ᠰᠢᠨᠬᠤᠸᠠ ᠬᠣᠷᠢᠶᠠᠨ᠎ᠤ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠴᠠᠬᠢᠯᠭ᠋ᠠᠨ ᠮᠡᠳᠡᠭᠡ
ᠲᠤᠬᠠᠢ ᠵᠢᠨ ᠭᠠᠵᠠᠷ᠎ᠤᠨ ᠴᠠᠭ ᠵᠶ᠋ᠠᠷ 3 ᠳ᠋ᠤᠭ᠋ᠠᠷ ᠰᠠᠷ᠎ᠠ ᠵᠢᠨ 22᠎ᠤᠨ ᠡᠳᠦᠷ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠠᠪᠤᠳᠠᠯ᠎ᠤᠨ ᠬᠤᠷᠠᠯ ᠠᠮᠧᠷᠢᠺᠠ ᠵᠢᠨ ᠨᠢᠦ᠋ ᠶᠣᠷᠺᠲᠠᠬᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠶᠡᠷᠦᠩᠬᠡᠢ ᠭᠠᠵᠠᠷ᠎ᠲᠤ ᠡᠬᠢᠯᠡᠪᠡ᠃ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠲᠥᠯᠥᠭᠡᠯᠡᠭᠴᠢᠳ᠎ᠤᠨ ᠪᠦᠯᠬᠦᠮ᠎ᠢ ᠳᠠᠭ᠋ᠠᠭᠤᠯᠤᠨ ᠬᠤᠷᠠᠯ᠎ᠳᠤ ᠣᠷᠣᠯᠴᠠᠭᠰᠠᠨ ᠤᠰᠤᠨ ᠠᠰᠢᠭᠯᠠᠯᠲᠠ ᠵᠢᠨ ᠶᠠᠮᠤᠨ᠎ᠤ ᠰᠠᠢ᠌ᠳ ᠯᠢ ᠭᠦᠸᠧ ᠶᠢᠩ ᠪᠥᠬᠥᠳᠡ ᠬᠤᠷᠠᠯᠳᠤᠭ᠋ᠠᠨ ᠳᠡᠭᠡᠷ᠎ᠡ ᠡᠩ᠎ᠤᠨ ᠴᠢᠨᠠᠷᠲᠠᠶ ᠮᠠᠷᠭᠤᠯᠳᠤᠭ᠋ᠠᠨ᠎ᠤ ᠶᠠᠷᠢᠶ᠎ᠠ ᠲᠠᠯᠪᠢᠬᠤ᠎ᠳᠠᠭᠠᠨ᠂ ᠳᠤᠮᠳᠠᠳᠤ ᠤᠯᠤᠰ᠎ᠤᠨ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 2030 ᠣᠨ᠎ᠤ ᠨᠦᠬᠡᠴᠡᠲᠡᠢ ᠬᠥᠭᠵᠢᠯᠲᠡ ᠵᠢᠨ ᠵᠥᠪᠯᠡᠬᠦ ᠵᠦᠢᠯ᠎ᠤᠨ ᠤᠰᠤᠨ᠎ᠳᠤ ᠬᠣᠯᠪᠣᠭᠳᠠᠬᠤ ᠬᠠᠷᠠᠯᠲᠠ ᠵᠢ ᠨᠠᠢ᠌ᠳᠠᠪᠤᠷᠢᠵᠢᠭᠤᠯᠬᠤ ᠦᠢᠯᠡᠳᠦᠯᠭᠡ ᠪᠠ ᠲᠤᠷᠰᠢᠯᠭ᠎ᠠ᠎ᠳᠤ ᠰᠠᠭᠤᠷᠢᠯᠠᠨ ᠳᠥᠷᠪᠡᠨ ᠲᠠᠯ᠎ᠠ ᠵᠢᠨ ᠰᠠᠨᠠᠭ᠋ᠠᠴᠢᠯᠠᠭ᠎ᠠ ᠳᠤᠷᠠᠳᠴᠠᠶ᠃
ᠯᠢ ᠭᠦᠸᠧ ᠶᠢᠩ ᠬᠡᠯᠡᠬᠦ᠎ᠳᠡᠭᠡᠨ᠂ ᠡᠨᠡ ᠳᠥᠷᠪᠡᠨ ᠲᠠᠯ᠎ᠠ ᠵᠢᠨ ᠰᠠᠨᠠᠭ᠋ᠠᠴᠢᠯᠠᠭ᠎ᠠ᠎ᠨᠢ᠄ ᠨᠢᠭᠡ᠎ᠳᠤ᠂ ᠬᠥᠮᠦᠨ ᠪᠦᠬᠦᠨ ᠠᠮᠤᠷ ᠲᠦᠪᠰᠢᠨ ᠤᠰᠤ ᠣᠯᠵᠤ ᠤᠤᠭᠤᠬᠤ ᠦᠨᠳᠦᠰᠦᠨ ᠡᠷᠬᠡ ᠡᠳ᠋ᠯᠡᠬᠦ ᠵᠢ ᠪᠠᠲᠤᠯᠠᠨ᠎ᠠ ᠃ ᠣᠯᠠᠩᠬᠢ ᠪᠠᠢ᠌ᠳᠠᠯ ᠳᠣᠤᠷ᠎ᠠ᠂ ᠢᠯᠠᠩᠭᠤᠶ᠎ᠠ ᠶᠠᠳᠠᠭᠤ ᠬᠦᠴᠢᠷᠳᠡᠯᠲᠡᠶ᠂ ᠭᠠᠩ ᠬᠠᠭᠤᠷᠠᠶ᠂ ᠪᠣᠢ᠌ᠳᠠ ᠪᠥᠭᠯᠡᠭᠦᠦ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠲᠤ ᠠᠪᠴᠤ ᠬᠡᠯᠡᠪᠡᠯ᠂ ᠡᠢ᠌ᠮᠦᠷᠬᠦᠦ ᠡᠷᠬᠡ ᠵᠢ ᠤᠯᠬᠤ᠎ᠳᠤ ᠵᠥᠪᠬᠡᠨ ᠬᠤᠪᠢ ᠬᠥᠮᠦᠨ᠎ᠤ ᠴᠢᠷᠮᠠᠢ᠌ᠯᠭ᠎ᠠ᠎ᠳᠤ ᠲᠦᠰᠢᠭᠯᠡᠭᠡᠳ ᠭᠥᠷᠳᠡᠵᠦ ᠳᠡᠢ᠌ᠯᠬᠦ ᠥᠬᠡᠶ ᠶᠤᠮ᠂ ᠡᠯ᠎ᠡ ᠤᠯᠤᠰ᠎ᠤᠨ ᠵᠠᠰᠠᠭ᠎ᠤᠨ ᠣᠷᠳᠣᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠴᠢᠨᠠᠭᠰᠢᠯᠠᠪᠠᠯ ᠳᠡᠯᠡᠬᠡᠶ ᠨᠡᠢ᠌ᠲᠡ᠎ᠪᠠᠷ ᠵᠶ᠋ᠡᠨ ᠡᠢ᠌ᠮᠦᠷᠬᠦᠦ ᠦᠨᠳᠦᠰᠦᠨ ᠡᠷᠬᠡ ᠵᠢ ᠡᠷᠬᠡ ᠲᠡᠭᠰᠢ ᠣᠯᠬᠤ᠎ᠳᠤ ᠳᠡᠮᠵᠢᠯᠭᠡ ᠪᠠ ᠬᠠᠪᠰᠤᠷᠤᠯᠭ᠎ᠠ ᠬᠠᠩᠭ᠋ᠠᠬᠤ ᠬᠡᠷᠡᠭᠲᠡᠢ᠃
ᠬᠣᠶᠠᠷ᠎ᠲᠤ ᠂ ᠴᠡᠩᠭᠡᠭ ᠤᠰᠤᠨ᠎ᠤ ᠡᠬᠢ ᠪᠠᠶᠠᠯᠢᠭ᠎ᠤᠨ ᠬᠢᠵᠠᠭ᠋ᠠᠷᠲᠤ ᠴᠢᠨᠠᠷ ᠪᠠ ᠣᠷᠣᠯᠠᠭᠤᠯᠵᠤ ᠪᠣᠯᠤᠰᠢ ᠦᠭᠡᠶ ᠴᠢᠨᠠᠷ᠎ᠢ ᠭᠦᠢ᠍ᠴᠡᠳ ᠲᠠᠨᠢᠬᠤ ᠬᠡᠷᠡᠭᠲᠡᠶ᠃ ᠡᠨᠡ ᠬᠦ᠌ ᠰᠢᠨᠵᠢ ᠴᠢᠨᠠᠷ᠎ᠨᠢ ᠳᠡᠯᠡᠬᠡᠶ ᠵᠢᠨ ᠪᠥᠮᠪᠥᠷᠴᠡᠭ᠎ᠤᠨ ᠲᠣᠰᠬᠣᠨ᠎ᠤ ᠰᠠᠭᠤᠭ᠋ᠠᠯᠢ ᠠᠷᠠᠳ᠎ᠲᠤ ᠴᠡᠩᠭᠡᠭ ᠤᠰᠤᠨ᠎ᠤ ᠡᠬᠢ ᠪᠠᠶᠠᠯᠢᠭ᠎ᠢ ᠨᠦᠬᠡᠴᠡᠲᠡᠢ ᠠᠰᠢᠭᠯᠠᠬᠤ ᠡᠭᠦᠷᠭᠡ ᠪᠠ ᠬᠠᠷᠢᠭᠤᠴᠠᠯᠭ᠎ᠠ ᠵᠢ ᠬᠠᠮᠲᠤ᠎ᠪᠠᠷ ᠭᠦᠢ᠍ᠴᠡᠳᠬᠡᠬᠦ ᠵᠢ ᠱᠠᠭ᠋ᠠᠷᠳᠠᠵᠤ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ᠂ ᠬᠣᠲᠠ ᠪᠠᠯᠭ᠋ᠠᠰᠤ ᠵᠢᠨ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ ᠵᠢ ᠢᠳᠡᠪᠬᠢᠲᠡᠶ᠎ᠪᠠᠷ ᠲᠦᠯᠬᠢᠨ ᠠᠬᠢᠭᠤᠯᠬᠤ ᠪᠠ ᠪᠡᠶᠡᠯᠡᠭᠦᠯᠵᠦ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠴᠢᠳᠠᠪᠤᠷᠢ ᠪᠠ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃
ᠭᠤᠷᠪᠠ᠎ᠳᠤ᠂ ᠪᠠᠢ᠌ᠭ᠋ᠠᠯᠢ ᠵᠢᠨ ᠭᠣᠣᠯ ᠮᠥᠷᠡᠨ᠎ᠤ ᠣᠷᠣᠰᠢᠨ ᠲᠣᠭᠲᠠᠨᠢᠬᠤ ᠦᠨᠳᠦᠰᠦᠨ ᠡᠷᠬᠡ ᠵᠢ ᠬᠦᠨᠳᠦᠳᠬᠡᠵᠦ᠂ ᠭᠣᠣᠯ ᠮᠥᠷᠡᠨ᠎ᠢ ᠠᠮᠢ ᠨᠠᠰᠤᠲᠠᠢ ᠪᠠᠷ ᠦᠵᠡᠵᠦ᠂ ᠭᠣᠣᠯ ᠮᠥᠷᠡᠨ᠎ᠤ ᠡᠰᠢ ᠶᠣᠰᠣ ᠵᠢ ᠪᠠᠢ᠌ᠭᠤᠯᠤᠨ᠂ ᠭᠣᠣᠯ ᠮᠥᠷᠡᠨ᠎ᠤ ᠡᠷᠡᠭᠦᠯ ᠴᠢᠭᠢᠷᠠᠭ ᠠᠮᠢ ᠨᠠᠰᠤ ᠵᠢ ᠬᠠᠮᠠᠭ᠋ᠠᠯᠠᠵᠤ᠂ ᠬᠥᠮᠦᠨ ᠬᠢᠭᠡᠳ ᠭᠣᠣᠯ ᠮᠥᠷᠡᠨ᠎ᠤ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠪᠡᠶᠡᠯᠡᠭᠦᠯᠬᠦ ᠬᠡᠷᠡᠭᠲᠡᠶ᠃
ᠲᠦᠷᠪᠡ᠎ᠳᠤ ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠴᠢ ᠲᠡᠭᠦᠨ᠎ᠤ ᠨᠥᠯᠥᠭᠡ ᠬᠤᠷᠴᠠᠳᠴᠤ ᠪᠠᠢ᠌ᠭ᠎ᠠ ᠰᠢᠯᠭ᠋ᠠᠯᠲᠠ ᠵᠢᠨ ᠡᠮᠦᠨ᠎ᠡ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠪᠠᠢ᠌ᠭᠤᠯᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠤᠯᠤᠰ᠎ᠤᠨ ᠵᠠᠰᠠᠭ᠎ᠤᠨ ᠣᠷᠳᠣᠨ᠂ ᠤᠯᠠᠨ ᠤᠯᠤᠰ᠎ᠤᠨ ᠵᠣᠬᠢᠶᠠᠨ ᠪᠠᠢ᠌ᠭᠤᠯᠤᠯᠲᠠ᠂ ᠤᠶᠤᠨ᠎ᠤ ᠬᠥᠮᠥᠷᠭᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠲᠤᠰ ᠲᠤᠰ᠎ᠤᠨ ᠳᠠᠪᠠᠭᠤᠯᠢᠭ ᠵᠶ᠋ᠠᠨ ᠪᠠᠳᠠᠷᠠᠭᠤᠯᠤᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ᠎ᠳᠤ ᠣᠷᠣᠯᠴᠠᠬᠤ᠎ᠳᠤ ᠰᠣᠯᠢᠯᠴᠠᠭ᠎ᠠ ᠬᠠᠮᠲᠤᠷᠠᠯᠴᠠᠭ᠎ᠠ ᠵᠢᠨ ᠲᠠᠪᠴᠠᠩ ᠬᠠᠩᠭ᠋ᠠᠵᠤ᠂ ᠤᠰᠤᠨ᠎ᠤ ᠭᠠᠮᠰᠢᠭ᠂ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠠᠬᠤᠢ᠂ ᠤᠰᠤᠨ᠎ᠤ ᠠᠮᠢ ᠠᠬᠤᠢ ᠵᠢᠨ ᠠᠰᠠᠭᠤᠳᠠᠯ᠎ᠢ ᠠᠷᠭ᠋ᠠᠴᠠᠬᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠨᠢᠭᠲᠠᠷᠠᠭᠤᠯᠬᠤ ᠬᠡᠷᠡᠭᠲᠡᠢ ᠃
ᠯᠢ ᠭᠦᠸᠧ ᠶᠢᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠤᠯᠤᠰ ᠰᠢᠨ᠎ᠡ ᠵᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ᠎ᠪᠠᠷ ᠡᠳ᠋ᠯᠡᠬᠦ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ 《 ᠤᠰᠤ ᠠᠷᠪᠢᠯᠠᠬᠤ ᠵᠢ ᠤᠷᠢᠳ ᠵᠶ᠋ᠠᠷ ᠪᠣᠳᠣᠯᠬᠢᠯᠠᠬᠤ᠂ ᠣᠷᠣᠨ ᠵᠠᠢ ᠵᠢ ᠲᠡᠩᠴᠡᠭᠦᠷᠢᠲᠡᠢ ᠪᠠᠢ᠌ᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠵᠢ ᠦᠢ᠍ᠯᠡᠳᠦᠯᠭᠡᠵᠢᠭᠦᠯᠵᠦ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠤᠰᠤᠨ᠎ᠳᠤ ᠬᠣᠯᠪᠣᠭᠳᠠᠬᠤ ᠬᠠᠷᠠᠯᠲᠠ ᠵᠢ ᠪᠡᠶᠡᠯᠡᠭᠦᠯᠬᠦ ᠲᠠᠯ᠎ᠠ᠎ᠪᠠᠷ ᠴᠢᠬᠤᠯᠠ ᠶᠡᠬᠡ ᠠᠬᠢᠴᠠ᠎ᠲᠠᠢ ᠪᠣᠯᠪᠠ᠃ ᠳᠤᠮᠳᠠᠳᠤ ᠤᠯᠤᠰ ᠪᠦᠬᠦ ᠪᠥᠮᠪᠥᠷᠴᠡᠭ᠎ᠤᠨ 6 % ᠵᠢ ᠡᠵᠡᠯᠡᠬᠦ ᠴᠡᠩᠭᠡᠭ ᠤᠰᠤᠨ᠎ᠤ ᠡᠬᠢ ᠪᠠᠶᠠᠯᠢᠭ ᠵᠶ᠋ᠠᠷ ᠪᠦᠬᠦ ᠪᠥᠮᠪᠥᠷᠴᠡᠭ᠎ᠤᠨ 20 % ᠰᠢᠬᠠᠮ᠎ᠤᠨ ᠬᠥᠮᠦᠨ ᠠᠮᠠ ᠵᠢᠨ ᠤᠰᠤ ᠬᠡᠷᠡᠭᠯᠡᠬᠦ ᠵᠢ ᠪᠠᠲᠤᠯᠠᠵᠤ᠂ ᠪᠦᠬᠦ ᠪᠥᠮᠪᠥᠷᠴᠡᠭ᠎ᠤᠨ 18 %᠎ᠠᠴᠠ ᠳᠡᠭᠡᠭᠰᠢᠬᠢ ᠠᠵᠤ ᠠᠬᠤᠢ ᠵᠢᠨ ᠶᠡᠷᠦᠩᠬᠡᠢ ᠬᠡᠮᠵᠢᠢ᠎ᠡ ᠵᠢ ᠡᠭᠦᠳᠦᠭᠰᠡᠨ᠎ᠤ ᠬᠠᠮᠲᠤ ᠭᠣᠣᠯ ᠮᠥᠷᠡᠨ ᠨᠠᠭᠤᠷ ᠤᠨ ᠠᠮᠢ ᠠᠬᠤᠢ ᠵᠢᠨ ᠣᠷᠴᠢᠨ ᠲᠣᠭᠣᠷᠢᠨ᠎ᠢ ᠲᠦᠷᠭᠡᠨ ᠰᠡᠷᠭᠦᠭᠡᠭᠰᠡᠨ᠂ ᠨᠡᠩ ᠤᠯᠠᠨ ᠭᠣᠣᠯ ᠮᠥᠷᠡᠨ ᠠᠮᠢ ᠨᠠᠰᠤ᠎ᠪᠠᠨ ᠰᠡᠷᠭᠦᠭᠡᠵᠦ᠂ ᠨᠡᠩ ᠤᠯᠠᠨ ᠰᠠᠪᠠ ᠭᠠᠵᠠᠷ ᠲᠠᠬᠢᠨ ᠠᠮᠢᠯᠠᠬᠤ ᠠᠮᠢᠵᠢᠷᠠᠯ ᠢ ᠣᠯᠵᠤ ᠪᠠᠢ᠌ᠨ᠎ᠠ᠃
ᠲᠡᠷᠡ ᠢᠯᠡᠳᠭᠡᠬᠦᠳᠤᠪᠠᠨ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠵᠢᠨ ᠨᠡᠢ᠌ᠭᠡᠮ᠎ᠲᠠᠢ ᠬᠠᠮᠲᠤ᠎ᠪᠠᠷ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 2030 ᠣᠨ᠎ᠤ ᠨᠦᠬᠡᠴᠡᠲᠡᠢ ᠬᠥᠭᠵᠢᠯᠲᠡ ᠵᠢᠨ ᠵᠥᠪᠯᠡᠬᠦ ᠵᠦᠢ᠍ᠯ᠎ᠤᠨ ᠤᠰᠤᠨ᠎ᠳᠤ ᠬᠣᠯᠪᠣᠭᠳᠠᠬᠤ ᠬᠠᠷᠠᠯᠲᠠ ᠵᠢ ᠪᠡᠶᠡᠯᠡᠭᠦᠯᠬᠦ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠵᠦ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ ᠤᠰᠤ ᠵᠠᠰᠠᠬᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠨ᠎ᠡ ᠭᠡᠪᠡ ᠃
ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠠᠪᠤᠳᠠᠯ᠎ᠤᠨ ᠬᠤᠷᠠᠯ ᠪᠣᠯ ᠤᠢ᠍ᠢ᠍ᠷ᠎ᠠ ᠵᠢᠨ 50 ᠵᠢᠯ᠎ᠤᠨ ᠳᠣᠲᠣᠷ᠎ᠠ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠬᠤᠷᠠᠯᠳᠤᠭᠤᠯᠤᠭᠰᠠᠨ ᠬᠡᠮ ᠬᠡᠮᠵᠢᠶ᠎ᠡ᠎ᠪᠠᠷ ᠬᠠᠮᠤᠭ᠎ᠤᠨ ᠥᠨᠳᠥᠷ᠂ ᠨᠥᠯᠥᠭᠡᠯᠡᠬᠦ ᠬᠦᠴᠦᠨ ᠵᠶ᠋ᠡᠷ ᠬᠠᠮᠤᠭ᠎ᠤᠨ ᠶᠡᠬᠡ ᠤᠰᠤ᠎ᠲᠠᠢ ᠬᠣᠯᠪᠣᠭᠳᠠᠭᠰᠠᠨ ᠲᠤᠰᠬᠠᠢ ᠰᠡᠳᠦᠪᠲᠦ ᠬᠤᠷᠠᠯ ᠶᠤᠮ᠂ ᠪᠦᠬᠦ ᠪᠥᠮᠪᠥᠷᠴᠡᠭ᠎ᠤᠨ 200 ᠭᠠᠷᠤᠢ ᠤᠯᠤᠰ ᠪᠣᠯᠤᠨ ᠤᠯᠠᠨ ᠤᠯᠤᠰ᠎ᠤᠨ ᠵᠣᠬᠢᠶᠠᠨ ᠪᠠᠢ᠌ᠭᠤᠯᠤᠯᠲᠠ ᠵᠢᠨ 6000 ᠰᠢᠬᠠᠮ ᠬᠥᠮᠦᠨ ᠲᠤᠰ ᠣᠳᠠᠭ᠋ᠠᠨ᠎ᠤ ᠬᠤᠷᠠᠯ᠎ᠳᠤ ᠣᠷᠣᠯᠴᠠᠪᠠ᠃