ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠳ᠋ᠦ᠋ ᠶᠠᠨ ᠹᠸᠢ) 2023 ᠣᠨ᠎ᠤ 3 ᠳ᠋ᠤᠭ᠋ᠠᠷ ᠰᠠᠷ᠎ᠠ ᠵᠢᠨ 22᠎ᠤᠨ ᠡᠳᠦᠷ ᠪᠣᠯ ᠭᠤᠴᠢᠨ ᠨᠢᠭᠡᠳᠦᠭᠡᠷ ᠬᠤᠭᠤᠴᠠᠭ᠋ᠠᠨ᠎ᠤ 《ᠳᠡᠯᠡᠬᠡᠶ ᠵᠢᠨ ᠤᠰᠤᠨ᠎ᠤ ᠡᠳᠦᠷ》 ᠮᠦᠨ᠂ 3 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 28᠎ᠤ ᠡᠳᠦᠷ ᠪᠤᠯᠲᠠᠯ᠎ᠬᠢ ᠬᠤᠭᠤᠴᠠᠭ᠎ᠠ ᠪᠣᠯ ᠭᠤᠴᠢᠨ ᠵᠢᠷᠭᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠤᠰᠤᠨ᠎ᠤ ᠭᠠᠷᠠᠭ》 ᠮᠦᠨ᠃ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ 2023 ᠣᠨ᠎ᠤ 《ᠳᠡᠯᠡᠬᠡᠶ ᠵᠢᠨ ᠤᠰᠤᠨ᠎ᠤ ᠡᠳᠦᠷ》᠎ᠤᠨ ᠭᠣᠣᠯ ᠰᠡᠳᠦᠪ᠎ᠢ 《Accelerating Change》 (ᠬᠤᠪᠢᠰᠤᠯᠲᠠ ᠵᠢ ᠲᠦᠷᠭᠡᠳᠭᠡᠬᠦ) ᠭᠡᠵᠦ ᠲᠣᠭᠲᠠᠭ᠋ᠠᠪᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠦᠬᠡ ᠮᠦᠷᠡᠨ᠎ᠤ ᠬᠠᠮᠠᠭ᠋ᠠᠯᠠᠯᠲᠠ ᠵᠢᠨ ᠬᠠᠤᠯᠢ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠤᠯ᠎ᠤᠨ ᠬᠠᠮᠠᠭ᠋ᠠᠯᠠᠯᠲᠠ ᠵᠢᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠦᠲᠦᠮᠵᠢᠲᠡᠶ ᠬᠡᠷᠡᠭᠵᠢᠭᠦᠯᠬᠦ ᠵᠢ ᠠᠬᠢᠭᠤᠯᠬᠤ ᠵᠢᠨ ᠲᠥᠯᠥᠭᠡ᠂ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ 2023 ᠣᠨ᠎ᠤ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠢ ᠳᠤᠷᠠᠰᠬᠠᠬᠤ ᠮᠠᠨ᠎ᠤ ᠤᠯᠤᠰ᠎ᠤᠨ ᠠᠵᠢᠯᠯᠠᠭ᠎ᠠ ᠵᠢᠨ ᠭᠣᠣᠯ ᠰᠡᠳᠦᠪ᠎ᠢ 《ᠬᠠᠤᠯᠢ ᠶᠣᠰᠣᠭ᠋ᠠᠷ ᠤᠰᠤ ᠵᠠᠰᠠᠬᠤ ᠵᠢ ᠴᠢᠩᠭ᠋ᠠᠳᠬᠠᠵᠤ ᠡᠬᠡ ᠭᠣᠤᠯ ᠵᠶ᠋ᠠᠨ ᠭᠠᠷ ᠬᠣᠯᠪᠤᠯᠴᠠᠨ ᠬᠠᠮᠲᠤ᠎ᠪᠠᠷ ᠬᠠᠮᠠᠭ᠋ᠠᠯᠠᠶ᠎ᠠ》 ᠭᠡᠵᠦ ᠲᠤᠭᠲᠠᠭ᠋ᠠᠭᠰᠠᠨ ᠪᠥᠭᠡᠳ 2023 ᠣᠨ᠎ᠤ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠠᠵᠢᠯᠯᠠᠭ᠎ᠠ ᠵᠢᠨ ᠲᠥᠰᠦᠯ ᠪᠠ ᠤᠬᠠᠭᠤᠯᠭ᠎ᠠ ᠵᠢᠨ ᠤᠷᠢᠶ᠎ᠠ ᠵᠢ ᠨᠡᠢ᠌ᠲᠡᠯᠡᠪᠡ᠃
ᠲᠣᠬᠢᠷᠠᠭᠤᠯᠤᠯᠲᠠ ᠵᠢ ᠦᠨᠳᠦᠰᠦᠯᠡᠪᠡᠯ᠂ 《ᠳᠡᠯᠡᠬᠡᠶ ᠵᠢᠨ ᠤᠰᠤᠨ᠎ᠤ ᠡᠳᠦᠷ》 ᠪᠤᠯᠤᠨ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠬᠤᠭᠤᠴᠠᠭ᠋ᠠᠨ᠎ᠳᠤ ᠤᠰᠤᠨ ᠠᠰᠢᠭᠯᠠᠯᠲᠠ ᠵᠢᠨ ᠶᠠᠮᠤᠨ ᠪᠦᠯᠬᠦᠮ ᠪᠠᠢ᠌ᠭᠤᠯᠤᠨ 2023 ᠣᠨ᠎ᠤ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠡᠬᠡ ᠬᠤᠷᠠᠯ᠎ᠳᠤ ᠣᠷᠣᠯᠴᠠᠬᠤ ᠪᠣᠯᠤᠨ᠎ᠠ᠃ ᠡᠭᠦᠨ᠎ᠤ ᠬᠠᠮᠲᠤ ᠤᠰᠤᠨ ᠠᠰᠢᠭᠯᠠᠯᠲᠠ ᠵᠢᠨ ᠶᠠᠮᠤᠨ ᠬᠣᠶᠠᠳᠤᠭ᠋ᠠᠷ ᠬᠤᠭᠤᠴᠠᠭ᠋ᠠᠨ᠎ᠤ 《ᠬᠠᠮᠤᠭ᠎ᠤᠨ ᠭᠣᠶᠣ ᠨᠤᠲᠤᠭ᠎ᠤᠨ ᠭᠣᠤᠯ》᠎ᠢ ᠡᠷᠢᠬᠦ ᠠᠵᠢᠯᠯᠠᠭ᠎ᠠ ᠵᠢᠨ ᠨᠡᠢ᠌ᠲᠡᠯᠡᠬᠦ ᠶᠣᠰᠣᠯᠠᠯ ᠡᠷᠬᠢᠯᠡᠨ᠎ᠡ; ᠬᠠᠲᠤᠨ ᠭᠣᠣᠯ᠎ᠢ ᠬᠠᠮᠠᠭ᠋ᠠᠯᠠᠬᠤ ᠬᠠᠤᠯᠢ ᠵᠢ ᠤᠬᠠᠭᠤᠯᠤᠨ ᠲᠤᠭᠤᠰᠢᠯᠠᠭᠤᠯᠬᠤ ᠲᠤᠰᠬᠠᠢ ᠰᠡᠳᠦᠪᠲᠦ ᠠᠵᠢᠯᠯᠠᠭ᠎ᠠ ᠵᠢ ᠦᠷᠨᠢᠭᠦᠯᠦᠨ᠎ᠡ; ᠭᠣᠤᠯ ᠰᠡᠳᠦᠪᠲᠦ ᠤᠬᠠᠭᠤᠯᠭ᠎ᠠ ᠵᠢᠨ ᠵᠢᠷᠤᠭ ᠪᠠ ᠤᠬᠠᠭᠤᠯᠭ᠎ᠠ ᠵᠢᠨ ᠤᠷᠢᠶ᠎ᠠ ᠵᠢ ᠨᠡᠢ᠌ᠲᠡᠯᠡᠨ᠎ᠡ; ᠬᠦᠬᠡ ᠮᠦᠷᠡᠨ᠎ᠤ ᠬᠠᠮᠠᠭ᠋ᠠᠯᠠᠯᠲᠠ ᠵᠢᠨ ᠬᠠᠤᠯᠢ᠂ ᠬᠠᠳᠤᠨ ᠭᠣᠣᠯ᠎ᠤᠨ ᠬᠠᠮᠠᠭ᠋ᠠᠯᠠᠯᠲᠠ ᠵᠢᠨ ᠬᠠᠤᠯᠢ ᠵᠢᠨ ᠰᠠᠢ᠍ᠢ᠍ᠨ ᠳᠤᠷ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ; 《ᠰᠤᠷᠤᠯᠴᠠᠯᠭ᠎ᠠ ᠵᠢᠨ ᠬᠦᠴᠦᠷᠬᠡᠭ ᠤᠯᠤᠰ》 ᠲᠠᠪᠴᠠᠩ᠎ᠳᠤ ᠲᠤᠰᠬᠠᠶ ᠰᠡᠳᠦᠪ ᠬᠠᠷᠢᠭᠤᠯᠲᠠ ᠥᠷᠨᠢᠭᠦᠯᠵᠦ᠂ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ ᠵᠡᠷᠭᠡ ᠲᠠᠪᠴᠠᠩ᠎ᠳᠤ ᠤᠬᠠᠭᠤᠯᠤᠨ ᠲᠤᠭᠤᠰᠢᠯᠠᠭᠤᠯᠬᠤ ᠲᠤᠰᠬᠠᠶ ᠪᠤᠯᠤᠩ ᠨᠡᠭᠡᠭᠡᠵᠦ᠂ ᠰᠦᠯᠵᠢᠶ᠎ᠡ᠎ᠪᠠᠷ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠦᠨ᠎ᠡ; ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠤᠰᠤ ᠠᠷᠪᠢᠯᠠᠨ ᠬᠡᠷᠡᠭᠯᠡᠬᠦ ᠮᠡᠳᠡᠯᠭᠡ ᠵᠢᠨ ᠤᠷᠤᠯᠳᠤᠭ᠋ᠠᠨ᠂ 《ᠤᠰᠤ ᠠᠷᠪᠢᠯᠠᠬᠤ ᠳᠤᠮᠳᠠᠳᠤ ᠤᠯᠤᠰ ᠪᠢᠳᠡ ᠬᠠᠮᠲᠤ᠎ᠪᠠᠷ ᠠᠶᠠᠯᠠᠬᠤ》 ᠭᠣᠤᠯ ᠰᠡᠳᠦᠪᠲᠦ ᠤᠬᠠᠭᠤᠯᠭ᠎ᠠ ᠵᠢᠨ ᠬᠠᠮᠲᠤᠷᠠᠭᠰᠠᠨ ᠠᠵᠢᠯᠯᠠᠭ᠎ᠠ ᠵᠢ ᠡᠷᠬᠢᠯᠡᠨ᠎ᠡ; 《ᠰᠢᠨ᠎ᠡ ᠴᠠᠭ ᠦᠶ᠎ᠡ ᠵᠢᠨ ᠤᠰᠤ ᠰᠢᠷᠣᠶ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠰᠠᠨᠠᠯ》᠎ᠢ ᠤᠬᠠᠭᠤᠯᠤᠨ ᠲᠤᠭᠤᠰᠢᠯᠠᠭᠤᠯᠬᠤ ᠵᠡᠷᠭᠡ ᠠᠵᠢᠯ ᠥᠷᠨᠢᠭᠦᠯᠵᠦ᠂ ᠪᠦᠬᠦ ᠨᠡᠢ᠌ᠭᠡᠮ᠎ᠤᠨ ᠬᠠᠤᠯᠢ ᠶᠣᠰᠣᠭ᠋ᠠᠷ ᠤᠰᠤ ᠵᠠᠰᠠᠬᠤ᠂ ᠤᠰᠤ᠎ᠪᠠᠨ ᠨᠠᠨᠳᠢᠩᠨᠠᠵᠤ ᠤᠰᠤ᠎ᠪᠠᠨ ᠬᠠᠮᠠᠭ᠋ᠠᠯᠠᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠬᠦᠴᠦᠲᠡᠶ ᠪᠠᠲᠤᠯᠠᠭ᠎ᠠ ᠬᠠᠩᠭ᠋ᠠᠨ᠎ᠠ᠃