ᠠᠷᠠᠳ᠎ᠤᠨ ᠰᠦᠯᠵᠢᠶ᠎ᠡ ᠵᠢᠨ ᠪᠡᠭᠡᠵᠢᠩ᠎ᠤᠨ 4 ᠳ᠋ᠦ᠍ᠭᠡᠷ ᠰᠠᠷ᠎ᠠ ᠵᠢᠨ 27᠎ᠤ ᠡᠳᠦᠷ᠎ᠤᠨ ᠴᠠᠬᠢᠯᠭ᠋ᠠᠨ ᠮᠡᠳᠡᠭᠡ (ᠧᠦ ᠶᠠᠩ ᠢ ᠵᠢᠶᠠ) ᠤᠰᠤᠨ ᠠᠰᠢᠬᠯᠠᠯᠳᠠ ᠵᠢᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ ᠣᠢ᠌ᠷ᠎ᠠ ᠵᠢᠨ ᠡᠳᠦᠷ᠂ ᠤᠰᠤᠨ ᠠᠰᠢᠬᠯᠠᠯᠳᠠ ᠵᠢᠨ ᠶᠠᠮᠤᠨ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠡᠷ ᠠᠪᠴᠤ ᠴᠠᠭ᠋ᠠᠨ ᠱ᠌ᠢᠷᠭᠤᠯᠵᠢ ᠵᠡᠷᠭᠡ ᠬᠠᠰᠢᠯᠭ᠎ᠠ᠎ᠳᠤ ᠬᠣᠣᠷᠲᠤ ᠠᠮᠢᠲᠠᠨ᠎ᠢ ᠰᠡᠷᠭᠡᠢ᠍ᠯᠡᠨ ᠵᠠᠰᠠᠬᠤ ᠠᠵᠢᠯ᠎ᠢ ᠥᠷᠨᠢᠭᠦᠯᠵᠦ᠂ ᠤᠰᠤᠨ ᠴᠥᠭᠥᠷᠥᠮ᠎ᠤᠨ ᠬᠠᠰᠢᠯᠭ᠎ᠠ ᠵᠡᠷᠭᠡ ᠤᠰᠤᠨ ᠠᠰᠢᠬᠯᠠᠯᠳᠠ ᠵᠢᠨ ᠪᠠᠷᠢᠯᠭ᠎ᠠ ᠵᠢᠨ ᠠᠵᠢᠯᠯᠠᠭ᠋ᠠᠨ᠎ᠤ ᠠᠮᠤᠷ ᠲᠥᠪᠰᠢᠨ᠎ᠢ ᠪᠠᠲᠤᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠨ᠎ᠠ᠃
4 ᠳ᠋ᠦ᠍ᠭᠡᠷ ᠰᠠᠷ᠎ᠠ ᠵᠢᠨ 16᠎ᠤ ᠡᠳᠦᠷ᠂ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ 《ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠴᠠᠭ᠋ᠠᠨ ᠰᠢᠷᠭᠤᠯᠵᠢ ᠵᠡᠷᠭᠡ ᠬᠠᠰᠢᠯᠭ᠎ᠠ᠎ᠳᠤ ᠬᠤᠣᠷ ᠬᠥᠨᠥᠭᠡᠯ᠎ᠲᠠᠢ ᠠᠮᠢᠲᠠᠨ᠎ᠤ ᠳᠠᠯᠳᠠ ᠭᠡᠮ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠴᠡᠭᠴᠡᠯᠡᠨ ᠵᠠᠰᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ ᠡᠯ᠎ᠡ ᠰᠠᠪᠠ ᠭᠠᠵᠠᠷ᠎ᠤᠨ 《ᠬᠥᠮᠥᠨ ᠦᠬᠦᠵᠦ ᠰᠢᠷᠬᠠᠲᠤᠬᠤ ᠦᠭᠡᠢ᠂ ᠤᠰᠤᠨ ᠴᠥᠭᠦᠷᠥᠮ᠎ᠨᠢ ᠬᠠᠰᠢᠯᠭ᠎ᠠ ᠵᠢ ᠡᠪᠳᠡᠬᠦ ᠦᠭᠡᠢ᠂ ᠴᠢᠬᠤᠯᠠ ᠬᠠᠰᠢᠯᠭ᠎ᠠ ᠵᠢ ᠲᠠᠰᠤᠯᠳᠠᠭᠤᠯᠬᠤ ᠦᠭᠡᠢ᠂ ᠴᠢᠬᠤᠯᠠ ᠰᠠᠭᠤᠷᠢ ᠲᠥᠬᠦᠭᠡᠷᠦᠮᠵᠢ᠎ᠨᠢ ᠳᠠᠭ᠋ᠠᠷᠢᠯᠲᠠ᠎ᠳᠤ ᠤᠴᠠᠷᠠᠬᠤ ᠦᠭᠡᠢ》 ᠬᠠᠷᠠᠯᠲᠠ ᠵᠢ ᠲᠣᠭᠲᠠᠭ᠋ᠠᠵᠤ᠂ ᠬᠠᠰᠢᠯᠭ᠎ᠠ᠎ᠳᠤ ᠬᠣᠣᠷᠲᠠᠢ ᠠᠮᠢᠲᠠᠨ᠎ᠤ ᠳᠠᠯᠳᠠ ᠭᠡᠮ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠴᠡᠭᠴᠡᠯᠡᠨ ᠵᠠᠰᠠᠬᠤ ᠠᠵᠢᠯ᠎ᠢ ᠦᠳᠲᠡᠷ ᠲᠦᠷᠭᠡᠨ ᠥᠷᠨᠢᠭᠦᠯᠵᠦ᠂ ᠤᠰᠤᠨ ᠴᠥᠭᠦᠷᠥᠮ᠂ ᠬᠠᠰᠢᠯᠭ᠎ᠠ ᠳᠠᠯᠠᠩ ᠵᠡᠷᠭᠡ ᠤᠰᠤᠨ ᠠᠰᠢᠭᠯᠠᠯᠲᠠ ᠵᠢᠨ ᠪᠠᠷᠢᠯᠭ᠎ᠠ ᠦᠶᠡᠷ᠎ᠢ ᠥᠩᠭᠡᠷᠡᠭᠦᠯᠵᠦ ᠠᠮᠤᠷ ᠲᠦᠪᠰᠢᠨ᠎ᠢ ᠪᠠᠲᠤᠯᠠᠨ᠎ᠠ᠃
4 ᠳ᠋ᠦ᠍ᠭᠡᠷ ᠰᠠᠷ᠎ᠠ ᠵᠢᠨ 17᠎ᠤ ᠡᠳᠦᠷ᠎ᠠᠴᠠ 19᠎ᠤ ᠡᠳᠦᠷ ᠪᠣᠯᠲᠠᠯ᠎ᠠ᠂ ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠳᠠᠷᠤᠭ᠎ᠠ ᠯᠢ ᠭᠦᠸᠧ ᠶᠢᠩ ᠬᠤᠪᠧᠶ ᠮᠤᠵᠢ ᠵᠢᠨ ᠬᠥᠬᠡᠮᠥ᠋ᠷᠡᠨ᠎ᠤ ᠭᠤᠤᠯ ᠰᠠᠯᠪᠤᠷᠢ ᠤᠷᠤᠰᠬᠠᠯ᠎ᠤᠨ ᠬᠠᠰᠢᠯᠭ᠎ᠠ᠂ ᠾᠧᠪᠸᠢ ᠮᠤᠵᠢ ᠵᠢᠨ ᠸᠧᠶ ᠶᠦᠨ ᠲᠠᠲᠠᠮᠠᠯ ᠭᠤᠤᠯ᠎ᠤᠨ ᠬᠠᠰᠢᠯᠭ᠎ᠠ᠎ᠳᠤ ᠬᠦᠷᠴᠦ ᠴᠠᠭ᠋ᠠᠨ ᠰᠢᠷᠭᠤᠯᠵᠢ ᠵᠡᠷᠭᠡ ᠬᠠᠰᠢᠯᠭ᠎ᠠ᠎ᠳᠤ ᠬᠥᠨᠥᠭᠡᠯᠲᠦ ᠠᠮᠢᠲᠠᠨ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠤᠬᠠᠶ ᠪᠠᠶ᠋ᠢᠴᠠᠭ᠋ᠠᠨ ᠰᠤᠳᠤᠯᠤᠯᠲᠠ ᠬᠢᠵᠦ᠂ ᠲᠤᠬᠠᠶ ᠵᠢᠨ ᠲᠠᠯᠠᠪᠠᠶ᠎ᠳᠤ ᠬᠠᠰᠢᠯᠭ᠎ᠠ ᠳᠠᠯᠠᠩ᠎ᠤᠨ ᠠᠮᠢᠲᠠᠨ᠎ᠤ ᠡᠭᠦᠷ ᠵᠢᠴᠢ ᠠᠵᠢᠯᠯᠠᠭ᠎ᠠ ᠵᠢᠨ ᠵᠠᠮ᠎ᠢ ᠪᠠᠶ᠋ᠢᠴᠠᠭ᠋ᠠᠨ ᠰᠢᠨᠵᠢᠵᠦ᠂ ᠰᠡᠷᠭᠡᠶ᠋ᠢᠯᠡᠨ ᠵᠠᠰᠠᠬᠤ ᠠᠵᠢᠯ᠎ᠤᠨ ᠰᠢᠰᠲ᠋ᠧᠮ᠂ ᠰᠠᠭᠤᠷᠢ ᠰᠤᠳᠤᠯᠭ᠋ᠠᠨ ᠪᠠ ᠮᠡᠷᠭᠡᠵᠢᠯ᠎ᠤᠨ ᠰᠤᠳᠤᠯᠤᠨ ᠨᠡᠬᠡᠬᠡᠯᠳᠡ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠡᠯ᠎ᠡ ᠲᠠᠯ᠎ᠠ ᠵᠢᠨ᠎ᠬᠢᠨ᠎ᠤ ᠰᠠᠨᠠᠯ ᠰᠠᠨᠠᠭᠤᠯᠭ᠎ᠠ ᠵᠢ ᠰᠣᠨᠣᠰᠴᠤ᠂ ᠰᠡᠷᠭᠡᠶ᠋ᠢᠯᠡᠨ ᠵᠠᠰᠠᠬᠤ ᠠᠷᠭ᠎ᠠ ᠪᠣᠳᠣᠯᠭ᠎ᠠ ᠵᠢ ᠬᠠᠮᠲᠤ᠎ᠪᠠᠷ ᠵᠦᠪᠳᠡᠯᠴᠡᠪᠡ᠃
ᠣᠶ᠋ᠢᠯᠠᠭ᠋ᠠᠭᠰᠠᠨ ᠵᠶ᠋ᠠᠷ᠂ ᠤᠰᠤᠨ ᠠᠰᠢᠭᠯᠠᠯᠲᠠ ᠵᠢᠨ ᠶᠠᠮᠤᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ᠂ ᠬᠠᠰᠢᠯᠭ᠎ᠠ ᠵᠢᠨ ᠠᠮᠢᠲᠠᠨ᠎ᠤ ᠣᠷᠣᠰᠢᠨ ᠠᠮᠢᠳᠤᠷᠠᠬᠤ ᠣᠷᠴᠢᠨ ᠲᠣᠭᠤᠷᠢᠨ᠂ ᠣᠶᠤᠨᠴᠢ ᠪᠠᠶ᠋ᠢᠴᠠᠭ᠋ᠠᠨ ᠬᠡᠮᠵᠢᠯᠲᠡ᠂ ᠪᠣᠬᠢᠷᠲᠤᠯ ᠥᠬᠡᠶ ᠰᠡᠷᠭᠡᠶ᠋ᠢᠯᠡᠨ ᠵᠠᠰᠠᠬᠤ ᠮᠡᠷᠭᠡᠵᠢᠯ ᠵᠡᠷᠭᠡ ᠵᠢᠨ ᠲᠣᠭᠤᠷᠢᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠬᠡᠰᠡᠭ ᠭᠠᠵᠠᠷ ᠣᠷᠣᠨ᠎ᠳᠤ ᠬᠦᠷᠴᠦ ᠪᠣᠯᠪᠠᠰᠤᠷᠠᠩᠭᠤᠶ ᠮᠡᠷᠭᠡᠵᠢᠯ ᠵᠢᠴᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠵᠤ᠂ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ᠂ ᠲᠦᠷᠢᠮ᠂ ᠮᠡᠷᠭᠡᠵᠢᠯ᠎ᠤᠨ ᠪᠠᠷᠢᠮᠵᠢᠶ᠎ᠠ ᠵᠡᠷᠭᠡ ᠵᠢ ᠲᠣᠭᠲᠠᠭ᠋ᠠᠬᠤ᠎ᠳᠤ ᠲᠤᠯᠭ᠋ᠠᠭᠤᠷᠢᠯᠠᠯ ᠬᠠᠩᠭ᠋ᠠᠨ᠎ᠠ᠃
ᠡᠭᠦᠨ᠎ᠤ ᠬᠠᠮᠲᠤ᠂ ᠤᠰᠤᠨ ᠠᠰᠢᠭᠯᠠᠯᠲᠠ ᠵᠢᠨ ᠶᠠᠮᠤᠨ ᠪᠠᠰᠠ ᠡᠯ᠎ᠡ ᠭᠠᠵᠠᠷ ᠡᠯ᠎ᠡ ᠰᠠᠪᠠ ᠭᠠᠵᠠᠷ᠎ᠤᠨ ᠤᠰᠤᠨ ᠴᠥᠭᠦᠷᠥᠮ᠂ ᠬᠠᠰᠢᠯᠭ᠎ᠠ ᠵᠢᠨ ᠰᠡᠷᠭᠡᠶ᠋ᠢᠯᠡᠯᠲᠡ ᠵᠡᠷᠭᠡ ᠬᠠᠰᠢᠯᠭ᠎ᠠ᠎ᠳᠤ ᠬᠥᠨᠥᠭᠡᠯᠲᠦ ᠠᠮᠢᠲᠠᠨ᠎ᠤ ᠬᠤᠤᠷ ᠬᠥᠨᠥᠭᠡᠯ ᠵᠢᠴᠢ ᠰᠡᠷᠭᠡᠶ᠋ᠢᠯᠡᠨ ᠵᠠᠰᠠᠬᠤ ᠪᠠᠶ᠋ᠢᠳᠠᠯ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ᠂ ᠬᠤᠤᠷ ᠬᠥᠨᠥᠭᠡᠯ ᠬᠦᠷᠲᠡᠭᠰᠡᠨ ᠢᠨᠵᠧᠨᠧᠷᠢᠩ᠎ᠤᠨ ᠲᠤᠭ᠎ᠠ ᠬᠡᠮᠵᠢᠶ᠎ᠡ᠂ ᠬᠤᠤᠷ ᠬᠥᠨᠥᠭᠡᠯ᠎ᠤᠨ ᠬᠡᠮᠵᠢᠶ᠎ᠡ᠂ ᠬᠥᠭᠵᠢᠯᠲᠡ ᠵᠢᠨ ᠬᠠᠨᠳᠤᠰᠢ ᠵᠢᠴᠢ ᠰᠡᠷᠭᠡᠶ᠋ᠢᠯᠡᠬᠦ ᠪᠠ ᠵᠠᠰᠠᠬᠤ ᠠᠷᠭ᠎ᠠ ᠬᠡᠮᠵᠢᠶ᠎ᠡ ᠵᠡᠷᠭᠡ ᠵᠢ ᠡᠵᠡᠮᠰᠢᠵᠦ᠂ ᠰᠡᠷᠭᠡᠶ᠋ᠢᠯᠡᠨ ᠵᠠᠰᠠᠬᠤ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ᠂ ᠠᠵᠢᠯᠲᠠᠨ᠎ᠤ ᠲᠣᠬᠢᠷᠠᠭᠤᠯᠤᠯᠲᠠ᠂ ᠵᠠᠷᠤᠳᠠᠯ᠎ᠤᠨ ᠨᠠᠶ᠋ᠢᠳᠠᠪᠤᠷᠢᠵᠢᠭᠤᠯᠤᠯᠲᠠ ᠵᠡᠷᠭᠡ ᠪᠠᠶ᠋ᠢᠳᠠᠯ᠎ᠢ ᠣᠶ᠋ᠢᠯᠠᠭ᠋ᠠᠵᠤ᠂ ᠪᠥᠬᠦ ᠤᠯᠤᠰ᠎ᠤᠨ ᠤᠰᠤᠨ ᠴᠥᠭᠦᠷᠥᠮ᠂ ᠬᠠᠰᠢᠯᠭ᠎ᠠ ᠳᠠᠯᠠᠩ᠎ᠤᠨ ᠠᠮᠢᠲᠠᠨ᠎ᠤ ᠬᠤᠤᠷ ᠬᠥᠨᠥᠭᠡᠯ ᠵᠢᠴᠢ ᠰᠡᠷᠭᠡᠶ᠋ᠢᠯᠡᠨ ᠵᠠᠰᠠᠭᠰᠠᠨ ᠪᠠᠶ᠋ᠢᠳᠠᠯ᠎ᠢ ᠬᠤᠷᠢᠶᠠᠩᠭᠤᠶ᠋ᠢᠯᠠᠬᠤ ᠵᠢᠨ ᠬᠠᠮᠲᠤ ᠮᠡᠳᠡᠭᠡ ᠵᠠᠩᠭᠢ ᠵᠢᠨ ᠡᠬᠡ ᠲᠠᠩᠰᠠ ᠪᠠᠶ᠋ᠢᠭᠤᠯᠤᠨ᠎ᠠ᠃ (ᠳᠠᠳᠤᠯᠭ᠎ᠠ ᠵᠢᠨ ᠰᠤᠷᠤᠭᠴᠢ ᠰᠦᠩ ᠵᠢᠶᠠ ᠴᠢ ᠡᠨᠡ ᠵᠣᠬᠢᠶᠠᠯ᠎ᠳᠤ ᠪᠠᠰᠠ ᠬᠤᠪᠢ ᠨᠡᠮᠡᠷᠢ᠎ᠲᠠᠢ )