ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠬᠤᠸᠠ ᠬᠣᠷᠢᠶ᠎ᠠ᠄ ᠨᠤᠨ ᠮᠥᠷᠡᠨ ᠰᠤᠩᠭ᠋ᠠᠷᠢ ᠮᠥᠷᠡᠨ ᠪᠣᠯᠣᠨ ᠬᠠᠷᠠᠮᠦᠢ᠍ᠷᠡᠨ᠎ᠤ ᠰᠦᠩ ᠬᠠᠯᠢᠶ᠎ᠠ ᠵᠢ ᠰᠡᠷᠭᠡᠶ᠋ᠢᠯᠡᠬᠦ ᠠᠵᠢᠯ ᠳᠠᠭᠤᠰᠪᠠ
ᠨᠡᠶ᠋ᠢᠲᠡᠯᠡᠭᠰᠡᠨ ᠴᠠᠭ᠄ 2023-05-09

   ᠰᠢᠠᠬᠣᠧᠠ ᠬᠣᠷᠢᠶᠠᠨ᠎ᠤ ᠪᠠᠭᠡᠵᠢᠩ᠎ᠤᠨ 5 ᠳ᠋ᠤᠭ᠋ᠠᠷ ᠰᠠᠷ᠎ᠠ ᠵᠢᠨ 2᠎ᠤᠨ ᠡᠳᠦᠷ᠎ᠤᠨ ᠴᠠᠭᠢᠯᠭ᠋ᠠᠨ ᠮᠠᠲᠠᠭᠡ   ᠤᠰᠤᠨ ᠠᠰᠢᠭᠯᠠᠯᠲᠠ ᠵᠢᠨ ᠶᠠᠮᠤᠨ 2᠎ᠤᠨ ᠡᠳᠦᠷ ᠦᠶᠡᠷ᠎ᠤᠨ ᠪᠠᠶ᠋ᠢᠲᠠᠯ᠎ᠤᠨ ᠮᠡᠳᠡᠭᠡ ᠨᠡᠢ᠌ᠲᠡᠯᠡᠵᠦ᠂ ᠬᠠᠷᠠᠮᠦᠢ᠍ᠷᠡᠨ᠎ᠤ ᠭᠤᠤᠯ ᠤᠷᠤᠰᠬᠠᠯ᠎ᠤᠨ ᠰᠠᠨ ᠾᠧ ᠵᠢᠶᠠᠩ ᠮᠦᠷᠡᠨ᠎ᠤ ᠬᠡᠰᠡᠭ 5 ᠰᠠᠷ᠎ᠠ ᠵᠢᠨ 1᠎ᠤ ᠡᠳᠦᠷ᠎ᠠᠴᠠ ᠮᠦᠷᠡᠨ  ᠭᠡᠰᠴᠦ ᠪᠠᠶ᠋ᠢᠨ᠎ᠠ᠃ ᠨᠤᠨ ᠮᠥᠷᠡᠨ᠂ ᠰᠤᠩᠭ᠋ᠠᠷᠢ ᠮᠥᠷᠡᠨ᠂ ᠬᠠᠷᠠᠮᠥ᠋ᠷᠡᠨ᠎ᠤ ᠭᠤᠣᠯ ᠤᠷᠤᠰᠬᠠᠯ ᠴᠥᠮ ᠪᠦᠬᠦ ᠱᠤᠭᠤᠮ ᠵᠶ᠋ᠠᠷ ᠵᠶ᠋ᠠᠨ ᠭᠤᠣᠯ ᠠᠵᠢᠯ ᠵᠶ᠋ᠠᠨ ᠡᠬᠢᠯᠡᠭᠦᠯᠦᠭᠰᠡᠨ ᠪᠠᠶ᠋ᠢᠨ᠎ᠠ᠃

   ᠭᠤᠣᠯ ᠮᠥᠷᠡᠨ ᠨᠡᠭᠡᠭᠡᠬᠦ ᠬᠤᠭᠤᠴᠠᠭ᠋ᠠᠨ᠎ᠳᠤ᠂ ᠭᠤᠣᠯ ᠮᠥᠷᠡᠨ ᠰᠦᠩ ᠬᠠᠯᠢᠶ᠎ᠠ ᠵᠢᠨ ᠪᠠᠶ᠋ᠢᠳᠠᠯ ᠲᠣᠭᠲᠠᠭᠤᠨ ᠪᠠᠶ᠋ᠢᠵᠤ᠂ ᠶᠡᠭᠡ ᠠᠶᠤᠯ ᠲᠦᠭᠰᠢᠭᠦᠷᠢ᠂ ᠭᠠᠮᠰᠢᠭ᠎ᠤᠨ ᠪᠠᠶ᠋ᠢᠳᠠᠯ ᠭᠠᠷᠤᠭᠰᠠᠨ ᠦᠭᠡᠢ᠂ ᠰᠦᠩ ᠬᠠᠯᠢᠶ᠎ᠠ ᠵᠢ ᠰᠡᠷᠭᠡᠶ᠋ᠢᠯᠡᠬᠦ ᠠᠵᠢᠯ ᠤᠷᠤᠭᠰᠢᠲᠠᠢ ᠳᠠᠭᠤᠰᠪᠠ᠃

   ᠦᠶᠡᠷ᠎ᠤᠨ ᠪᠠᠶ᠋ᠢᠳᠠᠯ᠂ ᠡᠨᠡ ᠵᠢᠯ᠎ᠤᠨ ᠵᠡᠭᠦᠨ ᠬᠤᠶ᠋ᠢᠲᠤ ᠵᠢᠨ ᠮᠥᠷᠡᠨ ᠭᠤᠤᠯ᠎ᠤᠨ ᠰᠦᠩ ᠬᠠᠯᠢᠶ᠎ᠠ ᠵᠢᠨ ᠪᠠᠶ᠋ᠢᠳᠠᠯ ᠭᠤᠤᠯᠳᠠᠭᠤ ᠭᠤᠷᠪᠠᠨ ᠣᠨᠴᠠᠯᠢᠭ᠎ᠲᠠᠢ᠄ ᠮᠥᠷᠡᠨ ᠭᠡᠰᠬᠦ ᠬᠤᠭᠤᠴᠠᠭ᠋ᠠᠨ᠎ᠤ ᠠᠭ᠋ᠠᠷ᠎ᠤᠨ ᠳᠤᠯᠠᠭ᠋ᠠᠨ ᠥᠨᠳᠥᠷ ᠪᠠᠶ᠋ᠢᠵᠤ᠂ 3 ᠳ᠋ᠤᠭ᠋ᠠᠷ ᠰᠠᠷ᠎ᠠ ᠵᠢᠨ ᠬᠠᠷᠠᠮᠥ᠋ᠷᠡᠨ ᠮᠤᠵᠢ ᠵᠢᠨ ᠳᠤᠮᠳᠠᠴᠢ ᠠᠭ᠋ᠠᠷ᠎ᠤᠨ ᠳᠤᠯᠠᠭ᠋ᠠᠨ᠎ᠨᠢ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 4.3 ℃ ᠥᠨᠳᠥᠷ ᠪᠠᠶ᠋ᠢᠵᠤ᠂ 4 ᠳ᠋ᠦ᠍ᠭᠡᠷ ᠰᠠᠷ᠎ᠠ ᠵᠢᠨ ᠡᠬᠢ᠎ᠪᠠᠷ 3.7 ℃ ᠥᠨᠳᠥᠷ ᠪᠠᠶ᠋ᠢᠨ᠎ᠠ; ᠮᠥᠷᠡᠨ ᠭᠡᠰᠬᠦ ᠴᠠᠭ᠎ᠨᠢ ᠤᠷᠢᠳᠴᠢᠯᠠᠵᠤ᠂ ᠨᠤᠨ ᠮᠥᠷᠡᠨ᠂ ᠰᠤᠩᠭ᠋ᠠᠷᠢ ᠮᠥᠷᠡᠨ᠂ ᠬᠠᠷᠠᠮᠥ᠋ᠷᠡᠨ ᠮᠤᠵᠢ ᠵᠢᠨ ᠮᠥᠷᠡᠨ ᠨᠡᠭᠡᠭᠡᠬᠦ ᠬᠤᠭᠤᠴᠠᠭ᠎ᠠ᠎ᠨᠢ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 6 ᠡᠳᠦᠷ᠎ᠠᠴᠠ 14 ᠡᠳᠦᠷ ᠤᠷᠢᠳᠴᠢᠯᠠᠵᠤ᠂ 7 ᠡᠳᠦᠷ᠎ᠠᠴᠠ 11 ᠡᠳᠦᠷ ᠪᠣᠯᠲᠠᠯ᠎ᠠ᠂ 4 ᠡᠳᠦᠷ᠎ᠠᠴᠠ 14 ᠡᠳᠦᠷ ᠪᠣᠯᠲᠠᠯ᠎ᠠ ᠤᠷᠢᠳᠴᠢᠯᠠᠵᠤ᠂ ᠮᠥᠷᠡᠨ ᠭᠡᠰᠬᠦ ᠤᠰᠤᠨ᠎ᠤ ᠪᠠᠶ᠋ᠢᠳᠠᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠨ᠎ᠠ ᠭᠡᠵᠦ ᠮᠡᠳᠡᠭᠡᠯᠡᠵᠡᠢ᠃

 

ᠢᠷᠡᠯᠲᠡ᠄ ᠰᠢᠨᠬᠤᠸᠠ ᠬᠤᠷᠢᠶ᠎ᠠ
          
ᠬᠠᠮᠢᠶ᠎ᠡ ᠪᠦᠬᠦᠢ ᠰᠣᠨᠢᠨ
ᠰᠢᠨᠬᠤᠸᠠ ᠬᠣᠷᠢᠶ᠎ᠠ᠄ ᠤᠰᠤᠨ ᠠᠰᠢᠭᠯᠠᠯᠲᠠ ᠵᠢᠨ ᠶᠠᠮᠤᠨ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢ ᠢᠳᠡᠪᠬᠢᠲᠡᠢ᠎ᠪᠠᠷ ᠠᠬᠢᠭᠤᠯᠤᠨ᠎ᠠ
ᠤᠰᠤᠨ ᠠᠰᠢᠭᠯᠠᠯᠲᠠ ᠵᠢᠨ ᠶᠠᠮᠤᠨ᠄ ᠠᠭᠤᠯᠠᠨ ᠦᠶᠡᠷ᠎ᠤᠨ ᠭᠠᠮᠰᠢᠭ᠎ᠤᠨ ᠠᠶᠤᠯ ᠲᠦᠭᠰᠢᠭᠦᠷᠢ ᠵᠢ ᠪᠥᠬᠥ ᠬᠦᠴᠦᠨ ᠵᠶ᠋ᠠᠷ ᠵᠶ᠋ᠠᠨ ᠰᠡᠷᠭᠡᠶ᠋ᠢᠯᠡᠨ ᠠᠷᠢᠯᠭ᠋ᠠᠨ᠎ᠠ
ᠰᠢᠨᠬᠤᠸᠠ ᠰᠦᠯᠵᠢᠶ᠎ᠡ᠄ ᠡᠨᠡ ᠵᠢᠯ᠎ᠠᠴᠠ ᠨᠠᠭ᠋ᠠᠰᠢ ᠮᠠᠨ᠎ᠤ ᠤᠯᠤᠰ᠎ᠤᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ 15 ᠵᠦᠢ᠍ᠯ᠎ᠢ ᠰᠢᠨ᠎ᠡ᠎ᠪᠠᠷ ᠠᠵᠢᠯ ᠡᠬᠢᠯᠡᠭᠦᠯᠵᠦ ᠨᠢᠭᠡ ᠪᠦᠯᠦᠭ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠰᠢᠨ᠎ᠡ ᠠᠬᠢᠯᠲᠠ᠎ᠲᠠᠢ ᠪᠣᠯᠪᠠ
ᠰᠢᠨᠬᠤᠸᠠ ᠬᠣᠷᠢᠶ᠎ᠠ᠄ ᠡᠷᠬᠡ ᠰᠦᠷᠲᠦ ᠲᠦᠷᠭᠡᠨ ᠰᠣᠨᠢᠨ — ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ 《ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠳᠠᠷᠤᠮᠠᠯᠯᠠᠨ ᠲᠠᠷᠬᠠᠭ᠋ᠠᠪᠠ
ᠠᠷᠠᠳ᠎ᠤᠨ ᠰᠦᠯᠵᠢᠶ᠎ᠡ᠄ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》᠎ᠤᠨ 2022 ᠣᠨ᠎ᠤ ᠵᠠᠩᠭᠢᠯᠠᠭ᠎ᠠ ᠵᠢᠨ ᠴᠡᠭ᠎ᠲᠠᠬᠢ ᠭᠤᠤᠯ ᠬᠠᠷᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠪᠡ
 
            