ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠨᠢᠳᠤᠨᠤᠨ ᠪᠥᠬᠥ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠭᠰᠠᠨ ᠲᠠᠯᠠᠪᠠᠶ 6.3 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠪᠡ
ᠨᠡᠶ᠋ᠢᠲᠡᠯᠡᠭᠰᠡᠨ ᠴᠠᠭ᠄ 2023-03-05

   ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 2 ᠳ᠋ᠤᠭ᠋ᠠᠷ ᠰᠠᠷ᠎ᠠ ᠵᠢᠨ 26᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠴᠠᠩ ᠴᠢᠨ)

   ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠤ ᠬᠤᠷᠠᠯᠳᠤᠭᠤᠯᠤᠭᠰᠠᠨ 2023 ᠣᠨ᠎ᠤ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠤᠨ ᠬᠤᠷᠠᠯᠳᠤᠭ᠋ᠠᠨ᠎ᠠᠴᠠ ᠣᠢ᠌ᠯᠠᠭ᠋ᠠᠭᠰᠠᠨ᠎ᠨᠢ᠄ 2022 ᠣᠨ᠎ᠳᠤ ᠪᠦᠬᠦ ᠤᠯᠤᠰ᠎ᠲᠤ ᠬᠥᠷᠥᠰᠥ ᠰᠢᠷᠣᠢ ᠵᠢ ᠬᠠᠮᠠᠭ᠋ᠠᠯᠠᠬᠤ ᠠᠯᠤᠰ ᠰᠡᠷᠡᠯ᠎ᠤᠨ ᠬᠢᠨᠠᠨ ᠬᠠᠮᠢᠶᠠᠷᠤᠯᠲᠠ ᠵᠢ ᠨᠡᠢ᠌ᠳᠡᠮ ᠬᠡᠷᠡᠭᠵᠢᠭᠦᠯᠵᠦ᠂ ᠬᠥᠷᠥᠰᠥ ᠰᠢᠷᠣᠢ ᠵᠢ ᠬᠠᠮᠠᠭ᠋ᠠᠯᠠᠬᠤ ᠭᠣᠣᠯᠳᠠᠯᠭ᠎ᠠ᠎ᠲᠠᠢ ᠢᠨᠵᠧᠨᠧᠷᠢᠩ᠎ᠢ ᠲᠦᠷᠭᠡᠪᠴᠢᠯᠡᠨ ᠬᠡᠷᠡᠭᠵᠢᠭᠦᠯᠵᠦ᠂ ᠬᠥᠷᠥᠰᠥ ᠰᠢᠷᠣᠢ ᠵᠢᠨ ᠢᠳᠡᠭᠳᠡᠯ᠎ᠢ ᠵᠠᠰᠠᠬᠤ ᠲᠠᠯᠠᠪᠠᠢ ᠵᠢ 6.3 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠂ ᠪᠦᠬᠦ ᠤᠯᠤᠰ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠴᠢᠨᠠᠷ ᠰᠠᠢ᠌ᠲᠠᠢ ᠬᠥᠭᠵᠢᠯᠲᠡ ᠵᠢᠨ ᠬᠣᠰᠢᠭᠤᠴᠢ ᠣᠷᠣᠨ᠎ᠢ 5 ᠪᠠᠢ᠌ᠭᠤᠯᠵᠤ᠂ ᠤᠯᠤᠰ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠦᠯᠢᠭᠡᠷ ᠵᠢᠱ᠌ᠢᠶ᠎ᠡ ᠵᠢ 102 ᠡᠭᠦᠳᠦᠨ ᠪᠠᠢ᠌ᠭᠤᠯᠪᠠ᠃

   ᠬᠤᠷᠠᠯ᠎ᠠᠴᠠ᠂ ᠰᠢᠨ᠎ᠡ ᠴᠠᠭ ᠦᠶ᠎ᠡ ᠵᠢᠨ ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠤᠨ ᠬᠠᠷᠠᠯᠲᠠ ᠪᠤᠯ᠂ 2025 ᠣᠨ᠎ᠳᠤ ᠪᠦᠬᠦ ᠤᠯᠤᠰ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠨᠤᠷᠮ᠎ᠠ ᠵᠢ 73%᠎ᠲᠤ ᠬᠦᠷᠭᠡᠵᠦ᠂ 2035 ᠣᠨ᠎ᠳᠤ 75%᠎ᠲᠤ ᠬᠦᠷᠭᠡᠨ᠎ᠡ᠃ ᠱᠠᠲᠤ ᠦᠶ᠎ᠡ ᠵᠢᠨ ᠶᠡᠷᠦᠩᠬᠡᠢ ᠬᠠᠷᠠᠯᠲᠠ ᠵᠢ ᠦᠨᠳᠦᠰᠦᠯᠡᠨ᠂ ᠠᠵᠢᠯ᠎ᠤᠨ ᠬᠠᠷᠠᠯᠲᠠ᠎ᠪᠠᠨ ᠣᠨ ᠳᠠᠷᠠᠭ᠋ᠠᠯᠠᠨ ᠵᠦᠢ ᠵᠣᠬᠢᠰᠲᠠᠢ ᠲᠤᠭᠳᠠᠭ᠋ᠠᠨ᠎ᠠ᠃ ᠪᠦᠬᠦ ᠤᠯᠤᠰ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠨᠤᠷᠮ᠎ᠠ ᠵᠢᠨ ᠬᠠᠷᠠᠯᠲᠠ ᠵᠢ ᠰᠠᠪᠠ ᠭᠠᠵᠠᠷ᠎ᠲᠤ ᠬᠡᠮᠵᠢᠶᠡᠵᠢᠭᠦᠯᠦᠨ ᠵᠠᠳᠠᠯᠵᠤ᠂ ᠮᠤᠵᠢ᠂ ᠬᠣᠲᠠ᠂ ᠰᠢᠶᠠᠨ ᠭᠤᠷᠪᠠᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠳᠤ ᠬᠦᠷᠲᠡᠯ᠎ᠡ ᠱᠠᠯᠠᠪᠳᠠᠨ ᠵᠠᠳᠠᠯᠵᠤ᠂ ᠤᠯᠤᠰ᠂ ᠰᠠᠪᠠ ᠭᠠᠵᠠᠷ᠂ ᠮᠤᠵᠢ᠂ ᠬᠣᠲᠠ᠂ ᠰᠢᠶᠠᠨ ᠲᠠᠪᠤᠨ ᠱᠠᠲᠤ ᠵᠢ ᠬᠠᠮᠤᠷᠤᠭᠰᠠᠨ ᠬᠥᠷᠥᠰᠥ ᠰᠢᠷᠣᠢ ᠵᠢ ᠬᠠᠮᠠᠭ᠋ᠠᠯᠠᠬᠤ ᠨᠤᠷᠮ᠎ᠠ ᠵᠢᠨ ᠬᠠᠷᠠᠯᠲᠠ ᠵᠢᠨ ᠰᠢᠰᠲ᠋ᠧᠮ᠎ᠢ ᠪᠤᠢ ᠪᠤᠯᠭ᠋ᠠᠨ᠎ᠠ᠃ ᠤᠷᠢᠳᠴᠢᠯᠠᠨ ᠰᠡᠷᠭᠡᠢ᠌ᠯᠡᠬᠦ ᠬᠠᠮᠠᠭ᠋ᠠᠯᠠᠯᠲᠠ ᠵᠢᠨ        《ᠨᠡᠮᠡᠭᠳᠡᠯ᠎ᠤᠨ ᠬᠡᠮᠵᠢᠶ᠎ᠡ ᠵᠢ ᠬᠢᠵᠠᠭ᠋ᠠᠷᠯᠠᠬᠤ》 ᠵᠢ ᠪᠠᠷᠢᠮᠲᠠᠯᠠᠵᠤ᠂ 《ᠬᠠᠳᠠᠭ᠋ᠠᠯᠠᠯᠲᠠ ᠵᠢᠨ ᠬᠡᠮᠵᠢᠶ᠎ᠡ ᠵᠢ ᠪᠠᠭ᠋ᠠᠰᠬᠠᠬᠤ》 ᠵᠢ ᠶᠡᠷᠦᠩᠬᠡᠢ᠌ᠯᠡᠨ ᠵᠠᠰᠠᠵᠤ᠂ ᠬᠠᠮᠢᠶᠠᠷᠤᠯᠲᠠ ᠵᠢᠨ 《ᠶᠠᠰᠤ ᠴᠢᠨᠠᠷ᠎ᠢ ᠳᠡᠭᠡᠭᠰᠢᠯᠡᠭᠦᠯᠬᠦ》 ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠪᠦᠬᠦ ᠤᠯᠤᠰ᠎ᠤᠨ ᠬᠥᠷᠥᠰᠥ ᠰᠢᠷᠣᠢ ᠵᠢᠨ ᠢᠳᠡᠭᠳᠡᠯ᠎ᠤᠨ ᠪᠠᠢ᠌ᠳᠠᠯ᠎ᠢ ᠦᠷᠭᠦᠯᠵᠢᠯᠡᠨ      ᠰᠠᠢ᠌ᠵᠢᠷᠠᠭᠤᠯᠵᠤ᠂ ᠬᠥᠷᠥᠰᠥ ᠰᠢᠷᠣᠢ ᠵᠢ ᠬᠠᠮᠠᠭ᠋ᠠᠯᠠᠬᠤ ᠴᠢᠳᠠᠪᠬᠢ ᠪᠣᠯᠣᠨ ᠠᠮᠢ ᠠᠬᠤᠢ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠲᠡᠭᠡᠭᠰᠢᠯᠡᠭᠦᠯᠦᠨ᠎ᠡ ᠭᠡᠵᠦ ᠴᠢᠬᠤᠯᠠᠴᠢᠯᠠᠪᠠ᠃

   ᠬᠤᠷᠠᠯ᠎ᠠᠴᠠ᠂ ᠬᠥᠷᠥᠰᠥ ᠰᠢᠷᠣᠢ ᠵᠢᠨ ᠢᠳᠡᠭᠳᠡᠯ᠎ᠢ ᠰᠡᠷᠭᠡᠢ᠌ᠯᠡᠨ ᠬᠠᠮᠠᠭ᠋ᠠᠯᠠᠬᠤ ᠠᠵᠢᠯ᠎ᠢ ᠪᠦᠭᠦ ᠲᠠᠯ᠎ᠠ᠎ᠪᠠᠷ ᠴᠢᠩᠭ᠍ᠠᠣᠠᠬᠠᠵᠤ᠂ ᠬᠥᠷᠥᠰᠥ ᠰᠢᠷᠣᠢ ᠵᠢ ᠬᠠᠮᠠᠭ᠋ᠠᠯᠠᠬᠤ ᠣᠷᠣᠨ ᠵᠠᠢ ᠵᠢᠨ ᠬᠠᠮᠢᠶᠠᠷᠤᠨ ᠡᠵᠡᠮᠳᠡᠬᠦ ᠲᠦᠷᠢᠮ᠎ᠢ ᠪᠠᠢ᠌ᠭᠤᠯᠤᠨ᠂ ᠳᠦᠷᠦᠯ ᠲᠤᠭᠤᠷᠢᠭ ᠬᠤᠪᠢᠶᠠᠨ ᠵᠦᠷᠢᠶᠡᠵᠢᠬᠦᠯᠦᠨ ᠬᠠᠮᠠᠭ᠋ᠠᠯᠠᠵᠤ ᠵᠠᠰᠠᠬᠤ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠢ ᠵᠢᠨ ᠢᠳᠡᠭᠳᠡᠯ᠎ᠢ ᠡᠬᠢ ᠡᠭᠦᠰᠦᠯ᠎ᠠᠴᠠ᠎ᠨᠢ ᠰᠡᠷᠭᠡᠢ᠌ᠯᠡᠨ ᠡᠵᠡᠮᠳᠡᠬᠦ ᠠᠵᠢᠯ᠎ᠢ ᠰᠠᠢ᠌ᠲᠤᠷ ᠠᠳᠬᠤᠬᠤ   ᠬᠡᠷᠡᠭᠲᠡᠢ᠃ ᠰᠠᠪᠠ ᠭᠠᠵᠠᠷ ᠵᠶ᠋ᠠᠷ ᠨᠢᠭᠡᠴᠢ ᠪᠣᠯᠭ᠋ᠠᠨ᠂ ᠭᠣᠣᠯᠳᠠᠯᠭ᠎ᠠ᠎ᠲᠠᠢ ᠣᠷᠣᠨ ᠪᠦᠰᠡ ᠵᠢᠨ ᠬᠥᠷᠥᠰᠥ ᠰᠢᠷᠣᠢ ᠵᠢᠨ ᠢᠳᠡᠭᠳᠡᠯ᠎ᠢ ᠵᠠᠰᠠᠬᠤ ᠠᠵᠢᠯ᠎ᠢ ᠲᠦᠷᠭᠡᠳᠬᠡᠵᠦ᠂ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠬᠡᠷᠡᠭᠲᠡᠢ᠃ ᠬᠥᠷᠥᠰᠥ ᠰᠢᠷᠣᠢ ᠵᠢ ᠬᠠᠮᠠᠭ᠋ᠠᠯᠠᠬᠤ ᠲᠥᠯᠦᠪᠵᠢᠭᠦᠯᠭᠡ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠯᠲᠠ ᠵᠢ ᠴᠢᠩᠭ᠋ᠠᠳᠬᠠᠨ᠂ ᠨᠠᠩ ᠪᠦᠷᠢᠨ ᠲᠡᠭᠦᠯᠳᠡᠷ ᠬᠢᠨᠠᠨ ᠬᠡᠮᠵᠢᠬᠦ ᠰᠢᠰᠲ᠋ᠧᠮᠵᠢ ᠵᠢ ᠲᠦᠷᠭᠡᠳᠬᠡᠨ ᠪᠠᠢ᠌ᠭᠤᠯᠵᠤ᠂ ᠬᠥᠷᠥᠰᠥ ᠰᠢᠷᠣᠢ ᠵᠢ ᠬᠠᠮᠠᠭ᠋ᠠᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠶᠡᠬᠡᠪᠡᠷ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

 

 

 

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ ᠬᠠᠲᠤᠨ ᠭᠣᠤᠯ ᠪᠥᠬᠥ ᠱᠤᠭᠤᠮ ᠵᠶ᠋ᠠᠷ ᠵᠶ᠋ᠠᠨ ᠭᠡᠰᠮᠡᠷ ᠪᠤᠢ᠂ ᠵᠠᠰᠠᠵᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠠᠯᠢᠶ᠎ᠠ ᠵᠢ ᠰᠡᠷᠭᠡᠢ᠌ᠯᠡᠬᠦ ᠡᠯ᠎ᠡ ᠵᠦᠢᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠢ
ᠰᠢᠨᠬᠤᠸᠠ ᠬᠣᠷᠢᠢ᠎ᠠ᠄ ᠬᠠᠳᠤᠨ ᠭᠣᠣᠯ᠎ᠤᠨ ᠭᠡᠰᠬᠦ ᠬᠤᠷᠳᠤᠴᠠ ᠲᠦᠷᠭᠡᠰᠴᠦ᠂ ᠤᠢ᠍ᠢ᠍ᠷ᠎ᠠ ᠵᠢᠨ ᠬᠤᠭᠤᠴᠠᠭ᠋ᠠᠨ᠎ᠳᠤ ᠪᠦᠬᠦ ᠱᠤᠭᠤᠮ ᠵᠶ᠋ᠠᠷ ᠵᠶ᠋ᠠᠨ ᠭᠣᠣᠯ ᠭᠡᠰᠦᠨ᠎ᠡ
ᠠᠷᠠᠳ᠎ᠤᠨ ᠡᠳᠦᠷ᠎ᠤᠨ ᠰᠣᠨᠢᠨ᠄ ᠡᠨᠡ ᠵᠢᠯ ᠨᠢᠭᠡᠨᠲᠡ 7 ᠵᠦᠢᠯ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠰᠢᠨ᠎ᠡ᠎ᠪᠠᠷ ᠡᠬᠢᠯᠡᠭᠦᠯᠪᠡ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ 2023 ᠣᠨ᠎ᠤ 《ᠳᠡᠯᠡᠬᠡᠶ ᠵᠢᠨ ᠤᠰᠤᠨ᠎ᠤ ᠡᠳᠦᠷ》 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠭᠣᠤᠯ ᠰᠡᠳᠦᠪᠲᠦ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠪᠡ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠯᠢ ᠭᠦᠸᠧ ᠶᠢᠩ᠄ ᠳᠡᠯᠭᠡᠴᠡ ᠳᠡᠭᠡᠷᠡᠬᠢ ᠦᠭᠡ ᠵᠢ ᠰᠡᠳᠬᠢᠯ ᠳᠡᠯᠪᠢᠨ ᠰᠣᠨᠣᠰᠴᠤ᠂ ᠦᠨᠡᠨ ᠪᠤᠲᠠᠲᠠᠢ᠎ᠪᠠᠷ ᠰᠢᠢ᠍ᠳᠪᠦᠷᠢᠯᠡᠵᠦ᠂ ᠰᠦᠯᠵᠢᠶᠡᠨ᠎ᠳᠤ ᠢᠷᠭᠡᠳ᠎ᠤᠨ ᠦᠯᠡᠳᠡᠭᠡᠭᠰᠡᠨ ᠦᠭᠡ ᠵᠢ ᠰᠡᠳᠭᠢᠯ ᠲᠠᠯᠪᠢᠨ ᠦᠨᠡᠨ ᠰᠡᠳᠭᠢᠯ᠎ᠠᠴᠠ᠎ᠪᠠᠨ ᠭᠦᠢ᠍ᠴᠡᠳᠭᠡᠨ᠎ᠡ
 
            