ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠣᠷᠢᠢ᠎ᠠ᠄ ᠰᠠᠪᠠ ᠭᠠᠵᠠᠷ᠎ᠤᠨ ᠬᠠᠤᠯᠢ ᠴᠠᠭ᠋ᠠᠵᠠ ᠵᠢ ᠵᠠᠯᠭ᠋ᠠᠭ᠎ᠠ᠎ᠪᠠᠷ ᠨᠡᠢ᠌ᠲᠡᠯᠡᠵᠦ 《ᠭᠣᠣᠯ ᠮᠥᠷᠡᠨ᠎ᠤ ᠪᠠᠢ᠌ᠯᠳᠤᠬᠤ ᠪᠤᠳᠤᠯᠭ᠎ᠠ》 ᠵᠢᠨ ᠬᠠᠤᠯᠢ᠎ᠪᠠᠷ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠪᠠ
ᠨᠡᠶ᠋ᠢᠲᠡᠯᠡᠭᠰᠡᠨ ᠴᠠᠭ᠄ 2023-03-24

   ᠰᠢᠨᠬᠤᠸᠠ ᠬᠣᠷᠢᠶᠠᠨ᠎ᠤ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠮᠡᠳᠡᠭᠡ  (ᠰᠤᠷᠪᠤᠯᠵᠢᠯᠠᠭᠴᠢ ᠯᠢᠦ ᠱ᠌ᠢ ᠫᠢᠩ᠂ ᠬᠤᠸᠠᠩ ᠶᠤᠤ) 3 ᠳ᠋ᠤᠭ᠋ᠠᠷ  ᠰᠠᠷ᠎ᠠ ᠵᠢᠨ 22᠎ᠤᠨ ᠡᠳᠦᠷ ᠪᠣᠯ 31 ᠳ᠋ᠦ᠍ᠭᠡᠷ ᠬᠤᠭᠤᠴᠠᠭ᠋ᠠᠨ᠎ᠤ 《ᠳᠡᠯᠡᠬᠡᠶ ᠵᠢᠨ ᠤᠰᠤᠨ᠎ᠤ ᠡᠳᠦᠷ》 ᠪᠣᠯᠤᠨ᠎ᠠ᠂ 22᠎ᠤᠨ ᠡᠳᠦᠷ᠎ᠠᠴᠠ 28᠎ᠤ ᠡᠳᠦᠷ ᠪᠣᠯᠲᠠᠯᠠᠬᠢ ᠬᠤᠭᠤᠴᠠᠭ᠎ᠠ ᠪᠣᠯ 36 ᠳ᠋ᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠤᠰᠤᠨ᠎ᠤ ᠭᠠᠷᠠᠭ》 ᠪᠣᠯᠤᠨ᠎ᠠ᠂ ᠮᠠᠨ᠎ᠤ ᠤᠯᠤᠰ᠎ᠤᠨ ᠲᠣᠭᠲᠠᠭ᠋ᠠᠭᠰᠠᠨ ᠠᠵᠢᠯᠯᠠᠭ᠎ᠠ᠎ᠨᠢ 《ᠬᠠᠤᠯᠢ ᠶᠣᠰᠣᠭ᠋ᠠᠷ ᠤᠰᠤ ᠵᠠᠰᠠᠬᠤ ᠵᠢ ᠴᠢᠩᠭ᠋ᠠᠳᠬᠠᠵᠤ ᠡᠬᠡ ᠭᠣᠤᠯ ᠵᠶ᠋ᠠᠨ ᠭᠠᠷ ᠬᠣᠯᠪᠣᠯᠴᠠᠨ ᠬᠠᠮᠲᠤ᠎ᠪᠠᠷ ᠬᠠᠮᠠᠭ᠋ᠠᠯᠠᠶ᠎ᠠ》 ᠭᠡᠬᠦ ᠭᠣᠤᠯ ᠰᠡᠳᠦᠪ᠎ᠲᠠᠢ᠃ ᠤᠢ᠍ᠢ᠍ᠷ᠎ᠠ ᠵᠢᠨ ᠬᠣᠶᠠᠷ ᠵᠢᠯ ᠭᠠᠷᠤᠢ ᠵᠢᠨ ᠲᠤᠷᠰᠢ᠂ ᠮᠠᠨ᠎ᠤ ᠤᠯᠤᠰ  ᠰᠠᠪᠠ ᠭᠠᠵᠠᠷ᠎ᠤᠨ ᠲᠤᠬᠠᠢ  ᠬᠣᠶᠠᠷ ᠬᠠᠤᠯᠢ  ᠵᠠᠯᠭ᠋ᠠᠭ᠎ᠠ᠎ᠪᠠᠷ ᠨᠡᠢ᠌ᠲᠡᠯᠡᠵᠦ᠂ ᠬᠥᠬᠡ ᠮᠥᠷᠡᠨ᠎ᠢ  ᠬᠠᠮᠠᠭ᠋ᠠᠯᠠᠬᠤ ᠬᠠᠤᠯᠢ ᠪᠣᠯᠤᠨ ᠬᠠᠳᠤᠨ ᠭᠣᠣᠯ ᠎ᠢ ᠬᠠᠮᠠᠭ᠋ᠠᠯᠠᠬᠤ ᠬᠠᠤᠯᠢ᠂ 《ᠭᠣᠣᠯ ᠮᠥᠷᠡᠨ᠎ᠤ ᠪᠠᠢ᠌ᠯᠳᠤᠬᠤ ᠪᠤᠳᠤᠯᠭ᠎ᠠ》 ᠵᠢᠨ ᠬᠠᠤᠯᠢ᠎ᠪᠠᠷ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠬᠠᠤᠯᠢ᠎ᠪᠠᠷ ᠵᠠᠰᠠᠬᠤ  ᠬᠦᠴᠦᠨ ᠵᠶ᠋ᠡᠷ ᠡᠵᠢ ᠭᠣᠣᠯ ᠵᠶ᠋ᠠᠨ ᠰᠠᠬᠢᠨ ᠬᠠᠮᠠᠭ᠋ᠠᠯᠠᠪᠠ᠃

  《ᠬᠥᠬᠡ ᠮᠥᠷᠡᠨ ᠪᠠ ᠬᠠᠲᠤᠨ ᠭᠣᠤᠯ ᠪᠣᠯ ᠳᠤᠮᠳᠠᠳᠤ ᠵᠢᠨ ᠦᠨᠳᠦᠰᠦᠲᠡᠨ᠎ᠤ ᠡᠵᠢ ᠭᠣᠤᠯ ᠮᠥᠨ᠂ ᠬᠥᠬᠡ ᠮᠥᠷᠡᠨ ᠪᠠ ᠬᠠᠲᠤᠨ ᠭᠣᠤᠯ᠎ᠢ ᠬᠠᠮᠠᠭ᠋ᠠᠯᠠᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭᠳᠠᠬᠤ ᠮᠢᠩᠭ᠋ᠠᠨ ᠣᠨ᠎ᠤ ᠶᠡᠬᠡ ᠪᠣᠳᠣᠯᠭ᠎ᠠ ᠮᠥᠨ 》 ᠃ ᠤᠰᠤᠨ ᠠᠰᠢᠭᠯᠠᠯᠲᠠ ᠵᠢᠨ ᠶᠠᠮᠤᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠳᠠᠷᠤᠭ᠎ᠠ ᠢᠤᠢ ᠴᠢ ᠶᠠᠩ ᠰᠤᠷᠪᠤᠯᠵᠢᠯᠠᠭᠴᠢ ᠵᠢᠨ ᠰᠤᠷᠪᠤᠯᠵᠢᠯᠠᠭ᠎ᠠ ᠵᠢ ᠬᠦᠯᠢᠶᠡᠬᠦ  ᠦᠶ᠎ᠡ᠎ᠳᠤ᠎ᠪᠠᠨ᠂ ᠬᠥᠬᠡ ᠮᠥᠷᠡᠨ᠎ᠤ  ᠬᠠᠮᠠᠭ᠋ᠠᠯᠠᠬᠤ ᠬᠠᠤᠯᠢ ᠪᠠ ᠬᠠᠲᠤᠨ ᠭᠣᠤᠯ᠎ᠢ  ᠬᠠᠮᠠᠭ᠋ᠠᠯᠠᠬᠤ ᠬᠠᠤᠯᠢ ᠵᠢ ᠲᠣᠭᠲᠠᠭ᠋ᠠᠬᠤ ᠪᠣᠯ ᠬᠠᠤᠯᠢ᠎ᠪᠠᠷ ᠵᠠᠰᠠᠬᠤ ᠵᠠᠮ ᠵᠶ᠋ᠠᠷ  ᠬᠥᠬᠡ ᠮᠥᠷᠡᠨ᠎ᠤ ᠠᠵᠤ ᠠᠬᠤᠶ ᠵᠢᠨ ᠪᠦᠰᠡ ᠵᠢᠨ ᠬᠥᠭᠵᠢᠯᠲᠡ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠬᠡᠷᠡᠭᠴᠡᠭᠡ ᠮᠥᠨ᠂ ᠬᠥᠬᠡ ᠮᠥᠷᠡᠨ᠎ᠤ ᠰᠠᠪᠠ ᠭᠠᠵᠠᠷ᠂ ᠬᠠᠲᠤᠨ ᠭᠣᠤᠯ᠎ᠤᠨ ᠰᠠᠪᠠ ᠭᠠᠵᠠᠷ᠎ᠤᠨ ᠣᠨᠴᠠᠭ᠋ᠠᠶ ᠠᠰᠠᠭᠤᠳᠠᠯ᠎ᠢ ᠰᠢᠢᠳᠪᠦᠷᠢᠯᠡᠬᠦ ᠵᠢᠨ ᠬᠡᠷᠡᠭᠴᠡᠭᠡ ᠮᠥᠨ᠂ ᠨᠡᠢ᠌ᠭᠡᠮ᠎ᠤᠨ ᠠᠩᠬᠠᠷᠤᠯ᠎ᠳᠤ ᠬᠠᠷᠢᠭᠤᠯᠲᠠ ᠥᠭᠬᠦ ᠵᠢᠨ ᠬᠡᠷᠡᠭᠴᠡᠭᠡ ᠮᠥᠨ ᠭᠡᠵᠡᠢ᠃

   ᠮᠠᠨ᠎ᠤ ᠤᠯᠤᠰ᠎ᠤᠨ ᠠᠩᠬᠠᠳᠠᠭᠴᠢ ᠰᠠᠪᠠ ᠭᠠᠵᠠᠷ᠎ᠤᠨ   ᠲᠤᠬᠠᠢ ᠬᠠᠤᠯᠢ — ᠬᠥᠬᠡ ᠮᠥᠷᠡᠨ᠎ᠤ ᠬᠠᠮᠠᠭ᠋ᠠᠯᠠᠬᠤ ᠬᠠᠤᠯᠢ  ᠵᠢ 2021 ᠣᠨ᠎ᠤ 3 ᠳ᠋ᠤᠭ᠋ᠠᠷ  ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ; ᠬᠠᠲᠤᠨ ᠭᠣᠤᠯ᠎ᠢ ᠬᠠᠮᠠᠭ᠋ᠠᠯᠠᠬᠤ ᠬᠠᠤᠯᠢ ᠵᠢ 2022 ᠣᠨ᠎ᠤ 10 ᠳ᠋ᠤᠭ᠋ᠠᠷ  ᠰᠠᠷ᠎ᠠ ᠵᠢᠨ 30᠎ᠤ ᠡᠳᠦᠷ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠤᠷᠠᠯᠳᠤᠭ᠋ᠠᠨ ᠵᠶ᠋ᠠᠷ ᠪᠠᠲᠤᠯᠠᠵᠤ᠂ 2023 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠬᠦ ᠪᠣᠯᠣᠨ᠎ᠠ᠃

   ᠬᠥᠬᠡ ᠮᠥᠷᠡᠨ᠎ᠤ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠬᠥᠬᠡ ᠮᠥᠷᠡᠨ᠎ᠤ ᠰᠠᠪᠠ ᠭᠠᠵᠠᠷ᠎ᠤᠨ ᠡᠯ᠎ᠡ ᠭᠠᠵᠠᠷ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠢ ᠪᠠᠷᠢᠮᠲᠠᠯᠠᠵᠤ᠂ ᠶᠡᠬᠡ ᠬᠠᠮᠠᠭ᠋ᠠᠯᠠᠯᠲᠠ ᠵᠢ ᠬᠠᠮᠲᠤ᠎ᠪᠠᠷ ᠠᠳᠬᠤᠬᠤ ᠪᠠ ᠶᠡᠬᠡ᠎ᠪᠠᠷ ᠨᠡᠭᠡᠭᠡᠨ  ᠬᠥᠭᠵᠢᠭᠦᠯᠬᠦ  ᠦᠭᠡᠢ ᠪᠠᠢ᠌ᠬᠤ ᠵᠢ ᠪᠠᠷᠢᠮᠲᠠᠯᠠᠭᠰᠠᠨ ᠵᠶ᠋ᠠᠷ ᠬᠠᠤᠯᠢ᠎ᠪᠠᠷ ᠮᠥᠷᠡᠨ᠎ᠢ ᠵᠠᠰᠠᠬᠤ᠂ ᠮᠥᠷᠡᠨ᠎ᠢ ᠬᠠᠮᠠᠭ᠋ᠠᠯᠠᠬᠤ᠂ ᠮᠦᠷᠡᠨ᠎ᠢ ᠰᠡᠷᠭᠦᠭᠡᠨ ᠬᠥᠭᠵᠢᠭᠦᠯᠬᠦ ᠠᠵᠢᠯ ᠢᠳᠡᠪᠬᠢᠲᠡᠢ ᠠᠬᠢᠴᠠ᠎ᠲᠠᠢ ᠪᠣᠯᠪᠠ᠃ 2022 ᠣᠨ᠎ᠤ ᠡᠴᠦᠰ᠎ᠲᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ ᠳᠤᠭᠤᠢ᠌ᠯᠠᠩ᠎ᠤᠨ ᠪᠢᠴᠢᠭᠰᠡᠨ ᠨᠢᠭᠡ ᠬᠤᠪᠢ ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠡᠷ᠂ 2021 ᠣᠨ᠎ᠳᠤ ᠬᠥᠬᠡ ᠮᠥᠷᠡᠨ᠎ᠤ ᠰᠠᠪᠠ ᠭᠠᠵᠠᠷ᠎ᠤᠨ ᠤᠯᠤᠰ᠎ᠤᠨ ᠡᠵᠡᠮᠳᠡᠯ᠎ᠤᠨ ᠣᠭᠲᠤᠯᠤᠯᠴᠠᠯ᠎ᠤᠨ ᠤᠰᠤᠨ᠎ᠤ ᠴᠢᠨᠠᠷ᠎ᠤᠨ ᠰᠢᠯᠢᠳᠡᠭ ᠰᠠᠢ᠌ᠨ ᠬᠠᠷᠢᠴᠠᠯ 97.1 %᠎ᠳᠤ ᠬᠦᠷᠴᠦ᠂ ᠬᠥᠬᠡ ᠮᠥᠷᠡᠨ᠎ᠤ ᠠᠵᠤ ᠠᠬᠤᠶ ᠵᠢᠨ ᠪᠦᠰᠡ ᠵᠢᠨ ᠠᠵᠤ ᠠᠬᠤᠶ ᠵᠢᠨ ᠶᠡᠷᠦᠩᠬᠡᠶ ᠬᠡᠮᠵᠢᠶ᠎ᠡ ᠵᠢᠨ ᠪᠥᠬᠥ ᠤᠯᠤᠰ᠎ᠲᠤ ᠡᠵᠡᠯᠡᠬᠦ ᠬᠤᠪᠢ ᠵᠢᠨ ᠵᠢᠩ᠎ᠨᠢ 46.6 %᠎ᠳᠤ ᠬᠦᠷᠴᠦ᠂ ᠬᠥᠭᠵᠢᠭᠦᠯᠬᠦ ᠳᠤᠮᠳᠠ ᠬᠠᠮᠠᠭ᠋ᠠᠯᠠᠬᠤ᠂ ᠬᠠᠮᠠᠭ᠋ᠠᠯᠠᠬᠤ ᠳᠤᠮᠳᠠ ᠬᠥᠭᠵᠢᠭᠦᠯᠬᠦ ᠵᠢ ᠪᠡᠶᠡᠯᠡᠭᠦᠯᠪᠡ ᠭᠡᠵᠡᠢ᠃

  《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》᠎ᠳᠤ᠂ ᠬᠠᠲᠤᠨ ᠭᠣᠤᠯ᠎ᠤᠨ ᠠᠮᠢ ᠠᠬᠤᠶ ᠵᠢᠨ ᠰᠠᠭᠤᠷᠢ ᠨᠢᠮᠭᠡᠨ᠂ ᠤᠰᠤᠨ᠎ᠤ ᠡᠬᠢ ᠪᠠᠶᠠᠯᠢᠭ ᠲᠤᠢ᠌ᠯ᠎ᠤᠨ ᠳᠤᠲᠠᠮᠠᠭ᠂ ᠬᠥᠷᠥᠰᠥ ᠰᠢᠷᠣᠶ ᠵᠢᠨ ᠢᠳᠡᠭᠳᠡᠯ ᠬᠦᠨᠳᠦ ᠨᠣᠴᠢᠲᠠᠶ᠂ ᠡᠬᠢ ᠪᠠᠶᠠᠯᠢᠭ᠎ᠤᠨ  ᠣᠷᠴᠢᠨ ᠲᠣᠭᠣᠷᠢᠨ᠎ᠤ ᠳᠠᠭ᠋ᠠᠭ᠋ᠠᠴᠠ ᠪᠠᠭᠤᠷᠠᠶ᠂ ᠬᠠᠲᠤᠨ ᠭᠣᠤᠯ ᠳᠠᠭ᠋ᠠᠤ ᠵᠢᠨ ᠡᠯ᠎ᠡ ᠮᠤᠵᠢ ᠣᠷᠣᠨ᠎ᠤ ᠬᠥᠭᠵᠢᠯᠲᠡ ᠵᠢᠨ ᠪᠠᠢ᠌ᠳᠠᠯ᠎ᠨᠢ ᠲᠡᠩᠴᠡᠭᠦᠷᠢ ᠥᠬᠡᠶ ᠭᠦᠢᠴᠡᠳ ᠥᠬᠡᠶ ᠪᠠᠢ᠌ᠬᠤ ᠠᠰᠠᠭᠤᠳᠠᠯ ᠨᠠᠩ ᠲᠣᠪᠣᠢ᠌ᠮ᠎ᠠ ᠪᠣᠯᠣᠭᠰᠠᠨ ᠶᠤᠮ ᠭᠡᠵᠦ ᠵᠢᠭ᠋ᠠᠭᠰᠠᠨ ᠶᠤᠮ᠃

  《ᠤᠯᠤᠰ᠎ᠤᠨ 〈ᠭᠣᠣᠯ ᠮᠥᠷᠡᠨ᠎ᠤ ᠪᠠᠢ᠌ᠯᠳᠤᠬᠤ ᠪᠤᠳᠤᠯᠭ᠎ᠠ〉 ᠵᠢᠨ ᠬᠠᠤᠯᠢ᠎ᠪᠠᠷ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ᠎ᠨᠢ ᠴᠠᠭ᠎ᠲᠤ᠎ᠪᠠᠨ ᠲᠤᠬᠢᠷᠠᠵᠤ᠂ ᠴᠢᠬᠤᠯᠠ ᠶᠡᠬᠡ ᠠᠴᠢ ᠬᠣᠯᠪᠣᠭᠳᠠᠯ᠎ᠲᠠᠢ ᠪᠠᠢ᠌ᠭ᠎ᠠ ᠶᠤᠮ 》᠃  ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠤᠯᠢ ᠲᠦᠷᠢᠮ᠎ᠤᠨ ᠠᠵᠢᠯ᠎ᠤᠨ ᠵᠥᠪᠯᠡᠯ᠎ᠤᠨ ᠵᠠᠰᠠᠭ ᠵᠠᠬᠢᠷᠭ᠋ᠠᠨ᠎ᠤ ᠬᠠᠤᠯᠢ ᠵᠢᠨ ᠲᠠᠰᠤᠭ᠎ᠤᠨ ᠡᠷᠬᠢᠯᠡᠭᠴᠢ ᠶᠤᠸᠠᠨ ᠵᠢᠶᠧ ᠬᠡᠯᠡᠬᠦ᠎ᠳᠤ᠎ᠪᠠᠨ᠂ ᠬᠠᠳᠤᠨ ᠭᠣᠣᠯ᠎ᠢ  ᠬᠠᠮᠠᠭ᠋ᠠᠯᠠᠬᠤ ᠬᠠᠤᠯᠢ᠎ᠨᠢ  ᠬᠠᠳᠤᠨ ᠭᠣᠣᠯ᠎ᠤᠨ ᠰᠠᠪᠠ ᠭᠠᠵᠠᠷ᠎ᠤᠨ ᠣᠨᠴᠠᠯᠢᠭ᠎ᠢ ᠡᠵᠡᠮᠳᠡᠵᠦ᠂ ᠬᠠᠳᠤᠨ ᠭᠣᠣᠯ᠎ᠢ ᠬᠠᠮᠠᠭ᠋ᠠᠯᠠᠬᠤ ᠭᠣᠣᠯ ᠵᠥᠷᠢᠴᠡᠯ᠎ᠤᠨ ᠠᠰᠠᠭᠤᠳᠠᠯ᠎ᠢ ᠴᠢᠩᠭ᠎ᠠ ᠠᠳᠬᠤᠵᠤ᠂ ᠬᠠᠳᠤᠨ ᠭᠣᠣᠯ ᠎ᠢ ᠬᠠᠮᠠᠭ᠋ᠠᠯᠠᠬᠤ ᠠᠵᠢᠯ᠎ᠤᠨ ᠲᠤᠷᠰᠢᠯᠭ᠎ᠠ ᠵᠢ ᠭᠦᠢ᠍ᠴᠡᠳ ᠳ᠋ᠦᠩᠨᠡᠭᠰᠡᠨ ᠪᠥᠭᠡᠳ ᠬᠠᠤᠯᠢ  ᠵᠢᠨ ᠲᠣᠭᠲᠠᠭ᠋ᠠᠯ᠎ᠨᠢ ᠪᠦᠬᠦ ᠲᠠᠯ᠎ᠠ ᠵᠢ ᠬᠠᠮᠤᠷᠤᠨ ᠪᠣᠳᠠᠲᠠᠢ ᠪᠣᠯᠣᠭᠰᠠᠨ᠎ᠨᠢ ᠬᠠᠤᠯᠢ᠎ᠪᠠᠷ ᠵᠠᠰᠠᠬᠤ ᠵᠠᠮ ᠵᠶ᠋ᠠᠷ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠬᠤ ᠪᠣᠯᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭ᠋ᠠᠭᠰᠠᠨ ᠪᠠᠢ᠌ᠯ᠎ᠠ ᠭᠡᠵᠡᠢ᠃

   ᠢᠤᠢ ᠴᠢ ᠶᠠᠩ ᠬᠡᠯᠡᠬᠦ᠎ᠳᠤ᠎ᠪᠠᠨ ᠂ ᠬᠠᠲᠤᠨ ᠭᠣᠤᠯ᠎ᠢ  ᠬᠠᠮᠠᠭ᠋ᠠᠯᠠᠬᠤ ᠬᠠᠤᠯᠢ ᠵᠢ ᠪᠦᠲᠦᠮᠵᠢᠲᠡᠶ ᠬᠡᠷᠡᠭᠵᠢᠭᠦᠯᠬᠦ ᠵᠢ ᠠᠬᠢᠭᠤᠯᠬᠤ᠎ᠳᠤ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠨ ᠵᠠᠰᠠᠬᠤ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠤᠰᠤᠨ᠎ᠤ ᠡᠬᠢ ᠪᠠᠶᠠᠯᠢᠭ᠎ᠢ ᠠᠷᠪᠢᠲᠠᠶ ᠪᠥᠭᠡᠳ ᠡᠷᠴᠢᠮᠲᠡᠢ ᠠᠰᠢᠭᠯᠠᠬᠤ ᠵᠢ ᠶᠡᠬᠡ᠎ᠪᠠᠷ ᠠᠬᠢᠭᠤᠯᠵᠤ᠂ ᠤᠰᠤ ᠡᠯᠡᠰᠦ ᠵᠢ ᠲᠣᠬᠢᠷᠠᠭᠤᠯᠤᠨ ᠡᠵᠡᠮᠳᠡᠬᠦ ᠪᠠ ᠦᠶᠡᠷ᠎ᠢ ᠰᠡᠷᠭᠡᠢ᠌ᠯᠡᠬᠦ ᠠᠮᠤᠷ ᠲᠦᠪᠰᠢᠨ᠎ᠢ ᠭᠣᠣᠯᠳᠠᠯᠭ᠎ᠠ᠎ᠲᠠᠢ  ᠰᠠᠢ᠌ᠲᠤᠷ ᠠᠳᠬᠤᠵᠤ᠂ ᠪᠥᠬᠥ ᠰᠠᠪᠠ ᠭᠠᠵᠠᠷ᠎ᠤᠨ ᠴᠢᠨᠠᠷ ᠰᠠᠢ᠌ᠲᠠᠶ ᠬᠥᠭᠵᠢᠯᠲᠡ ᠵᠢ ᠬᠦᠴᠦᠯᠡᠨ ᠠᠬᠢᠭᠤᠯᠵᠤ᠂ ᠬᠠᠲᠤᠨ ᠭᠣᠤᠯ᠎ᠤᠨ ᠰᠣᠶᠣᠯ᠎ᠢ ᠬᠠᠮᠠᠭ᠋ᠠᠯᠠᠵᠤ ᠤᠯᠠᠮᠵᠢᠯᠠᠨ  ᠪᠠᠳᠠᠷᠠᠭᠤᠯᠵᠤ᠂ ᠪᠥᠬᠥ ᠰᠠᠪᠠ ᠭᠠᠵᠠᠷ᠎ᠢ ᠰᠢᠰᠲ᠋ᠧᠮ᠎ᠲᠠᠢ ᠵᠠᠰᠠᠬᠤ᠂ ᠪᠦᠬᠦᠯᠢ ᠴᠣᠭᠴᠠ᠎ᠪᠠᠷ᠎ᠨᠢ ᠵᠠᠰᠠᠬᠤ᠂ ᠬᠠᠮᠵᠢᠯᠴᠠᠨ ᠵᠠᠰᠠᠬᠤ ᠵᠢ ᠴᠢᠩᠭ᠋ᠠᠳᠬᠠᠬᠤ ᠬᠡᠷᠡᠭᠲᠡᠶ ᠶᠤᠮ ᠭᠡᠵᠡᠢ ᠃

   ᠤᠰᠤᠨ ᠠᠰᠢᠭᠯᠠᠯᠲᠠ ᠵᠢᠨ ᠶᠠᠮᠤᠨ᠎ᠤ ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ ᠵᠥᠪᠯᠡᠯ᠎ᠤᠨ ᠡᠷᠬᠢᠯᠡᠭᠴᠢ ᠽᠤ᠌ ᠯᠸᠢ ᠮᠢᠩ ᠢᠯᠡᠷᠬᠡᠢ᠌ᠯᠡᠬᠦ᠎ᠳᠤ᠎ᠪᠠᠨ᠂ ᠬᠠᠲᠤᠨ ᠭᠣᠤᠯ᠎ᠢ  ᠬᠠᠮᠠᠭ᠋ᠠᠯᠠᠬᠤ ᠬᠠᠤᠯᠢ ᠵᠢ ᠤᠳᠠᠯ ᠥᠬᠡᠶ ᠬᠡᠷᠡᠭᠵᠢᠭᠦᠯᠬᠦ ᠭᠡᠵᠦ ᠪᠠᠢ᠌ᠭ᠎ᠠ ᠦᠶ᠎ᠡ᠎ᠳᠤ  ᠬᠠᠲᠤᠨ ᠭᠣᠤᠯ᠎ᠤᠨ ᠤᠰᠤᠨ ᠠᠰᠢᠭᠯᠠᠯᠲᠠ ᠵᠢᠨ  ᠵᠥᠪᠯᠡᠯ ᠢᠵᠢ ᠪᠦᠷᠢᠳᠦᠭᠦᠯᠬᠦ ᠲᠦᠷᠢᠮ᠎ᠤᠨ ᠪᠠᠢ᠌ᠭᠤᠯᠤᠯᠲᠠ᠎ᠪᠠᠨ ᠲᠦᠷᠭᠡᠳᠬᠡᠵᠦ᠂ ᠬᠠᠤᠯᠢ᠎ᠪᠠᠷ ᠵᠠᠰᠠᠬᠤ ᠵᠠᠮ ᠵᠶ᠋ᠠᠷ ᠬᠠᠲᠤᠨ ᠭᠣᠤᠯ᠎ᠤᠨ ᠬᠠᠮᠠᠭ᠋ᠠᠯᠠᠯᠲᠠ ᠵᠠᠰᠠᠯᠲᠠ ᠵᠢ ᠠᠬᠢᠭᠤᠯᠵᠤ᠂ ᠤᠰᠤᠨ᠎ᠤ ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠦᠢᠯᠡᠳᠦᠯ ᠴᠢᠳᠠᠪᠤᠷᠢ ᠵᠢ ᠳᠡᠭᠡᠭᠰᠢᠯᠡᠭᠦᠯᠵᠦ᠂  ᠡᠬᠡ ᠭᠣᠤᠯ᠎ᠤᠨ ᠪᠥᠲᠥᠭᠡᠨ ᠪᠠᠢ᠌ᠭᠤᠯᠤᠯᠲᠠ ᠵᠢᠨ ᠰᠢᠨ᠎ᠡ ᠦᠷ᠎ᠡ ᠪᠦᠲᠦᠮᠵᠢ ᠤᠯᠬᠤ ᠵᠢ  ᠬᠠᠤᠯᠢ᠎ᠪᠠᠷ ᠵᠠᠰᠠᠬᠤ ᠬᠦᠴᠦᠨ ᠵᠶ᠋ᠡᠷ ᠠᠬᠢᠭᠤᠯᠤᠨ᠎ᠠ ᠭᠡᠵᠡᠶ᠃

 

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
ᠰᠢᠨᠬᠤᠸᠠ ᠰᠦᠯᠵᠢᠶ᠎ᠡ᠄ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠠᠪᠤᠳᠠᠯ᠎ᠤᠨ ᠬᠤᠷᠠᠯᠳᠤᠭ᠋ᠠᠨ ᠳᠡᠭᠡᠷ᠎ᠡ ᠳᠥᠷᠪᠡᠨ ᠲᠠᠯ᠎ᠠ ᠵᠢᠨ ᠰᠠᠨᠠᠭ᠋ᠠᠴᠢᠯᠠᠭ᠎ᠠ ᠳᠤᠷᠠᠳᠪᠠ
ᠰᠢᠨᠬᠤᠸᠠ ᠬᠣᠷᠢᠢ᠎ᠠ᠄ ᠬᠠᠤᠯᠢ᠎ᠪᠠᠷ ᠤᠰᠤ ᠵᠠᠰᠠᠵᠤ᠂ ᠰᠠᠢ᠌ᠨ ᠬᠠᠤᠯᠢ᠎ᠪᠠᠷ ᠴᠢᠳᠠᠮᠠᠭ᠋ᠠᠢ ᠵᠠᠰᠠᠵᠦ ᠡᠵᠢ ᠭᠣᠣᠯ ᠵᠶ᠋ᠠᠨ ᠰᠠᠬᠢᠨ ᠬᠠᠮᠠᠭ᠋ᠠᠯᠠᠨ᠎ᠠ
ᠠᠷᠠᠳ᠎ᠤᠨ ᠡᠳᠦᠷ᠎ᠤᠨ ᠰᠣᠨᠢᠨ᠄ ᠤᠰᠤ ᠵᠢ ᠠᠷᠪᠢᠯᠠᠨ ᠭᠠᠮᠨᠠᠵᠤ ᠤᠰᠤ ᠵᠢ ᠰᠠᠢ᠌ᠲᠤᠷ ᠬᠡᠷᠡᠭᠯᠡᠬᠦ ᠬᠡᠷᠡᠭᠲᠡᠶ (ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ)
ᠠᠷᠠᠳ᠎ᠤᠨ ᠡᠳᠦᠷ᠎ᠤᠨ ᠰᠣᠨᠢᠨ᠄ 2023 ᠣᠨ᠎ᠤ ᠬᠥᠬᠡᠮᠥ᠋ᠷᠡᠨ᠎ᠤ ᠦᠶᠡᠷ᠎ᠢ ᠰᠡᠷᠭᠡᠶ᠋ᠢᠯᠡᠬᠦ ᠲᠣᠬᠢᠷᠠᠭᠤᠯᠤᠯᠲᠠ ᠵᠢᠨ ᠰᠣᠷᠢᠯᠲᠠ ᠵᠢ ᠥᠷᠨᠢᠭᠦᠯᠪᠡ
ᠰᠢᠨᠬᠤᠸᠠ ᠬᠤᠷᠢᠶᠠᠨ᠎ᠤ ᠰᠦᠯᠵᠢᠶ᠎ᠡ᠄ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ 《ᠬᠤᠩ ᠴᠢ ᠴᠢᠦᠢ ᠬᠤᠨᠳᠠᠭ᠋ᠠᠲᠤ》 ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠎ᠤ ᠤᠰᠤᠨ᠎ᠤ ᠰᠣᠶᠣᠯ᠎ᠤᠨ ᠪᠦᠲᠦᠭᠡᠯᠴᠢ ᠰᠡᠳᠬᠢᠮᠵᠢ ᠵᠢᠨ ᠵᠢᠷᠤᠭ ᠲᠥᠯᠥᠪᠯᠡᠭᠡ ᠵᠢᠨ ᠤᠷᠤᠯᠳᠤᠭ᠋ᠠᠨ᠎ᠤ ᠡᠬᠢᠯᠡᠯᠲᠡ ᠵᠢᠨ ᠶᠣᠰᠣᠯᠠᠯ ᠶᠠᠪᠤᠭᠳᠠᠪᠠ
 
            