《ᠠᠷᠠᠳ᠎ᠤᠨ ᠡᠳᠦᠷ᠎ᠤᠨ ᠰᠣᠨᠢᠨ᠎ᠤ ᠭᠠᠳᠠᠭ᠋ᠠᠳᠤ᠎ᠳᠤ ᠵᠣᠷᠢᠭᠤᠯᠤᠭᠰᠠᠨ ᠬᠡᠪᠯᠡᠯ》 (2023 ᠣᠨ᠎ᠤ 3 ᠳ᠋ᠤᠭ᠋ᠠᠷ ᠰᠠᠷ᠎ᠠ ᠵᠢᠨ 4᠎ᠤ ᠡᠳᠦᠷ᠎ᠤᠨ 4 ᠳ᠋ᠦ᠍ᠭᠡᠷ ᠨᠢᠭᠤᠷ)
ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠸᠠᠩ ᠬᠤᠤ) ᠰᠤᠷᠪᠤᠯᠵᠢᠯᠠᠭᠴᠢ ᠵᠢᠨ ᠤᠰᠤᠨ ᠠᠰᠢᠭᠯᠠᠯᠲᠠ ᠵᠢᠨ ᠶᠠᠮᠤᠨ᠎ᠠᠴᠠ ᠣᠢ᠌ᠯᠠᠭ᠋ᠠᠭᠰᠠᠨ ᠵᠶ᠋ᠠᠷ᠂ 3 ᠳ᠋ᠤᠭ᠋ᠠᠷ ᠰᠠᠷ᠎ᠠ ᠵᠢᠨ 1᠎ᠤ ᠡᠳᠦᠷ ᠰᠧᠴᠤᠸᠠᠨ ᠮᠤᠵᠢ ᠵᠢᠨ ᠰᠢᠶᠠᠩ ᠵᠢᠶᠠ ᠪᠠ ᠤᠰᠤᠯᠠᠯᠲᠠ ᠵᠢᠨ ᠣᠷᠣᠨ᠎ᠤ ᠤᠮᠠᠷᠠᠲᠤ ᠶᠡᠷᠦᠩᠬᠡᠶ ᠭᠣᠤᠯ ᠰᠤᠪᠠᠭ᠎ᠤᠨ ᠨᠢᠭᠡᠳᠦᠭᠡᠷ ᠬᠤᠭᠤᠴᠠᠭ᠋ᠠᠨ᠎ᠤ ᠬᠣᠶᠠᠳᠤᠭ᠋ᠠᠷ ᠠᠯᠬᠤᠮ᠎ᠤᠨ ᠢᠨᠵᠧᠨᠧᠷᠢᠩ᠎ᠢ ᠠᠵᠢᠯ ᠡᠬᠢᠯᠡᠭᠦᠯᠦᠭᠰᠡᠨ᠎ᠨᠢ ᠤᠰᠤᠨ ᠠᠰᠢᠭᠯᠠᠯᠲᠠ ᠵᠢᠨ ᠶᠠᠮᠤᠨ᠎ᠤ 2023 ᠣᠨ᠎ᠤ ᠭᠣᠤᠯᠳᠠᠯᠭ᠎ᠠ᠎ᠲᠠᠢ ᠠᠬᠢᠭᠤᠯᠬᠤ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠢᠭᠡ ᠪᠤᠯᠵᠠᠢ᠃ ᠢᠨᠵᠧᠨᠧᠷᠢᠩ᠎ᠨᠢ ᠲᠠᠷᠢᠶᠠᠯᠠᠩ᠎ᠤᠨ ᠤᠰᠤᠯᠠᠯᠲᠠ᠂ ᠬᠣᠲᠠ ᠬᠥᠳᠡᠭᠡ ᠲᠤᠰᠬᠤᠨ᠎ᠤ ᠠᠮᠢᠳᠤᠷᠠᠯ᠎ᠤᠨ ᠤᠰᠤ ᠬᠠᠩᠭ᠋ᠠᠬᠤ᠂ ᠠᠵᠤ ᠦᠢ᠍ᠯᠡᠳᠪᠦᠷᠢ ᠵᠢᠨ ᠤᠰᠤ ᠬᠠᠩᠭ᠋ᠠᠬᠤ᠎ᠪᠠᠷ ᠭᠣᠣᠯ ᠡᠭᠦᠷᠭᠡ ᠪᠤᠯᠭ᠋ᠠᠭᠰᠠᠨ ᠰᠧᠴᠤᠸᠠᠨ᠎ᠤ ᠭᠣᠣᠯ ᠤᠰᠤᠨ ᠲᠣᠣᠷ᠎ᠤᠨ ᠴᠢᠬᠤᠯᠠ ᠪᠦᠷᠢᠯᠳᠦᠬᠦᠨ ᠬᠡᠰᠡᠭ ᠶᠤᠮ᠃ ᠢᠨᠵᠧᠨᠧᠷᠢᠩ᠎ᠤᠨ ᠪᠥᠲᠥᠭᠡᠨ ᠪᠠᠢ᠌ᠭᠤᠯᠤᠯᠲᠠ ᠵᠢᠨ ᠶᠡᠷᠦᠩᠬᠡᠶ ᠠᠵᠢᠯ᠎ᠤᠨ ᠬᠤᠭᠤᠴᠠᠭ᠎ᠠ᠎ᠨᠢ 48 ᠰᠠᠷ᠎ᠠ᠂ ᠶᠡᠷᠦᠩᠬᠡᠶ ᠪᠠᠯᠠ ᠣᠷᠣᠭᠤᠯᠤᠯᠲᠠ᠎ᠨᠢ 81.3 ᠳ᠋ᠦᠩᠰᠢᠭᠤᠷ ᠲᠥᠭᠥᠷᠢᠭ᠎ᠲᠤ ᠬᠦᠷᠴᠦ᠂ ᠽᠢ ᠭᠦᠩ᠂ ᠨᠸᠢᠢ᠍ᠵᠢᠶᠠᠩ᠂ ᠯᠦᠵᠸᠦ᠂ ᠢᠪᠢᠨ ᠵᠡᠷᠭᠡ ᠰᠧᠴᠤᠸᠠᠨ᠎ᠤ ᠡᠮᠦᠨᠡᠲᠦ ᠬᠡᠰᠡᠭ᠎ᠤᠨ 4 ᠬᠣᠲᠠ 7 ᠰᠢᠶᠠᠨ (ᠲᠣᠭᠣᠷᠢᠭ)᠎ᠳᠤ ᠬᠣᠯᠪᠣᠭᠳᠠᠵᠤ᠂ ᠲᠥᠯᠥᠪᠯᠡᠭᠰᠡᠨ ᠤᠰᠤᠯᠠᠯᠲᠠ ᠵᠢᠨ ᠲᠠᠯᠠᠪᠠᠶ᠎ᠨᠢ 147.3 ᠲᠦᠮᠡᠨ ᠮᠥ᠍᠎ᠳᠤ ᠪᠤᠯᠵᠠᠢ᠃
2023 ᠣᠨ᠎ᠠᠴᠠ ᠨᠠᠭ᠋ᠠᠰᠢ᠂ ᠪᠥᠬᠥ ᠤᠯᠤᠰ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠢ᠌ᠭᠤᠯᠤᠯᠲᠠ ᠶᠡᠷᠦᠩᠬᠡᠶ᠎ᠳᠡᠭᠡᠨ ᠤᠷᠤᠭᠰᠢᠲᠠᠶ ᠶᠠᠪᠤᠭᠳᠠᠵᠤ᠂ 7 ᠵᠦᠢᠯ᠎ᠤᠨ ᠢᠨᠵᠧᠨᠧᠷᠢᠩ᠎ᠢ ᠰᠢᠨ᠎ᠡ᠎ᠪᠠᠷ ᠡᠬᠢᠯᠡᠭᠦᠯᠪᠡ᠃ ᠡᠭᠦᠨ᠎ᠤ ᠬᠠᠮᠲᠤ᠂ ᠬᠤᠪᠸᠢ ᠮᠤᠵᠢ ᠵᠢᠨ ᠨᠢᠶᠠᠨ ᠫᠠᠨ ᠱᠠᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠵᠠᠩᠭᠢᠯᠠᠭ᠎ᠠ ᠵᠢᠨ ᠢᠨᠵᠧᠨᠧᠷᠢᠩ᠎ᠨᠢ ᠬᠠᠭ᠋ᠠᠯᠲᠠ ᠪᠠᠭᠤᠯᠭ᠋ᠠᠵᠦ ᠤᠰᠤ ᠬᠠᠳᠠᠭ᠋ᠠᠯᠠᠬᠤ ᠱᠠᠲᠤᠨ᠎ᠤ ᠰᠢᠯᠭ᠋ᠠᠨ ᠪᠠᠢ᠌ᠴᠠᠭ᠋ᠠᠯᠲᠠ ᠵᠢ ᠥᠩᠭᠡᠷᠡᠭᠡᠵᠦ᠂ ᠶᠦᠨᠨᠠᠨ᠎ᠤ ᠳᠤᠮᠳᠠ ᠬᠡᠰᠡᠭ᠎ᠤᠨ ᠤᠰᠤ ᠵᠠᠯᠠᠬᠤ ᠢᠨᠵᠧᠨᠧᠷᠢᠩ᠂ ᠱᠠᠨᠰᠢ ᠵᠢᠨ ᠬᠠᠨᠵᠢᠶᠠᠩ ᠮᠥᠷᠡᠨ᠎ᠢ ᠲᠠᠲᠠᠵᠤ ᠸᠧᠢ ᠾᠧ ᠭᠣᠣᠯ᠎ᠳᠤ ᠨᠡᠮᠡᠷᠢᠯᠡᠬᠦ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ ᠵᠡᠷᠭᠡ ᠨᠢᠭᠡ ᠪᠦᠯᠦᠭ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠡᠮᠬᠢ ᠵᠢᠷᠤᠮ᠎ᠲᠠᠢ ᠠᠬᠢᠭᠤᠯᠵᠦ ᠪᠤᠢ᠃