ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠰᠣᠶᠣᠯ᠎ᠤᠨ ᠥᠪ ᠵᠶ᠋ᠡᠷ ᠰᠡᠳᠬᠢᠯ ᠵᠶ᠋ᠡᠨ ᠤᠮᠳᠠᠯᠠᠨ᠎ᠠ (ᠰᠢᠨ᠎ᠡ ᠦᠭᠡ)
ᠨᠡᠶ᠋ᠢᠲᠡᠯᠡᠭᠰᠡᠨ ᠴᠠᠭ᠄ 2023-03-24

  《  ᠠᠷᠠᠳ᠎ᠤᠨ ᠡᠳᠦᠷ᠎ᠤᠨ ᠰᠣᠨᠢᠨ 》  ( 2023 ᠣᠨ᠎ᠤ 3 ᠳ᠋ᠤᠭ᠋ᠠᠷ  ᠰᠠᠷ᠎ᠠ ᠵᠢᠨ 22᠎ᠤᠨ ᠡᠳᠦᠷ᠎ᠤᠨ 11 ᠳ᠋ᠦ᠍ᠭᠡᠷ  ᠬᠡᠪᠯᠡᠯ)

   ᠵᠧᠵᠢᠶᠠᠩ᠎ᠤᠨ ᠵᠤ᠌ ᠵᠢᠢ ᠂ ᠬᠤᠳᠳᠤᠭ᠎ᠤᠨ ᠨᠦᠬᠡ᠎ᠪᠠᠷ ᠪᠦᠷᠬᠦᠭᠰᠡᠨ ᠬᠦᠰᠢᠭᠦᠷᠭᠡ ᠬᠣᠪᠤᠭᠤᠲᠤ ᠬᠤᠳᠳᠤᠭ᠎ᠤᠨ ᠤᠰᠤ᠎ᠪᠠᠷ  ᠤᠰᠤᠯᠠᠬᠤ ᠵᠢ  ᠶᠡᠷᠦ᠎ᠠᠴᠠ ᠤᠰᠤᠯᠠᠯᠲᠠ ᠵᠢᠨ  ᠪᠣᠯᠪᠠᠰᠤᠨ᠎ᠤ 《  ᠠᠮᠢᠳᠤ ᠴᠢᠯᠠᠭᠤᠵᠢᠮᠠᠯ》  ᠬᠡᠮᠡᠳᠡᠭ ; ᠰᠧᠴᠤᠸᠠᠨ᠎ᠤ ᠮᠢᠨᠵᠢᠶᠠᠩ ᠮᠥᠷᠡᠨ᠂ ᠳ᠋ᠦ᠋ ᠵᠢᠶᠠᠩ ᠶᠠᠨ ᠬᠠᠰᠢᠯᠭ᠎ᠠ᠎ᠨᠢ 2000 ᠭᠠᠷᠤᠶ ᠵᠢᠯ᠎ᠢ ᠥᠩᠭᠡᠷᠡᠭᠡᠭᠡᠳ ᠮᠥᠨ ᠯᠡ ᠥᠩ ᠰᠢᠮᠡᠯᠢᠭ ᠬᠡᠪ ᠵᠶ᠋ᠡᠷ ᠵᠶ᠋ᠡᠨ ᠪᠠᠢ᠌ᠨ᠎ᠠ ; ᠲᠥᠪᠡᠳ᠎ᠤᠨ ᠰᠢᠭ᠋ᠠᠽᠸ᠂ ᠰᠠᠰᠬᠢᠶ᠎ᠠ ᠵᠢᠨ ᠡᠷᠲᠡᠨ᠎ᠤ ᠤᠰᠤ ᠬᠠᠳᠠᠭ᠋ᠠᠯᠠᠵᠤ ᠤᠰᠤᠯᠠᠬᠤ ᠰᠢᠰᠲ᠋ᠧᠮ᠎ᠨᠢ ᠲᠡᠯᠡᠶ ᠵᠢᠨ ᠲᠦᠪᠰᠢᠨ᠎ᠠᠴᠠ ᠥᠨᠳᠥᠷ ᠡᠷᠭᠦᠭᠳᠡᠭᠰᠡᠨ ᠭᠠᠵᠠᠷ ᠣᠷᠣᠨ᠎ᠤ ᠤᠰᠤᠨ ᠠᠰᠢᠭᠯᠠᠯᠲᠠ ᠵᠢᠨ ᠣᠶᠤᠨ ᠤᠬᠠᠭ᠋ᠠᠨ᠎ᠢ ᠢᠯᠡᠷᠡᠭᠦᠯᠵᠦ ᠪᠣᠢ ᠃

  2023 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ  ᠲᠠᠷᠢᠶᠠᠯᠠᠬᠤ ᠰᠣᠶᠣᠯ᠎ᠢ ᠤᠯᠠᠮᠵᠢᠯᠠᠨ ᠬᠠᠮᠠᠭ᠋ᠠᠯᠠᠬᠤ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠴᠢᠬᠤᠯᠠ ᠪᠥᠬᠥᠶ ᠲᠠᠷᠢᠶᠠᠯᠠᠩ᠎ᠤᠨ ᠰᠣᠶᠣᠯ᠎ᠤᠨ ᠥᠪ᠎ᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠨ᠎ᠠ ᠭᠡᠵᠡᠢ ᠃ ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ᠂ ᠵᠠᠷᠢᠮ ᠲᠥᠯᠥᠭᠡᠯᠡᠭᠴᠢ ᠭᠡᠰᠢᠭᠦᠨ ᠤᠰᠤᠯᠠᠯᠲᠠ ᠵᠢᠨ ᠢᠨᠵᠧᠨᠧᠷᠢᠩ᠎ᠤᠨ ᠥᠪ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠪᠡ᠃ ᠮᠠᠨ᠎ᠤ ᠤᠯᠤᠰ᠎ᠤᠨ ᠪᠦᠬᠦ ᠪᠥᠮᠪᠥᠷᠴᠡᠭ᠎ᠤᠨ ᠴᠢᠬᠤᠯᠠ ᠲᠠᠷᠢᠶᠠᠯᠠᠩ᠎ᠤᠨ ᠰᠣᠶᠣᠯ᠎ᠤᠨ ᠥᠪ ᠪᠣᠯᠤᠨ ᠳᠡᠯᠡᠬᠡᠶ ᠵᠢᠨ ᠤᠰᠤᠯᠠᠯᠲᠠ ᠵᠢᠨ ᠢᠨᠵᠧᠨᠧᠷᠢᠩ᠎ᠤᠨ ᠥᠪ ᠵᠶ᠋ᠡᠷ ᠭᠠᠷᠳᠠᠴᠠ ᠪᠠ  ᠬᠦᠴᠦᠯᠡᠴᠡ ᠵᠢᠨ ᠴᠡᠭ  ᠪᠣᠯᠭ᠋ᠠᠵᠤ᠂ ᠲᠠᠷᠢᠶᠠᠯᠠᠩ᠎ᠤᠨ ᠰᠣᠶᠣᠯ᠎ᠤᠨ ᠥᠪ᠂ ᠤᠰᠤᠯᠠᠯᠲᠠ ᠵᠢᠨ ᠢᠨᠵᠧᠨᠧᠷᠢᠩ᠎ᠤᠨ ᠥᠪ᠎ᠢ ᠬᠠᠮᠠᠭ᠋ᠠᠯᠠᠬᠤ ᠪᠠ ᠬᠥᠭᠵᠢᠭᠦᠯᠬᠦ ᠰᠢᠨ᠎ᠡ ᠠᠷᠭ᠎ᠠ ᠵᠠᠮ᠎ᠢ ᠬᠠᠢ᠌ᠨ ᠰᠦᠪᠡᠭᠴᠢᠯᠡᠬᠦ ᠶᠠᠪᠤᠳᠠᠯ ᠎ᠨᠢ ᠬᠥᠭᠵᠢᠶᠡᠨᠲᠡᠶ ᠶᠠᠷᠢᠯᠴᠠᠬᠤ ᠰᠡᠳᠦᠪ᠎ᠤᠨ ᠨᠢᠭᠡ ᠪᠣᠯᠤᠭᠰᠠᠨ ᠪᠠᠢ᠌ᠨ᠎ᠠ᠃

   ᠮᠠᠨ᠎ᠤ ᠤᠯᠤᠰ ᠪᠣᠯ ᠳᠡᠯᠡᠬᠡᠶ ᠳᠡᠭᠡᠷᠡᠬᠢ ᠤᠰᠤᠯᠠᠯᠲᠠ ᠵᠢᠨ ᠲᠥᠷᠥᠯ ᠵᠦᠢᠯ ᠵᠶ᠋ᠡᠷ ᠬᠠᠮᠤᠭ᠎ᠤᠨ ᠪᠠᠶᠠᠯᠢᠭ᠂ ᠪᠠᠷᠢᠯᠭ᠎ᠠ ᠵᠢᠨ ᠲᠠᠷᠬᠠᠯᠲᠠ᠎ᠪᠠᠷ ᠬᠠᠮᠤᠭ᠎ᠤᠨ ᠥᠷᠭᠡᠨ᠂ ᠤᠰᠤᠯᠠᠯᠲᠠ ᠵᠢᠨ ᠦᠷ᠎ᠡ ᠠᠰᠢᠭ ᠵᠶ᠋ᠠᠷ ᠬᠠᠮᠤᠭ᠎ᠤᠨ ᠲᠣᠪᠣᠢ᠌ᠮ᠎ᠠ ᠤᠯᠤᠰ ᠶᠤᠮ ᠃ 2014 ᠣᠨ᠎ᠳᠤ  ᠳᠡᠯᠡᠬᠡᠶ ᠵᠢᠨ ᠤᠰᠤᠯᠠᠯᠲᠠ ᠵᠢᠨ ᠢᠨᠵᠧᠨᠧᠷᠢᠩ᠎ᠤᠨ ᠥᠪ᠎ᠢ ᠦᠨᠡᠯᠡᠵᠦ ᠡᠬᠢᠯᠡᠭᠰᠡᠨ ᠎ᠠᠴᠠ ᠨᠠᠭ᠋ᠠᠰᠢ  ᠮᠠᠨ᠎ᠤ ᠤᠯᠤᠰ᠎ᠤᠨ 30 ᠵᠦᠢᠯ᠎ᠤᠨ ᠢᠨᠵᠧᠨᠧᠷᠢᠩ ᠨᠢᠭᠡᠨᠲᠡ ᠠᠮᠵᠢᠯᠲᠠᠲᠠᠶ ᠰᠣᠩᠭᠣᠭᠳᠠᠨ ᠣᠷᠣᠵᠤ ᠂ ᠤᠰᠤᠨ ᠠᠰᠢᠭᠯᠠᠯᠲᠠ ᠵᠢᠨ ᠰᠣᠶᠣᠯ᠎ᠤᠨ ᠥᠪ  ᠣᠯᠠᠨ᠎ᠤ ᠬᠠᠷᠠᠭ᠋ᠠᠨ᠎ᠳᠤ  ᠲᠠᠰᠤᠷᠠᠯᠲᠠ ᠥᠬᠡᠶ  ᠲᠣᠳᠣᠷᠠᠵᠤ᠂ ᠴᠥᠭᠡᠨ ᠪᠤᠰᠤ ᠤᠰᠤᠨ ᠠᠰᠢᠭᠯᠠᠯᠲᠠ ᠵᠢᠨ ᠢᠨᠵᠧᠨᠧᠷᠢᠩ ᠣᠲᠣ ᠪᠣᠯᠲᠠᠯ᠎ᠠ ᠮᠥᠨ ᠯᠡ ᠠᠮᠤᠷ ᠠᠮᠤᠭᠤᠯᠠᠩ᠎ᠢ ᠢᠪᠡᠭᠡᠨ ᠬᠠᠮᠠᠭ᠋ᠠᠯᠠᠵᠤ᠂ ᠨᠤᠲᠤᠭ ᠤᠰᠤᠨ᠎ᠳᠠᠭᠠᠨ ᠠᠰᠢᠭ ᠬᠦᠷᠲᠡᠭᠡᠭᠰᠡᠭᠡᠷ ᠪᠠᠢ᠌ᠨ᠎ᠠ᠃

   ᠤᠰᠤᠯᠠᠯᠲᠠ ᠵᠢᠨ ᠢᠨᠵᠧᠨᠧᠷᠢᠩ ᠪᠣᠯ ᠤᠰᠤᠨ ᠠᠰᠢᠭᠯᠠᠯᠲᠠ ᠵᠢᠨ ᠰᠣᠶᠣᠯ᠎ᠤᠨ ᠠᠴᠢᠶᠠᠯᠠᠪᠤᠷᠢ ᠮᠥᠨ᠂ ᠨᠡᠩ ᠴᠤ᠌ ᠪᠣᠯᠪᠠᠰᠤᠨ᠎ᠤ  ᠬᠥᠭᠵᠢᠯᠲᠡ ᠵᠢᠨ ᠪᠡᠯᠭᠡ ᠲᠡᠮᠳᠡᠭ ᠮᠥᠨ᠃ 3600 ᠭᠠᠷᠤᠶ ᠵᠢᠯ᠎ᠤᠨ ᠡᠮᠦᠨᠡᠬᠢ ᠱᠠᠩ ᠤᠯᠤᠰ᠎ᠤᠨ ᠦᠶ᠎ᠡ ᠵᠢᠨ ᠨᠡᠢ᠌ᠰᠯᠡᠯ ᠬᠣᠲᠠ ᠵᠢᠨ ᠤᠰᠤᠯᠠᠯᠲᠠ ᠵᠢᠨ ᠰᠤᠪᠠᠭ᠎ᠤᠨ ᠰᠢᠰᠲ᠋ᠧᠮ᠎ᠠᠴᠠ 2200 ᠭᠠᠷᠤᠶ ᠵᠢᠯ᠎ᠤᠨ ᠡᠮᠦᠨᠡᠬᠢ ᠬᠤᠸᠠᠢ ᠶᠠᠩ ᠬᠤᠳᠳᠤᠭ᠎ᠤᠨ ᠤᠰᠤᠨ᠎ᠤ  ᠤᠰᠤᠯᠠᠯᠲᠠ ᠵᠢᠨ ᠵᠠᠭᠪᠤᠷ ᠬᠦᠷᠲᠡᠯ᠎ᠡ᠂ ᠮᠥᠨ ᠪᠠᠰᠠ 《  ᠴᠢᠨ ᠤᠯᠤᠰ᠎ᠤᠨ ᠦᠶ᠎ᠡ ᠵᠢᠨ ᠭᠤᠷᠪᠠᠨ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ 》  ᠬᠦᠷᠲᠡᠯ᠎ᠡ ᠁ ᠤᠰᠤᠯᠠᠯᠲᠠ ᠵᠢᠨ ᠢᠨᠵᠧᠨᠧᠷᠢᠩ᠎ᠤᠨ ᠬᠥᠭᠵᠢᠯᠲᠡ᠎ᠨᠢ ᠡᠷᠲᠡᠨ᠎ᠤ ᠮᠡᠷᠭᠡᠳ᠎ᠤᠨ ᠥᠪᠡᠷᠮᠢᠴᠡ ᠣᠨᠴᠠᠯᠢᠭ ᠪᠦᠬᠦᠢ ᠤᠰᠤ ᠵᠠᠰᠠᠬᠤ ᠤᠶᠤᠨ ᠤᠬᠠᠭ᠋ᠠᠨ᠎ᠢ ᠭᠡᠷᠡᠴᠢᠯᠡᠵᠦ ᠪᠠᠢ᠌ᠬᠤ ᠪᠥᠭᠡᠳ ᠪᠠᠰᠠ ᠥᠷᠭᠡᠨ ᠳᠡᠯᠭᠡᠷ ᠭᠦᠨ ᠭᠦᠨᠵᠡᠭᠡᠢ᠂ ᠥᠨᠢ ᠤᠳᠠᠭ᠋ᠠᠨ ᠤᠯᠠᠮᠵᠢᠯᠠᠯ᠎ᠲᠠᠢ ᠳᠤᠮᠳᠠᠳᠤ ᠵᠢᠨ ᠪᠣᠯᠪᠠᠰᠤᠨ᠎ᠢ ᠤᠮᠳᠠᠯᠠᠵᠤ ᠪᠠᠢ᠌ᠨ᠎ᠠ᠃

   ᠤᠰᠤᠨ ᠠᠰᠢᠭᠯᠠᠯᠲᠠ ᠵᠢᠨ ᠥᠪ᠎ᠨᠢ ᠮᠠᠨ᠎ᠤ ᠤᠯᠤᠰ᠎ᠤᠨ  ᠭᠦᠨ ᠵᠤᠵᠠᠭ᠋ᠠᠨ ᠤᠰᠤᠨ ᠠᠰᠢᠭᠯᠠᠯᠲᠠ ᠵᠢᠨ ᠰᠣᠶᠣᠯ᠎ᠢ ᠲᠤᠰᠬᠠᠵᠤ ᠪᠣᠢ ᠃  ᠳ᠋ᠦ᠋ ᠵᠢᠶᠠᠩ ᠶᠠᠨ᠎ᠤ ᠵᠢᠭ᠋ᠠᠰᠤᠨ ᠬᠣᠰᠢᠭᠤ᠎ᠨᠢ ᠤᠷᠤᠰᠬᠠᠯ ᠰᠠᠯᠭ᠋ᠠᠨ  ᠮᠤᠷᠤᠶ ᠵᠠᠮ ᠵᠶ᠋ᠠᠷ ᠡᠯᠡᠰᠦ ᠠᠷᠢᠯᠭ᠋ᠠᠬᠤ ᠵᠢ ᠦᠨᠡᠬᠡᠷ  ᠨᠠᠷᠢᠯᠢᠭ ᠲᠥᠰᠦᠪᠯᠡᠵᠡᠶ ; ᠵᠧᠵᠢᠶᠠᠩ᠎ᠤᠨ ᠵᠤ᠌ ᠵᠢᠢ ᠵᠢᠨ  ᠬᠦᠰᠢᠬᠦᠷᠭᠡ  ᠬᠣᠪᠤᠭᠤᠲᠤ  ᠬᠤᠳᠳᠤᠭ᠎ᠤᠨ ᠤᠰᠤ᠎ᠪᠠᠷ  ᠤᠰᠤᠯᠠᠬᠤ ᠢᠨᠵᠧᠨᠧᠷᠢᠩ᠎ᠨᠢ ᠭᠠᠵᠠᠷ ᠳᠣᠣᠷᠠᠬᠢ ᠤᠰᠤᠨ᠎ᠤ ᠡᠷᠭᠢᠯᠲᠡ ᠵᠢ ᠤᠷᠠᠨ ᠵᠶ᠋ᠠᠷ ᠠᠰᠢᠭᠯᠠᠵᠤ᠂ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠢ ᠪᠠᠢ᠌ᠳᠠᠭ᠃  ᠡᠭᠦᠨ᠎ᠳᠤ ᠠᠭᠤᠯᠤᠭᠳᠠᠵᠤ ᠪᠠᠢ᠌ᠭ᠎ᠠ ᠬᠥᠮᠦᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠢ᠌ᠯᠠᠭ᠋ᠠᠭᠳᠠᠬᠤᠨ᠎ᠨᠢ ᠣᠳᠣᠬᠠᠨ᠎ᠳᠤ ᠪᠠᠰᠠ ᠴᠤ᠌  ᠰᠡᠩᠬᠡᠷᠡᠭᠦᠯᠬᠦ ᠠᠴᠢ ᠬᠣᠯᠪᠣᠭᠳᠠᠯ᠎ᠲᠠᠢ ᠶᠤᠮ᠃ ᠨᠥᠭᠥᠭᠡ ᠲᠠᠯ᠎ᠠ᠎ᠪᠠᠷ᠂ ᠤᠰᠤᠨ ᠠᠰᠢᠭᠯᠠᠯᠲᠠ ᠵᠢᠨ ᠥᠪ᠎ᠲᠤ ᠴᠦ᠍ ᠡᠯᠪᠡᠭ ᠪᠠᠶᠠᠯᠢᠭ ᠣᠯᠠᠨ ᠶᠠᠩᠵᠤ ᠵᠢᠨ ᠣᠷᠣᠨ ᠪᠦᠰᠡ ᠵᠢᠨ ᠰᠣᠶᠣᠯ ᠢᠯᠡᠷᠡᠵᠦ ᠪᠠᠢ᠌ᠳᠠᠭ ᠃ ᠬᠤᠨᠠᠨ᠎ᠤ ᠽᠢ ᠴᠢᠣᠸᠠᠢ ᠵᠢᠶᠧ ᠵᠢᠨ  ᠱᠠᠲᠤᠨ ᠲᠠᠷᠢᠶᠠᠨ᠎ᠳᠤ  ᠲᠤᠬᠠᠶ ᠵᠢᠨ ᠭᠠᠵᠠᠷ᠎ᠤᠨ ᠠᠷᠠᠳ ᠲᠦᠮᠡᠨ  ᠠᠭᠤᠯᠠᠨ ᠭᠠᠵᠠᠷ᠎ᠤᠨ ᠵᠢᠭ᠋ᠠᠰᠤ ᠠᠩᠨᠠᠬᠤ ᠰᠣᠶᠣᠯ ᠪᠣᠯᠤᠨ ᠳᠤᠳᠤᠷᠭ᠋ᠠᠨ ᠰᠣᠶᠣᠯ᠎ᠢ  ᠨᠢᠭᠡ ᠴᠣᠭᠴᠠ ᠪᠣᠯᠭ᠋ᠠᠨ ᠠᠭᠤᠰᠤᠯᠴᠠᠭᠤᠯᠵᠤ᠂ ᠴᠠᠭ᠋ᠠᠰᠢᠯᠠᠪᠠᠯ  ᠮᠧᠶ ᠱᠠᠨ᠎ᠤ ᠠᠭᠤᠯᠠᠨ ᠲᠣᠰᠬᠤᠨ᠎ᠤ  ᠳᠠᠭᠤᠤ᠂ ᠬᠦᠷᠢᠮᠴᠢ ᠵᠢᠨ ᠪᠠᠭᠳᠤ ᠠᠷᠰᠠᠯᠠᠨ᠎ᠤ ᠪᠡᠶᠡᠲᠦ  ᠪᠥᠵᠢᠭ ᠵᠡᠷᠭᠡ ᠥᠪᠡᠷᠮᠢᠴᠡ ᠵᠠᠩ ᠦᠢᠯᠡ ᠵᠢᠨ ᠰᠣᠶᠣᠯ᠎ᠢ  ᠬᠥᠭᠵᠢᠭᠦᠯᠦᠭᠰᠡᠨ ᠪᠠᠢ᠌ᠨ᠎ᠠ ᠃

   ᠡᠲᠡᠭᠡᠷ ᠬᠣᠪᠣᠷ ᠨᠠᠨᠳᠢᠨ ᠤᠰᠤᠨ ᠠᠰᠢᠭᠯᠠᠯᠲᠠ ᠵᠢᠨ ᠰᠣᠶᠣᠯ᠎ᠤᠨ ᠥᠪ᠎ᠢ ᠬᠡᠷᠬᠢᠨ ᠰᠠᠢ᠌ᠲᠤᠷ ᠬᠠᠮᠠᠭ᠋ᠠᠯᠠᠵᠤ ᠰᠠᠢ᠌ᠲᠤᠷ ᠠᠰᠢᠭᠯᠠᠬᠤ ᠪᠣᠶ? ᠤᠯᠠᠮᠵᠢᠯᠠᠨ ᠵᠠᠯᠭ᠋ᠠᠮᠵᠢᠯᠠᠬᠤ ᠵᠢᠨ ᠤᠷᠢᠲᠠᠯ ᠪᠣᠯ ᠬᠠᠮᠠᠭ᠋ᠠᠯᠠᠯᠲᠠ ᠮᠥᠨ᠂ ᠬᠠᠮᠤᠭ᠎ᠤᠨ ᠰᠠᠢ᠍ᠢ᠍ᠨ ᠬᠠᠮᠠᠭ᠋ᠠᠯᠠᠯᠲᠠ ᠪᠣᠯ ᠳᠠᠷᠤᠢ ᠰᠢᠨᠵᠢᠯᠡᠬᠦ ᠤᠬᠠᠭ᠋ᠠᠨᠴᠢ᠎ᠪᠠᠷ ᠠᠰᠢᠭᠯᠠᠬᠤ ᠶᠠᠪᠤᠳᠠᠯ ᠶᠤᠮ ᠃ ᠡᠯ᠎ᠡ ᠭᠠᠵᠠᠷ᠎ᠤᠨ᠎ᠬᠢᠨ ᠵᠦᠢ᠍ᠯ ᠵᠦᠢ᠍ᠯ ᠵᠶ᠋ᠡᠷ ᠡᠷᠢᠯᠬᠢᠯᠡᠨ ᠰᠦᠪᠡᠭᠴᠢᠯᠡᠪᠡ ᠄ 《  ᠬᠢᠮᠡᠯ ᠲᠩᠷᠢ ᠵᠢᠨ  ᠣᠶᠣᠳᠠᠯ 》  ᠬᠡᠮᠡᠭᠳᠡᠭᠰᠡᠨ ᠤᠯᠠᠭ᠋ᠠᠨ ᠲᠤᠭ ᠰᠤᠪᠠᠭ᠎ᠨᠢ ᠪᠦᠬᠦ ᠤᠯᠤᠰ᠎ᠤᠨ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠰᠤᠷᠭ᠋ᠠᠨ  ᠬᠥᠮᠦᠵᠢᠯ᠎ᠤᠨ ᠵᠢᠱ᠌ᠢᠢ᠎ᠡ ᠦᠵᠡᠭᠦᠯᠬᠦ ᠰᠠᠭᠤᠷᠢᠨ  ᠭᠠᠵᠠᠷ᠎ᠤᠨ  ᠳᠠᠪᠠᠭᠤᠯᠢᠭ ᠵᠶ᠋ᠠᠨ  ᠪᠠᠳᠠᠷᠠᠭᠤᠯᠵᠤ᠂ ᠤᠰᠤᠨ ᠠᠰᠢᠭᠯᠠᠯᠲᠠ ᠵᠢᠨ ᠰᠣᠶᠣᠯ ᠪᠣᠯᠤᠨ ᠬᠤᠪᠢᠰᠬᠠᠯ᠎ᠤᠨ ᠵᠣᠷᠢᠭ ᠰᠠᠨᠠᠭ᠎ᠠ ᠵᠢ  ᠰᠣᠯᠢᠯᠴᠠᠭᠤᠯᠵᠤ ᠪᠣᠢ ;  ᠵᠢᠶᠠᠩᠰᠦ ᠵᠢᠨ ᠥᠰᠢ ᠵᠢᠨ᠎ᠬᠢᠨ  ᠶᠡᠬᠡ ᠲᠠᠲᠠᠮᠠᠯ ᠭᠣᠣᠯ᠎ᠤᠨ ᠰᠣᠶᠣᠯ᠎ᠤᠨ ᠪᠦᠰᠡ᠎ᠪᠠᠷ ᠲᠡᠩᠭᠡᠯᠢᠭ ᠪᠣᠯᠭ᠋ᠠᠵᠤ᠂ ᠤᠰᠤᠨ ᠠᠰᠢᠭᠯᠠᠯᠲᠠ ᠵᠢᠨ ᠥᠪ᠂ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠂ ᠤᠰᠤᠨ᠎ᠤ ᠪᠠᠢ᠌ᠳᠠᠯ᠎ᠤᠨ  ᠰᠤᠷᠭ᠋ᠠᠨ  ᠬᠥᠮᠦᠵᠢᠯ᠎ᠤᠨ ᠰᠠᠭᠤᠷᠢᠨ ᠭᠠᠵᠠᠷ  ᠵᠡᠷᠭᠡ᠎ᠲᠠᠢ ᠠᠭᠤᠰᠤᠯᠴᠠᠭᠤᠯᠵᠤ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠪᠠ ; ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶᠠᠨᠨᠠᠭᠤᠷ ᠬᠣᠲᠠ ᠵᠢᠨ ᠪᠣᠷᠣᠲᠣᠬᠣᠶ ᠵᠢᠨ ᠤᠰᠤᠯᠠᠯᠲᠠ ᠵᠢᠨ ᠣᠷᠣᠨ᠎ᠨᠢ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠰᠣᠶᠣᠯ᠎ᠳᠤ ᠲᠦᠰᠢᠭᠯᠡᠨ  ᠤᠰᠤᠨ ᠠᠰᠢᠭᠯᠠᠯᠲᠠ ᠵᠢᠨ ᠰᠣᠶᠣᠯ ᠬᠢᠭᠡᠳ ᠤᠰᠤᠯᠠᠯᠲᠠ ᠵᠢᠨ ᠢᠨᠵᠧᠨᠧᠷᠢᠩ᠎ᠤᠨ ᠥᠪ᠎ᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ 《  ᠤᠰᠤᠨ ᠠᠰᠢᠭᠯᠠᠯᠲᠠ ᠵᠢᠨ ᠰᠣᠶᠣᠯ ᠵᠢᠭᠤᠯᠴᠢᠯᠠᠯ + ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠳᠤᠯᠤᠯ 》 ᠎ᠤᠨ ᠬᠥᠭᠵᠢᠯᠲᠡ ᠵᠢᠨ ᠵᠠᠭᠪᠤᠷ᠎ᠢ ᠰᠦᠪᠡᠭᠴᠢᠯᠡᠪᠡ ᠃

   ᠥᠪ ᠬᠥᠷᠥᠩᠭᠡ᠎ᠨᠢ ᠢᠯᠡ ᠲᠣᠳᠣ ᠬᠡᠯᠪᠡᠷᠢ᠎ᠲᠠᠢ ᠪᠠᠢ᠌ᠳᠠᠭ ᠴᠤ᠌  ᠰᠣᠶᠣᠯ᠎ᠢ ᠪᠣᠯ ᠦᠨᠡᠯᠡᠨ ᠥᠷᠳᠡᠭᠡᠯᠡᠬᠦ ᠵᠢᠨ ᠠᠷᠭ᠎ᠠ ᠦᠭᠡᠢ ᠶᠤᠮ᠃  ᠡᠷᠲᠡᠨ᠎ᠤ ᠤᠰᠤᠯᠠᠯᠲᠠ ᠵᠢᠨ ᠢᠨᠵᠧᠨᠧᠷᠢᠩ᠎ᠨᠢ  ᠳᠤᠮᠳᠠᠳᠤ ᠵᠢᠨ  ᠥᠨᠢ ᠤᠳᠠᠭ᠋ᠠᠨ  ᠲᠠᠷᠢᠶᠠᠯᠠᠩ᠎ᠤᠨ  ᠪᠣᠯᠪᠠᠰᠤᠨ᠎ᠢ ᠰᠡᠢ᠌ᠯᠵᠦ᠂ ᠨᠠᠩ ᠴᠤ᠌ ᠬᠥᠮᠦᠨ ᠪᠠᠢ᠌ᠭ᠋ᠠᠯᠢ ᠨᠢᠭᠡᠳᠦᠭᠰᠡᠨ᠂ ᠪᠠᠢ᠌ᠭ᠋ᠠᠯᠢ ᠵᠢᠨ  ᠡᠶ᠎ᠡ ᠵᠣᠬᠢᠴᠠᠩᠭᠤᠶ ᠬᠥᠭᠵᠢᠯᠲᠡ ᠵᠢᠨ ᠣᠢ᠌ᠯᠠᠭ᠋ᠠᠭᠳᠠᠬᠤᠨ᠎ᠢ  ᠢᠯᠡᠷᠡᠭᠦᠯᠵᠦ ᠪᠣᠢ ᠃ ᠡᠳᠡᠭᠡᠷ ᠤᠰᠤᠨ ᠠᠰᠢᠭᠯᠠᠯᠲᠠ ᠵᠢᠨ ᠰᠣᠶᠣᠯ᠎ᠤᠨ ᠥᠪ᠎ᠢ ᠰᠠᠢ᠌ᠲᠤᠷ ᠬᠠᠮᠠᠭ᠋ᠠᠯᠠᠨ ᠠᠰᠢᠭᠯᠠᠬᠤ  ᠪᠣᠯ  ᠳᠤᠮᠳᠠᠳᠤ ᠵᠢᠨ  ᠤᠯᠠᠮᠵᠢᠯᠠᠯᠲᠤ  ᠰᠢᠯᠢᠳᠡᠭ  ᠰᠣᠶᠣᠯ᠎ᠢ ᠵᠠᠯᠭ᠋ᠠᠮᠵᠢᠯᠠᠨ ᠪᠠᠳᠠᠷᠠᠭᠤᠯᠵᠤ ᠪᠠᠢ᠌ᠭ᠎ᠠ ᠶᠠᠪᠤᠳᠠᠯ ᠮᠥᠨ ᠃ ᠡᠨᠡ ᠬᠦ᠌ ᠠᠵᠢᠯ᠎ᠳᠤ  ᠨᠠᠩ ᠣᠯᠠᠨ ᠬᠥᠮᠦᠨ ᠣᠷᠣᠯᠴᠠᠵᠤ᠂ ᠥᠨᠢ ᠤᠳᠠᠭ᠋ᠠᠨ ᠲᠡᠦᠬᠡ᠎ᠲᠠᠢ᠂ ᠭᠦᠨ ᠵᠤᠵᠠᠭ᠋ᠠᠨ ᠠᠭᠤᠯᠤᠭᠳᠠᠬᠤᠨ᠎ᠲᠠᠢ ᠤᠰᠤᠨ ᠠᠰᠢᠭᠯᠠᠯᠲᠠ ᠵᠢᠨ ᠥᠪ ᠬᠥᠷᠥᠩᠭᠡ ᠵᠢ ᠣᠢ᠌ᠯᠠᠭ᠋ᠠᠯᠴᠠᠵᠤ ᠰᠡᠳᠬᠢᠯ ᠵᠶ᠋ᠡᠨ ᠤᠮᠳᠠᠯᠠᠵᠤ ᠪᠠᠢ᠌ᠬᠤ ᠵᠢ  ᠬᠦᠰᠡᠵᠦ ᠪᠠᠢ᠌ᠨ᠎ᠠ᠃

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ ᠯᠢ ᠭᠦᠸᠧ ᠶᠢᠩ᠄ ᠨᠠᠩ ᠬᠦᠴᠦᠲᠡᠶ᠂ ᠪᠣᠬᠢᠷᠲᠤᠯ ᠥᠬᠡᠶ᠂ ᠡᠷᠡᠭᠦᠯ ᠡᠩᠬᠡ ᠪᠥᠬᠥ ᠪᠥᠮᠪᠥᠷᠴᠡᠭ᠎ᠤᠨ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠣᠶᠤᠨ ᠤᠬᠠᠭ᠋ᠠᠨ ᠵᠶ᠋ᠠᠨ ᠡᠷᠭᠦᠨ᠎ᠡ
ᠰᠢᠨᠬᠤᠸᠠ ᠬᠣᠷᠢᠢ᠎ᠠ᠄ ᠰᠠᠪᠠ ᠭᠠᠵᠠᠷ᠎ᠤᠨ ᠬᠠᠤᠯᠢ ᠴᠠᠭ᠋ᠠᠵᠠ ᠵᠢ ᠵᠠᠯᠭ᠋ᠠᠭ᠎ᠠ᠎ᠪᠠᠷ ᠨᠡᠢ᠌ᠲᠡᠯᠡᠵᠦ 《ᠭᠣᠣᠯ ᠮᠥᠷᠡᠨ᠎ᠤ ᠪᠠᠢ᠌ᠯᠳᠤᠬᠤ ᠪᠤᠳᠤᠯᠭ᠎ᠠ》 ᠵᠢᠨ ᠬᠠᠤᠯᠢ᠎ᠪᠠᠷ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠪᠠ
ᠰᠢᠨᠬᠤᠸᠠ ᠰᠦᠯᠵᠢᠶ᠎ᠡ᠄ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠠᠪᠤᠳᠠᠯ᠎ᠤᠨ ᠬᠤᠷᠠᠯᠳᠤᠭ᠋ᠠᠨ ᠳᠡᠭᠡᠷ᠎ᠡ ᠳᠥᠷᠪᠡᠨ ᠲᠠᠯ᠎ᠠ ᠵᠢᠨ ᠰᠠᠨᠠᠭ᠋ᠠᠴᠢᠯᠠᠭ᠎ᠠ ᠳᠤᠷᠠᠳᠪᠠ
ᠰᠢᠨᠬᠤᠸᠠ ᠬᠣᠷᠢᠢ᠎ᠠ᠄ ᠬᠠᠤᠯᠢ᠎ᠪᠠᠷ ᠤᠰᠤ ᠵᠠᠰᠠᠵᠤ᠂ ᠰᠠᠢ᠌ᠨ ᠬᠠᠤᠯᠢ᠎ᠪᠠᠷ ᠴᠢᠳᠠᠮᠠᠭ᠋ᠠᠢ ᠵᠠᠰᠠᠵᠦ ᠡᠵᠢ ᠭᠣᠣᠯ ᠵᠶ᠋ᠠᠨ ᠰᠠᠬᠢᠨ ᠬᠠᠮᠠᠭ᠋ᠠᠯᠠᠨ᠎ᠠ
ᠠᠷᠠᠳ᠎ᠤᠨ ᠡᠳᠦᠷ᠎ᠤᠨ ᠰᠣᠨᠢᠨ᠄ ᠤᠰᠤ ᠵᠢ ᠠᠷᠪᠢᠯᠠᠨ ᠭᠠᠮᠨᠠᠵᠤ ᠤᠰᠤ ᠵᠢ ᠰᠠᠢ᠌ᠲᠤᠷ ᠬᠡᠷᠡᠭᠯᠡᠬᠦ ᠬᠡᠷᠡᠭᠲᠡᠶ (ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ)
 
            