ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠰᠦᠯᠵᠢᠶ᠎ᠡ᠄ ᠪᠥᠬᠥ ᠤᠯᠤᠰ᠎ᠤᠨ ᠤᠰᠤ ᠠᠷᠪᠢᠯᠠᠨ ᠬᠡᠷᠡᠭᠯᠡᠬᠦ ᠠᠯᠪᠠᠨ ᠬᠡᠷ 2023 ᠣᠨ᠎ᠤ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠤᠰᠤ ᠠᠷᠪᠢᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2023-03-24

   ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠮᠡᠳᠡᠭᠡ (ᠡᠸᠤ ᠶᠠᠩ ᠢ ᠵᠢᠶᠠ) 3 ᠳ᠋ᠤᠭ᠋ᠠᠷ ᠰᠠᠷ᠎ᠠ ᠵᠢᠨ 22᠎ᠤᠨ ᠡᠳᠦᠷ᠂ ᠭᠤᠴᠢᠨ ᠨᠢᠭᠡᠳᠦᠭᠡᠷ ᠬᠤᠭᠤᠴᠠᠭ᠋ᠠᠨ᠎ᠤ 《ᠳᠡᠯᠡᠬᠡᠶ ᠵᠢᠨ ᠤᠰᠤᠨ᠎ᠤ ᠡᠳᠦᠷ》᠂ ᠭᠤᠴᠢᠨ ᠵᠢᠷᠭᠤᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠤᠰᠤᠨ᠎ᠤ ᠭᠠᠷᠠᠭ》 ᠬᠦᠷᠴᠦ ᠢᠷᠡᠬᠦ ᠲᠠᠰᠢᠷᠠᠮ᠎ᠳᠤ ᠪᠥᠬᠥ ᠤᠯᠤᠰ᠎ᠤᠨ ᠤᠰᠤ ᠠᠷᠪᠢᠯᠠᠨ ᠬᠡᠷᠡᠭᠯᠡᠬᠦ ᠠᠯᠪᠠᠨ ᠬᠡᠷ ᠾᠸᠪᠸᠢ ᠮᠤᠵᠢ ᠵᠢᠨ ᠱ᠌ᠢ ᠵᠢᠶᠠ ᠵᠤᠸᠠᠩ ᠬᠣᠲᠠ᠎ᠳᠤ ᠤᠰᠤ ᠠᠷᠪᠢᠯᠠᠬᠤ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠡᠷᠭᠢᠯᠡᠵᠦ᠂ 2023 ᠣᠨ᠎ᠤ 《ᠤᠰᠤ ᠠᠷᠪᠢᠯᠠᠬᠤ ᠳᠤᠮᠳᠠᠳᠤ ᠤᠯᠤᠰ   ᠪᠢᠳᠡ ᠬᠣᠶᠠᠷ ᠬᠠᠮᠲᠤ ᠶᠠᠪᠤᠨ᠎ᠠ》 ᠬᠠᠮᠲᠤᠷᠠᠭᠰᠠᠨ ᠠᠵᠢᠯᠯᠠᠭ᠎ᠠ᠂ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠤᠰᠤ ᠠᠷᠪᠢᠯᠠᠨ ᠬᠡᠷᠡᠭᠯᠡᠬᠦ ᠮᠡᠳᠡᠯᠭᠡ ᠵᠢᠨ ᠤᠷᠤᠯᠳᠤᠭ᠋ᠠᠨ ᠵᠡᠷᠭᠡ ᠬᠣᠶᠠᠷ ᠵᠦᠢᠯ᠎ᠤᠨ ᠭᠣᠤᠯ ᠰᠡᠳᠦᠪᠲᠦ ᠠᠵᠢᠯᠯᠠᠭ᠎ᠠ ᠡᠬᠢᠯᠡᠭᠰᠡᠨ᠎ᠢ ᠵᠠᠷᠯᠠᠪᠠ᠃ ᠠᠵᠢᠯᠯᠠᠭ᠎ᠠ ᠵᠢᠨ ᠵᠣᠷᠢᠯᠭ᠎ᠠ᠎ᠨᠢ ᠪᠥᠬᠥ ᠠᠷᠠᠳ᠎ᠤᠨ ᠤᠰᠤ ᠠᠷᠪᠢᠯᠠᠬᠤ ᠤᠬᠠᠮᠰᠠᠷ᠎ᠢ ᠳᠡᠭᠡᠭᠰᠢᠯᠡᠭᠦᠯᠵᠦ᠂ ᠪᠥᠬᠥ ᠲᠠᠯ᠎ᠠ᠎ᠪᠠᠷ ᠠᠷᠪᠢᠯᠠᠬᠤ ᠪᠠᠢ᠌ᠯᠳᠤᠬᠤ ᠪᠣᠳᠣᠯᠭ᠎ᠠ ᠪᠠ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠬᠦ ᠵᠢ ᠠᠬᠢᠭᠤᠯᠬᠤ᠎ᠳᠤ ᠪᠤᠢ᠃

   ᠣᠢ᠌ᠯᠠᠭ᠋ᠠᠭᠰᠠᠨ ᠵᠶ᠋ᠠᠷ᠂ 《ᠤᠰᠤ ᠠᠷᠪᠢᠯᠠᠬᠤ ᠳᠤᠮᠳᠠᠳᠤ ᠤᠯᠤᠰ   ᠪᠢᠳᠡ ᠬᠣᠶᠠᠷ  ᠬᠠᠮᠲᠦ ᠶᠠᠪᠤᠨ᠎ᠠ》 ᠭᠡᠬᠦ ᠬᠠᠮᠲᠤᠷᠠᠭᠰᠠᠨ ᠠᠵᠢᠯᠯᠠᠭ᠎ᠠ ᠵᠢ 3 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ ᠬᠢᠵᠦ᠂ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠠᠵᠢᠯ ᠲᠥᠷᠥᠯ ᠨᠡᠢ᠌ᠭᠡᠮᠯᠢᠭ᠂ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ ᠪᠠ ᠰᠠᠭᠤᠷᠢᠨ ᠭᠠᠵᠠᠷ ᠵᠡᠷᠭᠡ ᠨᠢᠭᠡᠴᠢ (ᠪᠦᠯᠬᠦᠮ)᠎ᠲᠠᠢ ᠢᠳᠡᠪᠬᠢᠲᠡᠶ ᠵᠤᠯᠭ᠋ᠠᠯᠴᠠᠭᠤᠯᠵᠦ᠂ ᠤᠰᠤ ᠠᠷᠪᠢᠯᠠᠬᠤ ᠭᠣᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠦᠨ᠎ᠡ᠃ ᠪᠥᠬᠥ ᠤᠯᠤᠰ᠎ᠤᠨ ᠤᠰᠤ ᠠᠷᠪᠢᠯᠠᠨ ᠬᠡᠷᠡᠭᠯᠡᠬᠦ ᠮᠡᠳᠡᠯᠭᠡ ᠵᠢᠨ ᠤᠷᠤᠯᠳᠤᠭ᠋ᠠᠨ᠎ᠢ 3 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 5 ᠰᠠᠷ᠎ᠠ ᠵᠢᠨ 22᠎ᠤᠨ ᠡᠳᠦᠷ ᠪᠣᠯᠲᠠᠯ᠎ᠠ ᠬᠢᠨ᠎ᠡ᠂ ᠵᠣᠷᠢᠯᠭ᠎ᠠ᠎ᠨᠢ ᠨᠡᠢ᠌ᠭᠡᠮ ᠨᠡᠢ᠌ᠲᠡ᠎ᠳᠤ ᠬᠠᠨᠳᠤᠭᠤᠯᠤᠨ ᠮᠠᠨ᠎ᠤ ᠤᠯᠤᠰ᠎ᠤᠨ ᠤᠰᠤᠨ᠎ᠤ ᠦᠨᠳᠦᠰᠦᠨ ᠪᠠᠢ᠌ᠳᠠᠯ᠂ ᠤᠰᠤ ᠵᠢ ᠠᠷᠪᠢᠯᠠᠵᠤ ᠬᠡᠷᠡᠭᠯᠡᠬᠦ ᠦᠨᠳᠦᠰᠦᠨ ᠮᠡᠳᠡᠯᠭᠡ᠂ ᠤᠰᠤ ᠵᠢ ᠠᠷᠪᠢᠯᠠᠵᠤ ᠬᠡᠷᠡᠭᠯᠡᠬᠦ ᠴᠢᠭᠯᠡᠯᠲᠡ ᠲᠥᠷᠥ ᠵᠢᠨ ᠪᠣᠳᠣᠯᠭ᠎ᠠ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠎ᠳᠤ ᠪᠤᠢ᠃ ᠰᠡᠳᠦᠪ ᠬᠠᠷᠢᠭᠤᠯᠬᠤ᠎ᠳᠤ ᠣᠷᠣᠯᠴᠠᠭᠰᠠᠳ ᠲᠣᠰ ᠲᠣᠰ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠠᠯ᠎ᠠ ᠵᠢᠨ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ 《ᠳᠤᠮᠳᠠᠳᠤ ᠤᠯᠤᠰ᠎ᠤᠨ ᠤᠰᠤᠨ ᠠᠰᠢᠭᠯᠠᠯᠲᠠ》᠎ᠪᠠᠷ ᠳᠡᠮᠵᠢᠨ ᠣᠷᠣᠬᠤ ᠪᠤᠶᠤ 《ᠪᠥᠬᠥ ᠤᠯᠤᠰ᠎ᠤᠨ ᠤᠰᠤ ᠠᠷᠪᠢᠯᠠᠨ ᠬᠡᠷᠡᠭᠯᠡᠬᠦ ᠮᠡᠳᠡᠯᠭᠡ ᠵᠢᠨ ᠤᠷᠤᠯᠳᠤᠭ᠋ᠠᠨ》  ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ ᠵᠡᠷᠭᠡ ᠰᠦᠯᠵᠢᠶᠡᠨ᠎ᠤ ᠠᠷᠭ᠎ᠠ ᠱᠤᠭᠤᠮ ᠵᠶ᠋ᠠᠷ ᠱᠠᠩᠨᠠᠯᠲᠦ ᠰᠡᠳᠦᠪ ᠬᠠᠷᠢᠭᠤᠯᠬᠤ᠎ᠳᠤ ᠣᠷᠣᠯᠴᠠᠵᠤ ᠪᠣᠯᠤᠨ᠎ᠠ᠃

   ᠨᠠᠮ᠎ᠤᠨ ᠠᠷᠪᠠᠨ ᠨᠠᠢᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠤᠰᠤ ᠠᠷᠪᠢᠯᠠᠬᠤ ᠮᠠᠶᠢᠭ᠎ᠤᠨ ᠨᠡᠢ᠌ᠭᠡᠮ᠎ᠤᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠪᠠ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠬᠦ ᠵᠢ ᠳᠠᠭ᠋ᠠᠯᠳᠤᠨ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ ᠵᠶ᠋ᠠᠨ ᠨᠡᠮᠡᠭᠳᠡᠭᠦᠯᠬᠦ᠂ ᠠᠵᠤ ᠦᠢᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠬᠣᠲᠠ ᠪᠠᠯᠭ᠋ᠠᠰᠤᠨ᠎ᠤ ᠤᠰᠤ ᠠᠷᠪᠢᠯᠠᠵᠤ ᠬᠣᠬᠢᠷᠠᠯ ᠵᠶ᠋ᠠᠨ ᠪᠠᠭ᠋ᠠᠰᠬᠠᠬᠤ ᠶᠠᠪᠤᠳᠠᠯ ᠢᠳᠡᠪᠬᠢᠲᠡᠶ ᠠᠬᠢᠵᠦ᠂ ᠮᠠᠨ᠎ᠤ ᠤᠯᠤᠰ᠎ᠤᠨ ᠤᠰᠤ ᠬᠡᠷᠡᠭᠯᠡᠬᠦ ᠦᠷ᠎ᠡ ᠪᠦᠲᠦᠮᠵᠢ ᠪᠣᠯᠤᠨ ᠦᠷ᠎ᠡ ᠠᠰᠢᠭ ᠢᠯᠡᠳᠲᠡ ᠳᠡᠭᠡᠭᠰᠢᠯᠡᠪᠡ᠃  ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ 2022 ᠣᠨ᠎ᠳᠤ ᠮᠠᠨ᠎ᠤ ᠤᠯᠤᠰ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠦᠷᠭᠦᠯᠵᠢᠯᠡᠨ 6100 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠤᠨ ᠳᠣᠲᠣᠷ᠎ᠠ      ᠬᠢᠵᠠᠭ᠋ᠠᠷᠯᠠᠵᠤ᠂ ᠲᠦᠮᠡᠨ ᠲᠥᠭᠥᠷᠢᠭ᠎ᠤᠨ ᠤᠯᠤᠰ᠎ᠤᠨ ᠳᠣᠲᠣᠭ᠋ᠠᠳᠤ ᠵᠢᠨ ᠦᠢᠯᠡᠳᠪᠦᠷᠢᠯᠡᠯ᠎ᠤᠨ ᠪᠥᠬᠥ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠥᠷᠢᠭ᠎ᠤᠨ ᠠᠵᠤ ᠦᠢᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2012 ᠣᠨ᠎ᠤ᠎ᠬᠢ᠎ᠠᠴᠠ ᠲᠣᠰ ᠲᠣᠰ 46.5 % ᠪᠠ 60.4 %᠎ᠪᠠᠷ ᠪᠠᠭᠤᠷᠠᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤ ᠵᠢ ᠪᠦᠲᠦᠮᠵᠢᠲᠡᠶ ᠠᠰᠢᠭᠯᠠᠬᠤ ᠢᠯᠡᠳᠬᠡᠮᠵᠢ ᠵᠢ 2012 ᠣᠨ᠎ᠤ 0.516 ᠪᠠᠢ᠌ᠭᠰᠠᠨ᠎ᠠᠴᠠ 0.572 ᠪᠣᠯᠭ᠋ᠠᠨ ᠳᠡᠭᠡᠭᠰᠢᠯᠡᠭᠦᠯᠵᠦ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠠᠷᠭ᠎ᠠ ᠬᠡᠯᠪᠡᠷᠢ᠎ᠳᠤ ᠭᠦᠨ ᠳᠠᠪᠬᠤᠷᠭ᠎ᠠ ᠵᠢᠨ ᠬᠤᠪᠢᠰᠤᠯᠲᠠ ᠭᠠᠷᠭ᠋ᠠᠪᠠ᠃

 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ ᠤᠰᠤᠨ ᠠᠰᠢᠭᠯᠠᠯᠲᠠ ᠵᠢᠨ ᠶᠠᠮᠤᠨ᠎ᠤ ᠰᠠᠢ᠌ᠳ ᠯᠢ ᠭᠦᠸᠧ ᠶᠢᠩ᠄ ᠬᠥᠮᠦᠨ ᠪᠦᠬᠦᠨ ᠤᠤᠭᠤᠬᠤ ᠤᠰᠤᠨ᠎ᠤ ᠠᠮᠤᠷ ᠲᠦᠪᠰᠢᠨ᠎ᠤ ᠦᠨᠳᠦᠰᠦᠨ ᠡᠷᠬᠡ ᠵᠢ ᠡᠳ᠋ᠯᠡᠬᠦ ᠵᠢ ᠪᠠᠲᠤᠯᠠᠬᠤ ᠭᠡᠬᠦ ᠵᠡᠷᠭᠡ ᠳᠥᠷᠪᠡᠨ ᠵᠦᠢᠯ᠎ᠤᠨ ᠰᠠᠨᠠᠭ᠋ᠠᠴᠢᠯᠠᠭ᠎ᠠ ᠳᠤᠷᠠᠳᠪᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠰᠣᠶᠣᠯ᠎ᠤᠨ ᠥᠪ ᠵᠶ᠋ᠡᠷ ᠰᠡᠳᠬᠢᠯ ᠵᠶ᠋ᠡᠨ ᠤᠮᠳᠠᠯᠠᠨ᠎ᠠ (ᠰᠢᠨ᠎ᠡ ᠦᠭᠡ)
ᠠᠷᠠᠳ᠎ᠤᠨ ᠰᠦᠯᠵᠢᠶ᠎ᠡ᠄ ᠯᠢ ᠭᠦᠸᠧ ᠶᠢᠩ᠄ ᠨᠠᠩ ᠬᠦᠴᠦᠲᠡᠶ᠂ ᠪᠣᠬᠢᠷᠲᠤᠯ ᠥᠬᠡᠶ᠂ ᠡᠷᠡᠭᠦᠯ ᠡᠩᠬᠡ ᠪᠥᠬᠥ ᠪᠥᠮᠪᠥᠷᠴᠡᠭ᠎ᠤᠨ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠣᠶᠤᠨ ᠤᠬᠠᠭ᠋ᠠᠨ ᠵᠶ᠋ᠠᠨ ᠡᠷᠭᠦᠨ᠎ᠡ
ᠰᠢᠨᠬᠤᠸᠠ ᠬᠣᠷᠢᠢ᠎ᠠ᠄ ᠰᠠᠪᠠ ᠭᠠᠵᠠᠷ᠎ᠤᠨ ᠬᠠᠤᠯᠢ ᠴᠠᠭ᠋ᠠᠵᠠ ᠵᠢ ᠵᠠᠯᠭ᠋ᠠᠭ᠎ᠠ᠎ᠪᠠᠷ ᠨᠡᠢ᠌ᠲᠡᠯᠡᠵᠦ 《ᠭᠣᠣᠯ ᠮᠥᠷᠡᠨ᠎ᠤ ᠪᠠᠢ᠌ᠯᠳᠤᠬᠤ ᠪᠤᠳᠤᠯᠭ᠎ᠠ》 ᠵᠢᠨ ᠬᠠᠤᠯᠢ᠎ᠪᠠᠷ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠪᠠ
ᠰᠢᠨᠬᠤᠸᠠ ᠰᠦᠯᠵᠢᠶ᠎ᠡ᠄ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠤᠰᠤᠨ᠎ᠤ ᠶᠠᠪᠤᠳᠠᠯ᠎ᠤᠨ ᠬᠤᠷᠠᠯᠳᠤᠭ᠋ᠠᠨ ᠳᠡᠭᠡᠷ᠎ᠡ ᠳᠥᠷᠪᠡᠨ ᠲᠠᠯ᠎ᠠ ᠵᠢᠨ ᠰᠠᠨᠠᠭ᠋ᠠᠴᠢᠯᠠᠭ᠎ᠠ ᠳᠤᠷᠠᠳᠪᠠ
 
            