠨᠡᠨ ᠪᠣᠳᠠᠲᠠᠶ᠎ᠪᠠᠷ ᠰᠢᠢᠳᠪᠦᠷᠢᠯᠡᠵᠦ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠵᠤ᠂ ᠰᠠᠢ᠌ᠨ ᠰᠠᠢ᠌ᠬᠠᠨ ᠠᠮᠢᠳᠤᠷᠠᠯ᠎ᠢ ᠴᠣᠭᠴᠠᠯᠠᠬᠤ᠎ᠳᠤ ᠤᠰᠤᠨ ᠠᠰᠢᠭᠯᠠᠯᠲᠠ ᠵᠢᠨ ᠬᠦᠴᠦᠨ ᠴᠢᠳᠠᠯ᠎ᠢ ᠨᠠᠩ ᠣᠯᠠᠨ ᠡᠷᠭᠦᠨ᠎ᠡ᠃

   ᠥᠷᠭᠡᠨ ᠣᠯᠠᠨ ᠰᠦᠯᠵᠢᠶᠡᠨ᠎ᠤ ᠠᠨᠳᠠ ᠵᠢᠨ ᠠᠮᠢᠳᠤᠷᠠᠯ ᠵᠣᠯ ᠵᠢᠷᠭ᠋ᠠᠯ᠎ᠲᠠᠢ ᠪᠠᠢ᠌ᠬᠤ ᠵᠢ ᠴᠢᠩ ᠰᠡᠳᠬᠢᠯ᠎ᠠᠴᠠ᠎ᠪᠠᠨ ᠵᠥᠩᠨᠡᠶ᠎ᠡ! ᠠᠷᠠᠳ᠎ᠤᠨ ᠰᠦᠯᠵᠢᠶ᠎ᠡ ᠵᠢ ᠤᠯᠠᠮ ᠰᠠᠢ᠌ᠨ ᠡᠷᠬᠢᠯᠡᠬᠦ ᠵᠢ ᠵᠥᠩᠨᠡᠶ᠎ᠡ!

                ᠯᠢ ᠭᠦᠸᠸ ᠶᠢᠩ

 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠬᠣᠶᠠᠳᠤᠭ᠋ᠠᠷ ᠬᠤᠭᠤᠴᠠᠭ᠋ᠠᠨ᠎ᠤ 《ᠬᠠᠮᠤᠭ᠎ᠤᠨ ᠭᠣᠶᠣ ᠨᠤᠲᠤᠭ᠎ᠤᠨ ᠭᠣᠤᠯ》᠎ᠢ ᠡᠷᠢᠬᠦ ᠠᠵᠢᠯᠯᠠᠭ᠎ᠠ ᠵᠢ ᠨᠡᠢ᠌ᠲᠡᠯᠡᠪᠡ
ᠭᠤᠸᠠᠩᠮᠢᠩ ᠡᠳᠦᠷ᠎ᠤᠨ ᠰᠣᠨᠢᠨ᠄ 《ᠬᠠᠳᠤᠨ ᠭᠣᠣᠯ᠎ᠤᠨ ᠬᠠᠮᠠᠭ᠋ᠠᠯᠠᠯᠲᠠ ᠵᠢᠨ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠵᠦ ᠬᠠᠳᠤᠨ ᠭᠣᠣᠯ ᠵᠶ᠋ᠠᠨ ᠭᠠᠷ ᠬᠣᠯᠪᠣᠯᠴᠠᠨ ᠬᠠᠮᠲᠤ᠎ᠪᠠᠷ ᠬᠠᠮᠠᠭ᠋ᠠᠯᠠᠶ᠎ᠠ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠡᠬᠢᠯᠡᠭᠦᠯᠪᠡ
ᠠᠷᠠᠳ᠎ᠤᠨ ᠡᠳᠦᠷ᠎ᠤᠨ ᠰᠣᠨᠢᠨ᠄ ᠡᠨᠡ ᠵᠢᠯ᠎ᠤᠨ ᠡᠴᠦᠰ ᠪᠣᠯᠬᠤ᠎ᠳᠤ ᠬᠥᠳᠡᠭᠡ ᠲᠣᠰᠬᠣᠨ᠎ᠤ ᠲᠦᠭᠡᠭᠡᠯ ᠤᠰᠤ ᠵᠢ ᠲᠦᠭᠡᠮᠡᠯᠵᠢᠭᠦᠯᠬᠦ ᠨᠣᠷᠮ᠎ᠠ ᠵᠢ 88 % ᠪᠣᠯᠲᠠᠯ᠎ᠠ ᠳᠡᠭᠡᠭᠰᠢᠯᠡᠭᠦᠯᠬᠦ᠎ᠪᠠᠷ ᠴᠢᠷᠮᠠᠢ᠌ᠨ᠎ᠠ
ᠠᠷᠠᠳ᠎ᠤᠨ ᠰᠦᠯᠵᠢᠶ᠎ᠡ᠄ ᠬᠣᠶᠠᠳᠤᠭ᠋ᠠᠷ ᠬᠤᠭᠤᠴᠠᠭ᠋ᠠᠨ᠎ᠤ 《ᠨᠤᠲᠤᠭ ᠤᠰᠤᠨ᠎ᠤ ᠬᠠᠮᠤᠭ᠎ᠤᠨ ᠭᠤᠶᠤ ᠭᠣᠣᠯ》 ᠴᠦᠩᠴᠢᠩ᠎ᠤᠨ ᠷᠦᠩ ᠹᠸᠩ ᠾᠧ ᠭᠣᠤᠯ ᠨᠡᠷᠡᠰ᠎ᠤᠨ ᠵᠢᠭᠰᠠᠭ᠋ᠠᠯᠲᠠ᠎ᠳᠤ ᠲᠣᠳᠣᠷᠠᠪᠠ
ᠠᠷᠠᠳ᠎ᠤᠨ ᠰᠦᠯᠵᠢᠶ᠎ᠡ᠄ ᠪᠥᠬᠥ ᠤᠯᠤᠰ᠎ᠤᠨ ᠤᠰᠤ ᠠᠷᠪᠢᠯᠠᠨ ᠬᠡᠷᠡᠭᠯᠡᠬᠦ ᠠᠯᠪᠠᠨ ᠬᠡᠷ 2023 ᠣᠨ᠎ᠤ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠤᠰᠤ ᠠᠷᠪᠢᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠡᠬᠢᠯᠡᠭᠦᠯᠪᠡ
 
            